ᠣᠯᠣᠰ ᠠᠷᠠᠳ ᠤᠨ ᠠᠵᠣ ᠠᠬᠤᠢ ᠪᠠ ᠨᠡᠶᠢᠭᠡᠮ ᠤᠨ ᠭᠦᠭᠵᠢᠯᠲᠡ ᠶᠢᠨ ᠠᠷᠪᠠᠨ ᠲᠦᠷᠪᠡᠳᠦᠭᠡᠷ ᠲᠠᠪᠣᠨ ᠵᠢᠯ ᠤᠨ ᠲᠦᠯᠦᠪᠵᠢᠭᠦᠯᠭᠡ ᠪᠠ 2035 ᠣᠨ ᠤ ᠠᠯᠣᠰ ᠤᠨ ᠬᠠᠷᠠᠯᠲᠠ ᠶᠢᠨ ᠬᠦᠳᠦᠯᠪᠦᠷᠢ ᠶᠢᠨ ᠲᠣᠪᠴᠢ ︵ᠳᠣᠯᠤᠭ᠎ᠠ︶
ᠨᠡᠶᠢᠲᠡᠯᠡᠭᠰᠡᠨ ᠴᠠᠭ᠄
2021/9/8
ᠳᠣᠯᠣᠳᠤᠭᠠᠷ ᠪᠦᠯᠦᠭ    ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠮᠢᠳᠤᠯᠢᠭ ᠬᠦᠴᠦᠨ ᠢ ᠦᠷᠭᠦᠯᠵᠢᠯᠡᠨ ᠪᠠᠳᠠᠷᠠᠭᠤᠯᠤᠨ᠎ᠠ      ᠠᠰᠠᠭᠤᠳᠠᠯ᠂ ᠬᠠᠷᠠᠯᠲᠠ ᠪᠠᠷ ᠣᠳᠣᠷᠢᠳᠣᠮᠵᠢ ᠪᠣᠯᠭᠠᠬᠤ ᠶᠢ ᠪᠠᠷᠢᠮᠳᠠᠯᠠᠵᠣ᠂ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠡᠯ᠎ᠡ ᠵᠦᠢᠯ ᠤᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃      ᠨᠢᠭᠡᠳᠦᠭᠡᠷ ᠬᠡᠰᠡᠭ     ᠦᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ      ᠮᠠᠯᠵᠢᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ᠂ ᠭᠠᠵᠠᠷ ᠰᠢᠷᠣᠢ ᠲᠠᠯ᠎ᠠ ᠨᠣᠳᠤᠭ ᠤᠨ ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠠᠯᠵᠢᠬᠤ ᠣᠷᠣᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃      ᠨᠢᠭᠡ᠂ ᠮᠠᠯᠵᠢᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ      ︽ᠬᠠᠷᠢᠶᠠᠯᠠᠯ ᠲᠣᠳᠣᠷᠬᠠᠢ᠂ ᠡᠷᠬᠡ ᠴᠢᠳᠠᠪᠬᠢ ᠪᠦᠷᠢᠨ᠂ ᠡᠷᠭᠢᠯᠲᠡ ᠰᠢᠯᠤᠭᠤᠨ᠂ ᠬᠠᠮᠠᠭᠠᠯᠠᠯᠲᠠ ᠴᠢᠩᠭ᠎ᠠ︾ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠢ ᠨᠠᠶᠢᠳᠠᠪᠤᠷᠢᠵᠢᠭᠤᠯᠵᠦ᠂ ᠬᠠᠮᠲᠤ ᠶᠢᠨ ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠪᠠ ᠡᠵᠡᠩᠨᠡᠯᠲᠡ ᠶᠢᠨ ᠵᠣᠬᠢᠴᠠᠮᠵᠢ ᠶᠢ ᠲᠡᠭᠦᠯᠳᠡᠷᠵᠢᠭᠦᠯᠵᠦ᠂ ᠬᠠᠮᠲᠤ ᠶᠢᠨ ᠠᠵᠤ ᠠᠬᠤᠢ ᠶᠢᠨ ᠣᠯᠠᠨ ᠲᠥᠷᠥᠯ ᠤᠨ ᠬᠥᠭᠵᠢᠯᠲᠡ ᠶᠢ ᠠᠬᠢᠭᠤᠯᠵᠤ᠂ ᠮᠠᠯᠵᠢᠬᠤ ᠣᠷᠣᠨ ᠤ ᠬᠠᠮᠲᠤ ᠶᠢᠨ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠠᠬᠢᠭᠤᠯᠤᠨ᠎ᠠ᠃      ᠭᠠᠴᠠᠭᠠᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠤᠨ᠎ᠠ᠃ ︽ᠨᠠᠮ ᠤᠨ ᠡᠭᠦᠷ + ᠬᠤᠷᠰᠢᠶᠠᠵᠢᠯ︾᠂ ︽ᠡᠳ᠋ ᠬᠥᠷᠥᠩᠭᠡ ᠶᠢᠨ ᠠᠰᠢᠭ ᠣᠷᠣᠯᠭ᠎ᠠ︾᠂ ︽ᠠᠰᠢᠭ ᠣᠷᠣᠯᠭ᠎ᠠ ᠶᠢ ᠡᠷᠭᠢᠯᠳᠦᠭᠦᠯᠬᠦ︾᠂ ᠬᠠᠮᠲᠤ ᠶᠢᠨ ᠡᠳ᠋ ᠬᠥᠷᠥᠩᠭᠡ ᠶᠢ ᠳᠦᠷᠢᠶᠡᠰᠦᠯᠡᠭᠦᠯᠬᠦ᠂ ᠮᠠᠯᠵᠢᠬᠤ ᠣᠷᠣᠨ ᠤ ᠵᠢᠭᠤᠯᠴᠢᠯᠠᠯ ᠵᠡᠷᠭᠡ ᠣᠯᠠᠨ ᠠᠷᠭ᠎ᠠ ᠵᠠᠮ᠂ ᠣᠯᠠᠨ ᠳᠡᠰ ᠳᠠᠪᠬᠤᠷᠭ᠎ᠠ᠂ ᠣᠯᠠᠨ ᠬᠡᠯᠪᠡᠷᠢ ᠮᠠᠶ᠋ᠢᠭ ᠢᠶᠠᠷ ᠳᠠᠮᠵᠢᠭᠤᠯᠤᠨ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠦᠨ᠎ᠡ᠃ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ  ᠨᠡᠶᠢᠳᠡᠮ ᠪᠦᠷᠬᠦᠭᠦᠯᠬᠦ ᠶᠢ ᠠᠬᠢᠭᠤᠯᠵᠤ᠂ ᠭᠠᠴᠠᠭᠠᠨ ᠤ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠨᠡᠮᠡᠭᠳᠡᠭᠦᠯᠦᠨ᠂ ᠭᠠᠴᠠᠭᠠᠨ ᠤ ᠣᠯᠠᠨ ᠲᠦᠮᠡᠨ ᠳᠤ ᠦᠢᠯᠡᠴᠢᠯᠡᠬᠦ᠂ ᠬᠥᠭᠵᠢᠯᠲᠡ ᠶᠢ ᠠᠬᠢᠭᠤᠯᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠪᠣᠯᠬᠤ ᠳᠤ᠂ ᠪᠦᠬᠦ ᠬᠤᠰᠢᠭᠤᠨ ᠤ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠨᠢ100 ᠲᠦᠮᠡᠨ ᠲᠥᠭᠦᠷᠢᠭ᠂ 50~100 ᠲᠦᠮᠡᠨ ᠲᠥᠭᠦᠷᠢᠭ᠂ 10~50 ᠲᠦᠮᠡᠨ ᠲᠥᠭᠦᠷᠢᠭ ᠪᠣᠯᠬᠤ ᠭᠠᠴᠠᠭᠠᠨ ᠤ ᠬᠠᠷᠢᠴᠠᠯ ᠢ ᠲᠣᠰᠪᠦᠷᠢ10%  ᠂ 40%᠂ 50% ᠳᠤ ᠬᠦᠷᠭᠡᠨ᠎ᠠ᠃      ᠮᠠᠯᠵᠢᠬᠤ ᠣᠷᠣᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠡᠳ᠋ ᠬᠥᠷᠥᠩᠭᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠬᠠᠮᠲᠤ ᠶᠢᠨ ᠠᠵᠤ ᠠᠬᠤᠢ ᠶᠢᠨ ᠰᠢᠨ᠎ᠡ ᠪᠡᠶᠡᠯᠡᠭᠳᠡᠬᠦ ᠬᠡᠯᠪᠡᠷᠢ ᠪᠠ ᠠᠵᠢᠯᠯᠠᠭᠠᠨ ᠤ ᠲᠣᠭᠲᠠᠴᠠ ᠶᠢ ᠬᠠᠶᠢᠨ ᠰᠦᠪᠡᠭᠴᠢᠯᠡᠨ᠎ᠡ᠃ ᠮᠠᠯᠵᠢᠬᠤ ᠣᠷᠣᠨ ᠤ ᠲᠠᠯ᠎ᠠ ᠨᠣᠳᠤᠭ ᠤᠨ ᠬᠤᠪᠢ ᠣᠷᠣᠭᠤᠯᠤᠭᠰᠠᠨ ᠬᠤᠷᠰᠢᠶᠠᠵᠢᠯ ᠪᠠ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠤᠯᠪᠣᠭᠠᠲᠤ ᠴᠣᠭᠴᠠ ᠶᠢᠨ ᠬᠥᠭᠵᠢᠯᠲᠡ ᠶᠢ ᠳᠠᠮᠵᠢᠨ᠎ᠠ᠃ ᠮᠠᠯᠵᠢᠬᠤ ᠣᠷᠣᠨ ᠤ ᠬᠠᠮᠲᠤ ᠶᠢᠨ ᠡᠳ᠋ ᠬᠥᠷᠥᠩᠭᠡ ᠶᠢᠨ ᠬᠤᠪᠢ ᠣᠷᠣᠭᠤᠯᠤᠨ ᠬᠤᠷᠰᠢᠬᠤ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠠᠮᠲᠤ ᠶᠢᠨ ᠬᠤᠷᠠᠮᠳᠤᠭᠤᠯᠤᠭᠰᠠᠨ ᠪᠡᠯᠡ ᠮᠥᠩᠭᠦ᠂ ᠵᠠᠰᠠᠭ ᠤᠨ ᠣᠷᠳᠣᠨ ᠤ ᠬᠠᠪᠰᠤᠷᠤᠨ ᠲᠡᠳᠬᠦᠬᠦ ᠪᠡᠯᠡ ᠮᠥᠩᠭᠦ ᠶᠢ ᠨᠢᠭᠡᠳᠬᠡᠨ ᠠᠰᠢᠭᠯᠠᠬᠤ ᠶᠢ ᠵᠣᠷᠢᠭᠵᠢᠭᠤᠯᠵᠤ᠂ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠲᠣᠯᠣᠭᠠᠶᠢᠯᠠᠭᠴᠢ ᠠᠵᠤ ᠠᠬᠤᠶᠢᠯᠠᠯ ᠳᠤ ᠬᠤᠪᠢ ᠣᠷᠣᠭᠤᠯᠬᠤ ᠪᠤᠶᠤ ᠬᠤᠪᠢ ᠣᠷᠣᠭᠤᠯᠬᠤ ᠪᠠᠷ ᠳᠠᠮᠵᠢᠨ᠂ ᠭᠠᠴᠠᠭ᠎ᠠ ᠪᠣᠯᠤᠨ ᠭᠠᠴᠠᠭᠠᠨ ᠤ ᠬᠠᠮᠲᠤᠷᠠᠯᠴᠠᠭ᠎ᠠ᠂ ᠭᠠᠴᠠᠭᠠᠨ ᠤ ᠠᠵᠤ ᠠᠬᠤᠶᠢᠯᠠᠯ ᠬᠤᠯᠪᠣᠭᠠᠯᠠᠨ ᠬᠠᠮᠲᠤᠪᠠᠷ ᠪᠠᠶᠢᠭᠤᠯᠬᠤ ᠵᠡᠷᠭᠡ ᠣᠯᠠᠨ ᠬᠡᠯᠪᠡᠷᠢ ᠪᠠᠷ ᠬᠠᠮᠲᠤ ᠶᠢᠨ ᠠᠵᠤ ᠠᠬᠤᠢ ᠶᠢ ᠬᠥᠭᠵᠢᠭᠦᠯᠦᠨ᠎ᠡ᠃ ᠮᠠᠯᠴᠢᠳ ᠤᠨ ᠬᠤᠪᠢ ᠣᠷᠣᠭᠤᠯᠤᠨ ᠬᠤᠷᠰᠢᠯᠴᠠᠬᠤ ᠶᠢ ᠢᠳᠡᠪᠬᠢᠲᠡᠶ ᠬᠥᠭᠵᠢᠭᠦᠯᠵᠦ᠂ ᠠᠷᠠᠯᠵᠢᠶᠠᠯᠠᠬᠤ᠂ ᠬᠢᠨᠠᠨ ᠬᠠᠮᠢᠶᠠᠷᠬᠤ᠂ ᠠᠰᠢᠭ ᠣᠯᠵᠠᠪᠤᠷᠢ ᠬᠤᠪᠢᠶᠠᠷᠢᠯᠠᠬᠤ ᠳᠦᠷᠢᠮ ᠢ ᠪᠦᠷᠢᠨᠰᠢᠭᠦᠯᠦᠨ᠎ᠡ᠃ ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶᠠᠵᠢᠯ ᠢ ᠳᠡᠮᠵᠢᠬᠦ ᠪᠠᠨ ᠴᠢᠩᠭᠠᠳᠬᠠᠵᠤ᠂ ᠭᠠᠴᠠᠭᠠᠨ ᠤ ᠬᠠᠮᠲᠤ ᠶᠢᠨ ᠠᠵᠤ ᠠᠬᠤᠢ ᠪᠠ ᠬᠤᠪᠢ ᠣᠷᠣᠭᠤᠯᠤᠭᠴᠢ ᠶᠢᠨ ᠠᠰᠢᠭ ᠬᠤᠪᠢᠶᠠᠷᠢᠯᠠᠬᠤ ᠣᠷᠣᠯᠭ᠎ᠠ ᠶᠢ ᠴᠢᠷᠮᠠᠶᠢᠨ ᠪᠤᠵᠠᠭᠠᠶᠢᠷᠠᠭᠤᠯᠤᠨ᠎ᠠ᠃ ᠮᠠᠯᠵᠢᠬᠤ ᠣᠷᠣᠨ ᠤ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ ᠬᠠᠮᠲᠤ ᠶᠢᠨ ᠣᠶ ᠰᠢᠭᠤᠶ ᠶᠢᠨ ᠡᠷᠬᠡ᠂ ᠤᠯᠤᠰ ᠤᠨ ᠥᠮᠴᠢᠯᠡᠯᠲᠦ ᠰᠢᠭᠤᠶᠢᠲᠤ ᠣᠷᠣᠨ ᠤ ᠣᠶ ᠰᠢᠭᠤᠶ ᠶᠢᠨ ᠲᠠᠯᠠᠪᠠᠶ ᠶᠢᠨ ᠥᠭᠡᠷᠡᠴᠢᠯᠡᠯᠲᠡ ᠶᠢ ᠠᠬᠢᠭᠤᠯᠤᠨ᠎ᠠ᠃      ᠬᠤᠶᠠᠷ᠂ ᠭᠠᠵᠠᠷ ᠰᠢᠷᠣᠶ ᠬᠠᠳᠤᠯᠠᠩ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠥᠨ᠎ᠡ      ᠮᠠᠯᠵᠢᠬᠤ ᠣᠷᠣᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠥᠳᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ᠂ ᠭᠠᠵᠠᠷ ᠰᠢᠷᠣᠢ ᠲᠠᠲᠠᠪᠤᠷᠢᠯᠠᠬᠤ᠂ ᠣᠷᠣᠨ ᠰᠠᠭᠤᠴᠠ ᠶᠢᠨ ᠰᠠᠭᠤᠷᠢ ᠭᠠᠵᠠᠷ ᠤᠨ ᠲᠥᠷᠢᠮ ᠤᠨ ᠥᠭᠡᠷᠡᠴᠢᠯᠡᠯᠲᠡ ᠶᠢ ᠬᠠᠤᠯᠢ ᠶᠣᠰᠣᠭᠠᠷ ᠲᠥᠯᠬᠢᠨ ᠠᠬᠢᠭᠤᠯᠵᠤ᠂ ᠬᠠᠳᠤᠯᠠᠩ ᠪᠡᠯᠴᠢᠭᠡᠷ ᠢ ᠡᠬᠡᠯᠵᠢᠯᠡᠭᠦᠯᠬᠦ ᠬᠡᠯᠪᠡᠷᠢ ᠮᠠᠶ᠋ᠢᠭ ᠪᠣᠯᠤᠨ ᠦᠢᠯᠡᠴᠢᠯᠡᠭᠡᠨ ᠤ ᠰᠢᠨ᠎ᠡ ᠶᠢ ᠡᠭᠦᠳᠦᠨ᠎ᠡ᠃      ᠮᠠᠯᠵᠢᠬᠤ ᠣᠷᠣᠨ ᠤ ᠰᠢᠨ᠎ᠡ ᠪᠠᠷ ᠨᠡᠮᠡᠭᠳᠡᠭᠦᠯᠬᠦ ᠪᠥᠳᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠪᠠᠲᠤᠯᠠᠬᠤ ᠲᠣᠭᠲᠠᠴᠠ ᠶᠢ ᠪᠥᠷᠢᠨᠰᠢᠬᠦᠯᠥᠨ᠎ᠡ᠃ ᠮᠠᠯᠵᠢᠬᠤ ᠣᠷᠣᠨ ᠤ ᠭᠠᠵᠠᠷ ᠰᠢᠷᠣᠶ ᠠᠰᠢᠭᠯᠠᠬᠤ ᠲᠥᠯᠥᠪᠵᠢᠭᠦᠯᠭᠡ ᠶᠢ ᠲᠡᠭᠦᠯᠳᠡᠷᠵᠢᠭᠦᠯᠵᠦ᠂ ᠡᠭᠦᠷᠢᠳᠡ ᠶᠢᠨ ᠦᠨᠳᠦᠰᠦᠨ ᠬᠠᠳᠤᠯᠠᠩ ᠪᠡᠯᠴᠢᠭᠡᠷ ᠢ ᠡᠵᠡᠯᠡᠬᠦ ᠦᠭᠡᠶ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠠᠴᠠ ᠳᠠᠪᠠᠭᠤᠯᠬᠤ ᠦᠭᠡᠶ᠂ ᠠᠮᠢ ᠠᠬᠤᠶ ᠶᠢᠨ ᠣᠷᠴᠢᠨ ᠲᠣᠭᠤᠷᠢᠨ ᠪᠣᠯᠤᠨ ᠦᠵᠡᠮᠵᠢ ᠶᠢ ᠡᠪᠳᠡᠬᠦ ᠦᠭᠡᠶ ᠪᠠᠶᠢᠬᠤ ᠤᠷᠢᠲᠠᠯ ᠳᠣᠣᠷ᠎ᠠ᠂ ᠮᠠᠯ ᠠᠵᠤ ᠠᠬᠤᠶ ᠪᠣᠯᠤᠨ ᠮᠠᠯᠵᠢᠬᠤ ᠣᠷᠣᠨ ᠤ ᠡᠯ᠎ᠡ ᠵᠦᠢᠯ ᠤᠨ ᠭᠠᠵᠠᠷ ᠰᠢᠷᠣᠶ ᠠᠰᠢᠭᠯᠠᠬᠤ ᠭᠦᠢᠴᠡᠳᠭᠡᠯ ᠲᠤᠭ᠎ᠠ ᠶᠢ ᠨᠢᠭᠡᠳᠦᠯᠲᠡᠶ ᠲᠥᠯᠥᠪᠯᠡᠵᠦ᠂ ᠬᠠᠳᠤᠯᠠᠩ ᠪᠡᠯᠴᠢᠭᠡᠷ ᠤᠨ ᠬᠠᠮᠠᠭᠠᠯᠠᠯᠲᠠ᠂ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠠᠮᠢ ᠠᠬᠤᠶ ᠶᠢᠨ ᠬᠠᠮᠠᠭᠠᠯᠠᠯᠲᠠ ᠵᠡᠷᠭᠡ ᠳᠤ ᠬᠡᠷᠡᠭᠯᠡᠬᠦ ᠭᠠᠵᠠᠷ ᠤᠨ ᠪᠠᠶᠢᠷᠢᠰᠢᠭᠤᠯᠤᠯ ᠢ ᠰᠢᠯᠢᠳᠡᠭᠵᠢᠭᠦᠯᠦᠨ᠎ᠡ᠃ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠪᠠᠷ ᠦᠯᠡᠳᠡᠭᠡᠭᠰᠡᠨ ᠭᠠᠵᠠᠷ ᠢ ᠠᠮᠢᠳᠤᠯᠢᠭᠵᠢᠭᠤᠯᠵᠤ᠂ ᠮᠠᠯᠵᠢᠬᠤ ᠣᠷᠣᠨ ᠤ ᠰᠤᠯᠠ ᠲᠠᠯᠪᠢᠵᠤ ᠪᠠᠶᠢᠭ᠎ᠠ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠰᠤᠯᠠ ᠲᠠᠯᠪᠢᠵᠤ ᠪᠠᠶᠢᠭ᠎ᠠ ᠣᠷᠣᠨ ᠰᠠᠭᠤᠴᠠ ᠶᠢᠨ ᠰᠠᠭᠤᠷᠢ ᠭᠠᠵᠠᠷ᠂ ᠭᠠᠴᠠᠭᠠᠨ ᠤ ᠰᠤᠯᠠ ᠲᠠᠯᠪᠢᠵᠤ ᠪᠠᠶᠢᠭ᠎ᠠ ᠭᠠᠵᠠᠷ᠂ ᠦᠢᠯᠡᠳᠪᠦᠷᠢ ᠠᠭᠤᠷᠬᠠᠢ ᠶᠢᠨ ᠬᠠᠶᠠᠭᠳᠠᠮᠠᠯ ᠭᠠᠵᠠᠷ᠂ ᠵᠠᠮ ᠱᠤᠭᠤᠮ ᠢ ᠥᠭᠡᠷᠡᠴᠢᠯᠡᠭᠰᠡᠨ ᠬᠠᠶᠠᠭᠳᠠᠮᠠᠯ ᠭᠠᠵᠠᠷ ᠵᠢᠴᠢ ︽ᠳᠥᠷᠪᠡᠨ ᠠᠲᠠᠷ ᠭᠠᠵᠠᠷ︾ ᠵᠡᠷᠭᠡ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠶᠢ ᠡᠷᠴᠢᠮ ᠲᠠᠢ ᠥᠷᠨᠢᠭᠦᠯᠵᠦ᠂ ᠮᠠᠯᠵᠢᠬᠤ ᠣᠷᠣᠨ ᠤ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠪᠠᠶᠢᠳᠠᠯ ᠤᠨ ᠬᠥᠭᠵᠢᠯᠲᠡ ᠪᠠ ᠬᠡᠪᠴᠢᠶᠡᠵᠢᠭᠰᠡᠨ ᠠᠵᠤ ᠦᠢᠯᠡᠰ ᠤᠨ ᠪᠦᠰᠡ ᠶᠢᠨ ᠪᠦᠲᠦᠭᠡᠨ ᠪᠠᠶᠢᠭᠤᠯᠤᠯᠲᠠ ᠳᠤ ᠭᠤᠣᠯᠳᠠᠯᠭ᠎ᠠ ᠲᠠᠢ ᠬᠡᠷᠡᠭᠯᠡᠨ᠎ᠡ᠃      ᠮᠠᠯᠵᠢᠬᠤ ᠣᠷᠣᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠥᠳᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠭᠠᠷᠭᠠᠬᠤ ᠥᠭᠡᠷᠡᠴᠢᠯᠡᠯᠲᠡ ᠶᠢ ᠬᠠᠶᠢᠨ ᠰᠦᠪᠡᠭᠴᠢᠯᠡᠨ᠎ᠡ᠃ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠵᠠᠬ᠎ᠠ ᠳᠡᠯᠭᠡᠭᠦᠷ ᠢ ᠲᠦᠷᠭᠡᠳᠬᠡᠨ ᠪᠠᠶᠢᠭᠤᠯᠵᠤ᠂ ᠠᠳᠠᠯᠢ ᠡᠷᠬᠡ ᠠᠳᠠᠯᠢ ᠦᠨ᠎ᠡ ᠲᠠᠢ᠂ ᠡᠷᠭᠢᠯᠲᠡ ᠤᠷᠤᠭᠰᠢᠲᠠᠶ᠂ ᠠᠰᠢᠭ ᠣᠯᠵᠠᠪᠤᠷᠢ ᠶᠢ ᠬᠠᠮᠲᠤ ᠳᠠᠭᠠᠨ ᠡᠳ᠋ᠯᠡᠬᠦ ᠮᠠᠯᠵᠢᠬᠤ ᠣᠷᠣᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠵᠠᠬ᠎ᠠ ᠳᠡᠯᠭᠡᠭᠦᠷ ᠲᠤr ᠭᠠᠷᠭᠠᠬᠤ ᠳᠦᠷᠢᠮ ᠢ ᠪᠠᠶᠢᠭᠤᠯᠣᠨ᠎ᠠ᠃ ᠮᠠᠯᠵᠢᠬᠤ ᠣᠷᠣᠨ ᠤ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠬᠥᠳᠥᠯᠥᠨ ᠵᠢᠯᠣᠭᠤᠳᠴᠤ ᠬᠤᠰᠢᠭᠤ᠂ ᠭᠤᠣᠯᠳᠠᠯᠭ᠎ᠠ ᠲᠠᠢ ᠰᠤᠮᠤ ᠪᠠᠯᠭᠠᠰᠤ ᠵᠢᠴᠢ ᠠᠵᠤ ᠦᠢᠯᠡᠰ ᠤᠨ ᠲᠣᠭᠤᠷᠢᠭ ᠵᠡᠷᠭᠡ ᠲᠡᠰᠢ ᠲᠥᠪᠯᠡᠷᠡᠭᠦᠯᠵᠦ᠂ ᠮᠠᠯ ᠠᠵᠤ ᠠᠬᠤᠢ ᠶᠢᠨ ᠠᠵᠤ ᠦᠢᠯᠡᠰ ᠤᠨ ᠲᠣᠭᠤᠷᠢᠭ ᠤᠨ ᠪᠥᠳᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢ ᠵᠦᠢ ᠵᠣᠬᠢᠰᠲᠠᠢ ᠪᠠᠲᠤᠯᠠᠨ᠎ᠠ᠃ ᠭᠠᠵᠠᠷ ᠰᠢᠷᠣᠶ ᠲᠠᠲᠠᠪᠤᠷᠢᠯᠠᠬᠤ ᠳᠠᠷᠠᠭᠠᠯᠠᠯ ᠢ ᠵᠢᠷᠤᠮᠵᠢᠭᠤᠯᠵᠤ᠂ ᠭᠠᠵᠠᠷ ᠢᠶᠠᠨ ᠲᠠᠲᠠᠪᠤᠷᠢᠯᠠᠭᠤᠯᠤᠭᠰᠠᠨ ᠮᠠᠯᠴᠢᠳ ᠤᠨ ᠠᠰᠢᠭ ᠲᠤᠰᠠ ᠶᠢ ᠣᠯᠠᠨ ᠡᠰᠢᠵᠢᠭᠦᠯᠬᠦ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠣᠷᠣᠨ ᠰᠠᠭᠤᠴᠠ ᠶᠢᠨ ᠭᠠᠵᠠᠷ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠮᠠᠯᠵᠢᠬᠤ ᠣᠷᠣᠨ ᠤ ᠣᠷᠣᠨ ᠰᠠᠭᠤᠴᠠ ᠶᠢᠨ ᠥᠮᠴᠢᠯᠡᠯ ᠤᠨ ᠡᠷᠬᠡ᠂ ᠬᠢᠷᠢ ᠬᠡᠮ ᠤᠨ ᠡᠷᠬᠡ᠂ ᠬᠡᠷᠡᠭᠯᠡᠬᠦ ᠡᠷᠬᠡ ᠶᠢᠨ ︽ᠭᠤᠷᠪᠠᠨ ᠡᠷᠬᠡ ᠶᠢ ᠰᠠᠯᠭᠠᠬᠤ︾ ᠶᠢ ᠰᠦᠪᠡᠭᠴᠢᠯᠡᠵᠦ᠂ ᠣᠷᠣᠨ ᠰᠠᠭᠤᠴᠠ ᠶᠢᠨ ᠰᠠᠭᠤᠷᠢ ᠭᠠᠵᠠᠷ ᠤᠨ ᠬᠠᠮᠲᠤ ᠶᠢᠨ ᠥᠮᠴᠢᠯᠡᠯ ᠤᠨ ᠡᠷᠬᠡ ᠶᠢ ᠨᠠᠶᠢᠳᠠᠪᠤᠷᠢᠵᠢᠭᠤᠯᠤᠨ᠂ ᠮᠠᠯᠴᠢᠳ ᠤᠨ ᠭᠡᠷ ᠪᠠᠶᠢᠰᠢᠩ ᠡᠳ᠋ ᠬᠥᠷᠥᠩᠭᠡ ᠶᠢᠨ ᠡᠷᠬᠡ ᠶᠢ ᠪᠠᠲᠤᠯᠠᠵᠤ᠂ ᠣᠷᠣᠨ ᠰᠠᠭᠤᠴᠠ ᠶᠢᠨ ᠰᠠᠭᠤᠷᠢ ᠭᠠᠵᠠᠷ ᠪᠠ ᠮᠠᠯᠴᠢᠳ ᠤᠨ ᠭᠡᠷ ᠪᠠᠶᠢᠰᠢᠩ ᠤᠨ ᠬᠡᠷᠡᠭᠯᠡᠬᠦ ᠡᠷᠬᠡ ᠶᠢ ᠵᠣᠬᠢᠰᠲᠠᠢ ᠠᠮᠢᠳᠣᠯᠢᠭ ᠪᠣᠯᠭᠠᠨ᠎ᠠ᠃      ᠪᠡᠯᠴᠢᠭᠡᠷ ᠨᠣᠳᠤᠭ ᠤᠨ ᠡᠵᠡᠩᠨᠡᠯᠳᠡ ᠶᠢᠨ ᠬᠡᠯᠪᠡᠷᠢ ᠶᠢᠨ ᠰᠢᠨ᠎ᠡ ᠶᠢ ᠡᠭᠦᠳᠦᠨ᠎ᠡ᠃  ᠨᠣᠲᠤᠭ ᠪᠡᠯᠴᠢᠭᠡᠷ ᠳᠠᠭᠠᠭᠠᠴᠢᠯᠠᠭᠰᠠᠨ ᠮᠠᠯᠵᠢᠬᠤ ᠡᠷᠦᠬᠡ ᠶᠢᠨ ᠬᠠᠤᠯᠢ ᠶᠣᠰᠣᠭᠠᠷ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ ᠵᠢᠴᠢ ᠬᠤᠪᠢ ᠣᠷᠣᠭᠤᠯᠬᠤ ᠵᠡᠷᠭᠡ ᠬᠡᠯᠪᠡᠷᠢ ᠪᠠᠷ ᠡᠵᠡᠩᠨᠡᠯᠲᠡ ᠶᠢᠨ ᠡᠷᠬᠡ ᠪᠠᠨ ᠬᠡᠷᠡᠭᠯᠡᠬᠦ ᠶᠢ ᠵᠣᠷᠢᠭᠵᠢᠭᠤᠯᠵᠤ᠂ ᠮᠠᠯᠴᠢᠳ ᠤᠨ ᠰᠠᠶᠢᠨ ᠳᠤᠷ᠎ᠠ ᠶᠢᠨ ᠤᠷᠢᠲᠠᠯ ᠳᠣᠤᠷ᠎ᠠ ᠬᠠᠷᠢᠯᠴᠠᠨ ᠰᠣᠯᠢᠬᠤ ᠪᠠ ᠭᠠᠵᠠᠷ ᠢᠶᠠᠨ ᠨᠡᠶᠢᠯᠡᠭᠦᠯᠬᠦ ᠠᠷᠭ᠎ᠠ ᠮᠠᠶ᠋ᠢᠭ ᠢᠶᠠᠷ ᠲᠠᠯ᠎ᠠ ᠨᠣᠳᠤᠭ ᠤᠨ ᠬᠡᠰᠡᠭ ᠪᠤᠰᠠᠭ ᠪᠣᠯᠬᠤ ᠠᠰᠠᠭᠤᠳᠠᠯ ᠢ ᠰᠢᠢᠳᠪᠦᠷᠢᠯᠡᠬᠦ ᠶᠢ ᠵᠣᠷᠢᠭᠵᠢᠭᠤᠯᠤᠨ᠎ᠠ᠃ ᠳ᠋ᠠᠶᠢᠲ᠋ᠠ ᠬᠥᠮᠥᠷᠭᠡ ᠵᠢᠴᠢ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠲᠠᠯ᠎ᠠ ᠨᠣᠳᠤᠭ ᠢ ᠰᠢᠯᠵᠢᠭᠦᠯᠬᠦ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠰᠢᠯᠵᠢᠭᠦᠯᠬᠦ ᠦᠢᠯᠡᠴᠢᠯᠡᠭᠡᠨ ᠤ ᠶᠠᠪᠤᠴᠠ ᠶᠢ ᠳᠦᠷᠢᠮᠵᠢᠭᠦᠯᠵᠦ᠂ ᠰᠢᠯᠵᠢᠭᠦᠯᠬᠦ ᠠᠵᠢᠯᠯᠠᠭ᠎ᠠ ᠶᠢᠨ ᠬᠢᠨᠠᠨ  ᠬᠠᠮᠢᠶᠠᠷᠣᠯᠳᠠ ᠪᠠᠨ ᠴᠢᠩᠭᠠᠳᠬᠠᠨ᠎ᠠ᠃      ᠬᠤᠶᠠᠳᠤᠭᠠᠷ ᠬᠡᠰᠡᠭ    ᠬᠤᠳᠠᠯᠳᠤᠭ᠎ᠠ ᠡᠵᠡᠩᠨᠡᠬᠦ ᠣᠷᠴᠢᠨ  ᠢ ᠰᠢᠯᠢᠳᠡᠭᠵᠢᠭᠦᠯᠬᠦ        ᠨᠢᠭᠡ᠂ ︽ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ      ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠶᠢ ᠠᠬᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠭᠠᠨ᠎ᠠ᠃      ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠳᠡᠭᠡᠷ᠎ᠡ ᠱᠠᠲᠤᠨ ᠤ ᠬᠦᠴᠦᠨ ᠥᠬᠡᠶ ᠪᠣᠯᠭᠠᠭᠰᠠᠨ ᠪᠠ ᠳᠣᠷᠣᠭᠰᠢ ᠪᠠᠭᠤᠯᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠢᠳᠡᠪᠬᠢᠲᠡᠶ ᠨᠠᠶᠢᠳᠠᠪᠤᠷᠢᠵᠢᠭᠤᠯᠵᠤ᠂ ᠡᠯ᠎ᠡ ᠬᠦᠷᠢᠶ᠎ᠡ ᠴᠠᠷᠠᠭ᠎ᠠ ᠶᠢᠨ ᠬᠢᠨᠠᠨ ᠵᠥᠪᠰᠢᠶᠡᠷᠡᠬᠦ ᠴᠤᠪᠤᠷᠠᠯ ᠢ ᠤᠯᠠᠮ ᠨᠢᠭᠡ ᠠᠯᠬᠤᠮ ᠳᠥᠭᠦᠮᠴᠢᠯᠡᠨ ᠰᠢᠯᠢᠳᠡᠭᠵᠢᠭᠦᠯᠵᠦ᠂ ᠪᠠᠯᠠ ᠣᠷᠣᠭᠤᠯᠤᠯᠲᠠ ᠶᠢᠨ ᠲᠥᠷᠥᠯ ᠵᠦᠢᠯ ᠳᠤ ᠣᠯᠠᠨ ᠦᠨᠡᠯᠡᠯᠲᠡ ᠶᠢ ᠨᠡᠶᠢᠯᠡᠭᠦᠯᠦᠨ ᠨᠢᠭᠡ ᠪᠣᠯᠭᠠᠬᠤ᠂ ᠨᠡᠶᠢᠯᠡᠭᠦᠯᠦᠨ ᠬᠠᠮᠲᠤᠷᠠᠨ ᠬᠢᠨᠠᠨ ᠵᠥᠪᠰᠢᠶᠡᠷᠡᠬᠦ ᠶᠢ ᠰᠦᠪᠡᠭᠴᠢᠯᠡᠨ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠᠷᠢᠮᠵᠢᠶ᠎ᠠ ᠶᠢ ᠤᠯᠠᠮ ᠨᠢᠭᠡ ᠠᠯᠬᠤᠮ ᠪᠠᠭᠤᠷᠠᠭᠤᠯᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠶ ᠲᠠᠯ᠎ᠠ ᠶᠢᠨ ᠨᠠᠷᠢᠨ ᠲᠠᠩᠰᠠ ᠶᠢᠨ ᠲᠦᠷᠢᠮ ᠢ ᠬᠡᠷᠡᠭᠵᠢᠭᠦᠯᠦᠨ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠶ ᠲᠠᠯ᠎ᠠ ᠶᠢᠨ ᠨᠠᠷᠢᠨ ᠲᠠᠩᠰᠠ ᠶᠢᠨ ᠬᠥᠳᠡᠯᠦᠩᠭᠦᠶ ᠳᠣᠭᠢᠷᠠᠭᠤᠯᠬᠤ ᠲᠣᠭᠲᠠᠴᠠ᠂ ᠮᠡᠳᠡᠭᠡ ᠵᠠᠩᠭᠢ ᠶᠢ ᠢᠯᠡ ᠪᠣᠯᠭᠠᠬᠤ ᠲᠣᠭᠲᠠᠴᠠ ᠶᠢ ᠨᠠᠶᠢᠳᠠᠪᠤᠷᠢᠵᠢᠭᠤᠯᠵᠤ᠂ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠲᠣᠭᠲᠠᠴᠠ ᠶᠢ ᠢᠳᠡᠪᠬᠢᠲᠡᠶ ᠠᠬᠢᠭᠤᠯᠤᠨ᠎ᠠ᠃ ᠠᠷᠭ᠎ᠠ ᠪᠤᠳᠤᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠᠬᠢ ᠬᠦᠴᠢᠷᠳᠡᠯ ᠢ ᠰᠢᠢᠳᠪᠦᠷᠢᠯᠡᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠰᠠᠨᠠᠭ᠎ᠠ ᠠᠮᠤᠷ ᠡᠵᠡᠩᠨᠡᠵᠦ᠂ ᠰᠠᠨᠠᠭ᠎ᠠ ᠠᠮᠤᠷ ᠪᠡᠯᠡ ᠣᠷᠣᠭᠤᠯᠵᠤ᠂ ᠨᠢᠭᠡ ᠰᠡᠳᠬᠢᠯ ᠢᠶᠠᠷ ᠦᠢᠯᠡᠰ ᠪᠤᠰᠬᠠᠬᠤ ᠶᠢ ᠪᠠᠳᠣᠯᠠᠨ᠎ᠠ᠃ ᠮᠠᠯ ᠠᠵᠤ ᠠᠬᠤᠢ ᠶᠢᠨ ᠬᠦᠷᠢᠶ᠎ᠡ ᠬᠡᠪᠴᠢᠶᠡᠨ ᠳᠠᠬᠢ ᠬᠢᠨᠠᠨ ᠵᠥᠪᠰᠢᠶᠡᠷᠡᠯ ᠢ ᠦᠷᠭᠦᠯᠵᠢᠯᠡᠨ ᠪᠠᠭᠠᠰᠬᠠᠵᠤ᠂ ᠮᠠᠯ ᠠᠵᠤ ᠠᠬᠤᠢ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠵᠠᠭᠤᠴᠢ ᠦᠢᠯᠡᠴᠢᠯᠡᠭᠡ ᠶᠢ ᠴᠡᠭᠴᠡᠯᠡᠨ ᠳᠦᠷᠢᠮᠵᠢᠭᠦᠯᠵᠦ᠂ ᠡᠯ᠎ᠡ ᠲᠥᠷᠥᠯ ᠤᠨ ᠮᠠᠯ ᠠᠵᠤ ᠠᠬᠤᠢ ᠳᠤ ᠬᠤᠯᠪᠣᠭᠳᠠᠭᠰᠠᠨ ᠭᠤᠣᠯ ᠴᠣᠭᠴᠠ ᠶᠢᠨ ᠬᠥᠭᠵᠢᠯᠲᠡ ᠶᠢᠨ ᠳᠠᠷᠤᠭᠠᠰᠤ ᠶᠢ ᠬᠥᠩᠭᠡᠯᠡᠨ᠎ᠡ᠃      ᠠᠵᠢᠯ ᠶᠠᠪᠣᠳᠠᠯ ᠤᠨ ᠲᠣᠮᠳᠠ ᠪᠠ ᠠᠵᠢᠯ ᠶᠠᠪᠣᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠤᠨ᠎ᠠ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠭᠦᠨᠵᠡᠭᠡᠶ ᠠᠬᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠦᠢᠯᠡᠳᠪᠦᠷᠢ ᠬᠤᠳᠠᠯᠳᠤᠭᠠᠨ ᠤ ᠵᠦᠢᠯᠡᠰ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠂ ᠦᠢᠯᠡᠳᠪᠦᠷᠢ ᠬᠤᠳᠠᠯᠳᠤᠭᠠᠨ ᠤ ᠳᠡᠩᠰᠡᠯᠡᠨ ᠲᠡᠮᠳᠡᠭᠯᠡᠬᠦ ᠠᠴᠠ ᠡᠮᠦᠨ᠎ᠡ᠂ ᠳᠠᠩᠰᠠᠯᠠᠭᠰᠠᠨ ᠤ ᠳᠠᠷᠠᠭᠠᠬᠢ ᠬᠢᠨᠠᠨ ᠵᠥᠪᠰᠢᠶᠡᠷᠡᠬᠦ ᠵᠦᠢᠯᠡᠰ ᠤᠨ ᠭᠠᠷᠴᠠᠭ ᠲᠤ ᠬᠥᠳᠡᠯᠦᠩᠭᠦᠶ ᠪᠠᠷ ᠲᠣᠬᠢᠷᠠᠭᠤᠯᠤᠯᠲᠠ ᠬᠢᠨ᠎ᠠ᠃ ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠤᠨ ᠬᠥᠭᠵᠢᠯᠲᠡ ᠳᠤ ᠪᠠᠭᠳᠠᠭᠠᠮᠵᠢᠳᠣ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠰᠦᠪᠡᠭᠴᠢᠯᠡᠨ ᠬᠡᠷᠡᠭᠵᠢᠭᠦᠯᠦᠨ᠎ᠡ᠃ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠵᠠᠭᠪᠤᠷ ᠢ ᠢᠳᠡᠪᠬᠢᠲᠡᠢ ᠠᠬᠢᠭᠤᠯᠵᠤ᠂ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠪᠠ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶ᠎ᠡ ᠴᠠᠷᠠᠭ᠎ᠠ ᠶᠢᠨ ᠡᠷᠬᠡ ᠲᠡᠭᠰᠢ ᠦᠷᠢᠰᠦᠯᠳᠦᠬᠡᠨ ᠤ ᠡᠮᠬᠢ ᠳᠢᠭᠯᠢᠮ ᠢ ᠦᠨᠡᠨᠬᠦ ᠬᠠᠮᠠᠭᠠᠯᠠᠨ᠎ᠠ᠃      ᠣᠯᠠᠨ ᠨᠡᠶᠢᠲᠡ ᠶᠢᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠠᠵᠤ ᠠᠬᠤᠶᠢᠯᠠᠯ ᠤᠨ ᠡᠵᠡᠩᠨᠡᠯᠲᠡ ᠬᠢᠬᠦ ᠶᠢ ᠵᠥᠪᠰᠢᠶᠡᠷᠡᠨ᠂ ᠪᠡᠯᠡ ᠣᠷᠣᠭᠤᠯᠬᠤ ᠲᠥᠷᠥᠯ ᠵᠦᠢᠯ ᠢ ᠮᠡᠳᠡᠭᠦᠯᠵᠦ ᠬᠢᠨᠠᠨ ᠵᠥᠪᠰᠢᠶᠡᠷᠡᠭᠦᠯᠬᠦ ᠪᠠ ᠠᠷᠠᠳ ᠲᠤ ᠳᠥᠭᠦᠮ ᠦᠵᠡᠭᠦᠯᠵᠦ ᠠᠰᠢᠭ ᠬᠦᠷᠲᠡᠭᠡᠬᠦ ᠦᠢᠯᠡᠴᠢᠯᠡᠭᠡᠨ ᠤ ᠭᠤᠷᠪᠠᠨ ᠶᠡᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠬᠢᠨᠠᠨ ᠵᠥᠪᠰᠢᠶᠡᠷᠡᠬᠦ ᠵᠦᠢᠯᠡᠰ ᠢ ᠲᠥᠪᠯᠡᠷᠡᠭᠦᠯᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠡᠷᠬᠡ ᠶᠢᠨ ᠠᠵᠢᠯᠯᠠᠭ᠎ᠠ ᠶᠢ ᠵᠢᠷᠤᠮᠵᠢᠭᠤᠯᠬᠤ᠂ ᠦᠢᠯᠡᠴᠢᠯᠡᠭᠡᠨ ᠤ ᠵᠠᠭᠪᠤᠷ ᠢ ᠣᠶᠣᠨᠴᠢᠯᠠᠬᠤ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠪᠠᠷᠢᠮᠵᠢᠶᠠᠵᠢᠭᠤᠯᠬᠤ ᠠᠵᠢᠯ ᠤᠨ ᠴᠤᠪᠤᠷᠠᠯ ᠪᠠ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠢ ᠲᠡᠭᠦᠯᠳᠡᠷᠵᠢᠭᠦᠯᠦᠨ᠎ᠡ᠃ ︽ᠨᠢᠭᠡ ᠯᠠ ᠤᠳᠠᠭ᠎ᠠ ᠳᠤ ᠭᠦᠢᠴᠡᠳᠭᠡᠬᠦ︾᠂ ︽ᠰᠦᠯᠵᠢᠶᠡᠨ ᠳᠡᠭᠡᠷ᠎ᠡ ᠭᠦᠢᠴᠡᠳᠭᠡᠬᠦ︾᠂ ︽ᠭᠠᠷ ᠣᠲᠠᠰᠣᠨ ᠳᠡᠭᠡᠷ᠎ᠡ ᠭᠦᠢᠴᠡᠳᠭᠡᠬᠦ︾᠂ ︽ᠣᠶᠢᠷ᠎ᠠ ᠬᠠᠪᠢ ᠳᠠᠭᠠᠨ ᠭᠦᠢᠴᠡᠳᠭᠡᠬᠦ︾᠂ ︽ᠣᠨᠳᠣᠤ ᠭᠠᠵᠠᠷ ᠲᠤ ᠭᠦᠢᠴᠡᠳᠭᠡᠬᠦ︾ ᠵᠡᠷᠭᠡ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶᠢᠯᠠᠯ ᠤᠨ ᠲᠠᠩᠰᠠᠯᠠᠭᠤᠯᠣᠯᠳᠠ᠂ ᠲᠥᠷᠥᠯ ᠵᠦᠢᠯ ᠢ ᠪᠣᠳᠠᠲᠠᠶᠢᠵᠢᠭᠤᠯᠬᠤ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠳᠤ ᠲᠥᠬᠦᠮ ᠦᠵᠡᠭᠦᠯᠬᠦ ᠦᠢᠯᠡᠴᠢᠯᠡᠭᠡ ᠶᠢ ᠬᠠᠩᠭᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠨᠢᠭᠡ ᠴᠣᠭᠴᠠᠵᠢᠭᠤᠯᠤᠭᠰᠠᠨ ᠰᠦᠯᠵᠢᠶᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠶᠡᠬᠡᠪᠡᠷ ᠬᠡᠷᠡᠭᠵᠢᠭᠦᠯᠦᠨ᠎ᠡ᠃ ᠮᠠᠯᠵᠢᠬᠤ ᠣᠷᠣᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠤᠭᠲᠠᠯᠴᠠᠭ᠎ᠠ ᠶᠢ ᠲᠡᠭᠦᠯᠳᠡᠷᠵᠢᠭᠦᠯᠵᠦ᠂ ︽ᠨᠢᠭᠡ ᠯᠠ ᠡᠬᠦᠳᠡ ᠪᠠᠷ ᠭᠦᠢᠴᠡᠳᠬᠡᠬᠦ︾ ︽ᠨᠢᠭᠡ ᠦᠷᠳᠡᠭᠡᠴᠢᠯᠡᠭᠰᠡᠨ ᠬᠡᠯᠪᠡᠷᠢ ᠶᠢᠨ ᠦᠢᠯᠡᠴᠢᠯᠡᠭᠡ︾ ᠶᠢᠨ ᠠᠷᠠᠳ ᠲᠤ ᠳᠥᠭᠦᠮ ᠦᠵᠡᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠣᠷᠣᠯᠠᠨ ᠲᠤᠰᠢᠶᠠᠵᠤ ᠣᠷᠣᠯᠠᠨ ᠭᠦᠢᠴᠡᠳᠬᠡᠬᠦ ᠵᠡᠷᠭᠡ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠶᠢ ᠰᠦᠪᠡᠭᠴᠢᠯᠡᠨ ᠥᠷᠨᠢᠭᠦᠯᠦᠨ᠎ᠡ᠃ ᠰᠤᠮᠤ ᠪᠠᠯᠭᠠᠰᠤ ︵ᠲᠠᠯᠠᠪᠠᠶ︶ ᠶᠢᠨ ᠪᠠᠶᠢᠭ᠎ᠠ ᠭᠠᠵᠠᠷ ᠲᠤ ᠰᠦᠯᠵᠢᠶᠡᠨ ᠤ ᠦᠢᠯᠡᠴᠢᠯᠡᠭᠡᠨ ᠤ ᠥᠷᠲᠡᠭᠡ ᠴᠢᠭ ᠢ ᠨᠡᠶᠢᠳᠡᠮ ᠪᠠᠶᠢᠭᠤᠯᠤᠨ᠎ᠠ᠃      ᠬᠤᠶᠠᠷ᠂ ᠡᠳ᠋ ᠤᠨ ᠵᠠᠰᠠᠭ ᠪᠠ ᠭᠠᠶᠢᠯᠢ᠂ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ        ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠶᠢ ᠯᠠᠪᠳᠠᠭᠤᠨ ᠪᠠᠲᠤᠲᠠᠶ ᠠᠬᠢᠭᠤᠯᠵᠤ᠂ ᠵᠠᠬ᠎ᠠ ᠳᠡᠯᠭᠡᠭᠦᠷ᠂ ᠬᠦᠴᠦᠨ  ᠵᠦᠢᠯ ᠪᠠ ᠭᠤᠤᠯ ᠴᠣᠭᠴᠠ ᠶᠢ ᠤᠯᠠᠮ ᠨᠢᠭᠡ ᠠᠯᠬᠤᠮ ᠠᠮᠢᠯᠠᠭᠤᠯᠤᠨ᠎ᠠ᠃      ᠡᠳ᠋ ᠤᠨ ᠵᠠᠰᠠᠭ ᠤᠨ ᠪᠠᠶᠢᠭᠤᠯᠤᠯ ᠢ ᠲᠡᠭᠦᠯᠳᠡᠷᠵᠢᠭᠦᠯᠦᠨ᠎ᠡ᠃ ᠡᠳ᠋ ᠤᠨ ᠵᠠᠰᠠᠭ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠵᠤ᠂ ᠠᠮᠵᠢᠯᠲᠠ ᠪᠦᠲᠦᠮᠵᠢ ᠪᠠᠷ ᠭᠤᠣᠯ ᠪᠣᠯᠭᠠᠭᠰᠠᠨ ᠡᠳ᠋ ᠤᠨ ᠬᠦᠴᠦᠨ ᠢ ᠲᠥᠪᠯᠡᠷᠡᠭᠦᠯᠦᠨ ᠶᠡᠭᠡ ᠶᠠᠪᠤᠳᠠᠯ ᠢ ᠪᠦᠲᠦᠭᠡᠬᠦ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢᠨ ᠰᠢᠰᠲ᠋ᠧᠮ ᠪᠠ ᠪᠡᠯᠡ ᠮᠥᠩᠭᠦ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠷᠢᠮ ᠢ ᠲᠡᠭᠦᠯᠳᠡᠷᠵᠢᠭᠦᠯᠬᠦ ᠪᠠᠷ ᠬᠠᠷᠠᠯᠲᠠ ᠪᠣᠯᠭᠠᠵᠤ᠂ ᠬᠦᠷᠢᠶ᠎ᠡ ᠴᠠᠷᠠᠭ᠎ᠠ ᠬᠤᠪᠢᠶᠠᠭᠰᠠᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠤᠨ᠎ᠠ᠃ ᠡᠳ᠋ ᠤᠨ ᠵᠠᠰᠠᠭ ᠤᠨ ᠵᠠᠷᠤᠯᠭ᠎ᠠ ᠶᠢᠨ ᠪᠠᠷᠢᠮᠵᠢᠶᠠᠵᠢᠭᠤᠯᠤᠯᠲᠠ ᠶᠢ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠪᠦᠬᠦ ᠰᠢᠰᠲ᠋ᠧᠮ ᠤᠨ ᠲᠥᠰᠦᠪ ᠤᠨ ᠬᠠᠮᠢᠶᠠᠷᠤᠯᠲᠠ ᠶᠢ ᠨᠠᠶᠢᠳᠠᠪᠤᠷᠢᠵᠢᠭᠤᠯᠤᠨ ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠳ᠋ ᠤᠨ ᠵᠠᠰᠠᠭ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠢᠨᠲ᠋ᠧᠷ ᠰᠦᠯᠵᠢᠶ᠎ᠡ + ᠵᠠᠰᠠᠭ ᠤᠨ ᠣᠷᠳᠣᠨ ᠤ ᠬᠤᠳᠠᠯᠳᠤᠨ ᠠᠪᠬᠤ︾ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠤᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ ᠶᠢ ᠯᠠᠪᠳᠠᠭᠤᠨ ᠢᠶᠠᠷ ᠠᠬᠢᠭᠤᠯᠤᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠪᠠᠭᠤᠷᠠᠭᠤᠯᠤᠨ᠎ᠠ᠃      ᠪᠡᠯᠡ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠵᠦᠢᠯᠡᠰ ᠤᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠪᠡᠯᠡ ᠮᠥᠩᠭᠦᠨ ᠤ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠣᠯᠠᠨ ᠨᠡᠶᠢᠲᠡ ᠶᠢᠨ ᠡᠳ᠋ ᠤᠨ ᠵᠠᠰᠠᠭ ᠢ ︽ᠮᠠᠯᠵᠢᠬᠤ ᠣᠷᠣᠨ᠂ ᠮᠠᠯ ᠠᠵᠤ ᠠᠬᠤᠢ᠂ ᠮᠠᠯᠴᠢᠨ︾ ᠲᠡᠰᠢ ᠨᠠᠩ ᠢᠯᠡᠭᠦᠦ ᠬᠡᠯᠪᠠᠶᠢᠯᠭᠡᠵᠦ᠂ ᠡᠯ᠎ᠡ ᠱᠠᠲᠤᠨ ᠤ ᠵᠠᠰᠠᠭ ᠤᠨ ᠣᠷᠳᠣᠨ ᠤ ︽ᠮᠠᠯ ᠠᠵᠤ ᠠᠬᠤᠢ᠂ ᠮᠠᠯᠵᠢᠬᠤ ᠣᠷᠣᠨ᠂ ᠮᠠᠯᠴᠢᠨ ᠲᠠᠷᠢᠶᠠᠴᠢᠨ︾ ᠤ ᠠᠵᠢᠯ ᠳᠠᠬᠢ ᠪᠡᠯᠡ ᠣᠷᠣᠭᠤᠯᠤᠯᠲᠠ ᠶᠢᠨ ᠬᠠᠷᠢᠭᠤᠴᠠᠯᠭ᠎ᠠ ᠪᠠᠨ ᠴᠢᠩᠭᠠᠳᠬᠠᠨ᠂ ᠡᠳ᠋ ᠤᠨ ᠵᠠᠰᠠᠭ ᠠᠴᠠ ᠮᠠᠯ ᠠᠵᠤ ᠠᠬᠤᠢ ᠶᠢ ᠳᠡᠮᠵᠢᠬᠦ ᠪᠡᠯᠡ ᠣᠷᠣᠭᠤᠯᠤᠯᠲᠠ ᠶᠢᠨ ᠲᠣᠭᠲᠠᠭᠤᠨ ᠨᠡᠮᠡᠭᠳᠡᠯ ᠢ ᠲᠡᠭᠦᠯᠳᠡᠷᠵᠢᠭᠦᠯᠦᠨ᠎ᠡ᠃ ᠮᠠᠯ ᠠᠵᠤ ᠠᠬᠤᠢ ᠶᠢᠨ ᠨᠥᠬᠦᠪᠥᠷᠢ  ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠮᠠᠯ ᠤᠨ ᠠᠰᠢᠭ ᠰᠢᠮ᠎ᠡ ᠶᠢᠨ ᠭᠤᠣᠯ ᠭᠠᠷᠤᠯᠲᠠ ᠶᠢᠨ ᠣᠷᠣᠨ ᠪᠠ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠳᠤ ᠰᠢᠯᠵᠢᠭᠦᠯᠦᠨ ᠲᠣᠭᠠᠴᠠᠬᠤ ᠡᠷᠴᠢᠮ ᠢᠶᠠᠨ ᠴᠢᠩᠭᠠᠷᠠᠭᠤᠯᠤᠨ᠎ᠠ᠃      ᠭᠠᠶᠢᠯᠢ ᠶᠢᠨ ᠢᠷᠡᠯᠲᠡ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠣᠳᠣᠬᠠᠨ ᠤ ᠪᠠᠶᠢᠳᠠᠯ ᠳᠤ ᠰᠠᠭᠤᠷᠢᠯᠠᠬᠤ ᠪᠠ ᠠᠯᠤᠰ ᠬᠡᠲᠦ ᠶᠢ ᠲᠥᠯᠥᠪᠵᠢᠭᠦᠯᠬᠦ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠲᠥᠷᠥᠯ ᠵᠦᠢᠯ ᠢᠶᠠᠷ ᠡᠳ᠋ ᠤᠨ ᠵᠠᠰᠠᠭ ᠤᠨ ᠢᠷᠡᠯᠲᠡ ᠶᠢ ᠪᠠᠳᠣᠯᠠᠨ᠂ ᠭᠠᠶᠢᠯᠢ ᠲᠤᠰᠢᠶᠠᠬᠤ ᠲᠣᠮᠣ ᠡᠷᠦᠬᠡ᠂ ᠭᠠᠶᠢᠯᠢ ᠲᠠᠲᠠᠪᠤᠷᠢ ᠶᠢᠨ ᠨᠡᠮᠡᠭᠳᠡᠯ ᠤᠨ ᠲᠣᠮᠣ ᠡᠷᠦᠬᠡ ᠶᠢ ᠬᠥᠬᠢᠭᠦᠯᠦᠨ ᠱᠠᠩᠨᠠᠬᠤ ᠲᠣᠭᠲᠠᠴᠠ ᠶᠢ ᠪᠠᠶᠢᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂  ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ ᠵᠢᠯ ᠳᠤᠮᠳᠠᠴᠢ ᠶᠢᠨ ᠨᠡᠮᠡᠭᠳᠡᠯ ᠤᠨ ᠬᠤᠷᠳᠤᠴᠠ ᠶᠢ 2.3% ᠳᠤ ᠬᠦᠷᠭᠡᠬᠦ ᠪᠠᠷ ᠴᠢᠷᠮᠠᠶᠢᠨ᠎ᠠ᠃      ᠮᠥᠩᠭᠦᠨ ᠭᠦᠢᠯᠭᠡᠭᠡᠨ ᠤ ᠪᠦᠲᠦᠭᠡᠭᠳᠡᠬᠦᠨ ᠪᠠ ᠢᠲᠡᠭᠡᠮᠵᠢᠲᠦ ᠵᠢᠭᠡᠯᠡᠯᠭᠡ ᠶᠢᠨ ᠵᠠᠭᠪᠣᠷ ᠤᠨ ᠰᠢᠨ᠎ᠡ ᠶᠢ ᠡᠭᠦᠳᠦᠨ᠎ᠡ᠃  ᠠᠵᠤ ᠦᠢᠯᠡᠰ ᠪᠣᠰᠬᠠᠬᠤ᠂ ᠬᠥᠭᠵᠢᠬᠦ ᠪᠠ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠳᠤᠮᠳᠠᠬᠢ ᠮᠥᠩᠭᠦᠨ ᠭᠦᠢᠯᠭᠡᠭᠡᠨ ᠤ ᠳᠡᠮᠵᠢᠯᠭᠡ ᠶᠢᠨ ᠦᠢᠯᠡᠳᠦᠯ ᠢ ᠦᠨᠡᠨᠬᠦ ᠪᠠᠳᠠᠷᠠᠭᠤᠯᠤᠨ᠎ᠠ᠃ ᠲᠦᠭᠰᠢᠭᠦᠷᠢ ᠶᠢ ᠬᠠᠮᠲᠤ ᠪᠠᠷ ᠡᠭᠦᠷᠭᠡᠯᠡᠬᠦ᠂ ᠠᠰᠢᠭ ᠲᠤᠰᠠ ᠶᠢ ᠬᠠᠮᠲᠤ ᠪᠠᠷ ᠡᠳ᠋ᠯᠡᠬᠦ᠂ ᠲᠦᠭᠰᠢᠭᠦᠷᠢ ᠶᠢᠨ ᠨᠥᠬᠦᠪᠥᠷᠢ ᠥᠭᠬᠦ ᠶᠢ ᠠᠬᠢᠭᠤᠯᠵᠤ᠂ ᠲᠦᠭᠰᠢᠭᠦᠷᠢ ᠶᠢᠨ ᠪᠡᠯᠡ ᠣᠷᠣᠭᠤᠯᠤᠯᠲᠠ᠂ ᠲᠦᠭᠰᠢᠭᠦᠷᠢ ᠶᠢᠨ ᠰᠠᠭᠤᠷᠢ ᠮᠥᠩᠭᠦ᠂  ᠪᠠᠳᠣᠯᠭᠠᠳᠣ ᠴᠢᠨᠠᠷ ᠪᠦᠬᠦᠢ ᠵᠢᠭᠡᠯᠡᠯᠭᠡ ᠶᠢᠨ ᠲᠡᠮᠳᠡᠭᠲᠦ ᠵᠡᠷᠭᠡ ᠮᠥᠩᠭᠦᠨ ᠭᠦᠢᠯᠭᠡᠭᠡᠨ ᠤ ᠦᠢᠯᠡᠳᠬᠦᠨ ᠢ ᠵᠣᠬᠢᠰᠲᠠᠢ ᠨᠡᠭᠡᠭᠡᠨ ᠬᠥᠭᠵᠢᠭᠦᠯᠦᠨ᠎ᠡ᠃ ᠮᠠᠯᠵᠢᠬᠤ ᠣᠷᠣᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠮᠠᠯ ᠠᠵᠤ ᠠᠬᠤᠢ ᠶᠢᠨ ᠳᠠᠭᠠᠳᠬᠠᠯ ᠢ ᠬᠥᠭᠵᠢᠭᠦᠯᠦᠨ᠎ᠡ᠃      ᠭᠤᠷᠪᠠ᠂ ᠬᠤᠳᠠᠯᠳᠤᠭ᠎ᠠ ᠡᠵᠡᠩᠨᠡᠬᠦ ᠣᠷᠴᠢᠨ ᠤ ᠦᠨᠡᠯᠡᠯᠲᠡ ᠶᠢ ᠴᠢᠩᠭᠠᠳᠬᠠᠨ᠎ᠠ      ᠬᠤᠳᠠᠯᠳᠤᠭ᠎ᠠ ᠡᠵᠡᠩᠨᠡᠬᠦ ᠣᠷᠴᠢᠨ ᠢ ᠦᠷᠭᠦᠯᠵᠢᠯᠡᠨ ᠰᠢᠯᠢᠳᠡᠭᠵᠢᠭᠦᠯᠬᠦ ᠲᠣᠭᠲᠠᠴᠠ ᠶᠢ ᠪᠠᠶᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠬᠦ ᠬᠠᠮᠲᠤᠷᠠᠭᠰᠠᠨ ᠬᠤᠷᠠᠯ ᠤᠨ ᠲᠦᠷᠢᠮ ᠢ ᠨᠠᠶᠢᠳᠠᠪᠤᠷᠢᠵᠢᠭᠤᠯᠤᠨ᠎ᠠ᠃ ᠬᠤᠳᠠᠯᠳᠤᠭ᠎ᠠ ᠡᠵᠡᠩᠨᠡᠬᠦ ᠣᠷᠴᠢᠨ  ᠢ ᠰᠠᠶᠢᠵᠢᠷᠠᠭᠤᠯᠬᠤ ᠶᠢ ᠭᠤᠣᠯᠳᠠᠯᠭ᠎ᠠ ᠲᠠᠢ ᠱᠠᠭᠠᠷᠳᠠᠨ ᠪᠠᠶᠢᠴᠠᠭᠠᠬᠤ ᠬᠡᠪᠴᠢᠶᠡᠨ ᠳᠤ ᠣᠷᠣᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠤ ᠦᠨᠡᠯᠡᠯᠳᠡ ᠳᠠᠬᠢ ᠡᠯ᠎ᠡ ᠵᠦᠢᠯ ᠤᠨ ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠨ᠎ᠡ᠃ ᠡᠯ᠎ᠡ ᠰᠠᠯᠠᠭ᠎ᠠ ᠮᠥᠴᠢᠷ ᠤᠨ ᠬᠠᠣᠯᠢ ᠪᠠᠷ ᠵᠠᠰᠠᠬᠤ ᠪᠣᠷᠣ ᠲᠥᠯᠥᠪ ᠤᠨ ᠳᠣᠲᠣᠷ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠡᠭᠦᠳᠦᠯᠲᠡ ᠶᠢᠨ ᠴᠢᠨᠠᠷᠲᠠᠶ᠂ ᠵᠦᠷᠢᠶᠡᠴᠢᠯᠡᠭᠰᠡᠨ ᠬᠤᠳᠠᠯᠳᠤᠭ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠬᠦ ᠪᠣᠳᠠᠲᠠᠶ ᠠᠷᠭ᠎ᠠ ᠬᠡᠮᠵᠢᠶ᠎ᠡ ᠶᠢ ᠢᠳᠡᠪᠬᠢᠲᠡᠶ ᠰᠦᠪᠡᠭᠴᠢᠯᠡᠬᠦ ᠶᠢ ᠵᠣᠷᠢᠭᠵᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠠᠯᠠ ᠣᠷᠣᠭᠤᠯᠵᠤ ᠪᠠᠯᠠ ᠳᠣᠭᠢᠷᠠᠭᠤᠯᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ ᠲᠠᠯ᠎ᠠ ᠪᠠᠷ ᠬᠢ ᠠᠳᠠᠯᠢ ᠲᠡᠭᠰᠢ ᠣᠯᠭᠤᠮᠵᠢ ᠶᠢ ᠨᠠᠶᠢᠳᠠᠪᠤᠷᠢᠵᠢᠭᠤᠯᠵᠤ᠂ ᠲᠥᠪ ᠭᠤᠤᠯᠴᠢ ᠪᠠᠷ ᠥᠷᠢᠰᠦᠯᠳᠦᠬᠦ ᠣᠷᠴᠢᠨ ᠲᠣᠭᠤᠷᠢᠨ ᠢ ᠪᠣᠶ ᠪᠣᠯᠭᠠᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠬᠦ ᠶᠢ ᠰᠢᠯᠭᠠᠨ ᠬᠢᠨᠠᠵᠤ ᠦᠨᠡᠯᠡᠬᠦ ᠠᠵᠢᠯ ᠢ ᠴᠢᠩᠭᠠᠳᠬᠠᠵᠤ᠂ ᠥᠪᠡᠷ ᠢ ᠪᠠᠨ ᠦᠨᠡᠯᠡᠬᠦ ᠪᠠ ᠭᠤᠷᠪᠠᠳᠠᠬᠢ ᠡᠲᠡᠭᠡᠳ ᠠᠴᠠ ᠦᠨᠡᠯᠡᠬᠦ ᠶᠢ ᠥᠷᠨᠢᠭᠦᠯᠵᠦ᠂ ᠦᠨᠡᠯᠡᠭᠰᠡᠨ ᠦᠷ᠎ᠡ ᠳ᠋ᠦᠩ ᠢ ᠡᠯ᠎ᠡ ᠨᠢᠬᠡᠴᠡ᠂ ᠰᠠᠯᠠᠭ᠎ᠠ ᠮᠥᠴᠢᠷ ᠤᠨ ᠤᠳᠤᠷᠢᠳᠬᠤ ᠪᠠᠭ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠴᠢᠬᠤᠯᠠ ᠭᠦᠢᠴᠡᠳᠬᠡᠯ ᠲᠤᠭ᠎ᠠ ᠪᠣᠯᠭᠠᠨ᠎ᠠ᠃      ᠳᠥᠷᠪᠡ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠴᠢᠩᠭᠠᠳᠬᠠᠨ᠎ᠠ      ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠎ᠡ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠣ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠴᠢᠬᠤᠯᠠ ᠭᠠᠷᠳᠠᠴᠠ ᠪᠣᠯᠭᠠᠵᠤ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ᠭᠤᠣᠯᠳᠠᠯᠭ᠎ᠠ ᠲᠠᠢ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠬᠤᠶᠠᠷ ᠲᠣᠭᠤᠷᠢᠭ ᠤᠨ ᠲᠠᠪᠴᠠᠩ ᠤᠨ ᠡᠬᠢ ᠪᠠᠶᠠᠯᠢᠭ ᠢ ᠭᠦᠢᠴᠡᠳ ᠠᠰᠢᠭᠯᠠᠨ᠂ ᠠᠵᠤ ᠠᠬᠤᠶᠢᠯᠠᠯ ᠪᠠ ᠪᠠᠯᠠ ᠮᠥᠩᠭᠦ ᠣᠷᠣᠭᠤᠯᠬᠤ ᠶᠢ ᠬᠠᠷᠢᠯᠴᠠᠨ ᠤᠶᠠᠯᠳᠤᠭᠤᠯᠬᠤ᠂ ᠪᠡᠶ᠎ᠡ ᠪᠠᠨ ᠳᠠᠭᠠᠭᠠᠵᠤ ᠬᠤᠳᠠᠯᠳᠤᠭᠠᠴᠢᠨ ᠤᠷᠢᠬᠤ ᠪᠠ ᠨᠠᠶᠢᠳᠠᠵᠤ ᠬᠤᠳᠠᠯᠳᠤᠭᠠᠴᠢᠨ ᠤᠷᠢᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠎ᠠ᠃ ᠨᠠᠷᠢᠯᠢᠭ ᠣᠨᠣᠪᠴᠢᠲᠠᠶ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠢᠶᠠᠷ ᠬᠤᠳᠠᠯᠳᠤᠭᠠᠴᠢᠨ ᠤᠷᠢᠬᠤ᠂ ᠪᠦᠯᠬᠦᠮ ᠨᠡᠶᠢᠲᠡ ᠪᠠᠷ ᠬᠤᠳᠠᠯᠳᠤᠭᠠᠴᠢᠨ ᠤᠷᠢᠬᠤ᠂ ᠲᠥᠷᠥᠯ ᠵᠦᠢᠯ ᠢᠶᠠᠷ ᠬᠤᠳᠠᠯᠳᠤᠭᠠᠴᠢᠨ ᠤᠷᠢᠬᠤ ᠪᠠ ᠨᠠᠷᠠᠲᠤ ᠲᠥᠷᠥᠯ ᠲᠡᠮᠳᠡᠭᠲᠦ ᠶᠢ ᠲᠠᠨᠢᠯᠴᠠᠭᠤᠯᠬᠤ ᠠᠵᠢᠯᠯᠠᠭ᠎ᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠢᠭᠡ ᠪᠦᠯᠦᠭ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠭᠰᠡᠨ ᠲᠥᠷᠥᠯ ᠵᠦᠢᠯ ᠢ ᠣᠷᠣᠭᠤᠯᠤᠨ ᠠᠪᠴᠢᠷᠠᠨ᠎ᠠ᠃ ᠠᠵᠤ ᠠᠬᠤᠶᠢᠯᠠᠯ ᠤᠨ ᠬᠤᠳᠠᠯᠳᠤᠭᠠᠴᠢᠨ ᠤᠷᠢᠬᠤ ᠭᠤᠣᠯ ᠴᠣᠭᠴᠠ ᠪᠣᠯᠬᠤ ᠦᠢᠯᠡᠳᠦᠯ ᠢ ᠴᠢᠬᠤᠯᠠᠴᠢᠯᠠᠬᠤ ᠶᠢᠨ ᠬᠠᠮᠲᠤ ᠭᠦᠢᠴᠡᠳ ᠪᠠᠳᠠᠷᠠᠭᠤᠯᠵᠤ᠂ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠣᠷᠮᠠᠰᠢᠭᠤᠯᠣᠨ ᠱᠠᠩᠨᠠᠬᠤ ᠠᠷᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠤᠨ᠎ᠠ᠃      ᠭᠤᠣᠯᠳᠠᠯᠭ᠎ᠠ ᠲᠠᠢ ᠬᠦᠷᠢᠶᠡᠨ ᠳᠤ ᠬᠠᠨᠳᠣᠭᠤᠯᠣᠨ ᠬᠤᠳᠠᠯᠳᠤᠭᠠᠴᠢᠨ ᠣᠷᠢᠨ᠎ᠠ᠃ ᠮᠠᠨ ᠤ ᠬᠤᠰᠢᠭᠤᠨ ᠤ ᠤᠨᠴᠠᠯᠢᠭᠳᠤ ᠮᠠᠯ ᠠᠵᠤ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠵᠤ ᠦᠢᠯᠡᠰ ᠢ ᠤᠷᠲᠤᠳᠬᠠᠨ ᠠᠷᠠᠯᠵᠢᠶᠠᠴᠢᠨ ᠤᠷᠢᠬᠤ ᠪᠠ ᠠᠵᠤ ᠦᠢᠯᠡᠰ ᠢ ᠳᠡᠭᠡᠭᠰᠢᠯᠡᠭᠦᠯᠦᠨ ᠠᠷᠠᠯᠵᠢᠶᠠᠴᠢᠨ ᠤᠷᠢᠬᠤ ᠶᠢ ᠢᠳᠡᠪᠬᠢᠲᠡᠢ ᠥᠷᠨᠢᠭᠦᠯᠵᠦ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠶᠢ ᠬᠦᠴᠦᠯᠡᠨ ᠬᠥᠭᠵᠢᠭᠦᠯᠵᠦ᠂ ᠮᠠᠯ ᠠᠵᠤ ᠠᠬᠤᠢ ᠶᠢᠨ ᠪᠦᠬᠦ ᠬᠡᠯᠬᠢᠶᠡᠵᠢᠭᠰᠡᠨ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ ᠰᠢᠨ᠎ᠡ ᠪᠠᠷ ᠪᠤᠶ ᠪᠣᠯᠤᠭᠰᠠᠨ ᠠᠵᠤ ᠦᠢᠯᠡᠰ ᠤᠨ ᠮᠡᠷᠭᠡᠵᠢᠯ ᠤᠨ  ᠠᠵᠤ ᠠᠬᠤᠶᠢᠯᠠᠯ ᠠᠴᠠ ᠰᠣᠷᠣᠯᠴᠠᠵᠤ᠂ ᠰᠢᠨ᠎ᠡ ᠪᠠᠷ ᠪᠤᠶ ᠪᠣᠯᠤᠭᠰᠠᠨ ᠠᠵᠤ ᠦᠢᠯᠡᠰ ᠤᠨ ᠲᠥᠷᠥᠯ ᠵᠦᠢᠯ ᠢ ᠢᠳᠡᠪᠬᠢᠲᠡᠶ ᠪᠠᠷ ᠪᠤᠶᠢᠵᠢᠭᠤᠯᠤᠨ ᠣᠷᠢᠨ ᠣᠷᠣᠭᠤᠯᠣᠨ᠎ᠠ᠃ ᠲᠣᠭᠤᠷᠢᠭ ᠤᠨ ᠠᠵᠤ ᠦᠢᠯᠡᠰ ᠤᠨ ᠪᠠᠶᠢᠷᠢᠰᠢᠭᠤᠯᠤᠯ ᠲᠠᠢ ᠤᠶᠠᠯᠳᠤᠭᠤᠯᠤᠨ᠂ ᠳᠠᠭᠠᠭᠤᠯᠤᠭᠴᠢ ᠠᠵᠤ ᠠᠬᠤᠶᠢᠯᠠᠯ ᠢ ᠣᠷᠢᠨ ᠣᠷᠣᠭᠤᠯᠵᠤ᠂ ᠲᠣᠭᠤᠷᠢᠭ ᠤᠨ ᠠᠵᠤ ᠦᠢᠯᠡᠳᠪᠦᠷᠢ ᠶᠢᠨ ᠬᠥᠭᠵᠢᠯᠲᠡ ᠶᠢ ᠲᠤᠯᠭᠠᠭᠤᠷᠢᠯᠠᠬᠤ ᠦᠢᠯᠡᠳᠦᠯ ᠲᠠᠢ ᠠᠵᠤ ᠦᠢᠯᠡᠰ ᠢ ᠲᠦᠷᠭᠡᠳᠬᠡᠨ ᠪᠣᠶ ᠪᠣᠯᠭᠠᠨ᠎ᠠ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠣᠨᠴᠠᠯᠢᠭᠲᠤ ᠬᠥᠭᠵᠢᠯᠲᠡ ᠶᠢ ᠬᠦᠴᠦᠯᠡᠨ ᠠᠬᠢᠭᠤᠯᠵᠤ᠂ ᠭᠤᠣᠯᠳᠠᠯᠭ᠎ᠠ ᠲᠠᠢ ᠦᠵᠡᠮᠵᠢ ᠶᠢᠨ ᠣᠷᠣᠨ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠰᠠᠶᠢᠲᠤᠷ ᠬᠢᠨ᠎ᠡ᠃ ᠭᠤᠣᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ ᠬᠤᠳᠠᠯᠳᠤᠭᠠᠴᠢᠨ ᠤᠷᠢᠬᠤ ᠠᠵᠢᠯ ᠢ ᠥᠷᠨᠢᠭᠦᠯᠵᠦ᠂ ᠠᠵᠤ ᠦᠢᠯᠡᠰ ᠤᠨ ᠰᠢᠯᠵᠢᠯᠲᠡ ᠪᠠ ᠲᠤᠯᠭᠠᠭᠤᠷᠢ ᠠᠵᠤ ᠦᠢᠯᠡᠰ ᠢ ᠪᠤᠵᠠᠭᠠᠶᠢᠷᠠᠭᠤᠯᠬᠤ ᠯᠤᠭ᠎ᠠ ᠵᠣᠯᠭᠠᠭᠤᠯᠵᠤ᠂ ᠠᠳᠠᠯᠢ ᠪᠤᠶᠤ ᠠᠳᠠᠯᠢᠪᠲᠤᠷ ᠠᠵᠤ ᠦᠢᠯᠡᠰ ᠤᠨ ᠲᠥᠷᠥᠯ ᠵᠦᠢᠯ ᠤᠨ ᠲᠣᠭᠤᠷᠢᠭ ᠲᠡᠰᠢ ᠲᠥᠪᠯᠡᠷᠡᠬᠦ ᠶᠢ ᠠᠬᠢᠭᠤᠯᠤᠨ᠎ᠠ᠃      ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠤᠳᠠᠯᠳᠣᠭᠠᠴᠢᠨ ᠤᠷᠢᠵᠤ ᠪᠠᠯᠠ ᠴᠤᠭᠯᠠᠭᠤᠯᠬᠤ ᠰᠤᠷᠠᠭ ᠵᠠᠩᠭᠢ ᠶᠢ ᠮᠡᠳᠡᠭᠦᠯᠦᠨ ᠬᠦᠷᠭᠡᠬᠦ ᠪᠠ ᠳᠡᠭᠡᠷ᠎ᠡ ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠬᠦ ᠵᠣᠬᠢᠴᠠᠮᠵᠢ ᠶᠢ ᠪᠠᠶᠢᠭᠤᠯᠵᠤ᠂ ᠭᠤᠣᠯᠳᠠᠯᠭᠠᠲᠤ ᠲᠥᠷᠥᠯ ᠵᠦᠢᠯ ᠤᠨ ᠬᠤᠰᠢᠭᠤ ᠲᠡᠰ ᠤᠨ ᠰᠢᠢᠳᠪᠦᠷᠢᠲᠦ ᠪᠣᠳᠣᠯᠭ᠎ᠠ ᠶᠢᠨ ᠵᠣᠬᠢᠴᠠᠮᠵᠢ ᠶᠢ ᠨᠠᠶᠢᠳᠠᠪᠤᠷᠢᠵᠢᠭᠤᠯᠤᠨ᠂ ᠲᠥᠷᠥᠯ ᠵᠦᠢᠯ ᠢ ᠤᠷᠢᠨ ᠠᠪᠴᠢᠷᠠᠵᠤ᠂ ᠰᠠᠭᠤᠷᠢᠰᠢᠭᠤᠯᠬᠤ ᠶᠢ ᠪᠠᠲᠤᠯᠠᠨ᠎ᠠ᠃ ᠲᠤᠰᠬᠠᠶᠢᠵᠢᠭᠰᠠᠨ ᠬᠤᠳᠠᠯᠳᠤᠭᠠᠴᠢᠨ ᠤᠷᠢᠬᠤ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠵᠤ᠂ ᠬᠤᠳᠠᠯᠳᠤᠭᠠᠴᠢᠨ ᠤᠷᠢᠬᠤ ᠬᠥᠮᠦᠰ ᠤᠨ ᠲᠤᠰᠬᠠᠶ ᠪᠣᠯᠪᠠᠰᠤᠷᠠᠭᠤᠯᠤᠯ ᠢ ᠴᠢᠩᠭᠠᠷᠠᠭᠤᠯᠤᠨ᠂ ᠣᠷᠣᠯᠭ᠎ᠠ ᠬᠢᠭᠡᠳ ᠠᠵᠢᠯ ᠤᠨ ᠠᠮᠵᠢᠯᠲᠠ ᠶᠢ ᠬᠤᠯᠪᠣᠭᠳᠠᠭᠤᠯᠤᠭᠰᠠᠨ ᠵᠣᠷᠢᠭᠵᠢᠭᠤᠯᠬᠤ ᠳᠦᠷᠢᠮ ᠢ ᠰᠦᠪᠡᠭᠴᠢᠯᠡᠨ ᠬᠡᠷᠡᠭᠵᠢᠭᠦᠯᠦᠨ᠎ᠡ᠃      ᠭᠤᠷᠪᠠᠳᠤᠭᠠᠷ ᠬᠡᠰᠡᠭ    ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠦᠳᠦᠯᠦᠨ ᠳᠠᠭᠠᠭᠤᠯᠬᠤ      ᠰᠢᠨ᠎ᠡ ᠶᠢ ᠡᠭᠦᠳᠬᠦ ᠶᠢ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ ᠂ ᠰᠢᠨᠵᠢᠯᠡᠬᠦ ᠤᠬᠠᠭᠠᠨ‌‍ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠥᠭᠡᠷᠡᠴᠢᠯᠡᠨ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠤᠨ᠂ ᠣᠷᠣᠭᠤᠯᠤᠨ ᠠᠪᠴᠢᠷᠠᠵᠤ ᠰᠢᠩᠭᠡᠭᠡᠨ ᠠᠪᠴᠤ ᠲᠠᠬᠢᠨ ᠰᠢᠨ᠎ᠡ ᠶᠢ ᠡᠭᠦᠳᠬᠦ ᠪᠠᠷ ᠭᠤᠣᠯᠳᠠᠯᠭ᠎ᠠ ᠪᠣᠯᠭᠠᠵᠤ᠂ ᠪᠣᠬᠢᠷᠲᠤᠯ ᠦᠭᠡᠢ ᠬᠥᠭᠵᠢᠯᠲᠡ ᠵᠢᠨ‌‍ᠬᠦ᠋ᠯᠢᠶᠡᠰᠦᠯᠡᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃      ᠨᠢᠭᠡ᠂ ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠦᠨ᠎ᠡ        ᠰᠢᠨᠵᠢᠯᠡᠭᠡ ᠮᠡᠷᠭᠡᠵᠢᠯ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠱᠠᠭᠠᠷᠳᠠᠯᠭ᠎ᠠ ᠳᠤ ᠵᠣᠬᠢᠴᠠᠭᠰᠠᠨ ᠰᠤᠳᠤᠯᠤᠨ ᠨᠡᠭᠡᠭᠡᠬᠦ᠂ ᠬᠡᠷᠡᠭᠯᠡᠬᠦ᠂ ᠦᠷ᠎ᠡ ᠪᠦᠲᠦᠭᠡᠯ ᠢ ᠤᠯᠠᠷᠢᠭᠤᠯᠬᠤ᠂ ᠵᠢᠱᠢᠶ᠎ᠡ ᠦᠵᠡᠭᠦᠯᠦᠨ ᠳᠡᠯᠭᠡᠷᠡᠭᠦᠯᠬᠦ᠂ ᠬᠠᠮᠢᠶᠠᠷᠤᠯᠲᠠ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠰᠢᠨ᠎ᠡ ᠬᠡᠯᠪᠡᠷᠢ ᠶᠢᠨ ᠰᠢᠨ᠎ᠡ ᠶᠢ ᠡᠭᠦᠳᠬᠦ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠᠷ ᠤᠳᠤᠷᠢᠳᠤᠮᠵᠢ ᠪᠣᠯᠭᠠᠵᠤ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠪᠠᠷ ᠭᠤᠣᠯ‌‍ᠪᠣᠯᠭᠠᠨ᠂ ᠨᠡᠶᠢᠭᠡᠮ ᠤᠨ ᠪᠡᠯᠡ ᠣᠷᠣᠭᠤᠯᠤᠯᠲᠠ ᠪᠠᠷ ᠨᠥᠬᠦᠪᠥᠷᠢ ᠪᠣᠯᠭᠠᠭᠰᠠᠨ ᠪᠡᠯᠡ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠬᠡᠷᠡᠭᠯᠡᠭᠡᠨ ᠤ ᠰᠠᠭᠤᠷᠢ ᠰᠤᠳᠤᠯᠤᠯ ᠤᠨ ᠳᠡᠮᠵᠢᠯᠭᠡ ᠶᠢ ᠴᠢᠩᠭᠠᠷᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠪᠤᠶᠢᠵᠢᠭᠤᠯᠤᠨ ᠣᠷᠣᠭᠤᠯᠤᠨ ᠠᠪᠴᠢᠷᠠᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢᠨ ᠬᠠᠮᠵᠢᠯᠴᠠᠨ ᠰᠢᠨ᠎ᠡ ᠶᠢ ᠡᠭᠦᠳᠬᠦ ᠶᠢ ᠬᠥᠲᠥᠯᠦᠨ ᠵᠢᠯᠣᠭᠤᠳᠴᠤ᠂ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠮᠥᠩᠭᠦᠨ ᠭᠦᠢᠯᠭᠡᠭᠡᠨ ᠤ ᠭᠦᠨᠵᠡᠭᠡᠶ ᠠᠭᠤᠰᠤᠯᠴᠠᠯ ᠢ ᠠᠬᠢᠭᠤᠯᠤᠨ᠂ ᠰᠢᠨᠵᠢᠯᠡᠬᠦ ᠤᠬᠠᠭᠠᠨ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠪᠠᠶᠢᠭᠤᠯᠤᠯ ᠢ ᠪᠦᠷᠢᠨᠰᠢᠭᠦᠯᠦᠨ᠂ ᠠᠵᠢᠯ ᠲᠥᠷᠥᠯ ᠤᠨ ᠳᠣᠲᠣᠷᠠᠬᠢ ᠨᠡᠷᠡᠲᠦ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠬᠤᠷᠰᠢᠯᠴᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠣᠳᠣ ᠦᠶ᠎ᠡ ᠶᠢᠨ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠰᠢᠯᠴᠠᠨ ᠬᠠᠮᠲᠤᠷᠠᠭᠰᠠᠨ ᠬᠤᠷᠠᠯ ᠤᠨ ᠳᠦᠷᠢᠮ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ  ᠲᠦᠷᠦᠯ ᠵᠣᠶᠢᠯ ᠢ ᠵᠣᠬᠢᠶᠠᠨ ᠪᠠᠶᠢᠭᠤᠯᠵᠤ ᠬᠠᠮᠢᠶᠠᠷᠬᠤ ᠠᠷᠭ᠎ᠠ ᠮᠠᠶ᠋ᠢᠭ ᠢ ᠰᠠᠶᠢᠵᠢᠷᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠂ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠪᠠ ᠲᠥᠷᠥᠯ ᠵᠦᠢᠯ ‍ᠤᠨ‌ᠵᠣᠬᠢᠴᠠᠯᠳᠠ ᠶᠢᠨ ᠠᠵᠢᠯ ᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠥᠮᠥᠷᠭᠡ ᠶᠢ ᠪᠠᠶᠢᠭᠤᠯᠵᠤ᠂ ᠴᠢᠨᠠᠷ ᠰᠠᠶᠢᠲᠠᠶ᠂ ᠥᠨᠳᠥᠷ ᠥᠷᠲᠡᠭᠲᠦ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠠᠬᠢᠭᠤᠯᠵᠤ᠂ ᠲᠣᠭᠲᠠᠭᠤᠨ ᠠᠵᠤ ᠦᠢᠯᠡᠰ ᠤᠨ ᠮᠡᠷᠭᠡᠵᠢᠯ ᠤᠨ ᠲᠣᠭᠳᠠᠯᠴᠠᠭ᠎ᠠ ᠶᠢ ᠪᠦᠷᠢᠯᠳᠦᠭᠦᠯᠦᠨ᠎ᠡ᠃ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠪᠠᠶᠢᠭᠤᠯᠤᠯᠲᠠ ᠶᠢ ᠴᠢᠩᠭ᠎ᠠ ᠠᠳᠬᠤᠵᠤ᠂ ᠰᠢᠨᠵᠢᠯᠡᠭᠡ ᠮᠡᠷᠭᠡᠵᠢᠯ ‍ᠤᠨ‌‍ᠲ᠋ᠠᠭᠤᠷᠢᠶᠠᠯ ᠰᠤᠮᠤ᠂ ᠭᠠᠴᠠᠭ᠎ᠠ ᠪᠠ ᠡᠷᠦᠬᠡ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠠᠬᠢᠭᠤᠯᠤᠨ᠎ᠠ᠃      ᠬᠤᠶᠠᠷ᠂ ᠪᠣᠭᠤᠮᠲᠠ ᠰᠢᠪᠲᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ      ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠬᠢᠵᠠᠭᠠᠷᠯᠠᠵᠤ ᠪᠠᠶᠢᠭ᠎ᠠ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠶᠢᠴᠢᠯᠠᠭᠰᠠᠨ ᠮᠠᠯ ᠠᠵᠤ ᠠᠬᠤᠶ᠂ ᠪᠣᠬᠢᠷᠲᠤᠯ ᠥᠬᠡᠶ ᠠᠵᠤ ᠦᠢᠯᠡᠳᠪᠦᠷᠢ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ᠂ ᠠᠵᠤ ᠦᠢᠯᠡᠳᠪᠦᠷᠢ ᠶᠢᠨ ᠲᠣᠭᠤᠷᠢᠭ ᠤᠨ ᠪᠠᠭᠲᠠᠭᠠᠮᠵᠢ ᠶᠢ ᠥᠷᠭᠡᠳᠬᠡᠨ ᠲᠠᠰ ᠳᠡᠪᠰᠢᠭᠦᠯᠬᠦ᠂ ᠠᠮᠢ ᠠᠬᠤᠶ ᠣᠷᠴᠢᠨ ᠲᠣᠭᠤᠷᠢᠨ ᠢ ᠵᠠᠰᠠᠨ ᠰᠡᠷᠭᠦᠭᠡᠬᠦ᠂ ᠣᠶᠣᠨᠳᠣ ᠵᠡᠭᠦᠨ ᠦᠵᠦᠮᠦᠴᠢᠨ ᠤ ᠪᠥᠲᠥᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠬᠦᠷᠢᠶᠡᠨ ᠤ ᠴᠢᠭᠯᠡᠯ ᠢ ᠣᠨᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠭᠤᠷᠪᠠᠨ ᠶᠡᠭᠡ ᠳᠠᠪᠠᠭᠤᠯᠢᠭ ᠠᠵᠤ ᠦᠢᠯᠡᠰ ᠪᠣᠯᠤᠨ ᠬᠤᠶᠠᠷ ᠶᠡᠭᠡ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠮᠠᠯ ᠠᠵᠤ ᠠᠬᠤᠶ ᠶᠢᠨ ᠮᠠᠰᠢᠨᠴᠢᠯᠠᠯᠲᠠ᠂ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠲᠦᠯᠬᠢᠨ ᠠᠬᠢᠭᠤᠯᠤᠨ᠎ᠠ᠃ ᠣᠲᠣ ᠦᠶ᠎ᠡ ᠶᠢᠨ ᠡᠨᠧᠷᠭᠢ᠂ ᠮᠠᠯᠲᠠᠵᠤ  ᠰᠣᠩᠭᠤᠬᠤ ᠬᠠᠶᠢᠯᠤᠭᠤᠯᠬᠤ᠂ ᠰᠢᠨ᠎ᠡ ᠮᠠᠲ᠋ᠧᠷᠢᠶᠠᠯ᠂ ᠲᠣᠨᠤᠭ ᠲᠥᠬᠦᠭᠡᠷᠦᠮᠵᠢ ᠦᠢᠯᠡᠳᠬᠦ᠂ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠵᠡᠷᠭᠡ ᠠᠵᠤ ᠦᠢᠯᠡᠰ ᠤᠨ ᠲᠣᠭᠤᠷᠢᠨ ᠳᠤ᠂ ᠠᠵᠤ ᠦᠢᠯᠡᠳᠪᠦᠷᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠰᠢᠪᠲᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠤᠷᠠᠯᠠᠯ᠂ ᠲᠣᠨᠤᠭ ᠲᠥᠬᠦᠭᠡᠷᠦᠮᠵᠢ᠂ ᠦᠢᠯᠡᠳᠬᠦᠨ ᠪᠠ ᠬᠠᠮᠢᠶᠠᠷᠤᠯᠲᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠨ᠎ᠠ᠃ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠭᠡ ᠮᠡᠷᠭᠡᠵᠢᠯ ᠤᠨ ᠳᠤᠮᠳᠠ ᠵᠢᠵᠢᠭ ᠠᠵᠤ ᠠᠬᠤᠶᠢᠯᠠᠯ ᠢ ᠢᠳᠡᠪᠬᠢᠲᠡᠢ ᠪᠠᠷ ᠪᠤᠶᠢᠵᠢᠭᠤᠯᠤᠨ ᠣᠷᠣᠭᠤᠯᠵᠤ᠂ ᠲᠣᠭᠤᠷᠢᠭ ᠢ  ᠰᠢᠨ᠎ᠡ ᠮᠡᠷᠭᠡᠵᠢᠯ ᠤᠨ ᠣᠷᠣᠨ ᠲᠡᠶᠢᠰᠢ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠬᠦᠴᠦᠯᠡᠨ ᠠᠬᠢᠭᠤᠯᠤᠨ᠎ᠠ᠃ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠠᠵᠢᠯᠯᠠᠭ᠎ᠠ ᠶᠢ ᠬᠡᠷᠡᠭᠵᠢᠭᠦᠯᠵᠦ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ  ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠢᠭᠡᠳ ᠡᠯᠧᠺᠲᠷᠣᠨ ᠬᠤᠳᠠᠯᠳᠤᠭᠠᠨ ᠤ ᠶᠠᠪᠤᠳᠠᠯ᠂ ᠡᠳ᠋ ᠪᠠᠷᠠᠭᠠᠨ ᠤ ᠭᠦᠢᠯᠭᠡᠭᠡ᠂ ᠵᠢᠭᠤᠯᠴᠢᠯᠠᠯ ᠵᠡᠷᠭᠡ ᠦᠢᠯᠡᠴᠢᠯᠡᠭᠡᠨ ᠤ ᠦᠢᠯᠡᠰ ᠤᠨ ᠠᠭᠤᠰᠤᠯᠳᠤᠨ ᠬᠥᠭᠵᠢᠬᠦ ᠶᠢ ᠬᠦᠴᠦᠯᠡᠨ ᠠᠬᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠲᠣᠭᠤᠷᠢᠭ᠂ ᠤᠯᠠᠨ ᠤᠯᠤᠰ ᠤᠨ ᠪᠣᠳᠠᠰ ᠤᠨ ᠭᠦᠢᠯᠭᠡᠭᠡᠨ ᠤ ᠲᠣᠭᠤᠷᠢᠭ ᠤᠨ ᠰᠢᠨ᠎ᠡ ᠶᠢ ᠡᠭᠦᠳᠦᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠨᠡᠶᠢᠭᠡᠮ ᠤᠨ ᠵᠠᠰᠠᠯᠲᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠳᠠᠬᠢ ᠮᠡᠷᠭᠡᠵᠢᠯ ᠤᠨ ᠰᠢᠨ᠎ᠡ ᠶᠢ ᠡᠭᠦᠳᠬᠦ ᠰᠢᠪᠲᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠰᠣᠶᠣᠯ᠂ ᠦᠨᠳᠦᠰᠦᠨ ᠱᠠᠲᠤᠨ ᠤ ᠵᠠᠰᠠᠯᠲᠠ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠵᠡᠷᠭᠡ ᠬᠦᠷᠢᠶᠡᠨ ᠳᠠᠬᠢ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃      ᠭᠤᠷᠪᠠ᠂ ᠠᠵᠤ ᠠᠬᠤᠶᠢᠯᠠᠯ ᠤᠨ ᠭᠤᠤᠯ ᠴᠣᠭᠴᠠ ᠶᠢ ᠳᠣᠪᠤᠶᠢᠯᠭᠠᠨ᠎ᠠ        ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠰᠤᠳᠤᠯᠤᠨ ᠨᠡᠭᠡᠭᠡᠬᠦ ᠣᠷᠣᠭᠤᠯᠤᠯᠲᠠ ᠶᠢ ᠨᠢ ᠨᠡᠮᠡᠭᠳᠡᠭᠦᠯᠦᠨ᠎ᠡ᠃ ᠡᠯ᠎ᠡ ᠲᠥᠷᠥᠯ ᠤᠨ ᠰᠢᠨ᠎ᠡ ᠶᠢ ᠡᠭᠦᠳᠬᠦ ᠬᠦᠴᠦᠨ  ᠵᠦᠢᠯ ᠤᠨ ᠠᠵᠤ ᠠᠬᠤᠶᠢᠯᠠᠯ ᠳᠠᠰᠢ ᠲᠥᠪᠯᠡᠷᠡᠬᠦ ᠶᠢ ᠠᠬᠢᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠪᠣᠯᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠪᠥᠬᠦᠩ ᠤᠨ ᠠᠵᠤ ᠠᠬᠤᠶᠢᠯᠠᠯ ᠢ ᠱᠠᠲᠤᠯᠢᠭ ᠢᠶᠠᠷ ᠪᠤᠶᠢᠵᠢᠭᠤᠯᠬᠤ ᠰᠢᠰᠲ᠋ᠧᠮ ᠢ ᠪᠤᠶ ᠪᠣᠯᠭᠠᠨ᠎ᠠ᠃ ᠭᠤᠤᠯᠳᠠᠭᠤ  ᠰᠢᠨᠵᠢᠯᠡᠬᠦ ᠤᠬᠠᠭᠠᠨ ᠤ ᠦᠷ᠎ᠡ ᠪᠦᠲᠦᠭᠡᠯ ᠢ ᠤᠯᠠᠷᠢᠭᠤᠯᠬᠤ᠂ ᠠᠮᠢᠲᠠᠨ ᠤᠷᠭᠤᠮᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠢᠨᠵᠧᠨᠧᠷᠢᠩ ᠵᠢᠴᠢ ᠪᠥᠬᠦ ᠬᠡᠯᠬᠢᠶᠡᠰᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠲᠣᠭᠳᠠᠯᠴᠠᠭ᠎ᠠ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠨᠢᠭᠡ ᠪᠦᠯᠦᠭ ᠴᠢᠳᠠᠪᠤᠷᠢ ᠪᠠᠷ ᠨᠡᠯᠢᠶᠡᠳ ᠴᠢᠩᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠪᠠ ᠬᠥᠲᠥᠴᠢ ᠠᠵᠤ ᠠᠬᠤᠶᠢᠯᠠᠯ ᠢ ᠪᠤᠶᠢᠵᠢᠭᠤᠯᠤᠨ᠎ᠠ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠲᠦᠷᠦᠭᠦᠯᠡᠨ ᠡᠭᠦᠷᠭᠡᠯᠡᠬᠦ ᠶᠢ ᠵᠣᠷᠢᠭᠵᠢᠭᠤᠯᠵᠤ᠂ ᠠᠵᠤ ᠠᠬᠤᠶᠢᠯᠠᠯ ᠪᠠ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠪᠠ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠪᠠᠶᠢᠭᠤᠯᠬᠤ ᠶᠢ ᠳᠡᠮᠵᠢᠨ᠎ᠡ᠃ ᠰᠠᠭᠤᠭ᠎ᠠ ᠭᠠᠵᠠᠷ ᠤᠨ ᠠᠵᠤ ᠠᠬᠤᠶᠢᠯᠠᠯ ᠤᠨ ᠮᠠᠨ ᠤ ᠬᠤᠰᠢᠭᠤᠨ ᠳᠤ ᠰᠤᠳᠤᠯᠤᠨ ᠨᠡᠭᠡᠭᠡᠬᠦ ᠲᠥᠪ ᠪᠠᠶᠢᠭᠤᠯᠬᠤ ᠪᠤᠶᠤ ᠬᠠᠮᠵᠢᠯᠴᠠᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠪᠠᠶᠢᠭᠤᠯᠬᠤ ᠶᠢ ᠳᠠᠮᠵᠢᠨ᠎ᠠ᠃ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ  ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠬᠤᠯᠠ ᠡᠭᠦᠰᠦᠯᠲᠡ ᠶᠢᠨ ᠭᠠᠵᠠᠷ ᠪᠣᠯᠬᠤ ᠶᠢ ᠳᠡᠮᠵᠢᠨ᠎ᠡ᠃      ᠳᠥᠷᠪᠡ᠂ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠤᠨ᠎ᠠ      ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠷ ᠠᠴᠢᠶᠠᠯᠠᠪᠤᠷᠢ ᠪᠣᠯᠭᠠᠵᠤ᠂ ᠪᠥᠬᠦ ᠡᠯᠧᠮᠧᠨ᠋ᠲ᠂ ᠣᠯᠠᠨ ᠬᠦᠷᠢᠶ᠎ᠡ᠂ ᠳᠡᠭᠡᠳᠦ ᠲᠠᠰ ᠳᠠᠪᠬᠤᠷᠭ᠎ᠠ ᠶᠢᠨ ᠭᠦᠨᠵᠡᠭᠡᠶ ᠠᠭᠤᠰᠤᠯᠴᠠᠭᠰᠠᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠢᠨᠵᠧᠨᠧᠷᠢᠩ ᠢ ᠲᠦᠷᠭᠡᠪᠴᠢᠯᠡᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠵᠦᠢᠯᠡᠰ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠨ᠎ᠠ᠃ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠲᠡᠰ ᠳᠡᠪᠰᠢᠭᠦᠯᠬᠦ ᠵᠡᠷᠭᠡ ᠲᠥᠷᠥᠯ ᠵᠦᠢᠯ ᠢᠶᠠᠷ ᠳᠠᠮᠵᠢᠨ᠂ ᠣᠷᠣᠭᠤᠯᠤᠨ ᠠᠪᠴᠢᠷᠠᠵᠤ ᠰᠢᠩᠭᠡᠭᠡᠨ ᠠᠰᠢᠭᠯᠠᠵᠤ ᠳᠠᠬᠢᠨ ᠰᠢᠨ᠎ᠡ ᠶᠢ ᠡᠭᠦᠳᠬᠦ ᠪᠠᠷ ᠳᠠᠮᠵᠢᠨ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠦᠨ᠎ᠡ᠃ ᠴᠡᠪᠡᠷ ᠡᠨᠧᠷᠭᠢ ᠶᠢ ᠠᠰᠢᠭᠯᠠᠬᠤ ᠰᠠᠭᠤᠷᠢ ᠰᠤᠳᠤᠯᠤᠯ ᠪᠠ ᠵᠢᠱᠢᠶ᠎ᠡ ᠦᠵᠡᠭᠦᠯᠬᠦ ᠢᠨᠵᠧᠨᠧᠷᠢᠩ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠳᠡᠮᠵᠢᠯᠭᠡ ᠪᠠ ᠠᠶᠢᠮᠠᠭ ᠤᠨ ᠱᠠᠲᠤᠨ ᠤ ᠢᠵᠢ ᠪᠦᠷᠢᠳᠦᠭᠰᠡᠨ ᠳᠡᠮᠵᠢᠯᠭᠡ ᠳᠣᠣᠷ᠎ᠠ᠂ ᠨᠡᠭᠦᠷᠡᠰᠦᠨ ᠤ ᠭᠠᠵᠠᠷ ᠳᠣᠣᠷᠠᠬᠢ ᠬᠡᠢ ᠪᠠᠷ ᠤᠰᠤᠲᠥ᠋ᠷᠥᠭᠴᠢ ᠦᠢᠯᠡᠳᠬᠦ ᠲᠤᠷᠰᠢᠯᠲᠠ ᠶᠢᠨ ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠦᠵᠦᠮᠦᠴᠢᠨ ᠤ ᠡᠯᠡᠰᠦᠷᠬᠡᠭ ᠭᠠᠵᠠᠷ ᠤᠨ ᠠᠮᠢ ᠠᠬᠤᠢ ᠬᠡᠪᠡᠷᠡᠭ ᠣᠷᠣᠨ ᠢ ᠵᠠᠰᠠᠨ ᠰᠡᠷᠭᠦᠭᠡᠬᠦ᠂ ᠤᠷᠭᠤᠮᠠᠯ ᠬᠤᠴᠢᠯᠭ᠎ᠠ ᠶᠢᠨ ᠠᠮᠢ ᠠᠬᠤᠢ ᠶᠢ ᠵᠠᠰᠠᠨ ᠰᠡᠷᠭᠦᠭᠡᠬᠦ ᠮᠡᠷᠭᠡᠵᠢᠯ ᠤᠨ ᠰᠤᠳᠤᠯᠭᠠᠨ ᠵᠢᠴᠢ ᠬᠡᠷᠡᠭᠯᠡᠭᠡᠨ ᠤ ᠵᠢᠱᠢᠶ᠎ᠡ ᠦᠵᠡᠭᠦᠯᠬᠦ ᠢᠨᠵᠧᠨᠧᠷᠢᠩ ᠢ ᠥᠷᠨᠢᠭᠦᠯᠵᠦ᠂ ᠪᠦᠬᠦ ᠬᠤᠰᠢᠭᠤᠨ ᠤ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠎ᠠ᠃ ᠬᠤᠰᠢᠭᠤ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠲᠡᠰ ᠳᠡᠪᠰᠢᠬᠦ ᠶᠢ ᠲᠠᠰᠤᠷᠠᠯᠲᠠ ᠥᠬᠡᠶ ᠲᠦᠯᠬᠢᠨ ᠠᠬᠢᠭᠤᠯᠵᠤ᠂ ᠬᠦᠷᠢᠶᠡᠯᠡᠩ ᠲᠣᠭᠤᠷᠢᠭ ᠢᠶᠠᠨ ᠣᠳᠣᠬᠢᠴᠢᠯᠠᠭᠰᠠᠨ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ᠂ ᠰᠢᠨᠵᠢᠯᠡᠭᠡ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠦᠢᠯᠡᠰ ᠪᠣᠰᠬᠠᠬᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠨᠡᠪᠴᠢᠭᠦᠯᠦᠯᠲᠡ᠂ ᠣᠯᠠᠨ ᠢᠶᠠᠷ ᠢᠶᠠᠨ ᠦᠢᠯᠡᠰ ᠪᠣᠰᠬᠠᠵᠤ ᠨᠡᠶᠢᠲᠡ ᠪᠠᠷ ᠢᠶᠠᠨ ᠰᠢᠨ᠎ᠡ ᠶᠢ ᠡᠭᠦᠳᠬᠦ ᠰᠠᠭᠤᠷᠢᠨ ᠭᠠᠵᠠᠷ ᠪᠣᠯᠭᠠᠨ ᠪᠠᠶᠢᠭᠤᠯᠤᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠨᠢᠭᠡᠴᠡ ᠢᠯᠠᠩᠭᠤᠶ᠎ᠠ ᠣᠷᠣᠨ ᠨᠤᠲᠤᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ︵ᠭᠠᠵᠠᠷ︶ ᠯᠦᠭᠡ ᠶᠢᠨ ᠬᠤᠷᠰᠢᠯᠴᠠᠭ᠎ᠠ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠬᠦᠴᠢᠷ ᠠᠰᠠᠭᠤᠳᠠᠯ ᠤᠨ ᠲᠣᠭᠤᠷᠢᠨ ᠳᠤ ᠮᠡᠷᠭᠡᠵᠢᠯ ᠤᠨ ᠣᠨᠣᠰᠢᠯᠠᠯᠲᠠ ᠬᠢᠬᠦ᠂ ᠪᠣᠭᠤᠮᠲᠠ ᠰᠢᠪᠲᠤᠯᠬᠤ ᠪᠠ ᠬᠠᠮᠵᠢᠯᠴᠠᠬᠤ ᠶᠢ ᠥᠷᠨᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠵᠠᠭᠤᠴᠢ᠂ ᠮᠡᠷᠭᠡᠵᠢᠯ ᠢ ᠰᠢᠯᠵᠢᠭᠦᠯᠬᠦ᠂ ᠬᠠᠮᠢᠶᠠᠷᠤᠯᠲᠠ ᠶᠢ ᠠᠰᠠᠭᠤᠨ ᠯᠠᠪᠯᠠᠬᠤ᠂ ᠪᠠᠯᠠ ᠣᠷᠣᠭᠤᠯᠤᠨ ᠪᠠᠯᠠ ᠲᠣᠬᠢᠷᠠᠭᠤᠯᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠡᠷᠭᠡ ᠶᠢ ᠨᠢᠭᠡ ᠴᠣᠠᠠᠴᠠᠵᠢᠭᠤᠯᠥᠠᠠᠰᠠᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠰᠢᠨ᠎ᠡ ᠶᠢ ᠡᠭᠦᠳᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃      ᠲᠠᠪᠤ᠂  ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ        ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠶ ᠬᠥᠭᠵᠢᠯᠲᠡ ᠳᠠᠬᠢ ᠴᠢᠳᠠᠪᠤᠷᠢᠲᠠᠨ ᠤ ᠳᠣᠲᠠᠭᠳᠠᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠮᠠᠨ ᠤ ᠬᠤᠰᠢᠭᠤᠨ ᠤ ᠠᠵᠤ ᠦᠢᠯᠡᠰ ᠤᠨ ᠣᠨᠴᠠᠯᠢᠭ᠂ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠪᠠ ᠠᠵᠤ ᠠᠬᠤᠶᠢᠯᠠᠯ ᠤᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠴᠡᠭᠡ ᠶᠢᠨ ᠲᠣᠭᠤᠷᠢᠨ ᠳᠤ᠂ ︽ᠲᠠᠪᠤᠨ ᠡᠩᠨᠡᠭᠡ︾ ᠶᠢᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠣᠳᠣ ᠪᠠᠶᠢᠭ᠎ᠠ ᠴᠢᠳᠠᠪᠤᠷᠢᠲᠠᠨ ᠢᠶᠠᠨ  ᠦᠯᠡᠳᠡᠭᠡᠵᠦ ᠬᠥᠮᠦᠵᠢᠭᠦᠯᠬᠦ ᠶᠢ ᠴᠢᠬᠤᠯᠠᠴᠢᠯᠠᠭᠰᠠᠨ ᠰᠠᠭᠤᠷᠢᠨ ᠳᠡᠭᠡᠷ᠎ᠡ᠂ ︽ᠴᠢᠳᠠᠪᠤᠷᠢᠲᠠᠨ ᠣᠷᠢᠨ ᠣᠷᠣᠭᠤᠯᠬᠤ︾ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠲᠡᠭᠦᠯᠳᠡᠷᠵᠢᠭᠦᠯᠦᠨ ᠠᠬᠢᠭᠤᠯᠵᠤ᠂ ︽ᠤᠶᠠᠨ ᠴᠢᠨᠠᠷᠲᠠᠶ ᠤᠷᠢᠨ ᠤᠷᠤᠭᠤᠯᠬᠤ︾ ᠠᠷᠭ᠎ᠠ ᠶᠢ ᠵᠣᠬᠢᠰᠲᠠᠶ ᠬᠡᠷᠡᠭᠯᠡᠨ᠂ ᠠᠵᠤ ᠦᠢᠯᠡᠰ ᠤᠨ ᠲᠠᠪᠴᠠᠩ᠂ ᠲᠣᠯᠣᠭᠠᠶᠢᠯᠠᠭᠴᠢ ᠠᠵᠤ ᠠᠬᠤᠶᠢᠯᠠᠯ ᠪᠣᠯᠤᠨ ᠭᠤᠣᠯᠳᠠᠯᠭ᠎ᠠ ᠲᠠᠢ ᠲᠥᠷᠥᠯ ᠵᠦᠢᠯ ᠳᠤ ᠲᠦᠰᠢᠭᠯᠡᠨ᠂ ᠲᠥᠷᠥᠯ ᠵᠦᠢᠯ᠂ ᠰᠡᠳᠦᠪ᠂ ᠮᠡᠷᠭᠡᠵᠢᠯ ᠤᠨ ᠬᠦᠴᠢᠷ ᠠᠰᠠᠭᠤᠳᠠᠯ ᠤᠨ ᠳᠠᠭᠠᠭᠠᠴᠢᠯᠠᠯᠲᠠ ᠵᠠᠷᠯᠠᠬᠤ ᠪᠠᠷ ᠬᠤᠯᠪᠣᠭᠠᠰᠤ ᠪᠣᠯᠭᠠᠭᠰᠠᠨ ᠭᠡᠷ᠎ᠡ ᠶᠢᠨ ᠠᠷᠭ᠎ᠠ ᠮᠠᠶ᠋ᠢᠭ ︽ᠬᠤᠳᠠᠯᠳᠤᠭᠠᠴᠢᠨ ᠤᠷᠢᠵᠤ ᠣᠶᠤᠨ ᠤᠬᠠᠭᠠᠨ ᠣᠷᠣᠭᠤᠯᠬᠤ︾ ᠶᠢ ᠢᠳᠡᠪᠬᠢᠲᠡᠶ ᠥᠷᠨᠢᠭᠦᠯᠵᠦ᠂ ᠴᠢᠳᠠᠪᠤᠷᠢᠲᠠᠨ ᠳᠤᠲᠠᠭᠳᠠᠵᠤ ᠪᠠᠶᠢᠭ᠎ᠠ ᠪᠠ ᠪᠦᠲᠦᠴᠡ ᠶᠢᠨ ᠴᠢᠨᠠᠷᠲᠠᠶ ᠵᠥᠷᠢᠴᠡᠯ ᠠᠴᠠ ᠪᠤᠶ ᠪᠣᠯᠤᠭᠰᠠᠨ ᠬᠦᠯᠢᠶᠡᠰᠦᠯᠡᠯ ᠢ ᠰᠢᠪᠲᠣᠯᠣᠨ᠎ᠠ᠃ ᠴᠢᠳᠠᠪᠤᠷᠢᠲᠠᠨ ᠤ ᠬᠠᠮᠢᠶᠠᠷᠤᠯᠲᠠ ᠶᠢᠨ ᠪᠠᠶᠢᠭᠤᠯᠤᠯ ᠪᠣᠯᠤᠨ ᠴᠢᠳᠠᠪᠤᠷᠢᠲᠠᠨ ᠬᠥᠮᠦᠵᠢᠭᠦᠯᠬᠦ᠂ ᠦᠨᠡᠯᠡᠬᠦ᠂ ᠰᠢᠯᠵᠢᠭᠦᠯᠬᠦ᠂ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠶᠢ ᠤᠷᠮᠠᠰᠢᠭᠤᠯᠬᠤ ᠵᠢᠴᠢ ᠤᠷᠢᠳᠠᠪᠠᠷ ᠬᠥᠭᠵᠢᠭᠦᠯᠬᠦ ᠶᠢ ᠪᠠᠲᠤᠯᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠠᠶᠢᠮᠠᠭ᠂ ᠬᠤᠰᠢᠭᠤ ᠬᠤᠶᠠᠷ ᠱᠠᠲᠤᠨ ᠤ ᠴᠢᠳᠠᠪᠤᠷᠢᠲᠠᠨ ᠢ ᠤᠷᠢᠨ ᠣᠷᠣᠭᠤᠯᠬᠤ ᠲᠥᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠵᠣ᠂ ᠡᠯ᠎ᠡ ᠲᠥᠷᠥᠯ ᠤᠨ ᠴᠢᠳᠠᠪᠤᠷᠢᠲᠠᠨ ᠢ ᠣᠷᠢᠨ ᠰᠢᠨ᠎ᠡ ᠶᠢ ᠡᠭᠦᠳᠦᠨ ᠦᠢᠯᠡᠰ ᠪᠣᠰᠬᠠᠬᠤ ︽ᠰᠠᠭᠠᠳ ᠦᠭᠡᠢ ᠵᠠᠮ︾ ᠢ ᠨᠡᠪᠲᠡᠷᠡᠭᠦᠯᠦᠨ᠎ᠡ᠃ ᠣᠷᠣᠨ ᠨᠤᠲᠤᠭ ᠤᠨ ᠴᠢᠳᠠᠪᠤᠷᠢᠲᠠᠨ ᠢ ᠠᠬᠢᠨ ᠳᠡᠪᠰᠢᠭᠦᠯᠵᠦ ᠬᠥᠮᠦᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠴᠢᠳᠠᠪᠤᠷᠢᠲᠠᠨ ᠤ ᠭᠤᠣᠯᠯᠠᠭᠴᠢ ᠡᠩᠨᠡᠭᠡ ᠶᠢᠨ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠵᠦ᠂ ᠴᠢᠳᠠᠪᠤᠷᠢᠲᠠᠨ ᠤ ᠰᠢᠯᠵᠢᠯᠲᠡ ᠶᠢ ᠰᠢᠯᠢᠳᠡᠭᠵᠢᠭᠦᠯᠦᠨ᠎ᠡ᠃ ᠴᠢᠳᠠᠪᠤᠷᠢᠲᠠᠨ ᠢ ᠤᠷᠮᠠᠰᠢᠭᠤᠯᠬᠤ ᠲᠣᠭᠲᠠᠴᠠ ᠪᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠴᠢᠳᠠᠪᠤᠷᠢᠲᠠᠨ ᠤ ᠠᠳᠠᠯ ᠦᠢᠯᠡᠰ ᠴᠣᠭᠴᠠᠯᠠᠬᠤ ᠠᠵᠢᠯ ᠬᠢᠬᠦ ᠬᠠᠯᠠᠭᠤᠨ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠶᠢ ᠬᠥᠭᠵᠢᠭᠡᠨ᠎ᠡ᠃ ᠪᠥᠬᠦ ᠬᠤᠰᠢᠭᠤᠨ ᠤ ᠵᠠᠯᠠᠭᠤᠴᠤᠳ ᠤᠨ ᠬᠥᠭᠵᠢᠯᠲᠡ ᠶᠢᠨ ᠲᠤᠭ᠎ᠠ ᠪᠦᠷᠢᠳᠬᠡᠯ ᠬᠢᠨᠠᠨ ᠬᠡᠮᠵᠢᠯᠲᠡ ᠶᠢᠨ ᠭᠦᠢᠴᠡᠳᠬᠡᠯ ᠲᠣᠭᠠᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠵᠠᠯᠠᠭᠤᠴᠤᠳ ᠤᠨ ᠭᠠᠪᠢᠶ᠎ᠠ ᠪᠠᠶᠢᠭᠤᠯᠤᠨ ᠦᠢᠯᠡᠰ ᠪᠦᠲᠦᠭᠡᠬᠦ ᠶᠢ ᠢᠳᠡᠪᠬᠢᠲᠡᠶ ᠠᠬᠢᠭᠤᠯᠵᠤ᠂ ᠣᠯᠠᠨ ᠠᠴᠠ ᠣᠷᠦ᠋ᠢᠯᠠᠭᠰᠠᠨ ᠨᠠᠩ ᠣᠯᠠᠨ ᠠᠯᠪᠠᠨ ᠲᠤᠰᠢᠶᠠᠯᠲᠠᠨ᠂ ᠣᠷᠣᠨ ᠨᠤᠲᠤᠭ ᠤᠨ ᠠᠵᠤ ᠠᠬᠤᠶᠢᠯᠠᠯᠲᠠᠨ᠂ ᠲᠤᠰᠬᠠᠶ ᠮᠡᠷᠭᠡᠵᠢᠯ ᠤᠨ ᠠᠵᠢᠯᠲᠠᠨ ᠴᠢᠳᠠᠪᠣᠷᠢᠳᠠᠨ ᠪᠠ ᠰᠢᠨ᠎ᠡ ᠴᠠᠭ ᠦᠶ᠎ᠡ ᠶᠢᠨ ᠮᠠᠯᠴᠢᠨ ᠢ ᠬᠥᠮᠦᠵᠢᠭᠦᠯᠦᠨ᠎ᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号