ᠣᠯᠣᠰ ᠠᠷᠠᠳ ᠤᠨ ᠠᠵᠣ ᠠᠬᠤᠢ ᠪᠠ ᠨᠡᠶᠢᠭᠡᠮ ᠤᠨ ᠭᠦᠭᠵᠢᠯᠲᠡ ᠶᠢᠨ ᠠᠷᠪᠠᠨ ᠲᠦᠷᠪᠡᠳᠦᠭᠡᠷ ᠲᠠᠪᠣᠨ ᠵᠢᠯ ᠤᠨ ᠲᠦᠯᠦᠪᠵᠢᠭᠦᠯᠭᠡ ᠪᠠ 2035 ᠣᠨ ᠤ ᠠᠯᠣᠰ ᠤᠨ ᠬᠠᠷᠠᠯᠲᠠ ᠶᠢᠨ ᠬᠦᠳᠦᠯᠪᠦᠷᠢ ᠶᠢᠨ ᠲᠣᠪᠴᠢ ︵ᠭᠤᠷᠪᠠ︶
ᠨᠡᠶᠢᠲᠡᠯᠡᠭᠰᠡᠨ ᠴᠠᠭ᠄
2021/9/8
ᠭᠤᠷᠪᠠᠳᠤᠭᠠᠷ ᠪᠦᠯᠦᠭ    ᠤᠮᠠᠷᠠᠲᠤ ᠬᠢᠯᠢ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ      ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠬᠠᠯᠬᠠᠪᠴᠢ ᠶᠢ ᠴᠣᠭᠴᠠᠯᠠᠬᠤ ᠪᠠᠷ ᠬᠠᠷᠠᠯᠲᠠ ᠪᠣᠯᠭᠠᠵᠤ᠂ ᠪᠠᠶᠢᠭᠠᠯᠢ ᠶᠢᠨ ᠠᠮᠢ ᠠᠬᠤᠶ ᠶᠢᠨ ᠠᠮᠤᠷ ᠲᠦᠪᠰᠢᠨ ᠤ ᠵᠠᠭᠠᠭ ᠢ ᠡᠷᠡᠰ ᠰᠠᠬᠢᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠲᠠᠯ᠎ᠠ ᠨᠣᠳᠤᠭ ᠡᠯᠡᠰᠦ ᠮᠠᠩᠬ᠎ᠠ ᠡᠯ᠎ᠡ ᠵᠦᠢᠯ ᠤᠨ ᠠᠮᠢ ᠠᠬᠤᠶ ᠶᠢᠨ ᠡᠯᠧᠮᠧᠨ᠋ᠲ ᠢ ᠨᠢᠭᠡᠳᠦᠯᠲᠡᠶ ᠲᠥᠯᠥᠪᠵᠢᠭᠦᠯᠦᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠠᠬᠢᠭᠤᠯᠵᠤ ᠂ ᠠᠮᠢ ᠠᠬᠤᠶ ᠶᠢ ᠰᠡᠷᠭᠦᠭᠡᠬᠦ ᠤᠳᠠᠭᠠᠨ ᠳᠠᠭᠠᠭᠠᠮᠠᠭᠠᠶ ᠳᠠᠶᠢᠯᠠᠯᠳᠤᠭᠠᠨ ᠪᠠ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠤᠨ᠎ᠠ᠃ 2025 ᠣᠨ ᠪᠣᠯᠬᠤ ᠳᠤ᠂ ᠲᠠᠯ᠎ᠠ ᠨᠣᠳᠤᠭ ᠤᠨ ᠠᠮᠢ ᠠᠬᠤᠶ ᠶᠢᠨ ᠶᠠᠰᠤ ᠴᠢᠨᠠᠷ ᠢ ᠢᠯᠡᠳᠲᠡ ᠰᠠᠶᠢᠵᠢᠷᠠᠭᠤᠯᠵᠤ᠂ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠶᠡᠷᠦᠩᠬᠡᠶ ᠳᠡᠭᠡᠨ ᠰᠠᠶᠢᠵᠢᠷᠠᠭᠤᠯᠤᠨ᠂ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠲᠣᠭᠲᠠᠭᠤᠨ ᠢᠶᠠᠷ ᠰᠠᠶᠢᠵᠢᠷᠠᠭᠤᠯᠵᠤ᠂ ᠴᠢᠬᠤᠯᠠ ᠠᠮᠢ ᠠᠬᠤᠶ ᠶᠢᠨ ᠰᠢᠰᠲ᠋ᠧᠮ ᠢ ᠪᠦᠲᠦᠮᠵᠢᠲᠡᠶ ᠬᠠᠮᠠᠭᠠᠯᠠᠨ᠂ ᠠᠮᠢ ᠠᠬᠤᠶ ᠶᠢᠨ ᠰᠢᠰᠲ᠋ᠧᠮ ᠤᠨ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠵᠤ᠂ ᠠᠮᠢ ᠠᠬᠤᠶ ᠶᠢᠨ ᠦᠢᠯᠡᠳᠬᠦᠨ ᠤ ᠥᠷᠲᠡᠭ ᠢ ᠳᠡᠭᠡᠭᠰᠢᠯᠡᠭᠦᠯᠦᠨ᠂ ᠪᠣᠬᠢᠷᠲᠤᠯ ᠥᠬᠡᠶ ᠬᠥᠭᠵᠢᠯᠲᠡ ᠶᠢᠨ ᠲᠣᠭᠲᠠᠴᠠ ᠶᠢ ᠦᠨᠳᠦᠰᠦᠨ ᠳᠡᠭᠡᠨ ᠪᠠᠶᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠬᠡᠯᠪᠡᠷᠢ ᠳᠡᠰᠢ ᠬᠤᠪᠢᠷᠠᠭᠤᠯᠬᠤ ᠶᠢ ᠠᠬᠢᠭᠤᠯᠤᠨ᠂ ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠭᠰᠠᠨ ᠣᠳᠣᠬᠢᠴᠢᠯᠠᠭᠰᠠᠨ ᠦᠵᠡᠰᠬᠦᠯᠡᠩᠲᠦ ᠰᠠᠶᠢᠬᠠᠨ ᠵᠡᠭᠦᠨ ᠦᠵᠦᠮᠦᠴᠢᠨ ᠢ ᠪᠥᠲᠥᠭᠡᠨ ᠪᠠᠶᠢᠭᠤᠯᠤᠨ᠎ᠠ᠃      ᠨᠢᠭᠡᠳᠦᠭᠡᠷ ᠬᠡᠰᠡᠭ     ᠠᠮᠢ ᠠᠬᠤᠢ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ      ︽ᠠᠮᠢ ᠠᠬᠤᠶ ᠶᠢ ᠬᠠᠮᠠᠭᠠᠯᠠᠬᠤ ᠶᠢ ᠲᠡᠷᠢᠭᠦᠨ ᠳᠤ ᠲᠠᠯᠪᠢᠵᠦ᠂ ᠠᠶᠠᠨᠳᠠᠭᠠᠨ ᠰᠡᠷᠭᠦᠭᠡᠬᠦ ᠪᠠᠷ ᠭᠤᠤᠯ ᠪᠣᠯᠭᠠᠬᠤ︾ ᠦᠨᠳᠦᠰᠦᠨ ᠵᠠᠷᠴᠢᠮ ᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠵᠠᠰᠠᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠤᠶᠠᠷ ᠶᠡᠭᠡ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ᠂ ᠳᠥᠷᠪᠡᠨ ᠶᠡᠭᠡ ᠴᠢᠭᠢᠭᠯᠢᠭ ᠭᠠᠵᠠᠷ ᠤᠨ ᠤᠰᠤᠨ ᠰᠢᠰᠲ᠋ᠧᠮ ᠢ ᠬᠠᠮᠠᠭᠠᠯᠠᠵᠤ ᠵᠠᠰᠠᠬᠤ᠂ ᠳᠥᠷᠪᠡᠨ ᠭᠤᠣᠯᠳᠠᠯᠭ᠎ᠠ ᠲᠠᠢ ᠣᠷᠣᠨ ᠪᠦᠰᠡ ᠶᠢ ᠨᠣᠭᠤᠭᠠᠷᠠᠭᠤᠯᠬᠤ ᠪᠠᠷ ᠭᠤᠣᠯᠳᠠᠯᠭ᠎ᠠ ᠪᠣᠯᠭᠠᠵᠤ᠂ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ ᠠᠵᠢᠯ ᠢ ᠪᠥᠬᠦ ᠲᠠᠯ᠎ᠠ ᠪᠠᠷ ᠴᠢᠩᠭᠠᠳᠬᠠᠨ᠎ᠠ᠃      ᠨᠢᠭᠡ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ ᠲᠦᠷᠢᠮ ᠤᠨ ᠳᠣᠭᠳᠠᠯᠴᠠᠭ᠎ᠠ ᠶᠢ ᠲᠡᠭᠦᠯᠳᠡᠷᠵᠢᠭᠦᠯᠦᠨ᠎ᠡ      ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠬᠤᠲᠠ ᠪᠠᠯᠭᠠᠰᠤ᠂ ᠮᠠᠯ ᠠᠵᠤ ᠠᠬᠤᠶ᠂ ᠠᠮᠢ ᠠᠬᠤᠶ ᠭᠤᠷᠪᠠᠨ ᠲᠥᠷᠥᠯ ᠤᠨ ᠣᠷᠣᠨ ᠵᠠᠶ ᠪᠣᠯᠤᠨ ᠠᠮᠢ ᠠᠬᠤᠶ ᠶᠢᠨ ᠬᠠᠮᠠᠭᠠᠯᠠᠯᠲᠠ ᠶᠢᠨ ᠣᠯᠠᠭᠠᠨ ᠱᠤᠭᠤᠮ᠂ ᠬᠤᠲᠠ ᠪᠠᠯᠭᠠᠰᠤ ᠶᠢ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ ᠨᠢᠭᠡᠳᠦᠯᠲᠡᠶ ᠲᠥᠯᠥᠪᠵᠢᠭᠦᠯᠦᠨ ᠲᠣᠭᠲᠠᠭᠠᠵᠤ᠂ ᠦᠨᠳᠦᠰᠦᠨ ᠲᠠᠯ᠎ᠠ ᠨᠣᠳᠤᠭ ᠢ ᠬᠠᠮᠠᠭᠠᠯᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ ᠪᠣᠯᠤᠨ ᠪᠡᠯᠴᠢᠭᠡᠷᠯᠡᠭᠦᠯᠬᠦ ᠶᠢ ᠴᠠᠭᠠᠵᠠᠯᠠᠬᠤ᠂ ᠰᠡᠯᠭᠦᠨ ᠮᠠᠯᠵᠢᠬᠤ ᠲᠦᠷᠢᠮ ᠢ ᠦᠷᠭᠦᠯᠵᠢᠯᠡᠨ ᠠᠬᠢᠭᠤᠯᠤᠨ᠎ᠠ᠃ ᠠᠮᠢ ᠠᠬᠤᠶ ᠶᠢᠨ ᠬᠠᠮᠠᠭᠠᠯᠠᠯᠲᠠ ᠪᠠ ᠺᠠᠳ᠋ᠷ ᠠᠵᠢᠯᠳᠠᠨ ᠤ ᠠᠵᠢᠯ ᠤᠨ ᠬᠢᠷᠢ ᠪᠦᠲᠦᠮᠵᠢ ᠶᠢ ᠬᠢᠨᠠᠨ ᠰᠢᠯᠭᠠᠬᠤ ᠲᠠᠢ ᠬᠤᠯᠪᠣᠭᠳᠠᠭᠤᠯᠬᠤ ᠳᠦᠷᠢᠮ ᠢ ᠪᠦᠷᠢᠨᠰᠢᠭᠦᠯᠦᠨ᠎ᠡ᠃ ᠬᠤᠰᠢᠭᠤ᠂ ᠰᠣᠮᠣ᠂ ᠭᠠᠴᠠᠭ᠎ᠠ ᠵᠡᠷᠭᠡ ᠡᠯ᠎ᠡ ᠱᠠᠲᠤᠨ ᠤ ᠣᠶ ᠰᠢᠭᠤᠶ ᠶᠢᠨ ᠳᠠᠷᠤᠭ᠎ᠠ ᠶᠢᠨ ᠲᠣᠭᠳᠠᠯᠴᠠᠭ᠎ᠠ ᠶᠢ ᠪᠠᠶᠢᠭᠤᠯᠵᠤ᠂ ᠲᠣᠭᠤᠷᠢᠭ ︵ᠬᠡᠰᠡᠭ︶ ᠬᠤᠪᠢᠶᠠᠨ ᠬᠠᠷᠢᠴᠠᠭᠤᠯᠵᠣ᠂ ᠣᠶ ᠰᠢᠭᠤᠶ ᠲᠠᠯ᠎ᠠ ᠨᠣᠳᠤᠭ ᠤᠨ ᠡᠬᠢ ᠪᠠᠶᠠᠯᠢᠭ ᠢ ᠬᠠᠮᠠᠭᠠᠯᠠᠵᠤ ᠬᠥᠭᠵᠢᠭᠦᠯᠬᠦ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠣᠶ ᠰᠢᠭᠤᠶ ᠶᠢᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ  ᠬᠡᠷᠡᠭᠵᠢᠬᠦᠯᠦᠨ᠎ᠡ᠃ ᠠᠭᠤᠷᠬᠠᠶ ᠶᠢᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠯᠡᠨ ᠵᠢᠱᠢᠬᠦ᠂ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠬᠢᠭᠡᠳ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ︽ᠭᠤᠷᠪᠠ ᠶᠢ ᠵᠡᠷᠭᠡ ᠳᠤᠨᠢ ᠬᠢᠬᠦ︾ ᠳᠦᠷᠢᠮ ᠢ ᠬᠡᠷᠡᠭᠵᠢᠭᠦᠯᠦᠨ᠎ᠡ᠃ ᠬᠠᠤᠯᠢ ᠬᠡᠷᠡᠭᠵᠢᠭᠦᠯᠬᠦ ᠶᠢ ᠴᠢᠩᠭᠠᠳᠬᠠᠨ᠂ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠣᠬᠢᠷ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠯᠡᠬᠦ ᠪᠠ ᠪᠣᠬᠢᠷ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠳᠦᠷᠢᠮ ᠢ ᠴᠢᠩᠭ᠎ᠠ ᠭᠡᠷᠡᠭᠵᠢᠬᠦᠯᠦᠨ᠎ᠡ᠃ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠡᠵᠡᠮᠳᠡᠬᠦ ᠪᠠ ᠵᠠᠬᠢᠳᠠᠯ ᠰᠤᠷᠪᠤᠯᠵᠢᠯᠠᠯ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠮᠡᠳᠡᠭᠡ ᠵᠠᠩᠭᠢ ᠶᠢ ᠢᠯᠡ ᠪᠣᠯᠭᠠᠬᠤ ᠪᠠ ᠣᠯᠠᠨ ᠨᠡᠶᠢᠲᠡ ᠪᠠᠷ ᠢᠶᠠᠨ ᠣᠷᠣᠯᠴᠠᠬᠤ ᠡᠷᠴᠢᠮ ᠢ ᠴᠢᠩᠭᠠᠷᠠᠭᠤᠯᠤᠨ᠂ ᠠᠮᠢ ᠠᠬᠤᠶ ᠶᠢᠨ ᠣᠷᠴᠢᠨ ᠲᠣᠭᠤᠷᠢᠨ ᠤ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠰᠢᠢᠳᠪᠦᠷᠢᠯᠡᠵᠣ᠂ ᠠᠮᠢ ᠠᠬᠤᠶ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠬᠠᠮᠠᠭᠠᠯᠠᠨ᠎ᠠ᠃      ᠬᠤᠶᠠᠷ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠴᠢᠩᠭᠠᠳᠬᠠᠨ᠎ᠠ      ᠲᠥᠪ᠂ ᠥᠪᠡᠷᠲᠡᠭᠡᠨ ᠵᠠᠰᠠᠬᠤ ᠣᠷᠣᠨ ᠤ ᠲᠤᠰᠬᠠᠶ ᠪᠡᠯᠡ ᠮᠥᠩᠭᠦ ᠶᠢ ᠢᠳᠡᠪᠬᠢᠲᠠᠢ ᠲᠡᠮᠡᠴᠡᠨ ᠣᠯᠵᠣ᠂ ᠠᠮᠢ ᠠᠬᠤᠶ ᠶᠢᠨ ᠰᠢᠰᠲ᠋ᠧᠮ ᠤᠨ ᠵᠠᠰᠠᠯᠲᠠ ᠶᠢ ᠨᠢᠭᠡᠳᠦᠯᠲᠡᠶ  ᠲᠦᠯᠦᠪᠵᠢᠬᠦᠯᠦᠨ᠂ ᠲᠠᠯ᠎ᠠ ᠨᠣᠳᠤᠭ ᠤᠨ ᠠᠮᠢ ᠠᠬᠤᠶ ᠶᠢ ᠰᠡᠷᠭᠦᠭᠡᠬᠦ ᠤᠯᠤᠰ ᠤᠨ ᠲᠤᠷᠰᠢᠯᠲᠠ ᠶᠢᠨ ᠴᠡᠭ ᠤᠨ ᠲᠥᠷᠥᠯ ᠵᠦᠢᠯ᠂ ᠪᠡᠭᠡᠵᠢᠩ ᠲᠢᠶᠠᠨᠵᠢᠨ ᠤ ᠡᠯᠡᠰᠦᠨ ᠰᠣᠷᠪᠣᠯᠵᠢ ᠶᠢ ᠵᠠᠰᠠᠬᠤ᠂ ᠭᠤᠷᠪᠠᠨ ᠤᠮᠠᠷᠠᠲᠤ ᠶᠢᠨ ᠬᠠᠯᠬᠠᠪᠴᠢ ᠤᠢ᠂ ᠦᠵᠦᠮᠦᠴᠢᠨ ᠤ ᠡᠯᠡᠰᠦᠷᠬᠡᠭ ᠭᠠᠵᠠᠷ ᠢ ᠵᠠᠰᠠᠬᠤ ᠵᠡᠷᠭᠡ ᠴᠢᠬᠤᠯᠠ ᠶᠡᠭᠡ ᠠᠮᠢ ᠠᠬᠤᠶ ᠶᠢᠨ ᠬᠠᠮᠠᠭᠠᠯᠠᠯᠲᠠ ᠶᠢᠨ ᠢᠨᠵᠧᠨᠧᠷᠢᠩ ᠢ ᠰᠠᠶᠢᠳᠣᠷ ᠬᠡᠷᠡᠭᠵᠢᠬᠦᠯᠵᠣ᠂ ᠤᠰᠤᠨ ᠰᠤᠷᠪᠤᠯᠵᠢ ᠶᠢ ᠬᠠᠮᠠᠭᠠᠯᠠᠬᠤ ᠣᠢ ᠰᠢᠭᠤᠢ ᠶᠢᠨ ᠪᠦᠲᠦᠭᠡᠨ ᠪᠠᠶᠢᠭᠤᠯᠤᠯᠲᠠ᠂ ᠤᠰᠤᠨ ᠰᠢᠰᠲ᠋ᠧᠮ ᠤᠨ ᠴᠢᠭᠢᠭᠯᠢᠭ ᠭᠠᠵᠠᠷ ᠢ ᠬᠠᠮᠠᠭᠠᠯᠠᠨ ᠰᠡᠷᠭᠦᠭᠡᠬᠦ᠂ ᠤᠢ ᠰᠢᠭᠤᠶ ᠶᠢ ᠪᠤᠶᠢᠵᠢᠭᠤᠯᠬᠤ᠂ ᠮᠠᠭᠤᠳᠠᠭᠰᠠᠨ ᠤᠢ ᠶᠢ ᠰᠡᠷᠭᠦᠭᠡᠬᠦ᠂ ᠮᠠᠯᠵᠢᠬᠤ ᠶᠢ ᠵᠣᠭᠰᠣᠭᠠᠵᠤ ᠴᠢᠭᠢᠭᠯᠢᠭ‌ᠭᠠᠵᠠᠷ ᠢ ᠰᠡᠷᠭᠦᠭᠡᠬᠦ ᠵᠡᠷᠭᠡ ᠴᠢᠬᠤᠯᠠ ᠲᠠᠯ᠎ᠠ ᠨᠣᠳᠤᠭ ᠤᠨ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ ᠢ ᠬᠦᠨᠵᠡᠭᠡᠢ ᠬᠡᠷᠡᠭᠵᠢᠬᠦᠯᠵᠣ᠂ ᠤᠯᠠᠭᠠᠶ ᠭᠤᠤᠯ ᠤᠨ ᠡᠬᠢ  ᠪᠣᠭᠳ᠋ᠬᠠᠭᠤᠯᠠ ᠶᠢᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠬᠠᠮᠠᠭᠠᠯᠠᠯᠲᠠ ᠶᠢᠨ ᠢᠨᠵᠧᠨᠧᠷᠢᠩ ᠢ ᠭᠤᠣᠯᠳᠠᠯᠭ᠎ᠠ ᠲᠠᠢ ᠠᠬᠢᠭᠤᠯᠵᠣ᠂ ᠮᠠᠨᠳᠣᠬᠤᠪᠣᠯᠠᠭ ᠪᠠ ᠡᠵᠢᠨᠠᠭᠤᠷ ᠤᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠲᠠᠴᠢᠷᠳᠠᠭᠰᠠᠨ ᠲᠠᠯ᠎ᠠ ᠨᠣᠳᠤᠭ ᠤᠨ ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ ᠰᠠᠶᠢᠳᠣᠷ ᠪᠡᠶᠡᠯᠡᠬᠦᠯᠵᠣ᠂ ᠡᠵᠢᠨᠠᠭᠤᠷ ᠳᠠᠪᠤᠰᠤᠨ ᠨᠠᠭᠤᠷ ᠤᠨ ᠠᠮᠢ ᠠᠬᠤᠢ ᠶᠢ ᠵᠠᠰᠠᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠦᠨ᠎ᠡ᠃ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ ᠭᠠᠳᠠᠨ᠎ᠠ ᠠᠴᠠ ᠢᠷᠡᠭᠰᠡᠨ ᠳᠦᠷᠰᠦ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠦᠢᠯᠡᠳᠪᠦᠷᠢᠯᠡᠯ ᠵᠣᠭᠰᠣᠭᠰᠠᠨ ᠠᠭᠤᠷᠬᠠᠢ᠂ ᠦᠯᠡᠳᠡᠭᠳᠡᠯ ᠬᠦᠳᠡᠷ ᠤᠨ ᠬᠥᠮᠥᠷᠭᠡ ᠶᠢ ᠨᠣᠭᠤᠭᠠᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠠᠭᠤᠷᠬᠠᠢ ᠶᠢᠨ ᠣᠷᠣᠨ ᠵᠢᠴᠢ ᠡᠷᠬᠢᠨ ᠲᠣᠭᠤᠷᠢᠨ ᠤ ᠠᠮᠢ ᠠᠬᠤᠢ ᠶᠢᠨ ᠣᠷᠴᠢᠨ ᠲᠣᠭᠤᠷᠢᠨ ᠢ  ᠰᠠᠶᠢᠵᠢᠷᠠᠭᠤᠯᠤᠨ᠎ᠠ      ᠭᠤᠷᠪᠠ᠂ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠰᠡᠷᠭᠦᠭᠡᠯᠲᠡ ᠶᠢ ᠴᠢᠩᠭᠠᠳᠬᠠᠨ᠎ᠠ      ᠠᠷᠠᠳ ᠣᠯᠠᠨ ᠤ ᠡᠷᠡᠭᠦᠯ ᠡᠩᠬᠡ ᠤᠰᠤᠨ ᠤ ᠠᠮᠢ ᠠᠬᠤᠶ᠂ ᠰᠠᠭᠤᠬᠤ ᠳᠤ ᠲᠣᠬᠢᠯᠢᠭ ᠤᠰᠤᠨ ᠤ ᠣᠷᠴᠢᠨ ᠲᠣᠭᠤᠷᠢᠨ ᠤ ᠱᠠᠭᠠᠷᠳᠠᠯᠭ᠎ᠠ ᠶᠢ ᠬᠠᠩᠭᠠᠬᠤ ᠪᠠᠷ ᠬᠠᠷᠠᠯᠲᠠ ᠪᠣᠯᠭᠠᠵᠤ᠂ ᠬᠠᠮᠠᠭᠠᠯᠠᠬᠤ᠂ ᠠᠬᠢᠭᠤᠯᠬᠤ᠂ ᠵᠠᠰᠠᠬᠤ᠂ ᠰᠡᠷᠭᠦᠭᠡᠬᠦ ᠰᠡᠳᠬᠢᠴᠡ ᠶᠣᠰᠣᠭᠠᠷ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ᠂ ᠪᠣᠬᠢᠷᠲᠤᠯ ᠥᠬᠡᠶ ᠬᠥᠭᠵᠢᠭᠦᠯᠬᠦ ᠵᠠᠷᠴᠢᠮ ᠢ ᠪᠠᠷᠢᠮᠲᠠᠯᠠᠵᠤ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠣᠷᠴᠢᠨ ᠲᠣᠭᠤᠷᠢᠨ ᠤ ᠬᠠᠮᠠᠭᠠᠯᠠᠯᠲᠠ ᠪᠠ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠤᠰᠤᠨ ᠤ ᠴᠢᠳᠠᠮᠵᠢᠳᠣ ᠣᠷᠣᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠤᠯᠠᠭᠠᠶ ᠭᠤᠤᠯ ᠤᠨ ᠵᠡᠭᠦᠨ ᠦᠵᠦᠮᠦᠴᠢᠨ ᠬᠤᠰᠢᠭᠤᠨ ᠳᠠᠬᠢ ᠭᠤᠤᠯ ᠨᠠᠭᠤᠷ ᠤᠨ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠬᠦ ᠪᠠᠷ ᠴᠢᠷᠮᠠᠶᠢᠨ᠎ᠠ᠃ ᠰᠠᠪᠠ ᠭᠠᠵᠠᠷ ᠢᠶᠠᠷ ᠨᠢᠭᠡᠴᠢ ᠪᠣᠯᠭᠠᠵᠤ᠂ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠢ ᠰᠡᠷᠭᠦᠭᠡᠬᠦ ᠵᠡᠷᠭᠡ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠢ ᠪᠦᠳᠦᠭᠡᠨ ᠪᠠᠶᠢᠭᠤᠯᠤᠨ᠎ᠠ᠃ 7 ᠲᠡᠭᠰᠢ ᠳᠥᠷᠪᠡᠯᠵᠢᠨ ᠺᠢᠯᠣᠮᠧᠲᠷ ᠵᠢᠵᠢᠭ ᠰᠠᠪᠠ ᠭᠠᠵᠠᠷ ᠢ ᠶᠡᠷᠦᠩᠬᠡᠶᠢᠯᠡᠨ  ᠵᠠᠰᠠᠨ᠎ᠠ᠃      ᠳᠥᠷᠪᠡ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ  ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ      ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠣᠭᠳᠠᠯᠴᠠᠭᠠᠨ ᠤ ᠬᠠᠮᠢᠶᠠᠷᠤᠯᠲᠠ ᠪᠠ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠲᠠᠯ᠎ᠠ ᠨᠣᠳᠤᠭ ᠡᠯᠡᠰᠦ ᠮᠠᠩᠬ᠎ᠠ ᠶᠢ ᠰᠢᠰᠲ᠋ᠧᠮ ᠲᠠᠢ ᠴᠡᠭᠴᠡᠯᠡᠨ ᠵᠠᠰᠠᠬᠤ ᠲᠦᠷᠦᠯ ᠵᠦᠢᠯ ᠢ ᠨᠢᠭᠡᠳᠦᠯᠲᠡᠶ ᠲᠥᠯᠥᠪᠵᠢᠭᠦᠯᠵᠦ᠂ ᠡᠬᠢ ᠡᠭᠦᠰᠦᠯ ᠠᠴᠠ ᠨᠢ ᠵᠠᠰᠠᠬᠤ᠂ ᠰᠠᠪᠠ ᠭᠠᠵᠠᠷ ᠢ ᠬᠠᠮᠠᠭᠠᠯᠠᠬᠤ᠂ ᠤᠰᠤ ᠠᠷᠪᠢᠯᠠᠬᠤ ᠶᠢ ᠪᠠᠷᠢᠮᠲᠠᠯᠠᠵᠤ᠂ ᠪᠠᠶᠢᠭᠠᠯᠢᠯᠢᠭ ᠤᠢ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠠᠶᠠᠨᠳᠠᠭᠠᠨ ᠰᠡᠷᠭᠦᠬᠦ ᠪᠠᠷ ᠭᠤᠤᠯ ᠪᠣᠯᠭᠠᠨ᠂ ᠴᠢᠬᠤᠯᠠ ᠪᠦᠬᠦᠢ ᠬᠥᠮᠦᠨ ᠤ ᠬᠦᠴᠦ ᠪᠠᠷ ᠰᠡᠷᠬᠦᠭᠡᠬᠦ ᠠᠷᠭ᠎ᠠ ᠬᠡᠮᠵᠢᠶ᠎ᠡ ᠪᠠᠷ ᠬᠠᠪᠰᠤᠷᠤᠮᠵᠢ ᠪᠣᠯᠭᠠᠵᠤ᠂ ᠣᠷᠣᠨ ᠵᠠᠢ ᠪᠠ ᠲᠦᠷᠦᠯ ᠬᠤᠪᠢᠶᠠᠵᠣ ᠡᠪᠳᠡᠭᠳᠡᠭᠰᠡᠨ ᠪᠠᠶᠢᠭᠠᠯᠢ ᠶᠢᠨ ᠠᠮᠢ ᠠᠬᠤᠶ ᠶᠢᠨ ᠰᠢᠰᠲ᠋ᠧᠮ ᠢ ᠰᠡᠷᠭᠦᠭᠡᠬᠦ ᠶᠢ ᠣᠷᠣᠨ ᠪᠠ ᠲᠥᠷᠥᠯ ᠬᠤᠪᠢᠶᠠᠨ ᠥᠷᠨᠢᠭᠦᠯᠦᠨ᠎ᠡ᠃ ᠠᠮᠢ ᠠᠬᠤᠢ ᠶᠢᠨ ᠬᠤᠩᠬᠢᠶᠠᠯ ᠢ ᠪᠦᠲᠦᠭᠡᠨ ᠪᠠᠶᠢᠭᠤᠯᠵᠤ᠂ ᠠᠮᠢᠳᠠᠨ ᠤ ᠴᠢᠬᠤᠯᠠ ᠣᠷᠣᠰᠢᠨ ᠠᠮᠢᠳᠤᠷᠠᠬᠤ ᠭᠠᠵᠠᠷ ᠢ ᠰᠡᠷᠭᠦᠭᠡᠬᠦ ᠪᠠ ᠬᠠᠶᠠᠭᠳᠠᠮᠠᠯ ᠭᠠᠵᠠᠷ ᠢ ᠰᠡᠷᠭᠦᠭᠡᠬᠦ ᠠᠵᠢᠯ ᠢ ᠥᠷᠨᠢᠭᠦᠯᠦᠨ᠎ᠡ᠃ ᠬᠠᠮᠠᠭᠠᠯᠠᠨ ᠡᠵᠡᠮᠳᠡᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠪᠠ ᠣᠳᠣᠬᠢᠴᠢᠯᠠᠭᠰᠠᠨ ᠲᠥᠬᠦᠭᠡᠷᠦᠮᠵᠢ ᠶᠢ ᠠᠰᠢᠭᠯᠠᠨ ᠠᠶᠠᠨᠳᠠᠭᠠᠨ ᠰᠡᠷᠭᠦᠭᠡᠨ ᠪᠣᠶᠢᠵᠢᠭᠤᠯᠬᠤ᠂ ᠴᠠᠭᠳᠠᠨ ᠪᠠᠶᠢᠴᠠᠭᠠᠬᠤ ᠪᠠ ᠬᠢᠨᠠᠨ ᠬᠡᠮᠵᠢᠯᠲᠡ ᠶᠢᠨ ᠮᠡᠳᠡᠭᠡ ᠵᠠᠩᠭᠢᠵᠢᠯᠲᠠ᠂ ᠤᠶᠤᠨᠴᠢᠯᠠᠯᠳᠠ ᠶᠢ ᠠᠬᠢᠭᠤᠯᠤᠨ᠎ᠠ᠃ ᠬᠠᠮᠠᠭᠠᠯᠠᠯᠲᠠ ᠶᠢᠨ ᠭᠠᠵᠠᠷ ᠤᠨ ᠵᠠᠭᠠᠭ ᠢ ᠲᠣᠭᠳᠠᠭᠠᠨ ᠫᠠᠶᠢᠰᠠ ᠪᠣᠰᠬᠠᠬᠤ ᠶᠢ ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠥᠮᠴᠢᠯᠡᠬᠦ ᠡᠷᠬᠡ᠂ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠨ᠎ᠠ᠃      ᠲᠠᠪᠤ᠂ ᠣᠶ ᠰᠢᠭᠤᠶ ᠲᠠᠯ᠎ᠠ ᠨᠣᠳᠤᠭ ᠤᠨ ᠬᠤᠯᠤᠭᠠᠨ᠎ᠠ ᠪᠠ ᠬᠤᠷᠣᠬᠠᠶ ᠶᠢᠨ ᠬᠥᠨᠥᠭᠡᠯ ᠢ ᠵᠠᠰᠠᠬᠤ ᠪᠠᠨ ᠴᠢᠩᠭᠠᠳᠬᠠᠨ᠎ᠠ      ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠶᠡᠷᠦᠩᠬᠡᠶᠢᠯᠡᠨ ᠵᠠᠰᠠᠬᠤ︾ ᠴᠢᠭᠯᠡᠯᠲᠡ ᠶᠢ ᠪᠠᠷᠢᠮᠲᠠᠯᠠᠵᠤ᠂ ᠬᠤᠯᠤᠭᠠᠨ᠎ᠠ ᠬᠤᠷᠣᠬᠠᠢ ᠶᠢᠨ ᠬᠥᠨᠥᠭᠡᠯ ᠢ ᠵᠠᠰᠠᠬᠤ ᠬᠠᠮᠲᠤᠷᠠᠭᠰᠠᠨ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠣᠢ ᠰᠢᠭᠤᠢ ᠲᠠᠯ᠎ᠠ ᠨᠣᠳᠤᠭ ᠤᠨ ᠬᠤᠯᠤᠭᠠᠨ᠎ᠠ  ᠪᠠ ᠬᠤᠷᠣᠬᠠᠢ ᠶᠢᠨ ᠬᠥᠨᠥᠭᠡᠯ ᠢ ᠤᠷᠢᠳᠴᠢᠯᠠᠨ ᠰᠡᠷᠡᠮᠵᠢᠯᠡᠵᠦ ᠬᠢᠨᠠᠨ ᠬᠡᠮᠵᠢᠬᠦ ᠪᠠ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠣᠢ ᠰᠢᠭᠤᠢ ᠲᠠᠯ᠎ᠠ ᠨᠣᠳᠤᠭ ᠤᠨ ᠭᠠᠳᠠᠨ᠎ᠠ ᠠᠴᠠ ᠣᠷᠣᠵᠣ ᠢᠷᠡᠭᠰᠡᠨ ᠬᠤᠣᠷᠲᠤ ᠠᠮᠢᠳᠤ ᠪᠣᠳᠠᠰ ᠢ ᠬᠢᠨᠠᠨ ᠬᠡᠮᠵᠢᠬᠦ ᠠᠵᠢᠯ ᠢ ᠴᠢᠩᠭᠠᠳᠬᠠᠵᠤ᠂ ᠣᠨᠴᠠᠭᠠᠶᠢᠯᠠᠨ ᠨᠠᠷᠠᠰᠤᠨ ᠤ ᠬᠤᠷᠣᠬᠠᠢ᠂ ᠠᠮᠧᠷᠢᠺᠠ ᠶᠢᠨ ᠴᠠᠭᠠᠨ ᠡᠷᠪᠡᠬᠡᠢ ᠵᠡᠷᠭᠡ ᠳᠤ ᠴᠢᠭᠯᠡᠭᠦᠯᠦᠭᠰᠡᠨ ᠤᠷᠢᠳᠴᠢᠯᠠᠨ ᠰᠡᠷᠡᠮᠵᠢᠯᠡᠵᠦ ᠬᠢᠨᠠᠨ ᠬᠡᠮᠵᠢᠬᠦ᠂ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠨ᠎ᠠ᠃ 2025 ᠣᠨ ᠤ ᠰᠡᠭᠦᠯᠴᠢ ᠪᠣᠯᠬᠤ ᠳᠤ᠂ ᠬᠤᠯᠤᠭᠠᠨ᠎ᠠ ᠪᠠ ᠬᠤᠷᠣᠬᠠᠶ ᠶᠢᠨ ᠬᠥᠨᠥᠭᠡᠯ ᠢ ᠰᠡᠷᠭᠡᠶᠢᠯᠡᠬᠦ ᠲᠠᠯᠠᠪᠠᠶ ᠶᠢ ᠨᠡᠶᠢᠲᠡ 900 ᠲᠦᠮᠡᠨ ᠮᠥ ᠳᠤ  ᠬᠦᠷᠭᠡᠨ᠎ᠡ᠃      ᠬᠤᠶᠠᠳᠤᠭᠠᠷ ᠬᠡᠰᠡᠭ     ᠣᠷᠴᠢᠨ ᠲᠣᠭᠤᠷᠢᠨ ᠤ ᠪᠣᠬᠢᠷᠲᠤᠯ ᠢ ᠶᠡᠷᠦᠩᠬᠡᠶᠢᠯᠡᠨ ᠵᠠᠰᠠᠬᠤ      ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠦᠷ᠎ᠡ ᠪᠦᠲᠦᠮᠵᠢ ᠶᠢ ᠬᠠᠮᠠᠭᠠᠯᠠᠵᠣ ᠂ ︽ᠭᠤᠷᠪᠠᠨ ᠱᠤᠭᠤᠮ ᠨᠢᠭᠡ ᠲᠠᠩᠰᠠ︾ ᠶᠢᠨ ᠲᠦᠷᠢᠮ ᠢ ᠬᠡᠷᠡᠭᠵᠢᠭᠦᠯᠦᠨ᠂ ᠠᠵᠣ ᠦᠢᠯᠡᠰ ᠤᠨ ᠣᠷᠴᠢᠨ ᠲᠣᠭᠤᠷᠢᠨ ᠤ ᠵᠦᠪᠰᠢᠶᠡᠷᠡᠯ ᠢ ᠴᠢᠩᠭᠠᠳᠬᠠᠵᠣ᠂ ᠬᠠᠤᠯᠢ ᠠᠴᠠ ᠵᠥᠷᠢᠴᠡᠨ ᠪᠣᠬᠢᠷᠲᠤᠯ ᠢ ᠭᠠᠳᠠᠭᠰᠢᠯᠠᠭᠤᠯᠬᠤ ᠦᠢᠯᠡ ᠠᠵᠢᠯᠯᠠᠭ᠎ᠠ ᠳᠤ ᠬᠦᠨᠳᠦ ᠴᠣᠬᠢᠯᠳᠠ ᠦᠭᠴᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠵᠣ᠂ ᠣᠷᠴᠢᠨ ᠲᠣᠭᠤᠷᠢᠨ ᠤ ᠳᠠᠭᠠᠭᠠᠴᠠ ᠠᠴᠠ ᠬᠡᠲᠦᠷᠡᠭᠦᠯᠬᠦ ᠥᠬᠡᠶ᠂ ᠬᠤᠷᠢᠭ᠎ᠠ ᠱᠤᠭᠤᠮ ᠢ ᠡᠪᠳᠡᠬᠦ ᠥᠬᠡᠶ ᠪᠠᠶᠢᠬᠤ ᠶᠢ ᠦᠨᠡᠨᠬᠦ ᠪᠠᠲᠤᠯᠠᠨ᠎ᠠ᠃      ᠨᠢᠭᠡ᠂ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠠᠨ ᠴᠢᠩᠭᠠᠳᠬᠠᠨ᠎ᠠ      ᠬᠤᠯᠪᠣᠭᠠᠯᠠᠨ ᠪᠠᠶᠢᠴᠠᠭᠠᠬᠤ ᠠᠵᠢᠯ ᠤᠨ ᠲᠣᠭᠲᠠᠴᠠ ᠳᠤ ᠰᠢᠨ᠎ᠡ ᠶᠢ ᠡᠭᠦᠳᠴᠦ᠂ ᠬᠤᠯᠪᠣᠭᠠᠯᠠᠨ ᠪᠠᠶᠢᠴᠠᠭᠠᠬᠤ ᠳᠦᠷᠢᠮ ᠢ ᠵᠢᠷᠤᠮᠵᠢᠭᠤᠯᠤᠨ ᠲᠡᠭᠦᠯᠳᠡᠷᠵᠢᠭᠦᠯᠵᠦ᠂ ᠣᠷᠴᠢᠨ ᠲᠣᠭᠤᠷᠢᠨ ᠤ ᠪᠠᠶᠢᠴᠠᠭᠠᠯᠲᠠ ᠶᠢᠨ ᠠᠰᠠᠭᠤᠳᠠᠯ ᠢ ᠴᠡᠭᠴᠡᠯᠡᠨ ᠵᠠᠰᠠᠬᠤ ᠶᠢ ᠴᠢᠩᠭᠠᠳᠬᠠᠨ᠎ᠠ᠃ ᠤᠯᠠᠨ ᠵᠦᠢᠯ ᠤᠨ ᠪᠣᠬᠢᠷᠲᠤᠯ ᠪᠣᠳᠠᠰ ᠢ ᠬᠠᠮᠳᠣ ᠳᠤᠨᠢ ᠬᠢᠵᠠᠭᠠᠷᠯᠠᠬᠤ ᠪᠠ ᠣᠷᠣᠨ ᠪᠦᠰᠡ ᠬᠠᠮᠳᠣᠷᠠᠨ ᠵᠠᠰᠠᠬᠤ ᠶᠢ ᠴᠢᠩᠭᠠᠳᠬᠠᠵᠤ᠂ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠳᠠ ᠰᠢᠪᠳᠣᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠢ ᠴᠡᠭᠴᠡᠯᠡᠨ ᠵᠠᠰᠠᠬᠤ ᠪᠠ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ  ᠲᠠᠢ ᠪᠠᠶᠢᠳᠠᠯ︾ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠠᠭᠤᠷᠬᠠᠢ ᠶᠢᠨ ᠠᠵᠤ ᠠᠬᠤᠶᠢᠯᠠᠯ ᠤᠨ ᠲᠣᠭᠤᠰᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠤᠲᠠ ᠪᠠᠯᠭᠠᠰᠤ ᠶᠢᠨ ᠪᠣᠬᠢᠷ ᠤᠰᠤᠨ ᠤ ᠬᠤᠭᠤᠯᠠᠢ ᠶᠢ ᠪᠥᠬᠦᠨ ᠢ ᠬᠠᠮᠤᠷᠬᠤ ᠶᠢ ᠲᠥᠯᠬᠢᠨ ᠠᠬᠢᠭᠤᠯᠵᠤ᠂ ᠭᠠᠵᠠᠷ ᠳᠣᠣᠷᠠᠬᠢ ᠤᠰᠤᠨ ᠤ ᠪᠣᠬᠢᠷᠲᠤᠯ ᠤᠨ ᠰᠡᠷᠭᠡᠶᠢᠯᠡᠨ ᠵᠠᠰᠠᠯᠳᠠ ᠶᠢ ᠴᠢᠩᠭᠠᠳᠬᠠᠨ᠂ ᠠᠵᠤ ᠦᠢᠯᠡᠳᠪᠦᠷᠢ ᠶᠢᠨ ᠪᠣᠬᠢᠷ ᠣᠰᠣᠨ ᠤ ᠬᠠᠤᠯᠢ ᠠᠴᠠ ᠵᠦᠷᠢᠴᠡᠭᠰᠡᠨ ᠭᠠᠳᠠᠭᠰᠢᠯᠠᠭᠤᠯᠣᠯᠳᠠ ᠶᠢ ᠴᠢᠩᠭ᠎ᠠ ᠬᠢᠵᠠᠭᠠᠷᠯᠠᠵᠤ ᠂ ᠮᠠᠯᠵᠢᠬᠤ ᠣᠷᠣᠨ ᠤ ᠠᠮᠢᠳᠤᠷᠠᠯ ᠤᠨ ᠪᠣᠬᠢᠷ ᠣᠰᠣᠨ ᠤ ᠰᠢᠢᠳᠪᠦᠷᠢᠯᠡᠯᠳᠡ ᠶᠢ ᠦᠨᠡᠨᠬᠦ ᠴᠢᠩᠭᠠᠳᠬᠠᠨ᠎ᠠ᠃ ᠬᠦᠨᠳᠦ ᠲᠡᠮᠦᠷᠯᠢᠭ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠳᠣᠷ ᠡᠵᠡᠮᠳᠡᠵᠦ᠂ ᠦᠯᠡᠳᠡᠭᠳᠡᠯ ᠬᠦᠳᠡᠷ᠂ ᠬᠦᠳᠡᠷ ᠤᠨ ᠰᠢᠭᠠᠷᠤ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠰᠢᠢᠳᠪᠦᠷᠢᠯᠡᠨ᠎ᠡ᠃ ᠪᠠᠷᠢᠯᠭ᠎ᠠ ᠶᠢᠨ ᠬᠤᠭ ᠨᠣᠪᠰᠢ᠂ ᠬᠠᠶᠠᠭᠳᠠᠮᠠᠯ ᠬᠠᠭᠤᠴᠢᠨ ᠨᠡᠬᠡᠮᠡᠯ ᠤᠨ ᠪᠣᠳᠠᠰ ᠵᠡᠷᠭᠡ ᠶᠢ ᠡᠬᠢ ᠪᠠᠶᠠᠯᠢᠭᠵᠢᠭᠤᠯᠤᠨ ᠠᠰᠢᠭᠯᠠᠬᠤ ᠪᠤᠶᠤ ᠬᠤᠣᠷ ᠥᠬᠡᠶᠢᠳᠡᠭᠦᠯᠦᠨ ᠰᠢᠢᠳᠪᠦᠷᠢᠯᠡᠬᠦ ᠶᠢ ᠬᠡᠷᠡᠭᠵᠢᠭᠦᠯᠵᠦ᠂ ᠴᠠᠭᠠᠨ ᠤ ᠪᠣᠬᠢᠷᠲᠤᠯ ᠢ ᠵᠠᠰᠠᠬᠤ ᠪᠠ ᠡᠮᠴᠢᠯᠡᠭᠡᠨ ᠤ ᠬᠠᠶᠠᠭᠳᠠᠮᠠᠯ ᠢ ᠰᠢᠢᠳᠪᠦᠷᠢᠯᠡᠬᠦ ᠴᠢᠳᠠᠪᠤᠷᠢ ᠶᠢ ᠴᠢᠩᠭᠠᠳᠬᠠᠨ᠂ ᠡᠯᠧᠺᠲᠷᠣᠨ ᠬᠠᠶᠠᠭᠳᠠᠮᠠᠯ᠂ ᠡᠮᠴᠢᠯᠡᠭᠡᠨ ᠤ ᠬᠠᠶᠠᠭᠳᠠᠮᠠᠯ ᠵᠢᠴᠢ ᠬᠤᠲᠠ ᠶᠢᠨ ᠪᠤᠰᠤᠳ  ᠬᠤᠣᠷᠳᠣ ᠬᠠᠶᠠᠭᠳᠠᠮᠠᠯ ᠢ ᠲᠥᠷᠥᠯ ᠬᠤᠪᠢᠶᠠᠨ ᠬᠠᠮᠢᠶᠠᠷᠬᠤ ᠪᠠ ᠲᠣᠰᠬᠠᠢ ᠰᠢᠢᠳᠪᠦᠷᠢᠯᠡᠬᠦ ᠶᠢ ᠦᠷᠭᠦᠯᠵᠢᠯᠡᠨ ᠰᠠᠶᠢᠲᠤᠷ ᠬᠢᠨ᠎ᠡ᠃ 2025 ᠣᠨ ᠪᠣᠯᠬᠤ ᠳᠤ᠂ ᠬᠤᠲᠠ ᠪᠠᠯᠭᠠᠰᠤ ᠵᠢᠴᠢ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶᠢᠳᠡᠭᠦᠯᠦᠨ ᠰᠢᠢᠳᠪᠦᠷᠢᠯᠡᠬᠦ ᠨᠣᠷᠮ᠎ᠠ ᠶᠢ ᠴᠥᠮ 100% ᠳᠤ ᠬᠦᠷᠭᠡᠵᠣ᠂ ᠬᠤᠲᠠ ᠶᠢᠨ ᠡᠮᠴᠢᠯᠡᠭᠡᠨ ᠤ ᠬᠠᠶᠠᠭᠳᠠᠮᠠᠯ ᠢ ᠬᠤᠤᠷ ᠥᠬᠡᠶᠢᠳᠡᠭᠦᠯᠦᠨ ᠰᠢᠢᠳᠪᠦᠷᠢᠯᠡᠬᠦ ᠨᠣᠷᠮ᠎ᠠ ᠶᠢ 100% ᠳᠤ ᠬᠦᠷᠭᠡᠨ᠎ᠡ᠃      ᠬᠤᠶᠠᠷ᠂ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢ ᠥᠷᠨᠢᠭᠦᠯᠦᠨ᠎ᠡ      ︽ᠬᠡᠨ ᠨᠡᠭᠡᠭᠡᠨ ᠠᠰᠢᠭᠯᠠᠪᠠᠯ ᠲᠡᠷᠡ ᠬᠠᠮᠠᠭᠠᠯᠠᠵᠤ᠂ ᠬᠡᠨ ᠡᠪᠳᠡᠪᠡᠯ ᠲᠡᠷᠡ ᠵᠠᠰᠠᠬᠤ︾ ᠵᠠᠷᠴᠢᠮ ᠢ ᠪᠠᠷᠢᠮᠲᠠᠯᠠᠵᠤ᠂ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠰᠡᠷᠬᠦᠬᠡᠬᠦ ᠪᠠ ᠪᠣᠬᠢᠷᠲᠤᠯ ᠦᠭᠡᠢ ᠠᠭᠤᠷᠬᠠᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠤᠨ᠎ᠠ᠃ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠠᠭᠤᠷᠬᠠᠶ ᠶᠢᠨ ᠣᠷᠴᠢᠨ ᠲᠣᠭᠤᠷᠢᠨ ᠢ ᠰᠡᠷᠬᠦᠭᠡᠬᠦ ᠵᠢᠴᠢ ᠲᠥᠰᠦᠯ ᠢ ᠬᠢᠨᠠᠨ ᠲᠣᠭᠲᠠᠭᠠᠬᠤ᠂ ᠬᠢᠨᠠᠨ ᠪᠠᠶᠢᠴᠠᠭᠠᠬᠤ ᠠᠵᠢᠯ ᠢ ᠴᠢᠩᠭ᠎ᠠ ᠵᠢᠷᠤᠮᠵᠢᠭᠤᠯᠵᠤ᠂ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠰᠡᠷᠬᠦᠭᠡᠬᠦ ᠰᠠᠭᠤᠷᠢ ᠮᠥᠩᠭᠦ ᠶᠢᠨ ᠳᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠠᠭᠤᠷᠬᠠᠶ ᠶᠢᠨ ᠠᠵᠤ ᠠᠬᠤᠶᠢᠯᠠᠯ ᠤᠨ ᠣᠷᠴᠢᠨ ᠲᠣᠭᠤᠷᠢᠨ ᠢ ᠬᠠᠮᠠᠭᠠᠯᠠᠬᠤ ᠬᠢᠭᠡᠳ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠲᠥᠰᠦᠯ ᠲᠣᠭᠳᠠᠭᠠᠬᠤ ᠶᠢ ᠱᠠᠭᠠᠷᠳᠠᠨ᠎ᠠ᠃      ᠬᠠᠲᠠᠭᠤ ᠪᠡᠶᠡᠲᠦ ᠬᠠᠶᠠᠭᠳᠠᠮᠠᠯ ᠤᠨ ᠬᠠᠮᠢᠶᠠᠷᠤᠯᠲᠠ ᠶᠢ ᠴᠢᠩᠭᠠᠳᠬᠠᠨ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠤᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠨᠤᠨᠲᠠᠭ ᠨᠡᠭᠦᠷᠡᠰᠦᠨ ᠤ ᠦᠨᠡᠰᠦ ᠵᠡᠷᠭᠡ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠢ ᠶᠡᠷᠦᠩᠬᠡᠶᠢᠯᠡᠨ ᠠᠰᠢᠭᠯᠠᠬᠤ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠠᠶᠤᠯᠲᠠᠶ ᠬᠠᠶᠠᠭᠳᠠᠮᠠᠯ ᠡᠳ᠋ ᠤᠨ ᠵᠢᠷᠤᠮᠵᠢᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠡᠮᠴᠢᠯᠡᠭᠡᠨ ᠤ ᠬᠠᠶᠠᠭᠳᠠᠮᠠᠯ ᠡᠳ᠋ ᠢ ᠪᠠᠭᠲᠠᠭᠠᠭᠰᠠᠨ ᠠᠶᠤᠯᠲᠠᠶ ᠬᠠᠶᠠᠭᠳᠠᠮᠠᠯ ᠡᠳ᠋ ᠢ ᠰᠢᠢᠳᠪᠦᠷᠢᠯᠡᠬᠦ ᠲᠦᠭᠦᠭᠡᠷᠣᠮᠵᠢ ᠶᠢᠨ ᠴᠢᠳᠠᠪᠤᠷᠢ ᠶᠢ ᠲᠡᠭᠡᠭᠰᠢᠯᠡᠭᠦᠯᠦᠨ᠂ ᠰᠦᠯᠢᠶᠣᠣ  ᠶᠢᠨ ᠪᠣᠬᠢᠷᠲᠤᠯ ᠢ ᠴᠡᠭᠴᠡᠯᠡᠨ ᠵᠠᠰᠠᠬᠤ ᠶᠢ ᠴᠢᠩᠭᠠᠳᠬᠠᠨ᠎ᠠ᠃ ᠣᠯᠠᠨ ᠰᠠᠯᠠᠭ᠎ᠠ ᠮᠥᠴᠢᠷ ᠬᠠᠮᠲᠤᠷᠠᠨ ᠴᠡᠭᠴᠡᠯᠡᠨ ᠵᠠᠰᠠᠬᠤ ᠲᠣᠭᠲᠠᠴᠠ ᠶᠢ ᠪᠠᠶᠢᠭᠤᠯᠵᠤ᠂ ᠭᠠᠵᠠᠷ ᠤᠨ ᠭᠠᠮᠰᠢᠭ ᠢ ᠲᠣᠭᠤᠷᠢᠨ ᠪᠠᠶᠢᠴᠠᠭᠠᠬᠤ ᠳᠦᠷᠢᠮ᠂ ᠦᠶᠡᠷ ᠤᠨ ᠬᠤᠭᠤᠴᠠᠭᠠᠨ ᠤ ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠨ ᠵᠠᠰᠠᠬᠤ ᠵᠢᠵᠢᠭᠦᠷ ᠤᠨ ᠳᠦᠷᠢᠮ ᠵᠢᠴᠢ ᠭᠠᠵᠠᠷ ᠰᠢᠨᠵᠢᠯᠡᠬᠡᠨ ᠤ ᠭᠠᠮᠰᠢᠭ ᠢ ᠳᠠᠷᠣᠢ ᠳᠤᠨᠢ ᠮᠡᠳᠡᠭᠦᠯᠬᠦ ᠳᠦᠷᠢᠮ ᠢ  ᠳᠡᠬᠦᠯᠳᠡᠷᠵᠢᠬᠦᠯᠦᠨ᠎ᠡ᠃      ᠭᠤᠷᠪᠠᠳᠤᠭᠠᠷ ᠬᠡᠰᠡᠭ   ᠡᠬᠢ ᠪᠠᠶᠠᠯᠢᠭ ᠢ ᠠᠷᠪᠢᠯᠠᠨ ᠠᠰᠢᠭᠯᠠᠨ᠎ᠠ      ᠡᠬᠢ ᠪᠠᠶᠠᠯᠢᠭ ᠢ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ᠂ ᠡᠷᠡᠭᠦᠯ ᠪᠥᠭᠡᠳ ᠠᠮᠤᠷ ᠲᠦᠪᠰᠢᠨ ᠠᠮᠢᠳᠤᠷᠠᠯ ᠤᠨ ᠣᠶᠢᠯᠠᠭᠠᠭᠳᠠᠬᠤᠨ ᠢ ᠢᠳᠡᠪᠬᠢᠲᠡᠶ ᠪᠠᠷ ᠰᠠᠨᠠᠭᠠᠴᠢᠯᠠᠨ᠂ ᠡᠬᠢ ᠪᠠᠶᠠᠯᠢᠭ ᠢ ᠠᠰᠢᠭᠯᠠᠬᠤ ᠠᠷᠭ᠎ᠠ ᠮᠠᠶ᠋ᠢᠭ ᠢ ᠦᠨᠳᠦᠰᠦᠨ ᠠᠴᠠ ᠨᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠡᠨᠧᠷᠭᠢ᠂ ᠤᠰᠤ᠂ ᠭᠠᠵᠠᠷ ᠰᠢᠷᠣᠶ ᠶᠢ ᠬᠤᠷᠣᠭᠳᠠᠭᠤᠯᠬᠤ ᠡᠷᠴᠢᠮ ᠢ ᠪᠠᠭᠤᠷᠠᠭᠤᠯᠤᠨ᠂ ᠡᠨᠧᠷᠭᠢ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠪᠣᠯᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠷᠪᠢᠯᠠᠨ ᠭᠠᠮᠨᠠᠬᠤ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ᠎ᠠ᠃      ᠨᠢᠭᠡ᠂ ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠨ᠎ᠠ      ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠵᠦ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠨ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠴᠢᠭᠯᠡᠯᠲᠡ ᠶᠢ ᠪᠠᠷᠢᠮᠲᠠᠯᠠᠨ᠂ ᠤᠰᠤᠨ ᠤ ᠡᠬᠢ ᠪᠠᠶᠠᠯᠢᠭ ᠤᠨ ᠬᠠᠮᠤᠭ ᠴᠢᠩᠭ᠎ᠠ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠬᠤᠷᠢᠭ᠎ᠠ ᠱᠤᠭᠤᠮ᠂ ᠤᠰᠤ ᠬᠡᠷᠡᠭᠯᠡᠬᠦ ᠪᠦᠲᠦᠮᠵᠢ ᠶᠢ ᠬᠢᠵᠠᠭᠠᠷᠯᠠᠬᠤ ᠬᠤᠷᠢᠭ᠎ᠠ ᠱᠤᠭᠤᠮ ᠪᠠ ᠤᠰᠤᠨ ᠤ ᠴᠢᠳᠠᠮᠵᠢᠳᠤ ᠣᠷᠣᠨ ᠤ ᠪᠣᠬᠢᠷᠲᠤᠯ ᠤᠨ ᠬᠤᠷᠢᠭ᠎ᠠ ᠱᠤᠭᠤᠮ ᠤᠨ ᠬᠢᠵᠠᠭᠠᠷᠯᠠᠯ ᠢ ᠴᠢᠩᠭᠠᠳᠬᠠᠨ᠎ᠠ᠃ ︽ᠭᠤᠷᠪᠠᠨ ᠲᠥᠯᠥᠪᠵᠢᠭᠦᠯᠭᠡ︾ ᠶᠢ ᠨᠠᠶᠢᠳᠠᠪᠤᠷᠢᠵᠢᠭᠤᠯᠤᠨ᠂ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠳᠬᠠᠵᠣ᠂ ᠬᠤᠰᠢᠭᠤᠨ ᠤ ᠬᠡᠪᠴᠢᠶᠡᠨ ᠳᠠᠬᠢ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠪᠠᠷᠢᠮᠵᠢᠶᠠᠵᠢᠭᠤᠯᠣᠨ ᠪᠠᠶᠢᠭᠤᠯᠬᠤ ᠠᠵᠢᠯ ᠢ ᠢᠳᠡᠪᠬᠢᠲᠡᠶ ᠥᠷᠨᠢᠭᠦᠯᠦᠨ᠎ᠡ᠃ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠵᠣ᠂ ᠭᠠᠵᠠᠷ ᠳᠣᠤᠷᠠᠬᠢ ᠤᠰᠤᠨ ᠤ ᠤᠷᠢᠳᠴᠢᠯᠠᠨ ᠰᠡᠷᠡᠮᠵᠢᠯᠡᠭᠦᠯᠬᠦ  ᠪᠠᠶᠢᠩᠭᠤ ᠶᠢᠨ ᠪᠦᠳᠦᠮᠵᠢᠲᠦ ᠲᠣᠭᠲᠠᠴᠠ ᠶᠢ ᠪᠠᠶᠢᠭᠤᠯᠤᠨ᠎ᠠ᠃ ᠤᠰᠤ ᠲᠠᠲᠠᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠭᠠᠷᠳᠠᠮ ᠢ ᠲᠡᠭᠦᠯᠳᠡᠷᠵᠢᠭᠦᠯᠵᠦ᠂ ᠠᠯᠪᠠᠳᠠᠯᠭ᠎ᠠ ᠶᠢᠨ ᠴᠢᠨᠠᠷᠲᠠᠶ ᠤᠰᠤ ᠠᠷᠪᠢᠯᠠᠵᠤ ᠤᠰᠤ ᠬᠡᠷᠡᠭᠯᠡᠬᠦ ᠠᠷᠭ᠎ᠠ ᠬᠡᠮᠵᠢᠶ᠎ᠡ ᠪᠣᠯᠤᠨ ᠪᠠᠷᠢᠮᠵᠢᠶ᠎ᠠ ᠶᠢ ᠬᠡᠷᠡᠭᠵᠢᠭᠦᠯᠵᠦ᠂ ᠣᠰᠣᠨ ᠤ ᠬᠤᠷᠣᠭᠳᠠᠯ ᠶᠡᠭᠡ ᠠᠵᠤ ᠠᠬᠤᠶᠢᠯᠠᠯ ᠤᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠪᠦᠬᠦ ᠠᠷᠠᠳ ᠤᠨ ᠤᠰᠤ ᠠᠷᠪᠢᠯᠠᠬᠤ ᠠᠵᠢᠯᠯᠠᠭ᠎ᠠ ᠶᠢ ᠬᠡᠷᠡᠭᠵᠢᠭᠦᠯᠵᠦ᠂ ᠤᠯᠢᠶᠠᠰᠤᠲᠠᠢ ᠪᠠᠯᠭᠠᠰᠤᠨ ᠤ ᠪᠣᠬᠢᠷ ᠤᠰᠤ ᠶᠢ ᠲᠠᠬᠢᠨ ᠠᠰᠢᠭᠯᠠᠬᠤ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠪᠣᠷᠣᠭᠠᠨ ᠤ ᠤᠰᠤ᠂ ᠬᠠᠶᠠᠭᠳᠠᠮᠠᠯ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠎ᠡ᠃      ᠬᠤᠶᠠᠷ᠂ ᠭᠠᠵᠠᠷ ᠰᠢᠷᠣᠢ ᠶᠢᠨ ᠬᠡᠷᠡᠭᠯᠡᠬᠡᠨ ᠤ ᠬᠠᠮᠢᠶᠠᠷᠣᠯᠲᠠ ᠶᠢ ᠴᠢᠩᠭᠠᠳᠬᠠᠨ᠎ᠠ      ᠭᠠᠵᠠᠷ ᠰᠢᠷᠣᠶ ᠶᠢ ᠠᠷᠪᠢᠯᠠᠨ ᠡᠷᠴᠢᠮᠵᠢᠬᠦᠯᠦᠨ ᠠᠰᠢᠭᠯᠠᠬᠤ ᠬᠠᠤᠯᠢ ᠲᠣᠭᠲᠠᠭᠠᠯ ᠪᠣᠯᠤᠨ ᠪᠠᠷᠢᠮᠵᠢᠶ᠎ᠠ ᠶᠢ ᠪᠦᠷᠢᠨᠰᠢᠭᠦᠯᠦᠨ ᠳᠣᠭᠳᠠᠭᠠᠵᠣ᠂ ᠬᠤᠲᠠ ᠪᠠᠯᠭᠠᠰᠣᠨ ᠤ ᠣᠷᠣᠨ ᠵᠠᠶ ᠶᠢᠨ ᠲᠥᠯᠥᠪᠵᠢᠭᠦᠯᠭᠡ᠂ ᠭᠠᠵᠠᠷ ᠰᠢᠷᠣᠶ ᠠᠰᠢᠭᠯᠠᠬᠤ ᠲᠥᠯᠥᠪᠵᠢᠭᠦᠯᠭᠡ ᠶᠢᠨ ᠪᠦᠬᠦᠯᠢ ᠴᠣᠭᠴᠠ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ᠰᠢᠨ᠎ᠡ ᠪᠠᠷ ᠨᠡᠮᠡᠭᠳᠡᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ  ᠭᠠᠵᠠᠷ ᠢ ᠴᠢᠩᠭ᠎ᠠ ᠬᠢᠵᠠᠭᠠᠷᠯᠠᠵᠤ᠂ ᠰᠢᠨ᠎ᠡ ᠪᠠᠷ ᠨᠡᠮᠡᠭᠳᠡᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠪᠠ  ᠣᠳᠣᠬᠢ ᠦᠷ᠎ᠡ ᠪᠦᠳᠦᠮᠵᠢ ᠪᠠᠷ ᠲᠣᠣᠷ᠎ᠠ ᠭᠠᠵᠠᠷ ᠢ ᠪᠠᠭᠠᠰᠬᠠᠬᠤ ᠲᠠᠢ ᠬᠤᠯᠪᠣᠭᠳᠠᠭᠤᠯᠵᠣ᠂ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠪᠣᠯᠤᠨ ᠨᠡᠭᠡᠭᠡᠯᠲᠡ ᠬᠢᠬᠦ ᠡᠷᠴᠢᠮ ᠢ ᠴᠢᠩᠭ᠎ᠠ ᠬᠢᠵᠠᠭᠠᠷᠯᠠᠨ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠣᠯᠠᠨ ᠴᠢᠳᠠᠮᠵᠢᠲᠤ ᠨᠡᠭᠡᠭᠡᠨ ᠠᠰᠢᠭᠯᠠᠯᠳᠠ ᠶᠢ ᠲᠦᠯᠬᠢᠨ ᠠᠬᠢᠭᠤᠯᠵᠤ᠂ ᠬᠥᠮᠦᠨ ᠲᠥᠷᠥᠯᠬᠢᠲᠡᠨ ᠤ ᠠᠵᠢᠯᠯᠠᠭ᠎ᠠ ᠶᠢᠨ ᠪᠠᠶᠢᠭᠠᠯᠢ ᠶᠢᠨ ᠣᠷᠣᠨ ᠵᠠᠶ ᠶᠢ ᠡᠵᠡᠯᠡᠨ ᠬᠡᠷᠡᠭᠯᠡᠬᠦ ᠶᠢ ᠪᠠᠭᠠᠰᠬᠠᠨ᠎ᠠ᠃ ᠭᠠᠵᠠᠷ ᠰᠢᠷᠣᠢ ᠶᠢ ᠬᠤᠷᠢᠶᠠᠨ ᠨᠥᠭᠡᠴᠡᠯᠡᠬᠦ ᠳᠦᠷᠢᠮ ᠢ ᠪᠠᠶᠢᠭᠤᠯᠤᠨ᠎ᠠ᠃      ᠭᠤᠷᠪᠠ᠂ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠦᠷᠨᠢᠬᠦᠯᠦᠨ᠎ᠡ      ᠪᠣᠬᠢᠷᠲᠤᠯ ᠦᠭᠡᠶ ᠪᠠᠷᠢᠯᠭ᠎ᠠ ᠶᠢᠨ ᠦᠢᠯᠡᠰ ᠢ ᠬᠥᠭᠵᠢᠭᠦᠯᠵᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠠᠮᠢᠳᠤᠷᠠᠯ᠂ ᠬᠤᠳᠠᠯᠳᠤᠭ᠎ᠠ ᠵᠢᠴᠢ ᠣᠯᠠᠨ ᠨᠡᠶᠢᠲᠡ ᠶᠢᠨ ᠪᠠᠷᠢᠯᠭ᠎ᠠ ᠳᠤ ᠬᠡᠷᠡᠭᠯᠡᠬᠦ ᠡᠨᠧᠷᠭᠢ ᠶᠢᠨ ᠳᠣᠲᠣᠷᠠᠬᠢ ᠳᠠᠬᠢᠨ ᠡᠭᠦᠰᠴᠦ ᠪᠣᠯᠬᠤ ᠡᠨᠧᠷᠭᠢ ᠶᠢᠨ ᠬᠡᠷᠡᠭᠯᠡᠬᠡᠨ ᠤ ᠬᠠᠷᠢᠴᠠᠯ ᠢ ᠳᠡᠭᠡᠭᠰᠢᠯᠡᠭᠦᠯᠦᠨ᠎ᠡ᠃ ᠤᠯᠢᠶᠠᠰᠤᠲᠠᠢ ᠪᠠᠯᠭᠠᠰᠣᠨ ᠤ ᠢᠯᠴᠢ ᠴᠠᠬᠢᠯᠭᠠᠨ ᠢᠶᠠᠷ ᠳᠣᠯᠠᠭᠠᠯᠠᠯᠭ᠎ᠠ ᠬᠠᠩᠭᠠᠬᠤ ᠪᠥᠳᠥᠭᠡᠨ ᠪᠠᠶᠢᠭᠤᠯᠤᠯᠲᠠ ᠶᠢ ᠲᠡᠮᠵᠢᠵᠤ᠂ ᠬᠥᠮᠦᠨ ᠠᠮᠠ ᠨᠡᠯᠢᠶᠡᠳ ᠴᠥᠭᠡᠨ᠂ ᠲᠦᠪᠯᠡᠷᠡᠨ ᠰᠠᠭᠤᠷᠢᠰᠢᠭᠰᠠᠨ ᠪᠠᠯᠭᠠᠰᠤ᠂ ᠰᠣᠮᠣᠨ ᠳᠤ  ᠴᠠᠬᠢᠯᠭᠠᠨ ᠢᠶᠠᠷ ᠲᠣᠯᠠᠭᠠᠯᠠᠯᠭ᠎ᠠ ᠬᠠᠩᠭᠠᠬᠤ ᠶᠢ ᠳᠡᠯᠭᠡᠷᠡᠭᠦᠯᠵᠦ᠂ ᠮᠠᠯᠵᠢᠬᠤ ᠣᠷᠣᠨ ᠤ ᠴᠡᠪᠡᠷ ᠡᠨᠧᠷᠬᠢ ᠪᠠᠷ ᠢᠯᠴᠢ ᠬᠠᠩᠭᠠᠬᠤ ᠶᠢ ᠲᠦᠷᠭᠡᠳᠬᠡᠨ᠂ ᠪᠥᠬᠦ ᠭᠠᠴᠠᠭᠠᠨ ᠳᠤ ᠠᠷᠢᠭᠤᠨ ᠴᠡᠪᠡᠷ ᠡᠨᠧᠷᠬᠢ ᠪᠠᠷ ᠲᠣᠯᠠᠭᠠᠯᠠᠯᠭ᠎ᠠ ᠬᠠᠩᠭᠠᠬᠤ ᠰᠢᠰᠲ᠋ᠧᠮ ᠤᠨ ᠥᠭᠡᠷᠡᠴᠢᠯᠡᠯᠲᠡ ᠬᠢᠬᠦ ᠶᠢ ᠵᠣᠷᠢᠭᠵᠢᠭᠤᠯᠵᠤ᠂ ᠡᠷᠥᠭᠡ ᠳᠤ ᠬᠡᠷᠡᠭᠯᠡᠬᠦ ᠬᠡᠯᠪᠡᠷᠢ ᠶᠢᠨ ᠴᠠᠬᠢᠯᠭᠠᠨ ᠢᠶᠠᠷ ᠲᠣᠯᠠᠭᠠᠯᠠᠯᠭ᠎ᠠ ᠬᠠᠩᠭᠠᠬᠤ ᠵᠢᠴᠢ ᠲᠡᠬᠢᠨ ᠡᠭᠦᠰᠴᠦ ᠪᠣᠯᠬᠤ ᠡᠨᠧᠷᠬᠢ ᠪᠠᠷ ᠲᠣᠯᠠᠭᠠᠯᠠᠯᠭ᠎ᠠ ᠬᠠᠩᠭᠠᠬᠤ ᠶᠢ ᠵᠣᠷᠢᠭᠵᠢᠭᠤᠯᠣᠨ᠎ᠠ᠃ ᠵᠠᠮ ᠲᠡᠭᠡᠭᠡᠪᠦᠷᠢ ᠶᠢᠨ ᠦᠢᠯᠡᠰ ᠤᠨ ᠲᠣᠣᠷ᠎ᠠ ᠨᠡᠭᠦᠷᠡᠰᠦᠳᠦᠷᠦᠭᠴᠢᠳᠣ ᠬᠦᠭᠵᠢᠯᠳᠡ ᠶᠢ ᠠᠬᠢᠭᠤᠯᠤᠨ᠎ᠠ᠃ ᠠᠭᠤᠷᠬᠠᠶ᠂ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠡᠳ᠋ᠰᠢᠬᠦᠯᠦᠨ ᠪᠣᠯᠪᠰᠣᠷᠠᠭᠤᠯᠬᠤ ᠵᠡᠷᠭᠡ ᠠᠵᠢᠯ ᠲᠥᠷᠥᠯ ᠢᠶᠠᠷ ᠭᠤᠣᠯᠳᠠᠯᠭ᠎ᠠ ᠪᠣᠯᠭᠠᠨ᠂ ᠡᠨᠧᠷᠭᠢ ᠠᠷᠪᠢᠯᠠᠬᠤ ᠰᠢᠨ᠎ᠡ ᠮᠡᠷᠭᠡᠵᠢᠯ ᠢ ᠳᠡᠯᠭᠡᠷᠡᠭᠦᠯᠵᠦ᠂ ᠡᠨᠧᠷᠭᠢ ᠠᠷᠪᠢᠯᠠᠬᠤ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠦᠨ᠎ᠡ᠃ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠢ ᠬᠥᠭᠵᠢᠭᠦᠯᠵᠦ᠂ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠦᠢᠯᠡᠴᠢᠯᠡᠭᠡᠨ ᠤ ᠺᠣᠮᠫᠠᠨᠢ ᠶᠢ ᠪᠤᠶᠢᠵᠢᠭᠤᠯᠤᠨ᠎ᠠ᠃ 2025 ᠣᠨ ᠪᠣᠯᠬᠤ ᠳᠤ᠂ ᠡᠨᠧᠷᠭᠢ ᠶᠢᠨ ᠬᠡᠷᠡᠭᠯᠡᠭᠡ ᠶᠢ ᠪᠦᠬᠦ ᠣᠷᠣᠨ ᠤ ᠪᠠᠷᠢᠮᠵᠢᠶ᠎ᠠ ᠳᠤ ᠬᠦᠷᠭᠡᠬᠦ ᠪᠠᠷ ᠴᠢᠷᠮᠠᠶᠢᠨ᠎ᠠ᠃      ᠳᠥᠷᠪᠡ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠲᠣᠭᠲᠠᠴᠠ ᠶᠢ  ᠪᠠᠶᠢᠭᠤᠯᠣᠨ᠎ᠠ      ᠡᠨᠧᠷᠭᠢ ᠶᠢᠨ ᠬᠤᠷᠣᠭᠳᠠᠭᠤᠯᠭ᠎ᠠ ᠶᠢᠨ ᠶᠡᠷᠦᠩᠬᠡᠶ ᠬᠡᠮᠵᠢᠶ᠎ᠡ ᠪᠣᠯᠤᠨ ᠬᠦᠴᠦᠯᠡᠴᠡ ︽ᠬᠤᠶᠠᠷ ᠢ ᠬᠢᠵᠠᠭᠠᠷᠯᠠᠬᠤ︾ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠠᠰᠬᠠᠬᠤ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠵᠤ᠂ ᠬᠤᠴᠣᠷᠤᠩᠭᠤᠶ  ᠦᠢᠯᠡᠳᠪᠦᠷᠢᠯᠡᠯ ᠤᠨ ᠴᠢᠳᠠᠪᠣᠷᠢ ᠶᠢ ᠰᠢᠭᠰᠢᠭᠳᠡᠭᠦᠯᠦᠨ᠂ ᠡᠨᠧᠷᠭᠢ ᠶᠢᠨ ᠬᠤᠷᠣᠭᠳᠠᠯ ᠶᠡᠬᠡᠲᠡᠶ᠂  ᠪᠣᠬᠢᠷᠳᠣᠯ ᠶᠡᠬᠡᠲᠡᠶ ᠲᠥᠷᠥᠯ ᠵᠦᠢᠯ ᠢ ᠰᠢᠨ᠎ᠡ ᠪᠠᠷ ᠬᠢᠨᠠᠨ ᠵᠥᠪᠰᠢᠶᠡᠷᠡᠬᠦ ᠶᠢ ᠴᠢᠩᠭ᠎ᠠ ᠬᠢᠵᠠᠭᠠᠷᠯᠠᠵᠤ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠡᠨᠧᠷᠭᠢ ᠶᠢᠨ  ᠬᠡᠷᠡᠭᠯᠡᠭᠡ ᠶᠢ ᠠᠳᠠᠯᠢ ᠬᠡᠮᠵᠢᠶ᠎ᠡ ᠪᠤᠶᠤ ᠬᠡᠮᠵᠢᠶ᠎ᠡ ᠶᠢ ᠪᠠᠭᠠᠰᠬᠠᠨ ᠰᠣᠯᠢᠬᠤ ᠲᠣᠭᠲᠠᠴᠠ ᠶᠢ ᠪᠠᠶᠢᠭᠤᠯᠵᠤ᠂ ᠡᠨᠧᠷᠭᠢ ᠶᠢᠨ ᠬᠤᠷᠣᠭᠳᠠᠯ ᠢ ᠪᠠᠭᠠᠰᠬᠠᠨ᠂ ᠡᠨᠧᠷᠭᠢ ᠬᠡᠷᠡᠭᠯᠡᠬᠦ ᠣᠷᠣᠨ ᠵᠠᠶ ᠶᠢ ᠦᠷᠭᠡᠳᠬᠡᠨ᠎ᠡ᠃ ᠡᠨᠧᠷᠭᠢ ᠬᠡᠷᠡᠭᠯᠡᠬᠦ ᠪᠠᠶᠢᠭᠤᠯᠭ᠎ᠠ ᠶᠢ ᠵᠢᠭᠠᠨ ᠵᠢᠯᠣᠭᠤᠳᠴᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠢᠨᠵᠧᠨᠧᠷᠢᠩ ᠢ ᠢᠳᠡᠪᠬᠢᠲᠡᠢ ᠥᠷᠨᠢᠭᠦᠯᠦᠨ᠂ ᠡᠨᠧᠷᠭᠢ ᠠᠷᠪᠢᠯᠠᠬᠤ ᠶᠢ ᠦᠨᠡᠯᠡᠨ  ᠵᠢᠱᠢᠬᠦ ᠪᠠ ᠬᠢᠨᠠᠨ ᠪᠠᠶᠢᠴᠠᠭᠠᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠲᠦᠷᠦᠯ ᠪᠠ ᠡᠨᠧᠷᠭᠢ ᠬᠡᠷᠡᠭᠯᠡᠬᠦ ᠨᠢᠭᠡᠴᠢ ᠶᠢᠨ ᠡᠨᠧᠷᠭᠢ ᠶᠢᠨ ᠬᠡᠷᠡᠭᠯᠡᠭᠡ ᠶᠢ ᠴᠠᠭ ᠲᠤᠬᠠᠢ ᠳᠤᠨᠢ ᠬᠢᠨᠠᠨ ᠬᠡᠮᠵᠢᠬᠦ ᠪᠠ ᠤᠶᠤᠨᠴᠢᠯᠠᠨ ᠬᠠᠮᠢᠶᠠᠷᠤᠨ ᠡᠵᠡᠮᠳᠡᠬᠦ ᠶᠢ ᠪᠡᠶᠡᠯᠡᠭᠦᠯᠦᠨ᠎ᠡ᠃ ᠡᠨᠧᠷᠭᠢ ᠠᠷᠪᠢᠯᠠᠬᠤ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠶᠢ ᠲᠡᠭᠦᠯᠳᠡᠷᠵᠢᠭᠦᠯᠵᠦ᠂ ᠡᠨᠧᠷᠭᠢ ᠬᠡᠷᠡᠭᠯᠡᠬᠦ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠩᠬᠠᠨ ᠤ ᠬᠤᠪᠢᠶᠠᠷᠢᠯᠠᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ 2025 ᠣᠨ ᠪᠣᠯᠬᠤ ᠳᠤ᠂ ᠪᠥᠬᠦ ᠬᠤᠰᠢᠭᠤᠨ ᠤ ᠭᠠᠳᠠᠭᠰᠢᠯᠠᠭᠤᠯᠤᠯᠲᠠ ᠶᠢᠨ ᠶᠡᠷᠦᠩᠬᠡᠶ ᠬᠡᠮᠵᠢᠶ᠎ᠡ ᠶᠢ ᠪᠥᠬᠦ ᠣᠷᠣᠨ ᠤ ᠪᠠᠷᠢᠮᠵᠢᠶ᠎ᠠ ᠳᠤ ᠬᠦᠷᠭᠡᠨ᠎ᠡ᠃      ᠲᠠᠪᠤ᠂ ᠡᠬᠢ ᠪᠠᠶᠠᠯᠢᠭ ᠢ ᠪᠣᠴᠠᠭᠠᠨ ᠬᠤᠷᠢᠶᠠᠵᠣ ᠠᠰᠢᠭᠯᠠᠬᠤ ᠶᠢ ᠳᠡᠮᠵᠢᠨ᠎ᠡ      ︽ᠢᠨᠲ᠋ᠧᠷ ᠰᠦᠯᠵᠢᠶ᠎ᠡ + ᠤᠶᠤᠨᠲᠤ ᠡᠨᠧᠷᠭᠢ︾ ᠶᠢ ᠠᠬᠢᠭᠤᠯᠵᠤ᠂ ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠯ ᠤᠨ ᠣᠶᠣᠨᠴᠢ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ᠂ ᠰᠦᠯᠵᠢᠶ᠎ᠡ ᠪᠠ ᠪᠣᠳᠠᠳᠣ ᠠᠬᠤᠢ ᠠᠭᠤᠰᠤᠯᠴᠠᠭᠰᠠᠨ ᠬᠠᠶᠠᠭᠳᠠᠮᠠᠯ ᠬᠠᠭᠤᠴᠢᠨ ᠡᠬᠢ ᠪᠠᠶᠠᠯᠢᠭ ᠢ ᠬᠤᠷᠢᠶᠠᠨ ᠠᠪᠬᠤ ᠪᠠ ᠣᠷᠴᠢᠯᠳᠣᠭᠤᠯᠣᠨ ᠠᠰᠢᠭᠯᠠᠬᠤ ᠳᠣᠭᠳᠠᠯᠴᠠᠭ᠎ᠠ ᠶᠢ ᠪᠠᠶᠢᠭᠤᠯᠵᠤ᠂ ᠳᠠᠬᠢᠨ ᠡᠬᠦᠰᠴᠦ ᠪᠣᠯᠬᠤ ᠡᠬᠢ ᠪᠠᠶᠠᠯᠢᠭ ᠢ ᠬᠤᠷᠢᠶᠠᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠬᠤ᠂ ᠲᠥᠪᠯᠡᠷᠡᠭᠦᠯᠦᠨ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠬᠤᠲᠠ ᠪᠠᠯᠭᠠᠰᠤ ᠨᠡᠶᠢᠭᠡᠮ ᠲᠣᠭᠤᠷᠢᠭ ᠪᠣᠯᠤᠨ ᠮᠠᠯᠵᠢᠬᠤ ᠣᠷᠣᠨ ᠭᠤᠷᠪᠠ ᠶᠢ ᠨᠢᠭᠡ ᠴᠣᠭᠴᠠᠵᠢᠭᠤᠯᠤᠭᠰᠠᠨ ᠬᠤᠷᠢᠶᠠᠨ ᠠᠪᠬᠤ ᠲᠣᠣᠷᠵᠢᠯ ᠢ ᠲᠡᠭᠦᠯᠳᠡᠷᠵᠢᠭᠦᠯᠦᠨ᠎ᠡ᠃ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ  ᠴᠢᠩᠭᠠᠳᠬᠠᠵᠣ᠂ ᠠᠭᠤᠷᠬᠠᠢ ᠶᠢᠨ ᠦᠯᠡᠳᠡᠭᠳᠡᠯ᠂ ᠨᠡᠭᠦᠷᠡᠰᠦᠨ ᠤ ᠦᠯᠡᠳᠡᠭᠳᠡᠯ᠂ ᠪᠠᠷᠢᠯᠭ᠎ᠠ ᠶᠢᠨ ᠬᠠᠶᠠᠭᠳᠠᠮᠠᠯ ᠪᠣᠳᠠᠰ ᠢ ᠵᠠᠮ ᠤᠨ ᠪᠦᠲᠦᠭᠡᠨ ᠪᠠᠶᠢᠭᠤᠯᠤᠯᠲᠠ ᠳᠤ ᠭᠡᠷᠡᠭᠯᠡᠬᠦ ᠨᠣᠷᠮ᠎ᠠ ᠶᠢ ᠳᠡᠭᠡᠭᠰᠢᠯᠡᠭᠦᠯᠵᠦ᠂ ᠠᠯᠲᠠ᠂ ᠮᠥᠩᠭᠦ᠂ ᠸᠣᠯᠹᠷᠠᠮ᠂ ᠮᠣᠯᠢᠪᠳᠧᠨ ᠵᠡᠷᠭᠡ ᠦᠨᠡᠲᠦ ᠲᠡᠮᠦᠷᠯᠢᠭ᠂ ᠬᠤᠪᠣᠷ ᠲᠡᠮᠦᠷᠯᠢᠭ ᠢ ᠬᠤᠷᠢᠶᠠᠨ ᠠᠰᠢᠭᠯᠠᠬᠤ ᠠᠵᠤ ᠦᠢᠯᠡᠰ ᠢ ᠬᠥᠭᠵᠢᠭᠦᠯᠦᠨ᠎ᠡ᠃ 2025 ᠣᠨ ᠪᠣᠯᠬᠤ ᠳᠤ᠂ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠪᠠ ᠬᠤᠷᠢᠶᠠᠨ ᠠᠰᠢᠭᠯᠠᠬᠤ ᠨᠣᠷᠮ᠎ᠠ ᠶᠢ ᠢᠯᠡᠳᠲᠡ ᠳᠡᠭᠡᠭᠰᠢᠯᠡᠭᠦᠯᠵᠦ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠢ ᠡᠳ᠋ᠰᠢᠬᠦᠯᠦᠨ ᠪᠣᠯᠪᠠᠰᠣᠷᠠᠭᠤᠯᠬᠤ ᠠᠵᠤ ᠦᠢᠯᠡᠰ ᠤᠨ ᠬᠡᠯᠬᠢᠶᠡᠰᠣ ᠶᠢ ᠦᠨᠳᠦᠰᠦᠨ ᠳᠡᠭᠡᠨ ᠪᠦᠷᠢᠯᠳᠦᠭᠦᠯᠦᠨ᠎ᠡ᠃                                          ᠳᠥᠷᠪᠡᠳᠦᠭᠡᠷ ᠬᠡᠰᠡᠭ    ᠠᠮᠢ ᠠᠬᠤᠢ ᠶᠢᠨ ᠪᠣᠯᠪᠠᠰᠤᠨ ᠤ ᠵᠠᠰᠠᠯᠲᠠ      ᠪᠣᠬᠢᠷᠲᠤᠯ ᠥᠬᠡᠶ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠤᠱᠯᠠᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠬᠠᠮᠲᠤ ᠪᠠᠷ ᠠᠬᠢᠭᠤᠯᠬᠤ ᠶᠢ ᠴᠢᠷᠮᠠᠶᠢᠨ ᠪᠡᠶᠡᠯᠡᠭᠦᠯᠵᠦ᠂ ᠣᠬᠢ ᠰᠠᠶᠢᠨ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠡᠭᠦᠳᠴᠦ᠂ ᠦᠵᠡᠰᠬᠦᠯᠡᠩᠲᠦ ᠰᠠᠶᠢᠬᠠᠨ ᠵᠡᠭᠦᠨ ᠦᠵᠦᠮᠦᠴᠢᠨ ᠢ ᠪᠥᠲᠥᠭᠡᠨ ᠪᠠᠶᠢᠭᠤᠯᠤᠨ᠎ᠠ᠃      ᠨᠢᠭᠡ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ      ᠠᠮᠢ ᠠᠬᠤᠢ ᠶᠢᠨ ᠪᠣᠯᠪᠠᠰᠤᠨ ᠤ ᠬᠠᠤᠯᠢ ᠴᠠᠭᠠᠵᠠ ᠬᠠᠤᠯᠢ ᠲᠣᠭᠲᠠᠭᠠᠯ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠵᠦ᠂ ᠠᠮᠢ ᠠᠬᠤᠢ ᠶᠢ ᠬᠠᠮᠠᠭᠠᠯᠠᠬᠤ ᠪᠠ ᠠᠷᠪᠢᠯᠠᠨ ᠭᠠᠮᠨᠠᠬᠤ ᠬᠡᠯᠪᠡᠷᠢ ᠶᠢᠨ ᠨᠡᠶᠢᠭᠡᠮ ᠤᠨ ᠤᠬᠠᠭᠤᠯᠭ᠎ᠠ ᠶᠢ ᠴᠢᠩᠭᠠᠳᠬᠠᠵᠤ᠂ ᠳᠤᠮᠳᠠᠳᠤ ᠶᠢᠨ ᠤᠯᠠᠮᠵᠢᠯᠠᠯᠲᠤ ᠠᠮᠢ ᠠᠬᠤᠢ ᠶᠢᠨ ᠰᠣᠶᠣᠯ ᠪᠠ ᠲᠠᠯ᠎ᠠ ᠨᠤᠲᠤᠭ ᠤᠨ ᠠᠮᠢ ᠠᠬᠤᠢ ᠶᠢᠨ ᠰᠣᠶᠣᠯ ᠢ ᠳᠡᠯᠭᠡᠷᠡᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠠᠶᠢᠨ ᠲᠣᠷᠠᠴᠣᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠦ᠂ ᠪᠦᠬᠦ ᠠᠷᠠᠳ ᠤᠨ ᠠᠷᠪᠢᠯᠠᠨ ᠭᠠᠮᠨᠠᠬᠤ ᠤᠬᠠᠮᠰᠠᠷ᠂ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ᠂ ᠠᠮᠢ ᠠᠬᠤᠢ ᠶᠢᠨ ᠤᠬᠠᠮᠰᠠᠷ ᠢ ᠳᠡᠭᠡᠭᠰᠢᠯᠡᠬᠦᠯᠦᠨ᠎ᠡ᠃ ᠠᠮᠢ ᠠᠬᠤᠶ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠢᠯᠡᠴᠢᠯᠡᠨ ᠮᠡᠳᠡᠭᠦᠯᠬᠦ᠂ ᠭᠡᠷᠡᠴᠢᠯᠡᠭᠡ ᠰᠣᠨᠣᠰᠬᠤ᠂ ᠢᠯᠡ ᠨᠡᠶᠢᠲᠡᠯᠡᠬᠦ᠂ ᠲᠤᠰᠬᠠᠶ ᠮᠡᠷᠭᠡᠵᠢᠯᠲᠡᠨ ᠠᠴᠠ ᠠᠰᠠᠭᠤᠨ ᠯᠠᠪᠯᠠᠬᠤ ᠵᠢᠴᠢ ᠦᠨᠳᠦᠰᠦᠨ ᠱᠠᠲᠤᠨ ᠤ ᠠᠷᠠᠳ ᠤᠨ ᠰᠠᠨᠠᠭ᠎ᠠ ᠶᠢ ᠪᠠᠶᠢᠴᠠᠭᠠᠬᠤ ᠵᠡᠷᠭᠡ ᠲᠦᠷᠢᠮ ᠢ ᠪᠦᠷᠢᠨᠰᠢᠬᠦᠯᠵᠦ᠂ ᠵᠠᠰᠠᠭ ᠤᠨ ᠣᠷᠳᠣᠨ ᠤ ᠣᠷᠴᠢᠨ ᠲᠣᠭᠤᠷᠢᠨ ᠤ ᠮᠡᠳᠡᠭᠡ ᠵᠠᠩᠭᠢ ᠶᠢ ᠢᠯᠡ ᠪᠣᠯᠭᠠᠬᠤ ᠬᠡᠪᠴᠢᠶ᠎ᠡ ᠶᠢ ᠥᠷᠭᠡᠳᠬᠡᠨ᠂ ᠣᠯᠠᠨ ᠨᠡᠶᠢᠲᠡ ᠶᠢᠨ ᠣᠷᠴᠢᠨ ᠲᠣᠭᠤᠷᠢᠨ ᠤ ᠡᠷᠬᠡ ᠠᠰᠢᠭ ᠢ ᠪᠠᠲᠤᠯᠠᠨ᠎ᠠ᠃ ᠨᠡᠶᠢᠲᠡᠯᠢᠭ ᠵᠢᠱᠢᠶ᠎ᠡ ᠪᠠᠷ ᠵᠢᠱᠢᠶ᠎ᠡ ᠦᠵᠡᠭᠦᠯᠬᠦ᠂ ᠳᠡᠯᠭᠡᠨ ᠦᠵᠡᠭᠦᠯᠬᠦ᠂ ᠠᠵᠢᠯ ᠤᠨ ᠪᠠᠶᠢᠷᠢ ᠳᠤ ᠡᠭᠦᠳᠦᠨ ᠪᠠᠶᠢᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ ᠶᠠᠩᠵᠤ ᠶᠢᠨ ᠪᠣᠬᠢᠷᠲᠤᠯ ᠥᠬᠡᠶ ᠠᠮᠢ ᠠᠬᠤᠶ ᠶᠢᠨ ᠭᠤᠤᠯ ᠰᠡᠳᠦᠪᠲᠦ ᠣᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠳᠡᠯᠭᠡ ᠶᠢᠨ ᠣᠬᠠᠭᠤᠯᠭ᠎ᠠ ᠬᠥᠮᠦᠵᠢᠯ ᠢ ᠴᠢᠩᠭᠠᠳᠬᠠᠨ᠎ᠠ᠃ ᠠᠮᠢ ᠠᠬᠤᠶ ᠶᠢᠨ ᠪᠣᠯᠪᠠᠰᠤᠨ ᠤ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠳᠣᠭᠳᠠᠭᠠᠵᠣ᠂ ᠠᠮᠢ ᠠᠬᠤᠶ ᠶᠢᠨ ᠪᠣᠯᠪᠠᠰᠤᠨ ᠤ ᠬᠢᠨᠠᠨ ᠰᠢᠯᠭᠠᠯᠲᠠ ᠶᠢᠨ ᠭᠦᠢᠴᠡᠳᠬᠡᠯ ᠲᠤᠭ᠎ᠠ ᠶᠢ ᠵᠠᠰᠠᠭ ᠤᠨ ᠣᠷᠳᠣᠨ ᠤ ᠠᠵᠢᠯ ᠤᠨ ᠪᠦᠲᠦᠮᠵᠢ ᠶᠢ ᠰᠢᠯᠭᠠᠨ ᠦᠨᠡᠯᠡᠬᠦ ᠳᠣᠭᠳᠠᠯᠴᠠᠭ᠎ᠠ ᠳᠤ ᠣᠷᠣᠭᠤᠯᠤᠨ᠎ᠠ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠠᠯᠲᠠᠲᠤ ᠬᠠᠷᠢᠭᠤᠴᠠᠯᠭ᠎ᠠ ᠶᠢᠨ ᠲᠦᠷᠢᠮ ᠪᠠᠶᠢᠭᠤᠯᠬᠤ ᠶᠢ ᠠᠬᠢᠭᠤᠯᠵᠤ᠂ ᠮᠥᠷᠳᠡᠨ ᠬᠠᠮᠢᠶᠠᠷᠣᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠠᠵᠢᠯ ᠤᠨ ᠪᠦᠲᠦᠮᠵᠢ ᠶᠢᠨ ᠦᠨᠡᠯᠡᠯᠳᠡ ᠶᠢ ᠨᠡᠶᠢᠳᠡᠮ ᠪᠦᠷᠭᠦᠭᠦᠯᠵᠦ᠂᠂ ᠬᠢᠨᠠᠨ ᠪᠤᠳᠤᠵᠤ ᠬᠢᠨᠠᠯᠲᠠ ᠲᠠᠯᠪᠢᠬᠤ ᠪᠠ ᠲᠤᠰᠬᠠᠶ ᠴᠠᠭᠳᠠᠨ ᠪᠠᠶᠢᠴᠠᠭᠠᠯᠲᠠ ᠶᠢ ᠥᠷᠨᠢᠭᠦᠯᠦᠨ᠎ᠡ᠃      ᠬᠤᠶᠠᠷ᠂ ᠪᠣᠬᠢᠷᠲᠤᠯ ᠥᠬᠡᠶ ᠬᠥᠭᠵᠢᠯᠲᠡ ᠶᠢᠨ ᠠᠷᠭ᠎ᠠ ᠶᠢ ᠪᠦᠷᠢᠯᠳᠦᠭᠦᠯᠦᠨ᠎ᠡ      ᠦᠢᠯᠡᠳᠪᠦᠷᠢᠯᠡᠯ ᠤᠨ ᠠᠷᠭ᠎ᠠ ᠶᠢ ᠪᠣᠬᠢᠷᠲᠤᠯ ᠥᠬᠡᠶ ᠬᠡᠯᠪᠡᠷᠢ ᠲᠡᠰᠢ ᠬᠤᠪᠢᠷᠠᠭᠤᠯᠬᠤ ᠶᠢ ᠠᠬᠢᠭᠤᠯᠵᠤ᠂ ᠪᠣᠬᠢᠷᠲᠤᠯ ᠥᠬᠡᠶ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠵᠦ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠢ ᠬᠥᠭᠵᠢᠭᠦᠯᠦᠨ᠂ ᠪᠣᠬᠢᠷᠲᠤᠯ ᠥᠬᠡᠶ ᠵᠢᠷᠤᠭ ᠲᠦᠯᠦᠪᠵᠢᠭᠦᠯᠬᠡ ᠪᠠ ᠦᠢᠯᠡᠳᠪᠦᠷᠢᠯᠡᠯ  ᠢ ᠬᠡᠷᠡᠭᠵᠢᠭᠦᠯᠵᠦ᠂ ᠦᠢᠯᠡᠳᠬᠦᠨ ᠢ ᠬᠡᠲᠦᠷᠡᠲᠡᠯ᠎ᠡ ᠪᠣᠭᠤᠳᠠᠯᠯᠠᠬᠤ ᠶᠢ ᠬᠢᠵᠠᠭᠠᠷᠯᠠᠨ᠂ ᠭᠤᠣᠯᠳᠠᠯᠭ᠎ᠠ ᠲᠠᠢ ᠠᠵᠢᠯ ᠲᠥᠷᠥᠯ ᠪᠠ ᠴᠢᠬᠤᠯᠠ ᠬᠦᠷᠢᠶ᠎ᠡ ᠴᠠᠷᠠᠭ᠎ᠠ ᠶᠢᠨ ᠪᠣᠬᠢᠷᠲᠤᠯ ᠥᠬᠡᠶ ᠥᠭᠡᠷᠡᠴᠢᠯᠡᠯᠲᠡ ᠶᠢ ᠠᠬᠢᠭᠤᠯᠵᠤ᠂ ᠠᠮᠢ ᠠᠬᠤᠶᠢᠴᠢᠯᠠᠭᠰᠠᠨ ᠮᠠᠯ ᠠᠵᠤ ᠠᠬᠤᠶ᠂ ᠪᠣᠬᠢᠷᠲᠤᠯ ᠥᠬᠡᠶ ᠠᠵᠤ ᠦᠢᠯᠡᠳᠪᠦᠷᠢ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢᠶᠠᠷ ᠰᠠᠭᠤᠷᠢ ᠪᠣᠯᠭᠠᠭᠰᠠᠨ ᠲᠠᠯ᠎ᠠ ᠨᠣᠳᠤᠭ ᠤᠨ ᠠᠮᠢ ᠠᠬᠤᠶ ᠶᠢᠨ ᠠᠵᠤ ᠦᠢᠯᠡᠰ ᠤᠨ ᠲᠣᠭᠳᠠᠯᠴᠠᠭ᠎ᠠ ᠶᠢ ᠪᠠᠶᠢᠭᠤᠯᠤᠨ᠎ᠠ᠃ ᠡᠷᠡᠭᠦᠯ ᠢᠶᠠᠷ ᠠᠷᠠᠴᠢᠯᠠᠨ ᠲᠡᠵᠢᠭᠡᠬᠦ ᠠᠷᠭ᠎ᠠ ᠮᠠᠶ᠋ᠢᠭ ᠢ ᠪᠠᠷᠢᠮᠲᠠᠯᠠᠵᠤ᠂ ᠪᠣᠬᠢᠷᠲᠤᠯ ᠥᠬᠡᠶ ᠣᠷᠭᠠᠨᠢᠭ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠦᠢᠯᠡᠳᠪᠦᠷᠢᠯᠡᠵᠦ᠂ ᠢᠳᠡᠰᠢᠨ ᠨᠣᠭᠤᠭ᠎ᠠ᠂ ᠢᠳᠡᠰᠢᠨ ᠤ ᠮᠥᠭᠦ ᠪᠠ ᠣᠨᠴᠠᠭᠠᠢ ᠲᠡᠵᠢᠭᠡᠨ ᠦᠷᠡᠵᠢᠭᠦᠯᠬᠦ ︵ᠢᠳᠡᠭᠡᠨ ᠤ ᠪᠤᠰᠤ︶ ᠵᠡᠷᠭᠡ ᠣᠶ ᠰᠢᠭᠤᠢ ᠶᠢᠨ ᠠᠵᠤ ᠠᠬᠤᠶ ᠶᠢ ᠶᠡᠬᠡᠪᠡᠷ ᠬᠥᠭᠵᠢᠭᠦᠯᠦᠨ᠎ᠡ᠃ ᠪᠣᠬᠢᠷᠲᠤᠯ ᠦᠭᠡᠢ ᠠᠮᠢ ᠠᠬᠤᠢ ᠶᠢᠨ ᠦᠢᠯᠡᠴᠢᠯᠡᠭᠡᠨ ᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ᠪᠣᠬᠢᠷᠲᠤᠯ ᠦᠭᠡᠢ ᠬᠡᠷᠡᠭᠯᠡᠭᠡᠨ ᠤ ᠣᠷᠣᠨ ᠵᠠᠢ ᠶᠢ  ᠦᠨᠡᠨᠬᠦ ᠡᠬᠦᠳᠴᠣ᠂ ᠪᠣᠬᠢᠷᠲᠤᠯ ᠦᠭᠡᠢ ᠠᠮᠢᠳᠤᠷᠠᠯ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠠᠷᠪᠢᠴᠢ ᠭᠠᠮᠲᠠᠢ ᠬᠡᠷᠡᠭᠯᠡᠭᠡ ᠂ ᠣᠶᠤᠨᠴᠢ ᠬᠡᠷᠡᠭᠯᠡᠭᠡ ᠶᠢ ᠰᠠᠨᠠᠭᠠᠴᠢᠯᠠᠵᠤ᠂ ᠪᠣᠬᠢᠷᠲᠤᠯ ᠦᠭᠡᠢ ᠬᠡᠷᠡᠭᠯᠡᠭᠡᠨ ᠤ ᠪᠠᠶᠢᠩᠭᠤ ᠶᠢᠨ ᠪᠦᠳᠦᠮᠵᠢᠲᠦ ᠲᠣᠭᠲᠠᠴᠠ ᠶᠢ ᠪᠠᠶᠢᠭᠤᠯᠵᠣ᠂ ᠳᠣᠣᠷ᠎ᠠ  ᠳᠠᠭᠠᠭᠠᠴᠠᠳᠣ ᠨᠡᠶᠢᠭᠡᠮ ᠤᠨ ᠬᠡᠷᠡᠭᠯᠡᠭᠡᠨ ᠤ ᠳᠣᠭᠳᠠᠯᠴᠠᠭ᠎ᠠ ᠶᠢ ᠪᠠᠶᠢᠭᠤᠯᠤᠨ᠎ᠠ᠃      ᠭᠤᠷᠪᠠ᠂ ᠠᠮᠢ ᠠᠬᠤᠶ ᠶᠢᠨ ᠣᠷᠴᠢᠨ ᠲᠣᠭᠤᠷᠢᠨ ᠤ ᠬᠢᠨᠠᠯᠲᠠ ᠶᠢ ᠴᠢᠩᠭᠠᠳᠬᠠᠨ᠎ᠠ      ᠣᠷᠴᠢᠨ ᠲᠣᠭᠤᠷᠢᠨ ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠳᠣᠭᠳᠠᠯᠴᠠᠭ᠎ᠠ ᠪᠠ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠲᠣᠭᠳᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠵᠣ᠂ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠬᠡᠮᠵᠢᠬᠦ ᠪᠠ ᠦᠨᠡᠯᠡᠬᠦ ᠳᠦᠷᠢᠮ ᠢ ᠪᠦᠷᠢᠨᠰᠢᠬᠦᠯᠵᠣ᠂ ᠣᠶᠤᠨᠴᠢ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠵᠦ ᠬᠢᠨᠠᠨ ᠬᠡᠮᠵᠢᠬᠦ ᠳᠣᠭᠳᠠᠯᠴᠠᠭ᠎ᠠ ᠶᠢ ᠪᠠᠶᠢᠭᠤᠯᠵᠤ᠂ ᠣᠢ ᠰᠢᠭᠤᠢ ᠲᠠᠯ᠎ᠠ ᠨᠣᠳᠤᠭ ᠤᠨ ᠠᠮᠢ ᠠᠬᠤᠢ ᠶᠢᠨ ᠲᠣᠮᠣ ᠳ᠋ᠠᠶᠢᠲ᠋ᠠ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ᠂ ᠲᠤᠭ᠎ᠠ ᠪᠠᠷᠢᠮᠲᠠ ᠶᠢ ᠬᠢᠨᠠᠨ ᠬᠡᠮᠵᠢᠵᠣ ᠬᠠᠮᠳᠣᠪᠡᠷ ᠡᠳ᠋ᠯᠡᠬᠦ ᠲᠣᠭᠲᠠᠴᠠ ᠶᠢ ᠪᠠᠶᠢᠭᠤᠯᠤᠨ᠎ᠠ᠃ ᠡᠬᠢ ᠪᠠᠶᠠᠯᠢᠭ ᠣᠷᠴᠢᠨ ᠲᠣᠭᠤᠷᠢᠨ ᠤ ᠬᠢᠨᠠᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠳᠣᠭᠳᠠᠯᠴᠠᠭ᠎ᠠ ᠶᠢ ᠪᠠᠶᠢᠭᠤᠯᠵᠤ᠂ ᠬᠢᠨᠠᠨ ᠪᠠᠶᠢᠴᠠᠭᠠᠵᠣ ᠬᠠᠤᠯᠢ ᠬᠡᠷᠡᠭᠵᠢᠬᠦᠯᠬᠦ ᠰᠢᠭᠤᠳ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠂  ᠲᠣᠣᠷᠴᠢᠯᠠᠭᠰᠠᠨ ᠣᠷᠴᠢᠨ ᠲᠣᠭᠤᠷᠢᠨ ᠤ ᠬᠢᠨᠠᠨ ᠬᠠᠮᠢᠶᠠᠷᠤᠯᠲᠠ ᠶᠢᠨ ᠲᠣᠭᠳᠠᠯᠴᠠᠭᠠᠨ ᠤ ᠪᠠᠶᠢᠭᠤᠯᠤᠯᠲᠠ ᠵᠢᠴᠢ ᠪᠣᠬᠢᠷᠲᠤᠯ ᠤᠨ ᠡᠬᠢ ︽ᠬᠤᠶᠠᠷ ᠢ ᠰᠣᠭᠤᠴᠢᠨ ᠪᠠᠶᠢᠴᠠᠭᠠᠬᠤ︾ ᠬᠢᠨᠠᠨ ᠬᠠᠮᠢᠶᠠᠷᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠡᠨᠧᠷᠭᠢ ᠶᠢᠨ ᠰᠤᠷᠪᠤᠯᠵᠢ ᠶᠢ ᠪᠦᠷᠢᠯᠭᠡᠨ ᠰᠦᠢᠳᠬᠡᠬᠦ᠂ ᠬᠠᠤᠯᠢ ᠠᠴᠠ ᠵᠥᠷᠢᠴᠡᠨ ᠪᠣᠬᠢᠷᠲᠤᠯ ᠪᠣᠳᠠᠰ ᠭᠠᠳᠠᠭᠰᠢᠯᠠᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠤᠬᠢᠷᠠᠭᠤᠯᠬᠤ ᠵᠡᠷᠭᠡ ᠠᠵᠢᠯᠯᠠᠭ᠎ᠠ ᠶᠢ ᠬᠠᠤᠯᠢ ᠬᠡᠷᠡᠭᠵᠢᠭᠦᠯᠵᠦ ᠬᠢᠨᠠᠨ ᠪᠠᠶᠢᠴᠠᠭᠠᠬᠤ ᠪᠠ ᠶᠡᠷᠦᠩᠬᠡᠶᠢᠯᠡᠨ ᠵᠠᠯᠬᠠᠭᠠᠨ ᠰᠢᠢᠳᠬᠡᠯᠳᠡ ᠶᠢᠨ ᠡᠷᠴᠢᠮ ᠢ ᠴᠢᠩᠭᠠᠷᠠᠭᠤᠯᠤᠨ᠎ᠠ᠃ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠬᠦᠯᠵᠦ᠂ ᠣᠷᠴᠢᠨ ᠲᠣᠭᠤᠷᠢᠨ ᠤ ᠪᠣᠬᠢᠷᠲᠤᠯ ᠤᠨ ᠭᠤᠷᠪᠠᠳᠠᠬᠢ ᠡᠲᠡᠭᠡᠳ ᠤᠨ ᠬᠢᠨᠠᠨ ᠰᠢᠨᠵᠢᠵᠦ ᠦᠨᠡᠯᠡᠬᠦ ᠲᠣᠭᠲᠠᠴᠠ ᠶᠢ ᠬᠡᠷᠡᠭᠵᠢᠭᠦᠯᠦᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠲᠦᠷᠢᠮ ᠢ ᠲᠡᠭᠦᠯᠳᠡᠷᠵᠢᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠢ ᠬᠤᠬᠢᠷᠠᠭᠤᠯᠪᠠᠯ ᠲᠦᠯᠦᠪᠦᠷᠢᠯᠡᠬᠦ ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠢᠯᠡᠴᠢᠯᠡᠨ ᠮᠡᠳᠡᠭᠦᠯᠬᠦ ᠳᠦᠷᠢᠮ ᠢ ᠪᠠᠶᠢᠭᠤᠯᠵᠣ᠂  ᠢᠯᠡᠴᠢᠯᠡᠨ ᠮᠡᠳᠡᠬᠦᠯᠪᠡᠯ ᠱᠠᠩᠨᠠᠨ ᠬᠦᠬᠢᠬᠦᠯᠬᠦ  ᠶᠢ ᠵᠣᠷᠢᠭᠵᠢᠭᠤᠯᠤᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号