ᠣᠯᠣᠰ ᠠᠷᠠᠳ ᠤᠨ ᠠᠵᠣ ᠠᠬᠤᠢ ᠪᠠ ᠨᠡᠶᠢᠭᠡᠮ ᠤᠨ ᠭᠦᠭᠵᠢᠯᠲᠡ ᠶᠢᠨ ᠠᠷᠪᠠᠨ ᠲᠦᠷᠪᠡᠳᠦᠭᠡᠷ ᠲᠠᠪᠣᠨ ᠵᠢᠯ ᠤᠨ ᠲᠦᠯᠦᠪᠵᠢᠭᠦᠯᠭᠡ ᠪᠠ 2035 ᠣᠨ ᠤ ᠠᠯᠣᠰ ᠤᠨ ᠬᠠᠷᠠᠯᠲᠠ ᠶᠢᠨ ᠬᠦᠳᠦᠯᠪᠦᠷᠢ ᠶᠢᠨ ᠲᠣᠪᠴᠢ ︵ᠲᠥᠷᠪᠡ︶
ᠨᠡᠶᠢᠲᠡᠯᠡᠭᠰᠡᠨ ᠴᠠᠭ᠄
2021/9/8
ᠳᠥᠷᠪᠡᠳᠦᠭᠡᠷ ᠪᠦᠯᠦᠭ      ᠣᠲᠣ ᠦᠶ᠎ᠡ ᠶᠢᠨ ᠪᠣᠬᠢᠷᠲᠤᠯ ᠥᠬᠡᠶ ᠠᠵᠤ ᠦᠢᠯᠡᠰ ᠤᠨ  ᠲᠣᠭᠳᠠᠯᠴᠠᠭ᠎ᠠ ᠶᠢ ᠪᠠᠶᠢᠭᠤᠯᠣᠨ᠎ᠠ      ᠳᠠᠪᠠᠭᠤᠯᠢᠭ ᠣᠨᠴᠠᠯᠢᠭᠲᠤ ᠲᠣᠯᠣᠭᠠᠶᠢᠴᠠᠭᠴᠢ ᠠᠵᠤ ᠦᠢᠯᠡᠰ ᠪᠠᠷ᠂ ᠠᠵᠤ ᠦᠢᠯᠡᠰ ᠢ ᠪᠣᠬᠢᠷᠲᠤᠯ ᠦᠭᠡᠢ ᠲᠡᠰᠢ ᠬᠤᠪᠢᠷᠠᠭᠤᠯᠵᠣ᠂ ᠰᠢᠨ᠎ᠡ ᠬᠡᠯᠪᠡᠷᠢ ᠶᠢᠨ ᠬᠥᠲᠥᠯᠥᠨ  ᠲᠠᠭᠠᠭᠤᠯᠣᠯᠳᠠ᠂  ᠰᠢᠨ᠎ᠡ ᠮᠡᠷᠭᠡᠵᠢᠯ ᠳᠡᠰᠢ ᠬᠥᠭᠵᠢᠭᠦᠯᠬᠦ ᠶᠢ ᠠᠬᠢᠭᠤᠯᠵᠤ᠂ ᠣᠯᠠᠨ  ᠡᠰᠢᠴᠢᠯᠡᠨ ᠬᠥᠭᠵᠢᠬᠦ᠂ ᠣᠯᠠᠨ ᠲᠠᠯ᠎ᠠ ᠪᠠᠷ ᠲᠤᠯᠭᠠᠭᠤᠷᠢᠯᠠᠬᠤ ᠤᠳᠤ ᠦᠶ᠎ᠡ ᠶᠢᠨ ᠠᠵᠤ ᠦᠢᠯᠡᠰ ᠤᠨ ᠰᠢᠨ᠎ᠡ ᠳᠣᠭᠳᠠᠯᠴᠠᠭ᠎ᠠ ᠶᠢ ᠪᠠᠶᠢᠭᠤᠯᠵᠤ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠡᠮᠬᠢ ᠵᠢᠷᠤᠮ ᠲᠠᠢ ᠪᠠᠷ ᠣᠯᠠᠷᠢᠭᠤᠯᠬᠤ ᠶᠢ ᠪᠡᠶᠡᠯᠡᠭᠦᠯᠦᠨ᠎ᠡ᠃ ︽ᠨᠢᠭᠡᠳᠦᠭᠡᠷ ᠠᠵᠤ ᠦᠢᠯᠡᠰ ᠢ ᠨᠠᠷᠢᠯᠢᠭᠵᠢᠭᠤᠯᠵᠤ᠂ ᠬᠤᠶᠠᠳᠤᠭᠠᠷ ᠠᠵᠤ ᠦᠢᠯᠡᠰ ᠢ ᠬᠦᠴᠦᠷᠬᠡᠭᠵᠢᠭᠦᠯᠦᠨ᠂  ᠭᠤᠷᠪᠠᠳᠤᠭᠠᠷ ᠠᠵᠤ ᠦᠢᠯᠡᠰ ᠢ ᠰᠢᠨᠡᠳᠬᠡᠬᠦ︾ ᠰᠡᠳᠬᠢᠴᠡ ᠶᠣᠰᠣᠭᠠᠷ᠂ ᠣᠨᠴᠠᠯᠢᠭᠲᠤ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ᠂ ᠣᠳᠣᠬᠢᠴᠢᠯᠠᠭᠰᠠᠨ ᠡᠨᠧᠷᠭᠢ᠂ ᠰᠣᠶᠣᠯ ᠵᠢᠭᠤᠯᠴᠢᠯᠠᠯ᠂ ᠪᠣᠭᠤᠮᠲᠠ ᠶᠢᠨ ᠠᠵᠤ ᠠᠬᠤᠢ ᠵᠡᠷᠭᠡ ᠳᠥᠷᠪᠡᠨ ᠶᠡᠭᠡ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ᠪᠣᠬᠢᠷᠲᠤᠯ ᠦᠭᠡᠢ ᠬᠥᠭᠵᠢᠯᠲᠡ ᠶᠢ ᠪᠡᠶᠡᠯᠡᠭᠦᠯᠦᠨ᠎ᠡ᠃      ᠨᠢᠭᠡᠳᠦᠭᠡᠷ ᠬᠡᠰᠡᠭ     ᠠᠮᠢ ᠠᠬᠤᠶᠢᠴᠢᠯᠠᠭᠰᠠᠨ ᠮᠠᠯ ᠠᠵᠤ ᠠᠬᠤᠢ      ᠮᠠᠯᠴᠢᠳ ᠤᠨ ᠣᠷᠣᠯᠭ᠎ᠠ ᠶᠢᠨ ᠨᠡᠮᠡᠭᠳᠡᠯ ᠢ ᠪᠠᠲᠤᠯᠠᠬᠤ ᠪᠠᠷ ᠬᠠᠷᠠᠯᠲᠠ ᠪᠣᠯᠭᠠᠨ᠂ ᠡᠪᠡᠰᠦ ᠪᠡᠯᠴᠢᠭᠡᠷ ᠢᠶᠠᠷ ᠢᠷᠡᠯᠲᠡ ᠪᠣᠯᠭᠠᠨ ᠮᠠᠯ ᠠᠵᠤ ᠠᠬᠤᠶ ᠶᠢᠨ ᠣᠷᠴᠢᠯ ᠠᠵᠤ ᠠᠬᠤᠶ ᠶᠢ ᠬᠥᠭᠵᠢᠭᠦᠯᠦᠨ᠎ᠡ᠃ ᠮᠢᠬᠠᠨ ᠬᠤᠨᠢ᠂ ᠮᠢᠬᠠᠨ ᠦᠬᠡᠷ᠂ ᠲᠡᠵᠢᠭᠡᠯ ᠡᠪᠡᠰᠦ ᠭᠤᠷᠪᠠᠨ ᠶᠡᠭᠡ ᠳᠠᠪᠠᠭᠤᠯᠢᠭ ᠠᠵᠤ ᠦᠢᠯᠡᠰ ᠪᠠ ᠠᠳᠤᠭᠤᠨ ᠤ ᠠᠵᠤ ᠦᠢᠯᠡᠰ᠂ ᠤᠯᠠᠮᠵᠢᠯᠠᠯᠲᠤ ᠴᠠᠭᠠᠨ ᠢᠳᠡᠭᠡ ᠬᠤᠶᠠᠷ ᠶᠡᠭᠡ ᠣᠨᠴᠠᠯᠢᠭᠲᠤ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ︽3 + 2︾ ᠠᠮᠢ ᠠᠬᠤᠢ ᠶᠢᠨ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠥᠭᠵᠢᠯᠲᠡ ᠶᠢᠨ  ᠲᠣᠭᠳᠠᠯᠴᠠᠭ᠎ᠠ ᠶᠢ ᠪᠠᠶᠢᠭᠤᠯᠤᠨ᠎ᠠ᠃ ᠮᠠᠯ ᠠᠵᠤ ᠠᠬᠤᠶ ᠶᠢᠨ ᠶᠠᠰᠤ ᠴᠢᠨᠠᠷ ᠦᠷ᠎ᠡ ᠠᠰᠢᠭ ᠪᠠ ᠥᠷᠢᠰᠥᠯᠳᠦᠬᠦ ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠵᠤ᠂ ᠭᠠᠷᠭᠠᠯᠲᠠ ᠨᠢ ᠥᠨᠳᠥᠷ᠂ ᠦᠢᠯᠡᠳᠬᠦᠨ ᠨᠢ ᠠᠮᠤᠷ ᠲᠦᠪᠰᠢᠨ᠂ ᠡᠬᠢ ᠪᠠᠶᠠᠯᠢᠭ ᠢ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ᠂ ᠲᠣᠬᠢᠷᠠᠭᠤᠯᠭ᠎ᠠ ᠡᠵᠡᠮᠰᠢᠯ ᠨᠢ ᠪᠦᠲᠦᠮᠵᠢᠲᠡᠶ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠦᠷᠢᠯᠳᠦᠭᠦᠯᠦᠨ᠎ᠡ᠃ 2025 ᠣᠨ ᠪᠣᠯᠬᠤ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ ᠢ 19 ᠳ᠋ᠦᠩᠰᠢᠭᠤᠷ ᠲᠥᠭᠦᠷᠢᠭ ᠳᠠᠪᠠᠭᠤᠯᠣᠨ᠎ᠠ᠃      ᠨᠢᠭᠡ᠂ ᠲᠡᠵᠢᠭᠡᠯ ᠡᠪᠡᠰᠦᠨ ᠤ ᠠᠵᠤ ᠦᠢᠯᠡᠰ ᠢ ᠰᠢᠨᠵᠢᠯᠡᠬᠦ ᠤᠬᠠᠭᠠᠨᠴᠢ ᠪᠠᠷ ᠬᠦᠭᠵᠢᠬᠦᠯᠦᠨ᠎ᠡ      ᠲᠠᠯ᠎ᠠ ᠨᠣᠳᠤᠭ ᠤᠨ ᠠᠮᠢ ᠠᠬᠤᠶ ᠶᠢᠨ ᠬᠠᠮᠠᠭᠠᠯᠠᠯᠲᠠ ᠶᠢ ᠤᠷᠢᠳᠠᠪᠠᠷ ᠪᠣᠳᠣᠯᠬᠢᠯᠠᠵᠣ᠂  ᠪᠠᠶᠢᠭᠠᠯᠢᠯᠢᠭ ᠲᠡᠵᠢᠭᠡᠯ ᠡᠪᠡᠰᠦᠨ ᠤ ᠭᠠᠷᠤᠯᠲᠠ ᠶᠢᠨ ᠣᠷᠣᠨ ᠤ ᠳᠠᠪᠠᠭᠤᠯᠢᠭ ᠢ ᠭᠦᠢᠴᠡᠳ ᠪᠠᠳᠠᠷᠠᠭᠤᠯᠣᠨ᠂ ᠲᠠᠯ᠎ᠠ ᠨᠣᠳᠤᠭ ᠤᠨ ᠱᠠᠩᠨᠠᠯ ᠨᠦᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠪᠠᠶᠢᠩᠭᠤ ᠶᠢᠨ ᠪᠦᠳᠦᠮᠵᠢᠲᠦ ᠲᠣᠭᠲᠠᠴᠠ ᠶᠢ ᠪᠠᠶᠢᠭᠤᠯᠵᠣ᠂ ᠬᠠᠳᠤᠯᠠᠩ ᠪᠡᠯᠴᠢᠭᠡᠷ ᠤᠨ ᠳᠠᠭᠠᠭᠠᠴᠢᠯᠠᠨ ᠡᠵᠡᠩᠨᠡᠵᠦ ᠰᠢᠯᠵᠢᠬᠦᠯᠬᠦ ᠶᠢ ᠵᠢᠷᠣᠮᠵᠢᠭᠤᠯᠵᠣ᠂ ︽ᠵᠠᠰᠠᠭ ᠤᠨ ᠣᠷᠳᠣᠨ ᠠᠴᠠ ᠭᠤᠣᠯᠯᠠᠨ ᠤᠳᠤᠷᠢᠳᠬᠤ + ᠠᠵᠤ ᠠᠬᠤᠶᠢᠯᠠᠯᠴᠢᠯᠠᠭᠰᠠᠨ ᠬᠠᠮᠢᠶᠠᠷᠤᠯᠲᠠ + ᠵᠠᠬ᠎ᠠ ᠳᠡᠯᠭᠡᠬᠦᠷᠴᠢᠯᠡᠨ ᠡᠵᠡᠩᠨᠡᠬᠦ︾ ᠪᠠ ︽ᠮᠠᠯᠵᠢᠬᠤ ᠡᠷᠦᠬᠡ ᠬᠤᠪᠢ ᠣᠷᠣᠬᠤ + ᠭᠠᠴᠠᠭᠠᠨ ᠠᠴᠠ ᠡᠵᠡᠩᠨᠡᠬᠦ + ᠬᠠᠮᠳᠣᠪᠡᠷ ᠠᠰᠢᠭ ᠬᠤᠪᠢᠶᠠᠷᠢᠯᠠᠬᠤ︾ ᠬᠡᠯᠪᠡᠷᠢ ᠶᠢ ᠪᠠᠶᠢᠭᠤᠯᠣᠨ᠂ ᠲᠡᠵᠢᠭᠡᠯ ᠡᠪᠡᠰᠦ  ᠡᠳ᠋ᠰᠢᠬᠦᠯᠦᠨ ᠪᠣᠯᠪᠠᠰᠣᠷᠠᠭᠤᠯᠬᠤ ᠲᠣᠯᠣᠭᠠᠶᠢᠯᠠᠭᠴᠢ ᠠᠵᠤ ᠠᠬᠤᠶᠢᠯᠠᠯ ᠢ ᠳᠠᠳᠠᠨ ᠣᠷᠣᠭᠤᠯᠵᠣ᠂ ᠲᠡᠵᠢᠭᠡᠯ ᠡᠪᠡᠰᠦ ᠶᠢ ᠲᠣᠬᠠᠢ ᠶᠢᠨ ᠭᠠᠵᠠᠷ ᠲᠤᠨᠢ ᠪᠣᠯᠪᠠᠰᠤᠷᠠᠭᠤᠯᠬᠤ ᠶᠢ ᠵᠣᠷᠢᠭᠵᠢᠭᠤᠯᠤᠨ  ᠳᠡᠮᠵᠢᠵᠣ᠂ ᠦᠢᠯᠡᠳᠪᠦᠷᠢᠯᠡᠬᠦ ᠬᠠᠩᠭᠠᠬᠤ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠨᠦᠭᠡᠴᠡᠯᠡᠨ ᠬᠦᠮᠦᠷᠭᠡᠯᠡᠬᠦ᠂ ᠡᠳ᠋ᠰᠢᠬᠦᠯᠦᠨ ᠪᠣᠯᠪᠠᠰᠤᠷᠠᠭᠤᠯᠬᠤ᠂ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠶᠢ ᠢᠳᠡᠪᠬᠢᠲᠠᠢ ᠪᠣᠶᠢᠵᠢᠭᠤᠯᠵᠣ᠂ ᠵᠡᠭᠦᠨ ᠦᠵᠦᠮᠦᠴᠢᠨ ᠬᠤᠰᠢᠭᠤᠨ ᠤ ᠡᠪᠡᠰᠦ ᠪᠣᠷᠳᠤᠭ᠎ᠠ ᠪᠣᠯᠪᠠᠰᠤᠷᠠᠭᠤᠯᠬᠤ ᠰᠠᠭᠤᠷᠢᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠳᠡᠮᠵᠢᠵᠣ᠂ ᠡᠪᠡᠰᠦ ᠪᠣᠷᠳᠣᠭᠠᠨ ᠤ ᠦᠢᠯᠡᠰ ᠤᠨ ᠬᠡᠪᠴᠢᠶᠡᠵᠢᠭᠰᠡᠨ᠂ ᠠᠵᠣ ᠦᠢᠯᠡᠰᠵᠢᠭᠰᠡᠨ᠂ ᠵᠠᠬ᠎ᠠ ᠳᠡᠯᠭᠡᠭᠦᠷᠴᠢᠯᠡᠭᠰᠡᠨ ᠬᠥᠭᠵᠢᠯᠲᠡ ᠶᠢ ᠠᠬᠢᠭᠤᠯᠣᠨ᠎ᠠ᠃ ᠡᠪᠡᠰᠦ ᠪᠣᠷᠳᠤᠭ᠎ᠠ ᠶᠢᠨ ᠠᠵᠤ ᠦᠢᠯᠡᠰ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠬᠤᠰᠢᠭᠤ᠂ ᠰᠤᠮᠤ ᠪᠠᠯᠭᠠᠰᠤᠨ ᠤ ᠲᠠᠯ᠎ᠠ ᠨᠣᠳᠤᠭ ᠤᠨ ᠬᠠᠤᠯᠢ ᠬᠡᠷᠡᠭᠵᠢᠭᠦᠯᠦᠯᠲᠡ ᠶᠢᠨ ᠬᠢᠨᠠᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠵᠡᠭᠦᠨ ᠬᠠᠲᠠᠪᠴᠢ ᠶᠢᠨ ᠪᠠᠶᠢᠭᠠᠯᠢᠯᠢᠭ ᠡᠪᠡᠰᠦ ᠪᠣᠷᠳᠤᠭ᠎ᠠ ᠶᠢ ᠪᠠᠶᠢᠴᠠᠭᠠᠨ ᠬᠡᠮᠵᠢᠬᠦ ᠣᠷᠣᠨ ᠪᠦᠰᠡ ᠶᠢᠨ ᠴᠢᠨᠠᠷᠲᠠᠢ ᠲᠦᠪ ᠲᠤᠷᠰᠢᠯᠲᠠ ᠶᠢᠨ ᠲᠠᠰᠤᠭ ᠢ ᠪᠠᠶᠢᠭᠤᠯᠵᠤ᠂ ᠲᠠᠯ᠎ᠠ ᠨᠣᠳᠤᠭ ᠤᠨ ᠡᠷᠭᠡ ᠶᠢᠨ ᠰᠢᠯᠵᠢᠯᠲᠡ ᠳᠤ ᠦᠢᠯᠡᠴᠢᠯᠡᠬᠦ ᠳᠠᠪᠴᠠᠩ ᠢ ᠪᠠᠶᠢᠭᠤᠯᠵᠣ᠂ ᠠᠵᠢᠯ ᠲᠥᠷᠥᠯ ᠤᠨ ᠪᠠᠷᠢᠮᠵᠢᠶ᠎ᠠ ᠶᠢ ᠲᠣᠭᠲᠠᠭᠠᠨ᠂ ᠠᠵᠢᠯᠯᠠᠭ᠎ᠠ ᠶᠢ ᠳᠦᠷᠢᠮᠵᠢᠭᠦᠯᠵᠦ᠂ ᠬᠤᠭᠤᠴᠠᠭ᠎ᠠ ᠬᠤᠪᠢᠶᠠᠨ ᠪᠢᠲᠡᠭᠦᠮᠵᠢᠯᠡᠨ ᠪᠤᠶᠢᠵᠢᠭᠤᠯᠬᠤ᠂  ᠰᠡᠯᠬᠦᠨ ᠬᠠᠳᠤᠵᠤ ᠠᠰᠢᠭᠯᠠᠬᠤ᠂ ᠮᠠᠰᠢᠨᠴᠢᠯᠠᠭᠰᠠᠨ ᠦᠢᠯᠡᠳᠪᠦᠷᠢᠯᠡᠯ ᠢ ᠬᠡᠷᠡᠭᠵᠢᠭᠦᠯᠵᠦ᠂ ᠡᠪᠡᠰᠦ ᠪᠣᠷᠳᠣᠭᠠᠨ ᠤ ᠠᠵᠤ ᠦᠢᠯᠡᠰ ᠤᠨ ᠨᠡᠷ᠎ᠡ ᠲᠡᠮᠳᠡᠭᠵᠢᠭᠰᠡᠨ ᠬᠥᠭᠵᠢᠯᠲᠡ ᠶᠢ ᠠᠬᠢᠭᠤᠯᠤᠨ᠎ᠠ᠃ ᠡᠪᠡᠰᠦ ᠪᠣᠷᠳᠤᠭ᠎ᠠ ᠨᠥᠭᠡᠴᠡᠯᠡᠬᠦ ᠲᠦᠷᠢᠮ ᠢ ᠪᠠᠶᠢᠭᠤᠯᠵᠣ᠂ ︽ᠵᠠᠰᠠᠭ ᠤᠨ ᠣᠷᠳᠣᠨ + ᠠᠵᠤ ᠠᠬᠤᠶᠢᠯᠠᠯ︾ ᠤᠨ ᠡᠪᠡᠰᠦ ᠪᠣᠷᠳᠤᠭ᠎ᠠ ᠶᠢᠨ ᠪᠠᠴᠢᠮ ᠪᠠᠶᠢᠳᠠᠯ ᠢ ᠠᠷᠭᠠᠴᠠᠵᠤ ᠭᠠᠮᠰᠢᠭ ᠠᠴᠠ ᠰᠡᠷᠭᠡᠶᠢᠯᠡᠬᠦ ᠪᠠᠲᠤᠯᠠᠭ᠎ᠠ ᠶᠢᠨ ᠵᠠᠭᠪᠤᠷ ᠢ ᠴᠢᠩᠭᠠᠳᠬᠠᠨ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠡᠪᠡᠰᠦ ᠪᠣᠷᠳᠤᠭ᠎ᠠ ᠨᠥᠭᠡᠴᠡᠯᠡᠬᠦ ᠳᠣᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ 2025 ᠣᠨ ᠪᠣᠯᠬᠤ ᠳᠤ᠂ ᠶᠡᠷᠦᠩᠬᠡᠶᠢᠯᠡᠭᠰᠡᠨ ᠬᠡᠯᠪᠡᠷᠢ ᠶᠢᠨ ᠡᠪᠡᠰᠦᠨ ᠤ ᠦᠢᠯᠡᠰ ᠤᠨ ᠵᠠᠬ᠎ᠠ ᠳᠡᠯᠭᠡᠭᠦᠷ ᠢ 1 ᠪᠠᠶᠢᠭᠤᠯᠵᠤ᠂ ᠥᠨᠳᠥᠷ ᠤᠨᠠᠯᠲᠠ ᠲᠠᠢ ᠲᠡᠵᠢᠭᠡᠯ ᠪᠣᠷᠳᠤᠭ᠎ᠠ ᠳᠠᠷᠢᠬᠤ ᠲᠠᠯᠠᠪᠠᠶ 5.3 ᠲᠦᠮᠡᠨ ᠮᠥ ᠳᠤ ᠬᠦᠷᠭᠡᠨ᠎ᠡ᠃      ᠬᠤᠶᠠᠷ᠂  ᠰᠢᠯᠢᠳᠡᠭ ᠡᠭᠦᠯᠳᠡᠷ ᠤᠨ ᠮᠠᠯ ᠢ  ᠦᠷᠡᠵᠢᠭᠦᠯᠦᠨ ᠪᠣᠶᠢᠵᠢᠭᠤᠯᠣᠨ᠎ᠠ      ᠮᠠᠯ ᠰᠦᠷᠦᠭ ᠤᠨ ᠪᠦᠲᠦᠴᠡ ᠶᠢ ᠰᠢᠯᠢᠳᠡᠭᠵᠢᠭᠦᠯᠦᠨ᠎ᠡ᠃ ︽ᠬᠤᠨᠢ ᠶᠢ ᠴᠥᠭᠡᠳᠬᠡᠨ᠂ ᠦᠬᠡᠷ ᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠲᠠᠯ᠎ᠠ ᠨᠣᠳᠤᠭ ᠤᠨ ᠣᠨᠴᠠᠯᠢᠭ ᠲᠠᠢ ᠤᠶᠠᠯᠳᠤᠭᠤᠯᠤᠨ᠂ ᠦᠢᠯᠡᠳᠪᠦᠷᠢᠯᠡᠯ ᠤᠨ ᠬᠦᠴᠦᠨ ᠤ ᠡᠯᠧᠮᠧᠨ᠋ᠲ ᠢ ᠨᠢᠭᠡᠳᠬᠡᠵᠦ᠂ ᠮᠠᠯ ᠠᠵᠤ ᠠᠬᠤᠢ ᠶᠢᠨ ᠠᠵᠤ ᠦᠢᠯᠡᠰ ᠤᠨ ᠪᠠᠶᠢᠷᠢᠯᠠᠭᠤᠯᠤᠯᠲᠠ ᠶᠢ ᠵᠣᠬᠢᠰᠲᠠᠢ ᠲᠥᠯᠥᠪᠵᠢᠭᠦᠯᠦᠨ᠂ ᠲᠡᠵᠢᠭᠡᠨ ᠦᠷᠡᠵᠢᠭᠦᠯᠬᠦ ᠪᠦᠲᠦᠴᠡ ᠶᠢ ᠰᠢᠯᠢᠳᠡᠭᠵᠢᠭᠦᠯᠦᠨ᠎ᠡ᠃ 2025 ᠣᠨ ᠪᠣᠯᠬᠤ ᠳᠤ᠂ ᠮᠠᠯᠵᠢᠯ ᠤᠨ ᠣᠨ ᠤ ᠮᠠᠯ ᠤᠨ ᠶᠡᠷᠦᠩᠬᠡᠶ ᠬᠡᠮᠵᠢᠶ᠎ᠡ ᠶᠢ 150 ᠲᠦᠮᠡ ᠳᠤ ᠬᠢᠵᠠᠭᠠᠷᠯᠠᠵᠤ᠂ ᠡᠭᠦᠨ ᠳᠤ ᠪᠣᠭ ᠮᠠᠯ 142 ᠲᠦᠮᠡ ᠣᠷᠴᠢᠮ᠂ ᠪᠣᠳᠠ ᠮᠠᠯ 8 ᠲᠦᠮᠡ ᠣᠷᠴᠢᠮ᠃      ᠮᠢᠬᠠᠨ ᠬᠤᠨᠢ ᠶᠢ ᠴᠢᠨᠠᠷᠵᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ᠤᠯᠤᠰ ᠤᠨ ᠲᠡᠰ ᠤᠨ ᠮᠢᠬᠠᠨ ᠬᠤᠨᠢᠨ ᠤ ᠡᠭᠦᠯᠳᠡᠷ ᠪᠤᠶᠢᠵᠢᠭᠤᠯᠬᠤ ᠭᠤᠣᠯᠳᠠᠯᠭᠠᠳᠣ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ︽ ᠦᠷ᠎ᠡ ᠶᠢᠨ ᠮᠠᠯ ᠤᠨ ᠲᠠᠯᠠᠪᠠᠢ — ᠥᠷᠭᠡᠳᠬᠡᠨ ᠦᠷᠡᠵᠢᠭᠦᠯᠬᠦ ᠲᠠᠯᠠᠪᠠᠢ — ᠭᠤᠣᠯᠳᠠᠯᠭᠠᠲᠤ ᠰᠦᠷᠦᠭ — ᠪᠠᠷᠢᠮᠵᠢᠶᠠᠵᠢᠭᠰᠠᠨ ᠰᠦᠷᠦᠭ︾ ᠤᠨ ᠰᠠᠶᠢᠨ ᠡᠭᠦᠯᠳᠡᠷ ᠤᠨ ᠮᠢᠬᠠᠨ ᠬᠤᠨᠢᠨ ᠤ ᠳᠦᠷᠪᠡᠨ ᠳᠡᠰ ᠤᠨ ᠲᠡᠵᠢᠭᠡᠨ ᠦᠷᠡᠵᠢᠭᠦᠯᠬᠦ ᠳᠣᠭᠳᠠᠯᠴᠠᠭ᠎ᠠ ᠶᠢ ᠪᠠᠶᠢᠭᠤᠯᠵᠤ᠂ 2025 ᠣᠨ ᠪᠣᠯᠬᠤ ᠳᠤ᠂ ᠪᠥᠬᠦ ᠬᠤᠰᠢᠭᠤᠨ ᠳᠤ ᠦᠷ᠎ᠡ ᠶᠢᠨ ᠮᠠᠯ ᠤᠨ ᠲᠠᠯᠠᠪᠠᠢ 3 ᠶᠢ ᠪᠠᠶᠢᠭᠤᠯᠵᠤ᠂ ᠲᠡᠵᠢᠭᠡᠨ ᠦᠷᠡᠵᠢᠭᠦᠯᠬᠦ ᠲᠠᠯᠠᠪᠠᠢ 30 ᠶᠢ ᠪᠠᠶᠢᠭᠤᠯᠣᠨ᠂ 300 ᠭᠤᠣᠯᠳᠠᠯᠭᠠᠳᠣ ᠰᠦᠷᠦᠭ᠂ 2800 ᠦᠵᠦᠮᠦᠴᠢᠨ ᠬᠤᠨᠢᠨ ᠤ ᠪᠠᠷᠢᠮᠵᠢᠶᠠᠵᠢᠭᠰᠠᠨ ᠰᠦᠷᠦᠭ᠂ 112 ᠲᠦᠮᠡᠨ ᠲᠣᠯᠣᠭᠠᠢ ᠳᠤ ᠬᠦᠷᠭᠡᠵᠦ᠂ ᠲᠠᠸᠠᠷ ᠤᠨ ᠬᠤᠨᠢ ᠶᠢ 135 ᠲᠦᠮᠡᠨ ᠲᠣᠯᠣᠭᠠᠢ ᠠᠴᠠ ᠳᠠᠪᠠᠭᠤᠯᠵᠣ᠂ ᠪᠣᠭ ᠮᠠᠯ ᠤᠨ ᠡᠭᠦᠯᠳᠡᠷ ᠰᠠᠶᠢᠵᠢᠷᠠᠭᠤᠯᠤᠭᠰᠠᠨ ᠬᠠᠷᠢᠴᠠᠯ ᠢ 100% ᠳᠤ ᠬᠦᠷᠭᠡᠨ᠎ᠡ᠃ ᠨᠠᠰᠤᠨ ᠳᠤ ᠬᠦᠷᠦᠭᠰᠡᠨ  ᠦᠷ᠎ᠡ  ᠶᠢᠨ ᠮᠠᠯ ᠢ ᠰᠢᠨᠡᠳᠬᠡᠬᠦ ᠬᠠᠷᠢᠴᠠᠯ ᠢ 25% ᠠᠴᠠ ᠳᠠᠪᠠᠭᠤᠯᠵᠣ᠂ ᠰᠠᠭᠤᠷᠢ ᠡᠬᠡ ᠮᠠᠯ ᠤᠨ ᠬᠠᠷᠢᠴᠠᠯ ᠢ 85% ᠳᠤ ᠬᠦᠷᠭᠡᠨ᠎ᠡ᠃ ᠦᠵᠦᠮᠦᠴᠢᠨ ᠴᠠᠭᠠᠨ ᠢᠮᠠᠭᠠᠨ ᠤ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠬᠤ ᠪᠠ ᠨᠡᠭᠡᠭᠡᠨ ᠬᠥᠭᠵᠢᠭᠦᠯᠬᠦ ᠶᠢ ᠴᠢᠩᠭᠠᠳᠬᠠᠵᠤ᠂ ᠴᠠᠭᠠᠨ ᠢᠮᠠᠭᠠᠨ ᠤ  ᠡᠬᠦᠯᠳᠡᠷ ᠬᠠᠮᠠᠭᠠᠯᠠᠬᠤ ᠲᠠᠯᠠᠪᠠᠢ1 ᠰᠠᠭᠤᠷᠢ ᠪᠠᠶᠢᠭᠤᠯᠤᠨ᠎ᠠ᠃      ᠮᠢᠬᠠᠨ ᠦᠬᠡᠷ ᠤᠨ ᠡᠬᠦᠯᠳᠡᠷ ᠤᠨ ᠢᠨᠵᠧᠨᠧᠷᠢᠩ ᠢ ᠬᠡᠷᠡᠭᠵᠢᠭᠦᠯᠦᠨ᠎ᠡ᠃ ︽ᠦᠷ᠎ᠡ ᠶᠢᠨ ᠮᠠᠯ ᠤᠨ ᠲᠠᠯᠠᠪᠠᠢ — ᠭᠤᠣᠯᠯᠠᠬᠤ ᠰᠦᠷᠦᠭ — ᠠᠷᠠᠴᠢᠯᠠᠨ ᠳᠡᠵᠢᠭᠡᠬᠦ ᠵᠢᠱᠢᠶ᠎ᠡ ᠦᠵᠡᠭᠦᠯᠬᠦ ᠡᠷᠦᠬᠡ︾ ᠶᠢᠨ ᠰᠠᠶᠢᠨ ᠡᠭᠦᠯᠳᠡᠷ ᠤᠨ ᠮᠢᠬᠠᠨ ᠦᠬᠡᠷ ᠤᠨ ᠭᠤᠷᠪᠠᠳᠤᠭᠠᠷ ᠳᠡᠰ ᠤᠨ  ᠳᠡᠵᠢᠭᠡᠨ ᠦᠷᠡᠵᠢᠬᠦᠯᠬᠦ ᠳᠣᠭᠳᠠᠯᠴᠠᠭ᠎ᠠ ᠶᠢ ᠪᠠᠶᠢᠭᠤᠯᠵᠤ᠂ ᠤᠯᠤᠰ  ᠤᠨ ᠳᠡᠰ᠂ ᠥᠪᠡᠷᠲᠡᠭᠡᠨ ᠵᠠᠰᠠᠬᠤ ᠣᠷᠣᠨ ᠤ ᠲᠡᠰ ᠤᠨ ᠮᠢᠬᠠᠨ ᠦᠬᠡᠷ ᠤᠨ ᠭᠤᠣᠯ ᠰᠠᠭᠤᠷᠢᠨ ᠭᠠᠵᠠᠷ ᠪᠠ ᠦᠷ᠎ᠡ  ᠶᠢᠨ ᠮᠠᠯ ᠤᠨ ᠲᠠᠯᠠᠪᠠᠢ ᠶᠢ ᠭᠤᠣᠯᠳᠠᠯᠭ᠎ᠠ ᠲᠠᠢ ᠪᠠᠶᠢᠭᠤᠯᠵᠣ᠂ ᠡᠭᠦᠯᠳᠡᠷ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ ᠃ 2025 ᠣᠨ ᠪᠣᠯᠬᠤ ᠳᠤ᠂ ᠦᠬᠡᠷ ᠤᠨ ᠡᠭᠦᠯᠳᠡᠷ ᠰᠠᠶᠢᠵᠢᠷᠠᠭᠤᠯᠣᠭᠰᠠᠨ ᠬᠠᠷᠢᠴᠠᠯ ᠢ 95% ᠳᠤ ᠬᠦᠷᠭᠡᠨ᠎ᠡ᠃ ᠠᠵᠤ ᠠᠬᠤᠶᠢᠯᠠᠯ ︵ᠪᠣᠷᠳᠣᠨ ᠲᠠᠷᠭᠤᠯᠠᠭᠤᠯᠬᠤ ᠲᠠᠯᠠᠪᠠᠶ︶ ᠤᠨ ᠮᠢᠩᠭᠠᠨ ᠲᠣᠯᠣᠭᠠᠶ ᠠᠴᠠ ᠳᠡᠭᠡᠭᠰᠢ ᠬᠡᠪᠴᠢᠶ᠎ᠡ ᠲᠠᠢ ᠲᠣᠮᠣ ᠬᠡᠯᠪᠡᠷᠢ ᠶᠢᠨ ᠪᠣᠷᠳᠣᠨ ᠲᠠᠷᠭᠤᠯᠠᠭᠤᠯᠬᠤ ᠰᠠᠭᠤᠷᠢᠨ ᠭᠠᠵᠠᠷ ᠪᠠᠶᠢᠭᠤᠯᠬᠤ ᠶᠢ ᠶᠡᠬᠡᠪᠡᠷ ᠳᠡᠮᠵᠢᠨ᠎ᠡ᠃ ︽ᠠᠵᠤ ᠠᠬᠤᠶᠢᠯᠠᠯ + ᠬᠤᠷᠰᠢᠶᠠᠵᠢᠯ + ᠮᠠᠯᠵᠢᠬᠤ ᠡᠷᠦᠬᠡ︾ ᠶᠢᠨ ᠰᠢᠯᠢᠳᠡᠭ ᠡᠭᠦᠯᠳᠡᠷ ᠤᠨ ᠦᠢᠯᠡᠴᠢᠯᠡᠭᠡᠨ ᠤ ᠲᠠᠪᠴᠠᠩ ᠢ ᠳᠠᠳᠠᠨ ᠣᠷᠣᠭᠤᠯᠵᠤ᠂ ᠳᠤᠮᠳᠠ᠂ ᠪᠠᠭ᠎ᠠ ᠭᠡᠯᠪᠡᠷᠢ ᠶᠢᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠶᠢ ᠥᠭᠡᠷᠡᠴᠢᠯᠡᠨ ᠲᠡᠰ ᠳᠡᠪᠰᠢᠭᠦᠯᠬᠦ ᠶᠢ ᠳᠠᠮᠵᠢᠵᠤ᠂ ᠰᠢᠯᠢᠳᠡᠭ ᠡᠭᠦᠯᠳᠡᠷ ᠤᠨ ᠪᠦᠬᠦ ᠠᠵᠤ ᠦᠢᠯᠡᠰ ᠤᠨ ᠬᠡᠯᠬᠢᠶᠡᠵᠢᠯ ᠤᠨ ᠪᠣᠬᠢᠷᠲᠤᠯ ᠦᠭᠡᠢ᠂ ᠠᠵᠤ ᠦᠢᠯᠡᠰᠵᠢᠭᠰᠡᠨ᠂ ᠪᠠᠷᠢᠮᠵᠢᠶᠠᠵᠢᠭᠰᠠᠨ᠂ ᠨᠡᠷ᠎ᠡ ᠲᠡᠮᠳᠡᠭᠵᠢᠭᠰᠡᠨ᠂ ᠡᠷᠴᠢᠮᠵᠢᠭᠰᠡᠨ᠂ ᠰᠤᠷᠠᠭ ᠵᠠᠩᠭᠢᠯᠠᠭᠰᠠᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠮᠣᠩᠭᠤᠯ ᠦᠬᠡᠷ ᠤᠨ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠬᠤ ᠠᠵᠢᠯ ᠢ ᠴᠢᠩᠭᠠᠳᠬᠠᠵᠤ᠂ ᠮᠣᠩᠭᠤᠯ ᠦᠬᠡᠷ ᠤᠨ ᠡᠭᠦᠯᠳᠡᠷ ᠢ ᠬᠠᠮᠠᠭᠠᠯᠠᠬᠤ ᠰᠠᠭᠤᠷᠢᠨ ᠭᠠᠵᠠᠷ ᠢ ᠪᠠᠶᠢᠭᠤᠯᠵᠤ᠂ ᠮᠣᠩᠭᠤᠯ ᠦᠬᠡᠷ ᠤᠨ ᠭᠤᠤᠯᠯᠠᠬᠤ ᠰᠦᠷᠦᠭ ᠢ ᠪᠤᠶᠢᠵᠢᠭᠤᠯᠤᠨ᠎ᠠ᠃ 2025 ᠣᠨ ᠤ ᠰᠡᠭᠦᠯᠴᠢ ᠪᠣᠯᠬᠤ ᠳᠤ᠂ ᠲᠡᠵᠢᠭᠡᠨ ᠦᠷᠡᠵᠢᠭᠦᠯᠬᠦ ᠬᠡᠪᠴᠢᠶ᠎ᠡ ᠨᠢ 500 ᠠᠴᠠ ᠳᠡᠭᠡᠭᠰᠢᠬᠢ ᠰᠢᠮᠧᠨ᠋ᠳᠡᠷ ᠦᠬᠡᠷ ᠤᠨ ᠲᠤᠰᠬᠠᠶ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ 5 ᠳᠤ ᠬᠦᠷᠭᠡᠵᠣ᠂ ᠠᠩᠭᠢᠰ ᠦᠬᠡᠷ ᠤᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ 10 ᠳᠤ ᠬᠦᠷᠭᠡᠨ᠎ᠡ᠃ ᠠᠶᠢᠮᠠᠭ ᠤᠨ ᠳᠡᠰ ᠠᠴᠠ ᠳᠡᠭᠡᠭᠰᠢᠬᠢ ᠰᠢᠯᠢᠳᠡᠭ ᠡᠭᠦᠯᠳᠡᠷ ᠤᠨ ᠮᠢᠬᠠᠨ ᠦᠬᠡᠷ ᠤᠨ ᠭᠤᠣᠯᠳᠠᠯᠭᠠᠲᠤ ᠰᠦᠷᠦᠭ 50 ᠶᠢ ᠪᠠᠶᠢᠭᠤᠯᠵᠤ᠂ ᠮᠢᠬᠠᠨ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠶᠢ 3 ᠲᠦᠮᠡᠨ ᠲᠣᠯᠣᠭᠠᠢ ᠶᠢ ᠪᠡᠶᠡᠯᠡᠭᠦᠯᠵᠦ᠂ ᠭᠤᠣᠯᠳᠠᠯᠭᠠᠲᠤ ᠰᠦᠷᠦᠭ ᠤᠨ ᠰᠠᠭᠤᠷᠢ ᠡᠭᠡ ᠮᠠᠯ ᠢ 8000 ᠲᠣᠯᠣᠭᠠᠢ ᠠᠴᠠ  ᠳᠠᠪᠠᠭᠤᠯᠵᠣ᠂ ᠵᠢᠯ ᠳᠤ 2000 ᠲᠣᠯᠣᠭᠠᠢ ᠬᠢᠷᠢ ᠲᠡᠩᠴᠡᠭᠰᠡᠨ ᠦᠷ᠎ᠡ ᠶᠢᠨ ᠮᠠᠯ᠂ 3000 ᠲᠣᠯᠣᠭᠠᠢ ᠡᠬᠡ ᠮᠠᠯ ᠢ ᠪᠣᠶᠢᠵᠢᠭᠤᠯᠣᠨ᠎ᠠ᠃      ᠮᠣᠩᠭᠤᠯ ᠠᠳᠣᠭᠤᠨ ᠤ ᠡᠬᠦᠯᠳᠡᠷ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠦᠨ᠎ᠡ᠃ ᠮᠣᠩᠭᠤᠯ ᠠᠳᠤᠭᠤᠨ ᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠵᠣ᠂ ᠮᠣᠩᠭᠤᠯ ᠠᠳᠤᠭᠤᠨ ᠤ ᠡᠭᠦᠯᠳᠡᠷ ᠬᠠᠮᠠᠭᠠᠯᠠᠬᠤ ᠲᠠᠯᠠᠪᠠᠢ᠂ ᠭᠤᠣᠯᠳᠠᠯᠭᠠᠳᠣ ᠰᠦᠷᠦᠭ ᠪᠠ ᠣᠳᠣᠮ ᠢ ᠬᠠᠮᠠᠭᠠᠯᠠᠬᠤ  ᠠᠵᠢᠯ ᠢ ᠰᠠᠶᠢᠲᠤᠷ ᠠᠳᠬᠤᠵᠤ᠂ ᠮᠣᠩᠭᠤᠯ ᠠᠳᠤᠭᠤᠨ ᠤ ᠬᠥᠭᠵᠢᠯᠲᠡ ᠶᠢᠨ ᠢᠨᠵᠧᠨᠧᠷᠢᠩ ᠤᠨ ᠨᠡᠶᠢᠲᠡᠯᠢᠭ ᠵᠢᠱᠢᠶ᠎ᠡ ᠶᠢ ᠡᠬᠦᠳᠦᠨ᠎ᠡ᠃ ︽ᠦᠵᠦᠮᠦᠴᠢᠨ ᠰᠢᠷᠭ᠎ᠠ ᠠᠳᠤᠭᠤ︾ ᠶᠢᠨ ᠨᠡᠷᠡᠲᠦ ᠲᠡᠮᠳᠡᠭ ᠤᠨ ᠪᠠᠶᠢᠭᠤᠯᠤᠯᠲᠠ ᠶᠢ ᠭᠤᠣᠯᠳᠠᠯᠭ᠎ᠠ ᠲᠠᠢ ᠲᠦᠯᠬᠢᠨ ᠠᠬᠢᠭᠤᠯᠵᠤ᠂ ᠴᠡᠭᠡ ᠦᠢᠯᠡᠳᠪᠦᠷᠢᠯᠡᠬᠦ ᠠᠵᠤ ᠠᠬᠤᠶᠢᠯᠠᠯ ᠤᠨ ᠬᠡᠪᠴᠢᠶᠡᠵᠢᠭᠰᠡᠨ ᠬᠥᠭᠵᠢᠯᠲᠡ ᠪᠠ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢ ᠢᠳᠡᠪᠬᠢᠲᠡᠢ ᠳᠠᠮᠵᠢᠵᠤ᠂ ᠴᠡᠭᠡ ᠶᠢᠨ ᠰᠤᠪᠢᠯᠠᠯᠲᠠ᠂ ᠵᠢᠭᠤᠯᠴᠢᠯᠠᠯ ᠵᠡᠷᠭᠡ ᠶᠢ ᠨᠢᠭᠡ ᠴᠣᠭᠴᠠᠵᠢᠭᠤᠯᠤᠭᠰᠠᠨ ᠠᠳᠤᠭᠤᠨ ᠤ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃      ᠭᠤᠷᠪᠠ᠂ ᠮᠠᠯ ᠠᠵᠤ ᠠᠬᠤᠶ ᠶᠢᠨ ᠠᠮᠤᠷ ᠲᠦᠪᠰᠢᠨ ᠤ ᠳᠣᠭᠳᠠᠯᠴᠠᠭ᠎ᠠ ᠶᠢ ᠪᠠᠬᠢᠵᠢᠭᠦᠯᠦᠨ᠎ᠡ      ᠠᠮᠢᠲᠠᠨ ᠤ ᠬᠢᠵᠢᠭ ᠢ ᠰᠡᠷᠭᠡᠶᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠮᠠᠯ ᠠᠵᠤ ᠠᠬᠤᠶ ᠶᠢᠨ ᠠᠮᠤᠷ ᠲᠦᠪᠰᠢᠨ ᠤ ᠳᠣᠭᠳᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ 2025 ᠣᠨ ᠤ ᠡᠴᠦᠰ ᠪᠣᠯᠬᠤ ᠳᠤ᠂ ᠰᠤᠮᠤ  ᠪᠠᠯᠭᠠᠰᠣ ᠪᠣᠯᠭᠠᠨ ᠳᠤ ᠮᠠᠯ ᠡᠮᠨᠡᠯᠭᠡ ᠶᠢᠨ ᠥᠷᠲᠡᠭᠡ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ ᠥᠷᠲᠡᠭᠡ᠂ ᠪᠠᠶᠢᠭᠠᠯᠢ ᠶᠢᠨ ᠭᠠᠮᠰᠢᠭ ᠢ ᠬᠢᠨᠡᠨ ᠬᠡᠮᠵᠢᠵᠣ ᠣᠷᠢᠳᠴᠢᠯᠠᠨ ᠰᠡᠷᠡᠮᠵᠢᠯᠡᠬᠦᠯᠬᠦ᠂ ᠲᠠᠯ᠎ᠠ ᠨᠣᠳᠤᠭ ᠤᠨ ᠬᠤᠯᠤᠭᠠᠨ᠎ᠠ ᠪᠠ ᠬᠤᠷᠣᠬᠠᠶ ᠶᠢᠨ ᠬᠦᠨᠦᠭᠡᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠬᠦᠯᠬᠦ ᠥᠷᠲᠡᠭᠡ ᠶᠢ ᠪᠠᠶᠢᠭᠤᠯᠣᠨ᠎ᠠ᠃ ᠰᠡᠷᠭᠡᠶᠢᠯᠡᠯᠲᠡ ᠶᠢᠨ ᠨᠢᠭᠲᠠᠴᠠ ᠶᠢ 90% ᠶᠢ ᠳᠠᠪᠠᠭᠤᠯᠵᠣ᠂ ᠰᠡᠷᠭᠡᠶᠢᠯᠡᠪᠡᠰᠣ ᠵᠣᠬᠢᠬᠤ ᠨᠢᠭᠲᠠᠴᠠ ᠶᠢ 100% ᠳᠤ ᠬᠦᠷᠭᠡᠵᠣ᠂ ᠰᠡᠷᠭᠡᠶᠢᠯᠡᠯᠲᠡ ᠪᠠᠷ ᠳᠠᠮᠵᠢᠨ ᠬᠢᠷᠢ ᠳᠡᠩᠴᠡᠭᠰᠡᠨ ᠨᠣᠷᠮ᠎ᠠ ᠶᠢ 70% ᠶᠢ ᠳᠠᠪᠠᠭᠤᠯᠣᠨ᠎ᠠ᠃ ᠠᠮᠢᠳᠣ ᠮᠠᠯ ᠪᠠ ᠮᠠᠯ ᠤᠨ ᠪᠦᠳᠦᠭᠡᠭᠳᠡᠭᠦᠨ ᠤ ᠶᠠᠰᠣ ᠴᠢᠨᠠᠷ ᠤᠨ ᠠᠮᠣᠷ ᠲᠦᠪᠰᠢᠨ ᠤ ᠪᠦᠬᠦ ᠶᠠᠪᠣᠴᠠ ᠳᠤ ᠮᠦᠷᠳᠡᠬᠦ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠠᠮᠣᠷ ᠲᠦᠪᠰᠢᠨ ᠤ ᠪᠠᠶᠢᠴᠠᠭᠠᠯᠲᠠ ᠶᠢ 100% ᠳᠤ ᠬᠦᠷᠭᠡᠵᠣ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠠᠬᠢᠴᠠ ᠶᠢ ᠠᠬᠢᠭᠤᠯᠬᠤ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠬᠡᠷᠡᠭᠵᠢᠭᠦᠯᠵᠦ᠂ ᠣᠷᠭᠠᠨᠢᠭ ᠪᠣᠷᠲᠣᠭᠤᠷ ᠦᠢᠯᠡᠳᠪᠦᠷᠢᠯᠡᠬᠦ ᠲᠥᠷᠥᠯ ᠵᠦᠢᠯ ᠢ ᠬᠡᠷᠡᠭᠵᠢᠭᠦᠯᠵᠦ᠂ ᠣᠷᠴᠢᠯᠳᠤᠭᠤᠯᠤᠨ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠪᠡᠶᠡᠯᠡᠭᠦᠯᠦᠨ᠎ᠡ᠃ 2025 ᠣᠨ ᠤ ᠰᠡᠭᠦᠯᠴᠢ ᠪᠣᠯᠬᠤ ᠳᠤ᠂ 3 ᠠᠴᠠ ᠳᠡᠭᠡᠭᠰᠢ ᠮᠠᠯ ᠵᠢᠭᠦᠷᠲᠡᠨ ᠤ ᠢᠯᠭᠠᠳᠠᠰᠣ ᠶᠢ ᠪᠣᠬᠢᠷᠳᠣᠯ ᠦᠭᠡᠢ ᠰᠢᠢᠳᠪᠦᠷᠢᠯᠡᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠪᠥᠬᠦ ᠬᠤᠰᠢᠭᠤᠨ ᠤ ᠮᠠᠯ ᠵᠢᠭᠦᠷᠲᠡᠨ ᠤ ᠢᠯᠭᠠᠳᠠᠰᠣ ᠶᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 85% ᠠᠴᠠ ᠳᠠᠪᠠᠭᠤᠯᠵᠣ᠂ ᠬᠡᠪᠴᠢᠶᠡᠵᠢᠬᠦᠯᠦᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠢᠯᠭᠠᠳᠠᠰᠣ ᠰᠢᠢᠳᠪᠦᠷᠢᠯᠡᠬᠦ ᠲᠥᠬᠦᠭᠡᠷᠦᠮᠵᠢ ᠶᠢᠨ ᠢᠵᠢ ᠪᠥᠷᠢᠳᠦᠭᠦᠯᠬᠦ ᠨᠣᠷᠮ᠎ᠠ ᠶᠢ 90% ᠳᠤ ᠬᠦᠷᠭᠡᠨ᠎ᠡ᠃      ᠳᠥᠷᠪᠡ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠨ᠎ᠠ      ᠦᠵᠦᠮᠦᠴᠢᠨ ᠬᠤᠨᠢᠨ ᠤ ᠪᠠᠷᠢᠮᠵᠢᠶᠠᠲᠤ ᠳᠣᠭᠳᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠬᠦᠪᠦᠷᠡᠯ ᠰᠢᠯᠵᠢᠭᠦᠯᠬᠦ᠂ ᠬᠦᠮᠦᠨ ᠤ ᠬᠦᠴᠦᠨ ᠤ ᠬᠡᠭᠡᠯᠲᠦᠭᠦᠯᠭᠡ ᠬᠢᠬᠦ ᠵᠡᠷᠭᠡ ᠮᠡᠷᠭᠡᠵᠢᠯ ᠢᠶᠠᠷ ᠣᠷᠣᠨ ᠨᠤᠲᠤᠭ ᠤᠨ ᠰᠢᠯᠢᠳᠡᠭ ᠮᠢᠬᠠᠨ ᠬᠤᠨᠢᠨ ᠤ ᠨᠡᠷᠡᠲᠦ ᠲᠡᠮᠳᠡᠭ ᠢ ᠡᠭᠦᠳᠴᠦ᠂ ᠠᠩᠭᠢᠰ ᠦᠭᠡᠷ᠂ ᠰᠢᠮᠧᠨ᠋ᠲ᠋ᠠᠷ ᠦᠬᠡᠷ ᠢᠶᠠᠷ ᠭᠤᠣᠯ ᠪᠣᠯᠭᠠᠭᠰᠠᠨ ᠮᠢᠬᠠᠨ ᠦᠬᠡᠷ ᠤᠨ ᠡᠭᠦᠯᠳᠡᠷ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠷᠢᠰᠦᠯᠳᠦᠬᠡᠨ ᠤ ᠬᠦᠴᠦᠨ ᠢ ᠳᠡᠭᠡᠭᠰᠢᠯᠡᠭᠦᠯᠦᠨ᠎ᠡ᠃ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠢ ᠢᠳᠡᠪᠬᠢᠲᠡᠢ ᠨᠡᠭᠡᠭᠡᠵᠦ᠂ ︽ᠲᠡᠵᠢᠭᠡᠬᠦ + ᠪᠣᠷᠣᠯᠠᠭᠤᠯᠬᠤ︾   ᠶᠢ ᠠᠭᠤᠰᠣᠯᠴᠠᠭᠤᠯᠣᠨ ᠬᠦᠭᠵᠢᠬᠦᠯᠬᠦ ᠶᠢ ᠠᠬᠢᠭᠤᠯᠤᠨ᠎ᠠ᠃ ︽ᠭᠤᠷᠪᠠᠨ ᠪᠦᠲᠦᠭᠡᠭᠳᠡᠬᠦᠨ ᠨᠢᠭᠡ ᠨᠡᠷᠡᠳᠦ ᠲᠡᠮᠳᠡᠭ︾ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ 2025 ᠣᠨ ᠪᠣᠯᠬᠤ ᠳᠤ᠂ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠰᠤᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠨᠣᠷᠮ᠎ᠠ ᠶᠢ 95% ᠶᠢ ᠳᠠᠪᠠᠭᠤᠯᠣᠨ᠎ᠠ᠃ ᠦᠵᠦᠮᠦᠴᠢᠨ ᠬᠤᠨᠢᠨ ᠤ ᠣᠨᠴᠠᠯᠢᠭᠲᠤ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠣᠨᠴᠠ ᠰᠢᠯᠢᠳᠡᠭ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠬᠡᠯᠪᠡᠷᠢ ᠶᠢᠨ ᠨᠡᠷᠡᠲᠦ ᠲᠡᠮᠳᠡᠭ ᠤᠨ ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠳᠬᠠᠵᠤ᠂ ᠳᠤᠮᠳᠠᠳᠤ ᠤᠯᠤᠰ ᠤᠨ ᠵᠠᠭᠤᠨ ᠬᠦᠴᠦᠷᠬᠡᠭ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ︽ᠦᠵᠦᠮᠦᠴᠢᠨ ᠬᠤᠨᠢᠨ︾ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠭᠤᠣᠯᠳᠠᠯᠭ᠎ᠠ ᠲᠠᠢ ᠡᠭᠦᠳᠦᠨ᠎ᠡ᠃ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠳᠤ ᠲᠦᠰᠢᠭᠯᠡᠨ᠂ ︽ᠢᠨᠲ᠋ᠧᠷ ᠰᠦᠯᠵᠢᠶ᠎ᠡ + ᠦᠢᠯᠡᠴᠢᠯᠡᠭᠡ︾ ᠶᠢ ᠬᠥᠭᠵᠢᠭᠦᠯᠵᠦ᠂ ᠰᠦᠯᠵᠢᠶᠡᠨ ᠳᠡᠭᠡᠷ᠎ᠡ ᠪᠣᠷᠣᠯᠠᠭᠤᠯᠬᠤ ᠠᠷᠭ᠎ᠠ ᠵᠠᠮ ᠢ ᠲᠠᠰᠤᠷᠠᠯᠲᠠ ᠤᠢᠭᠡᠢ ᠥᠷᠭᠡᠳᠬᠡᠨ᠂ ᠰᠦᠯᠵᠢᠶ᠎ᠡ ᠪᠠ ᠪᠣᠳᠠᠳᠣ ᠠᠬᠤᠢ ᠶᠢ ᠬᠠᠷᠢᠯᠴᠠᠨ ᠣᠶᠠᠯᠳᠣᠭᠤᠯᠣᠭᠰᠠᠨ ᠣᠯᠠᠨ ᠡᠰᠢᠵᠢᠭᠰᠡᠨ ᠵᠠᠬ᠎ᠠ ᠳᠡᠯᠭᠡᠭᠦᠷ ᠤᠨ ᠭᠦᠢᠯᠭᠡᠭᠡᠨ ᠤ ᠳᠣᠭᠳᠠᠯᠴᠠᠭ᠎ᠠ ᠶᠢ ᠪᠣᠶ ᠪᠣᠯᠭᠠᠵᠤ᠂ ᠣᠷᠭᠠᠨᠢᠭ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠨᠡᠷᠡᠲᠦ ᠲᠡᠮᠳᠡᠭᠲᠦ ᠶᠢᠨ ᠥᠷᠢᠰᠥᠯᠳᠦᠬᠦ ᠬᠦᠴᠦᠨ᠂ ᠨᠥᠯᠥᠭᠡᠯᠡᠬᠦ ᠬᠦᠴᠦᠨ ᠪᠠ ᠵᠠᠬ᠎ᠠ ᠳᠡᠯᠭᠡᠭᠦᠷ ᠲᠠᠬᠢ ᠡᠵᠡᠯᠡᠬᠦ ᠬᠠᠷᠢᠴᠠᠯ ᠢ ᠳᠡᠭᠡᠭᠰᠢᠯᠡᠭᠦᠯᠦᠨ᠂ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠬᠢᠷᠢ  ᠲᠦᠪᠰᠢᠨ ᠳᠤ ᠬᠦᠷᠭᠡᠨ᠎ᠡ      ᠲᠠᠪᠤ  ᠂  ᠮᠠᠯ ᠠᠵᠤ ᠠᠬᠤᠶ ᠶᠢᠨ ᠣᠳᠣᠬᠢᠴᠢᠯᠠᠯᠲᠠ ᠶᠢ ᠳᠥᠯᠭᠢᠨ ᠠᠬᠢᠭᠤᠯᠣᠨ᠎ᠠ      ᠮᠠᠯ ᠠᠵᠤ ᠠᠬᠤᠢ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ︽ᠢᠨᠲ᠋ᠧᠷ ᠰᠦᠯᠵᠢᠶ᠎ᠡ + ᠣᠳᠣᠬᠢᠴᠢᠯᠠᠭᠰᠠᠨ ᠮᠠᠯ ᠠᠵᠤ ᠠᠬᠤᠢ︾ ᠶᠢᠨ ᠠᠵᠢᠯᠯᠠᠭ᠎ᠠ ᠶᠢ ᠠᠬᠢᠭᠤᠯᠵᠤ᠂ ᠤᠷᠭᠤᠮᠠᠯ ᠬᠤᠴᠢᠯᠭ᠎ᠠ ᠶᠢᠨ ᠬᠥᠮᠥᠷᠭᠡ᠂ ᠭᠧᠨ ᠤ ᠬᠥᠮᠥᠷᠭᠡ ᠪᠠ ᠠᠮᠢᠲᠠᠨ ᠤ ᠳ᠋ᠠᠶᠢᠲ᠋ᠠ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠵᠠᠰᠠᠭ ᠤᠨ ᠣᠷᠳᠣᠨ + ᠡᠷᠳᠡᠮ ᠰᠢᠨᠵᠢᠯᠡᠭᠡᠨ + ᠪᠠᠶᠢᠭᠤᠯᠤᠮᠵᠢ + ᠠᠵᠤ ᠠᠬᠤᠶᠢᠯᠠᠯ + ᠮᠠᠯᠴᠢᠳ︾ ᠤᠨ  ᠦᠢᠯᠡᠳᠪᠦᠷᠢᠯᠡᠯ᠂ ᠰᠣᠷᠣᠯᠴᠠᠯᠠᠭ᠎ᠠ᠂ ᠰᠣᠳᠣᠯᠣᠭᠠᠨ ᠤ ᠪᠠᠶᠢᠭᠤᠯᠣᠮᠵᠢ ᠬᠠᠮᠳᠣᠷᠠᠭᠰᠠᠨ ᠵᠠᠭᠪᠤᠷ ᠢ ᠪᠠᠶᠢᠭᠤᠯᠵᠤ᠂ ᠣᠶᠤᠨᠴᠢ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠬᠡᠷᠡᠭᠵᠢᠭᠦᠯᠦᠨ᠂ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠯᠬᠢᠨ ᠠᠬᠢᠭᠤᠯᠤᠨ᠎ᠠ᠃ 2025 ᠣᠨ ᠪᠣᠯᠬᠤ ᠳᠤ᠂ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠬᠡᠮᠵᠢᠶ᠎ᠡ ᠶᠢ 89% ᠳᠤ ᠬᠦᠷᠭᠡᠵᠣ᠂ 50 —800 ᠲᠣᠯᠣᠭᠠᠢ ᠰᠠᠭᠠᠯᠢ ᠶᠢᠨ ᠦᠨᠢᠶ᠎ᠡ ᠶᠢᠨ ᠬᠡᠪᠴᠢᠶ᠎ᠡ ᠪᠦᠬᠦᠢ 20 ᠡᠷᠦᠬᠡ ᠬᠡᠷ ᠪᠦᠯᠢ ᠶᠢᠨ ᠮᠠᠯᠵᠢᠯ ᠤᠨ ᠲᠠᠯᠠᠪᠠᠶ ᠪᠣᠯᠤᠨ ᠬᠤᠷᠰᠢᠶᠠᠵᠢᠯ ᠢ  ᠲᠠᠰ ᠳᠡᠪᠰᠢᠭᠦᠯᠦᠨ᠎ᠡ᠃      ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠴᠣᠭᠴᠠ ᠶᠢ ᠶᠡᠬᠡᠪᠡᠷ ᠬᠥᠭᠵᠢᠭᠦᠯᠦᠨ᠎ᠡ᠃ ᠦᠢᠯᠡᠳᠪᠦᠷᠢᠯᠡᠯ ᠤᠨ ᠬᠦᠴᠦᠨ ᠵᠦᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ︽ᠺᠣᠮᠫᠠᠨᠢ + ᠬᠤᠷᠰᠢᠶ᠎ᠠ + ᠭᠡᠷ ᠪᠦᠯᠢ ᠶᠢᠨ ᠮᠠᠯᠵᠢᠯ ᠤᠨ ᠲᠠᠯᠠᠪᠠᠢ + ᠮᠠᠯᠵᠢᠬᠤ ᠡᠷᠦᠬᠡ︾ ᠶᠢᠨ ᠵᠣᠬᠢᠶᠠᠨ ᠪᠠᠶᠢᠭᠤᠯᠤᠯᠲᠠ ᠶᠢᠨ ᠵᠠᠭᠪᠤᠷ ᠢᠶᠠᠷ ᠭᠤᠣᠯ ᠪᠣᠯᠭᠠᠨ᠂ ᠨᠢᠭᠳᠠ ᠠᠰᠢᠭ ᠲᠤᠰᠠ ᠶᠢᠨ ᠬᠠᠷᠢᠴᠠᠭ᠎ᠠ ᠲᠠᠢ᠂ ᠮᠠᠯ ᠠᠵᠤ ᠠᠬᠤᠢ ᠶᠢ ᠳᠠᠶᠢᠴᠢᠯᠠᠬᠤ ᠦᠢᠯᠡᠳᠦᠯ ᠳᠣᠪᠣᠶᠢᠮ᠎ᠠ᠂ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢᠶᠠᠷ ᠴᠢᠩᠭ᠎ᠠ ᠮᠠᠯ ᠠᠵᠤ ᠠᠬᠤᠢ ᠶᠢᠨ ᠠᠵᠤ ᠦᠢᠯᠡᠰ ᠤᠨ ᠬᠤᠯᠪᠣᠭᠠᠲᠤ ᠴᠣᠭᠴᠠ ᠶᠢ ᠬᠥᠭᠵᠢᠭᠦᠯᠦᠨ᠎ᠡ᠃ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠣᠭᠳᠠᠯᠴᠠᠭᠠᠨ ᠤ ᠪᠠᠶᠢᠭᠤᠯᠤᠯᠲᠠ ᠶᠢ ᠠᠬᠢᠭᠤᠯᠵᠤ᠂ ᠡᠭᠦᠯᠳᠡᠷ ᠪᠤᠶᠢᠵᠢᠭᠤᠯᠬᠤ᠂ ᠳᠡᠵᠢᠭᠡᠨ ᠦᠷᠡᠵᠢᠬᠦᠯᠬᠦ᠂ ᠪᠣᠷᠳᠣᠨ ᠲᠠᠷᠭᠤᠯᠠᠭᠤᠯᠬᠤ᠂ ᠡᠳ᠋ᠰᠢᠬᠦᠯᠦᠨ ᠪᠣᠯᠪᠠᠰᠣᠷᠠᠭᠤᠯᠬᠤ᠂ ᠨᠠᠷᠠᠲᠤ ᠳᠡᠮᠳᠡᠭᠴᠢᠯᠡᠬᠦ᠂ ᠪᠣᠷᠣᠯᠠᠭᠤᠯᠭ᠎ᠠ ᠶᠢ ᠨᠢᠭᠡ ᠴᠣᠠᠠᠴᠠᠵᠢᠭᠤᠯᠥᠠᠠᠰᠠᠨ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠭᠰᠠᠨ ᠪᠥᠬᠦ ᠠᠵᠤ ᠦᠢᠯᠡᠰ ᠤᠨ ᠬᠡᠯᠬᠢᠶᠡᠰᠦ ᠶᠢᠨ ᠣᠲᠣ ᠦᠶ᠎ᠡ ᠶᠢᠨ ᠮᠢᠬᠠᠨ   ᠤ ᠦᠬᠡᠷ ᠬᠤᠨᠢᠨ ᠤ ᠠᠵᠤ ᠦᠢᠯᠡᠰ ᠤᠨ ᠲᠣᠭᠳᠠᠯᠴᠠᠭ᠎ᠠ ᠶᠢ ᠪᠦᠷᠢᠯᠳᠦᠭᠦᠯᠦᠨ᠎ᠡ᠃ ᠵᠢᠱᠢᠶ᠎ᠡ ᠦᠵᠡᠭᠦᠯᠬᠦ ᠬᠡᠷ ᠪᠦᠯᠢ ᠶᠢᠨ ᠮᠠᠯᠵᠢᠯ ᠤᠨ ᠲᠠᠯᠠᠪᠠᠶ ᠶᠢ ᠡᠭᠦᠳᠦᠨ ᠪᠠᠶᠢᠭᠤᠯᠬᠤ ᠶᠢ ᠠᠬᠢᠭᠤᠯᠵᠤ᠂ ᠬᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠪᠠᠷᠢᠮᠵᠢᠶᠠᠵᠢᠭᠰᠠᠨ᠂ ᠬᠡᠪᠴᠢᠶᠡᠵᠢᠭᠰᠡᠨ᠂ ᠵᠢᠱᠢᠶ᠎ᠡ ᠦᠵᠡᠭᠦᠯᠦᠭᠰᠡᠨ᠂ ᠤᠶᠤᠨᠴᠢᠯᠠᠭᠰᠠᠨ ᠡᠵᠡᠩᠨᠡᠯᠲᠡ ᠶᠢ ᠠᠬᠢᠭᠤᠯᠤᠨ᠎ᠠ᠃ 2025 ᠣᠨ ᠪᠣᠯᠬᠤ ᠳᠤ᠂ ᠤᠯᠤᠰ ᠤᠨ ᠲᠡᠰ ᠤᠨ ᠵᠢᠱᠢᠶ᠎ᠡ ᠦᠵᠡᠭᠦᠯᠬᠦ ᠬᠤᠷᠰᠢᠶᠠᠵᠢᠯ ᠢ 5 ᠡᠷᠦᠬᠡ᠂ ᠥᠪᠡᠷᠲᠡᠭᠡᠨ ᠵᠠᠰᠠᠬᠤ ᠣᠷᠣᠨ ᠤ ᠲᠡᠰ ᠤᠨ ᠵᠢᠱᠢᠶ᠎ᠡ ᠦᠵᠡᠭᠦᠯᠬᠦ ᠬᠤᠷᠰᠢᠶᠠᠵᠢᠯ ᠢ 9 ᠡᠷᠦᠬᠡ᠂ ᠠᠶᠢᠮᠠᠭ ᠤᠨ ᠲᠡᠰ ᠤᠨ ᠵᠢᠱᠢᠶ᠎ᠡ ᠦᠵᠡᠭᠦᠯᠬᠦ ᠬᠤᠷᠰᠢᠶᠠᠵᠢᠯ ᠢ 18 ᠡᠷᠦᠬᠡ᠂ ᠬᠤᠰᠢᠭᠤ ᠲᠡᠰ ᠤᠨ ᠵᠢᠱᠢᠶ᠎ᠡ ᠦᠵᠡᠭᠦᠯᠬᠦ ᠬᠤᠷᠰᠢᠶᠠᠵᠢᠯ ᠢ 45 ᠡᠷᠦᠬᠡ ᠪᠠᠶᠢᠭᠤᠯᠣᠨ᠎ᠠ᠃      ᠮᠠᠯ ᠠᠵᠤ ᠠᠬᠤᠢ ᠶᠢᠨ ᠲᠤᠰᠬᠠᠢ ᠭᠠᠴᠠᠭ᠎ᠠ ᠶᠢ ᠢᠳᠡᠪᠬᠢᠲᠡᠢ ᠪᠤᠶᠢᠵᠢᠭᠤᠯᠤᠨ᠎ᠠ᠃  ᠮᠠᠨᠳᠣᠬᠤᠪᠣᠯᠠᠭ ᠪᠠᠯᠭᠠᠰᠣᠨ ᠤ ᠪᠠᠶᠠᠨᠪᠦ᠋ᠷᠢᠳᠣ᠂ ᠮᠠᠨᠳᠣᠬᠤᠪᠣᠯᠠᠭ ᠵᠡᠷᠭᠡ ᠭᠠᠴᠠᠭ᠎ᠠ ᠶᠢ ᠦᠵᠦᠮᠦᠴᠢᠨ ᠬᠤᠨᠢᠨ ᠤ ᠲᠣᠰᠬᠠᠢ ᠭᠠᠴᠠᠭ᠎ᠠ ᠪᠣᠯᠭᠠᠨ ᠪᠤᠶᠢᠵᠢᠭᠤᠯᠵᠤ᠂ ᠰᠠᠮᠠᠢ ᠰᠤᠮᠤᠨ ᠤ ᠮᠠᠨᠳᠤᠯᠲᠤ ᠭᠠᠴᠠᠭ᠎ᠠ᠂  ᠭᠠᠬᠢᠯ ᠰᠤᠮᠤᠨ ᠤ ᠡᠷᠢᠶᠡᠨᠪᠤᠯᠠᠭ ᠭᠠᠴᠠᠭ᠎ᠠ ᠶᠢ ᠡᠪᠡᠰᠦᠨ ᠤ ᠦᠢᠯᠡᠰ ᠤᠨ ᠭᠠᠴᠠᠭ᠎ᠠ ᠪᠣᠯᠭᠠᠨ ᠪᠤᠶᠢᠵᠢᠭᠤᠯᠵᠤ᠂ ᠳᠠᠭᠤᠳᠣᠨᠠᠭᠤᠷ ᠪᠠᠯᠭᠠᠰᠤᠨ ᠤ ᠣᠯᠠᠭᠠᠨᠳᠤᠭ ᠭᠠᠴᠠᠭ᠎ᠠ᠂ ᠣᠯᠢᠶᠠᠰᠣᠳᠠᠢ ᠪᠠᠯᠭᠠᠰᠣᠨ ᠤ ᠰᠢᠨᠠᠭ᠎ᠠ ᠭᠠᠴᠠᠭ᠎ᠠ ᠶᠢ ᠰᠠᠶᠢᠨ ᠡᠭᠦᠯᠳᠡᠷ ᠤᠨ ᠦᠬᠡᠷ ᠳᠡᠵᠢᠭᠡᠨ ᠦᠷᠡᠵᠢᠬᠦᠯᠬᠦ ᠭᠠᠴᠠᠭ᠎ᠠ ᠪᠣᠯᠭᠠᠨ ᠪᠤᠶᠢᠵᠢᠭᠤᠯᠵᠤ᠂ ᠭᠠᠬᠢᠯ ᠰᠣᠮᠣᠨ ᠤ ᠡᠷᠢᠶᠡᠭᠤᠪᠢ ᠭᠠᠴᠠᠭ᠎ᠠ᠂ ᠮᠠᠨᠳᠣᠬᠤᠪᠣᠯᠠᠭ ᠰᠣᠮᠣᠨ ᠤ ᠪᠠᠶᠠᠨᠪᠦᠷᠢᠳᠣ ᠭᠠᠴᠠᠭ᠎ᠠ᠂ ᠰᠠᠮᠠᠢ ᠰᠣᠮᠣᠨ ᠤ ᠵᠢᠷᠠᠨᠪᠣᠯᠠᠭ ᠭᠠᠴᠠᠭ᠎ᠠ ᠶᠢ ᠮᠣᠩᠭᠤᠯ ᠦᠬᠡᠷ ᠤᠨ ᠡᠭᠦᠯᠳᠡᠷ ᠬᠠᠮᠠᠭᠠᠯᠠᠬᠤ ᠭᠠᠴᠠᠭ᠎ᠠ ᠪᠣᠯᠭᠠᠨ ᠪᠤᠶᠢᠵᠢᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ 1 ᠤᠯᠤᠰ ᠤᠨ ᠲᠠᠰ᠂ 3 ᠥᠪᠡᠷᠲᠡᠭᠡᠨ ᠵᠠᠰᠠᠬᠤ ᠣᠷᠣᠨ ᠤ ᠲᠠᠰ ᠤᠨ ︽ᠨᠢᠭᠡ ᠲᠣᠰᠬᠤᠨ ᠨᠢᠭᠡ ᠦᠢᠯᠡᠳᠬᠦᠨ︾ ᠤ ᠵᠢᠱᠢᠶ᠎ᠡ ᠦᠵᠡᠭᠦᠯᠬᠦ ᠪᠠᠯᠭᠠᠰᠤ ᠶᠢ ᠪᠤᠶᠢᠵᠢᠭᠤᠯᠤᠨ᠎ᠠ᠃      ᠣᠳᠣᠬᠢᠴᠢᠯᠠᠭᠰᠠᠨ ᠠᠷᠠᠴᠢᠯᠠᠭ᠎ᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠡᠯᠴᠢᠭᠡᠷᠯᠡᠭᠦᠯᠦᠨ ᠮᠠᠯᠵᠢᠬᠤ ᠪᠠ ᠪᠡᠯᠴᠢᠭᠡᠷᠯᠡᠭᠦᠯᠦᠨ ᠮᠠᠯᠵᠢᠬᠤ  ᠪᠣᠯᠣᠨ ᠪᠣᠷᠳᠤᠭ᠎ᠠ ᠨᠥᠬᠦᠪᠥᠷᠢᠯᠡᠬᠦ ᠶᠢ ᠣᠶᠠᠯᠳᠣᠭᠤᠯᠬᠤ᠂ ᠬᠠᠰᠢᠶᠠᠯᠠᠨ ᠲᠡᠵᠢᠭᠡᠵᠦ ᠪᠣᠷᠳᠣᠨ ᠲᠠᠷᠭᠤᠯᠠᠭᠤᠯᠬᠤ ᠶᠢ ᠬᠠᠷᠢᠯᠴᠠᠨ ᠤᠶᠠᠯᠳᠤᠭᠤᠯᠤᠭᠰᠠᠨ ᠲᠡᠵᠢᠭᠡᠨ ᠠᠷᠠᠴᠢᠯᠠᠬᠤ ᠠᠷᠭ᠎ᠠ ᠮᠠᠶ᠋ᠢᠭ ᠢ ᠠᠬᠢᠭᠤᠯᠵᠤ᠂ ᠪᠦᠬᠦᠯᠢ ᠡᠳᠦᠷ ᠢᠶᠠᠷ ᠪᠣᠷᠳᠣᠬᠤ ᠲᠡᠵᠢᠭᠡᠨ ᠠᠷᠠᠴᠢᠯᠠᠬᠤ ᠬᠡᠯᠪᠡᠷᠢ ᠪᠠ ᠮᠢᠬᠠᠨ ᠦᠬᠡᠷ ᠢ ᠪᠠᠷᠢᠮᠵᠢᠶᠠᠵᠢᠭᠤᠯᠤᠨ ᠲᠡᠵᠢᠭᠡᠨ ᠠᠷᠠᠴᠢᠯᠠᠬᠤ ᠮᠡᠷᠭᠡᠵᠢᠯ ᠢ ᠳᠡᠯᠭᠡᠷᠡᠭᠦᠯᠦᠨ᠎ᠡ᠃ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠤᠰᠤ᠂ ᠴᠠᠬᠢᠯᠭᠠᠨ᠂ ᠵᠠᠮ᠂ ᠴᠢᠮᠡᠭᠡ ᠬᠤᠯᠪᠣᠭ᠎ᠠ ᠵᠡᠷᠭᠡ ᠰᠠᠭᠤᠷᠢ ᠲᠦᠬᠦᠭᠡᠷᠣᠮᠵᠢ ᠶᠢ ᠲᠡᠭᠦᠯᠳᠡᠷᠵᠢᠭᠦᠯᠵᠦ᠂ ᠠᠯᠤᠰ ᠡᠵᠡᠮᠰᠢᠯᠲᠦ ᠤᠶᠤᠨᠲᠤ ᠣᠰᠣᠯᠠᠬᠤ ᠲᠥᠬᠦᠭᠡᠷᠦᠮᠵᠢ ᠵᠢᠴᠢ ᠬᠢᠨᠠᠨ ᠡᠵᠡᠮᠳᠡᠬᠦᠷ᠂ ᠠᠦ᠋ᠲ᠋ᠣ᠋ ᠬᠦᠨᠳᠦ ᠶᠢ ᠬᠡᠮᠵᠢᠬᠦ ᠵᠡᠷᠭᠡ ᠣᠶᠣᠨᠴᠢᠯᠠᠭᠰᠠᠨ ᠲᠥᠬᠦᠭᠡᠷᠦᠮᠵᠢ ᠶᠢ ᠲᠣᠬᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠲᠡᠵᠢᠭᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠬᠤᠶᠠᠳᠤᠭᠠᠷ ᠬᠡᠰᠡᠭ     ᠪᠣᠬᠢᠷᠳᠣᠯ ᠦᠭᠡᠢ ᠠᠵᠤ ᠦᠢᠯᠡᠳᠪᠦᠷᠢ      ᠰᠠᠭᠤᠭᠠᠯᠢ ᠠᠷᠠᠳ ᠲᠤ ᠠᠵᠢᠯ ᠣᠯᠭᠤᠬᠤ᠂ ᠠᠵᠤ ᠠᠬᠤᠶᠢᠯᠠᠯ ᠤᠨ ᠦᠷ᠎ᠡ ᠠᠰᠢᠭ ᠢ ᠳᠡᠭᠡᠭᠰᠢᠯᠡᠭᠦᠯᠬᠦ᠂ ᠡᠳ᠋ ᠤᠨ ᠵᠠᠰᠠᠭ ᠤᠨ ᠣᠷᠣᠯᠭ᠎ᠠ ᠶᠢ ᠨᠡᠮᠡᠭᠳᠡᠭᠦᠯᠬᠦ ᠪᠠᠷ ᠵᠣᠷᠢᠯᠭ᠎ᠠ ᠪᠣᠯᠭᠠᠵᠤ᠂ ᠰᠢᠨ᠎ᠡ ᠬᠠᠭᠤᠴᠢᠨ ᠬᠥᠳᠡᠯᠭᠡᠬᠦ ᠬᠦᠴᠦᠨ ᠤ ᠰᠣᠯᠢᠭᠳᠠᠯ ᠢ ᠠᠬᠢᠭᠤᠯᠵᠤ᠂ ᠪᠦᠳᠦᠭᠦᠯᠢᠭ ᠬᠡᠯᠪᠡᠷᠢ ᠶᠢᠨ ᠠᠵᠤ ᠦᠢᠯᠡᠰ ᠠᠴᠠ ᠪᠣᠬᠢᠷᠲᠤᠯ ᠥᠬᠡᠶ᠂ ᠰᠢᠨ᠎ᠡ ᠪᠠᠷ ᠮᠠᠨᠳᠤᠭᠰᠠᠨ᠂ ᠳᠡᠭᠡᠳᠦ ᠲᠠᠰ ᠤᠨ ᠦᠪᠡᠷᠮᠢᠨᠴᠡ ᠣᠨᠴᠠᠯᠢᠭᠲᠦ ᠠᠵᠤ ᠦᠢᠯᠡᠰ ᠤᠨ ᠬᠡᠯᠪᠡᠷᠢ ᠲᠡᠰᠢ ᠬᠤᠪᠢᠷᠠᠭᠤᠯᠬᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠴᠢᠷᠮᠠᠶᠢᠨ ᠰᠦᠪᠡᠭᠴᠢᠯᠡᠵᠦ᠂ ᠣᠯᠠᠨ ᠡᠰᠢᠵᠢᠨ ᠬᠥᠭᠵᠢᠭᠰᠡᠨ᠂ ᠣᠯᠠᠨ ᠲᠠᠯ᠎ᠠ ᠪᠠᠷ ᠲᠤᠯᠭᠠᠭᠤᠷᠢᠯᠠᠭᠰᠠᠨ ᠨᠡᠭᠦᠷᠡᠰᠦ — ᠴᠠᠬᠢᠯᠭᠠᠨ ︵ᠲᠣᠰᠣ᠂ ᠬᠡᠶ︶ ᠬᠠᠶᠢᠯᠤᠭᠤᠯᠬᠤ — ᠪᠣᠯᠪᠠᠰᠤᠷᠠᠭᠤᠯᠬᠤ ᠣᠲᠣ ᠦᠶ᠎ᠡ ᠶᠢᠨ ᠠᠵᠤ ᠦᠢᠯᠡᠳᠪᠦᠷᠢ ᠶᠢᠨ ᠲᠣᠭᠳᠠᠯᠴᠠᠭ᠎ᠠ ᠶᠢ ᠪᠠᠶᠢᠭᠤᠯᠵᠤ ᠂ ᠪᠣᠬᠢᠷᠲᠤᠯ ᠥᠬᠡᠶ ᠬᠥᠭᠵᠢᠯᠲᠡ ᠶᠢ ᠪᠡᠶᠡᠯᠡᠭᠦᠯᠦᠨ᠎ᠡ᠃ 2025 ᠣᠨ ᠪᠣᠯᠬᠤ ᠳᠤ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠢ 26 ᠳ᠋ᠦᠩᠰᠢᠭᠤᠷ ᠲᠥᠭᠦᠷᠢᠭ ᠲᠤ ᠬᠦᠷᠭᠡᠵᠦ᠂ ᠳᠥᠷᠪᠡᠨ ᠶᠡᠭᠡ ᠲᠤᠯᠭᠠᠭᠤᠷᠢ ᠠᠵᠤ ᠦᠢᠯᠡᠰ ᠢᠶᠠᠷ ᠭᠤᠣᠯᠳᠠᠯᠭ᠎ᠠ ᠪᠣᠯᠭᠠᠵᠤ᠂ ᠠᠵᠤ ᠦᠢᠯᠡᠰ ᠤᠨ ᠬᠡᠯᠬᠢᠶᠡᠰᠣ ᠶᠢ ᠤᠷᠲᠤᠳᠬᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠯᠤᠭᠳᠠᠴᠠ ᠪᠣᠯᠤᠨ ᠮᠡᠷᠭᠡᠵᠢᠯ ᠤᠨ ᠥᠭᠡᠷᠡᠴᠢᠯᠡᠯᠲᠡ ᠶᠢ ᠳᠡᠭᠡᠭᠰᠢᠯᠡᠭᠦᠯᠵᠦ᠂ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠡᠳ᠋ᠰᠢᠬᠦᠯᠦᠨ ᠪᠣᠯᠪᠠᠰᠣᠷᠠᠭᠤᠯᠬᠤ ᠠᠵᠤ ᠦᠢᠯᠡᠰ ᠤᠨ ᠨᠡᠮᠡᠯᠲᠡ ᠥᠷᠲᠡᠭ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠰᠢᠨ᠎ᠡ ᠪᠠᠷ ᠮᠠᠨᠳᠤᠭᠰᠠᠨ ᠦᠢᠯᠡᠳᠬᠦ ᠦᠢᠯᠡᠰ᠂ ᠲᠡᠮᠦᠷᠯᠢᠭ ᠬᠠᠶᠢᠯᠤᠭᠤᠯᠬᠤ᠂ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠤᠨ ᠡᠵᠡᠯᠡᠬᠦ ᠬᠠᠷᠢᠴᠠᠯ ᠢ ᠳᠡᠭᠡᠭᠰᠢᠯᠡᠭᠦᠯᠦᠨ᠎ᠡ᠃      ᠨᠢᠭᠡ᠂ ᠣᠲᠣ ᠦᠶ᠎ᠡ ᠶᠢᠨ ᠡᠨᠧᠷᠭᠢ ᠶᠢᠨ ᠠᠵᠤ ᠦᠢᠯᠡᠰ ᠤᠨ ᠪᠣᠬᠢᠷᠲᠤᠯ ᠥᠬᠡᠶ ᠬᠥᠭᠵᠢᠯᠲᠡ ᠶᠢ ᠲᠦᠷᠭᠡᠳᠬᠡᠨ᠎ᠡ      ᠤᠯᠤᠰ ᠤᠨ ᠡᠨᠧᠷᠭᠢ ᠶᠢᠨ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠠᠭᠤᠷᠬᠠᠶ ᠶᠢᠨ ᠣᠷᠣᠨ ᠤ ᠴᠢᠨᠠᠷ ᠰᠠᠶᠢᠲᠠᠶ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠬᠦᠯᠵᠣ᠂ ᠨᠢᠭᠡᠨᠲᠡ ᠵᠥᠪᠰᠢᠶᠡᠷᠡᠭᠳᠡᠭᠰᠡᠨ ᠨᠡᠭᠦᠷᠡᠰᠦᠨ ᠠᠭᠤᠷᠬᠠᠶ ᠶᠢᠨ ᠭᠠᠷᠳᠠᠮ ᠢ ᠨᠢ ᠲᠡᠭᠦᠯᠳᠡᠷᠵᠢᠭᠦᠯᠵᠦ᠂ ᠨᠢᠭᠡᠨᠲᠡ ᠮᠠᠯᠲᠠᠭᠰᠠᠨ ᠨᠡᠭᠦᠷᠡᠰᠦᠨ ᠠᠭᠤᠷᠬᠠᠶ ᠶᠢ ᠭᠠᠷᠤᠯᠲᠠ ᠳᠤ ᠬᠦᠷᠦᠭᠦᠯᠦᠨ ᠦᠷ᠎ᠡ ᠠᠰᠢᠭ ᠢ ᠨᠢ ᠳᠡᠭᠡᠭᠰᠢᠯᠡᠭᠦᠯᠵᠦ᠂ ᠨᠡᠭᠦᠷᠡᠰᠦᠨ ᠤ  ᠠᠵᠤ ᠠᠬᠤᠶᠢᠯᠠᠯ ᠤᠨ ᠡᠷᠴᠢᠮᠵᠢᠭᠰᠡᠨ ᠬᠦᠭᠵᠢᠯᠲᠡ ᠶᠢ ᠠᠬᠢᠭᠤᠯᠤᠨ᠎ᠠ᠃ ᠦᠩᠲᠦ ᠨᠡᠭᠦᠷᠡᠰᠦᠨ ᠠᠭᠤᠷᠬᠠᠶ ᠪᠣᠯᠤᠨ ᠲᠢᠶᠠᠨ ᠳ᠋ᠢ ᠨᠡᠭᠦᠷᠡᠰᠦᠨ ᠠᠭᠤᠷᠬᠠᠶ ᠶᠢᠨ ᠲᠠᠷᠬᠠᠢ ᠡᠬᠢ ᠪᠠᠶᠠᠯᠢᠭ ᠢ ᠨᠢᠭᠡᠳᠣᠬᠦᠯᠬᠦ ᠠᠵᠢᠯ ᠢ ᠬᠠᠤᠯᠢ ᠶᠣᠰᠣᠭᠠᠷ ᠰᠠᠶᠢᠲᠤᠷ ᠬᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠪᠣᠯᠬᠤ ᠳᠤ᠂ ᠦᠢᠯᠡᠳᠪᠦᠷᠢᠯᠡᠯ ᠤᠨ ᠴᠢᠳᠠᠪᠤᠷᠢ ᠶᠢ ᠲᠣᠰ ᠲᠣᠰ ᠵᠢᠯ ᠳᠤ 120 ᠲᠦᠮᠡᠨ ᠲᠣᠨ ᠪᠠ 300 ᠲᠦᠮᠡᠨ ᠲᠣᠨ ᠪᠣᠯᠭᠠᠬᠤ ᠪᠠᠷ ᠴᠢᠷᠮᠠᠶᠢᠨ᠎ᠠ᠃ ᠨᠦᠩᠨᠠᠢ ᠶᠢᠨ ᠰᠦᠮ᠎ᠡ ᠶᠢᠨ ᠴᠠᠭᠠᠨᠳᠣᠯᠣᠭᠠᠢ᠂ ᠦᠩᠲᠦ᠂ ᠬᠠᠷᠠᠨᠠᠭᠤᠷ ᠵᠡᠷᠭᠡ ᠨᠡᠭᠦᠷᠡᠰᠦᠨ ᠠᠭᠤᠷᠬᠠᠢ ᠶᠢᠨ ᠶᠡᠷᠦᠩᠬᠡᠢ ᠲᠦᠯᠦᠪᠵᠢᠭᠦᠯᠬᠡ᠂ ᠣᠷᠴᠢᠨ ᠲᠣᠭᠤᠷᠢᠨ ᠤ ᠦᠨᠡᠯᠡᠯᠲᠡ ᠶᠢᠨ ᠭᠠᠷ ᠭᠦᠢᠴᠡᠳᠬᠡᠯ ᠢ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠠᠬᠢᠭᠤᠯᠤᠨ᠎ᠠ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠠᠮᠢ ᠠᠬᠤᠶᠢᠵᠢᠭᠤᠯᠬᠤ᠂ ᠨᠡᠭᠡᠭᠡᠨ ᠮᠠᠯᠲᠠᠬᠤ ᠠᠷᠭ᠎ᠠ ᠮᠠᠶ᠋ᠢᠭ ᠢ ᠰᠢᠨᠵᠢᠯᠡᠬᠦ ᠤᠬᠠᠭᠠᠨᠴᠢᠯᠠᠬᠤ᠂ ᠡᠬᠢ ᠪᠠᠶᠠᠯᠢᠭ ᠢ ᠥᠨᠳᠥᠷ ᠪᠦᠲᠦᠮᠵᠢᠲᠡᠶ ᠠᠰᠢᠭᠯᠠᠬᠤ᠂ ᠬᠠᠮᠢᠶᠠᠷᠤᠯᠲᠠ ᠶᠢ ᠮᠡᠳᠡᠭᠡ ᠵᠠᠩᠭᠢᠵᠢᠭᠤᠯᠬᠤ ᠶᠢ ᠪᠡᠶᠡᠯᠡᠭᠦᠯᠦᠨ᠎ᠡ᠃ ᠦᠢᠯᠡᠳᠪᠦᠷᠢᠯᠡᠯ ᠵᠣᠭᠰᠣᠭᠰᠠᠨ ᠨᠡᠭᠦᠷᠡᠰᠦᠨ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠲᠣᠭᠲᠠᠴᠠ ᠶᠢ ᠪᠠᠶᠢᠭᠤᠯᠤᠨ᠎ᠠ᠃ ᠠᠭᠤᠷᠬᠠᠶ ᠶᠢᠨ ᠣᠷᠣᠨ ᠤ ᠭᠠᠵᠠᠷ ᠰᠢᠷᠣᠶ᠂ ᠦᠢᠯᠡᠳᠪᠦᠷᠢ ᠶᠢᠨ ᠲᠠᠰᠤᠭ᠂ ᠡᠬᠢ ᠪᠠᠶᠠᠯᠢᠭ ᠵᠡᠷᠭᠡ ᠳᠠᠪᠠᠭᠤᠯᠢᠭ ᠢ ᠪᠠᠳᠠᠷᠠᠭᠤᠯᠤᠨ᠂ ᠠᠵᠤ ᠠᠬᠤᠶᠢᠯᠠᠯ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠬᠢᠭᠡᠳ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠶᠢ ᠬᠥᠲᠥᠯᠥᠨ ᠵᠢᠯᠣᠭᠤᠳᠣᠨ᠎ᠠ᠃ 2025 ᠣᠨ ᠪᠣᠯᠬᠤ ᠳᠤ᠂ 100% ᠶᠢᠨ ᠨᠡᠭᠦᠷᠡᠰᠦᠨ ᠠᠭᠤᠷᠬᠠᠶ ᠶᠢ ᠪᠣᠬᠢᠷᠲᠤᠯ ᠥᠬᠡᠶ ᠠᠭᠤᠷᠬᠠᠶ ᠶᠢᠨ ᠣᠷᠣᠨ ᠪᠣᠯᠭᠠᠨ ᠪᠠᠶᠢᠭᠤᠯᠣᠨ᠎ᠠ᠃ ᠤᠰᠤ ᠲᠠᠲᠠᠬᠤ᠂ ᠬᠠᠶᠠᠭᠳᠠᠮᠠᠯ ᠤᠰᠤ ᠶᠢ ᠬᠤᠷᠢᠶᠠᠨ ᠠᠰᠢᠭᠯᠠᠬᠤ᠂ ᠪᠣᠬᠢᠷᠲᠤᠯ ᠪᠣᠳᠠᠰ ᠢ ᠨᠢᠭᠡ ᠴᠣᠭᠴᠠᠵᠢᠭᠤᠯᠤᠨ ᠰᠢᠢᠳᠪᠦᠷᠢᠯᠡᠬᠦ ᠵᠡᠷᠭᠡ ᠰᠢᠨ᠎ᠡ ᠮᠡᠷᠭᠡᠵᠢᠯ ᠢ ᠬᠡᠷᠡᠭᠯᠡᠨ᠎ᠡ᠃ ᠵᠢᠩ ᠨᠸᠡᠭ ᠤᠨ 2 × 2.5 ᠲᠦᠮᠡᠨ ᠺᠢᠯᠣᠸᠠᠲ ᠤᠨ ᠪᠡᠯᠡᠳᠭᠡᠯ ᠴᠠᠬᠢᠯᠭᠠᠨ ᠭᠠᠷᠭᠠᠬᠤ ᠦᠢᠯᠡᠳᠪᠦᠷᠢ ᠶᠢᠨ ᠲᠥᠷᠥᠯ ᠵᠦᠢᠯ ᠢ ᠠᠬᠢᠭᠤᠯᠵᠤ᠂ ᠵᠡᠭᠦᠨ ᠬᠠᠲᠠᠪᠴᠢ ᠪᠣᠭᠤᠮᠲᠠ ᠶᠢᠨ ᠬᠢᠯᠢ ᠠᠯᠤᠰᠯᠠᠭᠰᠠᠨ ᠮᠣᠩᠭᠤᠯ  ᠣᠯᠣᠰ ᠤᠨ ᠨᠡᠭᠦᠷᠡᠰᠦ ᠴᠠᠬᠢᠯᠭᠠᠨ ᠲᠡᠮᠦᠷᠯᠢᠭ ᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠪᠠᠶᠢᠷᠢᠰᠢᠭᠤᠯᠵᠤ᠂ ᠮᠣᠩᠭᠤᠯ ᠣᠯᠣᠰ ᠤᠨ ᠡᠯᠪᠡᠭ ᠪᠠᠶᠠᠯᠢᠭ ᠨᠡᠭᠦᠷᠡᠰᠦᠨ ᠤ ᠡᠬᠢ ᠪᠠᠶᠠᠯᠢᠭ ᠲᠤ ᠲᠦᠰᠢᠭᠯᠡᠨ᠂ 2 × 66 ᠲᠦᠮᠡᠨ ᠺᠢᠯᠣᠸᠠᠲ ᠤᠨ ᠢᠯᠴᠢ ᠴᠠᠬᠢᠯᠭᠠᠨ ᠤ ᠮᠠᠰᠢᠨ ᠴᠣᠭᠴᠠᠯᠠᠪᠤᠷᠢ ᠶᠢ ᠪᠥᠲᠥᠭᠡᠨ ᠪᠠᠶᠢᠭᠤᠯᠵᠤ᠂ ᠨᠡᠭᠦᠷᠡᠰᠦ ᠶᠢ ᠲᠤᠬᠠᠶ ᠶᠢᠨ ᠭᠠᠵᠠᠷ ᠲᠤᠨᠢ ᠤᠯᠠᠷᠢᠭᠤᠯᠬᠤ ᠶᠢ ᠠᠬᠢᠭᠤᠯᠤᠨ᠎ᠠ᠃      ᠲᠤᠰᠤ ᠭᠡᠢ ᠶᠢ ᠣᠷᠴᠢᠯᠳᠤᠭᠤᠯᠤᠨ ᠨᠡᠭᠡᠭᠡᠨ ᠠᠰᠢᠭᠯᠠᠬᠤ ᠶᠢ ᠲᠡᠮᠵᠢᠨ᠎ᠠ᠃ ᠬᠠᠶᠢᠨ ᠰᠢᠨᠵᠢᠬᠦ ᠶᠢ ᠮᠠᠯᠲᠠᠬᠤ  ᠳᠤ ᠣᠯᠠᠷᠢᠭᠤᠯᠬᠤ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠴᠢᠯᠠᠭᠤᠨ ᠲᠣᠰᠣᠨ ᠤ ᠦᠢᠯᠡᠳᠪᠦᠷᠢᠯᠡᠯ  ᠤᠨ ᠴᠢᠳᠠᠪᠤᠷᠢ ᠶᠢ ᠯᠠᠪᠳᠠᠭᠤᠨ ᠢᠶᠠᠷ ᠥᠷᠭᠡᠳᠬᠡᠨ᠂ ᠤᠮᠠᠷᠠᠲᠤ ᠶᠢᠨ ᠴᠢᠯᠠᠭᠤᠨ ᠲᠣᠰᠣᠨ ᠤ ᠡᠷᠢᠶᠡᠨ ᠳᠠᠬᠢ ᠬᠤᠪᠢᠶᠠᠷᠢ ᠺᠣᠮᠫᠠᠨᠢ ᠶᠢᠨ ᠴᠢᠯᠠᠭᠤᠨ ᠲᠣᠰᠣ ᠨᠡᠭᠡᠭᠡᠨ ᠬᠥᠭᠵᠢᠭᠦᠯᠬᠦ᠂ ᠬᠤᠩ ᠪᠥᠸᠧ ᠴᠢᠯᠠᠭᠤᠨ ᠲᠣᠰᠣ ᠨᠡᠭᠡᠭᠡᠨ ᠬᠥᠭᠵᠢᠭᠦᠯᠬᠦ᠂ ᠵᠦᠩ ᠶᠣᠸᠠᠨ ᠴᠢᠯᠠᠭᠤᠨ ᠲᠣᠰᠣ ᠨᠡᠭᠡᠭᠡᠨ ᠬᠥᠭᠵᠢᠭᠦᠯᠬᠦ ᠲᠥᠷᠥᠯ ᠵᠦᠢᠯ ᠪᠠ ᠭᠤᠷᠣᠬᠠᠨ ᠲᠣᠰᠣ ᠬᠡᠢ ᠶᠢ ᠬᠠᠶᠢᠨ ᠪᠠᠶᠢᠴᠠᠭᠠᠵᠤ ᠨᠡᠭᠡᠭᠡᠨ ᠬᠥᠭᠵᠢᠭᠦᠯᠬᠦ ᠲᠥᠷᠥᠯ ᠵᠦᠢᠯ ᠢ ᠲᠦᠯᠬᠢᠨ ᠠᠬᠢᠭᠤᠯᠤᠨ᠎ᠠ᠃ ᠲᠣᠰᠣ ᠪᠣᠯᠪᠠᠰᠤᠷᠠᠭᠤᠯᠬᠤ ᠲᠥᠷᠥᠯ ᠵᠦᠢᠯ ᠪᠣᠯᠤᠨ ᠴᠢᠯᠠᠭᠤᠨ ᠲᠣᠰᠣᠨ ᠤ ᠠᠭᠤᠷᠬᠠᠶ ᠶᠢᠨ ᠬᠤᠳᠳᠤᠭ ᠤᠨ ᠬᠤᠭᠤᠯᠠᠶ ᠱᠤᠭᠤᠮ ᠢ ᠵᠠᠯᠭᠠᠬᠤ ᠢᠨᠵᠧᠨᠧᠷᠢᠩ ᠢ ᠬᠡᠷᠡᠭᠵᠢᠭᠦᠯᠵᠦ᠂ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠬᠦ ᠶᠢᠨ ᠬᠠᠮᠲᠤ᠂ ᠭᠠᠳᠠᠭᠠᠳᠣ ᠠᠴᠠ ᠴᠢᠯᠠᠭᠤᠨ ᠲᠣᠰᠣ ᠣᠷᠣᠭᠤᠯᠬᠤ ᠬᠡᠪᠴᠢᠶ᠎ᠡ ᠶᠢ ᠬᠦᠴᠦᠯᠡᠨ ᠥᠷᠭᠡᠳᠬᠡᠵᠦ᠂ ᠲᠣᠬᠠᠢ  ᠶᠢᠨ ᠭᠠᠵᠠᠷ ᠲᠤᠨᠢ ᠬᠢᠨᠠᠨ ᠬᠠᠮᠢᠶᠠᠷᠬᠤ ᠪᠠ ᠲᠡᠮᠦᠷ ᠵᠠᠮ ᠢᠶᠠᠷ ᠲᠡᠭᠡᠭᠡᠪᠦᠷᠢᠯᠡᠬᠦ ᠶᠢ ᠪᠡᠶᠡᠯᠡᠭᠦᠯᠦᠨ᠎ᠡ᠃ ᠪᠠᠶᠢᠭᠠᠯᠢ ᠶᠢᠨ ᠰᠢᠲᠠᠮᠠᠬᠠᠶ ᠬᠡᠶ ᠦᠢᠯᠡᠳᠪᠦᠷᠢᠯᠡᠨ ᠬᠠᠳᠠᠭᠠᠯᠠᠵᠣ ᠪᠣᠷᠣᠯᠠᠭᠤᠯᠬᠤ ᠲᠣᠭᠳᠠᠯᠴᠠᠭ᠎ᠠ ᠶᠢ ᠲᠦᠷᠭᠡᠳᠭᠡᠨ ᠪᠠᠶᠢᠭᠤᠯᠵᠣ᠂ ᠴᠡᠪᠡᠷ ᠡᠨᠧᠷᠭᠢ  ᠬᠡᠷᠡᠭᠯᠡᠬᠦ ᠬᠡᠪᠴᠢᠶ᠎ᠡ ᠶᠢ ᠥᠷᠭᠡᠳᠬᠡᠨ᠎ᠡ᠃ ᠤᠰᠤᠲᠥ᠋ᠷᠥᠭᠴᠢ ᠬᠠᠳᠠᠭᠠᠯᠠᠬᠤ ᠪᠠᠷ ᠭᠤᠤᠯ ᠪᠣᠯᠭᠠᠭᠰᠠᠨ ᠤᠰᠤᠲᠥ᠋ᠷᠥᠭᠴᠢᠲᠦ ᠡᠨᠧᠷᠭᠢ ᠶᠢᠨ ᠠᠵᠤ ᠦᠢᠯᠡᠰ ᠢ ᠢᠳᠡᠪᠬᠢᠲᠡᠶ ᠬᠥᠭᠵᠢᠭᠦᠯᠵᠦ᠂ ᠭᠠᠵᠠᠷ ᠳᠣᠤᠷᠠᠬᠢ ᠨᠡᠭᠦᠷᠡᠰᠦ ᠶᠢ ᠬᠡᠶᠢᠵᠢᠭᠦᠯᠦᠨ ᠤᠰᠤᠲᠥ᠋ᠷᠥᠭᠴᠢ ᠦᠢᠯᠡᠳᠬᠦ ᠵᠢᠴᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠴᠠᠭ ᠲᠤᠨᠢ ᠳᠣᠭᠢᠷᠠᠭᠤᠯᠤᠨ ᠠᠬᠢᠭᠤᠯᠵᠤ᠂ ᠠᠵᠤ ᠠᠬᠤᠶᠢᠯᠠᠯ ᠢ ᠵᠣᠷᠢᠭᠵᠢᠭᠤᠯᠵᠤ ᠤᠰᠤᠲᠥ᠋ᠷᠥᠭᠴᠢ ᠨᠡᠮᠡᠬᠦ ᠥᠷᠲᠡᠭᠡ ᠶᠢᠨ ᠪᠥᠲᠥᠭᠡᠨ ᠪᠠᠶᠢᠭᠤᠯᠤᠯᠲᠠ᠂ ᠡᠵᠡᠩᠨᠡᠯᠲᠡ᠂ ᠤᠰᠤᠲᠥ᠋ᠷᠥᠭᠴᠢᠲᠦ ᠳ᠋ᠢᠶᠠᠨ ᡂᠢ ᠶᠢ ᠰᠤᠳᠤᠯᠤᠨ ᠨᠡᠭᠡᠭᠡᠬᠦ ᠵᠡᠷᠭᠡ ᠣᠯᠠᠨ ᠭᠤᠭᠴᠤᠭ᠎ᠠ ᠳᠤ ᠣᠷᠣᠯᠴᠠᠭᠤᠯᠵᠤ᠂ ᠠᠮᠤᠷ ᠲᠦᠪᠰᠢᠨ᠂ ᠪᠣᠬᠢᠷᠲᠤᠯ ᠥᠬᠡᠶ᠂ ᠡᠷᠴᠢᠮᠵᠢᠭᠰᠡᠨ᠂ ᠥᠨᠳᠥᠷ ᠪᠦᠲᠦᠮᠵᠢᠲᠡᠶ ᠣᠲᠣ ᠦᠶ᠎ᠡ ᠶᠢᠨ ᠡᠨᠧᠷᠭᠢ ᠶᠢᠨ ᠬᠠᠩᠭᠠᠯᠭ᠎ᠠ ᠶᠢᠨ ᠰᠦᠷᠦᠭᠵᠢᠯ ᠢ ᠪᠠᠶᠢᠭᠤᠯᠤᠨ᠎ᠠ᠃      ᠲᠥᠷᠥ ᠶᠢᠨ ᠪᠣᠳᠣᠯᠭ᠎ᠠ ᠶᠢᠨ ᠵᠦᠪᠰᠢᠶᠡᠷᠡᠯ ᠤᠨ ᠬᠡᠪᠴᠢᠶᠡᠨ ᠳᠤ᠂ ᠦᠢᠯᠡᠳᠪᠦᠷᠢ ᠠᠭᠤᠷᠬᠠᠶ ᠶᠢᠨ ᠬᠠᠶᠠᠭᠳᠠᠮᠠᠯ ᠭᠠᠵᠠᠷ᠂ ᠡᠯᠡᠰᠦᠷᠬᠡᠭ ᠭᠠᠵᠠᠷ ᠲᠤ ᠨᠠᠷᠠᠨ ᠤ ᠡᠨᠧᠷᠬᠢ ᠶᠢᠨ ᠦᠢᠯᠡᠰ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠵᠣᠬᠢᠬᠤ ᠬᠡᠮᠵᠢᠶ᠎ᠡ ᠪᠠᠷ ᠬᠥᠭᠵᠢᠭᠦᠯᠵᠦ᠂ ᠮᠠᠯᠵᠢᠬᠤ ᠣᠷᠣᠨ ᠤ ᠨᠠᠷᠠᠨ ᠤ ᠡᠨᠧᠷᠬᠢ ᠶᠢᠨ ᠦᠢᠯᠡᠰ ᠬᠢᠭᠡᠳ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠣᠶᠠᠯᠳᠣᠭᠤᠯᠬᠤ ᠶᠢ ᠠᠬᠢᠭᠤᠯᠤᠨ᠂ ︽ᠺᠣᠮᠫᠠᠨᠢ + ᠮᠠᠯᠵᠢᠬᠤ ᠡᠷᠦᠬᠡ︾᠂ ︽ ᠬᠤᠷᠰᠢᠶᠠᠵᠢᠯ + ᠮᠠᠯᠵᠢᠬᠤ ᠡᠷᠦᠬᠡ︾ ᠵᠡᠷᠭᠡ ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠤ ᠥᠷᠲᠡᠭᠡ ᠶᠢᠨ ᠬᠡᠯᠪᠡᠷᠢ ᠶᠢ ᠳᠡᠯᠭᠡᠷᠡᠭᠦᠯᠵᠦ᠂ ᠴᠡᠪᠡᠷ ᠡᠨᠧᠷᠬᠢ ᠶᠢᠨ ᠠᠰᠢᠭ ᠢ ᠬᠠᠮᠲᠤᠪᠠᠷ ᠭᠥᠷᠳᠡᠨ᠎ᠡ᠃ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠳᠠ ᠪᠠᠯᠭᠠᠰᠤᠨ ᠤ ᠡᠨᠧᠷᠭᠢ ᠬᠡᠷᠡᠭᠯᠡᠬᠦ ᠪᠦᠲᠦᠴᠡ ᠶᠢ ᠰᠠᠶᠢᠵᠢᠷᠠᠭᠤᠯᠤᠨ᠎ᠠ᠃      ᠬᠤᠶᠠᠷ᠂ ᠰᠣᠩᠭᠤᠨ ᠪᠣᠯᠪᠠᠰᠣᠷᠠᠭᠤᠯᠬᠤ ᠠᠵᠤ ᠦᠢᠯᠡᠰ ᠤᠨ ᠬᠡᠯᠬᠢᠶᠡᠰᠣᠵᠢᠭ᠍ᠰᠡᠨ ᠬᠥᠭᠵᠢᠯᠲᠡ ᠶᠢ ᠠᠬᠢᠭᠤᠯᠤᠨ᠎ᠠ      ᠲᠡᠮᠦᠷᠯᠢᠭ ᠪᠣᠯᠪᠠᠰᠣᠷᠠᠭᠤᠯᠬᠤ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠪᠠ ᠳᠡᠰ ᠳᠡᠪᠰᠢᠬᠦᠯᠬᠦ ᠶᠢ ᠠᠬᠢᠭᠤᠯᠵᠤ᠂ ᠮᠡᠷᠭᠡᠵᠢᠯ ᠤᠨ ᠥᠭᠡᠷᠡᠴᠢᠯᠡᠯᠲᠡ ᠪᠠ ᠭᠠᠷ ᠤᠷᠠᠯᠠᠯ ᠤᠨ ᠰᠢᠨᠡᠴᠢᠯᠡᠯᠲᠡ ᠶᠢ ᠴᠢᠩᠭᠠᠳᠬᠠᠨ᠂ ︽ᠬᠠᠶᠢᠬᠤ — ᠮᠠᠯᠲᠠᠬᠤ — ᠰᠢᠯᠢᠬᠦ — ᠬᠠᠶᠢᠯᠤᠭᠤᠯᠬᠤ — ᠪᠣᠯᠪᠠᠰᠤᠷᠠᠭᠤᠯᠬᠤ︾ ᠬᠥᠭᠵᠢᠯᠲᠡ ᠶᠢᠨ ᠠᠵᠤ ᠦᠢᠯᠡᠰ ᠤᠨ ᠬᠡᠯᠬᠢᠶᠡᠵᠢᠯ ᠢ ᠪᠠᠶᠢᠭᠤᠯᠤᠨ᠎ᠠ᠃ ᠣᠯᠠᠭᠠᠨᠳᠣᠯᠣᠭᠠᠢ ᠶᠢᠨ ᠵᠡᠬᠦᠨ ᠬᠡᠰᠡᠭ᠂ 1017 ᠥᠨᠳᠦᠷᠯᠢᠭ᠂ ᠬᠦᠪᠳᠦᠨᠳᠣᠯᠣᠭᠠᠢ ᠵᠡᠷᠭᠡ ᠦᠩᠭᠡᠳᠦ ᠲᠡᠮᠦᠷᠯᠢᠭ ᠤᠨ ᠠᠭᠤᠷᠬᠠᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠥᠩᠭᠡᠲᠦ ᠲᠡᠮᠦᠷᠯᠢᠭ ᠰᠣᠩᠭᠤᠨ ᠪᠣᠯᠪᠠᠰᠣᠷᠠᠭᠤᠯᠵᠣ ᠳᠡᠰ ᠳᠡᠪᠰᠢᠭᠦᠯᠬᠦ ᠥᠭᠡᠷᠡᠴᠢᠯᠡᠯᠲᠡ ᠶᠢ ᠭᠤᠣᠯᠳᠠᠯᠭ᠎ᠠ ᠲᠠᠢ ᠠᠬᠢᠭᠤᠯᠵᠤ᠂ ᠰᠢᠯᠢ ᠶᠢᠨ ᠭᠤᠣᠯ ᠤᠨ ᠱᠣᠸᠠᠩ ᠶᠣᠸᠠᠨ ᠴᠠᠶᠢᠷ ᠬᠠᠶᠢᠯᠣᠭᠤᠯᠣᠨ ᠪᠣᠯᠪᠠᠰᠣᠷᠠᠭᠤᠯᠬᠤ᠂ ᠠᠭᠤᠷᠬᠠᠢ ᠶᠢᠨ ᠦᠢᠯᠡᠰ ᠤᠨ ᠦᠯᠡᠳᠡᠭᠳᠡᠯ ᠬᠦᠳᠡᠷ ᠤᠨ ᠬᠥᠮᠥᠷᠭᠡ ᠶᠢᠨ ᠮᠡᠷᠭᠡᠵᠢᠯ ᠤᠨ ᠥᠭᠡᠷᠡᠴᠢᠯᠡᠯᠲᠡ ᠪᠠ ᠬᠡᠪᠴᠢᠶ᠎ᠡ ᠶᠢ ᠥᠷᠭᠡᠳᠬᠡᠬᠦ ᠲᠥᠷᠦᠯ ᠵᠦᠢᠯ ᠢ ᠬᠡᠷᠡᠭᠵᠢᠭᠦᠯᠦᠨ᠎ᠡ᠃ ᠵᠡᠭᠦᠨ ᠬᠠᠲᠠᠪᠴᠢ ᠪᠣᠭᠤᠮᠲᠠ ᠶᠢᠨ ᠬᠢᠯᠢ ᠠᠯᠤᠰᠯᠠᠭᠰᠠᠨ ᠮᠣᠩᠭᠤᠯ ᠤᠯᠤᠰ ᠤᠨ ᠨᠡᠭᠦᠷᠡᠰᠦ ᠴᠠᠬᠢᠯᠭᠠᠨ ᠲᠡᠮᠦᠷᠯᠢᠭ ᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠳᠤ ᠲᠦᠰᠢᠭᠯᠡᠨ᠂ ᠠᠭᠤᠷᠬᠠᠢ ᠶᠢᠨ ᠳᠡᠷᠭᠡᠳᠡᠬᠢ ᠴᠠᠬᠢᠯᠭᠠᠨ ᠤ ᠦᠢᠯᠡᠳᠪᠦᠷᠢ ᠶᠢᠨ ᠴᠠᠬᠢᠯᠭᠠᠨ ᠤ ᠦᠨ᠎ᠡ ᠲᠣᠣᠷ᠎ᠠ ᠪᠠ ᠮᠣᠩᠭᠤᠯ ᠤᠯᠤᠰ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠠᠰᠢᠭᠯᠠᠨ᠂ ᠲᠡᠮᠦᠷᠯᠢᠭ ᠪᠣᠯᠪᠠᠰᠤᠷᠠᠭᠤᠯᠬᠤ ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ᠃      ᠭᠤᠷᠪᠠ᠂ ᠰᠢᠨ᠎ᠡ ᠮᠠᠲ᠋ᠧᠷᠢᠶᠠᠯ ᠦᠢᠯᠡᠳᠬᠦ ᠦᠢᠯᠡᠰ ᠤᠨ ᠬᠠᠮᠵᠢᠯᠴᠠᠨ ᠬᠥᠭᠵᠢᠬᠦ ᠶᠢ ᠳᠥᠯᠭᠢᠨ ᠠᠬᠢᠭᠤᠯᠤᠨ᠎ᠠ      ᠤᠯᠤᠰ ᠤᠨ ᠳᠣᠲᠣᠭᠠᠳᠤ ᠭᠠᠳᠠᠭᠠᠳᠤ ᠶᠢᠨ ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠶ ᠵᠠᠯᠭᠠᠯᠳᠣᠵᠣ᠂ ᠬᠠᠷ᠎ᠠ ᠲᠤᠭᠤᠯᠭ᠎ᠠ᠂ ᠮᠥᠩᠭᠦ᠂ ᠴᠠᠶᠢᠷ᠂ ᠸᠣᠯᠹᠷᠠᠮ᠂ ᠮᠣᠯᠢᠪᠳᠧᠨ ᠵᠡᠷᠭᠡ ᠥᠩᠭᠡᠲᠦ ᠲᠡᠮᠦᠷᠯᠢᠭ ᠤᠨ ᠲᠣᠭᠤᠷᠢᠨ ᠳᠤ᠂ ᠨᠠᠷᠢᠯᠢᠭ ᠡᠳ᠋ᠰᠢᠬᠦᠯᠦᠨ ᠪᠣᠯᠪᠠᠰᠣᠷᠠᠭᠤᠯᠬᠤ ᠠᠵᠤ ᠠᠬᠤᠶᠢᠯᠠᠯ ᠢ ᠢᠳᠡᠪᠬᠢᠲᠡᠶ ᠪᠠᠷ ᠳᠠᠳᠠᠨ ᠣᠷᠣᠭᠤᠯᠵᠣ᠂ ᠠᠵᠤ ᠦᠢᠯᠡᠰ ᠤᠨ ᠬᠡᠯᠬᠢᠶᠡᠰᠣ ᠪᠠ ᠦᠢᠯᠡᠳᠬᠦᠨ ᠤ ᠬᠡᠯᠬᠢᠶᠡᠰᠣ ᠶᠢ ᠵᠡᠷᠭᠡ ᠳᠤᠨᠢ ᠳᠡᠭᠡᠭᠰᠢᠯᠡᠭᠦᠯᠬᠦ ᠶᠢ ᠠᠬᠢᠭᠤᠯᠵᠤ᠂ ᠥᠩᠭᠡᠲᠦ ᠲᠡᠮᠦᠷᠯᠢᠭ ᠤᠨ ᠮᠠᠲ᠋ᠧᠷᠢᠶᠠᠯ ᠢᠶᠠᠷ ᠭᠤᠣᠯ ᠪᠣᠯᠭᠠᠭᠰᠠᠨ᠂ ᠦᠨᠳᠦᠷ ᠮᠡᠷᠭᠡᠵᠢᠯᠳᠦ ᠰᠢᠷᠬᠡᠭ ᠤᠨ ᠮᠠᠲ᠋ᠧᠷᠢᠶᠠᠯ᠂ ᠬᠠᠶᠢᠯᠤᠭᠤᠷ ᠵᠣᠩᠰᠢ ᠶᠢᠨ ᠹᠯᠣᠷ ᠤᠨ ᠰᠢᠨ᠎ᠡ ᠮᠠᠲ᠋ᠧᠷᠢᠶᠠᠯ ᠵᠢᠴᠢ ᠨᠠᠷᠠᠨ ᠤ ᠡᠨᠧᠷᠬᠢ ᠶᠢᠨ ᠮᠠᠲ᠋ᠧᠷᠢᠶᠠᠯ ᠢ ᠣᠶᠠᠯᠳᠣᠭᠤᠯᠣᠨ ᠬᠥᠭᠵᠢᠭᠰᠡᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠴᠣᠭᠯᠠᠷᠠᠯ ᠢ ᠴᠣᠭᠴᠠᠯᠠᠨ ᠪᠠᠶᠢᠭᠤᠯᠤᠨ᠎ᠠ᠃ ᠲᠡᠷᠢᠭᠦᠨ ᠤ ᠵᠢᠷᠤᠭᠯᠠᠨ ᠲᠥᠯᠥᠪᠯᠡᠬᠦ ᠮᠡᠷᠭᠡᠵᠢᠯ᠂ ᠡᠳ᠋ᠰᠢᠬᠦᠯᠦᠨ ᠪᠣᠯᠪᠠᠰᠣᠷᠠᠭᠤᠯᠬᠤ ᠮᠡᠷᠭᠡᠵᠢᠯ ᠪᠣᠯᠤᠨ ᠦᠢᠯᠡᠳᠬᠦ ᠵᠠᠭᠪᠤᠷ ᠢ ᠣᠷᠢᠨ ᠣᠷᠣᠭᠤᠯᠵᠣ᠂ ᠲᠡᠮᠦᠷᠯᠢᠭ ᠮᠠᠰᠢᠨ ᠤ ᠲᠤᠨᠤᠭ ᠦᠢᠯᠡᠳᠬᠦ ᠪᠠᠷ ᠭᠤᠣᠯ ᠪᠣᠯᠭᠠᠭᠰᠠᠨ ᠤᠳᠤ ᠦᠶ᠎ᠡ ᠶᠢᠨ ᠮᠠᠯ ᠠᠵᠤ ᠠᠬᠤᠢ ᠶᠢᠨ ᠮᠠᠰᠢᠨ ᠤ ᠲᠥᠬᠦᠭᠡᠷᠦᠮᠵᠢ᠂ ᠠᠭᠤᠷᠬᠠᠢ ᠶᠢᠨ ᠮᠠᠰᠢᠨ ᠢᠶᠠᠷ ᠭᠤᠣᠯ ᠪᠣᠯᠭᠠᠭᠰᠠᠨ ᠲᠤᠨᠤᠭ ᠲᠥᠬᠦᠭᠡᠷᠦᠮᠵᠢ ᠶᠢᠨ ᠠᠵᠤ ᠦᠢᠯᠡᠰ ᠪᠣᠯᠤᠨ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠤᠭᠰᠠᠷᠠᠬᠤ ᠠᠵᠤ ᠦᠢᠯᠡᠰ ᠢ ᠬᠥᠭᠵᠢᠭᠦᠯᠦᠨ᠎ᠡ᠃ ᠦᠯᠡᠳᠡᠭᠳᠡᠯ ᠬᠦᠳᠡᠷ᠂ ᠬᠠᠶᠠᠭᠳᠠᠮᠠᠯ ᠴᠢᠯᠠᠭᠤ᠂ ᠬᠠᠶᠠᠭᠳᠠᠮᠠᠯ ᠰᠢᠭᠠᠷᠤ᠂ ᠨᠤᠨᠲᠠᠭ ᠨᠡᠬᠦᠷᠡᠰᠣ ᠵᠡᠷᠭᠡ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠣᠯᠤᠨ ᠪᠠᠷᠢᠯᠭ᠎ᠠ ᠶᠢᠨ ᠬᠤᠭ ᠨᠣᠪᠰᠢ ᠶᠢ ᠭᠦᠢᠴᠡᠳ ᠠᠰᠢᠭᠯᠠᠵᠤ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠳᠪᠦᠷᠢ ᠶᠢ ᠬᠥᠭᠵᠢᠭᠦᠯᠦᠨ᠎ᠡ᠃ ᠢᠯᠵᠢᠮᠡᠭ ᠬᠦᠴᠢᠯ ᠤᠨ ᠪᠦᠲᠦᠭᠡᠭᠳᠡᠬᠦᠨ ᠤ ᠲᠥᠷᠥᠯ ᠵᠦᠢᠯ ᠢ ᠠᠬᠢᠭᠤᠯᠵᠤ᠂ ᠡᠵᠢ ᠨᠠᠭᠤᠷ ᠤᠨ ᠳᠠᠪᠤᠰᠤᠨ ᠤ ᠦᠢᠯᠡᠰ ᠤᠨ ᠪᠦᠲᠦᠭᠡᠭᠳᠡᠬᠦᠨ ᠤ ᠪᠦᠲᠦᠴᠡ ᠪᠠᠨ ᠰᠢᠯᠢᠳᠡᠭᠵᠢᠭᠦᠯᠬᠦ ᠶᠢ ᠳᠡᠮᠵᠢᠵᠦ᠂ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠪᠥᠬᠦ ᠤᠯᠤᠰ ᠤᠨ ᠳᠠᠪᠤᠰᠤᠨ ᠤ ᠦᠢᠯᠡᠰ ᠤᠨ ᠨᠠᠷᠠᠲᠤ ᠲᠡᠮᠳᠡᠭᠲᠦ ᠶᠢ ᠪᠣᠶ ᠪᠣᠯᠭᠠᠨ᠎ᠠ᠃      ᠳᠥᠷᠪᠡ᠂ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠡᠳ᠋ᠰᠢᠬᠦᠯᠦᠨ ᠪᠣᠯᠪᠠᠰᠣᠷᠠᠭᠤᠯᠬᠤ ᠦᠢᠯᠡᠰ ᠤᠨ ᠣᠳᠣᠬᠢᠴᠢᠯᠠᠭᠰᠠᠨ ᠬᠥᠭᠵᠢᠯᠲᠡ ᠶᠢ ᠲᠦᠷᠭᠡᠳᠬᠡᠨ᠎ᠡ      ᠲᠣᠯᠣᠭᠠᠶᠢᠯᠠᠭᠴᠢ ᠠᠵᠤ ᠠᠬᠤᠶᠢᠯᠠᠯ ᠢ ᠢᠳᠡᠪᠬᠢᠲᠡᠶ ᠪᠠᠷ ᠳᠠᠳᠠᠨ ᠣᠷᠣᠭᠤᠯᠬᠤ ᠪᠠ ᠪᠤᠶᠢᠵᠢᠭᠤᠯᠵᠤ᠂ ᠭᠠᠳᠠᠭᠠᠳᠤ ᠠᠴᠠ ᠣᠷᠣᠭᠤᠯᠤᠭᠰᠠᠨ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠨᠠᠷᠢᠯᠢᠭ ᠡᠳ᠋ᠰᠢᠭᠦᠯᠦᠨ ᠪᠣᠯᠪᠠᠰᠣᠷᠠᠭᠤᠯᠬᠤ ᠠᠵᠤ ᠦᠢᠯᠡᠰ ᠤᠨ ᠲᠣᠭᠤᠷᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠨᠢᠲᠤᠯᠬᠤ — ᠨᠠᠷᠢᠯᠢᠭ ᠡᠳ᠋ᠰᠢᠭᠦᠯᠦᠨ ᠪᠣᠯᠪᠠᠰᠣᠷᠠᠭᠤᠯᠬᠤ ᠰᠢᠮ᠎ᠡ ᠲᠡᠵᠢᠭᠡᠯ ᠲᠠᠢ ᠢᠳᠡᠭᠡᠨ — ᠠᠮᠢᠳᠤ ᠪᠣᠳᠠᠰ ᠤᠨ ᠡᠷᠡᠭᠦᠯ ᠮᠡᠨᠳᠦ ᠠᠵᠤ ᠦᠢᠯᠡᠰ ᠤᠨ ᠬᠡᠯᠬᠢᠶᠡᠰᠣ ᠶᠢ ᠪᠠᠶᠢᠭᠤᠯᠵᠤ᠂ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠰᠦᠷᠦᠭᠵᠢᠭᠰᠡᠨ᠂ ᠨᠠᠷᠢᠯᠢᠭᠵᠢᠭᠰᠠᠨ ᠬᠦᠭᠵᠢᠯᠲᠡ ᠶᠢ ᠲᠦᠯᠬᠢᠨ ᠠᠬᠢᠭᠤᠯᠣᠨ᠎ᠠ᠃ ᠬᠦᠯᠳᠡᠭᠡᠭᠰᠡᠨ ᠮᠢᠬ᠎ᠠ᠂ ᠬᠡᠰᠡᠭᠯᠡᠭᠰᠡᠨ ᠮᠢᠬ᠎ᠠ᠂ ᠪᠤᠯᠭᠤᠭᠰᠠᠨ ᠢᠳᠡᠭᠡᠨ᠂ ᠳᠥᠭᠦᠮ ᠢᠳᠡᠭᠡᠨ ᠵᠡᠷᠭᠡ ᠨᠠᠷᠢᠯᠢᠭ ᠡᠳ᠋ᠰᠢᠬᠦᠯᠦᠨ ᠪᠣᠯᠪᠠᠰᠣᠷᠠᠭᠤᠯᠣᠭᠰᠠᠨ ᠪᠦᠲᠦᠭᠡᠭᠳᠡᠬᠦᠨ ᠢ ᠭᠤᠣᠯᠳᠠᠯᠭ᠎ᠠ ᠲᠠᠢ ᠬᠥᠭᠵᠢᠭᠦᠯᠵᠦ᠂ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠵᠤ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠷᠡᠭᠦᠯ ᠠᠵᠤ ᠦᠢᠯᠡᠰ ᠢ ᠬᠥᠭᠵᠢᠭᠦᠯᠵᠦ᠂ ᠶᠣᠸᠡᠢ ᠢ ᠠᠮᠢᠳᠤ ᠪᠣᠳᠠᠰ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠦᠬᠡᠷ ᠬᠤᠨᠢ ᠠᠳᠣᠭᠤᠨ ᠤ ᠳᠣᠳᠣᠷ ᠡᠷᠬᠡᠲᠡᠨ᠂ ᠥᠭᠡᠬᠦ ᠲᠣᠰᠣ᠂ ᠬᠤᠶᠢᠲᠤᠬᠢ᠂ ᠠᠷᠠᠰᠤ ᠨᠣᠤᠰᠣ ᠶᠢ ᠶᠡᠷᠦᠩᠬᠡᠶᠢᠯᠡᠨ ᠠᠰᠢᠭᠯᠠᠵᠤ᠂ ᠠᠮᠢᠳᠤ ᠪᠣᠳᠠᠰ ᠤᠨ ᠡᠮ ᠦᠢᠯᠡᠳᠬᠦ᠂ ᠡᠷᠡᠭᠦᠯᠵᠢᠯ ᠤᠨ ᠡᠳ᠋᠂ ᠠᠮᠢᠳᠤ ᠪᠣᠳᠠᠰ ᠤᠨ ᠲᠡᠵᠢᠭᠡᠯ ᠪᠣᠷᠳᠤᠭ᠎ᠠ ᠵᠡᠷᠭᠡ ᠠᠮᠢᠳᠤ ᠪᠣᠳᠠᠰ ᠤᠨ ᠪᠦᠲᠦᠭᠡᠭᠳᠡᠬᠦᠨ ᠢ ᠰᠤᠳᠤᠯᠤᠨ ᠦᠢᠯᠡᠳᠴᠦ᠂ ᠦᠵᠦᠮᠦᠴᠢᠨ ᠬᠤᠨᠢᠨ ᠤ ᠬᠤᠶᠢᠲᠤᠬᠢ᠂ ᠬᠤᠨᠢᠨ ᠤ ᠰᠡᠭᠦᠯ ᠢ ᠨᠡᠭᠡᠭᠡᠨ ᠠᠰᠢᠭᠯᠠᠬᠤ ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠃ 2025 ᠣᠨ ᠪᠣᠯᠬᠤ ᠳᠤ᠂ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠦᠬᠦ ᠶᠠᠪᠣᠴᠠ ᠶᠢᠨ ᠮᠦᠷᠳᠡᠬᠦ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠵᠦ᠂ ᠦᠬᠡᠷ ᠬᠤᠨᠢ ᠢᠮᠠᠭ᠎ᠠ ᠶᠢ ᠪᠦᠬᠦᠨ ᠢ ᠲᠤᠬᠠᠶ ᠶᠢᠨ ᠭᠠᠵᠠᠷ ᠲᠤᠨᠢ ᠡᠳ᠋ᠰᠢᠭᠦᠯᠬᠦ ᠶᠢ ᠪᠡᠶᠡᠯᠡᠭᠦᠯᠦᠨ᠎ᠡ᠃ ᠨᠡᠷᠡᠳᠦ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠡᠭᠡᠳᠦ ᠲᠠᠰ ᠤᠨ ᠵᠠᠬ᠎ᠠ ᠳᠡᠯᠭᠡᠭᠦᠷ ᠢ ᠨᠡᠭᠡᠭᠡᠨ ᠥᠷᠭᠡᠳᠬᠡᠵᠦ᠂ ᠴᠢᠨᠠᠷ ᠰᠠᠶᠢᠲᠠᠶ ᠪᠥᠭᠡᠳ ᠦᠨ᠎ᠡ ᠰᠠᠶᠢᠲᠠᠶ ᠪᠠᠶᠢᠬᠤ ᠶᠢ ᠪᠡᠶᠡᠯᠡᠭᠦᠯᠦᠨ᠎ᠡ᠃ ᠦᠪᠡᠷᠳᠡᠭᠡᠨ ᠵᠠᠰᠠᠬᠤ ᠣᠷᠣᠨ ᠤ ᠰᠦᠨ ᠤ ᠦᠢᠯᠡᠰ ᠢ ᠭᠦᠭᠵᠢᠭᠦᠯᠬᠦ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠣᠷᠢᠵᠢᠭᠤᠯᠵᠣ᠂ ᠨᠢᠬᠡ ᠪᠦᠯᠦᠭ ᠲᠦᠷᠢᠮᠵᠢᠭᠰᠡᠨ ᠴᠠᠭᠠᠨ ᠢᠳᠡᠬᠡᠨ ᠤ ᠵᠢᠵᠢᠭ ᠦᠢᠯᠡᠳᠪᠦᠷᠢ ᠪᠠᠶᠢᠭᠤᠯᠵᠣ᠂ ᠴᠠᠭᠠᠨ ᠢᠳᠡᠭᠡ ᠪᠣᠯᠪᠠᠰᠣᠷᠠᠭᠤᠯᠬᠤ ᠲᠣᠰᠬᠠᠢ ᠮᠡᠷᠭᠡᠵᠢᠯᠳᠦ ᠠᠵᠣ ᠠᠬᠤᠶᠢᠯᠠᠯ ᠲᠠᠢ ᠣᠷᠳᠣ ᠬᠤᠭᠤᠴᠠᠭ᠎ᠠ ᠪᠠᠷ ᠠᠰᠢᠭ ᠲᠣᠰᠠ ᠶᠢᠨ ᠬᠤᠯᠪᠣᠭ᠎ᠠ ᠪᠠᠶᠢᠭᠤᠯᠵᠣ᠂ ᠴᠠᠭᠠᠨ ᠢᠳᠡᠭᠡᠨ ᠤ ᠦᠢᠯᠡᠳᠬᠦᠨ ᠤ ᠪᠣᠬᠢᠷᠳᠣᠯ ᠦᠬᠡᠢ᠂ ᠲᠣᠰᠬᠠᠢ ᠲᠡᠮᠳᠡᠭᠵᠢᠭᠰᠡᠨ᠂ ᠦᠨᠳᠦᠷ ᠲᠡᠰ ᠲᠡᠰᠢ ᠬᠦᠭᠵᠢᠯᠳᠡ ᠶᠢ ᠠᠬᠢᠭᠤᠯᠵᠣ᠂ ᠴᠠᠭᠠᠨ ᠢᠳᠡᠬᠡᠨ ᠤ ᠭᠠᠳᠠᠭᠰᠢ ᠪᠣᠷᠣᠯᠠᠭᠤᠯᠣᠯᠳᠠ ᠬᠦᠴᠢᠷ ᠠᠰᠠᠭᠤᠳᠠᠯ ᠢ ᠰᠢᠢᠳᠪᠦᠷᠢᠯᠡᠨ᠎ᠡ᠃2025 ᠣᠨ ᠪᠣᠯᠬᠤ ᠳᠤ20 ᠡᠷᠦᠬᠡ ᠴᠠᠭᠠᠨ ᠢᠳᠡᠬᠡᠨ ᠤ ᠵᠢᠵᠢᠭ ᠦᠢᠯᠡᠳᠪᠦᠷᠢ ᠶᠢ ᠲᠡᠰ ᠲᠡᠪᠰᠢᠭᠦᠯᠦᠨ᠎ᠡ᠃ ᠵᠢᠯ ᠳᠤ 2 ᠲᠦᠮᠡᠨ ᠲᠣᠨ ᠲᠦᠭᠦᠭᠡᠢ ᠰᠦ ᠡᠳ᠋ᠰᠢᠭᠦᠯᠬᠦ ᠶᠢ ᠪᠡᠶᠡᠯᠡᠭᠦᠯᠵᠦ᠂ ᠣᠯᠠᠮᠵᠢᠯᠠᠯᠳᠣ ᠴᠠᠭᠠᠨ ᠢᠳᠡᠬᠡᠨ ᠤ ᠲᠣᠰᠬᠠᠢ ᠲᠡᠮᠳᠡᠭᠳᠦ ᠪᠣᠷᠣᠯᠠᠭᠤᠯᠣᠯᠳᠠ ᠶᠢ ᠪᠡᠶᠡᠯᠡᠭᠦᠯᠦᠨ᠎ᠡ᠃        ᠭᠤᠷᠪᠠᠳᠤᠭᠠᠷ ᠬᠡᠰᠡᠭ  ᠤᠳᠤ ᠦᠶ᠎ᠡ ᠶᠢᠨ ᠦᠢᠯᠡᠴᠢᠯᠡᠭᠡᠨ ᠤ ᠦᠢᠯᠡᠰ      ᠠᠵᠤ ᠠᠬᠤᠢ ᠶᠢᠨ ᠤᠶᠠᠨ ᠬᠠᠳᠠᠨ ᠴᠢᠨᠠᠷ ᠢ ᠳᠡᠭᠡᠭᠰᠢᠯᠡᠬᠦᠯᠬᠦ ᠪᠠᠷ ᠵᠣᠷᠢᠯᠭ᠎ᠠ ᠪᠣᠯᠭᠠᠨ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠲᠤᠰᠬᠠᠶᠢᠵᠢᠭᠰᠠᠨ ᠪᠠ  ᠳᠡᠭᠡᠳᠦ ᠳᠡᠰ ᠤᠨ ᠦᠢᠯᠡᠴᠢᠯᠡᠭᠡ ᠲᠡᠰᠢ ᠣᠷᠳᠣᠳᠬᠠᠬᠤ᠂ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠨᠠᠷᠢᠯᠢᠭᠵᠢᠭᠰᠠᠨ᠂ ᠴᠢᠨᠠᠷᠵᠢᠭᠤᠯᠣᠨ ᠳᠡᠰ ᠳᠡᠪᠰᠢᠬᠦᠯᠬᠦ ᠶᠢ ᠠᠬᠢᠭᠤᠯᠵᠤ᠂ ᠦᠢᠯᠡᠴᠢᠯᠡᠭᠡᠨ ᠤ ᠦᠢᠯᠡᠰ ᠬᠢᠭᠡᠳ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠲᠠ ᠪᠠᠯᠭᠠᠰᠣᠵᠢᠯᠳᠡ ᠪᠠ ᠮᠠᠯ ᠠᠵᠤ ᠠᠬᠤᠢ ᠶᠢᠨ ᠣᠳᠣᠬᠢᠴᠢᠯᠠᠯᠲᠠ ᠲᠡᠰᠢ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ 2025 ᠣᠨ ᠪᠣᠯᠬᠤ ᠳᠤ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠢ 28 ᠳ᠋ᠦᠩᠰᠢᠭᠤᠷ ᠲᠥᠭᠦᠷᠢᠭ ᠲᠤ ᠬᠦᠷᠭᠡᠵᠣ᠂ GDP ᠳᠤ ᠡᠵᠡᠯᠡᠬᠦ ᠬᠠᠷᠢᠴᠠᠯ ᠢ 38% ᠣᠷᠴᠢᠮ ᠪᠣᠯᠲᠠᠯ᠎ᠠ ᠳᠡᠭᠡᠭᠰᠢᠯᠡᠭᠦᠯᠦᠨ᠎ᠡ᠃      ᠨᠢᠭᠡ᠂ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠳᠠᠢ ᠬᠥᠭᠵᠢᠯᠲᠡ ᠶᠢ ᠠᠬᠢᠭᠤᠯᠤᠨ᠎ᠠ      ᠵᠢᠭᠤᠯᠴᠢᠯᠠᠯ ᠤᠨ ᠬᠥᠭᠵᠢᠯᠲᠡ ᠶᠢᠨ ᠬᠦᠴᠦᠨ ᠵᠦᠢᠯ ᠤᠨ ᠪᠠᠶᠢᠭᠤᠯᠤᠯᠲᠠ ᠶᠢ ᠲᠦᠷᠭᠡᠳᠬᠡᠵᠦ᠂ ᠲᠠᠯ᠎ᠠ ᠨᠤᠲᠤᠭ ᠤᠨ ᠠᠮᠢ ᠠᠬᠤᠶ ᠶᠢᠨ ᠥᠩᠭᠡ ᠦᠵᠡᠮᠵᠢ᠂ ᠨᠡᠭᠦᠳᠡᠯ ᠮᠠᠯᠵᠢᠯ ᠤᠨ ᠰᠣᠶᠣᠯ ᠪᠣᠯᠤᠨ ᠪᠣᠭᠤᠮᠲᠠ ᠶᠢᠨ ᠬᠠᠷᠢ ᠤᠯᠤᠰ ᠤᠨ ᠣᠨᠴᠠᠯᠢᠭᠳᠣ ᠵᠠᠩ ᠦᠢᠯᠡ ᠪᠠᠷ ᠭᠤᠣᠯ ᠪᠣᠯᠭᠠᠭᠰᠠᠨ ᠵᠢᠭᠤᠯᠴᠢᠯᠠᠯ ᠤᠨ ᠲᠣᠭᠳᠠᠯᠴᠠᠭ᠎ᠠ ᠶᠢ ᠴᠣᠭᠴᠠᠯᠠᠨ ᠪᠠᠶᠢᠭᠤᠯᠵᠤ᠂ ᠦᠵᠦᠮᠦᠴᠢᠨ ᠣᠨᠴᠠᠯᠢᠭᠲᠤ ᠵᠢᠭᠤᠯᠴᠢᠯᠠᠯ ᠤᠨ ᠨᠡᠷᠡᠳᠦ ᠲᠡᠮᠳᠡᠭ ᠢ ᠡᠬᠦᠳᠦᠨ᠎ᠡ᠃ 2025 ᠣᠨ ᠪᠣᠯᠬᠤ ᠳᠤ ᠵᠢᠭᠤᠯᠴᠢᠯᠠᠯ ᠤᠨ ᠶᠡᠷᠦᠩᠬᠡᠶ ᠣᠷᠣᠯᠭ᠎ᠠ ᠶᠢ 3.6 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ ᠵᠢᠯ ᠳᠤ ᠵᠤᠭᠠᠴᠠᠭᠰᠠᠳ ᠢ 35 ᠲᠦᠮᠡᠨ ᠬᠥᠮᠦᠨ ᠤᠳᠠᠭ᠎ᠠ ᠠᠴᠠ ᠳᠠᠪᠠᠭᠤᠯᠤᠨ᠎ᠠ᠃      ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ᠃ ᠣᠷᠣᠨ ᠪᠦᠰᠡ ᠶᠢᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠨ᠂ ᠪᠦᠬᠦᠯᠢ ᠴᠣᠭᠴᠠ ᠪᠠᠷ ᠪᠣᠭᠤᠳᠠᠯᠯᠠᠬᠤ ᠪᠠ ᠤᠬᠠᠭᠤᠯᠤᠨ ᠲᠥᠰᠦᠪᠯᠡᠬᠦ ᠶᠢ ᠴᠢᠩᠭᠠᠳᠬᠠᠵᠤ᠂ ᠵᠡᠭᠦᠨ ᠬᠠᠲᠠᠪᠴᠢ ᠪᠣᠭᠤᠮᠲᠠ  — ᠮᠠᠨᠳᠣᠬᠤᠪᠣᠯᠠᠭ ᠪᠠᠯᠭᠠᠰᠤ — ᠪᠣᠭᠳ᠋ᠬᠠᠭᠤᠯᠠ ᠪᠠ ᠤᠯᠠᠭᠠᠶ ᠭᠤᠣᠯ ᠤᠨ ᠰᠠᠪᠠ ᠭᠠᠵᠠᠷ ᠵᠡᠷᠭᠡ ᠰᠣᠳᠣᠨ ᠵᠢᠭᠤᠯᠴᠢᠯᠠᠯ ᠤᠨ ᠪᠦᠰᠡ ᠶᠢ ᠭᠤᠣᠯᠳᠠᠯᠭ᠎ᠠ ᠲᠠᠢ ᠪᠠᠶᠢᠭᠤᠯᠵᠤ᠂ ᠨᠡᠶᠢᠲᠡᠯᠢᠭ ᠲᠠᠯ᠎ᠠ ᠨᠤᠲᠤᠭ᠂ ᠪᠠᠯᠠᠷ ᠣᠶ᠂ ᠭᠤᠣᠯ ᠮᠥᠷᠡᠨ ᠨᠠᠭᠤᠷ ᠴᠥᠭᠦᠷᠥᠮ ᠢ ᠨᠢᠭᠡ ᠴᠣᠭᠴᠠᠵᠢᠭᠤᠯᠤᠭᠰᠠᠨ ᠤᠤᠭᠠᠯ ᠠᠮᠢ ᠠᠬᠤᠶ ᠶᠢᠨ ᠵᠢᠭᠤᠯᠴᠢᠯᠠᠯ ᠤᠨ ᠪᠠᠶᠢᠷᠢᠰᠢᠯ ᠢ ᠪᠤᠶ ᠪᠣᠯᠭᠠᠨ᠎ᠠ᠃ ᠰᠢᠯᠢᠩᠬᠤᠲᠠ — ᠡᠵᠢ ᠨᠠᠭᠤᠷ — ᠤᠯᠢᠶᠠᠰᠤᠲᠠᠢ ᠪᠠᠯᠭᠠᠰᠤ — ᠤᠯᠢᠶᠠᠰᠤᠲᠠᠢ ᠠᠭᠤᠯᠠ — ᠮᠠᠨᠳᠣᠬᠤᠪᠣᠯᠠᠭ ᠪᠠᠯᠭᠠᠰᠤ — ᠪᠣᠭᠳ᠋ᠬᠠᠭᠤᠯᠠ ᠶᠢᠨ ᠵᠢᠭᠤᠯᠴᠢᠯᠠᠯ ᠤᠨ ᠵᠠᠮ ᠱᠤᠭᠤᠮ ᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠵᠡᠭᠦᠨ ᠬᠠᠲᠠᠪᠴᠢ ᠪᠣᠭᠤᠮᠲᠠ — ᠷᠠᠰᠢᠶᠠᠨ ᠬᠤᠲᠠ ᠶᠢᠨ ᠰᠦᠮᠪᠦᠷ ᠪᠣᠭᠤᠮᠲᠠ — ᠡᠪᠦᠳᠦᠭ ᠪᠣᠭᠤᠮᠲᠠ — ᠡᠷᠢᠶᠡᠨ ᠪᠣᠭᠤᠮᠲᠠ ᠶᠢᠨ ᠬᠢᠯᠢ ᠶᠢᠨ ᠵᠢᠭᠤᠯᠴᠢᠯᠠᠯ ᠤᠨ ᠵᠠᠮ ᠱᠤᠭᠤᠮ ᠢ ᠭᠠᠷᠭᠠᠵᠤ᠂ ᠰᠢᠯᠢ ᠶᠢᠨ ᠭᠤᠤᠯ ᠠᠶᠢᠮᠠᠭ ᠤᠨ ︽ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠱᠣᠭᠤᠮ︾ ᠤᠨ ᠪᠥᠬᠦ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠰᠠᠯᠪᠤᠷᠢ ᠱᠤᠭᠤᠮ ᠤᠨ ᠵᠢᠭᠤᠯᠴᠢᠯᠠᠯ ᠤᠨ ᠲᠥᠷᠥᠯ ᠵᠦᠢᠯ ᠳᠤ ᠭᠦᠨᠵᠡᠭᠡᠶ ᠠᠭᠤᠰᠤᠯᠴᠠᠭᠤᠯᠵᠤ᠂ ᠪᠡᠭᠡᠵᠢᠩ — ᠰᠢᠯᠢᠩᠬᠤᠲᠠ — ᠤᠯᠢᠶᠠᠰᠤᠲᠠᠢ — ᠮᠣᠩᠭᠤᠯ ᠤᠯᠤᠰ ᠤᠨ ᠣᠣᠭᠠᠯ ᠠᠮᠢ ᠠᠬᠤᠶ ᠶᠢ ᠪᠡᠶᠡᠴᠢᠯᠡᠨ ᠣᠶᠢᠯᠠᠭᠠᠬᠤ ᠵᠢᠭᠤᠯᠴᠢᠯᠠᠯ ᠪᠠ ᠬᠤᠪᠢ ᠶᠢᠨ ᠳᠡᠷᠭᠡ ᠪᠠᠷ ᠵᠢᠭᠤᠯᠴᠢᠯᠠᠬᠤ ᠵᠠᠮ ᠱᠤᠭᠤᠮ ᠢ ᠲᠦᠯᠦᠪᠵᠢᠬᠦᠯᠦᠨ᠎ᠡ᠃      ᠵᠢᠭᠤᠯᠴᠢᠯᠠᠯ ᠤᠨ ᠬᠥᠭᠵᠢᠯᠲᠡ ᠶᠢᠨ ᠵᠠᠭᠪᠤᠷ ᠤᠨ ᠰᠢᠨ᠎ᠡ ᠶᠢ ᠡᠭᠦᠳᠦᠨ᠎ᠡ᠃ ︽ᠵᠢᠭᠤᠯᠴᠢᠯᠠᠯ +︾᠂ ︽+ ᠵᠢᠭᠤᠯᠴᠢᠯᠠᠯ︾ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠠᠵᠢᠯ ᠲᠥᠷᠥᠯ ᠠᠯᠣᠰᠯᠠᠭᠰᠠᠨ ᠵᠢᠭᠤᠯᠴᠢᠯᠠᠯ ᠤᠨ ᠠᠭᠤᠰᠤᠯᠴᠠᠬᠤ ᠶᠢ ᠠᠬᠢᠭᠤᠯᠤᠨ᠎ᠠ᠃ ᠮᠠᠯ ᠠᠵᠤ ᠠᠬᠤᠢ ᠪᠠ ᠵᠢᠭᠤᠯᠴᠢᠯᠠᠯ ᠤᠨ ᠠᠭᠤᠰᠤᠯᠳᠤᠨ ᠬᠥᠭᠵᠢᠬᠦ ᠶᠢ ᠠᠬᠢᠭᠤᠯᠵᠤ᠂ ᠲᠣᠭᠤᠷᠢᠨ ᠦᠵᠡᠬᠦ ᠬᠡᠯᠪᠡᠷᠢ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠡᠯᠪᠡᠷᠢ᠂ ᠪᠡᠶᠡᠴᠢᠯᠡᠨ ᠣᠶᠢᠯᠠᠭᠠᠬᠤ ᠬᠡᠯᠪᠡᠷᠢ ᠶᠢᠨ ᠮᠠᠯ ᠠᠵᠤ ᠠᠬᠤᠢ ᠶᠢᠨ ᠵᠢᠭᠤᠯᠴᠢᠯᠠᠯ ᠤᠨ ᠵᠦᠢᠯᠡᠰ ᠢ ᠨᠡᠭᠡᠭᠡᠨ ᠬᠥᠭᠵᠢᠭᠦᠯᠵᠦ ᠂ ︽ᠮᠠᠯᠴᠢᠨ ᠠᠶᠢᠯ︾ ᠵᠢᠭᠤᠯᠴᠢᠯᠠᠯ᠂ ᠦᠪᠡᠷᠮᠢᠨᠴᠡ ᠣᠨᠴᠠᠯᠢᠭᠲᠤ ᠵᠢᠵᠢᠭ ᠪᠠᠯᠭᠠᠰᠤ ᠵᠡᠷᠭᠡ ᠲᠣᠭᠤᠷᠢᠨ ᠦᠵᠡᠬᠦ ᠬᠡᠯᠪᠡᠷᠢ ᠶᠢᠨ ᠮᠠᠯ ᠠᠵᠤ ᠠᠬᠤᠢ ᠵᠡᠷᠭᠡ ᠠᠷᠠᠳ ᠢ ᠪᠠᠶᠠᠵᠢᠭᠤᠯᠬᠤ ᠵᠢᠭᠤᠯᠴᠢᠯᠠᠯ ᠤᠨ ᠬᠡᠯᠪᠡᠷᠢ ᠪᠠᠶᠢᠳᠠᠯ ᠢ ᠬᠥᠭᠵᠢᠭᠦᠯᠵᠦ᠂ ᠮᠠᠯ ᠠᠵᠤ ᠠᠬᠤᠢ ᠶᠢᠨ ᠣᠨᠴᠠᠯᠢᠭᠲᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠬᠦᠳᠦᠨ᠎ᠡ ᠃ ︽ᠵᠢᠭᠤᠯᠴᠢᠯᠠᠯ + ᠰᠣᠶᠣᠯ︾ ᠢ ᠠᠬᠢᠭᠤᠯᠵᠤ᠂ ᠦᠵᠦᠮᠦᠴᠢᠨ ᠨᠡᠭᠦᠳᠡᠯ ᠮᠠᠯᠵᠢᠯ ᠤᠨ ᠰᠣᠶᠣᠯ᠂ ᠵᠠᠩ ᠦᠢᠯᠡ ᠶᠢᠨ ᠰᠣᠶᠣᠯ ᠪᠠ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠢ ᠪᠠᠳᠠᠷᠠᠭᠤᠯᠣᠨ᠂ ᠡᠯ᠎ᠡ ᠵᠦᠢᠯ ᠤᠨ ᠤᠯᠠᠮᠵᠢᠯᠠᠯᠲᠤ ᠰᠣᠶᠣᠯ ᠲᠠᠮᠢᠷ ᠤᠨ ᠬᠥᠳᠡᠯᠭᠡᠭᠡᠨ ᠪᠠ ᠮᠠᠯᠵᠢᠬᠤ ᠠᠮᠢᠳᠤᠷᠠᠯ ᠤᠨ ᠦᠢᠯᠡᠳᠦᠯᠭᠡ ᠶᠢᠨ ᠲᠥᠷᠥᠯ ᠵᠦᠢᠯ ᠢ ᠪᠠᠶᠢᠭᠤᠯᠵᠤ᠂ ᠪᠡᠶᠡᠴᠢᠯᠡᠨ ᠣᠶᠢᠯᠠᠭᠠᠬᠤ ᠬᠡᠯᠪᠡᠷᠢ ᠶᠢᠨ ᠵᠢᠭᠤᠯᠴᠢᠯᠠᠯ ᠢ ᠬᠥᠭᠵᠢᠭᠦᠯᠦᠨ᠎ᠡ᠃ ᠵᠢᠭᠤᠯᠴᠢᠯᠠᠯ ᠬᠢᠭᠡᠳ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠣᠶᠠᠯᠳᠣᠯ ᠢ ᠠᠬᠢᠭᠤᠯᠵᠤ᠂ ᠪᠥᠬᠦ ᠤᠯᠤᠰ ᠲᠤ ᠨᠡᠷ᠎ᠡ ᠠᠯᠳᠠᠷᠰᠢᠭᠰᠠᠨ ︽ᠰᠦᠯᠵᠢᠶᠡᠨ ᠤ ᠣᠳᠣᠨ ᠤ ᠵᠢᠭᠤᠯᠴᠢᠯᠠᠬᠤ ᠭᠠᠵᠠᠷ︾ ᠢ ᠪᠣᠶ ᠪᠣᠯᠭᠠᠵᠤ᠂ ︽ᠰᠦᠯᠵᠢᠶᠡᠨ ᠤ ᠣᠳᠣᠨ ᠤ ᠠᠵᠤ ᠠᠬᠤᠶ︾ ᠪᠠ ︽ᠰᠥᠨᠢ ᠶᠢᠨ ᠠᠵᠤ ᠠᠬᠤᠶ︾ ᠶᠢ ᠳᠠᠶᠢᠴᠢᠯᠠᠨ᠎ᠠ᠃ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠬᠢᠭᠡᠳ ᠵᠢᠭᠤᠯᠴᠢᠯᠠᠯ ᠢ ᠬᠠᠷᠢᠯᠴᠠᠨ ᠠᠪᠴᠠᠯᠳᠤᠭᠤᠯᠬᠤ ᠶᠢ ᠲᠦᠯᠬᠢᠨ ᠠᠬᠢᠭᠤᠯᠵᠤ᠂ ᠣᠨᠴᠠᠯᠢᠭᠲᠤ ᠤᠷᠠᠨ ᠰᠠᠶᠢᠬᠠᠨ ᠤ ᠲᠣᠭᠯᠠᠯᠲᠠ᠂ ᠰᠣᠶᠣᠯ ᠴᠡᠩᠭᠡᠯ᠂ ᠪᠦᠲᠦᠭᠡᠯᠴᠢ ᠵᠢᠷᠤᠭ ᠲᠥᠯᠥᠪᠯᠡᠭᠡ᠂ ᠮᠥᠰᠥ ᠴᠠᠰᠤᠨ ᠤ ᠵᠢᠭᠤᠯᠴᠢᠯᠠᠯ ᠵᠡᠷᠭᠡ ᠠᠵᠤ ᠦᠢᠯᠡᠰ ᠢ ᠬᠥᠭᠵᠢᠭᠦᠯᠦᠨ᠎ᠡ᠃ ᠬᠦᠢᠯᠡᠰᠦᠲᠡᠢ ᠷᠠᠰᠢᠶᠠᠨ᠂ ᠡᠵᠢ ᠨᠠᠭᠤᠷ ᠤᠨ ᠳᠠᠪᠤᠰᠤ᠂ ᠴᠡᠭᠡ ᠶᠢᠨ ᠰᠤᠪᠢᠯᠠᠯᠲᠠ ᠵᠡᠷᠭᠡ ᠪᠡᠶ᠎ᠡ ᠰᠤᠪᠢᠯᠠᠬᠤ ᠡᠬᠢ ᠪᠠᠶᠠᠯᠢᠭ ᠢ ᠨᠢᠭᠡᠳᠣᠭᠦᠯᠵᠣ᠂ ᠡᠷᠡᠭᠦᠯ ᠴᠢᠭᠢᠷᠠᠭ ᠰᠤᠪᠢᠯᠠᠯᠲᠠ ᠵᠤᠭᠠᠴᠠᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ︽ᠢᠨᠲ᠋ᠧᠷ ᠰᠦᠯᠵᠢᠶ᠎ᠡ + ᠵᠢᠭᠤᠯᠴᠢᠯᠠᠯ︾ ᠤᠨ ᠬᠥᠭᠵᠢᠯᠲᠡ ᠶᠢ ᠠᠬᠢᠭᠤᠯᠵᠤ᠂ ᠵᠢᠭᠤᠯᠴᠢᠯᠠᠯ ᠤᠨ ᠦᠢᠯᠡᠴᠢᠯᠡᠭᠡᠨ ᠤ ᠲᠠᠪᠴᠠᠩ  ᠢ ᠰᠠᠶᠢᠲᠤᠷ ᠪᠠᠶᠢᠭᠤᠯᠵᠤ᠂ ᠵᠢᠭᠤᠯᠴᠢᠯᠠᠯ ᠤᠨ ᠣᠶᠤᠨᠴᠢ ᠬᠠᠮᠢᠶᠠᠷᠤᠯᠲᠠ᠂ ᠣᠶᠤᠨᠴᠢ ᠦᠢᠯᠡᠴᠢᠯᠡᠭᠡ ᠪᠠ ᠣᠶᠤᠨᠴᠢ ᠡᠵᠡᠩᠨᠡᠨ ᠪᠣᠷᠣᠯᠠᠭᠤᠯᠬᠤ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠦᠨ᠎ᠡ᠃      ᠰᠣᠳᠣᠨ ᠵᠢᠭᠤᠯᠴᠢᠯᠠᠯ ᠤᠨ ᠦᠵᠡᠮᠵᠢ ᠶᠢᠨ ᠭᠠᠵᠠᠷ ᠪᠠ ᠵᠢᠭᠤᠯᠴᠢᠯᠠᠯ ᠤᠨ ᠪᠦᠲᠦᠭᠡᠭᠳᠡᠬᠦᠨ ᠢ ᠪᠤᠢ ᠪᠣᠯᠭᠠᠨ᠎ᠠ᠃ ᠤᠯᠢᠶᠠᠰᠤᠲᠠᠢ ᠠᠭᠤᠯᠠ ᠶᠢᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ᠂ ᠪᠣᠭᠳ᠋ᠬᠠᠭᠤᠯᠠ ᠶᠢᠨ ᠤᠯᠤᠰ ᠤᠨ ᠳᠡᠰ ᠤᠨ ᠣᠢ ᠰᠢᠭᠤᠢ ᠶᠢᠨ ᠴᠡᠴᠡᠷᠯᠢᠭ᠂ ᠤᠯᠠᠭᠠᠢ ᠴᠢᠭᠢᠭᠯᠢᠭ‌ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠲᠦᠷᠭᠡᠳᠬᠡᠨ ᠪᠠᠶᠢᠭᠤᠯᠵᠤ᠂ ᠬᠢᠯᠢ ᠬᠢᠵᠠᠭᠠᠷ ᠤᠨ ᠣᠨᠴᠠᠯᠢᠭᠲᠤ ᠪᠠᠯᠭᠠᠰᠤ᠂ ᠣᠢ ᠰᠢᠭᠤᠢ ᠶᠢᠨ ᠣᠨᠴᠠᠯᠢᠭᠲᠤ ᠪᠠᠯᠭᠠᠰᠤ᠂ ᠵᠡᠭᠦᠨ ᠬᠠᠲᠠᠪᠴᠢ ᠪᠣᠭᠤᠮᠲᠠ ᠶᠢᠨ ᠦᠵᠡᠮᠵᠢ ᠶᠢᠨ ᠣᠷᠣᠨ ᠪᠠ ᠡᠵᠢᠨᠠᠭᠤᠷ ᠦᠵᠡᠮᠵᠢ ᠶᠢᠨ ᠣᠷᠣᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ 2025 ᠣᠨ ᠰᠡᠭᠦᠯᠴᠢ ᠪᠣᠯᠬᠤ ᠳᠤ᠂ 3 A ᠲᠡᠰ ᠤᠨ ᠦᠵᠡᠮᠵᠢ ᠶᠢᠨ ᠣᠷᠣᠨ ᠢ 2 ᠶᠢ ᠪᠠᠶᠢᠭᠤᠯᠵᠤ᠂ ︽ᠮᠠᠯᠴᠢᠨ ᠠᠶᠢᠯ︾ ᠵᠢᠭᠤᠯᠴᠢᠯᠠᠯ ᠤᠨ ᠴᠡᠭ ᠢ 40 ᠡᠷᠦᠭᠡ ᠠᠴᠠ ᠳᠠᠪᠠᠭᠤᠯᠬᠤ ᠪᠠᠷ ᠴᠢᠷᠮᠠᠶᠢᠨ᠎ᠠ᠃ ᠵᠡᠭᠦᠨ ᠦᠵᠦᠮᠦᠴᠢᠨ ᠬᠤᠰᠢᠭᠤᠨ ᠤ ᠵᠠᠩ ᠠᠷᠠᠨᠰᠢᠨ ᠰᠣᠶᠣᠯ ᠤᠨ ᠪᠣᠯᠪᠠᠰᠤᠷᠠᠯ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠰᠠᠭᠤᠷᠢᠯᠠᠨ᠂ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ  ᠦᠢᠯᠡᠳᠬᠦ ᠠᠵᠤ ᠠᠬᠤᠶᠢᠯᠠᠯ ᠢ ᠲᠡᠳᠬᠦᠨ᠂ ᠭᠠᠷ ᠤᠷᠠᠯᠠᠯ ᠤᠨ ᠪᠦᠲᠦᠭᠡᠭᠳᠡᠬᠦᠨ ᠪᠠ ᠵᠢᠭᠤᠯᠴᠢᠯᠠᠯ ᠤᠨ ᠳᠤᠷᠠᠰᠬᠠᠯ ᠤᠨ ᠪᠣᠳᠠᠰ ᠢ ᠨᠡᠭᠡᠭᠡᠨ ᠬᠥᠭᠵᠢᠭᠦᠯᠵᠦ᠂ ᠨᠤᠲᠤᠭ ᠤᠨ ᠣᠨᠴᠠ ᠭᠠᠷᠤᠯᠲᠠ ᠪᠠ ᠰᠣᠶᠣᠯ ᠤᠷᠠᠯᠢᠭ ᠤᠨ ᠪᠦᠲᠦᠭᠡᠭᠳᠡᠬᠦᠨ ᠢ ᠵᠢᠭᠤᠯᠴᠢᠯᠠᠯ ᠤᠨ ᠲᠠᠸᠠᠷ ᠪᠣᠯᠭᠠᠨ ᠬᠤᠪᠢᠷᠠᠭᠤᠯᠬᠤ ᠪᠠᠷ ᠴᠢᠷᠮᠠᠶᠢᠨ᠎ᠠ᠃ ᠤᠯᠠᠭᠠᠨᠮᠥ᠋ᠴᠢᠷ ᠤᠨ ᠣᠨᠴᠠᠯᠢᠭ ᠢ ᠪᠠᠳᠠᠷᠠᠭᠤᠯᠵᠤ᠂ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠦᠨᠳᠦᠰᠦᠲᠡᠨ ᠤ ᠣᠨᠴᠠᠯᠢᠭ ᠲᠠᠢ ᠰᠣᠶᠣᠯ ᠤᠨ ᠠᠵᠤ ᠦᠢᠯᠡᠰ ᠢ ᠬᠥᠭᠵᠢᠭᠦᠯᠦᠨ᠎ᠡ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠵᠠᠬ᠎ᠠ ᠳᠡᠯᠭᠡᠬᠦᠷᠴᠢᠯᠡᠭᠰᠡᠨ ᠡᠵᠡᠩᠨᠡᠯᠲᠡ ᠶᠢ ᠠᠬᠢᠭᠤᠯᠵᠤ᠂ ᠲᠣᠰᠬᠠᠢ ᠵᠢᠭᠤᠯᠴᠢᠯᠠᠯ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ ᠵᠢᠭᠤᠯᠴᠢᠯᠠᠯ ᠤᠨ ᠨᠡᠷᠡᠲᠦ  ᠲᠡᠮᠳᠡᠭᠲᠦ ᠶᠢ ᠵᠢᠷᠤᠭᠯᠠᠨ ᠲᠥᠯᠥᠪᠯᠡᠬᠦ᠂ ᠪᠣᠭᠤᠳᠠᠯᠯᠠᠬᠤ ᠪᠠ ᠳᠡᠯᠭᠡᠷᠡᠭᠦᠯᠵᠦ᠂ ᠵᠢᠭᠤᠯᠴᠢᠯᠠᠯ ᠤᠨ ᠰᠣᠶᠣᠯ ᠤᠨ ᠪᠦᠲᠦᠭᠡᠭᠳᠡᠬᠦᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠵᠢᠭᠤᠯᠴᠢᠯᠠᠯ ᠤᠨ ᠠᠵᠤ ᠦᠢᠯᠡᠰ ᠤᠨ ᠬᠡᠯᠬᠢᠶᠡᠰᠣ ᠶᠢ ᠤᠷᠲᠤᠳᠬᠠᠵᠤ᠂ ᠵᠢᠭᠤᠯᠴᠢᠯᠠᠯ ᠤᠨ ᠬᠡᠷᠡᠭᠯᠡᠭᠡ ᠶᠢ ᠥᠷᠭᠡᠳᠬᠡᠨ᠎ᠡ᠃ ᠵᠢᠭᠤᠯᠴᠢᠯᠠᠯ ᠤᠨ ᠡᠵᠡᠩᠨᠡᠨ ᠪᠣᠷᠣᠯᠠᠭᠤᠯᠬᠤ ᠵᠠᠭᠪᠤᠷ ᠲᠤ ᠰᠢᠨ᠎ᠡ ᠶᠢ ᠡᠭᠦᠳᠴᠦ᠂ ︽ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠢ ᠪᠡᠶᠡᠴᠢᠯᠡᠨ ᠣᠶᠢᠯᠠᠭᠠᠬᠤ︾ ᠨᠠᠷᠠᠲᠤ ᠲᠡᠮᠳᠡᠭᠲᠦ ᠶᠢ ᠠᠯᠳᠠᠷᠰᠢᠭᠤᠯᠤᠨ᠎ᠠ᠃ ᠵᠢᠭᠤᠯᠴᠢᠯᠠᠯ ᠤᠨ ᠦᠨᠡᠨᠴᠢ ᠢᠲᠡᠭᠡᠮᠵᠢ ᠶᠢᠨ ᠲᠣᠭᠳᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠢᠲᠡᠭᠡᠮᠵᠢ ᠶᠢᠨ ᠦᠨᠡᠯᠡᠬᠦ ᠲᠣᠭᠲᠠᠴᠠ ᠶᠢ ᠪᠠᠶᠢᠭᠤᠯᠵᠤ᠂ ᠵᠢᠭᠤᠯᠴᠢᠯᠠᠯ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠂ ᠨᠠᠩ ᠣᠯᠠᠨ ᠵᠢᠭᠤᠯᠴᠢᠳ ᠪᠠ ᠰᠠᠶᠢᠨ ᠦᠨᠡᠯᠡᠯᠲᠡ  ᠶᠢ ᠪᠣᠢ ᠪᠣᠯᠭᠠᠨ᠎ᠠ᠃ ᠪᠦᠬᠦ ᠬᠤᠰᠢᠭᠤᠨ ᠤ ᠵᠢᠭᠤᠯᠴᠢᠯᠠᠯ ᠤᠨ ᠡᠬᠢ ᠪᠠᠶᠠᠯᠢᠭ ᠢ ᠨᠢᠭᠡᠳᠦᠯᠲᠡᠢ ᠲᠦᠯᠦᠪᠵᠢᠬᠦᠯᠵᠣ᠂ ᠲᠣᠮᠣ ᠬᠡᠯᠪᠡᠷᠢ ᠶᠢᠨ ᠠᠵᠤ ᠠᠬᠤᠶᠢᠯᠠᠯ᠂ ᠨᠡᠷᠡᠲᠦ ᠲᠡᠮᠳᠡᠭᠲᠦ ᠵᠤᠭᠠᠴᠠᠯ ᠤᠨ ᠭᠠᠵᠠᠷ ᠪᠠ ᠨᠠᠶᠢᠳᠠᠨ ᠡᠵᠡᠩᠨᠡᠬᠦ ᠠᠷᠠᠯᠵᠢᠶᠠᠴᠢᠨ ᠢ ᠣᠷᠢᠨ ᠣᠷᠣᠭᠤᠯᠵᠤ᠂ ᠵᠢᠭᠤᠯᠴᠢᠯᠠᠯ ᠤᠨ ᠭᠦᠭᠵᠢᠯᠲᠡ ᠳᠤ ᠣᠷᠣᠯᠴᠠᠭᠤᠯᠤᠨ᠂ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃      ᠬᠤᠶᠠᠷ᠂ ᠪᠣᠳᠠᠰ ᠤᠨ ᠭᠦᠢᠯᠭᠡᠭᠡᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ᠎ᠡ      ︽ᠬᠤᠣᠰ ᠣᠷᠴᠢᠯᠳᠣ︾ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠠᠭᠤᠰᠤᠯᠴᠠᠵᠤ᠂ ᠵᠡᠭᠦᠨ ᠬᠠᠲᠠᠪᠴᠢ ᠪᠣᠭᠤᠮᠲᠠ ᠶᠢᠨ ᠪᠣᠳᠠᠰ ᠤᠨ ᠭᠦᠢᠯᠭᠡᠭᠡᠨ ᠤ  ᠲᠣᠭᠤᠷᠢᠭ ᠤᠨ ᠬᠤᠯᠪᠣᠯᠳᠠ ᠶᠢᠨ ᠱᠣᠭᠤᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠳᠣᠲᠣᠭᠠᠳᠤ ᠭᠠᠳᠠᠭᠠᠳᠤ ᠶᠢ ᠬᠤᠯᠪᠣᠭᠰᠠᠨ ᠥᠨᠳᠥᠷ ᠪᠦᠲᠦᠮᠵᠢᠲᠦ ᠣᠳᠣᠬᠢᠴᠢᠯᠠᠭᠰᠠᠨ ᠭᠦᠢᠯᠭᠡᠭᠡᠨ ᠤ ᠲᠣᠭᠳᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ᠃ 2025 ᠣᠨ ᠪᠣᠯᠬᠤ ᠳᠤ᠂ ᠪᠦᠬᠦ ᠨᠡᠶᠢᠭᠡᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 700 ᠲᠦᠮᠡᠨ ᠲᠣᠨ ᠣᠷᠴᠢᠮ ᠳᠤ ᠬᠦᠷᠭᠡᠵᠣ᠂ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 200 ᠲᠦᠮᠡᠨ ᠲᠣᠨ ᠣᠷᠴᠢᠮ ᠳᠤ ᠬᠦᠷᠭᠡᠵᠣ᠂ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 600 ᠲᠦᠮᠡᠨ ᠲᠣᠨ ᠣᠷᠴᠢᠮ ᠳᠤ ᠬᠦᠷᠭᠡᠨ᠎ᠡ᠃      ︽ᠨᠢᠭᠡ ᠭᠠᠵᠠᠷ᠂ ᠬᠤᠶᠠᠷ ᠲᠥᠪ︾ ᠪᠠ ︽ᠨᠢᠭᠡ ᠵᠠᠩᠭᠢᠯᠠᠭ᠎ᠠ ᠶᠢᠨ ᠴᠡᠭ᠂ ᠨᠢᠭᠡ ᠲᠠᠪᠴᠠᠩ︾  ᠪᠣᠳᠠᠰ  ᠤᠨ ᠭᠦᠢᠯᠭᠡᠭᠡᠨ ᠤ ᠪᠠᠶᠢᠷᠢᠰᠢᠯ ᠢ ᠪᠠᠶᠢᠭᠤᠯᠤᠨ᠎ᠠ᠃ ᠵᠡᠭᠦᠨ ᠬᠠᠲᠠᠪᠴᠢ ᠪᠣᠭᠤᠮᠲᠠ ᠳᠤ ᠲᠦᠰᠢᠭᠯᠡᠨ᠂ ᠣᠯᠠᠨ ᠤᠯᠤᠰ ᠠᠴᠠ ᠪᠣᠳᠠᠰ ᠤᠨ ᠭᠦᠢᠯᠭᠡᠭᠡᠨ ᠤ ᠰᠠᠭᠤᠷᠢᠨ ᠭᠠᠵᠠᠷ ᠢ ᠪᠠᠶᠢᠭᠤᠯᠤᠨ᠎ᠠ᠃ ᠤᠯᠤᠰ ᠤᠨ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠦᠷᠢᠶᠡᠯᠡᠩ ᠤᠨ ᠳᠠᠪᠠᠭᠤᠯᠢᠭ ᠢ ᠪᠠᠳᠠᠷᠠᠭᠤᠯᠵᠤ᠂ ᠪᠣᠳᠠᠰ ᠤᠨ ᠭᠦᠢᠯᠬᠡᠬᠡ᠂ ᠬᠤᠳᠠᠯᠳᠤᠭ᠎ᠠ᠂ ᠮᠡᠳᠡᠭᠡ ᠵᠠᠩᠭᠢ ᠶᠢ ᠨᠢᠭᠡ ᠴᠣᠠᠠᠴᠠᠵᠢᠭᠤᠯᠥᠠᠠᠰᠠᠨ ᠡᠯᠧᠺᠲᠷᠣᠨ ᠬᠤᠳᠠᠯᠳᠤᠭᠠᠨ ᠤ ᠬᠥᠮᠥᠷᠭᠡᠯᠡᠬᠦ ᠪᠠ ᠪᠣᠳᠠᠰ ᠤᠨ ᠭᠦᠢᠯᠭᠡᠭᠡᠨ ᠤ ᠲᠥᠪ ᠢ ᠪᠠᠶᠢᠭᠤᠯᠤᠨ᠎ᠠ᠃ ᠵᠡᠭᠦᠨ ᠦᠵᠦᠮᠦᠴᠢᠨ ᠬᠤᠰᠢᠭᠤᠨ ᠤ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠪᠠᠷᠢᠯᠭ᠎ᠠ ᠡᠬᠢᠯᠡᠭᠦᠯᠬᠦ ᠠᠰᠢᠭᠲᠠᠢ ᠠᠵᠠ ᠲᠣᠬᠢᠶᠠᠯ   ᠢ ᠡᠵᠡᠮᠳᠡᠨ᠂ ᠬᠠᠳᠠᠭᠠᠯᠠᠵᠤ ᠲᠡᠭᠡᠭᠡᠪᠦᠷᠢᠯᠡᠬᠦ᠂ ᠪᠣᠭᠤᠳᠠᠯᠯᠠᠬᠤ᠂ ᠲᠤᠬᠢᠷᠠᠭᠤᠯᠤᠨ ᠬᠦᠷᠭᠡᠬᠦ᠂ ᠮᠡᠳᠡᠭᠡ ᠵᠠᠩᠭᠢ ᠶᠢᠨ ᠦᠢᠯᠡᠴᠢᠯᠡᠭᠡ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠣᠳᠣ ᠦᠶ᠎ᠡ ᠶᠢᠨ ᠠᠭᠠᠷ ᠤᠨ ᠠᠶᠠᠯᠠᠯ ᠤᠨ ᠪᠣᠳᠠᠰ ᠤᠨ ᠭᠦᠢᠯᠭᠡᠭᠡᠨ ᠤ ᠲᠥᠪ ᠢ ᠪᠠᠶᠢᠭᠤᠯᠤᠨ᠎ᠠ᠃ ᠬᠢᠯᠢ ᠠᠯᠤᠰᠯᠠᠭᠰᠠᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠮᠠᠨ ᠤ ᠬᠤᠰᠢᠭᠤ ᠪᠠᠨ ᠳᠣᠲᠣᠷ᠎ᠠ ᠭᠠᠵᠠᠷ ᠲᠠᠢ ᠬᠤᠯᠪᠣᠭᠰᠠᠨ᠂ ᠰᠢᠯᠢ ᠶᠢᠨ ᠭᠤᠣᠯ ᠤᠯᠠᠭᠠᠨᠬᠠᠳᠠ ᠲᠦᠩᠯᠢᠶᠣᠤ ᠶᠢᠨ ᠠᠵᠤ ᠠᠬᠤᠢ ᠶᠢᠨ ᠲᠣᠭᠤᠷᠢᠭ ᠲᠤ ᠦᠢᠯᠡᠴᠢᠯᠡᠭᠰᠡᠨ᠂ ᠵᠡᠭᠦᠨ ᠬᠤᠶᠢᠲᠤ ᠣᠷᠣᠨ ᠪᠠ ᠤᠮᠠᠷᠠᠲᠤ ᠣᠷᠣᠨ ᠢ ᠨᠥᠯᠥᠭᠡᠯᠡᠭᠰᠡᠨ ᠪᠣᠳᠠᠰ ᠤᠨ ᠭᠦᠢᠯᠭᠡᠭᠡᠨ ᠤ ᠱᠣᠭᠤᠮ ᠤᠨ ᠴᠢᠬᠤᠯᠠ ᠵᠠᠩᠭᠢᠯᠠᠭ᠎ᠠ ᠪᠣᠯᠭᠠᠨ ᠪᠦᠲᠦᠭᠡᠨ ᠪᠠᠶᠢᠭᠤᠯᠤᠨ᠎ᠠ᠃ ᠭᠤᠣᠯᠯᠠᠬᠤ ᠠᠵᠤ ᠦᠢᠯᠡᠰ ᠢᠶᠠᠷ ᠭᠤᠣᠯ ᠪᠣᠯᠭᠠᠨ᠂ ᠪᠣᠳᠠᠰ ᠤᠨ ᠭᠦᠢᠯᠭᠡᠭᠡᠨ ᠤ ᠡᠬᠢ ᠪᠠᠶᠠᠯᠢᠭ ᠢ ᠨᠢᠭᠡᠳᠦᠬᠦᠯᠬᠦ ᠡᠷᠴᠢᠮ ᠢ ᠴᠢᠩᠭᠠᠷᠠᠭᠤᠯᠵᠣ᠂ ᠡᠳ᠋ ᠪᠠᠷᠠᠭ᠎ᠠ ᠵᠣᠬᠢᠶᠠᠨ ᠪᠠᠶᠢᠭᠤᠯᠬᠤ᠂ ᠪᠣᠭᠤᠮᠲᠠ ᠪᠡᠷ‌ᠥᠩᠭᠡᠷᠡᠬᠦ ᠭᠠᠶᠢᠯᠢ ᠶᠢ ᠪᠠᠲᠤᠯᠠᠬᠤ᠂ ᠬᠥᠮᠥᠷᠭᠡᠯᠡᠨ ᠬᠠᠳᠠᠭᠠᠯᠠᠵᠤ ᠲᠣᠬᠢᠷᠠᠭᠤᠯᠤᠨ ᠬᠦᠷᠭᠡᠬᠦ᠂ ᠣᠷᠣᠨ ᠪᠦᠰᠡ ᠬᠤᠪᠢᠶᠠᠷᠢᠯᠠᠨ  ᠲᠠᠷᠬᠠᠭᠠᠬᠤ᠂ ᠣᠯᠠᠨ ᠬᠡᠯᠪᠡᠷᠢ ᠪᠠᠷ ᠬᠤᠯᠪᠣᠭᠠᠯᠠᠨ ᠲᠡᠭᠡᠭᠡᠪᠦᠷᠢᠯᠡᠬᠦ᠂ ᠠᠷᠠᠯᠵᠢᠶᠠᠯᠠᠵᠤ ᠳ᠋ᠦᠩᠨᠡᠨ ᠪᠣᠳᠣᠬᠤ᠂ ᠬᠦᠢᠲᠡᠨ ᠬᠡᠯᠬᠢᠶᠡᠲᠦ ᠪᠣᠳᠠᠰ ᠤᠨ ᠭᠦᠢᠯᠬᠡᠬᠡ ᠵᠡᠷᠭᠡ ᠦᠢᠯᠡᠴᠢᠯᠡᠭᠡᠨ ᠤ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠪᠣᠳᠠᠰ ᠤᠨ ᠭᠦᠢᠯᠭᠡᠭᠡᠨ ᠤ ᠦᠢᠯᠡᠴᠢᠯᠡᠭᠡᠨ ᠤ ᠲᠠᠪᠴᠠᠩ ᠢ ᠪᠤᠶ ᠪᠣᠯᠭᠠᠨ᠎ᠠ᠃      ᠵᠠᠩᠭᠢᠯᠠᠭ᠎ᠠ ᠶᠢᠨ ᠠᠵᠤ ᠠᠬᠤᠶ ᠶᠢ ᠬᠦᠭᠵᠢᠬᠦᠯᠦᠨ᠎ᠡ᠃ ᠪᠣᠭᠤᠮᠲᠠ ᠶᠢᠨ ᠡᠬᠢ ᠪᠠᠶᠠᠯᠢᠭ ᠢ  ᠡᠳ᠋ᠰᠢᠬᠦᠯᠦᠨ ᠪᠣᠯᠪᠠᠰᠣᠷᠠᠭᠤᠯᠬᠤ ᠰᠠᠭᠤᠷᠢᠨ ᠭᠠᠵᠠᠷ ᠪᠠ ᠳᠤᠮᠳᠠᠳᠤ ᠣᠷᠣᠰ ᠮᠣᠩᠭᠤᠯ ᠤᠨ ᠠᠵᠤ ᠠᠬᠤᠶ ᠶᠢᠨ ᠬᠤᠩᠬᠢᠶᠠᠯ ᠳᠤ ᠬᠠᠨᠳᠤᠭᠤᠯᠤᠭᠰᠠᠨ ᠭᠠᠶᠢᠯᠢ ᠪᠠᠲᠤᠯᠠᠬᠤ ᠪᠣᠳᠠᠰ ᠤᠨ ᠭᠦᠢᠯᠭᠡᠭᠡᠨ ᠤ ᠲᠥᠪ ᠢ ᠲᠦᠷᠭᠡᠳᠬᠡᠨ ᠪᠠᠶᠢᠭᠤᠯᠵᠤ᠂ ᠮᠣᠩᠭᠤᠯ ᠤᠯᠤᠰ — ᠵᠡᠭᠦᠨ ᠬᠠᠲᠠᠪᠴᠢ ᠬᠢᠯᠢ ᠶᠢᠨ ᠪᠣᠭᠤᠮᠲᠠ — ᠤᠯᠢᠶᠠᠰᠤᠲᠠᠢ ᠠᠵᠤ ᠦᠢᠯᠡᠳᠪᠦᠷᠢ ᠶᠢᠨ ᠲᠣᠭᠤᠷᠢᠭ — ᠳᠠᠯᠠᠢ ᠳᠠᠭᠠᠤ ᠭᠠᠷᠠᠮ ᠤᠨ ᠣᠯᠠᠨ ᠤᠯᠤᠰ ᠤᠨ ᠪᠣᠳᠠᠰ ᠤᠨ ᠭᠦᠢᠯᠭᠡᠭᠡᠨ ᠤ ᠱᠣᠭᠤᠮ ᠢ ᠨᠡᠪᠲᠡᠷᠡᠭᠦᠯᠦᠨ᠂ ᠲᠣᠮᠣ ᠬᠡᠯᠪᠡᠷᠢ ᠶᠢᠨ ᠪᠣᠳᠠᠰ ᠤᠨ ᠭᠦᠢᠯᠭᠡᠭᠡᠨ ᠤ ᠠᠵᠤ ᠠᠬᠤᠶᠢᠯᠠᠯ ᠢ ᠣᠷᠢᠨ ᠣᠷᠣᠭᠤᠯᠵᠣ᠂ ᠭᠤᠷᠪᠠᠳᠠᠬᠢ ᠡᠲᠡᠭᠡᠳ ᠤᠨ ᠪᠣᠳᠠᠰ ᠤᠨ ᠭᠦᠢᠯᠭᠡᠭᠡᠨ ᠤ ᠠᠵᠤ ᠠᠬᠤᠶᠢᠯᠠᠯ ᠤᠨ ᠬᠤᠳᠠᠯᠳᠤᠨ ᠠᠪᠬᠤ᠂ ᠣᠷᠣᠨ ᠪᠦᠰᠡ ᠪᠠᠷ ᠬᠤᠪᠢᠶᠠᠷᠢᠯᠠᠨ ᠲᠠᠷᠬᠠᠭᠠᠬᠤ ᠪᠠ ᠲᠤᠬᠢᠷᠠᠭᠤᠯᠤᠨ ᠬᠦᠷᠭᠡᠬᠦ ᠲᠥᠪ ᠪᠠᠶᠢᠭᠤᠯᠬᠤ ᠶᠢ ᠵᠣᠷᠢᠭᠵᠢᠭᠤᠯᠤᠨ᠂ ᠪᠣᠳᠠᠰ ᠤᠨ ᠭᠦᠢᠯᠬᠡᠬᠡ᠂ ᠡᠯᠧᠺᠲᠷᠣᠨ ᠬᠤᠳᠠᠯᠳᠤᠭ᠎ᠠ᠂ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠵᠡᠷᠭᠡ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠢᠳᠡᠪᠬᠢᠲᠡᠶ ᠪᠠᠷ ᠪᠠᠶᠢᠷᠢᠰᠢᠭᠤᠯᠵᠤ᠂ ︽ᠪᠣᠳᠠᠰ ᠤᠨ ᠬᠦᠢᠯᠭᠡᠭᠡᠨ ᠤ ᠱᠣᠭᠤᠮ ᠤᠨ ᠠᠵᠤ ᠠᠬᠤᠶ︾ ᠠᠴᠠ ︽ ᠵᠠᠩᠬᠢᠯᠠᠭ᠎ᠠ ᠶᠢᠨ ᠠᠵᠤ ᠠᠬᠤᠶ +  ᠪᠣᠳᠠᠰ ᠤᠨ ᠬᠦᠢᠯᠭᠡᠭᠡᠨ ᠤ ᠱᠣᠭᠤᠮ  ᠤᠨ ᠠᠵᠤ ᠠᠬᠤᠶ︾ ᠲᠡᠰᠢ ᠬᠤᠪᠢᠷᠠᠭᠤᠯᠬᠤ ᠶᠢ ᠠᠬᠢᠭᠤᠯᠤᠨ᠎ᠠ᠃      ᠪᠣᠳᠠᠰ ᠤᠨ ᠭᠦᠢᠯᠭᠡᠭᠡᠨ ᠤ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠣᠳᠠᠰ ᠤᠨ ᠭᠦᠢᠯᠭᠡᠭᠡᠨ ᠤ ᠲᠣᠭᠤᠷᠢᠭ ᠪᠣᠯᠤᠨ ᠪᠣᠳᠠᠰ ᠤᠨ ᠭᠦᠢᠯᠭᠡᠭᠡᠨ ᠤ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠬᠠᠮᠢᠶ᠎ᠠ ᠪᠦᠬᠦᠢ ᠠᠵᠢᠯ ᠲᠥᠷᠥᠯ ᠤᠨ ᠪᠠᠷᠢᠮᠵᠢᠶ᠎ᠠ ᠶᠢ ᠲᠦᠷᠭᠡᠳᠬᠡᠨ ᠬᠡᠷᠡᠭᠵᠢᠭᠦᠯᠵᠦ᠂ ᠪᠣᠳᠠᠰ ᠤᠨ ᠭᠦᠢᠯᠭᠡᠭᠡᠨ ᠤ ᠪᠠᠷᠢᠮᠵᠢᠶᠠᠵᠢᠭᠰᠠᠨ  ᠲᠥᠬᠦᠭᠡᠷᠦᠮᠵᠢ ᠶᠢ ᠢᠳᠡᠪᠬᠢᠲᠡᠶ ᠪᠠᠷ ᠳᠡᠯᠭᠡᠷᠡᠭᠦᠯᠦᠨ᠂ ᠪᠠᠷᠢᠮᠵᠢᠶᠠᠵᠢᠭᠰᠠᠨ ᠬᠥᠮᠥᠷᠭᠡᠯᠡᠨ ᠬᠠᠳᠠᠭᠠᠯᠠᠬᠤ ᠪᠠ ᠳᠠᠮᠵᠢᠭᠤᠯᠤᠨ ᠲᠡᠭᠡᠭᠡᠪᠦᠷᠢᠯᠡᠬᠦ ᠲᠥᠬᠦᠭᠡᠷᠦᠮᠵᠢ᠂ ᠲᠡᠭᠡᠭᠡᠪᠦᠷᠢ ᠶᠢᠨ ᠪᠠᠭᠠᠵᠢ᠂ ᠵᠣᠭᠰᠣᠬᠤ ᠪᠠ ᠪᠠᠷᠠᠭ᠎ᠠ ᠪᠠᠭᠤᠯᠭᠠᠬᠤ ᠥᠷᠲᠡᠭᠡ ᠴᠢᠭ ᠪᠠᠷᠢᠮᠵᠢᠶᠠᠵᠢᠭᠤᠯᠣᠨ ᠪᠠᠶᠢᠭᠤᠯᠬᠤ ᠪᠠ ᠦᠭᠡᠷᠡᠴᠢᠯᠡᠬᠦ ᠪᠠᠷ ᠳᠡᠮᠵᠢᠵᠦ᠂ ᠪᠣᠳᠠᠰ  ᠤᠨ ᠭᠦᠢᠯᠭᠡᠭᠡᠨ ᠤ ᠭᠤᠭᠴᠤᠭ᠎ᠠ ᠶᠢᠨ ᠪᠦᠬᠦ ᠶᠠᠪᠤᠴᠠ ᠶᠢ ᠪᠠᠷᠢᠮᠵᠢᠶᠠᠵᠢᠭᠤᠯᠣᠨ ᠵᠣᠯᠭᠠᠭᠤᠯᠣᠨ᠎ᠠ᠃ ᠲᠣᠭᠠᠴᠢᠯᠠᠭᠰᠠᠨ ᠪᠣᠳᠠᠰ ᠤᠨ ᠭᠦᠢᠯᠭᠡᠭᠡᠨ ᠤ ᠰᠠᠭᠤᠷᠢ ᠲᠥᠬᠦᠭᠡᠷᠦᠮᠵᠢ᠂ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂  ᠮᠠᠰᠢᠨᠴᠢᠯᠠᠭᠰᠠᠨ᠂ ᠣᠶᠤᠨᠴᠢᠯᠠᠭᠰᠠᠨ ᠪᠣᠰᠤᠭ᠎ᠠ ᠴᠣᠭᠴᠠᠲᠤ ᠬᠥᠮᠥᠷᠭᠡ ᠪᠠ ᠣᠶᠣᠨᠴᠢ ᠪᠠᠷ ᠢᠯᠭᠠᠨ ᠰᠠᠯᠭᠠᠬᠤ ᠮᠡᠷᠭᠡᠵᠢᠯ ᠵᠡᠷᠭᠡ ᠤᠳᠤ ᠦᠶ᠎ᠡ ᠶᠢᠨ ᠪᠣᠳᠠᠰ ᠤᠨ ᠭᠦᠢᠯᠭᠡᠭᠡᠨ ᠤ ᠮᠡᠷᠭᠡᠵᠢᠯ ᠤᠨ ᠬᠡᠷᠡᠭᠯᠡᠯᠲᠡ ᠶᠢ ᠳᠠᠮᠵᠢᠵᠤ᠂ ᠪᠣᠳᠠᠰ ᠤᠨ ᠲᠡᠭᠡᠭᠡᠪᠦᠷᠢ ᠶᠢᠨ ᠲᠡᠷᠭᠡ ᠬᠥᠰᠬᠡ ᠳᠤ ᠤᠶᠤᠨᠲᠤ ᠲᠥᠬᠦᠭᠡᠷᠦᠮᠵᠢ ᠨᠡᠮᠡᠵᠦ ᠤᠭᠰᠠᠷᠠᠬᠤ ᠶᠢ ᠵᠣᠷᠢᠭᠵᠢᠭᠤᠯᠤᠨ᠂ ᠪᠣᠳᠠᠰ ᠤᠨ ᠭᠦᠢᠯᠭᠡᠭᠡᠨ ᠤ ᠦᠢᠯᠡᠰ ᠤᠨ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠰᠢᠭᠤ ᠰᠢᠶᠠᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠦᠷᠭᠡᠨ ᠭᠤᠪᠢᠭᠤᠯᠭ᠎ᠠ ᠶᠢᠨ ᠪᠣᠳᠠᠰ ᠤᠨ ᠭᠦᠢᠯᠭᠡᠭᠡ ᠶᠢᠨ ᠲᠣᠭᠳᠠᠯᠴᠠᠭ᠎ᠠ ᠶᠢ ᠲᠠᠰ ᠳᠡᠪᠰᠢᠭᠦᠯᠬᠦ ᠠᠵᠢᠯᠯᠠᠭ᠎ᠠ ᠶᠢ ᠠᠬᠢᠭᠤᠯᠵᠤ᠂ ᠰᠤᠮᠤ ᠭᠠᠴᠠᠭᠠᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡ ᠶᠢᠨ ᠥᠷᠲᠡᠭᠡ ᠶᠢ ᠲᠠᠰ ᠳᠡᠪᠰᠢᠭᠦᠯᠬᠦ ᠶᠢ ᠮᠠᠯᠵᠢᠬᠤ ᠣᠷᠣᠨ ᠤ ᠦᠢᠯᠡᠳᠬᠦᠨ ᠤ ᠭᠠᠳᠠᠭᠰᠢ ᠬᠦᠷᠭᠡᠬᠦ᠂ ᠬᠤᠷᠢᠶᠠᠬᠤ᠂ ᠢᠯᠭᠠᠬᠤ ᠪᠠ ᠪᠣᠭᠤᠳᠠᠯᠯᠠᠬᠤ ᠴᠡᠭ ᠪᠣᠯᠭᠠᠵᠤ᠂ ᠮᠠᠯᠵᠢᠬᠤ ᠣᠷᠣᠨ ᠤ ᠣᠨᠴᠠᠯᠢᠠᠠᠳᠦ ᠦᠢᠯᠡᠳᠬᠦᠨ ᠢ ᠭᠠᠳᠠᠭᠰᠢ ᠬᠦᠷᠭᠡᠬᠦ ︽ᠠᠩᠬᠠᠨ ᠤ ᠨᠢᠭᠡ ᠺᠢᠯᠣᠮᠧᠲᠷ︾ ᠪᠠ ᠠᠵᠤ ᠦᠢᠯᠡᠳᠪᠦᠷᠢ ᠶᠢᠨ ᠬᠡᠷᠡᠭᠯᠡᠭᠡᠨ ᠤ ᠵᠦᠢᠯ ᠢ ᠳᠣᠷᠣᠭᠰᠢ ᠣᠷᠣᠭᠤᠯᠬᠤ ︽ᠡᠴᠦᠰ ᠤᠨ ᠨᠢᠭᠡ ᠺᠢᠯᠣᠮᠧᠲᠷ︾ ᠤᠨ ᠳᠣᠭᠢᠷᠠᠭᠤᠯᠤᠨ ᠬᠦᠷᠭᠡᠬᠦ ᠠᠰᠠᠭᠤᠳᠠᠯ ᠢ ᠰᠢᠢᠳᠪᠦᠷᠢᠯᠡᠨ᠎ᠡ᠃      ᠭᠤᠷᠪᠠ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠦᠢᠯᠡᠰ ᠤᠨ ᠠᠭᠤᠰᠤᠯᠳᠤᠨ ᠬᠥᠭᠵᠢᠬᠦ ᠶᠢ ᠳᠥᠯᠭᠢᠨ ᠠᠬᠢᠭᠤᠯᠤᠨ᠎ᠠ      ᠵᠢᠵᠢᠭᠯᠡᠨ ᠪᠣᠷᠣᠯᠠᠭᠤᠯᠬᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠰᠦᠯᠵᠢᠶ᠎ᠡ ᠪᠠ ᠪᠣᠳᠠᠳᠣ ᠠᠬᠤᠢ ᠠᠭᠤᠰᠤᠯᠴᠠᠨ ᠬᠥᠭᠵᠢᠬᠦ ᠶᠢ ᠵᠣᠷᠢᠭᠵᠢᠭᠤᠯᠵᠤ᠂ ᠬᠥᠭᠵᠢᠯᠲᠡ ᠶᠢᠨ ᠠᠷᠭ᠎ᠠ ᠮᠠᠶ᠋ᠢᠭ᠂ ᠦᠢᠯᠡᠴᠢᠯᠡᠭᠡ ᠪᠠ ᠡᠵᠡᠩᠨᠡᠨ ᠪᠣᠷᠣᠯᠠᠭᠤᠯᠬᠤ ᠠᠷᠭ᠎ᠠ ᠪᠠᠷᠢᠯ ᠤᠨ ᠰᠢᠨ᠎ᠡ ᠶᠢ ᠡᠭᠦᠳᠦᠨ᠎ᠡ᠃ ᠬᠤᠲᠠ ᠪᠠᠯᠭᠠᠰᠤᠨ ᠤ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠠᠬᠢᠭᠤᠯᠤᠨ᠎ᠠ᠃ ᠠᠷᠠᠳ ᠲᠤ ᠳᠥᠭᠦᠮ ᠦᠵᠡᠭᠦᠯᠬᠦ ᠬᠡᠲᠦ ᠳᠡᠯᠭᠡᠭᠦᠷ ᠢ ᠬᠡᠯᠬᠢᠶᠡᠵᠢᠭᠦᠯᠬᠦ᠂ ᠨᠡᠷᠡᠲᠦ ᠲᠡᠮᠳᠡᠭᠵᠢᠭᠦᠯᠬᠦ ᠪᠠ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠲᠡᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠤᠨ ᠴᠢᠳᠠᠮᠵᠢ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠪᠠᠷ ᠳᠡᠮᠵᠢᠵᠦ᠂ ᠦᠪᠡᠷᠮᠢᠨᠴᠡ ᠣᠨᠴᠠᠯᠢᠭ ᠢᠶᠠᠨ ᠪᠠᠳᠠᠷᠠᠭᠤᠯᠣᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠡᠵᠡᠩᠨᠡᠯᠲᠡ ᠶᠢᠨ ᠭᠤᠤᠯ ᠴᠣᠭᠴᠠ ᠶᠢ ᠪᠤᠵᠠᠭᠠᠶᠢᠷᠠᠭᠤᠯᠵᠤ᠂ ᠪᠥᠬᠦ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠲᠥᠪᠯᠡᠷᠡᠨ ᠬᠥᠭᠵᠢᠬᠦ ᠶᠢ ᠳᠠᠶᠢᠴᠢᠯᠠᠨ᠎ᠠ᠃ ᠰᠠᠭᠤᠭᠠᠯᠢ ᠠᠷᠠᠳ ᠤᠨ ᠰᠦᠯᠵᠢᠶ᠎ᠡ ᠪᠠ ᠪᠣᠳᠠᠳᠣ ᠠᠵᠣ ᠠᠬᠤᠢ᠂ ᠪᠣᠬᠢᠷᠲᠤᠯ ᠥᠬᠡᠶ ᠣᠶᠢᠯᠠᠭᠠᠯᠲᠠ ᠪᠠᠨ ᠬᠤᠪᠢᠶᠠᠯᠴᠠᠬᠤ ᠵᠡᠷᠭᠡ ᠬᠡᠷᠡᠭᠯᠡᠭᠡ ᠶᠢᠨ ᠠᠷᠭ᠎ᠠ ᠮᠠᠶ᠋ᠢᠭ ᠤᠨ ᠬᠥᠭᠵᠢᠯᠲᠡ ᠶᠢ ᠬᠥᠲᠥᠯᠦᠨ ᠵᠢᠯᠣᠭᠤᠳᠴᠤ᠂ ᠠᠷᠠᠯᠵᠢᠶ᠎ᠠ ᠬᠤᠳᠠᠯᠳᠤᠭ᠎ᠠ ᠪᠣᠳᠠᠰ ᠤᠨ ᠭᠦᠢᠯᠭᠡᠭᠡ ᠬᠢᠭᠡᠳ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠣᠷᠴᠢᠯᠳᠤ ᠬᠥᠭᠵᠢᠯᠲᠡ ᠶᠢ ᠠᠬᠢᠭᠤᠯᠤᠨ᠎ᠠ᠃ ᠵᠡᠭᠦᠨ ᠬᠠᠲᠠᠪᠴᠢ ᠪᠣᠭᠤᠮᠲᠠ ᠶᠢᠨ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠬᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠯᠠᠨ ᠣᠯᠣᠰᠴᠢᠯᠠᠭᠰᠠᠨ ᠬᠢᠯᠢ ᠶᠢᠨ ᠠᠷᠠᠯᠵᠢᠶ᠎ᠠ ᠶᠢ ᠬᠥᠭᠵᠢᠭᠦᠯᠦᠨ᠎ᠡ᠃      ᠳᠥᠷᠪᠡ᠂ ᠮᠥᠩᠭᠦᠨ ᠭᠦᠢᠯᠭᠡᠭᠡᠨ ᠤ ᠦᠢᠯᠡᠰ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠳᠥᠯᠭᠢᠨ ᠠᠬᠢᠭᠤᠯᠤᠨ᠎ᠠ      ᠮᠥᠩᠭᠦᠨ ᠭᠦᠢᠯᠭᠡᠭᠡᠨ ᠤ ᠠᠮᠢ ᠠᠬᠤᠶ ᠶᠢᠨ ᠣᠷᠴᠢᠨ ᠲᠣᠭᠤᠷᠢᠨ ᠢ ᠢᠳᠡᠪᠬᠢᠲᠡᠶ ᠰᠢᠯᠢᠳᠡᠭᠵᠢᠭᠦᠯᠵᠦ᠂ ᠪᠡᠯᠡ ᠮᠥᠩᠭᠦ ᠶᠢ ᠮᠠᠯ ᠠᠵᠤ ᠠᠬᠤᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠵᠢᠯ ᠲᠥᠷᠥᠯ ᠳᠤ ᠲᠥᠪᠯᠡᠷᠡᠭᠦᠯᠬᠦ ᠳᠤ ᠣᠬᠢ ᠰᠠᠶᠢᠨ ᠨᠥᠬᠦᠴᠡᠯ ᠢ ᠪᠦᠷᠢᠯᠳᠦᠭᠦᠯᠦᠨ᠂ ᠮᠥᠩᠭᠦᠨ ᠭᠦᠢᠯᠭᠡᠭᠡᠨ ᠢᠶᠠᠷ ᠮᠠᠯ ᠠᠵᠤ ᠠᠬᠤᠶ ᠶᠢ ᠳᠡᠮᠵᠢᠬᠦ ᠬᠡᠮᠵᠢᠶ᠎ᠡ ᠶᠢ ᠥᠷᠭᠡᠳᠬᠡᠨ᠂ ᠵᠣᠬᠢᠬᠤ ᠬᠡᠪᠴᠢᠶᠡᠨ ᠤ ᠮᠠᠯ ᠠᠵᠤ ᠠᠬᠤᠶ ᠶᠢᠨ ᠲᠣᠯᠣᠭᠠᠶᠢᠯᠠᠭᠴᠢ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠵᠥᠪᠰᠢᠶᠡᠷᠡᠨ᠎ᠡ᠃ ᠳᠠᠭᠠᠳᠬᠠᠯ ᠤᠨ ᠦᠢᠯᠡᠰ ᠢ ᠶᠡᠬᠡᠪᠡᠷ ᠬᠥᠭᠵᠢᠭᠦᠯᠵᠦ᠂ ᠳᠠᠭᠠᠳᠬᠠᠯ ᠤᠨ ᠺᠣᠮᠫᠠᠨᠢ ᠶᠢᠨ ᠮᠠᠯ ᠠᠵᠤ ᠠᠬᠤᠶ ᠶᠢᠨ ᠳᠠᠭᠠᠳᠬᠠᠯ ᠤᠨ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ ᠳᠡᠮᠵᠢᠵᠦ᠂ ᠣᠯᠠᠨ ᠵᠦᠢᠯ ᠤᠨ ᠬᠡᠯᠪᠡᠷᠢ ᠶᠢᠨ ᠮᠠᠯ ᠠᠵᠤ ᠠᠬᠤᠶ ᠶᠢᠨ ᠳᠠᠭᠠᠳᠬᠠᠯ ᠢ ᠬᠦᠭᠵᠢᠬᠦᠯᠦᠨ᠎ᠡ᠃ ᠢᠲᠡᠭᠡᠮᠵᠢ ᠶᠢᠨ ᠲᠣᠭᠳᠠᠯᠴᠠᠭᠠᠨ ᠤ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠴᠢᠨᠠᠷ ᠰᠠᠶᠢᠲᠠᠶ ᠲᠥᠷᠥᠯ ᠵᠦᠢᠯ ᠤᠨ ᠬᠥᠮᠥᠷᠭᠡ ᠶᠢ ᠪᠤᠶᠢᠵᠢᠭᠤᠯᠬᠤ ᠪᠠ ᠪᠠᠶᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠴᠢᠨᠠᠷ ᠰᠠᠶᠢᠲᠠᠶ ᠳᠤᠮᠳᠠ᠂ ᠵᠢᠵᠢᠭ ᠠᠵᠤ ᠠᠬᠤᠶᠢᠯᠠᠯ ᠢ ᠴᠠᠭ ᠲᠤᠬᠠᠶ ᠳᠤᠨᠢ ᠪᠠᠲᠤᠯᠠᠨ ᠲᠠᠨᠢᠯᠴᠠᠭᠤᠯᠵᠤ᠂ ᠪᠠᠩᠬᠢ᠂ ᠵᠢᠭᠡᠯᠡᠯᠭᠡ ᠠᠪᠣᠭᠴᠢ ᠪᠠ  ᠪᠠᠳᠣᠯᠠᠭ᠎ᠠ ᠬᠢᠬᠦ ᠺᠣᠮᠫᠠᠨᠢ ᠶᠢᠨ ᠬᠤᠭᠤᠷᠣᠨᠳᠣᠬᠢ ᠬᠠᠮᠳᠣᠷᠠᠯᠴᠠᠭᠠᠨ ᠤ ᠲᠠᠪᠴᠠᠩ ᠢ ᠪᠠᠶᠢᠭᠤᠯᠣᠨ᠎ᠠ᠃ ᠮᠥᠩᠭᠦᠨ ᠭᠦᠢᠯᠭᠡᠭᠡᠨ ᠤ ᠲᠦᠭᠰᠢᠭᠦᠷᠢ ᠶᠢᠨ ᠰᠡᠷᠭᠡᠶᠢᠯᠡᠨ ᠡᠵᠡᠮᠳᠡᠯᠳᠡ ᠪᠠᠨ ᠴᠢᠩᠭᠠᠳᠬᠠᠵᠤ᠂ ᠰᠢᠯᠵᠢᠯᠲᠡ ᠶᠢᠨ ᠴᠢᠨᠠᠷᠲᠠᠶ ᠲᠦᠭᠰᠢᠭᠦᠷᠢ᠂ ᠡᠷᠡᠭᠦᠯ ᠪᠤᠰᠤ ᠬᠥᠷᠥᠩᠭᠡ ᠶᠢᠨ ᠲᠦᠭᠰᠢᠭᠦᠷᠢ ᠪᠠ ᠬᠠᠤᠯᠢ ᠪᠤᠰᠤ ᠪᠠᠷ ᠪᠠᠯᠠ ᠴᠤᠭᠯᠠᠭᠤᠯᠬᠤ ᠲᠦᠭᠰᠢᠭᠦᠷᠢ ᠵᠡᠷᠭᠡ ᠶᠢ ᠴᠢᠩᠭ᠎ᠠ ᠰᠡᠷᠭᠡᠶᠢᠯᠡᠨ᠎ᠡ᠃ ᠪᠣᠬᠢᠷᠲᠤᠯ ᠥᠬᠡᠶ ᠠᠵᠤ ᠠᠬᠤᠶ ᠳᠤ ᠦᠢᠯᠡᠴᠢᠯᠡᠬᠦ ᠲᠣᠭᠤᠷᠢᠨ ᠳᠤ᠂ ᠵᠦᠶ ᠶᠣᠰᠣᠨ ᠤ ᠮᠥᠩᠭᠦᠨ ᠭᠦᠢᠯᠭᠡᠭᠡᠨ ᠤ ᠬᠦᠭᠵᠢᠯᠳᠡ ᠶᠢ ᠵᠣᠷᠢᠭᠵᠢᠭᠤᠯᠤᠨ ᠳᠡᠮᠵᠢᠨ᠎ᠡ᠃      ᠲᠠᠪᠤ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠥᠪᠯᠡᠷᠡᠨ ᠬᠥᠭᠵᠢᠬᠦ ᠶᠢ ᠳᠥᠯᠭᠢᠨ ᠠᠬᠢᠭᠤᠯᠤᠨ᠎ᠠ      ᠠᠵᠤ ᠦᠢᠯᠡᠰ ᠤᠨ ᠬᠦᠭᠵᠢᠯᠲᠡ ᠶᠢᠨ ᠬᠡᠯᠪᠡᠷᠢ ᠶᠢ ᠬᠤᠪᠢᠷᠠᠭᠤᠯᠬᠤ ᠶᠢᠨ ᠲᠣᠭᠤᠷᠢᠨ ᠳᠤ᠂ ᠲᠣᠮᠣ ᠳ᠋ᠠᠶᠢᠲ᠋ᠠ ᠶᠢᠨ ᠬᠡᠷᠡᠭᠯᠡᠯᠲᠡ᠂ ᠰᠢᠨ᠎ᠡ ᠡᠨᠧᠷᠭᠢ ᠶᠢᠨ ᠡᠵᠡᠩᠨᠡᠯᠲᠡ ᠬᠠᠮᠠᠭᠠᠯᠠᠯᠲᠠ ᠵᠢᠴᠢ ᠪᠠᠶᠢᠴᠠᠭᠠᠨ ᠰᠢᠯᠭᠠᠬᠤ᠂ ᠰᠤᠳᠤᠯᠤᠨ ᠨᠡᠭᠡᠭᠡᠵᠦ ᠵᠢᠷᠤᠭᠯᠠᠨ ᠲᠥᠯᠥᠪᠯᠡᠬᠦ ᠵᠡᠷᠭᠡ ᠦᠢᠯᠡᠴᠢᠯᠡᠭᠡᠨ ᠤ ᠦᠢᠯᠡᠰ ᠢ ᠭᠤᠣᠯᠳᠠᠯᠭ᠎ᠠ ᠲᠠᠢ ᠪᠤᠶᠢᠵᠢᠭᠤᠯᠤᠨ᠎ᠠ᠃ ᠲᠣᠮᠣ ᠳ᠋ᠠᠶᠢᠲ᠋ᠠ ᠶᠢᠨ ᠬᠡᠷᠡᠭᠯᠡᠭᠡᠨ ᠤ ᠠᠵᠤ ᠦᠢᠯᠡᠰ ᠢ ᠬᠥᠭᠵᠢᠭᠦᠯᠵᠦ᠂ ᠣᠶᠤᠨᠴᠢ ᠡᠨᠧᠷᠭᠢ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ ᠨᠡᠭᠦᠷᠡᠰᠦ ᠲᠡᠭᠡᠭᠡᠪᠦᠷᠢᠯᠡᠨ ᠪᠣᠷᠣᠯᠠᠭᠤᠯᠬᠤ ᠪᠠ ᠨᠡᠭᠦᠷᠡᠰᠦ  ᠪᠠᠷ ᠴᠠᠬᠢᠯᠭᠠᠨ ᠭᠠᠷᠭᠠᠬᠤ ᠲᠥᠬᠦᠭᠡᠷᠦᠮᠵᠢ ᠶᠢ ᠪᠠᠶᠢᠴᠠᠭᠠᠨ ᠵᠠᠰᠠᠬᠤ᠂ ᠲᠡᠭᠡᠭᠡᠪᠦᠷᠢᠯᠡᠨ ᠬᠠᠮᠠᠭᠠᠯᠠᠬᠤ ᠵᠡᠷᠭᠡ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠠᠵᠤ ᠠᠬᠤᠶᠢᠯᠠᠯ ᠢ ᠣᠷᠢᠨ ᠣᠷᠣᠭᠤᠯᠬᠤ ᠪᠠ ᠲᠡᠳᠬᠦᠵᠦ᠂ ᠲᠣᠰᠬᠠᠶᠢᠵᠢᠭᠰᠠᠨ ᠠᠭᠤᠷᠬᠠᠢ᠂ ᠴᠠᠬᠢᠯᠭᠠᠨ ᠭᠠᠷᠭᠠᠬᠤ ᠦᠢᠯᠡᠳᠪᠦᠷᠢ᠂ ᠰᠢᠨ᠎ᠡ ᠡᠨᠧᠷᠭᠢ ᠶᠢᠨ ᠰᠣᠷᠪᠣᠯᠵᠢ᠂ ᠪᠣᠳᠠᠰ  ᠤᠨ  ᠭᠦᠢᠯᠬᠡᠬᠡ ᠵᠡᠷᠭᠡ ᠦᠢᠯᠡᠴᠢᠯᠡᠭᠡᠨ ᠤ ᠠᠵᠤ ᠠᠬᠤᠶᠢᠯᠠᠯ ᠢ ᠪᠤᠶᠢᠵᠢᠭᠤᠯᠤᠨ᠂ ᠠᠵᠤ ᠠᠬᠤᠶᠢᠯᠠᠯ   ᠤᠨ ᠨᠡᠭᠦᠷᠡᠰᠦ ᠂ ᠬᠦᠴᠢᠯ᠂ ᠱᠦᠯᠲᠦ᠂ ᠴᠣᠬᠤᠢ ᠶᠢᠨ ᠴᠢᠯᠠᠭᠤ ᠵᠡᠷᠭᠡ ᠲᠦᠭᠦᠬᠡᠢ ᠮᠠᠲ᠋ᠧᠷᠢᠶᠠᠯ  ᠲᠠᠭᠠᠯᠳᠠ ᠮᠠᠲ᠋ᠧᠷᠢᠶᠠᠯ ᠵᠢᠴᠢ ᠲᠡᠷᠭᠡ ᠬᠥᠰᠬᠡ ᠲᠡᠭᠡᠭᠡᠪᠦᠷᠢᠯᠡᠬᠦ᠂ ᠰᠡᠯᠪᠢᠭ ᠲᠤᠨᠤᠭ ᠰᠡᠯᠪᠢᠨ ᠵᠠᠰᠠᠬᠤ᠂ ᠪᠡᠯᠡᠳᠬᠡᠯ ᠲᠤᠨᠤᠭ ᠵᠡᠷᠭᠡ ᠲᠠᠯ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂  ᠡᠨᠧᠷᠬᠢ ᠦᠢᠯᠡᠳᠪᠦᠷᠢᠯᠡᠬᠦ ᠴᠢᠨᠠᠷᠲᠠᠢ ᠦᠢᠯᠡᠴᠢᠯᠡᠭᠡᠨ ᠤ ᠦᠢᠯᠡᠰ ᠤᠨ ᠲᠣᠰᠬᠠᠢ ᠰᠠᠭᠤᠷᠢᠨ ᠭᠠᠵᠠᠷ ᠢ ᠪᠠᠶᠢᠭᠤᠯᠤᠨ᠎ᠠ᠃ ᠦᠢᠯᠡᠳᠪᠦᠷᠢᠯᠡᠯ ᠠᠮᠢᠳᠤᠷᠠᠯ ᠤᠨ ᠦᠢᠯᠡᠴᠢᠯᠡᠭᠡᠨ ᠤ ᠬᠡᠷᠡᠭᠴᠡᠭᠡ   ᠶᠢᠨ ᠲᠣᠭᠤᠷᠢᠨ ᠳᠤ᠂ ᠦᠢᠯᠡᠳᠪᠦᠷᠢᠯᠡᠯ ᠤᠨ ᠬᠦᠴᠦᠨ ᠢ ᠠᠬᠢᠭᠤᠯᠬᠤ ᠲᠥᠪ᠂ ᠳᠤᠮᠳᠠ ᠵᠢᠵᠢᠭ ᠠᠵᠤ ᠠᠬᠤᠶᠢᠯᠠᠯ ᠤᠨ ᠬᠦᠷᠢᠶᠡᠯᠡᠩ ᠵᠡᠷᠭᠡ ᠣᠷᠣᠨ ᠵᠠᠶ ᠶᠢᠨ ᠠᠴᠢᠶᠠᠯᠠᠪᠤᠷᠢ ᠶᠢ ᠲᠥᠯᠥᠪᠵᠢᠭᠦᠯᠦᠨ  ᠪᠠᠶᠢᠭᠤᠯᠵᠤ᠂ ᠦᠢᠯᠡᠳᠪᠦᠷᠢᠯᠡᠯ ᠠᠮᠢᠳᠤᠷᠠᠯ ᠳᠤ ᠦᠢᠯᠡᠴᠢᠯᠡᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠨᠡᠷᠡᠲᠦ ᠲᠡᠮᠳᠡᠭᠲᠦ᠂ ᠭᠠᠶᠢᠯᠢ ᠪᠠᠲᠤᠯᠠᠬᠤ᠂ ᠮᠡᠳᠡᠭᠡ ᠵᠠᠩᠭᠢ ᠪᠣᠯᠤᠨ ᠵᠠᠭᠤᠴᠢ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠪᠠ ᠭᠡᠷ ᠤᠨ ᠶᠠᠪᠤᠳᠠᠯ ᠨᠠᠰᠤᠵᠢᠯ ᠤᠨ  ᠦᠢᠯᠡᠴᠢᠯᠡᠭᠡ ᠶᠢ ᠢᠳᠡᠪᠬᠢᠲᠡᠶ ᠪᠠᠷ ᠬᠥᠭᠵᠢᠭᠦᠯᠦᠨ᠎ᠡ᠃      ᠳᠥᠷᠪᠡᠳᠦᠭᠡᠷ ᠬᠡᠰᠡᠭ    ᠲᠣᠭᠤᠷᠢᠭ ᠤᠨ ᠬᠡᠪᠴᠢᠶ᠎ᠡ ᠶᠢ ᠥᠷᠭᠡᠳᠬᠡᠨ ᠳᠡᠰ ᠳᠡᠪᠰᠢᠭᠦᠯᠬᠦ      ᠤᠯᠢᠶᠠᠰᠤᠲᠠᠢ ᠠᠵᠤ ᠦᠢᠯᠡᠳᠪᠦᠷᠢ ᠶᠢᠨ ᠲᠣᠭᠤᠷᠢᠭ ᠤᠨ ᠲᠥᠯᠥᠪᠵᠢᠭᠦᠯᠭᠡ ᠶᠢ ᠴᠢᠩᠭᠠᠳᠬᠠᠵᠤ᠂ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠠᠵᠤ ᠦᠢᠯᠡᠰ ᠢᠶᠠᠷ ᠭᠤᠣᠯᠯᠠᠭᠤᠯᠤᠭᠰᠠᠨ᠂ ᠢᠵᠢ ᠪᠦᠷᠢᠳᠦᠭᠰᠡᠨ ᠦᠢᠯᠡᠴᠢᠯᠡᠭᠡᠨ ᠤ ᠦᠢᠯᠡᠰ ᠢ ᠪᠦᠷᠢᠨ ᠲᠡᠭᠦᠯᠳᠡᠷ ᠠᠵᠤ ᠦᠢᠯᠡᠳᠪᠦᠷᠢ ᠶᠢᠨ ᠬᠥᠭᠵᠢᠯᠲᠡ ᠶᠢᠨ ᠭᠤᠣᠯ ᠠᠴᠢᠶᠠᠯᠠᠪᠤᠷᠢ ᠪᠣᠯᠭᠠᠨ ᠪᠠᠶᠢᠭᠤᠯᠤᠨ᠎ᠠ᠃ 2025 ᠣᠨ ᠪᠣᠯᠬᠤ ᠳᠤ᠂ ᠲᠣᠭᠤᠷᠢᠭ ᠤᠨ ᠰᠠᠭᠤᠷᠢ ᠲᠦᠬᠦᠭᠡᠷᠣᠮᠵᠢ ᠶᠢ ᠪᠥᠬᠦ ᠲᠠᠯ᠎ᠠ ᠪᠠᠷ ᠲᠠᠰ ᠳᠡᠪᠰᠢᠭᠦᠯᠦᠨ ᠰᠢᠯᠢᠳᠡᠭᠵᠢᠭᠦᠯᠵᠦ᠂ ᠶᠡᠷᠦᠩᠬᠡᠶᠢᠯᠡᠭᠰᠡᠨ ᠪᠣᠳᠠᠲᠤ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠦᠢᠯᠡᠳᠬᠦᠨ ᠤ ᠥᠷᠲᠡᠭ ᠢ 10 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ ᠡᠭᠦᠨ ᠳᠤ ᠦᠢᠯᠡᠴᠢᠯᠡᠭᠡᠨ ᠤ ᠦᠢᠯᠡᠰ ᠤᠨ ᠡᠵᠡᠯᠡᠬᠦ ᠬᠤᠪᠢ ᠶᠢ 15% ᠳᠤ  ᠬᠦᠷᠭᠡᠨ᠎ᠡ᠃      ᠨᠢᠭᠡ᠂ ᠠᠵᠤ ᠦᠢᠯᠡᠳᠪᠦᠷᠢ ᠶᠢᠨ ᠲᠣᠭᠤᠷᠢᠭ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠎ᠡ      ᠠᠵᠤ ᠦᠢᠯᠡᠰ ᠤᠨ ᠰᠠᠭᠤᠷᠢ᠂ ᠡᠬᠢ ᠪᠠᠶᠠᠯᠢᠭ ᠤᠨ ᠳᠠᠪᠠᠭᠤᠯᠢᠭ ᠵᠡᠷᠭᠡ ᠪᠣᠳᠠᠲᠤ ᠨᠥᠬᠦᠴᠡᠯ ᠳᠤ ᠰᠠᠭᠤᠷᠢᠯᠠᠨ ᠂ ᠲᠣᠭᠤᠷᠢᠭ ᠤᠨ ᠬᠥᠭᠵᠢᠯᠲᠡ ᠶᠢᠨ ᠴᠢᠭᠯᠡᠯ᠂ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠠᠵᠤ ᠦᠢᠯᠡᠰ ᠤᠨ ᠭᠤᠣᠯᠳᠠᠯᠭ᠎ᠠ ᠶᠢ ᠲᠣᠳᠣᠷᠬᠠᠶᠢᠯᠠᠵᠤ᠂ ᠲᠣᠭᠤᠷᠢᠭ ᠢ ᠨᠢᠭᠡᠳᠦᠬᠦᠯᠬᠦ ᠶᠢ ᠲᠦᠷᠭᠡᠳᠬᠡᠨ᠂ ︽ᠨᠢᠭᠡ ᠬᠦᠷᠢᠶᠡᠯᠡᠩ ᠭᠤᠷᠪᠠᠨ ᠲᠣᠭᠤᠷᠢᠭ︾ ᠤᠨ ᠠᠵᠤ ᠦᠢᠯᠡᠰ ᠤᠨ ᠪᠠᠶᠢᠷᠢᠰᠢᠯ ᠢ ᠪᠣᠶ ᠪᠣᠯᠭᠠᠨ᠎ᠠ᠃      ᠮᠠᠯ ᠤᠨ ᠠᠰᠢᠭ ᠰᠢᠮ᠎ᠡ ᠶᠢ ᠪᠣᠯᠪᠠᠰᠤᠷᠠᠭᠤᠯᠬᠤ ᠵᠢᠱᠢᠶ᠎ᠡ ᠦᠵᠡᠭᠦᠯᠬᠦ ᠲᠣᠭᠤᠷᠢᠭ᠃ ᠮᠠᠯ ᠤᠨ ᠠᠰᠢᠭ ᠰᠢᠮ᠎ᠡ  ᠶᠢᠨ ᠪᠦᠳᠦᠭᠡᠭᠳᠡᠬᠦᠨ ᠢ ᠨᠠᠷᠢᠯᠢᠭ ᠡᠳ᠋ᠰᠢᠬᠦᠯᠦᠨ ᠪᠣᠯᠪᠠᠰᠣᠷᠠᠭᠤᠯᠬᠤ ᠠᠵᠤ ᠠᠬᠤᠶᠢᠯᠠᠯ ᠢ ᠣᠷᠢᠨ ᠣᠷᠣᠭᠤᠯᠬᠤ ᠪᠠ ᠪᠤᠶᠢᠵᠢᠭᠤᠯᠵᠤ᠂ ᠨᠠᠷᠢᠯᠢᠭ ᠬᠡᠰᠡᠭᠯᠡᠭᠰᠡᠨ ᠪᠠ ᠬᠦᠯᠳᠡᠭᠡᠭᠰᠡᠨ ᠮᠢᠬᠠᠨ ᠤ ᠦᠢᠯᠡᠰ ᠢ ᠬᠦᠭᠵᠢᠬᠦᠯᠵᠣ᠂ ᠡᠷᠡᠭᠦᠯ ᠮᠡᠨᠳᠤ ᠶᠢ ᠬᠠᠮᠠᠭᠠᠯᠠᠬᠤ  ᠴᠢᠳᠠᠮᠵᠢ ᠪᠦᠬᠦᠢ ᠤᠨᠴᠠᠯᠢᠭᠳᠤ ᠮᠢᠬᠠᠨ ᠤ ᠪᠦᠲᠦᠭᠡᠭᠳᠡᠬᠦᠨ ᠢ ᠬᠥᠭᠵᠢᠭᠦᠯᠵᠦ᠂ ᠨᠢᠲᠤᠯᠬᠤ — ᠰᠦ ᠮᠢᠬ᠎ᠠ ᠶᠢ ᠡᠳ᠋ᠰᠢᠬᠦᠯᠦᠨ ᠪᠣᠯᠪᠠᠰᠣᠷᠠᠭᠤᠯᠬᠤ — ᠰᠢᠮ᠎ᠡ ᠲᠡᠵᠢᠭᠡᠯ ᠲᠠᠢ ᠢᠳᠡᠭᠡᠨ — ᠠᠮᠢᠳᠤ ᠪᠣᠳᠠᠰ ᠤᠨ ᠪᠦᠲᠦᠭᠡᠭᠳᠡᠬᠦᠨ ᠢᠶᠠᠷ ᠭᠤᠣᠯ ᠪᠣᠯᠭᠠᠭᠰᠠᠨ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠠᠵᠤ ᠦᠢᠯᠡᠰ ᠤᠨ ᠬᠡᠯᠬᠢᠶᠡᠰᠣ ᠶᠢ ᠪᠤᠢ ᠪᠣᠯᠭᠠᠨ᠎ᠠ᠃ ᠵᠡᠭᠦᠨ ᠦᠵᠦᠮᠦᠴᠢᠨ ᠬᠤᠰᠢᠭᠤᠨ ᠤ ᠬᠦᠢᠲᠡᠨ ᠬᠡᠯᠬᠢᠶᠡᠲᠦ ᠪᠣᠳᠠᠰ ᠤᠨ ᠭᠦᠢᠯᠭᠡᠭᠡᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠮᠢᠬᠠᠨ ᠦᠬᠡᠷ ᠬᠤᠨᠢᠨ ᠤ ᠮᠢᠬ᠎ᠠ ᠶᠢ ᠬᠦᠯᠳᠡᠬᠡᠬᠦ᠂ ᠬᠦᠯᠳᠡᠬᠦᠣ ᠪᠠᠷ ᠬᠠᠳᠠᠭᠠᠯᠠᠬᠤ᠂ ᠲᠡᠭᠡᠭᠡᠪᠦᠷᠢᠯᠡᠬᠦ ᠪᠠ ᠲᠣᠬᠢᠷᠠᠭᠤᠯᠤᠨ ᠬᠦᠷᠭᠡᠬᠦ᠂ ᠲᠤᠰᠬᠠᠢ ᠡᠵᠡᠩᠨᠡᠯᠲᠡ ᠶᠢᠨ ᠳᠡᠯᠭᠡᠭᠦᠷ ᠲᠤ ᠬᠦᠯᠳᠡᠬᠦᠣ ᠪᠠᠷ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠬᠦᠢᠲᠡᠨ ᠬᠡᠯᠬᠢᠶᠡᠲᠦ ᠪᠣᠳᠠᠰ ᠤᠨ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠣᠭᠳᠠᠯᠴᠠᠭ᠎ᠠ ᠶᠢ ᠪᠠᠶᠢᠭᠤᠯᠤᠨ᠎ᠠ᠃ ᠠᠮᠢᠳᠤ ᠪᠣᠳᠠᠰ ᠤᠨ ᠡᠮ ᠦᠢᠯᠡᠳᠬᠦ ᠲᠣᠯᠣᠭᠠᠶᠢᠯᠠᠭᠴᠢ ᠠᠵᠤ ᠠᠬᠤᠶᠢᠯᠠᠯ ᠢ ᠣᠷᠢᠨ ᠣᠷᠣᠭᠤᠯᠵᠣ᠂ ᠢᠮᠠᠭᠠᠨ ᠴᠢᠰᠤᠨ ᠴᠠᠶᠢᠪᠠᠩ ᠤᠨ ᠠᠮᠢᠳᠤ ᠪᠣᠳᠠᠰ ᠤᠨ ᠰᠤᠳᠤᠯᠭᠠᠨ ᠤ ᠲᠠᠰᠤᠭ᠂ ᠮᠠᠯ ᠤᠨ ᠬᠤᠶᠢᠲᠤᠬᠢ ᠶᠢᠨ ᠰᠤᠳᠤᠯᠭᠠᠨ ᠤ ᠲᠤᠷᠰᠢᠯᠲᠠ ᠶᠢᠨ ᠲᠠᠰᠤᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ᠂ ᠭᠧᠨ ᠤ ᠴᠤᠪᠤᠷᠠᠯ ᠢ ᠬᠡᠮᠵᠢᠬᠦ ᠵᠢᠴᠢ ᠪᠥᠬᠦ ᠭᠧᠨ ᠤ ᠪᠦᠯᠦᠭ ᠢ ᠰᠣᠩᠭᠤᠬᠤ ᠮᠡᠷᠭᠡᠵᠢᠯ ᠢ ᠰᠤᠳᠤᠯᠤᠨ ᠬᠡᠷᠡᠭᠯᠡᠬᠦ ᠶᠢ ᠳᠡᠯᠭᠡᠷᠡᠭᠦᠯᠦᠨ᠂ ᠠᠮᠢᠳᠤ ᠪᠣᠳᠠᠰ ᠤᠨ ᠪᠦᠲᠦᠭᠡᠭᠳᠡᠬᠦᠨ ᠢ ᠰᠤᠳᠤᠯᠤᠨ ᠦᠢᠯᠡᠳᠪᠦᠷᠢᠯᠡᠨ᠎ᠡ᠃      ᠰᠢᠨ᠎ᠡ ᠪᠠᠷ ᠮᠠᠨᠳᠣᠭᠰᠠᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠣᠬᠢᠴᠠᠩᠭᠤᠢ ᠬᠦᠭᠵᠢᠯᠲᠡ ᠶᠢᠨ ᠲᠣᠭᠤᠷᠢᠭ᠃ ᠥᠩᠭᠡᠲᠦ ᠲᠡᠮᠦᠷᠯᠢᠭ ᠤᠨ ᠠᠵᠤ ᠦᠢᠯᠡᠰ ᠤᠨ ᠬᠡᠯᠬᠢᠶᠡᠰᠣ ᠶᠢᠨ ᠪᠠᠶᠢᠷᠢᠰᠢᠭᠤᠯᠤᠯ ᠢ ᠰᠢᠯᠢᠳᠡᠭᠵᠢᠭᠦᠯᠦᠨ᠂ ᠦᠢᠯᠡᠳᠬᠦᠨ ᠤ ᠬᠡᠯᠬᠢᠶᠡᠰᠣ᠂ ᠬᠠᠩᠭᠠᠯᠭ᠎ᠠ ᠶᠢᠨ ᠬᠡᠯᠬᠢᠶᠡᠰᠣ ᠶᠢ ᠪᠠᠶᠢᠭᠤᠯᠵᠣ᠂ ᠨᠠᠷᠢᠯᠢᠭ ᠡᠳ᠋ᠰᠢᠬᠦᠯᠦᠨ ᠪᠣᠯᠪᠠᠰᠣᠷᠠᠭᠤᠯᠬᠤ ᠠᠵᠤ ᠠᠬᠤᠶᠢᠯᠠᠯ ᠢ ᠣᠷᠢᠨ ᠣᠷᠣᠭᠤᠯᠵᠣ᠂ ᠡᠬᠢ ᠪᠠᠶᠠᠯᠢᠭ ᠤᠨ  ᠬᠡᠯᠪᠡᠷᠢᠳᠦ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠴᠣᠭᠯᠠᠷᠠᠯ ᠢ ᠪᠠᠶᠢᠭᠤᠯᠤᠨ᠎ᠠ᠃ ︽ᠨᠡᠭᠦᠷᠡᠰᠦ + ᠰᠢᠨ᠎ᠡ ᠪᠠᠷ ᠮᠠᠨᠳᠣᠭᠰᠠᠨ ᠠᠵᠤ ᠦᠢᠯᠡᠰ︾ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠤᠰᠤᠲᠥ᠋ᠷᠥᠭᠴᠢ ᠶᠢᠨ ᠮᠡᠷᠭᠡᠵᠢᠯ ᠤᠨ ᠬᠡᠷᠡᠭᠯᠡᠯᠲᠡ ᠶᠢ ᠳᠡᠯᠭᠡᠷᠡᠬᠦᠯᠵᠣ᠂ ᠤᠰᠤᠲᠥ᠋ᠷᠥᠭᠴᠢ ᠶᠢ ᠦᠢᠯᠡᠳᠴᠦ ᠬᠠᠳᠠᠭᠠᠯᠠᠬᠤ᠂ ᠲᠡᠭᠡᠭᠡᠪᠦᠷᠢᠯᠡᠬᠦ ᠪᠠ ᠬᠠᠩᠭᠠᠬᠤ ᠪᠠᠷ ᠭᠤᠣᠯ ᠪᠣᠯᠭᠠᠭᠰᠠᠨ ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠢᠯᠡᠰ ᠢ ᠬᠥᠭᠵᠢᠭᠦᠯᠦᠨ᠎ᠡ᠃ ᠬᠠᠶᠠᠭᠳᠠᠮᠠᠯ ᠬᠠᠭᠤᠴᠢᠨ ᠡᠳ᠋ ᠪᠠᠷᠠᠭ᠎ᠠ ᠶᠢ ᠣᠷᠴᠢᠯᠳᠣᠭᠤᠯᠣᠨ ᠠᠰᠢᠭᠯᠠᠬᠤ ᠲᠣᠭᠳᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠯᠤᠨ ᠪᠠᠷᠢᠯᠭ᠎ᠠ ᠶᠢᠨ ᠬᠤᠭ ᠨᠣᠪᠰᠢ ᠵᠡᠷᠭᠡ ᠶᠢ ᠬᠤᠷᠢᠶᠠᠵᠤ ᠠᠰᠢᠭᠯᠠᠬᠤ ᠶᠢ ᠠᠬᠢᠭᠤᠯᠵᠤ᠂ ᠰᠢᠨ᠎ᠡ ᠮᠠᠶ᠋ᠢᠭ ᠤᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠢ ᠭᠦᠭᠵᠢᠬᠦᠯᠦᠨ᠎ᠡ᠃ ᠲᠡᠷᠢᠭᠦᠨ ᠤ ᠮᠡᠷᠭᠡᠵᠢᠯ ᠢ ᠳᠠᠳᠠᠨ ᠣᠷᠣᠭᠤᠯᠵᠣ ᠰᠢᠩᠭᠡᠭᠡᠨ ᠠᠪᠴᠤ ᠳᠠᠬᠢᠨ ᠰᠢᠨ᠎ᠡ ᠶᠢ ᠡᠭᠦᠳᠬᠦ ᠶᠢ ᠲᠦᠷᠭᠡᠳᠬᠡᠵᠦ᠂ ᠲᠡᠮᠦᠷᠯᠢᠭ ᠪᠣᠯᠪᠠᠰᠤᠷᠠᠭᠤᠯᠬᠤ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠪᠣᠬᠢᠷᠲᠤᠯ ᠥᠬᠡᠶ᠂ ᠢᠵᠢ ᠪᠥᠷᠢᠳᠦᠭᠰᠡᠨ᠂ ᠤᠶᠤᠨᠴᠢᠯᠠᠭᠰᠠᠨ ᠬᠥᠭᠵᠢᠯᠲᠡ ᠪᠠᠷ ᠴᠢᠭᠯᠡᠯ ᠪᠣᠯᠭᠠᠵᠤ᠂ ᠲᠣᠨᠤᠭ ᠲᠥᠬᠦᠭᠡᠷᠦᠮᠵᠢ ᠤᠭᠰᠠᠷᠠᠬᠤ ᠲᠣᠯᠣᠭᠠᠶᠢᠯᠠᠭᠴᠢ ᠠᠵᠤ ᠠᠬᠤᠶᠢᠯᠠᠯ ᠢ ᠳᠠᠳᠠᠨ ᠣᠷᠣᠭᠤᠯᠵᠣ᠂ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ ᠬᠦᠴᠦᠯᠡᠨ ᠪᠤᠶᠢᠵᠢᠭᠤᠯᠤᠨ᠎ᠠ᠃      ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠦᠨᠳᠦᠷ ᠮᠡᠷᠭᠡᠵᠢᠯᠳᠦ ᠲᠣᠭᠤᠷᠢᠭ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠢᠶᠠᠷ ᠰᠠᠭᠤᠷᠢ ᠪᠣᠯᠭᠠᠵᠤ᠂ ᠰᠠᠭᠤᠷᠢ ᠲᠦᠭᠦᠭᠡᠷᠣᠮᠵᠢ ᠶᠢ ᠲᠡᠭᠦᠯᠳᠡᠷᠵᠢᠭᠦᠯᠦᠨ᠂ ᠦᠢᠯᠡᠴᠢᠯᠡᠭᠡᠨ ᠤ ᠰᠢᠨ᠎ᠡ ᠶᠢ ᠡᠭᠦᠳᠴᠦ᠂ ᠠᠵᠤ ᠦᠢᠯᠡᠰ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ᠂ ᠳᠤᠮᠳᠠ᠂ ᠵᠢᠵᠢᠭ ᠠᠵᠤ ᠠᠬᠤᠶᠢᠯᠠᠯ ᠤᠨ ᠦᠢᠯᠡᠰ ᠪᠣᠰᠬᠠᠬᠤ ᠲᠥᠪ ᠪᠠ ᠲᠣᠮᠣ ᠳ᠋ᠠᠶᠢᠲ᠋ᠠ ᠶᠢᠨ ᠲᠥᠪ ᠢ ᠪᠠᠶᠢᠭᠤᠯᠵᠣ᠂ ᠮᠡᠷᠭᠡᠵᠢᠯ ᠤᠨ ᠰᠣᠳᠣᠯᠭᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠯᠪᠠᠰᠣᠷᠠᠯ᠂ ᠠᠵᠤ ᠦᠢᠯᠡᠳᠪᠦᠷᠢ ᠶᠢᠨ ᠵᠢᠷᠤᠭᠯᠠᠨ ᠲᠥᠯᠥᠪᠯᠡᠬᠦ᠂ ᠠᠵᠤ ᠦᠢᠯᠡᠰᠵᠢᠭᠦᠯᠬᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠲᠤᠬᠠᠶᠢᠯᠠᠭᠰᠠᠨ ᠠᠵᠢᠯ ᠢ ᠥᠷᠨᠢᠭᠦᠯᠦᠨ᠎ᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠮᠥᠷᠭᠡᠯᠡᠨ ᠬᠠᠳᠠᠭᠠᠯᠠᠬᠤ ᠪᠣᠳᠠᠰ ᠤᠨ ᠭᠦᠢᠯᠭᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ 2025 ᠣᠨ ᠤ ᠰᠡᠭᠦᠯᠴᠢ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠪᠣᠯᠪᠠᠰᠣᠷᠠᠯ  ᠤᠨ ᠭᠠᠵᠠᠷ᠂ ᠰᠢᠨᠵᠢᠯᠡᠭᠡ ᠮᠡᠷᠬᠡᠵᠢᠯ ᠤᠨ ᠦᠢᠯᠡᠰ ᠪᠣᠰᠬᠠᠬᠤ ᠰᠠᠭᠤᠷᠢᠨ ᠭᠠᠵᠠᠷ ᠢ 5 ᠠᠴᠠ ᠳᠠᠪᠠᠭᠤᠯᠵᠣ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠢᠯᠡᠷᠡᠭᠦᠯᠬᠦ ᠲᠥᠷᠥᠯ ᠵᠦᠢᠯ ᠢ 25  ᠲᠦᠷᠦᠯ ᠲᠤ ᠬᠦᠷᠭᠡᠨ᠎ᠡ᠃      ᠬᠤᠶᠠᠷ᠂ ᠢᠵᠢ ᠪᠦᠷᠢᠳᠦᠭᠰᠡᠨ ᠰᠠᠭᠤᠷᠢ ᠲᠦᠭᠦᠭᠡᠷᠣᠮᠵᠢ ᠶᠢᠨ  ᠪᠠᠶᠢᠭᠤᠯᠤᠯᠲᠠ ᠶᠢ ᠴᠢᠩᠭᠠᠳᠬᠠᠨ᠎ᠠ      ᠲᠣᠭᠤᠷᠢᠭ ᠤᠨ ᠡᠯ᠎ᠡ ᠲᠥᠷᠥᠯ ᠤᠨ ᠲᠦᠭᠦᠭᠡᠷᠣᠮᠵᠢ ᠪᠠ ᠦᠢᠯᠡᠴᠢᠯᠡᠭᠡ ᠶᠢ ᠲᠡᠭᠦᠯᠳᠡᠷᠵᠢᠭᠦᠯᠵᠦ᠂ ᠠᠵᠤ ᠦᠢᠯᠡᠳᠪᠦᠷᠢ ᠶᠢᠨ ᠲᠣᠭᠤᠷᠢᠭ ᠤᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠪᠠ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠰᠢᠨ᠎ᠡ ᠬᠡᠯᠪᠡᠷᠢ ᠶᠢᠨ ᠠᠵᠤ ᠦᠢᠯᠡᠰ ᠤᠨ ᠨᠡᠶᠢᠭᠡᠮ ᠲᠣᠭᠤᠷᠢᠭ ᠢ ᠪᠠᠶᠢᠭᠤᠯᠤᠨ᠎ᠠ᠃ ᠣᠯᠠᠨ ᠡᠰᠢᠵᠢᠭᠰᠡᠨ᠂ ᠵᠠᠬ᠎ᠠ  ᠳᠡᠯᠭᠡᠬᠦᠷᠴᠢᠯᠡᠭᠰᠡᠨ ᠪᠡᠯᠡ ᠣᠷᠣᠭᠤᠯᠬᠤ ᠳᠣᠭᠳᠠᠯᠴᠠᠭ᠎ᠠ ᠶᠢ ᠪᠦᠷᠢᠨᠰᠢᠭᠦᠯᠵᠦ᠂ ᠤᠰᠤ᠂ ᠴᠠᠬᠢᠯᠭᠠᠨ᠂ ᠵᠠᠮ᠂ ᠴᠢᠮᠡᠭᠡ ᠬᠤᠯᠪᠣᠭ᠎ᠠ᠂ ᠬᠡᠢ ᠵᠢᠴᠢ ᠲᠥᠪᠯᠡᠷᠡᠭᠦᠯᠦᠨ ᠳᠣᠯᠠᠭᠠᠯᠠᠯᠭ᠎ᠠ ᠬᠠᠩᠭᠠᠬᠤ᠂ ᠪᠣᠬᠢᠷ ᠤᠰᠤ ᠰᠢᠢᠳᠪᠦᠷᠢᠯᠡᠬᠦ᠂ ᠤᠰᠤ ᠴᠡᠪᠡᠷᠰᠢᠬᠦᠯᠬᠦ᠂ ᠬᠠᠲᠠᠭᠤ ᠪᠡᠶᠡᠲᠦ ᠬᠠᠶᠠᠭᠳᠠᠮᠠᠯ ᠤᠨ ᠲᠠᠯᠠᠪᠠᠶ᠂ ᠦᠶᠡᠷ ᠢ ᠰᠡᠷᠭᠡᠶᠢᠯᠡᠬᠦ ᠪᠠᠷᠢᠯᠭ᠎ᠠ ᠵᠡᠷᠭᠡ ᠢᠵᠢ ᠪᠦᠷᠢᠳᠦᠭᠰᠡᠨ ᠲᠦᠭᠦᠭᠡᠷᠣᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠲᠣᠭᠤᠷᠢᠭ ᠤᠨ ︽ ᠣᠯᠠᠨ ᠵᠦᠢᠯ ᠢ ᠨᠡᠪᠳᠡᠷᠡᠭᠦᠯᠵᠦ᠂ ᠨᠢᠭᠡ ᠶᠢ ᠳᠡᠭᠰᠢᠯᠡᠬᠦ︾ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠴᠢᠳᠠᠮᠵᠢ ᠶᠢᠨ ᠴᠢᠨᠠᠷᠲᠠᠶ ᠢᠵᠢ ᠪᠦᠷᠢᠳᠦᠭᠰᠡᠨ ᠰᠠᠭᠤᠷᠢ ᠲᠦᠭᠦᠭᠡᠷᠦᠮᠵᠢ ᠶᠢ ᠲᠡᠭᠦᠯᠳᠡᠷᠵᠢᠭᠦᠯᠦᠨ᠎ᠡ᠃ ᠲᠣᠭᠤᠷᠢᠭ ᠤᠨ ᠪᠣᠬᠢᠷᠲᠤᠯ ᠥᠬᠡᠶ᠂ ᠣᠷᠴᠢᠯᠳᠣ ᠥᠭᠡᠷᠡᠴᠢᠯᠡᠯᠲᠡ ᠪᠠ ᠠᠵᠤ ᠦᠢᠯᠡᠰ ᠤᠨ ᠠᠪᠣᠴᠠᠯᠳᠣᠨ ᠬᠥᠭᠵᠢᠬᠦ ᠶᠢ ᠲᠦᠷᠭᠡᠳᠬᠡᠵᠦ᠂ ︽ᠬᠡᠯᠬᠢᠶᠡᠵᠢᠭᠰᠡᠨ ᠮᠠᠶ᠋ᠢᠭ ᠢᠶᠠᠷ ᠨᠢᠭᠡᠳᠦᠬᠦᠯᠬᠦ + ᠲᠣᠭᠤᠷᠢᠭ ᠢᠶᠠᠷ ᠲᠣᠯᠭᠠᠭᠤᠷᠢ ᠪᠣᠯᠭᠠᠬᠤ᠂ ᠰᠦᠷᠦᠭᠴᠢᠯᠡᠨ ᠳᠠᠶᠢᠴᠢᠯᠠᠬᠤ + ᠵᠣᠬᠢᠴᠠᠭᠤᠯᠣᠨ ᠬᠦᠭᠵᠢᠬᠦᠯᠬᠦ︾ ᠰᠢᠨ᠎ᠡ ᠪᠠᠶᠢᠷᠢᠰᠢᠯ ᠢ ᠪᠦᠷᠢᠯᠳᠦᠭᠦᠯᠦᠨ᠎ᠡ᠃      ᠭᠤᠷᠪᠠ᠂ ᠲᠣᠭᠤᠷᠢᠭ ᠤᠨ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠠᠬᠢᠭᠤᠯᠣᠨ᠎ᠠ      BT᠂ BOT ᠪᠠ ︽ᠹᠧᠢ ᠳ᠋ᠢ ᠲᠣᠭᠤᠷᠢᠭ︾ ᠤᠨ ᠣᠨᠳᠣᠣ ᠭᠠᠵᠠᠷ ᠬᠠᠮᠳᠣᠪᠡᠷ ᠪᠠᠶᠢᠭᠤᠯᠬᠤ ᠵᠠᠭᠪᠤᠷ ᠢ ᠬᠠᠶᠢᠨ ᠰᠦᠪᠡᠭᠴᠢᠯᠡᠨ᠎ᠡ᠃ ᠲᠣᠭᠤᠷᠢᠭ ᠤᠨ ᠠᠵᠤ ᠠᠬᠤᠶᠢᠯᠠᠯ  ᠤᠨ  ᠰᠢᠭᠰᠢᠨ ᠭᠠᠷᠭᠠᠬᠤ ᠲᠦᠷᠢᠮ ᠢ ᠪᠠᠶᠢᠭᠤᠯᠵᠤ᠂ ᠠᠵᠣ ᠦᠢᠯᠡᠳᠪᠦᠷᠢ ᠶᠢᠨ ᠲᠣᠭᠤᠷᠢᠭ ᠢ ᠱᠠᠭᠠᠷᠳᠠᠨ ᠦᠷ᠎ᠡ ᠠᠰᠢᠭ ᠢᠶᠠᠷ ᠳᠣᠤᠷ᠎ᠠ ᠭᠠᠵᠠᠷ ᠰᠢᠷᠣᠶ ᠶᠢ ᠰᠢᠢᠳᠪᠦᠷᠢᠯᠡᠵᠣ᠂ ᠲᠣᠭᠤᠷᠢᠭ ᠤᠨ  ᠪᠠᠭᠲᠠᠭᠠᠮᠵᠢ ᠶᠢᠨ ᠨᠣᠷᠮ᠎ᠠ᠂  ᠪᠡᠯᠡ ᠣᠷᠣᠭᠤᠯᠤᠯᠲᠠ ᠶᠢᠨ ᠡᠷᠴᠢᠮ ᠪᠠ ᠭᠠᠷᠭᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠣᠭᠤᠷᠢᠭ ᠤᠨ ᠠᠵᠤ ᠠᠬᠤᠶᠢᠯᠠᠯ ᠢ ᠰᠢᠯᠭᠠᠨ  ᠠᠪᠬᠤ ᠬᠠᠮᠢᠶᠠᠷᠤᠯᠲᠠ ᠶᠢ ᠴᠢᠩᠭᠠᠳᠬᠠᠵᠤ᠂ ᠭᠠᠵᠠᠷ ᠰᠢᠷᠣᠶ ᠶᠢᠨ ᠭᠠᠷᠣᠯᠲᠠ ᠶᠢᠨ ᠨᠣᠷᠮ᠎ᠠ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠣ᠂ ᠲᠥᠷᠥᠯ ᠵᠦᠢᠯ ᠤᠨ ᠪᠠᠯᠠ ᠣᠷᠣᠭᠤᠯᠬᠤ᠂ ᠪᠠᠯᠠ ᠣᠷᠣᠭᠤᠯᠤᠯᠲᠠ ᠶᠢᠨ ᠬᠤᠪᠢ ᠨᠡᠮᠡᠷᠢ ᠪᠠ ᠠᠵᠢᠯ ᠣᠯᠭᠤᠯᠳᠠ ᠪᠠᠷ ᠭᠤᠣᠯᠳᠠᠯᠭ᠎ᠠ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢ ᠰᠢᠯᠭᠠᠨ ᠦᠨᠡᠯᠡᠬᠦ ᠲᠣᠭᠳᠠᠯᠴᠠᠭ᠎ᠠ ᠶᠢ ᠪᠠᠶᠢᠭᠤᠯᠤᠨ᠎ᠠ᠃ ᠵᠠᠬ᠎ᠠ ᠳᠡᠯᠭᠡᠭᠦᠷᠴᠢᠯᠡᠭᠰᠡᠨ᠂ ᠲᠤᠰᠬᠠᠶᠢᠵᠢᠭᠰᠠᠨ ᠠᠵᠤ ᠦᠢᠯᠡᠳᠪᠦᠷᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠡᠵᠡᠩᠨᠡᠯᠲᠡ ᠶᠢᠨ ᠬᠤᠳᠠᠯᠳᠤᠭᠠᠴᠢᠨ ᠤᠷᠢᠬᠤ ᠪᠦᠯᠬᠦᠮ ᠪᠠ ᠤᠷᠮᠠᠰᠢᠭᠤᠯᠬᠤ ᠲᠣᠭᠲᠠᠴᠠ ᠶᠢ ᠳᠠᠳᠠᠨ ᠣᠷᠣᠭᠤᠯᠵᠣ᠂  ᠲᠣᠭᠤᠷᠢᠭ ᠤᠨ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号