ᠣᠯᠣᠰ ᠠᠷᠠᠳ ᠤᠨ ᠠᠵᠣ ᠠᠬᠤᠢ ᠪᠠ ᠨᠡᠶᠢᠭᠡᠮ ᠤᠨ ᠭᠦᠭᠵᠢᠯᠲᠡ ᠶᠢᠨ ᠠᠷᠪᠠᠨ ᠲᠦᠷᠪᠡᠳᠦᠭᠡᠷ ᠲᠠᠪᠣᠨ ᠵᠢᠯ ᠤᠨ ᠲᠦᠯᠦᠪᠵᠢᠭᠦᠯᠭᠡ ᠪᠠ 2035 ᠣᠨ ᠤ ᠠᠯᠣᠰ ᠤᠨ ᠬᠠᠷᠠᠯᠲᠠ ᠶᠢᠨ ᠬᠦᠳᠦᠯᠪᠦᠷᠢ ᠶᠢᠨ ᠲᠣᠪᠴᠢ ︵ᠲᠠᠪᠤ︶
ᠨᠡᠶᠢᠲᠡᠯᠡᠭᠰᠡᠨ ᠴᠠᠭ᠄
2021/9/8
ᠲᠠᠪᠤᠳᠤᠭᠠᠷ ᠪᠦᠯᠦᠭ    ᠬᠤᠳᠠ ᠬᠥᠳᠡᠭᠡ ᠶᠢᠨ ᠵᠣᠬᠢᠴᠠᠩᠭᠤᠢ ᠭᠦᠭᠵᠢᠯᠳᠡ ᠶᠢᠨ  ᠪᠠᠶᠢᠷᠢᠰᠢᠯ ᠢ ᠡᠭᠦᠳᠦᠨ ᠪᠠᠶᠢᠭᠤᠯᠬᠤ      ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠪᠦᠬᠦ ᠠᠶᠢᠮᠠᠭ ᠤᠨ ᠬᠤᠲᠠ ᠪᠠᠯᠭᠠᠰᠤᠨ ᠤ ᠪᠠᠶᠢᠷᠢᠰᠢᠯ ᠪᠠ ᠬᠤᠲᠠ ᠪᠠᠯᠭᠠᠰᠤᠨ ᠤ ᠠᠵᠤ ᠦᠢᠯᠡᠰ ᠤᠨ ᠬᠥᠭᠵᠢᠯᠲᠡ ᠶᠢᠨ ᠪᠦᠰᠡ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠬᠤᠲᠠ ᠬᠥᠳᠡᠭᠡ ᠶᠢᠨ ᠠᠵᠤ ᠦᠢᠯᠡᠰ ᠤᠨ ᠬᠥᠭᠵᠢᠯᠲᠡ᠂ ᠰᠠᠭᠤᠷᠢ  ᠪᠦᠳᠦᠭᠡᠨ ᠪᠠᠶᠢᠭᠤᠯᠣᠯᠲᠠ᠂ ᠣᠯᠠᠨ ᠨᠡᠶᠢᠲᠡ ᠶᠢᠨ ᠦᠢᠯᠡᠴᠢᠯᠡᠭᠡ᠂ ᠡᠬᠢ ᠪᠠᠶᠠᠯᠢᠭ ᠡᠨᠧᠷᠭᠢ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠶᠢ ᠨᠢᠭᠡ ᠴᠣᠭᠴᠠᠵᠢᠭᠤᠯᠬᠤ ᠠᠬᠢᠴᠠ ᠶᠢ ᠲᠦᠷᠭᠡᠳᠬᠡᠨ᠎ᠡ᠃ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠬᠤᠲᠠ ᠬᠥᠳᠡᠭᠡ ᠬᠠᠷᠢᠯᠴᠠᠨ ᠨᠥᠬᠦᠪᠥᠷᠢᠯᠡᠬᠦ᠂ ᠴᠢᠳᠠᠮᠵᠢ  ᠪᠠᠨ ᠬᠠᠷᠢᠯᠴᠠᠨ ᠨᠥᠬᠦᠪᠥᠷᠢᠯᠡᠬᠦ᠂ ᠬᠠᠮᠲᠤᠪᠠᠷ ᠴᠡᠴᠡᠭᠯᠡᠨ ᠬᠥᠭᠵᠢᠬᠦ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠦᠷᠢᠯᠳᠦᠭᠦᠯᠦᠨ᠎ᠡ᠃      ᠨᠢᠭᠡᠳᠦᠭᠡᠷ ᠬᠡᠰᠡᠭ   ᠰᠢᠨ᠎ᠡ ᠬᠡᠯᠪᠡᠷᠢ ᠶᠢᠨ ᠬᠤᠳᠠ ᠪᠠᠯᠭᠠᠰᠣᠵᠢᠯᠳᠡ ᠶᠢᠨ ᠪᠥᠳᠥᠭᠡᠨ ᠪᠠᠶᠢᠭᠤᠯᠤᠯᠲᠠ      ᠬᠥᠮᠦᠨ ᠢᠶᠠᠷ ᠭᠤᠤᠯ ᠪᠣᠯᠭᠠᠬᠤ ᠶᠢ ᠪᠠᠷᠢᠮᠲᠠᠯᠠᠨ᠂ ᠠᠭᠤᠯᠤᠭᠳᠠᠬᠤᠨ ᠤ ᠬᠥᠭᠵᠢᠯᠲᠡ ᠶᠢ ᠠᠬᠢᠭᠤᠯᠵᠤ᠂ ᠬᠤᠲᠠ ᠪᠠᠯᠭᠠᠰᠣᠨ ᠤ ᠴᠢᠨᠠᠷ ᠲᠠᠰ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠠᠮᠢ ᠠᠬᠤᠶ ᠶᠢ ᠰᠡᠷᠭᠦᠭᠡᠬᠦ ᠪᠠ ᠴᠢᠳᠠᠮᠵᠢ ᠶᠢ ᠨᠥᠬᠦᠪᠥᠷᠢᠯᠡᠬᠦ ᠶᠢ ᠰᠠᠶᠢᠲᠤᠷ ᠠᠳᠬᠤᠵᠤ᠂ ᠤᠯᠤᠰ ᠤᠨ ᠲᠠᠰ ᠤᠨ ᠠᠷᠢᠭᠤᠨ ᠴᠡᠪᠡᠷ ᠬᠤᠲᠠ ᠪᠠᠯᠭᠠᠰᠤ ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠯᠪᠠᠰᠤᠨ ᠬᠤᠲᠠ ᠪᠠᠯᠭᠠᠰᠤ ᠵᠡᠷᠬᠡ ︽ᠬᠤᠶᠠᠷ ᠬᠤᠲᠠ︾ ᠶᠢ ᠬᠠᠮᠲᠤᠪᠠᠷ ᠡᠭᠦᠳᠦᠨ ᠪᠠᠶᠢᠭᠤᠯᠵᠤ ᠬᠠᠮᠲᠤᠪᠠᠷ ᠪᠠᠶᠢᠭᠤᠯᠬᠤ ᠶᠢ ᠳᠥᠯᠭᠢᠨ ᠠᠬᠢᠭᠤᠯᠵᠤ᠂ ᠣᠷᠣᠰᠢᠨ ᠠᠮᠢᠳᠤᠷᠠᠬᠤ ᠠᠵᠢᠯᠯᠠᠬᠤ ᠵᠢᠭᠤᠯᠴᠢᠯᠠᠬᠤ ᠳᠤ ᠲᠣᠬᠢᠷᠠᠮᠵᠢᠲᠠᠶ ᠴᠢᠳᠠᠮᠵᠢ ᠶᠢ ᠳᠡᠭᠡᠭᠰᠢᠯᠡᠭᠦᠯᠦᠨ᠂ ᠡᠬᠡ ᠤᠯᠤᠰ ᠤᠨ ᠬᠢᠯᠢ ᠬᠢᠵᠠᠭᠠᠷ ᠤᠨ ᠲᠠᠯ᠎ᠠ ᠨᠤᠲᠤᠭ ᠤᠨ ᠦᠵᠡᠰᠬᠦᠯᠡᠩᠲᠦ ᠰᠠᠶᠢᠬᠠᠨ ᠬᠤᠲᠠ ᠪᠠᠯᠭᠠᠰᠤ ᠪᠠ ᠴᠡᠴᠡᠷᠯᠢᠭᠵᠢᠭᠰᠡᠨ ᠬᠤᠲᠠ ᠪᠠᠯᠭᠠᠰᠤ ᠶᠢ ᠬᠦᠴᠦᠯᠡᠨ ᠪᠠᠶᠢᠭᠤᠯᠤᠨ᠎ᠠ᠃      ᠨᠢᠭᠡ᠂ ᠬᠤᠲᠠ ᠪᠠᠯᠭᠠᠰᠣᠨ ᠤ ᠢᠵᠢ ᠪᠦᠷᠢᠳᠦᠭᠰᠡᠨ ᠲᠦᠬᠦᠭᠡᠷᠣᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ      ︽ᠦᠷᠭᠡᠳᠬᠡᠬᠦ ᠶᠢ ᠬᠢᠵᠠᠭᠠᠷᠯᠠᠬᠤ᠂ ᠠᠭᠤᠯᠤᠭᠳᠠᠬᠤᠨ ᠢ ᠪᠠᠶᠠᠯᠢᠭᠵᠢᠭᠤᠯᠬᠤ᠂ ᠣᠨᠴᠠᠯᠢᠭ ᠢ ᠲᠣᠪᠤᠶᠢᠯᠭᠠᠬᠤ᠂  ᠣᠷᠣᠰᠢᠨ ᠰᠠᠭᠤᠬᠤ ᠳᠤ ᠲᠣᠬᠢᠷᠠᠮᠵᠢᠲᠠᠶ︾ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠤᠲᠠ ᠪᠠᠯᠭᠠᠰᠣᠨ ᠤ ᠣᠨᠴᠠᠯᠢᠭᠲᠦ ᠲᠦᠷᠢ ᠳᠦᠷᠬᠦ  ᠶᠢ ᠪᠣᠶ ᠪᠣᠯᠭᠠᠨ᠎ᠠ᠃ ᠬᠤᠲᠠ ᠪᠠᠯᠭᠠᠰᠤ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠤᠲᠠ ᠪᠠᠯᠭᠠᠰᠤ ᠶᠢᠨ ᠵᠠᠮ᠂ ᠤᠰᠤ ᠬᠠᠩᠭᠠᠬᠤ᠂ ᠭᠠᠯ ᠤᠨᠲᠠᠷᠠᠭᠠᠬᠤ᠂ ᠳᠣᠯᠠᠭᠠᠯᠭ᠎ᠠ ᠬᠠᠩᠭᠠᠬᠤ᠂ ᠨᠣᠭᠤᠭᠠᠷᠠᠭᠤᠯᠬᠤ᠂ ᠭᠠᠵᠠᠷ ᠳᠣᠣᠷᠠᠬᠢ ᠬᠤᠭᠤᠯᠠᠢ ᠵᠡᠷᠭᠡ ᠰᠠᠭᠤᠷᠢ ᠲᠦᠭᠦᠭᠡᠷᠣᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠨᠥᠬᠦᠴᠡᠯ ᠢ ᠲᠡᠭᠦᠯᠳᠡᠷᠵᠢᠭᠦᠯᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠪᠠ ᠬᠤᠲᠠ ᠶᠢᠨ ᠶᠠᠪᠤᠳᠠᠯ᠂ ᠵᠠᠮ᠂ ᠰᠠᠭᠤᠷᠢ ᠲᠥᠬᠦᠭᠡᠷᠦᠮᠵᠢ᠂ ᠨᠣᠭᠤᠭᠠᠷᠠᠭᠤᠯᠤᠯᠲᠠ ᠵᠡᠷᠭᠡ ᠳᠡᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠨ᠎ᠡ᠃      ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠰᠢᠨᠡᠳᠬᠡᠬᠦ ᠢᠨᠵᠧᠨᠧᠷᠢᠩ ᠢ ᠬᠡᠷᠡᠭᠵᠢᠭᠦᠯᠵᠦ᠂ ᠨᠠᠩ ᠣᠯᠠᠨ ᠬᠦᠴᠢᠷᠳᠡᠯᠲᠡᠶ ᠣᠯᠠᠨ ᠲᠦᠮᠡᠨ ᠢ ᠰᠢᠨ᠎ᠡ ᠣᠷᠣᠨ ᠰᠠᠭᠤᠴᠠ ᠳᠤ ᠣᠷᠣᠭᠤᠯᠤᠨ᠎ᠠ᠃ ᠤᠷᠳᠤ ᠬᠤᠭᠤᠴᠠᠭ᠎ᠠ ᠪᠠᠷ ᠭᠡᠷ ᠲᠦᠷᠢᠶᠡᠰᠦᠯᠡᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠥᠳᠡᠯᠦᠩᠭᠦᠢ ᠲᠤᠬᠢᠷᠠᠭᠤᠯᠤᠯᠳᠠ ᠶᠢᠨ ᠲᠣᠭᠲᠠᠴᠠ ᠪᠠ ᠪᠠᠲᠤᠯᠠᠭ᠎ᠠ ᠶᠢᠨ ᠡᠲᠡᠭᠡᠳ ᠢ ᠣᠬᠤᠷᠢᠨ ᠭᠠᠷᠭᠠᠬᠤ ᠲᠣᠭᠲᠠᠴᠠ ᠶᠢ ᠪᠦᠷᠢᠨᠰᠢᠬᠦᠯᠵᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠪᠦᠲᠦᠮᠵᠢᠲᠡᠢ ᠨᠡᠮᠡᠭᠳᠡᠭᠦᠯᠦᠨ᠎ᠡ᠃ ᠬᠤᠲᠠ ᠪᠠᠯᠭᠠᠰᠣᠨ ᠤ ᠵᠠᠮ ᠢ ᠲᠡᠭᠦᠯᠳᠡᠷᠵᠢᠭᠦᠯᠵᠦ᠂ ᠬᠤᠲᠠ ᠪᠠᠯᠭᠠᠰᠣᠨ ᠤ ᠪᠣᠬᠢᠷᠲᠤᠯ ᠥᠬᠡᠶ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠲᠦᠷᠭᠡᠳᠬᠡᠨ ᠬᠥᠭᠵᠢᠭᠦᠯᠦᠨ᠎ᠡ᠃      ᠤᠰᠤᠨ ᠰᠤᠷᠪᠤᠯᠵᠢ᠂ ᠣᠰᠣ ᠬᠠᠩᠭᠠᠬᠤ ᠦᠢᠯᠡᠳᠪᠦᠷᠢ ᠪᠠ ᠤᠰᠤᠨ ᠬᠠᠩᠭᠠᠬᠤ ᠬᠤᠭᠤᠯᠠᠢ ᠵᠡᠷᠭᠡ ᠤᠰᠤ ᠬᠠᠩᠭᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠤᠰᠤ ᠬᠠᠩᠭᠠᠬᠤ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠨ᠎ᠡ᠃ ᠲᠣᠯᠠᠭᠠᠯᠠᠯᠭ᠎ᠠ ᠬᠠᠩᠭᠠᠬᠤ ᠲᠦᠬᠦᠭᠡᠷᠣᠮᠵᠢ ᠪᠣᠯᠤᠨ ᠪᠣᠬᠢᠷ ᠤᠰᠤ᠂ ᠬᠤᠭ ᠨᠣᠪᠰᠢ ᠶᠢ ᠰᠢᠢᠳᠪᠦᠷᠢᠯᠡᠬᠦ ᠲᠦᠭᠦᠭᠡᠷᠣᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠂ ᠪᠣᠬᠢᠷ ᠤᠰᠤ ᠴᠤᠭᠯᠠᠭᠤᠯᠬᠤ ᠨᠣᠷᠮ᠎ᠠ ᠪᠣᠯᠤᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠤᠲᠠ  ᠪᠠᠯᠭᠠᠰᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ᠂ ᠴᠤᠭᠯᠠᠭᠤᠯᠬᠤ᠂  ᠲᠡᠭᠡᠭᠡᠪᠦᠷᠢᠯᠡᠬᠦ᠂ ᠰᠢᠢᠳᠪᠦᠷᠢᠯᠡᠬᠦ ᠰᠢᠰᠲ᠋ᠧᠮ ᠢ ᠪᠣᠶ ᠪᠣᠯᠭᠠᠨ᠎ᠠ᠃      ᠬᠤᠶᠠᠷ᠂ ᠬᠤᠲᠠ ᠪᠠᠯᠭᠠᠰᠣᠨ ᠤ ᠴᠡᠭᠴᠡᠯᠡᠨ ᠵᠠᠰᠠᠬᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ      ︽ᠣᠶᠣᠨᠴᠢ ᠵᠡᠭᠦᠨ ᠦᠵᠦᠮᠦᠴᠢᠨ︾ ᠢ ᠪᠦᠲᠦᠭᠡᠨ ᠪᠠᠶᠢᠭᠤᠯᠬᠤ ᠳᠤ ᠰᠠᠭᠤᠷᠢᠯᠠᠨ᠂ ᠲᠣᠭᠠᠴᠢᠯᠠᠭᠰᠠᠨ ᠮᠡᠷᠭᠡᠵᠢᠯ ᠢᠶᠠᠷ ᠬᠤᠲᠠ ᠪᠠᠯᠭᠠᠰᠤᠨ ᠤ ᠲᠦᠯᠦᠪᠵᠢᠭᠦᠯᠬᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ᠂ ᠡᠵᠡᠩᠨᠡᠯᠲᠡ᠂ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠲᠠ ᠪᠠᠯᠭᠠᠰᠣᠨ ᠤ ᠵᠠᠰᠠᠯᠲᠠ ᠶᠢ ᠤᠶᠤᠨᠴᠢᠯᠠᠬᠤ ᠪᠠ ᠨᠠᠷᠢᠯᠢᠬᠵᠢᠭᠤᠯᠬᠤ ᠶᠢ ᠠᠬᠢᠭᠤᠯᠵᠤ᠂ ᠲᠣᠣᠷᠴᠢᠯᠠᠭᠰᠠᠨ᠂ ᠨᠠᠷᠢᠯᠢᠭᠵᠢᠭᠰᠠᠨ ᠬᠤᠳᠠ ᠪᠠᠯᠭᠠᠰᠣᠨ  ᠤ ᠬᠠᠮᠢᠶᠠᠷᠣᠯᠲᠠ ᠪᠠ ᠦᠢᠯᠡᠴᠢᠯᠡᠭᠡ ᠶᠢ ᠳᠡᠯᠭᠡᠷᠡᠬᠦᠯᠵᠣ᠂ ᠵᠡᠭᠡᠯᠢ ᠭᠤᠳᠤᠮᠵᠢ ᠶᠢᠨ ᠳᠠᠷᠤᠭ᠎ᠠ ᠶᠢᠨ ᠲᠦᠷᠢᠮ ᠤᠨ ᠬᠠᠮᠢᠶᠠᠷᠤᠯᠲᠠ ᠶᠢᠨ ᠲᠣᠭᠳᠠᠯᠴᠠᠭ᠎ᠠ ᠶᠢ ᠨᠠᠶᠢᠳᠠᠪᠤᠷᠢᠵᠢᠭᠤᠯᠤᠨ᠎ᠠ᠃ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷᠴᠢᠯᠡᠭᠰᠡᠨ ᠬᠠᠮᠢᠶᠠᠷᠤᠯᠲᠠ ᠶᠢᠨ ᠵᠠᠭᠪᠤᠷ ᠢ ᠠᠬᠢᠭᠤᠯᠤᠨ᠎ᠠ᠃ ᠰᠤᠮᠤ ᠪᠠᠯᠭᠠᠰᠣᠨ ᠤ ᠮᠠᠯᠴᠢᠳ ᠲᠤ ᠦᠢᠯᠡᠴᠢᠯᠡᠬᠦ ᠲᠥᠪ ᠢ ᠪᠠᠶᠢᠭᠤᠯᠵᠤ᠂ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠬᠦᠯᠦᠨ᠎ᠡ᠃ ᠬᠤᠲᠠ ᠪᠠᠯᠭᠠᠰᠤᠨ ᠤ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠴᠢᠳᠠᠪᠤᠷᠢ ᠪᠣᠯᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ ᠬᠤᠲᠠ ᠪᠠᠯᠭᠠᠰᠣᠨ ᠤ ᠭᠠᠮᠰᠢᠭ ᠠᠴᠠ ᠰᠡᠷᠭᠡᠶᠢᠯᠡᠨ ᠭᠠᠮᠰᠢᠭ ᠤᠨ ᠬᠤᠬᠢᠷᠠᠯ ᠢ ᠪᠠᠭᠠᠰᠬᠠᠬᠤ ᠶᠡᠷᠦᠩᠬᠡᠶᠢᠯᠡᠭᠰᠡᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠬᠤᠲᠠ ᠪᠠᠯᠭᠠᠰᠣᠨ ᠤ ᠦᠶᠡᠷ ᠤᠰᠤᠲᠤᠯ ᠢ ᠰᠡᠷᠭᠡᠶᠢᠯᠡᠨ ᠵᠠᠰᠠᠬᠤ᠂ ᠭᠠᠯ ᠰᠡᠷᠭᠡᠶᠢᠯᠡᠬᠦ ᠴᠢᠳᠠᠪᠤᠷᠢ ᠶᠢ ᠨᠡᠮᠡᠭᠳᠡᠭᠦᠯᠵᠦ᠂ ᠬᠠᠷᠢᠮᠠᠬᠠᠢ  ᠴᠢᠨᠠᠷᠳᠣ ᠬᠤᠲᠠ ᠪᠠᠯᠭᠠᠰᠤ ᠶᠢ ᠪᠥᠲᠥᠭᠡᠨ ᠪᠠᠶᠢᠭᠤᠯᠤᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠦᠨᠡᠨᠬᠦ ᠴᠢᠩᠭᠠᠳᠬᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠦᠭᠦᠭᠡᠷᠣᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠡᠭᠦᠷᠭᠡ ᠪᠠᠨ ᠪᠡᠶᠡᠯᠡᠭᠦᠯᠵᠦ᠂ ᠬᠤᠲᠠ ᠶᠢᠨ ᠠᠭᠠᠷ ᠤᠨ ᠰᠡᠷᠭᠡᠶᠢᠯᠡᠯᠲᠡ ᠶᠢᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠬᠦᠯᠦᠨ᠎ᠡ᠃      ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠦᠢᠯᠡᠴᠢᠯᠡᠭᠡ᠂ ᠠᠷᠠᠳ ᠲᠤ ᠲᠥᠬᠦᠮ ᠦᠵᠡᠭᠦᠯᠵᠦ ᠠᠰᠢᠭ ᠬᠦᠷᠲᠡᠭᠡᠬᠦ ᠦᠢᠯᠡᠴᠢᠯᠡᠭᠡ᠂ ᠰᠠᠶᠢᠨ ᠲᠣᠷᠠᠴᠣᠣᠯ ᠤᠨ ᠬᠠᠷᠢᠯᠴᠠᠨ ᠬᠠᠪᠰᠤᠷᠤᠯᠴᠠᠬᠤ ᠦᠢᠯᠡᠴᠢᠯᠡᠭᠡ ᠶᠢ ᠣᠷᠭᠠᠨᠢᠭ ᠢᠶᠠᠷ ᠣᠶᠠᠯᠳᠣᠭᠤᠯᠵᠣ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ᠂ ᠨᠠᠮ ᠪᠠ ᠣᠯᠠᠨ ᠲᠦᠮᠡᠨ ᠤ ᠠᠵᠢᠯᠯᠠᠭᠠᠨ ᠤ ᠲᠥᠪ᠂ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠬᠡᠷ ᠲᠡᠭᠡᠨ ᠬᠤᠴᠣᠷᠣᠭᠰᠠᠨ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠥᠪ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠨᠡᠶᠢᠭᠡᠮ ᠲᠣᠭᠤᠷᠢᠭ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠳᠣᠭᠳᠠᠯᠴᠠᠭ᠎ᠠ ᠶᠢ ᠴᠣᠭᠴᠠᠯᠠᠨ ᠪᠠᠶᠢᠭᠤᠯᠤᠨ᠎ᠠ᠃ ᠨᠡᠶᠢᠭᠡᠮ ᠲᠣᠭᠤᠷᠢᠭ ᠤᠨ ︽ᠨᠢᠭᠡ ᠲᠣᠭᠤᠷᠢᠭ ᠨᠢᠭᠡ ᠣᠨᠴᠠᠯᠢᠭ︾  ᠤᠨ ᠣᠨᠴᠠᠯᠢᠭᠲᠤ ᠦᠢᠯᠡᠴᠢᠯᠡᠭᠡ ᠶᠢ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠦᠢᠯᠡᠴᠢᠯᠡᠭᠡᠨ ᠤ ᠠᠷᠭ᠎ᠠ ᠶᠢ ᠥᠷᠭᠡᠳᠬᠡᠬᠦ ︽ᠨᠡᠶᠢᠭᠡᠮ ᠲᠣᠭᠤᠷᠢᠭ ᠤᠨ ᠨᠡᠷᠡᠲᠦ ᠲᠡᠮᠳᠡᠭᠲᠦ︾ ᠶᠢ ᠪᠤᠢ ᠪᠣᠯᠭᠠᠨ᠎ᠠ᠃      ᠨᠡᠶᠢᠭᠡᠮ ᠲᠣᠭᠤᠷᠢᠭ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠣᠭᠳᠠᠯᠴᠠᠭ᠎ᠠ ᠶᠢ ᠲᠡᠭᠦᠯᠳᠡᠷᠵᠢᠭᠦᠯᠵᠦ᠂ ᠮᠡᠳᠡᠭᠡ ᠵᠠᠩᠭᠢ ᠪᠠᠷ ᠵᠠᠭᠤᠴᠢ ᠪᠣᠯᠭᠠᠭᠰᠠᠨ ᠭᠡᠷ ᠪᠦᠯᠢ ᠶᠢᠨ ᠬᠥᠳᠡᠯᠮᠦᠷᠢ ᠦᠢᠯᠡᠴᠢᠯᠡᠭᠡ᠂ ᠰᠣᠶᠣᠯ ᠴᠡᠩᠭᠡᠯ᠂ ᠡᠮ ᠡᠮᠨᠡᠯᠭᠡ ᠶᠢᠨ ᠠᠪᠤᠷᠠᠨ ᠲᠤᠰᠠᠯᠠᠬᠤ᠂ ᠪᠠᠷᠠᠭ᠎ᠠ ᠬᠤᠳᠠᠯᠳᠤᠨ ᠠᠪᠬᠤ ᠵᠠᠮ ᠬᠠᠷᠢᠯᠴᠠᠭ᠎ᠠ᠂ ᠠᠵᠢᠯ ᠣᠯᠭᠤᠬᠤ ᠪᠣᠯᠪᠠᠰᠣᠷᠠᠯ᠂ ᠨᠡᠶᠢᠭᠡᠮ ᠤᠨ ᠠᠮᠤᠷ ᠲᠦᠪᠰᠢᠨ ᠵᠡᠷᠭᠡ ᠶᠢᠨ ᠬᠦᠷᠢᠶ᠎ᠡ  ᠬᠡᠪᠴᠢᠶ᠎ᠡ ᠶᠢ ᠲᠠᠰᠤᠷᠠᠯᠲᠠ ᠤᠢᠭᠡᠢ ᠦᠷᠭᠡᠳᠬᠡᠨ᠎ᠡ᠃ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠪᠠᠷᠢᠮᠵᠢᠶ᠎ᠠ ᠶᠢᠨ ᠲᠣᠭᠳᠠᠯᠴᠠᠭ᠎ᠠ ᠶᠢ ᠪᠠᠶᠢᠭᠤᠯᠤᠨ᠂ ᠦᠢᠯᠡᠴᠢᠯᠡᠭᠡᠨ ᠤ ᠣᠳᠣᠷᠢᠳᠣᠮᠵᠢ᠂ ᠠᠵᠢᠯᠯᠠᠭᠠᠨ ᠤ ᠵᠢᠷᠤᠮᠵᠢᠯ᠂ ᠶᠠᠰᠤ ᠴᠢᠨᠠᠷ ᠤᠨ ᠠᠮᠠᠯᠠᠯᠲᠠ᠂ ᠦᠢᠯᠡᠴᠢᠯᠡᠭᠡᠨ ᠤ ᠲᠡᠮᠳᠡᠭᠯᠡᠯ ᠤᠨ ᠪᠠᠶᠢᠴᠠᠭᠠᠯᠲᠠ ᠵᠡᠷᠭᠡ ᠲᠦᠷᠢᠮ ᠢ ᠪᠠᠶᠢᠭᠤᠯᠤᠨ᠎ᠠ᠃ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢ ᠨᠢᠭᠡᠳᠦᠬᠦᠯᠬᠦ ᠶᠢ ᠲᠦᠯᠬᠢᠨ ᠠᠬᠢᠭᠤᠯᠵᠤ᠂ ᠨᠡᠶᠢᠭᠡᠮ ᠲᠣᠭᠤᠷᠢᠭ ᠤᠨ ᠺᠠᠳ᠋ᠷ ᠤᠨ ᠦᠢᠯᠡᠴᠢᠯᠡᠭᠡᠨ ᠤ ᠦᠵᠡᠯ ᠤᠬᠠᠮᠰᠠᠷ ᠢ ᠨᠢ ᠨᠡᠮᠡᠭᠳᠡᠭᠦᠯᠵᠦ᠂ ᠦᠢᠯᠡᠴᠢᠯᠡᠭᠡᠨ ᠤ ᠴᠢᠳᠠᠪᠤᠷᠢ ᠶᠢ ᠨᠢ ᠳᠡᠭᠡᠭᠰᠢᠯᠡᠬᠦᠯᠦᠨ᠎ᠡ᠃      ᠭᠤᠷᠪᠠ᠂ ᠮᠠᠯᠴᠢᠳ ᠤᠨ ᠬᠤᠲᠠ ᠣᠷᠣᠵᠤ ᠡᠷᠦᠬᠡ ᠠᠮᠠ ᠪᠠᠨ ᠰᠢᠯᠵᠢᠬᠦᠯᠬᠦ ᠶᠢ ᠦᠷᠭᠦᠯᠵᠢᠯᠡᠨ ᠵᠣᠷᠢᠭᠵᠢᠭᠤᠯᠣᠨ᠎ᠠ      ᠮᠠᠯᠴᠢᠳ ᠤᠨ ᠲᠥᠪ ᠬᠤᠲᠠ ᠪᠠᠯᠭᠠᠰᠤ ᠪᠠ ᠰᠠᠭᠤᠷᠢ ᠨᠥᠬᠦᠴᠡᠯ ᠢᠶᠠᠷ ᠨᠡᠯᠢᠶᠡᠳ ᠰᠠᠶᠢᠨ ᠰᠤᠮᠤ ᠪᠠᠯᠭᠠᠰᠣᠨ  ᠤ ᠲᠦᠪ ᠲᠤ ᠰᠢᠯᠵᠢᠬᠦ ᠶᠢ ᠵᠣᠷᠢᠭᠵᠢᠭᠤᠯᠤᠨ᠎ᠠ᠃ ᠡᠷᠦᠬᠡ ᠠᠮᠠ ᠣᠷᠣᠬᠤ ᠬᠢᠵᠠᠭᠠᠷᠯᠠᠯ ᠢ ᠤᠯᠠᠮ ᠨᠢᠭᠡ ᠠᠯᠬᠤᠮ ᠰᠣᠯᠠᠯᠠᠵᠣ᠂ ᠮᠠᠯᠴᠢᠳ ᠵᠢᠴᠢ ᠦᠷ᠎ᠡ ᠬᠡᠤᠬᠡᠳ ᠤᠨ ᠬᠤᠲᠠ ᠣᠷᠣᠵᠤ ᠰᠤᠷᠤᠯᠴᠠᠬᠤ᠂ ᠠᠵᠢᠯ ᠣᠯᠭᠤᠬᠤ᠂ ᠨᠠᠰᠤᠵᠢᠯ ᠤᠨ ᠠᠰᠠᠷᠠᠮᠵᠢ ᠶᠢᠨ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠨ᠎ᠡ᠃ ᠬᠤᠲᠠ ᠣᠷᠣᠵᠤ ᠡᠷᠦᠬᠡ ᠠᠮᠠ ᠪᠠᠨ ᠣᠷᠣᠭᠤᠯᠤᠭᠰᠠᠨ ᠮᠠᠯᠴᠢᠳ ᠤᠨ ᠭᠠᠵᠠᠷ ᠰᠢᠷᠣᠶ ᠳᠠᠭᠠᠭᠠᠴᠢᠯᠠᠬᠤ ᠡᠷᠬᠡ᠂ ᠣᠷᠣᠨ ᠰᠠᠭᠤᠴᠠ ᠶᠢᠨ ᠰᠠᠭᠤᠷᠢ ᠭᠠᠵᠠᠷ ᠬᠡᠷᠡᠭᠯᠡᠬᠦ ᠡᠷᠬᠡ᠂ ᠬᠠᠮᠲᠤ ᠶᠢᠨ ᠠᠰᠢᠭ ᠣᠷᠣᠯᠭ᠎ᠠ ᠶᠢ ᠬᠤᠪᠢᠶᠠᠷᠢᠯᠠᠬᠤ ᠡᠷᠬᠡ ᠶᠢ ᠬᠠᠮᠠᠭᠠᠯᠠᠵᠤ᠂ ᠮᠠᠯᠴᠢᠳ ᠤᠨ ᠬᠤᠲᠠ ᠣᠷᠣᠭᠰᠠᠨ ᠤ ᠳᠠᠷᠠᠭᠠᠬᠢ ᠬᠦᠴᠢᠷᠳᠡᠯ ᠢ ᠰᠢᠢᠳᠪᠦᠷᠢᠯᠡᠨ᠎ᠡ᠃ ᠬᠤᠲᠠ ᠪᠠᠯᠭᠠᠰᠤᠨ ᠳᠤ ᠰᠤᠷᠤᠯᠴᠠᠵᠤ ᠪᠠᠶᠢᠭ᠎ᠠ ᠮᠠᠯᠵᠢᠬᠤ ᠣᠷᠣᠨ ᠤ ᠡᠷᠦᠬᠡ ᠠᠮᠠ ᠲᠠᠢ ᠰᠤᠷᠤᠭᠴᠢ ᠵᠢᠴᠢ ᠭᠡᠷ ᠤᠨ ᠠᠬᠠᠮᠠᠳ ᠤᠨ ᠡᠷᠦᠬᠡ ᠠᠮᠠ ᠪᠠᠨ ᠬᠤᠲᠠ ᠪᠠᠯᠭᠠᠰᠤᠨ ᠳᠤ ᠰᠢᠯᠵᠢᠭᠦᠯᠬᠦ ᠶᠢ ᠵᠣᠷᠢᠭᠵᠢᠭᠤᠯᠤᠨ᠎ᠠ᠃      ᠬᠤᠶᠠᠳᠤᠭᠠᠷ ᠬᠡᠰᠡᠭ     ᠮᠠᠯᠵᠢᠬᠤ ᠣᠷᠣᠨ ᠢ ᠴᠢᠨᠠᠷ ᠰᠠᠶᠢᠲᠠᠶ ᠬᠥᠭᠵᠢᠭᠦᠯᠦᠨ ᠮᠠᠨᠳᠤᠭᠤᠯᠬᠤ      ︽ᠠᠵᠤ ᠦᠢᠯᠡᠰ ᠬᠥᠭᠵᠢᠭᠰᠡᠨ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ᠂ ᠨᠤᠲᠤᠭ ᠤᠨ ᠵᠠᠩ ᠦᠢᠯᠡ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ︾  ᠪᠠᠶᠢᠬᠤ ᠶᠡᠷᠦᠩᠬᠡᠢ ᠱᠠᠭᠠᠷᠳᠠᠯᠭ᠎ᠠ ᠶᠣᠰᠣᠭᠠᠷ᠂ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠮᠠᠯ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠢ᠂ ᠮᠠᠯᠵᠢᠬᠤ ᠣᠷᠣᠨ ᠤ ᠣᠷᠣᠰᠢᠨ ᠠᠮᠢᠳᠤᠷᠠᠬᠤ ᠳᠤ ᠲᠣᠬᠢᠷᠠᠮᠵᠢᠲᠠᠢ᠂ ᠮᠠᠯᠴᠢᠳ ᠪᠠᠶᠠᠨ ᠴᠢᠨᠡᠭᠡᠯᠢᠭ ᠪᠠᠶᠢᠬᠤ ᠶᠢ ᠠᠬᠢᠭᠤᠯᠤᠨ᠎ᠠ᠃      ᠨᠢᠭᠡ᠂ ᠪᠥᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠬᠢᠭᠡᠳ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠤᠨ᠎ᠠ      ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠯᠦᠭᠡ ᠨᠢᠭᠡᠳᠦᠯᠲᠡᠶ ᠲᠥᠯᠥᠪᠵᠢᠭᠦᠯᠦᠨ ᠰᠦᠪᠡᠭᠴᠢᠯᠡᠵᠦ᠂ ᠡᠬᠢ ᠪᠠᠶᠠᠯᠢᠭ ᠢ ᠲᠥᠪᠯᠡᠷᠡᠭᠦᠯᠦᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠳᠡᠮᠵᠢᠬᠦ ᠠᠴᠠ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠠᠰᠢ ᠰᠢᠯᠵᠢᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠬᠦᠴᠦᠨ ᠢ ᠴᠢᠩᠭᠠᠳᠬᠠᠨ ᠪᠦᠷᠢᠳᠦᠭᠦᠯᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠶᠠᠳᠠᠭᠤ ᠠᠴᠠ ᠠᠩᠭᠢᠵᠢᠷᠠᠭᠤᠯᠬᠤ ᠶᠢ ᠠᠳᠬᠤᠬᠤ᠂ ᠬᠥᠭᠵᠢᠯ ᠮᠠᠨᠳᠤᠯ ᠢ ᠠᠬᠢᠭᠤᠯᠬᠤ ᠵᠣᠬᠢᠶᠠᠨ ᠪᠠᠶᠢᠭᠤᠯᠤᠯᠲᠠ ᠶᠢᠨ ᠬᠦᠴᠦᠨ ᠢ ᠴᠢᠩᠭᠠᠳᠬᠠᠨ᠎ᠠ᠃ ᠲᠥᠷᠥ ᠶᠢᠨ ᠪᠣᠳᠣᠯᠭ᠎ᠠ ᠪᠠᠷ ᠲᠡᠳᠬᠦᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠳᠥᠷᠪᠡ ᠶᠢ ᠥᠯᠥ ᠬᠠᠶᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠶᠠᠳᠠᠭᠤ ᠬᠦᠴᠢᠷᠳᠡᠯᠲᠡᠶ ᠭᠠᠴᠠᠭ᠎ᠠ᠂ ᠶᠠᠳᠠᠭᠤ   ᠠᠴᠠ ᠠᠩᠭᠢᠵᠢᠷᠠᠭᠰᠠᠨ ᠬᠥᠮᠦᠰ ᠲᠤ ᠪᠠᠯᠠ ᠣᠷᠣᠭᠤᠯᠤᠯᠲᠠ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ᠂ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ᠂ ᠶᠠᠳᠠᠭᠤ ᠶᠢ ᠲᠡᠳᠬᠦᠬᠦ ᠬᠠᠮᠵᠢᠯᠴᠠᠭ᠎ᠠ᠂ ᠴᠢᠬ ᠲᠣᠭᠲᠠᠭᠠᠨ ᠬᠠᠪᠰᠤᠷᠤᠨ ᠲᠡᠳᠬᠦᠬᠦ ᠵᠡᠷᠭᠡ ᠲᠥᠷᠥ ᠶᠢᠨ ᠪᠣᠳᠣᠯᠭ᠎ᠠ ᠶᠢᠨ ᠦᠷᠭᠦᠯᠵᠢᠯᠡᠯᠳᠦ ᠴᠢᠨᠠᠷ ᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠳᠠᠬᠢᠨ ᠶᠠᠳᠠᠭᠤᠷᠠᠬᠤ ᠲᠦᠭᠰᠢᠭᠦᠷᠢ ᠣᠷᠣᠰᠢᠵᠤ ᠪᠠᠶᠢᠭ᠎ᠠ  ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠠ ᠶᠠᠳᠠᠭᠤᠷᠠᠬᠤ ᠲᠦᠭᠰᠢᠭᠦᠷᠢ ᠣᠷᠣᠰᠢᠵᠤ ᠪᠠᠶᠢᠭ᠎ᠠ ᠬᠥᠮᠦᠨ ᠠᠮᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠨᠵᠢᠯᠲᠡ ᠶᠢ ᠥᠷᠨᠢᠭᠦᠯᠬᠦ ᠶᠢᠨ ᠬᠠᠮᠲᠤ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠪᠠ ᠬᠠᠷᠢᠴᠠᠩᠭᠤᠶ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠨᠢ ᠴᠢᠩᠭᠠᠷᠠᠭᠤᠯᠤᠨ᠎ᠠ᠃ ᠮᠠᠯᠵᠢᠬᠤ ᠣᠷᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠵᠦ᠂ ᠮᠠᠯᠵᠢᠬᠤ ᠣᠷᠣᠨ ᠤ ᠨᠡᠶᠢᠭᠡᠮ ᠤᠨ ᠪᠠᠲᠤᠯᠠᠭ᠎ᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃      ᠬᠤᠶᠠᠷ᠂ ᠮᠠᠯᠵᠢᠬᠤ ᠣᠷᠣᠨ ᠤ ᠠᠵᠤ ᠦᠢᠯᠡᠰ ᠤᠨ ᠴᠢᠨᠠᠷ ᠰᠠᠶᠢᠲᠠᠶ ᠠᠭᠤᠰᠣᠯᠴᠠᠭᠰᠠᠨ ᠭᠦᠭᠵᠢᠯᠳᠡ ᠶᠢ ᠳᠥᠯᠭᠢᠨ ᠠᠬᠢᠭᠤᠯᠤᠨ᠎ᠠ      ᠮᠠᠯᠵᠢᠬᠤ ᠣᠷᠣᠨ ᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠮᠠᠯᠵᠢᠬᠤ ᠣᠷᠣᠨ ᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠪᠠᠷ ᠬᠦᠳᠡᠯᠭᠡᠭᠴᠢ ᠬᠦᠴᠦᠨ ᠪᠣᠯᠭᠠᠵᠤ᠂ ᠮᠠᠯ ᠠᠵᠤ ᠠᠬᠤᠶ ᠬᠢᠭᠡᠳ ᠵᠢᠭᠤᠯᠴᠢᠯᠠᠯ᠂ ᠡᠯᠧᠺᠲᠷᠣᠨ ᠬᠤᠳᠠᠯᠳᠤᠭ᠎ᠠ᠂ ᠡᠷᠡᠭᠦᠯᠵᠢᠯ ᠰᠤᠪᠢᠯᠠᠯᠲᠠ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠴᠣᠭᠴᠠᠯᠠᠬᠤ᠂ ᠣᠯᠠᠨ ᠭᠤᠤᠯ ᠴᠣᠭᠴᠠ ᠣᠷᠣᠯᠴᠠᠬᠤ᠂ ᠣᠯᠠᠨ ᠲᠣᠭᠲᠠᠴᠠ ᠪᠠᠷ ᠬᠤᠯᠪᠣᠭᠠᠯᠠᠬᠤ᠂ ᠣᠯᠠᠨ ᠬᠦᠴᠦᠨ ᠵᠦᠢᠯ ᠢᠶᠠᠷ ᠬᠦᠴᠦᠯᠡᠬᠦ᠂ ᠣᠯᠠᠨ ᠵᠠᠭᠪᠤᠷ ᠢᠶᠠᠷ ᠠᠬᠢᠭᠤᠯᠬᠤ ᠮᠠᠯᠵᠢᠬᠤ ᠣᠷᠣᠨ ᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠲᠣᠭᠲᠠᠯᠴᠠᠭ᠎ᠠ ᠶᠢ ᠪᠠᠶᠢᠭᠤᠯᠤᠨ᠎ᠠ᠃      ᠮᠠᠯᠵᠢᠬᠤ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠪᠤᠢ ᠪᠣᠯᠭᠠᠨ᠎ᠠ᠃ ᠤᠯᠤᠰ ᠤᠨ ᠭᠤᠣᠯ ᠪᠣᠯᠬᠤ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠴᠢᠬᠤᠯᠠ ᠰᠠᠭᠤᠷᠢᠨ ᠭᠠᠵᠠᠷ ᠢ ᠪᠠᠶᠢᠭᠤᠯᠬᠤ ᠪᠠᠷ ᠬᠠᠷᠠᠯᠲᠠ ᠪᠣᠯᠭᠠᠨ᠂ ᠪᠣᠬᠢᠷᠲᠤᠯ ᠦᠭᠡᠢ ᠮᠠᠯ ᠠᠵᠤ ᠠᠬᠤᠢ ᠶᠢ ᠬᠥᠭᠵᠢᠭᠦᠯᠬᠦ᠂ ᠶᠠᠰᠤ ᠴᠢᠨᠠᠷ ᠢᠶᠠᠷ ᠮᠠᠯ ᠠᠵᠤ ᠠᠬᠤᠢ ᠶᠢ ᠬᠦᠴᠦᠷᠬᠡᠭᠵᠢᠭᠦᠯᠬᠦ᠂ ᠨᠡᠷᠡᠲᠦ ᠲᠡᠮᠳᠡᠭ ᠢᠶᠠᠷ ᠮᠠᠯ ᠠᠵᠤ ᠠᠬᠤᠢ ᠶᠢ ᠪᠠᠶᠠᠵᠢᠭᠤᠯᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠡᠪᠴᠢᠶ᠎ᠡ ᠶᠡᠭᠡ᠂ ᠠᠭᠤᠰᠤᠯᠴᠠᠯ ᠤᠨ ᠳᠡᠰ ᠳᠠᠪᠬᠤᠷᠭ᠎ᠠ ᠭᠦᠨ᠂ ᠥᠷᠲᠡᠭ ᠤᠨ ᠨᠡᠮᠡᠭᠳᠡᠯ ᠥᠨᠳᠥᠷ᠂ ᠶᠠᠰᠤ ᠴᠢᠨᠠᠷ ᠦᠷ᠎ᠡ ᠠᠰᠢᠭ ᠰᠠᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠦᠷᠭᠡᠳᠬᠡᠨ ᠪᠦᠷᠢᠯᠳᠦᠭᠦᠯᠦᠨ᠎ᠡ᠃ ᠳᠠᠪᠠᠭᠤᠯᠢᠭ ᠣᠨᠴᠠᠯᠢᠭ ᠪᠦᠬᠦᠢ ᠭᠤᠣᠯᠯᠠᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ᠂ ᠮᠠᠯᠴᠢᠳ ᠲᠤ ᠠᠵᠤ ᠦᠢᠯᠡᠰ ᠤᠨ ᠬᠡᠯᠬᠢᠶ᠎ᠡ ᠶᠢᠨ ᠨᠡᠮᠡᠭᠳᠡᠯ ᠥᠷᠲᠡᠭ ᠤᠨ ᠠᠰᠢᠭ ᠣᠯᠵᠠᠪᠤᠷᠢ ᠶᠢ ᠬᠤᠪᠢᠶᠠᠨ ᠡᠳ᠋ᠯᠡᠬᠦ ᠪᠠᠷ ᠭᠤᠣᠯ ᠪᠣᠯᠭᠠᠨ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠬᠦ᠂ ᠠᠰᠢᠭ ᠲᠤᠰᠠ ᠶᠢᠨ ᠬᠡᠯᠬᠢᠶ᠎ᠡ ᠶᠢ ᠲᠡᠭᠦᠯᠳᠡᠷᠵᠢᠭᠦᠯᠬᠦ ᠪᠠᠷ ᠵᠠᠩᠭᠢᠯᠠᠭ᠎ᠠ ᠪᠣᠯᠭᠠᠵᠤ᠂ ᠲᠣᠯᠣᠭᠠᠶᠢᠯᠠᠭᠴᠢ ᠠᠵᠤ ᠠᠬᠤᠶᠢᠯᠠᠯ ᠢ ᠪᠤᠶᠢᠵᠢᠭᠤᠯᠤᠨ᠂ ᠣᠨᠴᠠᠯᠢᠭᠲᠤ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠬᠦ᠂ ᠡᠳ᠋ᠰᠢᠭᠦᠯᠬᠦ᠂ ᠭᠦᠢᠯᠭᠡᠭᠡᠬᠦ᠂ ᠪᠣᠷᠣᠯᠠᠭᠤᠯᠬᠤ ᠠᠵᠤ ᠦᠢᠯᠡᠰ ᠤᠨ ᠬᠡᠯᠬᠢᠶ᠎ᠡ ᠪᠠᠷ ᠰᠠᠭᠤᠷᠢ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠰᠡᠯᠡᠭᠦᠴᠡᠨ ᠲᠣᠭᠤᠷᠢᠬᠤ᠂ ᠢᠵᠢ ᠪᠦᠷᠢᠳᠦᠭᠰᠡᠨ ᠮᠠᠯᠵᠢᠬᠤ ᠦᠢᠯᠡᠳᠪᠦᠷᠢᠯᠡᠯ ᠤᠨ ᠬᠡᠷᠡᠭᠰᠡᠯ ᠢ ᠦᠢᠯᠡᠳᠪᠦᠷᠢᠯᠡᠬᠦ ᠪᠠ ᠦᠢᠯᠡᠳᠬᠦ ᠶᠢ ᠠᠭᠤᠰᠤᠯᠴᠠᠭᠤᠯᠤᠨ ᠬᠥᠭᠵᠢᠭᠦᠯᠦᠭᠰᠡᠨ ᠣᠨᠴᠠᠯᠢᠭᠲᠤ ᠮᠠᠯ ᠠᠵᠤ ᠠᠬᠤᠶ ᠶᠢᠨ ᠠᠵᠤ ᠦᠢᠯᠡᠰ ᠤᠨ ᠪᠦᠯᠦᠭᠯᠡᠯ ᠢ ᠪᠠᠶᠢᠭᠤᠯᠤᠨ᠎ᠠ᠃ ᠰᠢᠨ᠎ᠡ ᠬᠡᠯᠪᠡᠷᠢ ᠶᠢᠨ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠤᠶᠢᠵᠢᠭᠤᠯᠵᠤ᠂ ᠭᠡᠷ ᠪᠦᠯᠢ ᠶᠢᠨ ᠡᠵᠡᠩᠨᠡᠯᠲᠡ ᠪᠠᠷ ᠰᠠᠭᠤᠷᠢ ᠪᠣᠯᠭᠠᠭᠰᠠᠨ᠂ ᠠᠵᠤ ᠦᠢᠯᠡᠰᠵᠢᠭᠰᠡᠨ ᠬᠤᠯᠪᠣᠭᠠᠲᠤ ᠴᠣᠭᠴᠠ ᠪᠠᠷ ᠲᠤᠯᠭᠠᠭᠤᠷᠢᠯᠠᠯ ᠪᠣᠯᠭᠠᠭᠰᠠᠨ ᠣᠳᠣ ᠦᠶ᠎ᠡ ᠶᠢᠨ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃      ᠮᠠᠯᠵᠢᠬᠤ ᠣᠷᠣᠨ ᠤ ᠦᠢᠯᠡᠳᠪᠦᠷᠢᠯᠡᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠮᠡᠷᠭᠡᠵᠢᠯ ᠤᠨ ᠦᠢᠯᠡᠴᠢᠯᠡᠭᠡᠨ ᠤ ᠪᠣᠳᠠᠲᠤ ᠴᠣᠭᠴᠠ   ᠪᠠᠷ ᠨᠡᠶᠢᠭᠡᠮ ᠤᠨ ᠬᠦᠴᠦᠨ ᠢ ᠳᠠᠭᠠᠭᠤᠯᠤᠨ ᠡᠷᠬᠢᠯᠡᠬᠦ ᠶᠢ ᠢᠳᠡᠪᠬᠢᠲᠡᠢ ᠵᠣᠷᠢᠭᠵᠢᠭᠤᠯᠵᠤ᠂ ᠨᠠᠶᠢᠳᠠᠨ ᠬᠠᠮᠢᠶᠠᠷᠤᠭᠤᠯᠬᠤ ᠮᠠᠶ᠋ᠢᠭ᠂ ᠵᠠᠬᠢᠶᠠᠯᠠᠭ᠎ᠠ ᠶᠢᠨ ᠮᠠᠶ᠋ᠢᠭ᠂ ᠲᠠᠪᠴᠠᠩ ᠤᠨ ᠮᠠᠶ᠋ᠢᠭ᠂  ᠦᠷᠳᠡᠭᠡᠴᠢᠯᠡᠭᠰᠡᠨ ᠴᠡᠭ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡᠨ ᠤ ᠵᠠᠭᠪᠤᠷ ᠢ ᠬᠥᠭᠵᠢᠭᠦᠯᠦᠨ᠎ᠡ᠃ ᠨᠡᠭᠦᠳᠡᠯ ᠦᠢᠯᠡᠴᠢᠯᠡᠭᠡᠨ ᠤ ᠲᠡᠷᠭᠡ᠂ ᠦᠢᠯᠡᠴᠢᠯᠡᠭᠡᠨ ᠤ ᠦᠷᠳᠡᠭᠡ ᠴᠢᠭ᠂ ᠣᠷᠣᠯᠠᠨ ᠭᠦᠢᠴᠡᠳᠬᠡᠭᠴᠢ ᠵᠡᠷᠭᠡ ᠦᠢᠯᠡᠴᠢᠯᠡᠭᠡᠨ ᠤ ᠬᠡᠯᠪᠡᠷᠢ ᠶᠢ ᠲᠡᠭᠦᠯᠳᠡᠷᠵᠢᠭᠦᠯᠦᠨ᠎ᠡ᠃ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠪᠠ ᠦᠢᠯᠡᠴᠢᠯᠡᠭᠡ ᠶᠢ ᠴᠢᠩᠭᠠᠳᠬᠠᠵᠤ᠂ ᠮᠠᠯᠵᠢᠬᠤ ᠡᠷᠦᠬᠡ ᠶᠢᠨ ᠲᠤᠰᠬᠠᠢ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠨ᠂ ᠥᠷᠭᠡᠨ ᠣᠯᠠᠨ ᠮᠠᠯᠴᠢᠳ ᠲᠤ ᠪᠦᠬᠦ ᠲᠠᠯ᠎ᠠ ᠶᠢᠨ ᠮᠡᠷᠭᠡᠵᠢᠯ ᠤᠨ ᠦᠢᠯᠡᠴᠢᠯᠡᠭᠡ ᠬᠠᠩᠭᠠᠨ᠎ᠠ᠃ ᠮᠠᠯᠴᠢᠳ ᠤᠨ ᠬᠤᠷᠰᠢᠶ᠎ᠠ ᠶᠢᠨ  ᠬᠤᠯᠪᠣᠭᠠᠯᠠᠯ ᠢ ᠴᠢᠩᠭᠠᠳᠬᠠᠵᠤ᠂ ᠮᠠᠯ ᠠᠵᠤ ᠠᠬᠤᠢ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠨ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠴᠢᠳᠠᠪᠤᠷᠢ ᠶᠢᠨ ᠰᠠᠭᠤᠷᠢ ᠶᠢ ᠪᠠᠬᠢᠵᠢᠭᠦᠯᠦᠨ᠎ᠡ᠃      ᠭᠤᠷᠪᠠ᠂  ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ ᠰᠢᠨ᠎ᠡ ᠮᠠᠯᠵᠢᠬᠤ ᠣᠷᠣᠨ ᠢ ᠴᠢᠷᠮᠠᠶᠢᠨ ᠪᠠᠶᠢᠭᠤᠯᠣᠨ᠎ᠠ      ᠦᠵᠡᠰᠬᠦᠯᠡᠩᠲᠦ ᠰᠠᠶᠢᠬᠠᠨ ᠪᠥᠭᠡᠳ ᠣᠷᠣᠰᠢᠨ ᠰᠠᠭᠤᠬᠤ ᠳᠤ ᠲᠣᠬᠢᠷᠠᠮᠵᠢᠲᠠᠶ ᠰᠢᠨ᠎ᠡ ᠮᠠᠯᠵᠢᠬᠤ ᠣᠷᠣᠨ ᠢ ᠪᠦᠲᠦᠭᠡᠨ ᠪᠠᠶᠢᠭᠤᠯᠬᠤ ᠪᠠᠷ ᠤᠳᠤᠷᠢᠳᠤᠮᠵᠢ ᠪᠣᠯᠭᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠵᠣ᠂ ᠲᠥᠷᠥᠯ ᠬᠤᠪᠢᠶᠠᠨ ᠵᠢᠯᠣᠭᠤᠳᠬᠤ ᠵᠠᠷᠴᠢᠮ ᠢ ᠪᠠᠷᠢᠮᠲᠠᠯᠠᠨ᠂ ᠮᠠᠯᠵᠢᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠠᠬᠢᠭᠤᠯᠵᠤ᠂ ᠵᠢᠷᠣᠮᠯᠠᠬᠤ ᠠᠴᠠ ᠳᠦᠷᠢᠮ ᠲᠠᠢ ᠂ ᠠᠵᠢᠯᠯᠠᠬᠤ ᠠᠴᠠ ᠪᠠᠷᠢᠮᠵᠢᠶ᠎ᠠ ᠲᠠᠢ᠂ ᠺᠠᠳ᠋ᠷ ᠠᠵᠢᠯᠳᠠᠨ ᠤ ᠡᠩᠨᠡᠭᠡ ᠲᠠᠢ᠂ ᠱᠠᠭᠠᠷᠳᠠᠨ ᠪᠠᠶᠢᠴᠠᠭᠠᠯᠲᠠ ᠲᠠᠢ᠂ ᠵᠠᠷᠤᠳᠠᠯ ᠤᠨ ᠮᠦᠩᠬᠦ ᠲᠠᠢ ᠵᠡᠷᠬᠡ ︽ᠲᠠᠪᠤ ᠶᠢ ᠪᠦᠷᠢᠳᠦᠭᠦᠯᠦᠭᠰᠡᠨ︾ ᠣᠷᠣᠰᠢᠨ ᠰᠠᠭᠤᠬᠤ ᠣᠷᠴᠢᠨ ᠲᠣᠭᠤᠷᠢᠨ ᠢ ᠬᠢᠨᠠᠨ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ᠎ᠡ᠃ ᠮᠠᠯᠵᠢᠬᠤ ᠣᠷᠣᠨ ᠤ ᠪᠣᠬᠢᠷᠲᠤᠯ ᠦᠭᠡᠢ ᠬᠥᠭᠵᠢᠯᠲᠡ ᠶᠢᠨ ᠠᠷᠭ᠎ᠠ ᠮᠠᠶ᠋ᠢᠭ ᠪᠠ ᠠᠮᠢᠳᠤᠷᠠᠯ ᠤᠨ ᠠᠷᠭ᠎ᠠ ᠮᠠᠶ᠋ᠢᠭ ᠢ ᠲᠦᠷᠭᠡᠳᠭᠡᠨ ᠪᠣᠢ ᠪᠣᠯᠭᠠᠨ᠎ᠠ᠃      ᠮᠠᠯᠵᠢᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ  ᠢ ᠴᠡᠭᠴᠡᠯᠡᠨ ᠵᠠᠰᠠᠬᠤ ᠶᠢ ᠴᠢᠩᠭᠠᠳᠬᠠᠨ᠎ᠠ᠃ ᠮᠠᠯᠵᠢᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ︽1 + 6  ︾ ᠢᠨᠵᠧᠨᠧᠷᠢᠩ ᠤᠨ ︽ᠴᠡᠭ ᠱᠤᠭᠤᠮ ᠲᠠᠯ᠎ᠠ  ︾ ᠶᠢᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ  ᠢ ᠰᠠᠶᠢᠲᠤᠷ ᠪᠠᠳᠠᠷᠠᠭᠤᠯᠤᠨ᠎ᠠ᠃ ᠮᠠᠯᠵᠢᠬᠤ ᠣᠷᠣᠨ ᠤ ᠰᠠᠭᠤᠷᠢ ᠲᠦᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠪᠠᠶᠢᠩᠭᠤ ᠶᠢᠨ ᠪᠦᠲᠦᠮᠵᠢᠲᠡᠶ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠮᠢᠳᠤᠷᠠᠯ ᠤᠨ ᠬᠤᠭ ᠨᠣᠪᠰᠢ᠂ ᠠᠮᠢᠳᠤᠷᠠᠯ ᠤᠨ ᠪᠣᠬᠢᠷ ᠤᠰᠤ᠂ ᠵᠣᠷᠯᠣᠩ ᠤᠨ ᠢᠯᠭᠠᠳᠠᠰᠤ ᠪᠠ ᠲᠣᠰᠬᠤᠨ ᠤ  ᠲᠦᠷᠢ ᠲᠦᠷᠬᠦ ᠪᠠᠷ ᠭᠤᠣᠯᠳᠠᠯᠭ᠎ᠠ ᠪᠣᠯᠭᠠᠭᠰᠠᠨ ︽ᠭᠤᠷᠪᠠ ᠶᠢ ᠵᠠᠰᠠᠵᠤ ᠨᠢᠭᠡ ᠶᠢ ᠳᠡᠭᠡᠭᠰᠢᠯᠡᠭᠦᠯᠬᠦ  ︾ ᠮᠠᠯᠵᠢᠬᠤ ᠣᠷᠣᠨ ᠤ ᠠᠷᠢᠭᠤᠨ ᠴᠡᠪᠡᠷ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃ ᠠᠮᠢᠳᠤᠷᠠᠯ ᠤᠨ ᠪᠣᠬᠢᠷ ᠤᠰᠤ ᠶᠢ ᠳᠤᠷ᠎ᠠ ᠪᠠᠷ ᠭᠠᠳᠠᠭᠰᠢᠯᠠᠭᠤᠯᠬᠤ ᠶᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠶᠢ ᠬᠡᠷᠡᠭᠵᠢᠭᠦᠯᠵᠦ᠂ ᠡᠬᠢ ᠪᠠᠶᠠᠯᠢᠭᠵᠢᠭᠤᠯᠤᠨ ᠠᠰᠢᠭᠯᠠᠬᠤ ᠬᠠᠷᠢᠴᠠᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︽ᠨᠢᠭᠡ ᠰᠤᠮᠤ ᠪᠠᠯᠭᠠᠰᠤ ( ᠭᠠᠴᠠᠭ᠎ᠠ ᠲᠣᠰᠬᠤᠨ ) ᠳᠤ ᠨᠢᠭᠡ ᠵᠦᠢᠯ ᠤᠨ ᠠᠷᠭ᠎ᠠ ᠪᠤᠳᠤᠯᠭ᠎ᠠ ᠪᠠᠶᠢᠬᠤ︾ ᠪᠣᠬᠢᠷ ᠤᠰᠤ᠂ ᠬᠤᠭ ᠨᠣᠪᠰᠢ ᠰᠢᠢᠳᠪᠦᠷᠢᠯᠡᠬᠦ ᠵᠡᠷᠭᠡ ᠰᠠᠭᠤᠷᠢ ᠲᠦᠬᠦᠭᠡᠷᠦᠮᠵᠢ ᠶᠢᠨ ᠪᠥᠳᠥᠭᠡᠨ ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠵᠡᠭᠦᠨ ᠦᠵᠦᠮᠦᠴᠢᠨ ᠬᠤᠰᠢᠭᠤᠨ ᠤ ᠡᠯ᠎ᠡ ᠰᠤᠮᠤ ᠪᠠᠯᠭᠠᠰᠤ ( ᠲᠠᠯᠠᠪᠠᠢ )   ᠶᠢᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠪᠥᠳᠥᠭᠡᠨ ᠪᠠᠶᠢᠭᠤᠯᠤᠯᠲᠠ ᠶᠢᠨ ᠢᠨᠵᠧᠨᠧᠷᠢᠩ ᠪᠣᠯᠤᠨ ᠬᠤᠭ ᠨᠣᠪᠰᠢ ᠶᠢ ᠲᠥᠪᠯᠡᠷᠡᠭᠦᠯᠦᠨ ᠰᠢᠢᠳᠪᠦᠷᠢᠯᠡᠬᠦ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠵᠤ᠂ 90%  ᠠᠴᠠ ᠳᠡᠭᠡᠭᠰᠢᠬᠢ ᠭᠠᠴᠠᠭᠠᠨ ᠤ ᠠᠮᠢᠳᠤᠷᠠᠯ ᠤᠨ ᠬᠤᠭ ᠨᠣᠪᠰᠢ ᠶᠢ ᠪᠦᠲᠦᠮᠵᠢᠲᠡᠢ ᠵᠠᠰᠠᠨ᠎ᠠ᠃ ᠪᠣᠳᠠᠲᠠᠶ ᠠᠴᠠ ᠡᠭᠦᠰᠬᠦ ᠶᠢ ᠪᠠᠷᠢᠮᠲᠠᠯᠠᠨ᠂ ᠴᠢᠳᠠᠯ ᠤᠨ ᠢᠶᠠᠨ ᠬᠢᠷᠢ ᠪᠠᠷ ᠬᠢᠵᠦ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ︽ᠵᠣᠷᠯᠣᠩ ᠤᠨ ᠦᠭᠡᠷᠡᠴᠢᠯᠡᠯᠲᠡ  ︾ ᠶᠢ ᠠᠬᠢᠭᠤᠯᠵᠤ᠂ ᠮᠠᠯᠵᠢᠬᠤ ᠣᠷᠣᠨ ᠤ ᠵᠣᠷᠯᠣᠩ ᠤᠨ ᠲᠦᠭᠡᠮᠡᠯᠵᠢᠭᠰᠡᠨ ᠨᠣᠷᠮ᠎ᠠ ᠶᠢ 80% ᠠᠴᠠ ᠳᠡᠭᠡᠭᠰᠢ ᠳᠤ  ᠬᠦᠷᠭᠡᠨ᠎ᠡ᠃      ᠰᠢᠨ᠎ᠡ ᠮᠠᠯᠵᠢᠬᠤ ᠣᠷᠣᠨ ᠤ ᠵᠢᠱᠢᠶ᠎ᠡ ᠦᠵᠡᠭᠦᠯᠬᠦ ᠭᠠᠴᠠᠭ᠎ᠠ ᠶᠢ ᠴᠣᠭᠴᠠᠯᠠᠨ᠎ᠠ᠃ ︽ᠵᠠᠭᠤᠨ  ᠰᠢᠶᠠᠩ ︵ᠰᠣᠮᠤ︶︾  ︽ᠮᠢᠩᠭᠠᠨ ᠲᠣᠰᠬᠤᠨ ︵ ᠭᠠᠴᠠᠭ᠎ᠠ︶  ︾ ᠤ ᠲᠤᠷᠰᠢᠯᠲᠠ ᠶᠢᠨ ᠴᠢᠭ ᠤᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ︽ᠳᠦᠷᠢᠮ ᠲᠣᠭᠲᠠᠭᠠᠯ ᠪᠠᠶᠢᠭᠤᠯᠬᠤ ᠪᠠ ᠬᠠᠮᠢᠶᠠᠷᠬᠤ︾ ᠶᠢ ᠵᠡᠷᠭᠡ ᠳᠤᠨᠢ ᠴᠢᠬᠤᠯᠠᠴᠢᠯᠠᠬᠤ᠂ ︽ᠴᠢᠭ ᠱᠤᠭᠤᠮ ᠲᠠᠯ᠎ᠠ︾ ᠶᠢ ᠵᠡᠷᠭᠡ ᠳᠤᠨᠢ ᠴᠢᠬᠤᠯᠠᠴᠢᠯᠠᠬᠤ᠂ ᠲᠤᠷᠰᠢᠯᠲᠠ ᠶᠢᠨ ᠴᠢᠭ ᠢ ᠤᠷᠢᠳᠠᠪᠠᠷ ᠬᠡᠷᠡᠭᠵᠢᠭᠦᠯᠬᠦ ᠶᠢ ᠪᠠᠷᠢᠮᠲᠠᠯᠠᠨ᠂ ᠠᠵᠤ ᠦᠢᠯᠡᠰ ᠢᠶᠠᠷ ᠲᠤᠯᠭᠠᠭᠤᠷᠢᠯᠠᠭᠰᠠᠨ᠂ ᠣᠨᠴᠠᠯᠢᠭ ᠲᠠᠢ ᠬᠡᠪ ᠨᠠᠮᠪᠠ  ᠲᠠᠢ᠂ ᠬᠥᠭᠵᠢᠯᠲᠡ ᠶᠢᠨ ᠨᠥᠭᠡᠴᠡ ᠬᠦᠴᠦᠨ ᠲᠠᠢ ᠵᠢᠱᠢᠶ᠎ᠡ ᠦᠵᠡᠭᠦᠯᠬᠦ‍ ᠴᠢᠭ ᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂  ᠰᠠᠭᠤᠭᠠᠯᠢ ᠠᠷᠠᠳ ᠨᠢ ᠬᠠᠷᠢᠴᠠᠩᠭᠤᠶ ᠲᠥᠪᠯᠡᠷᠡᠭᠰᠡᠨ ᠭᠠᠴᠠᠭ᠎ᠠ ᠲᠣᠰᠬᠤᠨ ᠳᠤ ︽ ᠲᠥᠪᠯᠡᠷᠡᠨ ᠰᠠᠭᠤᠷᠢᠰᠢᠭ᠎ᠠ ᠬᠤᠳᠠ︾ ᠶᠢᠨ ᠲᠤᠷᠰᠢᠯᠲᠠ ᠶᠢᠨ ᠴᠢᠭ ᠤᠨ ᠪᠦᠲᠦᠭᠡᠨ ᠪᠠᠶᠢᠭᠤᠯᠤᠯᠲᠠ ᠶᠢ ᠰᠦᠪᠡᠭᠴᠢᠯᠡᠨ ᠶᠠᠪᠤᠭᠳᠠᠭᠤᠯᠵᠤ᠂ ᠨᠡᠶᠢᠲᠡᠯᠢᠭ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃      ᠳᠥᠷᠪᠡ᠂ ᠮᠠᠯᠵᠢᠬᠤ ᠣᠷᠣᠨ ᠤ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ   ᠶᠢ ᠦᠷᠭᠦᠯᠵᠢᠯᠡᠨ ᠠᠬᠢᠭᠤᠯᠤᠨ᠎ᠠ      ᠮᠠᠯᠴᠢᠳ ᠤᠨ ︽ᠭᠠᠴᠠᠭᠠᠨ ᠤ ᠲᠦᠷᠢᠮ ᠢ ᠰᠠᠬᠢᠬᠤ᠂ ᠮᠠᠭᠤ ᠳᠠᠳᠬᠠᠯ ᠢᠶᠠᠨ ᠥᠭᠡᠷᠡᠴᠢᠯᠡᠬᠦ᠂ ᠦᠨᠡᠨᠴᠢ ᠢᠲᠡᠭᠡᠮᠵᠢ ᠶᠢ ᠴᠢᠬᠤᠯᠠᠴᠢᠯᠠᠬᠤ᠂ ᠬᠠᠷᠢᠯᠴᠠᠨ ᠬᠠᠪᠰᠤᠷᠤᠯᠴᠠᠬᠤ ᠶᠢ ᠡᠷᠬᠢᠮᠯᠡᠬᠦ  ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠣᠯᠪᠠᠰᠤᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢ ᠮᠠᠯᠵᠢᠬᠤ ᠣᠷᠣᠨ ᠳᠤ ᠰᠠᠭᠤᠷᠢᠰᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ  ᠶᠢᠨ ᠲᠥᠪ ᠤᠨ ᠪᠥᠲᠥᠭᠡᠨ ᠪᠠᠶᠢᠭᠤᠯᠤᠯᠲᠠ ᠪᠠ ᠮᠠᠯᠴᠢᠳ ᠤᠨ ᠬᠡᠪ ᠴᠢᠨᠠᠷ ᠢ ᠳᠡᠭᠡᠭᠰᠢᠯᠡᠭᠦᠯᠬᠦ ︽ᠲᠠᠪᠣᠨ ᠵᠢᠯ ᠳᠤ   ᠲᠠᠪᠣᠨ ᠲᠡᠰ ᠳᠡᠭᠡᠭᠰᠢᠯᠡᠭᠦᠯᠬᠦ  ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ︽ᠲᠠᠯ᠎ᠠ ᠨᠤᠲᠤᠭ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ︾ ᠵᠡᠷᠭᠡ ᠤᠬᠠᠭᠤᠯᠤᠨ ᠲᠠᠶᠢᠯᠪᠤᠷᠢᠯᠠᠬᠤ ᠡᠩᠨᠡᠭᠡ ᠶᠢ ᠵᠣᠬᠢᠶᠠᠨ ᠪᠠᠶᠢᠭᠤᠯᠵᠤ᠂ ︽ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ︾᠂ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠂  ︽ᠨᠠᠮ ᠤᠨ ᠭᠡᠰᠢᠭᠦᠨ ᠤ ᠭᠤᠣᠯᠯᠠᠭᠴᠢ ᠡᠷᠦᠬᠡ︾ ᠵᠡᠷᠭᠡ ᠰᠠᠭᠤᠷᠢᠨ ᠭᠠᠵᠠᠷ ᠢ ᠭᠦᠶᠴᠡᠳ ᠠᠰᠢᠭᠯᠠᠵᠤ᠂ ᠣᠨᠣᠯ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠰᠣᠶᠣᠯ ᠢᠶᠠᠷ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ︽ᠠᠷᠪᠠ ᠶᠢ ᠬᠦᠳᠡᠭᠡ ᠲᠣᠰᠬᠤᠨ ᠳᠤ ᠣᠷᠣᠭᠤᠯᠬᠤ  ︾ ᠪᠠ ᠣᠯᠠᠨ ᠲᠦᠮᠡᠨ ᠤ ᠰᠣᠶᠣᠯ ᠤᠨ ︽ᠠᠷᠪᠠᠨ ᠨᠢᠭᠡ ᠠᠵᠢᠯᠯᠠᠭ᠎ᠠ︾ ᠵᠡᠷᠭᠡ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠣᠯᠪᠠᠰᠤᠨ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠤᠯᠠᠮᠵᠢᠯᠠᠨ᠎ᠠ᠃ ᠲᠣᠰᠬᠤᠨ ᠤ ᠲᠦᠷᠢᠮ ᠠᠷᠠᠳ ᠤᠨ ᠭᠡᠷ᠎ᠡ ᠳᠤ ︽ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ᠂ ᠲᠣᠰᠬᠠᠢ ᠤᠴᠢᠷ ᠢ ᠲᠣᠰᠬᠠᠢ ᠵᠥᠪᠯᠡᠬᠦ︾ ᠲᠣᠭᠲᠠᠴᠠ ᠶᠢ ᠪᠠᠶᠢᠭᠤᠯᠵᠤ᠂ ᠱᠠᠩᠨᠠᠯ ᠲᠣᠷᠭᠤᠯ ᠤᠨ ᠠᠷᠭ᠎ᠠ ᠬᠡᠮᠵᠢᠶ᠎ᠡ  ᠶᠢ  ᠲᠡᠭᠦᠯᠳᠡᠷᠵᠢᠭᠦᠯᠦᠨ᠂ ᠬᠡᠷᠡᠭᠵᠢᠭᠦᠯᠬᠦ ᠬᠦᠴᠦᠨ ᠤ ᠬᠢᠵᠠᠭᠠᠷᠯᠠᠬᠤ ᠬᠦᠴᠦᠨ ᠢ ᠴᠢᠩᠭᠠᠷᠠᠭᠤᠯᠤᠨ᠎ᠠ᠃ ︽ᠳᠥᠷᠪᠡᠨ ᠬᠤᠷᠠᠯ  ︾ ᠤᠨ ᠵᠣᠬᠢᠶᠠᠨ ᠪᠠᠶᠢᠭᠤᠯᠤᠯᠲᠠ ᠶᠢ ᠵᠢᠷᠤᠮᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠶᠡᠭᠡ ᠪᠠᠷ ᠬᠢᠬᠦ᠂ ᠪᠦᠷᠢᠯᠭᠡᠨ ᠰᠦᠶᠳᠬᠡᠬᠦ᠂ ᠪᠡᠶ᠎ᠡ ᠪᠠᠨ ᠭᠠᠶᠢᠬᠠᠭᠤᠯᠵᠤ ᠠᠳᠠᠯᠢᠳᠬᠠᠬᠤ ᠵᠡᠷᠭᠡ ᠶᠢᠨ ᠲᠤᠰᠬᠠᠶ ᠵᠠᠰᠠᠯᠲᠠ ᠶᠢ ᠥᠷᠨᠢᠭᠦᠯᠦᠨ᠎ᠡ᠃ ᠰᠢᠨ᠎ᠡ ᠴᠠᠭ ᠦᠶ᠎ᠡ ᠶᠢᠨ ᠮᠠᠯᠴᠢᠳ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢᠶᠠᠷ ᠠᠵᠢᠯᠯᠠᠭ᠎ᠠ ᠥᠷᠨᠢᠭᠦᠯᠬᠦ  ︾ ᠶᠢ ᠦᠷᠭᠦᠯᠵᠢᠯᠡᠨ ᠥᠷᠨᠢᠭᠦᠯᠵᠦ᠂ ︽ᠲᠠᠭᠤᠷᠢᠶᠠᠯ ᠭᠠᠴᠠᠭ᠎ᠠ︾ ᠶᠢᠨ ᠪᠠᠶᠢᠭᠤᠯᠤᠯᠲᠠ ᠶᠢ ᠠᠬᠢᠭᠤᠯᠵᠤ᠂ 50% ᠶᠢᠨ ᠭᠠᠴᠠᠭ᠎ᠠ ᠶᠢ ᠲᠠᠭᠤᠷᠢᠶᠠᠯ ᠭᠠᠴᠠᠭᠠᠨ ᠤ ᠪᠠᠷᠢᠮᠵᠢᠶᠠᠨ ᠳᠤ ᠬᠦᠷᠭᠡᠨ᠎ᠡ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ  ᠶᠢᠨ ᠲᠤᠷᠰᠢᠯᠲᠠ ᠶᠢᠨ ᠴᠢᠭ ᠤᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂  ᠲᠣᠰᠬᠠᠢ ᠬᠠᠪᠰᠤᠷᠤᠨ ᠲᠡᠳᠬᠦᠬᠦ ᠨᠢᠭᠡᠴᠡ ᠶᠢᠨ ᠭᠠᠴᠠᠭ᠎ᠠ ᠲᠣᠰᠬᠤᠨ ᠳᠤ ᠰᠠᠭᠤᠭ᠎ᠠ ᠺᠠᠳ᠋ᠷ ᠢ ᠵᠣᠬᠢᠶᠠᠨ ᠪᠠᠶᠢᠭᠤᠯᠵᠤ ᠰᠢᠨ᠎ᠡ ᠴᠠᠭ ᠦᠶ᠎ᠡ  ᠶᠢᠨ ᠪᠣᠯᠪᠠᠰᠤᠨ ᠤ ᠦᠶᠯᠡᠳᠦᠯᠭᠡ ᠶᠢᠨ ᠰᠠᠶᠢᠨ ᠲᠣᠷᠠᠴᠣᠣᠯ ᠤᠨ ᠦᠶᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ᠨᠢᠭᠡ ᠭᠠᠴᠠᠭ᠎ᠠ ᠨᠢᠭᠡ ᠵᠦᠢᠯ ᠤᠨ ᠬᠡᠪ ᠰᠣᠷᠳᠠᠯ ᠲᠠᠢ︾ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠶᠢᠨ ᠨᠠᠷᠠᠲᠤ ᠲᠥᠷᠥᠯ ᠲᠡᠮᠳᠡᠭᠲᠦ ᠶᠢᠨ ᠬᠠᠷᠠᠯᠲᠠ ᠶᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃      ᠲᠠᠪᠤ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠢ ᠲᠡᠭᠦᠯᠳᠡᠷᠵᠢᠭᠦᠯᠦᠨ᠎ᠡ      ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ᠂ ᠡᠬᠢ ᠪᠠᠶᠠᠯᠢᠭ  ᠤᠨ ᠲᠣᠬᠢᠷᠠᠭᠤᠯᠤᠯᠲᠠ᠂ ᠣᠯᠠᠨ ᠨᠡᠶᠢᠲᠡ ᠶᠢᠨ ᠦᠶᠯᠡᠴᠢᠯᠡᠭᠡ ᠵᠡᠷᠭᠡ ᠲᠠᠯ᠎ᠠ ᠪᠠᠷ ᠬᠠᠮᠲᠤᠪᠠᠷ ᠬᠥᠭᠵᠢᠬᠦ ᠶᠢ ᠠᠬᠢᠭᠤᠯᠤᠨ᠎ᠠ᠃ ᠬᠤᠳᠠ ᠬᠥᠳᠡᠭᠡ ᠶᠢᠨ ᠴᠢᠬᠤᠯᠠ ᠬᠦᠴᠦᠨ ᠵᠦᠢᠯ ᠢ ᠵᠦᠢ ᠵᠣᠬᠢᠰᠲᠠᠢ ᠲᠤᠬᠢᠷᠠᠭᠤᠯᠬᠤ ᠪᠠᠶᠢᠭᠤᠯᠤᠯ ᠲᠣᠭᠲᠠᠴᠠ ᠶᠢ ᠪᠠᠶᠢᠭᠤᠯᠤᠨ ᠪᠥᠷᠢᠨᠰᠢᠬᠦᠯᠵᠤ᠂ ᠡᠯ᠎ᠡ ᠲᠥᠷᠥᠯ ᠤᠨ ᠦᠢᠯᠡᠳᠪᠦᠷᠢᠯᠡᠯ ᠤᠨ ᠬᠦᠴᠦᠨ ᠵᠦᠢᠯ ᠤᠨ ᠬᠤᠳᠠ ᠬᠥᠳᠡᠭᠡ ᠶᠢᠨ ᠬᠤᠭᠤᠷᠣᠨᠳᠣ ᠬᠤᠶᠠᠷ ᠲᠠᠯ᠎ᠠ ᠪᠠᠷ ᠢᠶᠠᠨ ᠰᠢᠯᠵᠢᠯᠲᠡ ᠬᠢᠬᠦ᠂ ᠡᠷᠬᠡ ᠲᠡᠭᠰᠢ ᠪᠠᠷ ᠰᠣᠯᠢᠯᠴᠠᠬᠤ  ᠶᠢ ᠲᠥᠯᠬᠢᠨ ᠠᠬᠢᠭᠤᠯᠵᠤ᠂ ᠡᠯ᠎ᠡ ᠲᠥᠷᠥᠯ ᠤᠨ ᠴᠢᠬᠤᠯᠠ ᠬᠦᠴᠦᠨ ᠵᠦᠢᠯ ᠤᠨ ᠮᠠᠯᠵᠢᠬᠤ ᠣᠷᠣᠨ ᠲᠡᠰᠢ ᠨᠡᠩ ᠢᠯᠡᠭᠦᠦ ᠰᠢᠯᠵᠢᠯᠲᠡ ᠬᠢᠬᠦ ᠶᠢ ᠠᠬᠢᠭᠤᠯᠤᠨ᠂ ᠮᠠᠯᠵᠢᠬᠤ ᠣᠷᠣᠨ ᠤ ᠴᠢᠳᠠᠪᠤᠷᠢᠲᠠᠨ᠂ ᠭᠠᠵᠠᠷ ᠰᠢᠷᠣᠢ᠂ ᠪᠡᠯᠡ ᠮᠥᠩᠭᠦ᠂ ᠠᠵᠤ ᠦᠢᠯᠡᠰ᠂ ᠮᠡᠳᠡᠭᠡ ᠵᠠᠩᠭᠢ ᠬᠤᠷᠠᠭᠰᠠᠨ ᠰᠠᠶᠢᠨ ᠣᠷᠴᠢᠯ ᠢ ᠪᠤᠢ ᠪᠣᠯᠭᠠᠵᠤ᠂ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠭᠳᠡᠭᠦᠯᠦᠨ᠎ᠡ᠃ ᠮᠠᠯᠵᠢᠬᠤ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠪᠠ ︽ᠲᠦᠷᠭᠡᠨ ᠭᠤᠪᠢᠭᠤᠯᠭ᠎ᠠ ᠶᠢ ᠬᠥᠳᠡᠭᠡ ᠪᠠᠭᠤᠯᠭᠠᠬᠤ︾ ᠶᠢ ᠲᠦᠷᠭᠡᠳᠬᠡᠵᠦ᠂ ᠮᠠᠯᠵᠢᠬᠤ ᠣᠷᠣᠨ ᠤ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠨ᠎ᠠ᠃ ᠬᠤᠳᠠ ᠬᠥᠳᠡᠭᠡ ᠶᠢᠨ ᠰᠠᠭᠤᠷᠢ ᠲᠦᠬᠦᠭᠡᠷᠦᠮᠵᠢ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠠᠬᠢᠭᠤᠯᠬᠤ᠂ ᠬᠤᠳᠠ ᠬᠥᠳᠡᠭᠡ ᠶᠢᠨ ᠤᠯᠠᠨ ᠨᠡᠶᠢᠳᠡ ᠶᠢᠨ ᠦᠨᠳᠦᠰᠦᠨ ᠦᠢᠯᠡᠴᠢᠯᠡᠭᠡᠨ ᠢ ᠨᠡᠶᠢᠳᠡᠮ ᠠᠰᠢᠭ ᠬᠦᠷᠲᠡᠭᠡᠨ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠤᠲᠠ ᠪᠠᠯᠭᠠᠰᠤ ᠶᠢᠨ ᠰᠠᠭᠤᠷᠢ ᠲᠦᠬᠦᠭᠡᠷᠦᠮᠵᠢ ᠪᠣᠯᠤᠨ ᠤᠯᠠᠨ ᠨᠡᠶᠢᠳᠡ ᠶᠢᠨ ᠦᠢᠯᠡᠴᠢᠯᠡᠭᠡ ᠶᠢ ᠮᠠᠯᠵᠢᠬᠤ ᠣᠷᠣᠨ ᠳᠤ ᠬᠠᠩᠭᠠᠬᠤ ᠠᠵᠢᠯ ᠢ ᠲᠦᠯᠬᠢᠨ ᠠᠬᠢᠭᠤᠯᠵᠤ᠂ ᠬᠤᠳᠠ ᠬᠥᠳᠡᠭᠡ ᠶᠢᠨ ᠤᠯᠠᠨ ᠨᠡᠶᠢᠳᠡ ᠶᠢᠨ ᠦᠨᠳᠦᠰᠦᠨ ᠦᠢᠯᠡᠴᠢᠯᠡᠭᠡᠨ ᠤ  ᠲᠡᠩᠴᠡᠭᠦᠷᠢᠰᠢᠯ ᠢ ᠪᠡᠶᠡᠯᠡᠭᠦᠯᠦᠨ᠎ᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号