ᠣᠯᠣᠰ ᠠᠷᠠᠳ ᠤᠨ ᠠᠵᠣ ᠠᠬᠤᠢ ᠪᠠ ᠨᠡᠶᠢᠭᠡᠮ ᠤᠨ ᠭᠦᠭᠵᠢᠯᠲᠡ ᠶᠢᠨ ᠠᠷᠪᠠᠨ ᠲᠦᠷᠪᠡᠳᠦᠭᠡᠷ ᠲᠠᠪᠣᠨ ᠵᠢᠯ ᠤᠨ ᠲᠦᠯᠦᠪᠵᠢᠭᠦᠯᠭᠡ ᠪᠠ 2035 ᠣᠨ ᠤ ᠠᠯᠣᠰ ᠤᠨ ᠬᠠᠷᠠᠯᠲᠠ ᠶᠢᠨ ᠬᠦᠳᠦᠯᠪᠦᠷᠢ ᠶᠢᠨ ᠲᠣᠪᠴᠢ ︵ᠵᠢᠷᠭᠤᠭ᠎ᠠ︶
ᠨᠡᠶᠢᠲᠡᠯᠡᠭᠰᠡᠨ ᠴᠠᠭ᠄
2021/9/8
ᠵᠢᠷᠭᠤᠳᠤᠭᠠᠷ ᠪᠦᠯᠦᠭ     ᠤᠳᠤ ᠦᠶ᠎ᠡ ᠶᠢᠨ ᠰᠠᠭᠤᠷᠢ ᠲᠥᠬᠦᠭᠡᠷᠦᠮᠵᠢ ᠶᠢᠨ ᠲᠣᠣᠷᠵᠢᠯ ᠢ ᠲᠡᠭᠦᠯᠳᠡᠷᠵᠢᠭᠦᠯᠬᠦ      ᠵᠣᠬᠢᠰᠲᠠᠶ ᠤᠷᠢᠳᠴᠢᠯᠠᠬᠤ ᠵᠠᠷᠴᠢᠮ ᠢ ᠪᠠᠷᠢᠮᠲᠠᠯᠠᠵᠤ᠂ ᠤᠯᠠᠮᠵᠢᠯᠠᠯᠲᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠣᠯᠤᠨ ᠰᠢᠨ᠎ᠡ ᠬᠡᠯᠪᠡᠷᠢ ᠶᠢᠨ ᠰᠠᠭᠤᠷᠢ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠰᠠᠭᠤᠷᠢ ᠲᠥᠬᠦᠭᠡᠷᠦᠮᠵᠢ ᠶᠢᠨ ᠳᠤᠲᠠᠭᠳᠠᠯ ᠢᠶᠠᠨ ᠲᠦᠷᠭᠡᠨ ᠨᠥᠬᠦᠪᠥᠷᠢᠯᠡᠵᠦ᠂ ᠰᠠᠭᠠᠳ ᠥᠬᠡᠶ ᠨᠡᠪᠲᠡᠷᠡᠯᠴᠡᠭᠰᠡᠨ᠂ ᠣᠶᠤᠨᠴᠢ  ᠪᠣᠬᠢᠷᠲᠤᠯ ᠥᠬᠡᠶ᠂ ᠠᠮᠤᠷ ᠲᠦᠪᠰᠢᠨ᠂ ᠥᠨᠳᠥᠷ ᠪᠦᠲᠦᠮᠵᠢᠲᠡᠶ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠲᠣᠣᠷᠵᠢᠯ ᠢ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠳᠠᠬᠢ  ᠴᠢᠬᠤᠯᠠ ᠦᠢᠯᠡᠳᠦᠯ ᠢ ᠪᠠᠳᠠᠷᠠᠭᠤᠯᠤᠨ᠎ᠠ᠃      ᠨᠢᠭᠡᠳᠦᠭᠡᠷ ᠬᠡᠰᠡᠭ    ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ      ᠤᠯᠤᠰ᠂ ᠥᠪᠡᠷᠲᠡᠭᠡᠨ ᠵᠠᠰᠠᠬᠤ ᠣᠷᠣᠨ ᠪᠠ ᠰᠢᠯᠢ ᠶᠢᠨ ᠭᠤᠣᠯ ᠠᠶᠢᠮᠠᠭ ᠤᠨ ᠠᠵᠤ ᠦᠢᠯᠡᠰ ᠤᠨ ᠪᠠᠶᠢᠷᠢᠰᠢᠭᠤᠯᠤᠯᠲᠠ ᠪᠠ ᠪᠡᠯᠡ ᠣᠷᠣᠭᠤᠯᠤᠯᠲᠠ ᠶᠢᠨ ᠤᠳᠤᠷᠢᠳᠤᠮᠵᠢ ᠲᠠᠢ ᠵ᠊ ᠣᠶᠠᠯᠳᠣᠭᠤᠯᠵᠣ᠂ ᠶᠡᠷᠦᠩᠬᠡᠢ ᠲᠡᠭᠡᠭᠡᠪᠦᠷᠢ ᠶᠢᠨ ᠵᠠᠮ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠪᠠ ᠪᠣᠳᠠᠰ ᠤᠨ ᠭᠦᠢᠯᠭᠡᠭᠡᠨ ᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠵᠦ᠂ ︽ᠠᠮᠤᠷ ᠲᠦᠪᠰᠢᠨ᠂ ᠳᠥᠭᠦᠮ ᠳᠥᠲᠡ᠂ ᠥᠨᠳᠥᠷ ᠦᠷ᠎ᠡ ᠪᠦᠲᠦᠮᠵᠢᠲᠡᠢ᠂ ᠪᠣᠬᠢᠷᠲᠤᠯ ᠦᠭᠡᠢ︾ ᠭᠤᠷᠪᠠ ᠶᠢ ᠨᠢᠭᠡ ᠴᠣᠭᠴᠠᠵᠢᠭᠤᠯᠤᠭᠰᠠᠨ ᠵᠠᠮ ᠲᠡᠭᠡᠭᠡᠪᠦᠷᠢ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃      ᠨᠢᠭᠡ᠂ ᠵᠠᠰᠠᠮᠠᠯ ᠵᠠᠮ ᠤᠨ ᠲᠣᠣᠷᠵᠢᠯ ᠢ ᠲᠡᠭᠦᠯᠳᠡᠷᠵᠢᠭᠦᠯᠦᠨ ᠰᠢᠯᠢᠳᠡᠭᠵᠢᠭᠦᠯᠦᠨ᠎ᠡ  ︽ᠱᠤᠭᠤᠮ︾ ᠠᠴᠠ ︽ᠲᠣᠣᠷ︾ ᠪᠣᠯᠵᠤ᠂ ︽ᠨᠡᠪᠲᠡᠷᠡᠬᠦ︾ ᠠᠴᠠ ︽ᠰᠠᠶᠢᠨ︾  ᠪᠣᠯᠭᠠᠬᠤ ᠳᠥᠭᠦᠮ ᠳᠥᠲᠡ ᠬᠤᠲᠠ ᠬᠥᠳᠡᠭᠡ ᠶᠢᠨ ᠵᠠᠮ ᠬᠠᠷᠢᠯᠴᠠᠭᠠᠨ ᠤ ᠲᠣᠣᠷ ᠢ ᠪᠠᠶᠢᠭᠤᠯᠵᠤ᠂  ᠵᠠᠩᠭᠢᠯᠠᠭ᠎ᠠ ᠶᠢᠨ ᠵᠠᠮ᠂ ᠲᠠᠰᠤᠷᠬᠠᠢ ᠵᠠᠮ ᠤᠨ ᠵᠠᠰᠠᠨ ᠪᠠᠶᠢᠭᠤᠯᠤᠯᠲᠠ ᠶᠢ ᠲᠦᠷᠭᠡᠳᠬᠡᠵᠦ᠂ ᠪᠠᠶᠢᠭᠤᠯᠵᠤ ᠪᠠᠶᠢᠭ᠎ᠠ ᠪᠠ ᠰᠢᠨ᠎ᠡ ᠪᠠᠷ ᠪᠠᠶᠢᠭᠤᠯᠬᠤ᠂ ᠮᠤᠵᠢ ᠶᠢᠨ ᠳᠡᠰ ᠤᠨ ᠵᠠᠮ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ S221 ᠱᠤᠭᠤᠮ ᠤᠨ ᠡᠵᠢ ᠨᠠᠭᠤᠷ ᠠᠴᠠ ᠲᠠᠪᠣᠨ ᠪᠠᠶᠢᠰᠢᠩᠳᠣ ᠬᠦᠷᠬᠦ ᠬᠡᠰᠡᠭ ᠤᠨ ᠨᠢᠭᠡᠳᠦᠭᠡᠷ ᠳᠡᠰ ᠤᠨ ᠵᠠᠰᠠᠮᠠᠯ ᠵᠠᠮ᠂ G334 ᠱᠤᠭᠤᠮ ᠤᠨ ᠤᠯᠢᠶᠠᠰᠤᠲᠠᠢ ᠠᠴᠠ ᠪᠠᠶᠠᠨᠬᠤᠰᠢᠭᠤ ᠬᠦᠷᠬᠦ ᠬᠡᠰᠡᠭ ᠤᠨ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠲᠦᠯᠬᠢᠨ ᠠᠬᠢᠭᠤᠯᠤᠨ᠎ᠠ᠃ ᠵᠠᠰᠠᠮᠠᠯ ᠵᠠᠮ ᠢ ᠳᠡᠰ ᠳᠡᠪᠰᠢᠭᠦᠯᠦᠨ ᠥᠭᠡᠷᠡᠴᠢᠯᠡᠬᠦ ᠡᠷᠴᠢᠮ ᠢᠶᠠᠨ ᠴᠢᠩᠭᠠᠳᠬᠠᠵᠣ᠂ ᠬᠤᠶᠠᠳᠤᠭᠠᠷ ᠳᠡᠰ ᠠᠴᠠ ᠳᠡᠭᠡᠭᠰᠢᠬᠢ ᠳᠡᠭᠡᠳᠦ ᠲᠠᠰ ᠤᠨ ᠵᠠᠰᠠᠮᠠᠯ ᠵᠠᠮ ᠤᠨ ᠡᠵᠡᠯᠡᠬᠦ ᠬᠠᠷᠢᠴᠠᠯ ᠢ ᠳᠡᠭᠡᠭᠰᠢᠯᠡᠭᠦᠯᠦᠨ᠂ ᠮᠠᠯᠵᠢᠬᠤ ᠣᠷᠣᠨ ᠪᠣᠯᠤᠨ ᠬᠢᠯᠢ ᠬᠢᠵᠠᠭᠠᠷ ᠣᠷᠣᠨ ᠤ ᠵᠠᠮ ᠬᠠᠷᠢᠯᠴᠠᠭᠠᠨ ᠤ ᠨᠡᠪᠲᠡᠷᠡᠬᠦ ᠬᠦᠴᠦᠯᠡᠴᠡ ᠶᠢ ᠨᠡᠮᠡᠭᠳᠡᠭᠦᠯᠵᠦ᠂ ᠮᠠᠯᠵᠢᠬᠤ ᠣᠷᠣᠨ ᠤ ᠪᠠᠷᠤᠭᠰᠢᠨ ︵ᠱᠦᠢᠨᠢ︶ ᠵᠠᠰᠠᠮᠠᠯ ᠵᠠᠮ ᠤᠨ ᠲᠣᠣᠷ ᠢ ᠪᠦᠲᠦᠭᠡᠨ ᠪᠠᠶᠢᠭᠤᠯᠵᠤ᠂ ᠰᠣᠮᠣ ᠭᠠᠴᠠᠭᠠᠨ ᠤ ᠭᠤᠷᠪᠠᠨ ᠱᠠᠲᠤᠨ ᠤ ᠵᠠᠰᠠᠮᠠᠯ ᠵᠠᠮ ᠤᠨ ᠲᠣᠣᠷ ᠢ ᠪᠠᠶᠢᠭᠤᠯᠤᠨ᠂ ᠭᠠᠴᠠᠭᠠᠨ ᠳᠤ ᠲᠦᠷᠪᠡᠳᠦᠭᠡᠷ ᠲᠡᠰ ᠤᠨ ᠬᠠᠲᠠᠭᠤᠷᠠᠭᠤᠯᠤᠭᠰᠠᠨ ᠵᠠᠮ ᠢ ᠤᠷᠲᠤᠳᠬᠠᠨ᠎ᠠ᠃ ᠭᠠᠯ ᠰᠡᠷᠭᠡᠶᠢᠯᠡᠨ ᠣᠶ ᠰᠢᠭᠤᠶ ᠶᠢ ᠬᠠᠮᠠᠭᠠᠯᠠᠬᠤ ᠵᠠᠮ᠂ ᠬᠢᠯᠢ ᠶᠢᠨ ᠬᠠᠮᠠᠭᠠᠯᠠᠯᠲᠠ ᠶᠢᠨ ᠵᠠᠰᠠᠮᠠᠯ ᠵᠠᠮ᠂ ᠨᠢᠰᠬᠡᠯ ᠤᠨ ᠪᠠᠭᠤᠳᠠᠯ ᠤᠨ ᠵᠠᠮ᠂ ᠠᠭᠤᠷᠬᠠᠶ ᠶᠢᠨ ᠲᠡᠭᠡᠭᠡᠪᠦᠷᠢ ᠶᠢᠨ ᠵᠠᠮ᠂ ᠵᠢᠭᠤᠯᠴᠢᠯᠠᠯ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠬᠤᠷᠰᠢᠶᠠᠵᠢᠯ ᠪᠣᠯᠤᠨ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠵᠠᠮ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠠ ᠃ ᠵᠠᠮ ᠤᠨ ᠳᠠᠷᠤᠭ᠎ᠠ ᠶᠢᠨ ᠳᠦᠷᠢᠮ ᠢ ᠬᠡᠷᠡᠭᠵᠢᠭᠦᠯᠦᠨ᠂ ᠠᠷᠠᠴᠢᠯᠠᠨ  ᠬᠠᠮᠠᠭᠠᠯᠠᠬᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠮᠠᠯᠵᠢᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠯᠳᠠ ᠶᠢ ᠨᠠᠶᠢᠳᠠᠪᠤᠷᠢᠵᠢᠭᠤᠯᠤᠨ᠎ᠠ᠃ 2025 ᠤᠨ ᠤ ᠰᠡᠭᠦᠯᠴᠢ ᠪᠣᠯᠬᠤ ᠳᠤ᠂ ᠪᠥᠬᠦ ᠬᠤᠰᠢᠭᠤᠨ ᠤ ᠵᠠᠰᠠᠮᠠᠯ ᠵᠠᠮ ᠤᠨ ᠶᠡᠷᠦᠩᠬᠡᠶ ᠣᠷᠳᠣ ᠶᠢ 2800 ᠺᠢᠯᠣᠮᠧᠲᠷ ᠠᠴᠠ ᠳᠡᠭᠡᠭᠰᠢ ᠳᠤ ᠬᠦᠷᠭᠡᠵᠦ᠂ ᠡᠭᠦᠨ ᠳᠤ ᠨᠢᠭᠡᠳᠦᠭᠡᠷ ᠳᠡᠰ ᠤᠨ ᠵᠠᠰᠠᠮᠠᠯ ᠵᠠᠮ ᠢ 300 ᠺᠢᠯᠣᠮᠧᠲᠷ ᠠᠴᠠ ᠳᠡᠭᠡᠭᠰᠢ ᠳᠤ ᠬᠦᠷᠭᠡᠵᠦ᠂ ᠬᠤᠶᠠᠳᠤᠭᠠᠷ ᠳᠡᠰ ᠤᠨ ᠵᠠᠰᠠᠮᠠᠯ ᠵᠠᠮ ᠢ 400 ᠺᠢᠯᠣᠮᠧᠲᠷ ᠠᠴᠠ ᠳᠡᠭᠡᠭᠰᠢ ᠳᠤ ᠬᠦᠷᠭᠡᠵᠦ᠂ ᠬᠢᠯᠢ ᠶᠢᠨ ᠬᠠᠮᠠᠭᠠᠯᠠᠯᠲᠠ᠂ ᠮᠠᠯᠵᠢᠬᠤ ᠣᠷᠣᠨ ᠤ ᠵᠠᠰᠠᠮᠠᠯ ᠵᠠᠮ ᠢ 594 ᠺᠢᠯᠣᠮᠧᠲᠷ ᠣᠷᠴᠢᠮ ᠰᠢᠨ᠎ᠡ ᠪᠠᠷ ᠪᠠᠶᠢᠭᠤᠯᠬᠤ ᠪᠠ ᠰᠢᠨᠡᠳᠭᠡᠨ ᠪᠠᠶᠢᠭᠤᠯᠵᠤ᠂ ᠵᠠᠰᠠᠮᠠᠯ ᠵᠠᠮ ᠤᠨ ᠵᠡᠷᠭᠡ ᠳᠡᠰ ᠤᠨ ᠬᠠᠷᠢᠴᠠᠯ ᠢ ᠢᠯᠡᠳᠲᠡ ᠨᠡᠮᠡᠭᠳᠡᠭᠦᠯᠵᠦ᠂ ᠤᠯᠤᠰ ᠤᠨ ᠮᠤᠵᠢ ᠶᠢᠨ ᠳᠡᠰ ᠤᠨ ᠵᠠᠰᠠᠮᠠᠯ ᠵᠠᠮ ᠢᠶᠠᠷ ᠭᠤᠤᠯ ᠱᠤᠭᠤᠮ ᠪᠣᠯᠭᠠᠭᠰᠠᠨ᠂ ᠮᠠᠯᠵᠢᠬᠤ ᠣᠷᠣᠨ ᠤ ᠵᠠᠰᠠᠮᠠᠯ ᠵᠠᠮ ᠢᠶᠠᠷ ᠰᠠᠯᠪᠤᠷᠢ ᠪᠣᠯᠭᠠᠭᠰᠠᠨ ︽ᠭᠤᠷᠪᠠᠨ ᠬᠥᠨᠳᠡᠯᠡᠨ ᠬᠤᠶᠠᠷ ᠭᠤᠯᠳᠤ︾ ᠵᠠᠮ ᠲᠣᠤᠷ ᠤᠨ ᠲᠣᠭᠲᠠᠯᠴᠠᠭ᠎ᠠ ᠶᠢ ᠠᠩᠬ᠎ᠠ ᠠᠯᠬᠤᠮ ᠪᠦᠷᠢᠯᠳᠦᠭᠦᠯᠦᠨ᠎ᠡ᠃      ᠬᠤᠶᠠᠷ᠂ ᠳᠣᠲᠣᠭᠠᠳᠤ ᠭᠠᠳᠠᠭᠠᠳᠤ ᠶᠢ ᠬᠤᠯᠪᠣᠭᠰᠠᠨ ᠲᠡᠮᠦᠷ ᠵᠠᠮ ᠤᠨ ᠲᠣᠤᠷ ᠢ ᠪᠠᠶᠢᠭᠤᠯᠤᠨ᠎ᠠ      ᠵᠡᠭᠦᠨ ᠦᠵᠦᠮᠦᠴᠢᠨ ᠬᠤᠰᠢᠭᠤ—ᠡᠷᠳᠡᠨᠢᠴᠠᠭᠠᠨ ᠬᠦᠷᠬᠦ᠂ ᠵᠡᠭᠦᠨ ᠬᠠᠲᠠᠪᠴᠢ ᠪᠣᠭᠤᠮᠲᠠ— ᠪᠢᠴᠢᠭᠳᠦ ᠪᠣᠭᠤᠮᠲᠠ—  ᠬᠤᠲᠣ— ᠴᠦᠢᠪᠠᠯᠰᠠᠩ ᠬᠦᠷᠬᠦ᠂ ᠤᠯᠢᠶᠠᠰᠤᠲᠠᠢ — ᠪᠠᠷᠠᠭᠤᠨ ᠣᠷᠳᠣ ᠬᠦᠷᠬᠦ ᠬᠢᠯᠢ ᠠᠯᠤᠰᠯᠠᠭᠰᠠᠨ ᠠᠶᠠᠨᠴᠢᠳ ᠤᠨ ᠲᠡᠭᠡᠭᠡᠪᠦᠷᠢ ᠶᠢᠨ ᠱᠤᠭᠤᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠂ ᠵᠡᠭᠦᠨ ᠬᠠᠲᠠᠪᠴᠢ ᠲᠡᠮᠦᠷ ᠵᠠᠮ ᠤᠨ ᠪᠣᠭᠤᠮᠲᠠ ᠶᠢᠨ ᠪᠠᠶᠢᠭᠤᠯᠣᠯᠳᠠ ᠶᠢ ᠮᠡᠳᠡᠭᠦᠯᠬᠦ ᠠᠵᠢᠯ ᠢ ᠲᠦᠷᠭᠡᠳᠬᠡᠨ᠂ ᠵᠡᠭᠦᠨ ᠬᠠᠲᠠᠪᠴᠢ ᠲᠡᠮᠦᠷ ᠵᠠᠮ ᠤᠨ ᠪᠣᠭᠤᠮᠲᠠ ᠶᠢᠨ ᠲᠥᠷᠥᠯ ᠵᠦᠢᠯ ᠵᠢᠴᠢ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠦᠯᠬᠢᠨ ᠠᠬᠢᠭᠤᠯᠤᠨ᠎ᠠ᠃ ᠪᠠᠶᠠᠨᠬᠤᠸᠠ ᠠᠴᠠ ᠵᠡᠭᠦᠨ ᠦᠵᠦᠮᠦᠴᠢᠨ ᠬᠦᠷᠬᠦ ᠲᠡᠮᠦᠷ ᠵᠠᠮ᠂ ᠤᠯᠢᠶᠠᠰᠤᠲᠠᠢ ᠠᠵᠤ ᠦᠢᠯᠡᠳᠪᠦᠷᠢ ᠶᠢᠨ ᠲᠣᠭᠤᠷᠢᠭ ᠤᠨ ᠲᠡᠮᠦᠷ ᠵᠠᠮ ᠤᠨ ᠲᠤᠰᠬᠠᠢ ᠱᠤᠭᠤᠮ᠂ ᠪᠠᠯᠭᠠᠷᠭᠤᠣᠯ ᠠᠴᠠ ᠵᠦᠰᠬᠤᠸᠠ ᠬᠦᠷᠬᠦ ᠲᠡᠮᠦᠷ ᠵᠠᠮ ᠬᠢᠭᠡᠳ ᠬᠠᠳᠠᠪᠴᠢ ᠪᠣᠳᠠᠰ ᠤᠨ ᠭᠦᠢᠯᠭᠡᠭᠡᠨ ᠤ ᠲᠣᠭᠤᠷᠢᠭ ᠤᠨ ᠲᠡᠮᠦᠷ ᠵᠠᠮ ᠤᠨ ᠲᠤᠰᠬᠠᠢ ᠱᠤᠭᠤᠮ ᠤᠨ ᠬᠤᠯᠪᠣᠯᠳᠠ ᠶᠢᠨ ᠱᠤᠭᠤᠮ ᠤᠨ ᠲᠥᠷᠥᠯ ᠵᠦᠢᠯ ᠪᠠ ᠠᠶᠠᠨᠴᠢᠳ ᠤᠨ ᠲᠡᠭᠡᠭᠡᠪᠦᠷᠢ᠂ ᠵᠢᠭᠤᠯᠴᠢᠯᠠᠯ ᠤᠨ ᠲᠤᠰᠬᠠᠢ ᠭᠠᠯᠲᠤ ᠲᠡᠷᠭᠡ ᠶᠢᠨ ᠲᠥᠷᠥᠯ ᠵᠦᠢᠯ ᠢ ᠰᠠᠶᠢᠲᠤᠷ ᠬᠢᠵᠦ᠂ ᠡᠮᠦᠨ᠎ᠡ ᠤᠮᠠᠷ᠎ᠠ ᠶᠢ ᠬᠤᠯᠪᠣᠭᠰᠠᠨ᠂ ᠳᠠᠯᠠᠢ ᠳᠠᠭᠠᠤ ᠣᠷᠣᠨ ᠳᠤ ᠨᠡᠪᠲᠡᠷᠡᠭᠰᠡᠨ᠂ ᠣᠷᠣᠨ ᠪᠦᠰᠡ ᠶᠢᠨ ᠨᠥᠯᠥᠭᠡᠯᠡᠬᠦ ᠬᠦᠴᠦᠨ ᠲᠠᠢ ᠲᠡᠮᠦᠷ ᠵᠠᠮ ᠤᠨ ᠵᠠᠮ ᠬᠠᠷᠢᠯᠴᠠᠭᠠᠨ ᠤ ᠲᠣᠣᠷ ᠢ ᠪᠠᠶᠢᠭᠤᠯᠤᠨ᠎ᠠ᠃      ᠭᠤᠷᠪᠠ᠂ ᠠᠷᠠᠳ ᠤᠨ ᠠᠭᠠᠷ ᠤᠨ ᠲᠡᠭᠡᠭᠡᠪᠦᠷᠢ ᠶᠢᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠣᠨ᠎ᠠ      ᠠᠷᠠᠳ ᠤᠨ ᠬᠡᠷᠡᠭᠯᠡᠭᠡᠨ ᠤ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠨᠢᠰᠬᠡᠯ ᠤᠨ ᠪᠠᠭᠤᠳᠠᠯ ᠢ ᠣᠯᠠᠨ ᠤᠯᠤᠰ ᠤᠨ ᠠᠭᠠᠷ ᠤᠨ ᠲᠡᠭᠡᠭᠡᠪᠦᠷᠢ ᠶᠢᠨ ᠪᠣᠭᠤᠮᠲᠠ ᠪᠠᠷ ᠨᠡᠪᠲᠡᠷᠡᠭᠦᠯᠬᠦ ᠪᠠᠷ ᠴᠢᠷᠮᠠᠶᠢᠵᠤ᠂ ᠤᠯᠤᠰ ᠤᠨ ᠳᠣᠲᠣᠭᠠᠳᠤ ᠵᠢᠴᠢ ᠮᠣᠩᠭᠤᠯ᠂ ᠣᠷᠣᠰ ᠢ ᠬᠤᠯᠪᠣᠭᠰᠠᠨ ᠣᠯᠠᠨ ᠤᠯᠤᠰ ᠤᠨ ᠠᠶᠠᠯᠠᠯ ᠤᠨ ᠱᠤᠭᠤᠮ ᠢ ᠨᠡᠭᠡᠭᠡᠵᠦ᠂ ᠠᠶᠠᠨᠴᠢᠳ ᠤᠨ ᠲᠡᠭᠡᠭᠡᠪᠦᠷᠢ᠂ ᠪᠠᠷᠠᠭ᠎ᠠ ᠶᠢᠨ ᠲᠡᠭᠡᠭᠡᠪᠦᠷᠢ ᠶᠢᠨ ᠬᠤᠣᠰ ᠬᠥᠭᠵᠢᠯᠲᠡ ᠶᠢ ᠪᠡᠶᠡᠯᠡᠭᠦᠯᠦᠨ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ︽ᠠᠭᠠᠷ ᠳᠡᠭᠡᠷᠡᠬᠢ ᠬᠤᠩᠭᠢᠯ︾ ᠢ ᠨᠡᠪᠲᠡᠷᠡᠭᠦᠯᠦᠨ᠎ᠡ᠃ ᠨᠡᠶᠢᠳᠡᠮ ᠬᠡᠷᠡᠭᠯᠡᠬᠦ ᠠᠭᠠᠷ ᠤᠨ ᠠᠶᠠᠯᠠᠯ ᠢ ᠢᠳᠡᠪᠬᠢᠲᠡᠢ ᠬᠥᠭᠵᠢᠭᠦᠯᠵᠦ ᠂ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ ᠲᠦᠷᠦᠯ ᠵᠣᠶᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠵᠤ᠂ ᠠᠷᠠᠳ ᠤᠨ ᠬᠡᠷᠡᠭᠯᠡᠭᠡᠨ ᠤ ᠣᠷᠣᠨ ᠵᠠᠢ ᠶᠢᠨ ᠨᠡᠭᠡᠭᠡᠯᠲᠡ ᠶᠢ ᠲᠦᠯᠬᠢᠨ ᠠᠬᠢᠭᠤᠯᠤᠨ᠎ᠠ᠃ ᠠᠭᠠᠷ ᠤᠨ ᠲᠡᠭᠡᠭᠡᠪᠦᠷᠢ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠥᠯᠬᠢᠨ ᠠᠬᠢᠭᠤᠯᠵᠤ᠂ ᠠᠭᠠᠷ ᠤᠨ ᠲᠡᠭᠡᠭᠡᠪᠦᠷᠢ ᠶᠢᠨ ᠬᠠᠮᠢᠶᠠᠷᠤᠯᠲᠠ᠂ ᠴᠢᠮᠡᠭᠡ ᠨᠡᠪᠲᠡᠷᠡᠭᠦᠯᠭᠡ᠂ ᠴᠠᠬᠢᠯᠭᠠᠨ ᠬᠠᠩᠭᠠᠬᠤ᠂ ᠤᠰᠤ ᠬᠠᠩᠭᠠᠬᠤ᠂ ᠢᠯᠴᠢ ᠬᠠᠩᠭᠠᠬᠤ᠂ ᠲᠤᠰᠤ ᠬᠠᠩᠭᠠᠬᠤ ᠵᠡᠷᠭᠡ ᠢᠵᠢ ᠪᠦᠷᠢᠳᠦᠭᠰᠡᠨ ᠲᠦᠬᠦᠭᠡᠷᠦᠮᠵᠢ ᠶᠢᠨ ᠪᠥᠳᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃      ᠬᠤᠶᠠᠳᠤᠭᠠᠷ ᠬᠡᠰᠡᠭ    ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ      ᠤᠰᠤᠨ ᠠᠰᠢᠭᠯᠠᠯᠲᠠ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠤᠰᠤ ᠶᠢ ᠵᠠᠰᠠᠬᠤ ᠲᠣᠭᠳᠠᠯᠴᠠᠭ᠎ᠠ ᠪᠣᠯᠤᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠪᠡᠶᠡᠯᠡᠭᠦᠯᠵᠦ᠂ ᠤᠤᠭᠤᠬᠤ ᠤᠰᠤ ᠪᠣᠯᠤᠨ ᠤᠰᠤ ᠬᠡᠷᠡᠭᠯᠡᠬᠦ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠪᠠ ᠣᠰᠣᠳᠣᠯ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃      ᠨᠢᠭᠡ᠂ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ      ᠤᠰᠤᠨ ᠠᠰᠢᠭᠯᠠᠯᠲᠠ ᠶᠢᠨ ᠪᠠᠷᠢᠯᠭ᠎ᠠ ᠶᠢ ᠵᠦᠢ ᠵᠣᠬᠢᠰᠲᠠᠶ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠮᠠᠯᠵᠢᠬᠤ ᠣᠷᠣᠨ ᠳᠤ ᠲᠠᠷᠠᠬᠠᠶ ᠬᠡᠯᠪᠡᠷᠢ ᠶᠢᠨ ᠤᠰᠤ ᠬᠠᠩᠭᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠤᠰᠤᠨ ᠰᠤᠷᠪᠤᠯᠵᠢ ᠶᠢᠨ ᠬᠤᠳᠳᠤᠭ᠂ ᠤᠰᠤ ᠬᠠᠳᠠᠭᠠᠯᠠᠬᠤ ᠵᠣᠭᠤᠷᠢ ᠵᠡᠷᠭᠡ ᠤᠤᠭᠤᠬᠤ ᠤᠰᠤᠨ ᠤ ᠲᠦᠬᠦᠭᠡᠷᠦᠮᠵᠢ ᠶᠢ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠮᠠᠯᠵᠢᠬᠤ ᠣᠷᠣᠨ ᠤ ᠤᠤᠭᠤᠬᠤ ᠤᠰᠤᠨ ᠤ ᠠᠮᠣᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠤᠨ ᠲᠥᠷᠥᠯ ᠵᠦᠢᠯ ᠢ ᠲᠦᠯᠬᠢᠨ ᠠᠬᠢᠭᠤᠯᠵᠤ᠂ ᠮᠠᠯᠵᠢᠬᠤ ᠣᠷᠣᠨ ᠤ ᠤᠤᠭᠤᠬᠤ ᠤᠰᠤᠨ ᠤ ᠠᠮᠣᠷ ᠲᠦᠪᠰᠢᠨ ᠢ ᠪᠠᠲᠤᠯᠠᠬᠤ ᠢᠨᠵᠧᠨᠧᠷᠢᠩ ᠪᠣᠯᠤᠨ ᠭᠠᠩ ᠬᠠᠭᠰᠠᠷᠠᠭᠠᠨ ᠲᠠᠢ ᠲᠡᠮᠡᠴᠡᠬᠦ ᠤᠰᠤᠨ ᠰᠤᠷᠪᠤᠯᠵᠢ ᠶᠢᠨ ᠢᠨᠵᠧᠨᠧᠷᠢᠩ ᠤᠨ ᠲᠥᠷᠥᠯ ᠵᠦᠢᠯ ᠢ ᠢᠳᠡᠪᠬᠢᠯᠡᠨ ᠡᠷᠡᠮᠡᠯᠵᠡᠯᠡᠨ᠎ᠡ᠃ ᠮᠠᠨᠳᠣᠬᠤᠪᠣᠯᠠᠭ ᠪᠠᠯᠭᠠᠰᠤᠨ ᠤ ᠪᠠᠯᠭᠠᠰᠣᠨ ᠲᠥᠪ᠂ ᠤᠯᠢᠶᠠᠰᠤᠲᠠᠢ ᠪᠠᠯᠭᠠᠰᠤᠨ ᠤ ᠰᠢᠨᠠᠭ᠎ᠠ ᠠᠭᠤᠯᠠᠨ ᠤ ᠭᠤᠤ ᠶᠢᠨ ᠦᠶᠡᠷ ᠤᠨ ᠭᠠᠮᠰᠢᠭ ᠢ ᠵᠠᠰᠠᠨ ᠰᠡᠷᠭᠡᠶᠢᠯᠡᠬᠦ ᠲᠥᠷᠥᠯ ᠵᠦᠢᠯ ᠢ ᠬᠡᠷᠡᠭᠵᠢᠭᠦᠯᠬᠦ ᠪᠠᠷ ᠴᠢᠷᠮᠠᠶᠢᠨ᠎ᠠ᠃ ᠲᠥᠪᠯᠡᠷᠡᠭᠦᠯᠦᠨ ᠤᠰᠤ ᠬᠠᠩᠭᠠᠬᠤ ᠪᠠᠷᠢᠯᠭ᠎ᠠ ᠶᠢᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠵᠠᠷᠤᠳᠠᠯ ᠢ ᠵᠢᠯ ᠤᠨ ᠡᠳ᠋ ᠤᠨ ᠵᠠᠰᠠᠭ ᠤᠨ ᠲᠥᠰᠦᠪ ᠳᠤ  ᠣᠷᠣᠭᠤᠯᠵᠣ᠂ ᠢᠨᠵᠧᠨᠧᠷᠢᠩ ᠤᠷᠤᠭᠰᠢᠲᠠᠶ ᠶᠠᠪᠤᠭᠳᠠᠬᠤ ᠶᠢ ᠪᠠᠲᠣᠯᠠᠨ᠎ᠠ᠃ 2025 ᠤᠨ ᠤ ᠰᠡᠭᠦᠯᠴᠢ ᠪᠣᠯᠬᠤ ᠳᠤ᠂ ᠮᠠᠯᠵᠢᠬᠤ ᠣᠷᠣᠨ ᠳᠤ ᠲᠥᠪᠯᠡᠷᠡᠭᠦᠯᠦᠨ ᠤᠰᠤ ᠬᠠᠩᠭᠠᠬᠤ ᠨᠣᠷᠮ᠎ᠠ ᠶᠢ 17.49% ᠳᠤ ᠬᠦᠷᠭᠡᠵᠦ᠂ ᠮᠠᠯᠵᠢᠬᠤ ᠣᠷᠣᠨ ᠳᠤ ᠲᠦᠭᠡᠭᠡᠯ ᠤᠰᠤ ᠶᠢ ᠲᠦᠭᠡᠮᠡᠯᠵᠢᠭᠦᠯᠬᠦ ᠨᠣᠷᠮ᠎ᠠ ᠶᠢ 17.49% ᠳᠤ ᠬᠦᠷᠭᠡᠵᠦ᠂ ᠭᠠᠴᠠᠭᠠᠨ ᠳᠤ ᠤᠰᠤ ᠨᠡᠪᠲᠡᠷᠡᠭᠦᠯᠬᠦ ᠨᠣᠷᠮ᠎ᠠ ᠶᠢ 16.45% ᠳᠤ ᠬᠦᠷᠭᠡᠨ᠎ᠡ᠃      ᠬᠤᠶᠠᠷ᠂ ᠠᠵᠤ ᠦᠢᠯᠡᠰ ᠤᠨ ᠲᠣᠭᠤᠷᠢᠭ ᠤᠨ ᠤᠰᠤᠨ ᠠᠰᠢᠭᠯᠠᠯᠲᠠ ᠶᠢᠨ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠨ᠎ᠡ      ᠲᠣᠭᠤᠷᠢᠭ ᠤᠨ ᠤᠰᠤ ᠬᠠᠩᠭᠠᠬᠤ ᠤᠰᠤ ᠭᠠᠳᠠᠭᠰᠢᠯᠠᠭᠤᠯᠬᠤ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠤᠰᠤ ᠴᠡᠪᠡᠷᠰᠢᠭᠦᠯᠬᠦ ᠦᠢᠯᠡᠳᠪᠦᠷᠢ ᠵᠡᠷᠭᠡ ᠰᠠᠭᠤᠷᠢ ᠲᠦᠬᠦᠭᠡᠷᠦᠮᠵᠢ ᠵᠢᠴᠢ ᠬᠠᠮᠢᠶ᠎ᠠ ᠪᠦᠬᠦᠢ ᠢᠵᠢ ᠪᠦᠷᠢᠳᠦᠭᠦᠯᠬᠦ ᠦᠢᠯᠡᠴᠢᠯᠡᠭᠡᠨ ᠤ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠨ᠎ᠡ᠃ ︽ᠬᠡᠨ ᠠᠰᠢᠭ ᠬᠦᠷᠲᠡᠪᠡᠯ᠂ ᠲᠡᠷᠡ ᠬᠠᠮᠢᠶᠠᠷᠤᠨ ᠬᠠᠮᠠᠭᠠᠯᠠᠬᠤ︾ ᠵᠠᠷᠴᠢᠮ ᠶᠣᠰᠣᠭᠠᠷ᠂ ᠤᠰᠤ ᠬᠠᠩᠭᠠᠬᠤ ᠦᠢᠯᠡᠴᠢᠯᠡᠭᠡᠨ ᠤ ᠲᠣᠭᠳᠠᠯᠴᠠᠭ᠎ᠠ ᠪᠠ ᠡᠵᠡᠮᠳᠡᠨ ᠬᠠᠮᠠᠭᠠᠯᠠᠬᠤ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠤᠰᠤ ᠬᠡᠷᠡᠭᠯᠡᠬᠦ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠬᠢᠨᠠᠨ ᠬᠡᠮᠵᠢᠬᠦ ᠰᠢᠰᠲ᠋ᠧᠮ ᠢ ᠠᠬᠢᠭᠤᠯᠵᠤ᠂ ᠠᠵᠤ ᠠᠬᠤᠶᠢᠯᠠᠯ ᠪᠠ ᠰᠠᠭᠤᠭᠠᠯᠢ ᠠᠷᠠᠳ ᠤᠨ ᠤᠰᠤ ᠠᠷᠪᠢᠯᠠᠵᠤ ᠪᠣᠬᠢᠷᠲᠤᠯ ᠢ ᠪᠠᠭᠠᠰᠬᠠᠬᠤ᠂ ᠤᠰᠤᠨ ᠤ ᠠᠮᠢ ᠠᠬᠤᠢ ᠶᠢᠨ ᠵᠠᠰᠠᠯᠲᠠ ᠬᠢᠭᠡᠳ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠲᠣᠭᠳᠠᠯᠴᠠᠭ᠎ᠠ ᠵᠡᠷᠭᠡ ᠠᠵᠢᠯ ᠢ ᠰᠠᠶᠢᠲᠤᠷ ᠠᠳᠬᠤᠨ᠎ᠠ᠃      ᠭᠤᠷᠪᠠᠳᠤᠭᠠᠷ ᠬᠡᠰᠡᠭ    ᠲᠣᠣᠷ ᠴᠠᠬᠢᠯᠭᠠᠨ ᠤ ᠰᠠᠭᠤᠷᠢ ᠲᠥᠬᠦᠭᠡᠷᠦᠮᠵᠢ        ᠬᠠᠮᠢᠶᠠᠷᠤᠯᠲᠠ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠲᠣᠣᠷ ᠴᠠᠬᠢᠯᠭᠠᠨ ᠤ ᠲᠥᠯᠥᠪᠰᠢᠷᠡᠯ ᠢ ᠰᠢᠯᠢᠳᠡᠭᠵᠢᠭᠦᠯᠦᠨ᠂ ᠤᠶᠤᠨᠲᠤ ᠲᠣᠣᠷ ᠴᠠᠬᠢᠯᠭᠠᠨ ᠪᠣᠯᠤᠨ ᠡᠨᠧᠷᠭᠢ ᠬᠠᠳᠠᠭᠠᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠣᠣᠷ ᠴᠠᠬᠢᠯᠭᠠᠨ ᠤ ᠬᠠᠮᠲᠤᠷᠠᠨ ᠬᠥᠳᠡᠯᠦᠯᠴᠡᠬᠦ ᠬᠢᠷᠢ ᠬᠡᠮᠵᠢᠶ᠎ᠡ ᠪᠣᠯᠤᠨ ᠲᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠠᠯᠤᠰ ᠬᠢᠵᠠᠭᠠᠷ ᠭᠠᠵᠠᠷ ᠣᠷᠣᠨ ᠳᠤ ᠴᠠᠬᠢᠯᠭᠠᠨ ᠳᠠᠮᠵᠢᠭᠤᠯᠤᠨ ᠲᠦᠭᠡᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠡᠨᠧᠷᠭᠢ ᠶᠢᠨ ᠳᠠᠭᠠᠭᠠᠴᠠ ᠶᠢᠨ ᠵᠣᠬᠢᠴᠠᠩᠭᠤᠶ ᠬᠥᠭᠵᠢᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃      ᠨᠢᠭᠡ᠂ ᠲᠣᠣᠷ ᠴᠠᠬᠢᠯᠭᠠᠨ ᠤ ᠪᠠᠶᠢᠷᠢᠰᠢᠭᠤᠯᠤᠯ ᠤᠨ ᠪᠦᠲᠦᠴᠡ ᠶᠢ ᠰᠢᠯᠢᠳᠡᠭᠵᠢᠭᠦᠯᠦᠨ᠎ᠡ      ᠲᠣᠣᠷ ᠴᠠᠬᠢᠯᠭᠠᠨ ᠤ ᠲᠥᠯᠥᠪᠵᠢᠭᠦᠯᠭᠡ ᠶᠢ ᠬᠤᠲᠠ ᠶᠢᠨ ᠶᠡᠷᠦᠩᠬᠡᠶ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂  ᠲᠣᠣᠷ ᠴᠠᠬᠢᠯᠭᠠᠨ ᠤ  ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠠᠭᠠᠷ ᠲᠠᠬᠢ ᠵᠠᠮ ᠱᠤᠭᠤᠮ᠂ ᠬᠦᠴᠦᠳᠡᠯ ᠥᠭᠡᠷᠡᠴᠢᠯᠡᠬᠦ ᠥᠷᠲᠡᠭᠡ᠂ ᠴᠠᠬᠢᠯᠭᠠᠨ ᠲᠦᠭᠡᠭᠡᠬᠦ ᠥᠷᠥᠭᠡ ᠵᠢᠴᠢ ᠴᠠᠬᠢᠯᠭᠠᠨ ᠣᠳᠠᠰᠣᠨ ᠤ ᠱᠣᠭᠤᠮ ᠵᠡᠷᠭᠡ ᠴᠠᠬᠢᠯᠭᠠᠨ ᠬᠠᠩᠭᠠᠬᠤ ᠲᠦᠬᠦᠭᠡᠷᠦᠮᠵᠢ ᠳᠤ ᠣᠷᠣᠨ ᠵᠠᠶ ᠦᠯᠡᠳᠡᠭᠡᠵᠦ ᠥᠭᠭᠦᠨ᠎ᠡ᠃ ︽ᠬᠡᠷᠡᠭᠯᠡᠭᠴᠢᠳ ᠲᠤ ᠦᠢᠯᠡᠴᠢᠯᠡᠬᠦ᠂ ᠪᠠᠳᠣᠯᠭᠠᠳᠣ ᠴᠢᠨᠠᠷ ᠢ ᠳᠡᠭᠡᠭᠰᠢᠯᠡᠭᠦᠯᠬᠦ︾ ᠪᠠᠷ ᠭᠤᠤᠯ ᠪᠣᠯᠭᠠᠵᠤ᠂  ᠵᠦᠷᠢᠶᠡᠳᠦ ᠵᠠᠷᠴᠢᠮ ᠢ ᠨᠠᠶᠢᠳᠠᠪᠤᠷᠢᠵᠢᠭᠤᠯᠤᠨ᠂ ᠳᠠᠭᠠᠭᠠᠴᠠ ᠶᠢᠨ ᠶᠡᠷᠦᠩᠬᠡᠶ ᠬᠡᠮᠵᠢᠶ᠎ᠡ ᠵᠢᠴᠢ ᠲᠠᠷᠬᠠᠯᠲᠠ ᠶᠢᠨ ᠲᠥᠰᠦᠭᠡᠯᠡᠯᠲᠡ ᠶᠢ ᠰᠠᠶᠢᠲᠤᠷ ᠬᠢᠨ᠎ᠠ᠃ ᠲᠤᠤᠷᠴᠢᠯᠠᠭᠰᠠᠨ ᠲᠥᠯᠥᠪᠵᠢᠭᠦᠯᠭᠡ ᠶᠢᠨ ᠠᠷᠭ᠎ᠠ ᠳᠤ ᠲᠦᠰᠢᠭᠯᠡᠨ᠂ ᠳᠤᠮᠳᠠ ᠳᠠᠷᠤᠯᠲᠠᠲᠤ ᠴᠠᠬᠢᠯᠭᠠᠨ ᠲᠥᠭᠡᠭᠡᠬᠦ ᠲᠣᠣᠷ ᠤᠨ ᠪᠦᠷᠢᠯᠳᠦᠴᠡ ᠶᠢ ᠴᠢᠩᠭᠠᠷᠠᠭᠤᠯᠵᠤ᠂ ︽ᠳᠠᠭᠠᠭᠠᠴᠠ ᠳᠤ ᠬᠦᠷᠭᠡᠬᠦ᠂ ᠣᠷᠣᠨ ᠪᠦᠰᠡ ᠶᠢᠨ ᠲᠤᠤᠷᠴᠢᠯᠠᠬᠤ᠂ ᠲᠣᠣᠷ ᠤᠨ ᠪᠦᠷᠢᠯᠳᠦᠴᠡ ᠶᠢ ᠨᠢᠭᠡᠴᠢᠯᠡᠬᠦ︾ ᠪᠠᠷ ᠣᠨᠴᠠᠯᠢᠭ ᠪᠣᠯᠭᠠᠭᠰᠠᠨ ᠣᠳᠣᠬᠢᠴᠢᠯᠠᠭᠰᠠᠨ ᠴᠠᠬᠢᠯᠭᠠᠨ ᠲᠦᠭᠡᠭᠡᠬᠦ ᠲᠣᠣᠷ ᠢ ᠪᠠᠶᠢᠭᠤᠯᠤᠨ᠎ᠠ᠃ ᠭᠤᠣᠯᠳᠠᠯᠭ᠎ᠠ ᠲᠠᠢ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ᠂ ᠵᠢᠭᠤᠯᠴᠢᠯᠠᠯ ᠤᠨ ᠦᠵᠡᠮᠵᠢ ᠶᠢᠨ ᠭᠠᠵᠠᠷ᠂ ᠣᠶ ᠰᠢᠭᠤᠶ ᠶᠢᠨ ᠴᠡᠴᠡᠷᠯᠢᠭ᠂ ᠬᠢᠯᠢ ᠬᠢᠵᠠᠭᠠᠷ ᠮᠠᠯᠵᠢᠬᠤ ᠣᠷᠣᠨ ᠳᠤ ᠬᠦᠷᠬᠦ ᠴᠠᠬᠢᠯᠭᠠᠨ ᠤ ᠲᠣᠣᠷ ᠤᠨ ᠲᠦᠬᠦᠭᠡᠷᠦᠮᠵᠢ ᠶᠢ ᠵᠦᠢ ᠵᠣᠬᠢᠰᠲᠠᠶ ᠪᠠᠶᠢᠷᠢᠯᠠᠭᠤᠯᠤᠨ ᠲᠣᠬᠢᠷᠠᠭᠤᠯᠣᠨ᠎ᠠ᠃ ᠣᠶᠤᠨᠴᠢ ᠮᠡᠳᠡᠷᠡᠮᠵᠢ᠂ ᠲᠣᠮᠣ ᠳ᠋ᠠᠶᠢᠲ᠋ᠠ ᠵᠡᠷᠭᠡ ᠰᠢᠨ᠎ᠡ ᠮᠡᠷᠭᠡᠵᠢᠯ ᠢ ᠠᠭᠤᠰᠤᠯᠴᠠᠭᠤᠯᠤᠨ ᠬᠡᠷᠡᠭᠯᠡᠬᠦ ᠶᠢ ᠰᠦᠪᠡᠭᠴᠢᠯᠡᠵᠦ᠂ ᠣᠶᠤᠨᠴᠢᠯᠠᠭᠰᠠᠨ ᠴᠠᠬᠢᠯᠭᠠᠨ ᠬᠠᠩᠭᠠᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠤᠯᠠᠭᠠᠨ ᠲᠤᠭ ᠴᠠᠬᠢᠯᠭᠠᠨ ᠲᠦᠭᠡᠭᠡᠬᠦ ᠲᠣᠣᠷ ᠪᠠ ᠬᠠᠳᠠᠪᠴᠢ ᠪᠠᠯᠭᠠᠰᠤᠨ ᠤ ᠴᠠᠬᠢᠯᠭᠠᠨ ᠲᠦᠭᠡᠭᠡᠬᠦ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠤᠨ᠎ᠠ᠃ ᠵᠡᠭᠦᠨ ᠬᠡᠰᠡᠭ ᠤᠨ 220 ᠺᠢᠯᠣᠸᠠᠲ ᠤᠨ ᠴᠠᠬᠢᠯᠭᠠᠨ ᠬᠦᠷᠭᠡᠬᠦ ᠬᠤᠪᠢᠰᠬᠠᠬᠤ ᠪᠠᠷᠢᠯᠭ᠎ᠠ᠂ ᠰᠢᠯᠢ ᠶᠢᠨ ᠭᠤᠣᠯ ᠤᠨ ᠪᠠᠷᠠᠭᠤᠨ ᠬᠡᠰᠡᠭ᠂ ᠪᠤᠯᠠᠭ᠂ ᠵᠡᠭᠦᠨ ᠦᠵᠦᠮᠦᠴᠢᠨ ᠤ 500 ᠺᠢᠯᠣᠸᠠᠲ ᠤᠨ ᠴᠠᠬᠢᠯᠭᠠᠨ ᠬᠤᠪᠢᠰᠬᠠᠬᠤ ᠥᠷᠲᠡᠭᠡ ᠶᠢᠨ ᠣᠷᠳᠣ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃      ᠬᠤᠶᠠᠷ᠂ ᠲᠣᠣᠷ ᠴᠠᠬᠢᠯᠭᠠᠨ ᠤ  ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ      ᠤᠯᠤᠰ ᠤᠨ ᠰᠢᠨ᠎ᠡ ᠨᠢᠭᠡᠨ ᠡᠭᠡᠯᠵᠢ ᠶᠢᠨ ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠨ ᠲᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠵᠦ ᠪᠠᠶᠢᠭ᠎ᠠ ᠠᠵᠠ ᠲᠣᠬᠢᠶᠠᠯ ᠢ ᠠᠰᠢᠭᠯᠠᠵᠣ᠂ ᠮᠠᠯᠵᠢᠬᠤ ᠣᠷᠣᠨ ᠤ ᠴᠠᠬᠢᠯᠭᠠᠨ ᠲᠣᠣᠷ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠳᠡᠭᠡᠷ᠎ᠡ ᠱᠠᠲᠤᠨ ᠤ ᠴᠠᠬᠢᠯᠭᠠᠨ ᠡᠭᠦᠰᠭᠡᠭᠴᠢ ᠶᠢᠨ ᠪᠠᠶᠢᠷᠢᠯᠠᠭᠤᠯᠤᠯᠲᠠ ᠶᠢᠨ ᠴᠡᠭ ᠪᠠ ᠴᠠᠬᠢᠯᠭᠠᠨ ᠲᠣᠣᠷ ᠤᠨ ᠪᠦᠷᠢᠯᠳᠦᠴᠡ ᠶᠢᠨ ᠪᠦᠲᠦᠴᠡ ᠶᠢ ᠵᠣᠬᠢᠰᠲᠠᠢ ᠰᠢᠯᠢᠳᠡᠭᠵᠢᠭᠦᠯᠦᠨ᠂ ᠴᠠᠬᠢᠯᠭᠠᠨ ᠲᠣᠣᠷ ᠤᠨ ᠵᠠᠯᠭᠠᠯᠲᠠ ᠶᠢ ᠰᠢᠯᠢᠳᠡᠭᠵᠢᠭᠦᠯᠵᠦ᠂ 110 / 35 / 10 ᠺᠢᠯᠣᠸᠠᠲ ᠵᠢᠴᠢ ᠲᠡᠭᠦᠨ ᠠᠴᠠ ᠳᠣᠷᠣᠭᠰᠢᠬᠢ ᠴᠠᠬᠢᠯᠭᠠᠨ ᠲᠣᠣᠷ ᠤᠨ ᠢᠨᠵᠧᠨᠧᠷᠢᠩ ᠢ ᠬᠦᠴᠦᠲᠡᠢ ᠠᠬᠢᠭᠤᠯᠤᠨ᠎ᠠ᠃ ᠤᠯᠢᠶᠠᠰᠤᠲᠠᠢ ᠠᠵᠤ ᠦᠢᠯᠡᠳᠪᠦᠷᠢ ᠶᠢᠨ ᠲᠣᠭᠤᠷᠢᠭ ᠤᠨ ᠴᠠᠬᠢᠯᠭᠠᠨ ᠬᠦᠴᠦᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠵᠡᠭᠦᠨ ᠬᠠᠲᠠᠪᠴᠢ ᠪᠣᠭᠤᠮᠲᠠ ᠶᠢᠨ ᠳᠤᠮᠳᠠᠳᠤ ᠮᠣᠩᠭᠤᠯ ᠤᠨ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠲᠣᠭᠤᠷᠢᠭ ᠤᠨ ᠴᠠᠬᠢᠯᠭᠠᠨ ᠬᠠᠩᠭᠠᠬᠤ ᠲᠣᠣᠷ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ᠃ 2025 ᠤᠨ ᠤ ᠰᠡᠭᠦᠯᠴᠢ ᠪᠣᠯᠬᠤ ᠳᠤ᠂ ᠬᠤᠲᠠ ᠪᠠᠯᠭᠠᠰᠤᠨ ᠤ ᠭᠠᠵᠠᠷ ᠣᠷᠣᠨ ᠤ ᠶᠡᠷᠦᠩᠬᠡᠶᠢᠯᠡᠭᠰᠡᠨ ᠴᠠᠬᠢᠯᠭᠠᠨ ᠬᠦᠴᠦᠳᠡᠯ ᠤᠨ ᠬᠢᠷᠢ ᠲᠡᠩᠴᠡᠭᠰᠡᠨ ᠨᠣᠷᠮ᠎ᠠ ᠶᠢ 99.7% ᠳᠤ ᠬᠦᠷᠭᠡᠵᠦ᠂ ᠮᠠᠯᠵᠢᠬᠤ ᠣᠷᠣᠨ ᠤ ᠴᠠᠬᠢᠯᠭᠠᠨ ᠬᠦᠴᠦᠳᠡᠯ ᠤᠨ ᠬᠢᠷᠢ ᠲᠡᠩᠴᠡᠭᠰᠡᠨ ᠨᠣᠷᠮ᠎ᠠ ᠶᠢ 99.50% ᠳᠤ ᠬᠦᠷᠭᠡᠨ᠎ᠡ᠃      ᠳᠥᠷᠪᠡᠳᠦᠭᠡᠷ ᠬᠡᠰᠡᠭ    ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ      ᠴᠢᠨᠠᠷ ᠰᠠᠶᠢᠲᠠᠶ ᠬᠥᠭᠵᠢᠯᠲᠡ ᠶᠢᠨ ᠬᠡᠷᠡᠭᠴᠡᠭᠡ ᠳᠤ ᠬᠠᠨᠳᠤᠭᠤᠯᠤᠨ᠂ ᠮᠡᠳᠡᠭᠡ ᠵᠠᠩᠭᠢ ᠶᠢᠨ ᠲᠣᠤᠷ ᠰᠦᠯᠵᠢᠶ᠎ᠡ ᠪᠠᠷ ᠰᠠᠭᠤᠷᠢ ᠪᠣᠯᠭᠠᠵᠤ᠂ ᠰᠢᠰᠲ᠋ᠧᠮ ᠲᠠᠢ ᠪᠠᠶᠢᠷᠢᠯᠠᠭᠤᠯᠤᠨ᠂ ᠰᠢᠨ᠎ᠡ ᠬᠡᠯᠪᠡᠷᠢ ᠶᠢᠨ ᠰᠠᠭᠤᠷᠢ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠦᠮᠡᠨ ᠪᠣᠳᠠᠰ ᠬᠠᠷᠢᠯᠴᠠᠨ ᠬᠤᠯᠪᠣᠯᠳᠤᠭᠰᠠᠨ᠂ ᠬᠥᠮᠦᠨ ᠮᠠᠰᠢᠨ ᠰᠣᠯᠢᠯᠴᠠᠭᠰᠠᠨ᠂ ᠲᠩᠷᠢ ᠭᠠᠵᠠᠷ ᠨᠢᠭᠡ ᠴᠣᠭᠴᠠᠵᠢᠭᠰᠠᠨ ᠰᠦᠯᠵᠢᠶᠡᠨ ᠤ ᠣᠷᠣᠨ ᠵᠠᠶ ᠶᠢ ᠪᠣᠶ ᠪᠣᠯᠭᠠᠵᠤ᠂ ︽ᠣᠶᠤᠨᠴᠢ ᠵᠡᠭᠦᠨ ᠦᠵᠦᠮᠦᠴᠢᠨ︾ ᠢ ᠴᠢᠷᠮᠠᠶᠢᠨ ᠪᠠᠶᠢᠭᠤᠯᠤᠨ᠎ᠠ᠃      ᠨᠢᠭᠡ᠂ ᠴᠢᠮᠡᠭᠡ ᠬᠤᠯᠪᠣᠭᠠᠨ ᠤ ᠲᠣᠤᠷ ᠰᠦᠯᠵᠢᠶᠡᠨ ᠤ ᠰᠠᠭᠤᠷᠢ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠨ᠎ᠡ      ᠬᠠᠮᠢᠶ᠎ᠠ ᠪᠥᠬᠦᠶ ᠠᠵᠤ ᠠᠬᠤᠶᠢᠯᠠᠯ ᠲᠠᠢ ᠢᠳᠡᠪᠬᠢᠲᠡᠶ ᠵᠣᠬᠢᠴᠠᠯᠳᠣᠵᠣ᠂ ᠭᠡᠷᠡᠯᠯᠢᠭ ᠰᠢᠷᠬᠡᠭ ᠤᠨ ᠥᠷᠭᠡᠨ ᠪᠦᠰᠡ᠂ ᠨᠠᠷᠢᠨ ᠪᠦᠰᠡᠲᠦ ᠰᠦᠯᠵᠢᠶ᠎ᠡ ︵NB - IoT︶᠂ 5 G᠂ IPv 6 ᠵᠡᠷᠭᠡ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠴᠢᠮᠡᠭᠡ ᠬᠤᠯᠪᠣᠭ᠎ᠠ ᠶᠢᠨ ᠬᠤᠭᠤᠯᠠᠶ ᠲᠣᠤᠷ᠂ ᠷᠠᠳᠢᠣ᠋ ᠶᠢᠨ ᠰᠠᠭᠤᠷᠢ ᠥᠷᠲᠡᠭᠡ᠂ ᠵᠠᠯᠭᠠᠯ ᠲᠥᠬᠦᠭᠡᠷᠦᠮᠵᠢ᠂ ᠡᠯ᠎ᠡ ᠱᠠᠲᠤᠨ ᠤ ᠮᠠᠰᠢᠨ ᠲᠦᠭᠦᠭᠡᠷᠦᠮᠵᠢ ᠶᠢᠨ ᠬᠡᠷ ᠵᠢᠴᠢ ᠬᠠᠮᠢᠶ᠎ᠠ ᠪᠥᠬᠦᠶ ᠢᠵᠢ ᠪᠥᠷᠢᠳᠦᠭᠰᠡᠨ ᠴᠠᠬᠢᠯᠭᠠᠨ ᠡᠭᠦᠰᠭᠡᠭᠴᠢ᠂ ᠪᠠᠷᠢᠯᠭ᠎ᠠ ᠵᠡᠷᠭᠡ ᠲᠦᠬᠦᠭᠡᠷᠦᠮᠵᠢ ᠶᠢ ᠪᠦᠳᠦᠬᠡᠨ ᠪᠠᠶᠢᠭᠤᠯᠬᠤ ᠬᠤᠷᠳᠤᠴᠠ ᠶᠢ ᠲᠦᠷᠭᠡᠳᠬᠡᠵᠦ᠂ ᠭᠤᠣᠯᠳᠠᠯᠭ᠎ᠠ ᠲᠠᠢ ᠬᠤᠲᠠ ᠪᠠᠯᠭᠠᠰᠤ᠂ ᠭᠤᠣᠯᠳᠠᠯᠭ᠎ᠠ ᠲᠠᠢ ᠠᠵᠤ ᠦᠢᠯᠡᠰ ᠤᠨ ᠲᠥᠪᠯᠡᠷᠡᠭᠰᠡᠨ ᠣᠷᠣᠨ᠂ ᠵᠠᠮ ᠬᠠᠷᠢᠯᠴᠠᠭ᠎ᠠ ᠶᠢᠨ ᠭᠤᠤᠯ ᠱᠤᠭᠤᠮ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠴᠢᠬᠤᠯᠠ ᠴᠢᠳᠠᠮᠵᠢᠲᠤ ᠣᠷᠣᠨ 5 G᠂ 4 G ᠰᠦᠯᠵᠢᠶ᠎ᠡ ᠶᠢ ᠨᠡᠶᠢᠳᠡᠮ ᠪᠦᠷᠬᠦᠭᠦᠯᠬᠦ ᠶᠢ ᠦᠨᠡᠨᠬᠦ ᠪᠠᠲᠤᠯᠠᠨ᠎ᠠ᠃ ᠭᠤᠷᠪᠠᠨ ᠰᠦᠯᠵᠢᠶ᠎ᠡ ᠶᠢᠨ ᠠᠭᠤᠰᠤᠯᠴᠠᠨ ᠬᠥᠭᠵᠢᠬᠦ ᠶᠢ ᠪᠠᠳᠣᠯᠠᠨ᠎ᠠ᠃ ᠬᠢᠯᠢ ᠶᠢᠨ ᠱᠤᠭᠤᠮ᠂ ᠪᠤᠶᠢᠳᠠ ᠪᠥᠭᠯᠡᠭᠦᠦ ᠮᠠᠯᠵᠢᠬᠤ ᠣᠷᠣᠨ ᠤ ᠥᠷᠭᠡᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠥᠷᠭᠡᠨ ᠪᠦᠰᠡᠲᠦ ᠰᠦᠯᠵᠢᠶ᠎ᠡ ᠶᠢᠨ ᠪᠦᠷᠬᠦᠯᠲᠡ ᠶᠢᠨ ᠬᠢᠷᠢ ᠬᠡᠮᠵᠢᠶ᠎ᠡ ᠪᠠ ᠵᠠᠯᠭᠠᠵᠤ ᠣᠷᠣᠭᠤᠯᠬᠤ ᠬᠤᠷᠳᠤᠯᠠᠮᠵᠢ ᠶᠢ ᠳᠡᠭᠡᠭᠰᠢᠯᠡᠭᠦᠯᠦᠨ᠎ᠡ᠃ ᠰᠢᠯᠵᠢᠮᠠᠯ ᠰᠠᠭᠤᠷᠢ ᠥᠷᠲᠡᠭᠡ ᠶᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠰᠢᠨᠡᠳᠬᠡᠬᠦ ᠶᠢ ᠲᠦᠷᠭᠡᠳᠬᠡᠵᠦ᠂ 5 G ᠰᠦᠯᠵᠢᠶ᠎ᠡ ᠶᠢ ᠬᠤᠳᠠᠯᠳᠤᠭᠠᠨ ᠳᠤ ᠬᠡᠷᠡᠭᠯᠡᠬᠦ ᠠᠬᠢᠴᠠ ᠶᠢ ᠢᠳᠡᠪᠬᠢᠲᠡᠶ ᠠᠬᠢᠭᠤᠯᠤᠨ᠂ ᠲᠣᠮᠣ ᠳ᠋ᠠᠶᠢᠲ᠋ᠠ᠂ ᠡᠭᠦᠯᠡᠨ ᠪᠤᠳᠤᠯᠲᠠ᠂ ᠰᠦᠯᠵᠢᠶ᠎ᠡ᠂ ᠰᠢᠯᠵᠢᠭᠡ ᠢᠨᠲ᠋ᠧᠷ ᠰᠦᠯᠵᠢᠶ᠎ᠡ᠂ ᠵᠣᠬᠢᠶᠠᠮᠠᠯ ᠣᠶᠤᠨ ᠴᠢᠳᠠᠪᠤᠷᠢ᠂ 5 G ᠴᠢᠮᠡᠭᠡ ᠬᠤᠯᠪᠣᠭ᠎ᠠ ᠵᠡᠷᠭᠡ ᠶᠢᠨ ᠬᠥᠭᠵᠢᠯᠲᠡ ᠶᠢ ᠠᠬᠢᠭᠤᠯᠤᠨ᠎ᠠ᠃      ᠬᠤᠶᠠᠷ᠂ ᠮᠡᠳᠡᠭᠡ ᠵᠠᠩᠭᠢ ᠶᠢᠨ ᠮᠡᠷᠭᠡᠵᠢᠯ ᠢ ᠠᠭᠤᠰᠤᠯᠴᠠᠭᠤᠯᠤᠨ ᠰᠢᠨ᠎ᠡ ᠶᠢ ᠡᠭᠦᠳᠬᠦ ᠬᠡᠷᠡᠭᠯᠡᠭᠡ ᠶᠢ ᠠᠬᠢᠭᠤᠯᠣᠨ᠎ᠠ      ᠵᠠᠰᠠᠭ ᠢ ᠰᠢᠯᠢᠳᠡᠭᠵᠢᠭᠦᠯᠬᠦ᠂ ᠠᠷᠠᠳ ᠲᠤ ᠠᠰᠢᠭ ᠬᠦᠷᠲᠡᠭᠡᠬᠦ᠂ ᠦᠢᠯᠡᠰ ᠢ ᠬᠥᠭᠵᠢᠭᠦᠯᠬᠦ ᠭᠤᠷᠪᠠᠨ ᠶᠡᠭᠡ ᠬᠠᠷᠠᠯᠲᠠ ᠶᠢᠨ ᠲᠣᠭᠤᠷᠢᠨ ᠳᠤ᠂ ᠤᠯᠤᠰ ᠤᠨ ᠳᠣᠲᠣᠭᠠᠳᠤ ᠶᠢᠨ ᠨᠡᠷ᠎ᠡ ᠴᠤᠤᠲᠣ ᠤᠶᠤᠨᠲᠤ ᠬᠤᠲᠠ ᠪᠠ ᠲᠣᠭᠠᠴᠢᠯᠠᠭᠰᠠᠨ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠠᠵᠣ ᠠᠬᠤᠶᠢᠯᠠᠯ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠯ᠎ᠡ ᠲᠥᠷᠥᠯ ᠤᠨ ᠪᠢᠴᠢᠭ ᠮᠠᠲ᠋ᠧᠷᠢᠶᠠᠯ᠂ ᠳᠠᠩᠰᠠ ᠡᠪᠬᠡᠮᠡᠯ᠂ ᠭᠡᠷᠡᠴᠢ ᠦᠨᠡᠮᠯᠡᠯ ᠵᠡᠷᠭᠡ ᠴᠠᠭᠠᠰᠤᠨ ᠬᠡᠪᠯᠠᠯ ᠤᠨ ᠠᠴᠢᠶᠠᠯᠠᠪᠤᠷᠢ ᠶᠢᠨ ᠮᠡᠳᠡᠭᠡ ᠵᠠᠩᠭᠢ ᠶᠢᠨ ᠲᠣᠭᠠᠴᠢᠯᠠᠯᠲᠠ ᠶᠢ ᠲᠠᠰᠤᠷᠠᠯᠲᠠ ᠥᠬᠡᠶ ᠠᠬᠢᠭᠤᠯᠵᠤ᠂ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠴᠤᠭᠯᠠᠭᠤᠯᠤᠨ ᠨᠡᠶᠢᠯᠡᠭᠦᠯᠵᠦ ᠴᠤᠭᠯᠠᠭᠤᠯᠬᠤ ᠶᠢ ᠦᠷᠭᠦᠯᠵᠢᠯᠡᠨ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤᠪᠠᠷ ᠬᠦᠷᠲᠡᠬᠦ ᠶᠢ ᠠᠬᠢᠭᠤᠯᠤᠨ᠎ᠠ᠃ ᠡᠯ᠎ᠡ ᠰᠠᠯᠠᠭ᠎ᠠ ᠮᠥᠴᠢᠷ ᠤᠨ ᠮᠠᠰᠢᠨ ᠤ ᠲᠠᠰᠤᠭ᠂ ᠳ᠋ᠠᠶᠢᠲ᠋ᠠ ᠶᠢᠨ ᠲᠥᠪ ᠵᠡᠷᠭᠡ ᠬᠠᠲᠠᠭᠤ ᠲᠣᠨᠤᠭ ᠲᠥᠬᠦᠭᠡᠷᠦᠮᠵᠢ ᠪᠠ ᠡᠵᠡᠩᠨᠡᠯᠲᠡ ᠬᠠᠮᠠᠭᠠᠯᠠᠯᠲᠠ ᠵᠡᠷᠭᠡ ᠡᠬᠢ ᠪᠠᠶᠠᠯᠢᠭ ᠢ ᠬᠠᠮᠲᠤᠪᠠᠷ ᠭᠥᠷᠳᠡᠬᠦ ᠶᠢ ᠪᠡᠶᠡᠯᠡᠭᠦᠯᠬᠦ ᠶᠢ ᠠᠬᠢᠭᠤᠯᠵᠤ᠂ ᠮᠡᠳᠡᠭᠡ ᠵᠠᠩᠭᠢ ᠶᠢᠨ ᠮᠡᠷᠭᠡᠵᠢᠯ ᠬᠢᠭᠡᠳ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠮᠢᠶᠠᠷᠬᠤ᠂ ᠰᠢᠨ᠎ᠡ ᠶᠢ ᠡᠭᠦᠳᠬᠦ ᠶᠢᠨ ᠠᠭᠤᠰᠤᠯᠴᠠᠬᠤ ᠲᠣᠭᠲᠠᠴᠠ ᠶᠢ ᠪᠠᠶᠢᠭᠤᠯᠤᠨ᠂ ᠲᠣᠭᠠᠴᠢᠯᠠᠭᠰᠠᠨ ᠬᠡᠷᠡᠭᠯᠡᠭᠡᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠤᠶᠢᠯᠡᠴᠢᠯᠡᠭᠦᠷ᠂ ᠲᠣᠤᠷ ᠰᠦᠯᠵᠢᠶ᠎ᠡ ᠪᠠ ᠬᠠᠳᠠᠭᠠᠯᠠᠬᠤ ᠤᠭᠰᠠᠷᠠᠭ᠎ᠠ ᠲᠣᠨᠤᠭ ᠤᠨ ᠬᠤᠷᠠᠮᠠᠯ ᠢ ᠴᠢᠩᠭᠠᠳᠬᠠᠨ᠎ᠠ᠃ ᠡᠭᠦᠯᠡᠨ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠳᠠᠯᠴᠠᠭ᠎ᠠ ᠶᠢ ᠢᠳᠡᠪᠬᠢᠲᠡᠶ ᠪᠠᠷ ᠪᠠᠶᠢᠭᠤᠯᠵᠤ᠂ ᠴᠢᠬᠤᠯᠠ ᠲᠤᠬᠠᠶᠢᠯᠠᠭᠰᠠᠨ ᠠᠵᠢᠯ ᠤᠨ ᠰᠢᠰᠲ᠋ᠧᠮ ᠪᠠ ᠲᠤᠭ᠎ᠠ ᠪᠠᠷᠢᠮᠲᠠ ᠶᠢ ᠡᠭᠦᠯᠡᠨ ᠰᠦᠯᠵᠢᠶ᠎ᠡ ᠪᠠᠷ ᠬᠠᠳᠠᠭᠠᠯᠠᠬᠤ ᠶᠢ ᠪᠡᠶᠡᠯᠡᠭᠦᠯᠦᠨ᠎ᠡ᠃ ᠨᠡᠶᠢᠭᠡᠮ ᠤᠨ ᠵᠠᠰᠠᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠠᠴᠢᠯᠠᠯᠲᠠ ᠶᠢ ᠠᠬᠢᠭᠤᠯᠵᠤ᠂ ᠣᠶᠤᠨᠴᠢ ᠣᠯᠠᠨ ᠨᠡᠶᠢᠲᠡ ᠶᠢᠨ ᠦᠢᠯᠡᠴᠢᠯᠡᠭᠡ ᠪᠠ ᠬᠤᠲᠠ ᠪᠠᠯᠭᠠᠰᠤᠨ ᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠨᠡᠶᠢᠭᠡᠮ ᠤᠨ ᠵᠠᠰᠠᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠡᠭᠦᠯᠡᠨ ᠲᠠᠪᠴᠠᠩ ᠢ ᠪᠠᠶᠢᠭᠤᠯᠵᠤ᠂ ᠣᠶᠤᠨᠴᠢ ᠵᠡᠭᠦᠨ ᠦᠵᠦᠮᠦᠴᠢᠨ ᠢ ᠪᠠᠶᠢᠭᠤᠯᠤᠨ᠎ᠠ᠃ ᠤᠶᠤᠨᠲᠤ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ 5 G᠂ ᠰᠦᠯᠵᠢᠶ᠎ᠡ᠂ ᠵᠣᠬᠢᠶᠠᠮᠠᠯ ᠤᠶᠤᠨᠲᠤ ᠵᠡᠷᠭᠡ ᠰᠢᠨ᠎ᠡ ᠮᠡᠷᠭᠡᠵᠢᠯ ᠢ ᠬᠡᠷᠡᠭᠯᠡᠨ᠂ ᠨᠥᠬᠦᠴᠡᠯ ᠪᠦᠷᠢᠯᠳᠦᠭᠦᠯᠦᠭᠰᠡᠨ ᠠᠭᠤᠷᠬᠠᠶ ᠶᠢᠨ ᠠᠵᠤ ᠠᠬᠤᠶᠢᠯᠠᠯ ᠳᠤ ᠣᠶᠤᠨᠴᠢᠯᠠᠭᠰᠠᠨ ᠥᠭᠡᠷᠡᠴᠢᠯᠡᠯᠲᠡ ᠬᠢᠵᠦ ᠲᠠᠰ ᠳᠡᠪᠰᠢᠭᠦᠯᠦᠨ᠎ᠡ᠃ ᠤᠶᠤᠨᠲᠤ ᠮᠠᠯᠵᠢᠯ ᠤᠨ ᠲᠠᠯᠠᠪᠠᠶ᠂ ᠤᠶᠤᠨᠲᠤ ᠣᠶ ᠰᠢᠭᠤᠶ ᠶᠢᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠨᠢᠭᠡ ᠪᠦᠯᠦᠭ ᠣᠲᠣ ᠦᠶ᠎ᠡ ᠶᠢᠨ ᠤᠶᠤᠨᠲᠤ ᠬᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ᠢ ᠪᠥᠲᠥᠭᠡᠨ ᠪᠠᠶᠢᠭᠤᠯᠤᠨ᠎ᠠ᠃ ᠤᠶᠤᠨᠲᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠯᠢᠶᠠᠰᠤᠲᠠᠢ ᠠᠵᠤ ᠦᠢᠯᠡᠳᠪᠦᠷᠢ ᠶᠢᠨ ᠲᠣᠭᠤᠷᠢᠭ ᠤᠨ ᠣᠶᠤᠨᠴᠢᠯᠠᠭᠰᠠᠨ ᠥᠭᠡᠷᠡᠴᠢᠯᠡᠯᠲᠡ ᠶᠢ ᠠᠬᠢᠭᠤᠯᠤᠨ᠎ᠠ᠃ ᠣᠶᠤᠨᠴᠢ ᠡᠮᠴᠢᠯᠡᠭᠡ᠂ ᠣᠶᠤᠨᠴᠢ ᠰᠤᠷᠭᠠᠨ ᠬᠥᠮᠦᠵᠢᠯ᠂ ᠣᠶᠤᠨᠴᠢ ᠰᠣᠶᠣᠯ ᠤᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ︽ᠢᠨᠲ᠋ᠧᠷ ᠰᠦᠯᠵᠢᠶ᠎ᠡ + ᠴᠠᠬᠢᠯᠭᠠᠨ ᠴᠡᠨᠡᠭᠯᠡᠬᠦ ᠰᠠᠭᠤᠷᠢ ᠲᠦᠬᠦᠭᠡᠷᠦᠮᠵᠢ︾ ᠶᠢ ᠠᠬᠢᠭᠤᠯᠵᠤ᠂ ᠤᠯᠢᠶᠠᠰᠤᠲᠠᠢ ᠪᠠᠯᠭᠠᠰᠤ᠂ ᠭᠤᠣᠯᠳᠠᠯᠭ᠎ᠠ ᠲᠠᠢ ᠭᠤᠣᠯ ᠱᠤᠭᠤᠮ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠠᠵᠤ ᠦᠢᠯᠡᠰ ᠤᠨ ᠲᠣᠭᠤᠷᠢᠭ ᠵᠡᠷᠭᠡ ᠶᠢᠨ ᠴᠠᠬᠢᠯᠭᠠᠨ ᠴᠡᠨᠡᠭᠯᠡᠬᠦ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ ︽ᠲᠣᠰᠣ — ᠬᠡᠢ  — ᠴᠠᠬᠢᠯᠭᠠᠨ︾ ᠣᠯᠠᠨ ᠴᠢᠳᠠᠮᠵᠢᠲᠤ ᠬᠡᠯᠪᠡᠷᠢ ᠶᠢᠨ ᠴᠠᠬᠢᠯᠭᠠᠨ ᠴᠡᠨᠡᠭᠯᠡᠬᠦ ᠥᠷᠲᠡᠭᠡ ᠶᠢᠨ ᠪᠦᠲᠦᠭᠡᠨ ᠪᠠᠶᠢᠭᠤᠯᠬᠤ ᠶᠢ ᠰᠦᠪᠡᠭᠴᠢᠯᠡᠨ᠂ ︽ᠲᠣᠰᠣ᠂ ᠬᠡᠢ ᠪᠠᠷ ᠴᠠᠬᠢᠯᠭᠠᠨ ᠢ ᠬᠠᠩᠭᠠᠬᠤ︾ ᠬᠥᠭᠵᠢᠯᠲᠡ ᠶᠢᠨ ᠵᠠᠭᠪᠤᠷ ᠢ ᠪᠠᠶᠢᠭᠤᠯᠵᠤ᠂ ᠲᠠᠷᠠᠬᠠᠢ ᠮᠠᠶ᠋ᠢᠭ ᠤᠨ ᠴᠠᠬᠢᠯᠭᠠᠨ ᠴᠡᠨᠡᠭᠯᠡᠬᠦ ᠪᠠᠭᠠᠨ᠎ᠠ ᠶᠢ ᠵᠠᠰᠠᠭ ᠤᠨ ᠣᠷᠳᠣᠨ ᠤ ᠠᠯᠪᠠᠨ ᠠᠰᠠᠷ᠂ ᠡᠮᠨᠡᠯᠭᠡ ᠶᠢᠨ ᠬᠤᠷᠢᠶ᠎ᠠ᠂ ᠰᠠᠭᠤᠭᠠᠯᠢ ᠲᠣᠭᠤᠷᠢᠭ᠂ ᠬᠤᠳᠠᠯᠳᠤᠭᠠᠨ ᠤ ᠲᠥᠪ ᠵᠡᠷᠭᠡ ᠳᠤ ᠪᠦᠷᠬᠦᠭᠦᠯᠦᠨ᠎ᠡ᠃      ᠭᠤᠷᠪᠠ᠂ ᠰᠢᠨ᠎ᠡ ᠶᠢ ᠡᠭᠦᠳᠬᠦ ᠰᠠᠭᠤᠷᠢ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ      ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ ᠳᠡᠮᠵᠢᠵᠦ᠂ ᠤᠯᠤᠰ ᠤᠨ ᠳᠣᠲᠣᠭᠠᠳᠤ ᠶᠢᠨ ᠨᠠᠷᠠᠲᠤ ᠮᠠᠯ ᠠᠵᠤ ᠠᠬᠤᠶ ᠶᠢᠨ ᠰᠤᠳᠤᠯᠭᠠᠨ ᠤ ᠪᠠᠶᠢᠭᠤᠯᠤᠮᠵᠢ᠂ ᠠᠮᠢᠳᠤ ᠪᠣᠳᠠᠰ ᠤᠨ ᠡᠮ ᠦᠢᠯᠡᠳᠬᠦ ᠰᠤᠳᠤᠯᠭᠠᠨ ᠤ ᠬᠦᠷᠢᠶᠡᠯᠡᠩ ︵ᠭᠠᠵᠠᠷ︶ ᠪᠣᠯᠤᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠲᠠᠢ ᠬᠠᠮᠲᠤᠷᠠᠯᠴᠠᠭ᠎ᠠ ᠪᠠᠨ ᠴᠢᠩᠭᠠᠳᠬᠠᠨ᠂ ᠰᠢᠨᠵᠢᠯᠡᠬᠦ ᠤᠬᠠᠭᠠᠨ ᠤ ᠰᠤᠳᠤᠯᠭᠠᠨ᠂ ᠮᠡᠷᠭᠡᠵᠢᠯ ᠤᠨ ᠨᠡᠭᠡᠭᠡᠯᠲᠡ᠂ ᠦᠢᠯᠡᠳᠬᠦᠨ ᠰᠤᠳᠤᠯᠤᠨ ᠦᠢᠯᠡᠳᠬᠦ ᠵᠡᠷᠭᠡ ᠪᠠᠷ ᠭᠤᠤᠯ ᠪᠣᠯᠭᠠᠭᠰᠠᠨ ᠰᠤᠳᠤᠯᠭᠠᠨ ᠤ ᠲᠠᠰᠤᠭ ︵ᠲᠥᠪ︶ ᠢ ᠪᠠᠶᠢᠭᠤᠯᠵᠤ᠂ ᠵᠣᠬᠢᠰᠲᠠᠶ ᠤᠷᠢᠳᠴᠢᠯᠠᠭᠤᠯᠬᠤ ᠵᠠᠷᠴᠢᠮ ᠢ ᠦᠨᠳᠦᠰᠦᠯᠡᠨ᠂ ᠰᠤᠳᠤᠯᠭᠠᠨ ᠤ ᠪᠠᠶᠢᠭᠤᠯᠤᠮᠵᠢ ᠶᠢᠨ ᠰᠠᠭᠤᠷᠢ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠤᠷᠭᠤᠮᠠᠯ ᠬᠤᠴᠢᠯᠭ᠎ᠠ ᠶᠢᠨ ᠬᠥᠮᠥᠷᠭᠡ᠂ ᠭᠧᠨ ᠤ ᠬᠥᠮᠥᠷᠭᠡ ᠪᠣᠯᠤᠨ ᠠᠮᠢᠲᠠᠨ ᠤ ᠳ᠋ᠠᠶᠢᠲ᠋ᠠ ᠬᠥᠮᠥᠷᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠴᠢᠳᠠᠪᠤᠷᠢᠲᠠᠨ ᠬᠥᠮᠦᠵᠢᠭᠦᠯᠬᠦ ᠰᠠᠭᠤᠷᠢᠨ ᠭᠠᠵᠠᠷ ᠢ ᠶᠡᠬᠡᠪᠡᠷ ᠪᠦᠲᠦᠭᠡᠨ ᠪᠠᠶᠢᠭᠤᠯᠵᠤ᠂ ᠴᠢᠳᠠᠪᠤᠷᠢᠲᠠᠨ ᠬᠥᠮᠦᠵᠢᠭᠦᠯᠬᠦ ᠲᠥᠯᠥᠪᠵᠢᠭᠦᠯᠭᠡ ᠶᠢ ᠲᠣᠭᠲᠠᠭᠠᠨ᠂ ᠵᠥᠭᠡᠯᠡᠨ ᠪᠠ ᠬᠠᠲᠠᠭᠤ ᠬᠡᠷᠡᠭᠰᠡᠯ ᠤᠨ ᠲᠦᠬᠦᠭᠡᠷᠦᠮᠵᠢ ᠶᠢ ᠲᠡᠭᠦᠯᠳᠡᠷᠵᠢᠭᠦᠯᠦᠨ᠎ᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号