ᠣᠯᠣᠰ ᠠᠷᠠᠳ ᠤᠨ ᠠᠵᠣ ᠠᠬᠤᠢ ᠪᠠ ᠨᠡᠶᠢᠭᠡᠮ ᠤᠨ ᠭᠦᠭᠵᠢᠯᠲᠡ ᠶᠢᠨ ᠠᠷᠪᠠᠨ ᠲᠦᠷᠪᠡᠳᠦᠭᠡᠷ ᠲᠠᠪᠣᠨ ᠵᠢᠯ ᠤᠨ ᠲᠦᠯᠦᠪᠵᠢᠭᠦᠯᠭᠡ ᠪᠠ 2035 ᠣᠨ ᠤ ᠠᠯᠣᠰ ᠤᠨ ᠬᠠᠷᠠᠯᠲᠠ ᠶᠢᠨ ᠬᠦᠳᠦᠯᠪᠦᠷᠢ ᠶᠢᠨ ᠲᠣᠪᠴᠢ ︵ᠨᠠᠢᠮᠠ︶
ᠨᠡᠶᠢᠲᠡᠯᠡᠭᠰᠡᠨ ᠴᠠᠭ᠄
2021/9/8
ᠨᠠᠢᠮᠠᠳᠤᠭᠠᠷ ᠪᠦᠯᠦᠭ    ᠥᠨᠳᠥᠷ ᠲᠦᠪᠰᠢᠨ ᠪᠥᠬᠦᠶ ᠨᠡᠭᠡᠭᠡᠯᠲᠡ ᠬᠢᠬᠦ ᠰᠢᠨ᠎ᠡ ᠭᠠᠵᠠᠷ ᠢ ᠪᠠᠶᠢᠭᠤᠯᠣᠨ᠎ᠠ      ︽ᠨᠢᠭᠡ ᠪᠦᠰᠡ ᠨᠢᠭᠡ ᠵᠠᠮ︾ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ᠂ ᠪᠡᠭᠡᠵᠢᠩ ᠲᠢᠶᠠᠨᠵᠢᠨ ᠾᠧᠪᠸᠢ ᠶᠢ ᠵᠣᠬᠢᠴᠠᠯᠳᠤᠭᠤᠯᠤᠨ ᠬᠥᠭᠵᠢᠭᠦᠯᠬᠦ ᠵᠡᠷᠭᠡ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠡᠵᠡᠮᠳᠡᠨ᠂ ᠪᠦᠬᠦ ᠲᠠᠯ᠎ᠠ ᠪᠠᠷ ᠨᠡᠭᠡᠭᠡᠯᠲᠡ ᠬᠢᠬᠦ ᠰᠢᠨ᠎ᠡ ᠲᠠᠪᠴᠠᠩ ᠢ ᠪᠠᠶᠢᠭᠤᠯᠵᠤ᠂ ︽ᠬᠤᠶᠠᠷ ᠵᠦᠢᠯ ᠤᠨ ᠡᠬᠢ ᠪᠠᠶᠠᠯᠢᠭ︾᠂ ︽ᠬᠤᠶᠠᠷ ᠵᠠᠬ᠎ᠠ ᠳᠡᠯᠭᠡᠭᠦᠷ︾ ᠢ ᠭᠦᠢᠴᠡᠳ ᠠᠰᠢᠭᠯᠠᠨ᠂ ᠠᠵᠤ ᠦᠢᠯᠡᠰ ᠤᠨ ᠲᠤᠯᠭᠠᠭᠤᠷᠢᠯᠠᠯ᠂ ᠲᠦᠬᠦᠭᠡᠷᠦᠮᠵᠢ ᠶᠢᠨ ᠬᠤᠯᠪᠣᠭᠠᠯᠠᠨ ᠨᠡᠪᠲᠡᠷᠡᠯᠴᠡᠬᠦ᠂ ᠠᠮᠢᠵᠢᠷᠠᠯ ᠤᠨ ᠬᠦᠴᠦᠨ ᠢ ᠪᠤᠢ ᠪᠣᠯᠭᠠᠬᠤ ᠳᠡᠭᠡᠷ᠎ᠡ ᠬᠦᠴᠦ ᠲᠠᠯᠪᠢᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠲᠤ ᠨᠠᠩ ᠭᠦᠨᠵᠡᠭᠡᠢ ᠠᠭᠤᠰᠤᠯᠴᠠᠨ᠂ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠰᠢᠨ᠎ᠡ ᠳᠠᠪᠠᠭᠤᠯᠢᠭ ᠢ ᠪᠦᠷᠢᠯᠳᠦᠭᠦᠯᠦᠨ᠎ᠡ᠃      ᠨᠢᠭᠡᠳᠦᠭᠡᠷ ᠬᠡᠰᠡᠭ    ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ      ᠨᠡᠭᠡᠭᠡᠯᠲᠡ ᠬᠢᠬᠦ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ᠂ ᠨᠡᠭᠡᠭᠡᠨ ᠬᠥᠭᠵᠢᠭᠦᠯᠬᠦ ᠪᠠᠷ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠵᠡᠭᠦᠨ ᠬᠠᠲᠠᠪᠴᠢ ᠶᠢᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠰᠢᠨ᠎ᠡ ᠭᠠᠵᠠᠷ ᠢ ᠴᠣᠭᠴᠠᠯᠠᠨ ᠪᠠᠶᠢᠭᠤᠯᠤᠨ᠎ᠠ᠃      ᠨᠢᠭᠡ᠂ ᠨᠡᠭᠡᠭᠡᠯᠲᠡ ᠬᠢᠵᠦ ᠬᠠᠮᠲᠤᠷᠠᠯᠴᠠᠬᠤ ᠲᠠᠪᠴᠠᠩ ᠢ ᠪᠠᠶᠢᠭᠤᠯᠣᠨ᠎ᠠ      ︽ᠳᠥᠷᠪᠡᠨ ᠣᠷᠣᠨ︾ ᠤ ᠲᠠᠪᠴᠠᠩ ᠤᠨ ᠪᠠᠶᠢᠭᠤᠯᠤᠯᠲᠠ ᠪᠠᠷ ᠭᠠᠷᠳᠠᠴᠠ ᠪᠣᠯᠭᠠᠨ᠂ ᠣᠲᠣ ᠦᠶ᠎ᠡ ᠶᠢᠨ ᠪᠣᠳᠠᠰ ᠤᠨ ᠭᠦᠢᠯᠬᠡᠬᠡ᠂ ᠣᠯᠠᠨ ᠤᠯᠤᠰ ᠤᠨ ᠠᠷᠠᠯᠵᠢᠶ᠎ᠠ᠂ ᠬᠢᠯᠢ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ ᠬᠢᠯᠢ ᠶᠢᠨ ᠵᠢᠭᠤᠯᠴᠢᠯᠠᠯ ᠵᠡᠷᠭᠡ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠵᠦ᠂ ᠪᠣᠭᠤᠮᠲᠠ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠎ᠠ᠃      ᠬᠠᠳᠠᠪᠴᠢ ᠪᠣᠭᠤᠮᠲᠠ ᠶᠢᠨ ᠣᠯᠠᠨ ᠤᠯᠤᠰ ᠤᠨ ᠪᠣᠳᠠᠰ ᠤᠨ ᠭᠦᠢᠯᠭᠡᠭᠡᠨ ᠤ ᠲᠣᠭᠤᠷᠢᠭ ᠢ ᠪᠦᠲᠦᠭᠡᠨ ᠪᠠᠶᠢᠭᠤᠯᠤᠨ᠎ᠠ᠃ ᠵᠡᠭᠦᠨ ᠬᠠᠲᠠᠪᠴᠢ ᠶᠢᠨ ᠵᠠᠰᠠᠮᠠᠯ ᠵᠠᠮ ᠤᠨ ᠪᠣᠭᠤᠮᠲᠠ ᠶᠢᠨ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠵᠤ᠂ ᠭᠠᠷᠠᠮ ᠨᠡᠪᠲᠡᠷᠡᠬᠦ ᠵᠠᠮ ᠤᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠡᠮᠦᠷ ᠵᠠᠮ ᠤᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠨᠡᠭᠦᠷᠡᠰᠦ᠂ ᠲᠦᠭᠦᠬᠡᠶ ᠴᠢᠯᠠᠭᠤᠨ ᠲᠣᠰᠣᠨ ᠤ ᠪᠣᠳᠠᠰ ᠤᠨ ᠭᠦᠢᠯᠬᠡᠬᠡ ᠶᠢ ᠶᠡᠬᠡᠪᠡᠷ ᠬᠥᠭᠵᠢᠭᠦᠯᠵᠦ᠂ ᠪᠣᠭᠤᠮᠲᠠ ᠶᠢᠨ ᠲᠦᠭᠦᠬᠡᠶ ᠴᠢᠯᠠᠭᠤᠨ ᠲᠣᠰᠣ ᠨᠥᠭᠡᠴᠡᠯᠡᠬᠦ ᠬᠥᠮᠥᠷᠭᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ᠃ ᠴᠢᠨᠠᠷ ᠰᠠᠶᠢᠲᠠᠶ ᠠᠮᠤ ᠪᠤᠳᠠᠭ᠎ᠠ᠂ ᠲᠡᠵᠢᠭᠡᠯ ᠡᠪᠡᠰᠦ᠂ ᠥᠩᠭᠡᠲᠦ ᠲᠡᠮᠦᠷᠯᠢᠭ ᠵᠡᠷᠭᠡ ᠶᠡᠷᠦᠩᠬᠡᠶᠢᠯᠡᠭᠰᠡᠨ ᠪᠣᠳᠠᠰ ᠤᠨ ᠭᠦᠢᠯᠭᠡᠭᠡᠨ ᠢ ᠠᠯᠬᠤᠮ ᠠᠯᠬᠤᠮ ᠢᠶᠠᠷ ᠬᠥᠭᠵᠢᠭᠦᠯᠵᠦ᠂ ᠣᠯᠠᠨ ᠤᠯᠤᠰ ᠤᠨ ᠬᠤᠭᠤᠷᠣᠨᠳᠣ ᠰᠣᠯᠢᠯᠴᠠᠬᠤ᠂ ᠬᠥᠮᠥᠷᠭᠡᠯᠡᠨ ᠲᠡᠭᠡᠭᠡᠪᠦᠷᠢᠯᠡᠬᠦ᠂ ᠬᠢᠯᠢ ᠶᠢᠨ ᠭᠠᠳᠠᠨ᠎ᠠ ᠡᠳ᠋ᠰᠢᠭᠦᠯᠬᠦ᠂ ᠬᠦᠢᠲᠡᠨ ᠬᠡᠯᠬᠢᠶᠡᠲᠦ ᠪᠣᠳᠠᠰ ᠤᠨ ᠭᠦᠢᠯᠬᠡᠬᠡ ᠵᠡᠷᠭᠡ ᠲᠤᠬᠠᠶᠢᠯᠠᠭᠰᠠᠨ ᠠᠵᠢᠯ ᠢ ᠢᠳᠡᠪᠬᠢᠲᠡᠶ ᠪᠠᠷ ᠥᠷᠭᠡᠳᠬᠡᠨ᠂ ᠠᠭᠤᠷᠬᠠᠶ ᠶᠢᠨ ᠭᠠᠷᠤᠯᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠪᠣᠳᠠᠰ ᠤᠨ ᠭᠦᠢᠯᠭᠡᠭᠡᠨ ᠤ ᠲᠥᠪ ︵B ᠬᠡᠯᠪᠡᠷᠢ︶ ᠤᠨ ᠲᠥᠷᠥᠯ  ᠵᠦᠢᠯ ᠢ ᠲᠦᠷᠭᠡᠳᠬᠡᠨ ᠪᠠᠶᠢᠭᠤᠯᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢ ᠪᠠᠶᠢᠭᠤᠯᠬᠤ ᠪᠠᠷ ᠢᠳᠡᠪᠬᠢᠲᠡᠶ ᠭᠤᠶᠤᠴᠢᠯᠠᠨ ᠮᠡᠳᠡᠭᠦᠯᠵᠦ᠂ ᠮᠣᠩᠭᠤᠯ ᠤᠯᠤᠰ᠂ ᠵᠡᠭᠦᠨ ᠬᠠᠲᠠᠪᠴᠢ ᠪᠣᠭᠤᠮᠲᠠ᠂ ᠤᠯᠢᠶᠠᠰᠤᠲᠠᠢ ᠠᠵᠤ ᠦᠢᠯᠡᠳᠪᠦᠷᠢ ᠶᠢᠨ ᠲᠣᠭᠤᠷᠢᠭ᠂ ᠲᠡᠯᠡᠶ ᠳᠠᠭᠠᠤ ᠭᠠᠷᠠᠮ ᠤᠨ ᠣᠯᠠᠨ ᠤᠯᠤᠰ ᠤᠨ ᠪᠣᠳᠠᠰ ᠤᠨ ᠭᠦᠢᠯᠭᠡᠭᠡᠨ ᠤ ᠶᠡᠭᠡ ᠵᠠᠮ ᠢ ᠨᠡᠪᠲᠡᠷᠡᠭᠦᠯᠦᠨ᠎ᠡ᠃ ᠰᠢᠯᠢ ᠶᠢᠨ ᠭᠤᠣᠯ᠂ ᠤᠯᠠᠭᠠᠨᠬᠠᠳᠠ᠂ ᠲᠦᠩᠯᠢᠶᠣᠤ ᠶᠢᠨ ᠠᠵᠤ ᠠᠬᠤᠢ ᠶᠢᠨ ᠲᠣᠭᠤᠷᠢᠭ᠂ ᠯᠢᠶᠣᠤᠨᠢᠩ ᠤᠨ ᠪᠠᠷᠠᠭᠤᠨ ᠬᠡᠰᠡᠭ᠂ ᠯᠢᠶᠣᠤᠨᠢᠩ ᠤᠨ ᠳᠤᠮᠳᠠ ᠡᠮᠦᠨᠡᠲᠦ ᠬᠡᠰᠡᠭ ᠤᠨ ᠬᠤᠲᠠ ᠶᠢᠨ ᠪᠦᠯᠦᠭᠵᠢᠯ ᠳᠤ ᠦᠢᠯᠡᠴᠢᠯᠡᠬᠦ᠂ ᠵᠡᠭᠦᠨ ᠬᠤᠶᠢᠲᠤ ᠣᠷᠣᠨ ᠪᠠ ᠤᠮᠠᠷᠠᠲᠤ ᠣᠷᠣᠨ ᠢ ᠨᠥᠯᠥᠭᠡᠯᠡᠬᠦ ᠣᠯᠠᠨ ᠤᠯᠤᠰ ᠤᠨ ᠪᠣᠳᠠᠰ ᠤᠨ ᠭᠦᠢᠯᠭᠡᠭᠡᠨ ᠤ ᠰᠠᠭᠤᠷᠢᠨ ᠭᠠᠵᠠᠷ ᠢ ᠪᠠᠶᠢᠭᠤᠯᠤᠨ᠎ᠠ᠃      ᠬᠠᠳᠠᠪᠴᠢ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠲᠣᠭᠤᠷᠢᠭ ᠢ ᠪᠦᠲᠦᠭᠡᠨ ᠪᠠᠶᠢᠭᠤᠯᠤᠨ᠎ᠠ᠃ ︽ᠬᠠᠮᠢᠶᠠᠷᠴᠤ ᠪᠣᠯᠬᠤ᠂ ᠡᠵᠡᠮᠳᠡᠵᠦ ᠪᠣᠯᠬᠤ᠂ ᠠᠮᠢᠳᠤᠯᠢᠭ ᠪᠣᠯᠭᠠᠬᠤ︾ ᠬᠠᠷᠢᠯᠴᠠᠨ ᠠᠷᠠᠯᠵᠢᠶᠠᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠬᠥᠭᠵᠢᠯᠲᠡ ᠶᠢᠨ ᠵᠠᠭᠪᠤᠷ ᠶᠣᠰᠣᠭᠠᠷ᠂ ᠵᠡᠭᠦᠨ ᠬᠠᠲᠠᠪᠴᠢ ᠪᠣᠭᠤᠮᠲᠠ ᠶᠢᠨ ᠬᠢᠯᠢ ᠶᠢᠨ ᠠᠷᠠᠳ ᠤᠨ ᠬᠠᠷᠢᠯᠴᠠᠨ  ᠷᠠᠯᠵᠢᠶᠠᠯᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠤᠨ ᠶᠡᠷᠦᠩᠬᠡᠶᠢᠯᠡᠭᠰᠡᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠤᠨ᠎ᠠ᠃ ᠬᠠᠴᠢᠨ ᠴᠢᠯᠠᠭᠤ᠂ ᠭᠠᠷ ᠤᠷᠠᠯᠠᠯ ᠤᠨ ᠪᠦᠲᠦᠭᠡᠭᠳᠡᠬᠦᠨ᠂ ᠮᠠᠯ ᠤᠨ ᠠᠰᠢᠭ ᠰᠢᠮ᠎ᠡ ᠵᠡᠷᠭᠡ ᠣᠨᠴᠠᠯᠢᠭᠲᠤ ᠲᠠᠸᠠᠷ ᠤᠨ ᠵᠠᠬ᠎ᠠ ᠳᠡᠯᠭᠡᠭᠦᠷ ᠲᠤ ᠣᠷᠣᠵᠤ ᠠᠷᠠᠯᠵᠢᠶᠠᠯᠠᠬᠤ ᠶᠢ ᠲᠦᠷᠭᠡᠳᠬᠡᠨ ᠠᠬᠢᠭᠤᠯᠵᠤ᠂ ᠮᠣᠩᠭᠤᠯ ᠤᠯᠤᠰ ᠠᠴᠠ ᠭᠠᠶᠢᠯᠢ ᠠᠴᠠ ᠬᠡᠯᠲᠦᠷᠢᠭᠦᠯᠦᠭᠰᠡᠨ ᠦᠨᠡᠲᠦ ᠡᠳ᠋ ᠪᠠ ᠠᠷᠢᠬᠢᠨ ᠤ ᠲᠥᠷᠥᠯ ᠤᠨ ᠠᠷᠠᠯᠵᠢᠶ᠎ᠠ ᠵᠡᠷᠭᠡ ᠡᠵᠡᠩᠨᠡᠯᠲᠡ ᠶᠢᠨ ᠪᠠᠶᠢᠳᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠴᠠᠭ ᠲᠤᠨᠢ ᠲᠤᠬᠢᠷᠠᠭᠤᠯᠤᠨ ᠬᠠᠷᠢᠯᠴᠠᠨ ᠠᠷᠠᠯᠵᠢᠶᠠᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠳ᠋ᠦᠩᠨᠡᠨ ᠪᠤᠳᠤᠬᠤ ᠲᠥᠪ᠂ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠬᠢᠨᠠᠨ ᠬᠠᠮᠢᠶᠠᠷᠴᠤ ᠠᠷᠠᠯᠵᠢᠶᠠᠯᠠᠬᠤ ᠲᠥᠪ ᠢ ᠪᠠᠶᠢᠭᠤᠯᠵᠤ᠂ ᠬᠠᠷᠢᠯᠴᠠᠨ ᠠᠷᠠᠯᠵᠢᠶᠠᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠤᠨ ᠡᠮᠬᠢ ᠵᠢᠷᠤᠮ ᠲᠠᠢ ᠪᠠᠷ ᠬᠥᠭᠵᠢᠬᠦ ᠶᠢ ᠠᠬᠢᠭᠤᠯᠤᠨ᠎ᠠ᠃      ᠪᠣᠭᠤᠮᠲᠠ ᠶᠢᠨ ᠵᠢᠭᠤᠯᠴᠢᠯᠠᠯ ᠤᠨ ᠣᠷᠣᠨ ᠢ ᠪᠦᠲᠦᠭᠡᠨ ᠪᠠᠶᠢᠭᠤᠯᠤᠨ᠎ᠠ᠃ ᠵᠡᠭᠦᠨ ᠬᠠᠲᠠᠪᠴᠢ ᠤᠯᠤᠰ ᠤᠨ ᠡᠭᠦᠳᠡ ᠶᠢᠨ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠤᠭᠠᠴᠠᠯ ᠤᠨ ᠲᠤᠰᠬᠠᠢ ᠵᠠᠮ ᠢ ᠨᠡᠭᠡᠭᠡᠵᠦ᠂ ᠬᠢᠯᠢ ᠠᠯᠤᠰᠯᠠᠭᠰᠠᠨ ᠵᠢᠭᠤᠯᠴᠢᠯᠠᠯ ᠤᠨ ᠲᠡᠷᠭᠡ ᠵᠣᠭᠰᠣᠬᠤ ᠦᠢᠯᠡᠴᠢᠯᠡᠭᠡᠨ ᠤ ᠲᠥᠪ ᠢ ᠪᠠᠶᠢᠭᠤᠯᠤᠨ᠎ᠠ᠃ ᠲᠡᠮᠦᠷ ᠵᠠᠮ ᠤᠨ ᠪᠣᠭᠤᠮᠲᠠ ᠶᠢᠨ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠴᠠᠭ ᠲᠤᠨᠢ ᠲᠣᠬᠢᠷᠠᠭᠤᠯᠤᠨ ᠠᠬᠢᠭᠤᠯᠬᠤ ᠶᠢᠨ ᠬᠠᠮᠲᠤ᠂ ᠵᠠᠰᠠᠮᠠᠯ ᠵᠠᠮ ᠤᠨ ᠪᠣᠭᠤᠮᠲᠠ ᠶᠢᠨ ᠦᠵᠡᠮᠵᠢ ᠶᠢᠨ ᠣᠷᠣᠨ   ᠲᠠᠢ ᠣᠷᠭᠠᠨᠢᠭ ᠢᠶᠠᠷ ᠵᠣᠯᠭᠠᠭᠤᠯᠣᠨ᠎ᠠ᠃ ᠮᠠᠨ ᠤ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠵᠡᠷᠭᠡ ᠣᠨᠴᠠᠯᠢᠭᠲᠤ ᠵᠢᠭᠤᠯᠴᠢᠯᠠᠯ ᠤᠨ ᠡᠬᠢ ᠪᠠᠶᠠᠯᠢᠭ ᠢ ᠭᠦᠢᠴᠡᠳ ᠪᠠᠳᠠᠷᠠᠭᠤᠯᠣᠨ᠂ ᠬᠢᠯᠢ ᠬᠢᠵᠠᠭᠠᠷ ᠢ ᠬᠠᠮᠠᠭᠠᠯᠠᠬᠤ ᠮᠦᠽᠧᠢ᠂ ᠬᠡᠭᠡᠷ᠎ᠡ ᠶᠢᠨ ᠠᠮᠢᠲᠠᠨ ᠤ ᠦᠵᠡᠮᠦᠷᠢ ᠵᠡᠷᠭᠡ ᠣᠨᠴᠠᠯᠢᠭᠲᠤ ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠲᠠᠯ᠎ᠠ ᠨᠤᠲᠤᠭ ᠤᠨ ᠦᠩᠭᠡ ᠦᠵᠡᠮᠵᠢ ᠪᠠ ᠬᠢᠯᠢ ᠬᠢᠵᠠᠭᠠᠷ ᠤᠨ ᠦᠩᠭᠡ ᠦᠵᠡᠮᠵᠢ ᠲᠠᠢ ᠣᠨᠴᠠᠯᠢᠭᠲᠤ ᠵᠢᠭᠤᠯᠴᠢᠯᠠᠯ ᠤᠨ ᠣᠷᠣᠨ ᠢ ᠪᠠᠶᠢᠭᠤᠯᠤᠨ᠎ᠠ᠃      ᠵᠡᠭᠦᠨ ᠬᠠᠲᠠᠪᠴᠢ — ᠪᠢᠴᠢᠭᠲᠦ ᠪᠣᠭᠤᠮᠳᠠ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠢ ᠪᠦᠲᠦᠭᠡᠨ ᠪᠠᠶᠢᠭᠤᠯᠤᠨ᠎ᠠ᠃ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠷ ᠲᠦᠰᠢᠭ ᠪᠣᠯᠭᠠᠵᠤ᠂ ᠮᠣᠩᠭᠤᠯ ᠤᠯᠤᠰ ᠶᠢᠨ ᠵᠣᠯᠭᠠᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠣᠷᠣᠨ ᠪᠠᠶᠢᠷᠢ ᠶᠢ ᠵᠥᠪᠳᠡᠯᠴᠡᠨ ᠲᠣᠭᠲᠠᠭᠠᠨ᠎ᠠ᠃ ᠴᠢᠯᠠᠭᠤᠨ ᠲᠣᠰᠣ᠂ ᠨᠡᠭᠦᠷᠡᠰᠦ᠂ ᠥᠩᠭᠡᠲᠦ ᠲᠡᠮᠦᠷᠯᠢᠭ ᠵᠢᠴᠢ ᠡᠪᠡᠰᠦᠨ ᠲᠡᠵᠢᠭᠡᠯᠲᠦ ᠭᠡᠷ ᠤᠨ ᠲᠡᠵᠢᠭᠡᠪᠦᠷᠢ ᠵᠡᠷᠭᠡ ᠮᠣᠩᠭᠤᠯ ᠤᠯᠤᠰ ᠤᠨ ᠳᠠᠪᠠᠭᠤᠯᠢᠭ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢᠨ ᠲᠣᠭᠤᠷᠢᠨ ᠳᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠠᠷᠢᠯᠢᠭ ᠭᠦᠨᠵᠡᠭᠡᠶ ᠡᠳ᠋ᠰᠢᠭᠦᠯᠬᠦ᠂ ᠲᠦᠭᠦᠬᠡᠶ ᠴᠢᠯᠠᠭᠤᠨ ᠲᠣᠰᠣ ᠬᠦᠨᠳᠦ ᠲᠣᠰᠣ ᠡᠳ ᠰᠢᠭᠦᠯᠬᠦ ᠵᠡᠷᠭᠡ ᠡᠬᠢ ᠪᠠᠶᠠᠯᠢᠭ ᠤᠨ ᠬᠡᠯᠪᠡᠷᠢ ᠶᠢᠨ ᠡᠳ᠋ᠰᠢᠭᠦᠯᠬᠦ ᠦᠢᠯᠡᠰ᠂ ᠠᠭᠤᠷᠬᠠᠶ ᠶᠢᠨ ᠮᠠᠰᠢᠨ ᠲᠣᠨᠣᠭᠯᠠᠯ ᠤᠭᠰᠠᠷᠠᠬᠤ ᠵᠢᠴᠢ ᠰᠡᠯᠪᠢᠭ ᠲᠣᠨᠤᠭ ᠦᠢᠯᠡᠳᠪᠦᠷᠢᠯᠡᠬᠦ ᠵᠡᠷᠭᠡ ᠲᠣᠨᠤᠭ ᠲᠥᠬᠦᠭᠡᠷᠦᠮᠵᠢ ᠦᠢᠯᠡᠳᠬᠦ᠂ ᠮᠠᠯ ᠤᠨ ᠠᠰᠢᠭ ᠰᠢᠮ᠎ᠡ ᠶᠢ ᠨᠠᠷᠢᠯᠢᠭ ᠭᠦᠨᠵᠡᠭᠡᠶ ᠡᠳ᠋ᠰᠢᠭᠦᠯᠬᠦ᠂ ᠬᠥᠯᠳᠡᠭᠡᠵᠦ ᠬᠡᠯᠬᠢᠶᠡᠵᠢᠭᠦᠯᠬᠦ ᠬᠥᠮᠥᠷᠭᠡᠯᠡᠬᠦ ᠪᠠᠷ ᠣᠨᠴᠠᠯᠢᠭ ᠪᠣᠯᠭᠠᠭᠰᠠᠨ ᠠᠵᠤ ᠦᠢᠯᠡᠰ ᠤᠨ ᠲᠣᠭᠳᠠᠯᠴᠠᠭ᠎ᠠ ᠶᠢ ᠠᠯᠬᠤᠮ ᠠᠯᠬᠤᠮ ᠢᠶᠠᠷ ᠪᠤᠶᠢᠵᠢᠭᠤᠯᠵᠤ᠂ ᠳᠤᠮᠳᠠᠳᠤ ᠮᠣᠩᠭᠤᠯ ᠤᠨ ᠠᠵᠤ ᠦᠢᠯᠡᠰ ᠤᠨ ᠬᠤᠷᠰᠢᠯᠴᠠᠬᠤ ᠴᠢᠬᠤᠯᠠ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃      ᠬᠤᠶᠠᠷ᠂ ᠠᠵᠤ ᠦᠢᠯᠡᠰ ᠤᠨ ᠲᠥᠪᠯᠡᠷᠡᠯ ᠤᠨ ᠲᠠᠪᠴᠠᠩ ᠢ ᠪᠣᠶ ᠪᠣᠯᠭᠠᠨ᠎ᠠ      ᠪᠣᠭᠤᠮᠲᠠ ᠶᠢᠨ ︽ᠳᠥᠷᠪᠡᠨ ᠲᠣᠭᠤᠷᠢᠭ︾ ᠤᠨ ᠲᠠᠪᠴᠠᠩ ᠳᠤ ᠲᠦᠰᠢᠭᠯᠡᠨ᠂ ᠵᠡᠭᠦᠨ ᠬᠠᠲᠠᠪᠴᠢ ᠪᠠᠯᠭᠠᠰᠤ ᠶᠢᠨ ᠬᠤᠲᠠ ᠪᠠᠯᠭᠠᠰᠤ ᠶᠢᠨ ᠴᠢᠳᠠᠮᠵᠢ ᠬᠠᠷᠢᠴᠠᠩᠭᠤᠶ ᠲᠡᠭᠦᠯᠳᠡᠷᠵᠢᠵᠦ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠠᠩᠬ᠎ᠠ ᠠᠯᠬᠤᠮ ᠬᠡᠪᠴᠢᠶᠡᠵᠢᠭᠰᠡᠨ ᠠᠰᠢᠭᠲᠠᠶ ᠨᠥᠬᠦᠴᠡᠯ ᠢ ᠠᠰᠢᠭᠯᠠᠨ᠂ ᠪᠣᠭᠤᠮᠲᠠ ᠶᠢᠨ ᠬᠦᠴᠦᠨ ᠵᠦᠢᠯ ᠢ ᠲᠥᠪᠯᠡᠷᠡᠭᠦᠯᠬᠦ ᠴᠢᠳᠠᠮᠵᠢ ᠶᠢ ᠭᠦᠢᠴᠡᠳ ᠪᠠᠳᠠᠷᠠᠭᠤᠯᠵᠤ᠂ ᠪᠣᠭᠤᠮᠲᠠ ᠶᠢᠨ ᠭᠠᠳᠠᠭᠰᠢ ᠨᠡᠬᠡᠬᠡᠯᠲᠡ ᠬᠢᠬᠦ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠬᠢᠯᠢ ᠶᠢᠨ ᠠᠷᠠᠯᠵᠢᠶ᠎ᠠ᠂ ᠣᠯᠠᠨ ᠤᠯᠤᠰ ᠤᠨ ᠪᠠᠷᠠᠭᠠᠨ ᠤ ᠭᠦᠢᠯᠭᠡᠭᠡ᠂ ᠬᠢᠯᠢ ᠠᠯᠤᠰᠯᠠᠭᠰᠠᠨ ᠵᠢᠭᠤᠯᠴᠢᠯᠠᠯ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠵᠤ ᠡᠳ᠋ᠰᠢᠭᠦᠯᠬᠦ ᠵᠡᠷᠭᠡ ᠠᠵᠤ ᠦᠢᠯᠡᠰ ᠤᠨ ᠲᠣᠭᠤᠷᠢᠨ ᠳᠤ ᠰᠦᠪᠡᠭᠴᠢᠯᠡᠬᠦ ᠪᠠ ᠲᠦᠯᠬᠢᠨ ᠠᠬᠢᠭᠤᠯᠵᠤ᠂ ᠵᠡᠭᠦᠨ ᠬᠠᠲᠠᠪᠴᠢ ᠪᠣᠭᠤᠮᠲᠠ ᠶᠢᠨ ᠶᠡᠷᠦᠩᠬᠡᠶᠢᠯᠡᠭᠰᠡᠨ ᠥᠷᠢᠰᠥᠯᠳᠦᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠣᠷᠣᠨ ᠪᠦᠰᠡ ᠶᠢᠨ ᠠᠵᠤ ᠠᠬᠤᠶ ᠶᠢᠨ ᠰᠢᠨ᠎ᠡ ᠨᠡᠮᠡᠭᠳᠡᠯ ᠤᠨ ᠲᠦᠢᠯ ᠢ ᠪᠤᠶ ᠪᠣᠯᠭᠠᠨ᠎ᠠ᠃      ᠣᠯᠠᠨ ᠤᠯᠤᠰ ᠤᠨ ᠪᠠᠷᠠᠭᠠᠨ ᠤ ᠭᠦᠢᠯᠭᠡᠭᠡ ᠬᠢᠭᠡᠳ ᠦᠢᠯᠡᠴᠢᠯᠡᠭᠡᠨ ᠤ ᠠᠵᠤ ᠦᠢᠯᠡᠰ ᠤᠨ ᠲᠥᠪᠯᠡᠷᠡᠭᠰᠡᠨ ᠣᠷᠣᠨ᠃ ᠧᠦ᠋ᠷᠣᠫᠠ ᠲᠢᠪ — ᠣᠷᠣᠰ — ᠮᠣᠩᠭᠤᠯ ᠤᠯᠤᠰ — ᠳᠤᠮᠳᠠᠳᠤ ᠤᠯᠤᠰ - ᠶᠠᠫᠣᠨ - ᠺᠣᠷᠢᠶᠠ — ᠵᠡᠭᠦᠨ ᠡᠮᠦᠨᠡᠲᠦ ᠠᠽᠢᠶ᠎ᠠ ᠶᠢᠨ ᠬᠤᠯᠪᠣᠭ᠎ᠠ ᠶᠢᠨ ᠣᠯᠠᠨ ᠤᠯᠤᠰ ᠠᠴᠠ ᠪᠣᠳᠠᠰ ᠤᠨ ᠭᠦᠢᠯᠭᠡᠭᠡᠨ ᠤ ᠶᠡᠭᠡ ᠵᠠᠮ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠪᠣᠭᠤᠮᠲᠠ ᠶᠢᠨ ᠳᠣᠲᠣᠷ ᠭᠠᠵᠠᠷ ᠢ ᠬᠤᠯᠪᠣᠭᠰᠠᠨ ᠪᠣᠳᠠᠰ ᠤᠨ ᠭᠦᠢᠯᠭᠡᠭᠡᠨ ᠤ ᠶᠡᠭᠡ ᠵᠠᠮ ᠢ ᠬᠦᠴᠦᠯᠡᠨ ᠨᠡᠪᠲᠡᠷᠡᠭᠦᠯᠵᠤ᠂ ᠨᠡᠭᠦᠷᠡᠰᠦ ᠲᠦᠭᠦᠬᠡᠢ ᠴᠢᠯᠠᠭᠤᠨ ᠲᠤᠰᠤ ᠵᠡᠷᠭᠡ ᠡᠬᠢ ᠪᠠᠶᠠᠯᠢᠭ ᠡᠨᠧᠷᠭᠢ ᠶᠢᠨ ᠰᠤᠷᠪᠤᠯᠵᠢ ᠶᠢ ᠭᠤᠣᠯᠳᠠᠯᠭ᠎ᠠ ᠲᠠᠢ  ᠬᠥᠭᠵᠢᠭᠦᠯᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠣᠳᠠᠰ ᠤᠨ ᠭᠦᠢᠯᠭᠡᠭᠡ᠂ ᠭᠠᠳᠠᠭᠠᠳᠤ ᠠᠴᠠ ᠠᠮᠤ ᠪᠤᠳᠠᠭ᠎ᠠ ᠣᠷᠣᠭᠤᠯᠬᠤ᠂ ᠲᠡᠵᠢᠭᠡᠯ ᠡᠪᠡᠰᠦᠨ ᠤ ᠲᠤᠰᠬᠠᠶ ᠪᠣᠳᠠᠰ ᠤᠨ ᠭᠦᠢᠯᠭᠡᠭᠡ᠂ ᠭᠠᠶᠢᠯᠢ ᠦᠭᠡᠢ ᠪᠠᠷᠠᠭᠠᠨ ᠤ ᠭᠦᠢᠯᠭᠡᠭᠡ᠂ ᠡᠯᠧᠺᠲᠷᠣᠨ ᠬᠤᠳᠠᠯᠳᠤᠭᠠᠨ ᠤ ᠲᠣᠬᠢᠷᠠᠭᠤᠯᠤᠨ ᠬᠦᠷᠭᠡᠬᠦ᠂ ᠬᠤᠲᠠ ᠬᠥᠳᠡᠭᠡ ᠶᠢᠨ ᠲᠣᠬᠢᠷᠠᠭᠤᠯᠤᠨ ᠬᠦᠷᠭᠡᠬᠦ ᠪᠠᠷᠠᠭ᠎ᠠ ᠶᠢᠨ ᠭᠦᠢᠯᠭᠡᠭᠡ ᠵᠡᠷᠭᠡ ᠬᠦᠷᠢᠶ᠎ᠡ ᠬᠡᠪᠴᠢᠶ᠎ᠡ ᠶᠢ ᠭᠤᠣᠯᠳᠠᠯᠭ᠎ᠠ ᠲᠠᠢ ᠬᠦᠭᠵᠢᠭᠦᠯᠵᠦ᠂ ᠰᠢᠯᠵᠢᠭᠦᠯᠦᠨ ᠬᠤᠪᠢᠶᠠᠵᠤ ᠥᠭᠬᠦ ᠶᠢ ᠬᠦᠴᠦᠯᠡᠨ ᠪᠣᠶ ᠪᠣᠯᠭᠠᠵᠤ᠂ ᠬᠥᠮᠥᠷᠭᠡᠯᠡᠨ ᠵᠥᠭᠡᠭᠡᠪᠦᠷᠢᠯᠡᠬᠦ᠂ ᠪᠣᠯᠪᠠᠰᠤᠷᠠᠭᠤᠯᠬᠤ ᠥᠷᠲᠡᠭ ᠤᠨ ᠨᠡᠮᠡᠭᠳᠡᠯ ᠢᠶᠠᠷ ᠭᠤᠤᠯ ᠪᠣᠯᠭᠠᠭᠰᠠᠨ ᠣᠳᠣ ᠦᠶ᠎ᠡ ᠶᠢᠨ ᠪᠣᠳᠠᠰ ᠤᠨ ᠭᠦᠢᠯᠭᠡᠭᠡᠨ ᠤ ᠠᠵᠤ ᠦᠢᠯᠡᠰ ᠤᠨ ᠪᠦᠯᠦᠭᠯᠡᠯ ᠢ ᠴᠣᠭᠴᠠᠯᠠᠨ ᠪᠠᠶᠢᠭᠤᠯᠵᠣ᠂ ᠪᠣᠭᠤᠮᠲᠠ ᠶᠢᠨ ᠬᠥᠭᠵᠢᠯᠲᠡ ᠶᠢᠨ ᠵᠠᠰᠠᠮᠠᠯ ᠵᠠᠮ ᠂ ᠲᠡᠮᠦᠷ ᠵᠠᠮ ᠤᠨ  ᠪᠣᠳᠠᠰ ᠤᠨ ᠭᠦᠢᠯᠭᠡᠭᠡ ᠶᠢᠨ ᠲᠣᠭᠤᠷᠢᠨ ᠳᠤ᠂ ᠲᠡᠮᠦᠷ ᠵᠠᠮ᠂ ᠵᠠᠰᠠᠮᠠᠯ ᠵᠠᠮ ᠤᠨ ᠲᠡᠭᠡᠭᠡᠪᠦᠷᠢ ᠪᠠᠷ ᠰᠠᠭᠤᠷᠢ ᠪᠣᠯᠭᠠᠭᠰᠠᠨ ᠨᠢᠭᠡ ᠴᠣᠭᠴᠠᠵᠢᠭᠤᠯᠤᠭᠰᠠᠨ ᠪᠣᠳᠠᠰ ᠤᠨ ᠭᠦᠢᠯᠭᠡᠭᠡᠨ ᠤ ᠦᠢᠯᠡᠴᠢᠯᠡᠭᠡᠨ ᠤ ᠠᠵᠤ ᠦᠢᠯᠡᠰ ᠤᠨ ᠪᠦᠯᠦᠭᠯᠡᠯ ᠢ ᠪᠦᠷᠢᠯᠳᠦᠭᠦᠯᠦᠨ᠎ᠡ᠃ ᠪᠣᠭᠤᠮᠲᠠ ᠶᠢᠨ ᠪᠣᠳᠠᠰ ᠤᠨ ᠭᠦᠢᠯᠭᠡᠭᠡᠨ᠂ ᠭᠠᠶᠢᠯᠢ ᠪᠠᠲᠤᠯᠠᠬᠤ ᠪᠣᠳᠠᠰ ᠤᠨ ᠭᠦᠢᠯᠭᠡᠭᠡᠨ᠂ ᠬᠢᠯᠢ ᠠᠯᠤᠰᠯᠠᠭᠰᠠᠨ ᠪᠣᠳᠠᠰ ᠤᠨ ᠭᠦᠢᠯᠭᠡᠭᠡᠨ ᠢ ᠢᠳᠡᠪᠬᠢᠲᠡᠶ ᠪᠠᠷ ᠪᠤᠶᠢᠵᠢᠭᠤᠯᠤᠨ ᠬᠥᠭᠵᠢᠭᠦᠯᠵᠦ᠂ ᠣᠶᠢᠷ᠎ᠠ ᠬᠠᠪᠢ ᠶᠢᠨ ᠪᠣᠭᠤᠮᠲᠠ ᠶᠢᠨ ᠭᠠᠵᠠᠷ ᠣᠷᠣᠨ ᠢ ᠳᠡᠮᠵᠢᠵᠦ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢ ᠪᠣᠳᠠᠲᠠᠶᠢᠵᠢᠭᠤᠯᠤᠨ ᠡᠳᠰᠢᠭᠦᠯᠬᠦ ᠶᠢ ᠬᠥᠭᠵᠢᠭᠦᠯᠦᠨ᠂ ᠪᠣᠭᠤᠮᠲᠠ ᠶᠢᠨ ᠳᠠᠪᠠᠭᠤᠯᠢᠭ ᠢ ᠠᠵᠤ ᠠᠬᠤᠶ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠵᠠᠮ ᠢᠶᠠᠷ ᠦᠩᠭᠡᠷᠡᠬᠦ ᠠᠵᠤ ᠠᠬᠤᠶ ᠶᠢ ᠨᠤᠲᠤᠭᠰᠢᠭᠰᠠᠨ ᠠᠵᠤ ᠠᠬᠤᠶ ᠪᠣᠯᠭᠠᠨ ᠬᠤᠪᠢᠷᠠᠭᠤᠯᠤᠨ᠎ᠠ᠃      ᠣᠯᠠᠨ ᠤᠯᠤᠰ ᠤᠨ ᠠᠷᠠᠯᠵᠢᠶᠠᠨ ᠤ ᠬᠢᠯᠢ ᠶᠢᠨ ᠠᠷᠠᠯᠵᠢᠶᠠᠨ ᠤ ᠠᠵᠤ ᠦᠢᠯᠡᠰ ᠤᠨ ᠲᠥᠪᠯᠡᠷᠡᠭᠰᠡᠨ ᠣᠷᠣᠨ᠃ ᠠᠷᠠᠯᠵᠢᠶᠠᠨ ᠤ ᠲᠥᠷᠥ ᠶᠢᠨ ᠪᠣᠳᠣᠯᠭ᠎ᠠ ᠶᠢ ᠠᠬᠢᠭᠤᠯᠬᠤ ᠲᠣᠭᠲᠠᠴᠠ ᠳᠤ ᠰᠢᠨ᠎ᠡ ᠶᠢ ᠡᠭᠦᠳᠴᠦ᠂ ᠲᠤᠷᠰᠢᠯᠲᠠ ᠶᠢᠨ ᠣᠷᠣᠨ ᠤ ᠣᠯᠠᠨ ᠤᠯᠤᠰ ᠤᠨ ᠠᠷᠠᠯᠵᠢᠶᠠᠨ ᠤ ︽ᠨᠢᠭᠡ ᠯᠡ ᠴᠣᠩᠬᠤᠪᠴᠢ ᠪᠠᠷ ᠭᠦᠢᠴᠡᠳᠭᠡᠬᠦ︾ ᠪᠠᠶᠢᠭᠤᠯᠤᠯᠲᠠ ᠶᠢ ᠠᠬᠢᠭᠤᠯᠤᠨ᠂ ︽ᠨᠢᠭᠡ ᠦᠷᠳᠡᠭᠡᠴᠢᠯᠡᠭᠰᠡᠨ ᠮᠠᠶ᠋ᠢᠭ ᠤᠨ ᠠᠵᠢᠯᠯᠠᠭᠠᠨ︾ ᠢ ᠬᠡᠷᠡᠭᠵᠢᠭᠦᠯᠵᠦ᠂ ᠭᠠᠳᠠᠭᠠᠳᠤ ᠠᠵᠤ ᠠᠬᠤᠶ ᠠᠷᠠᠯᠵᠢᠶᠠᠨ ᠤ ᠬᠥᠭᠵᠢᠯᠲᠡ ᠶᠢᠨ ᠲᠤᠰᠬᠠᠶ ᠪᠠᠯᠠ ᠮᠥᠩᠭᠦ ᠶᠢ ᠳᠣᠭᠢᠷᠠᠭᠤᠯᠬᠤ ᠶᠢ ᠲᠤᠷᠰᠢᠯᠲᠠ ᠶᠢᠨ ᠣᠷᠣᠨ ᠤ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠳᠠᠰᠢ ᠬᠡᠯᠪᠠᠶᠢᠯᠭᠡᠵᠦ᠂ ᠡᠯ᠎ᠡ ᠲᠥᠷᠥᠯ ᠤᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠰᠢᠨ᠎ᠡ ᠪᠠᠷ ᠪᠠᠶᠢᠭᠤᠯᠬᠤ᠂ ᠨᠡᠶᠢᠯᠡᠭᠦᠯᠦᠨ ᠬᠤᠳᠠᠯᠳᠤᠨ ᠠᠪᠬᠤ᠂ ᠬᠠᠮᠲᠤᠷᠠᠯᠴᠠᠬᠤ ᠵᠡᠷᠭᠡ ᠠᠷᠭ᠎ᠠ ᠮᠠᠶ᠋ᠢᠭ ᠢᠶᠠᠷ ᠳᠡᠮᠵᠢᠨ᠂ ᠬᠢᠯᠢ ᠶᠢᠨ ᠭᠠᠳᠠᠨ᠎ᠠ ᠪᠠᠯᠠ ᠣᠷᠣᠭᠤᠯᠤᠨ ᠬᠠᠮᠲᠤᠷᠠᠯᠴᠠᠬᠤ ᠶᠢ ᠳᠡᠮᠵᠢᠨ᠎ᠡ᠃ ᠲᠤᠷᠰᠢᠯᠲᠠ ᠶᠢᠨ ᠣᠷᠣᠨ ᠤ ᠳᠣᠲᠣᠷᠠᠬᠢ ᠰᠢᠨ᠎ᠡ ᠪᠠᠷ ᠪᠤᠶ ᠪᠣᠯᠤᠭᠰᠠᠨ ᠦᠢᠯᠡᠴᠢᠯᠡᠭᠡᠨ ᠤ ᠬᠦᠷᠢᠶᠡᠨ ᠤ ᠭᠠᠳᠠᠭᠠᠳᠤ ᠭᠠᠷᠭᠠᠯᠲᠠ ᠶᠢ ᠵᠣᠷᠢᠭᠵᠢᠭᠤᠯᠵᠤ᠂ ᠣᠨᠴᠠᠯᠢᠭᠲᠤ ᠦᠢᠯᠡᠴᠢᠯᠡᠭᠡᠨ ᠤ ᠠᠷᠠᠯᠵᠢᠶ᠎ᠠ ᠶᠢᠨ ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠢ ᠪᠤᠶᠢᠵᠢᠭᠤᠯᠤᠨ ᠬᠥᠭᠵᠢᠯᠲᠡ ᠶᠢ ᠨᠢ ᠲᠦᠷᠭᠡᠳᠬᠡᠨ᠎ᠡ᠃ ᠵᠡᠭᠦᠨ ᠬᠠᠲᠠᠪᠴᠢ ᠪᠣᠭᠤᠮᠲᠠ ᠠᠴᠠ ᠤᠯᠢᠶᠠᠰᠤᠲᠠᠢ ᠬᠥᠷᠬᠦ ᠶᠢ ᠬᠢᠯᠢ ᠶᠢᠨ ᠠᠷᠠᠯᠵᠢᠶᠠᠨ ᠤ ᠨᠡᠭᠡᠭᠡᠯᠲᠡ ᠶᠢᠨ ᠣᠷᠣᠨ ᠪᠣᠯᠭᠠᠵᠤ᠂ ᠵᠡᠭᠦᠨ ᠬᠠᠲᠠᠪᠴᠢ ᠪᠣᠭᠤᠮᠲᠠ ᠠᠴᠠ ᠬᠢᠯᠢ ᠳᠤ ᠣᠷᠣᠵᠤ ᠢᠷᠡᠭᠰᠡᠨ ᠮᠣᠩᠭᠤᠯ ᠤᠯᠤᠰ ᠤᠨ ᠬᠥᠮᠦᠰ ᠵᠢᠴᠢ ᠲᠡᠷᠭᠡ ᠬᠥᠰᠬᠡ ᠶᠢ ᠤᠯᠢᠶᠠᠰᠤᠲᠠᠢ ᠪᠠᠯᠭᠠᠰᠤ ᠬᠦᠷᠲᠡᠯ᠎ᠡ ᠤᠷᠲᠤᠳᠬᠠᠨ ᠠᠷᠠᠯᠵᠢᠶ᠎ᠠ ᠬᠤᠳᠠᠯᠳᠤᠭᠠᠨ ᠤ ᠠᠵᠢᠯᠯᠠᠭ᠎ᠠ ᠥᠷᠨᠢᠭᠦᠯᠬᠦ ᠶᠢ ᠵᠥᠪᠰᠢᠶᠡᠷᠡᠨ᠎ᠡ᠃ ᠮᠣᠩᠭᠤᠯ ᠤᠯᠤᠰ ᠯᠤᠭ᠎ᠠ ᠶᠢᠨ ᠮᠠᠯ ᠠᠵᠤ ᠠᠬᠤᠶ ᠶᠢᠨ ᠬᠦᠷᠢᠶᠡᠨ ᠳᠠᠬᠢ ᠬᠤᠷᠰᠢᠯᠴᠠᠭ᠎ᠠ ᠪᠠᠨ ᠴᠢᠩᠭᠠᠳᠬᠠᠵᠤ᠂ ᠠᠮᠢᠳᠤ ᠮᠠᠯ᠂ ᠮᠠᠯ ᠤᠨ ᠠᠰᠢᠭ ᠰᠢᠮ᠎ᠡ᠂ ᠠᠮᠤ ᠪᠤᠳᠠᠭ᠎ᠠ ᠪᠣᠯᠤᠨ ᠲᠡᠵᠢᠭᠡᠯ ᠡᠪᠡᠰᠦ ᠪᠣᠷᠳᠤᠭ᠎ᠠ ᠶᠢ ᠭᠠᠳᠠᠭᠠᠳᠤ ᠠᠴᠠ ᠣᠷᠣᠭᠤᠯᠬᠤ ᠶᠢ ᠪᠡᠶᠡᠯᠡᠭᠦᠯᠬᠦ ᠪᠠᠷ ᠴᠢᠷᠮᠠᠶᠢᠬᠤ ᠶᠢᠨ ᠬᠠᠮᠲᠤ ᠵᠢᠭᠠᠨ ᠲᠣᠭᠲᠠᠭᠠᠭᠰᠠᠨ ᠭᠠᠳᠠᠭᠠᠳᠤ ᠠᠴᠠ ᠣᠷᠣᠭᠤᠯᠬᠤ ᠪᠣᠭᠤᠮᠲᠠ ᠪᠣᠯᠭᠠᠬᠤ ᠪᠠᠷ ᠴᠢᠷᠮᠠᠶᠢᠨ᠎ᠡ᠃ ᠠᠮᠢᠳᠤ ᠠᠳᠤᠭᠤᠨ ᠤ ᠭᠠᠳᠠᠭᠠᠳᠤ ᠠᠴᠠ ᠣᠷᠣᠭᠤᠯᠬᠤ ᠲᠣᠭᠲᠠᠭᠰᠠᠨ ᠪᠣᠭᠤᠮᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠡᠭᠦᠨ ᠦᠵᠦᠮᠦᠴᠢᠨ ᠬᠤᠰᠢᠭᠤᠨ ᠤ ᠠᠳᠤᠭᠤᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃      ᠪᠣᠭᠤᠮᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠲᠥᠪᠯᠡᠷᠡᠭᠰᠡᠨ ᠣᠷᠣᠨ᠃ ᠬᠢᠯᠢ ᠬᠢᠵᠠᠭᠠᠷ ᠤᠨ ᠵᠢᠭᠤᠯᠴᠢᠯᠠᠯ ᠤᠨ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠪᠠᠷ ᠢᠳᠡᠪᠬᠢᠲᠡᠶ ᠭᠤᠶᠤᠴᠢᠯᠠᠨ ᠮᠡᠳᠡᠭᠦᠯᠵᠦ᠂ ᠮᠣᠩᠭᠤᠯ ᠤᠯᠤᠰ ᠯᠤᠭ᠎ᠠ ᠶᠢᠨ ᠵᠢᠭᠤᠯᠴᠢᠯᠠᠯ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠣᠯᠠᠨ ᠤᠯᠤᠰ ᠤᠨ ᠵᠢᠭᠤᠯᠴᠢᠯᠠᠯ ᠤᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠠᠯ᠎ᠠ ᠨᠤᠲᠤᠭ ᠤᠨ ᠪᠠᠶᠢᠭᠠᠯᠢ ᠶᠢᠨ ᠥᠩᠭᠡ ᠦᠵᠡᠮᠵᠢ ᠪᠠᠷ ᠵᠤᠭᠠᠴᠠᠨ ᠠᠮᠠᠷᠠᠬᠤ᠂ ᠲᠠᠯ᠎ᠠ ᠨᠤᠲᠤᠭ ᠤᠨ ᠨᠡᠭᠦᠳᠡᠯ ᠮᠠᠯᠵᠢᠯ ᠤᠨ ᠰᠣᠶᠣᠯ ᠢ ᠪᠡᠶᠡᠴᠢᠯᠡᠨ ᠣᠶᠢᠯᠠᠭᠠᠬᠤ᠂ ᠬᠢᠯᠢ ᠬᠢᠵᠠᠭᠠᠷ ᠢᠶᠠᠷ ᠲᠣᠭᠤᠷᠢᠨ ᠦᠵᠡᠬᠦ᠂ ᠬᠢᠯᠢ ᠶᠢᠨ ᠠᠷᠠᠯᠵᠢᠶᠠᠨ ᠤ ᠣᠨᠴᠠᠯᠢᠭᠲᠤ ᠪᠠᠷᠠᠭ᠎ᠠ ᠬᠤᠳᠠᠯᠳᠤᠨ ᠠᠪᠬᠤ᠂ ᠬᠢᠯᠢ ᠠᠯᠤᠰᠯᠠᠨ ᠥᠪᠡᠰᠦᠪᠡᠨ ᠲᠡᠷᠭᠡ ᠵᠢᠯᠣᠭᠤᠳᠬᠤ ᠵᠡᠷᠭᠡ ᠵᠢᠭᠤᠯᠴᠢᠯᠠᠯ ᠤᠨ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ᠨᠢᠭᠡ ᠪᠦᠯᠦᠭ ᠲᠠᠯ᠎ᠠ ᠨᠤᠲᠤᠭ ᠤᠨ ᠣᠨᠴᠠᠯᠢᠭ ᠢᠶᠠᠷ ᠢᠯᠡ ᠲᠣᠳᠣ ᠪᠠᠶᠠᠷ ᠳᠤᠷᠠᠰᠬᠠᠯ ᠤᠨ ᠡᠳᠦᠷ ᠤᠨ ᠠᠵᠢᠯᠯᠠᠭ᠎ᠠ ᠶᠢ ᠤᠬᠠᠭᠠᠯᠠᠨ ᠰᠡᠳᠦᠵᠦ᠂ ᠣᠨᠴᠠᠯᠢᠭᠲᠤ ᠵᠢᠭᠤᠯᠴᠢᠯᠠᠯ ᠤᠨ ᠲᠠᠸᠠᠷ ᠢ ᠨᠡᠭᠡᠭᠡᠨ ᠬᠥᠭᠵᠢᠭᠦᠯᠵᠦ ᠪᠣᠷᠣᠯᠠᠭᠤᠯᠬᠤ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠵᠢᠭᠤᠯᠴᠢᠯᠠᠯ ᠤᠨ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠤᠷᠲᠤᠳᠬᠠᠵᠤ᠂ ᠲᠤᠷᠰᠢᠯᠲᠠ ᠶᠢᠨ ᠣᠷᠣᠨ ᠢ ᠢᠳᠡᠭᠡᠨ ᠤᠮᠳᠠᠭᠠᠨ᠂ ᠬᠤᠨᠤᠭ ᠪᠠᠭᠤᠳᠠᠯ᠂ ᠪᠠᠷᠠᠭ᠎ᠠ ᠬᠤᠳᠠᠯᠳᠤᠨ ᠠᠪᠬᠤ ᠶᠢ ᠨᠢᠭᠡ ᠴᠣᠭᠴᠠᠵᠢᠭᠤᠯᠤᠭᠰᠠᠨ ᠰᠣᠶᠣᠯ ᠤᠨ ᠣᠶᠢᠯᠠᠭᠠᠯᠲᠠ ᠶᠢᠨ ᠵᠢᠭᠤᠯᠴᠢᠯᠠᠯ ᠤᠨ ᠵᠣᠷᠢᠭᠰᠠᠨ ᠭᠠᠵᠠᠷ ᠪᠣᠯᠭᠠᠨ ᠪᠥᠲᠥᠭᠡᠨ ᠪᠠᠶᠢᠭᠤᠯᠤᠨ᠎ᠠ᠃      ᠰᠣᠶᠣᠯ ᠤᠨ ᠦᠵᠡᠰᠬᠦᠯᠡᠩ ᠤᠨ ᠠᠵᠤ ᠦᠢᠯᠡᠰ ᠤᠨ ᠲᠥᠪᠯᠡᠷᠡᠭᠰᠡᠨ ᠣᠷᠣᠨ᠃ ︽3 + 3︾ ᠶᠢᠨ ᠬᠠᠮᠲᠤᠷᠠᠯᠴᠠᠭᠠᠨ ᠤ ᠬᠤᠷᠠᠯ ᠢ ᠢᠳᠡᠪᠬᠢᠲᠡᠶ ᠠᠬᠢᠭᠤᠯᠵᠤ᠂ ᠳᠤᠮᠳᠠᠳᠤ ᠮᠣᠩᠭᠤᠯ ᠤᠨ ᠦᠵᠡᠰᠬᠦᠯᠡᠩ ᠵᠡᠭᠦᠨ ᠬᠠᠲᠠᠪᠴᠢ ᠪᠣᠭᠤᠮᠲᠠ ᠶᠢᠨ ᠬᠠᠮᠲᠤᠷᠠᠯᠴᠠᠭ᠎ᠠ ᠬᠥᠭᠵᠢᠯᠲᠡ ᠶᠢᠨ ᠶᠠᠷᠢᠶᠠᠨ ᠤ ᠲᠠᠪᠴᠠᠩ᠂ ᠳᠤᠮᠳᠠᠳᠤ ᠤᠯᠤᠰ ᠮᠣᠩᠭᠤᠯ ᠤᠯᠤᠰ ᠤᠨ ᠦᠵᠡᠰᠬᠦᠯᠡᠩ ᠤᠨ ᠴᠤᠭᠯᠠᠭᠠᠨ ᠵᠡᠭᠦᠨ ᠬᠠᠲᠠᠪᠴᠢ ᠦᠨᠳᠦᠰᠦᠲᠡᠨ ᠤ ᠲᠠᠸᠠᠷ ᠤᠨ ᠠᠷᠠᠯᠵᠢᠶᠠᠨ ᠤ ᠴᠤᠭᠯᠠᠭᠠᠨ ᠢ ᠰᠠᠶᠢᠲᠤᠷ ᠡᠷᠭᠢᠯᠡᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠨ᠂ ᠲᠤᠷᠰᠢᠯᠲᠠ ᠶᠢᠨ ᠣᠷᠣᠨ ᠤ ᠨᠥᠯᠥᠭᠡᠯᠡᠬᠦ ᠬᠦᠴᠦᠨ᠂ ᠨᠥᠯᠥᠭᠡᠯᠡᠬᠦ ᠬᠦᠴᠦᠨ᠂ ᠠᠵᠤ ᠠᠬᠤᠶ ᠶᠢᠨ ᠠᠮᠢᠵᠢᠷᠠᠯ ᠤᠨ ᠬᠦᠴᠦᠨ ᠢ ᠴᠢᠩᠭᠠᠷᠠᠭᠤᠯᠵᠤ᠂ ᠪᠣᠭᠤᠮᠲᠠ ᠶᠢᠨ ᠬᠤᠷᠠᠯ ᠦᠵᠡᠰᠬᠦᠯᠡᠩ ᠤᠨ ᠨᠠᠷᠠᠲᠤ ᠲᠥᠷᠥᠯ ᠲᠡᠮᠳᠡᠭᠲᠦ ᠶᠢ ᠴᠢᠷᠮᠠᠶᠢᠨ ᠪᠣᠶ ᠪᠣᠯᠭᠠᠵᠤ᠂ ᠬᠤᠷᠠᠯ ᠦᠵᠡᠰᠬᠦᠯᠡᠩ ᠤᠨ ᠬᠡᠪᠴᠢᠶ᠎ᠡ ᠶᠢ ᠥᠷᠭᠡᠳᠬᠡᠨ᠂ ᠬᠤᠷᠠᠯ ᠦᠵᠡᠰᠬᠦᠯᠡᠩ ᠤᠨ ᠬᠥᠲᠥᠴᠢ ᠠᠵᠤ ᠠᠬᠤᠶᠢᠯᠠᠯ ᠪᠠ ᠡᠭᠦᠰᠦᠮᠡᠯ ᠦᠢᠯᠡᠴᠢᠯᠡᠭᠡᠨ ᠤ ᠠᠵᠤ ᠠᠬᠤᠶᠢᠯᠠᠯ ᠢ ᠪᠤᠶᠢᠵᠢᠭᠤᠯᠤᠨ᠎ᠠ᠃      ᠭᠤᠷᠪᠠ᠂ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠤᠨ᠎ᠠ        ᠲᠡᠮᠦᠷ ᠵᠠᠮ ᠤᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ︽ᠪᠠᠷᠠᠭᠤᠨᠳᠠᠬᠢ ᠱᠤᠭᠤᠮ︾ ᠢ ︽ᠵᠡᠭᠦᠨᠳᠠᠬᠢ ᠱᠤᠭᠤᠮ︾ ᠲᠠᠢ ᠬᠤᠯᠪᠣᠬᠤ ᠢᠨᠵᠧᠨᠧᠷᠢᠩ᠂ ᠪᠠᠷᠠᠭᠤᠨᠳᠠᠬᠢ ᠲᠡᠮᠦᠷ ᠵᠠᠮ ᠤᠨ ᠳᠥᠷᠪᠡᠳᠦᠭᠡᠷ ᠬᠤᠭᠤᠴᠠᠭᠠᠨ ᠤ ᠢᠨᠵᠧᠨᠧᠷᠢᠩ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠵᠡᠭᠦᠨ ᠬᠠᠲᠠᠪᠴᠢ ᠪᠣᠭᠤᠮᠲᠠ ᠶᠢᠨ ᠰᠢᠨᠵᠢᠶᠠᠩ ᠳᠤ ᠨᠡᠪᠲᠡᠷᠡᠬᠦ ᠳᠠᠯᠠᠢ ᠳᠤ ᠨᠡᠪᠲᠡᠷᠡᠬᠦ ᠰᠢᠨ᠎ᠡ ᠵᠠᠮ ᠢ ᠨᠡᠪᠲᠡᠷᠡᠭᠦᠯᠦᠨ᠎ᠡ᠃ ᠬᠢᠯᠢ ᠠᠯᠤᠰᠯᠠᠭᠰᠠᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠡᠭᠦᠨ ᠬᠠᠲᠠᠪᠴᠢ ᠪᠣᠭᠤᠮᠲᠠ- ᠪᠢᠴᠢᠭᠳᠦ ᠪᠣᠭᠤᠮᠲᠠ —ᠬᠤᠲ — ᠴᠦᠢᠪᠠᠯᠰᠠᠩ ᠤᠨ ᠬᠢᠯᠢ ᠠᠯᠤᠰᠯᠠᠭᠰᠠᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠵᠡᠭᠦᠨ ᠬᠠᠲᠠᠪᠴᠢ ᠶᠢᠨ ᠲᠡᠮᠦᠷ ᠵᠠᠮ ᠤᠨ ᠪᠣᠭᠤᠮᠲᠠ ᠶᠢ ᠨᠡᠪᠲᠡᠷᠡᠭᠦᠯᠬᠦ ᠪᠠᠷ ᠮᠡᠳᠡᠭᠦᠯᠬᠦ ᠠᠵᠢᠯ ᠢ ᠡᠬᠢᠯᠡᠭᠦᠯᠵᠦ᠂ ᠵᠡᠭᠦᠨ ᠦᠵᠦᠮᠦᠴᠢᠨ ᠬᠤᠰᠢᠭᠤᠨ ᠤ ᠵᠡᠭᠦᠨ ᠬᠠᠲᠠᠪᠴᠢ ᠲᠡᠮᠦᠷ ᠵᠠᠮ ᠤᠨ ᠪᠣᠭᠤᠮᠲᠠ ᠶᠢᠨ ᠬᠤᠯᠪᠣᠭᠠᠯᠠᠨ ᠪᠠᠶᠢᠴᠠᠭᠠᠬᠤ ᠲᠣᠭᠤᠷᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃      ᠵᠠᠰᠠᠮᠠᠯ ᠵᠠᠮ ᠤᠨ ᠪᠠᠷᠠᠭ᠎ᠠ ᠲᠡᠭᠡᠭᠡᠪᠦᠷᠢᠯᠡᠬᠦ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠵᠡᠭᠦᠨ ᠬᠠᠲᠠᠪᠴᠢ ᠪᠣᠭᠤᠮᠲᠠ — ᠪᠢᠴᠢᠭᠳᠦ ᠪᠣᠭᠤᠮᠲᠠ —ᠪᠠᠷᠠᠭᠤᠬᠤᠷᠲᠤ ᠶᠢᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠵᠡᠭᠦᠨ ᠦᠵᠦᠮᠦᠴᠢᠨ ᠬᠤᠰᠢᠭᠤᠨ ᠤ ᠵᠡᠭᠦᠨ ᠬᠠᠲᠠᠪᠴᠢ ᠵᠠᠰᠠᠮᠠᠯ ᠵᠠᠮ ᠤᠨ ᠪᠣᠭᠤᠮᠲᠠ ᠶᠢᠨ ᠰᠠᠭᠤᠷᠢ ᠲᠦᠬᠦᠭᠡᠷᠦᠮᠵᠢ ᠪᠠ ᠠᠴᠢᠶᠠᠨ ᠤ ᠲᠡᠷᠭᠡ ᠶᠢᠨ ᠦᠢᠯᠡᠴᠢᠯᠡᠭᠡᠨ ᠤ ᠲᠣᠭᠤᠷᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃      ᠪᠣᠭᠤᠮᠲᠠ ᠪᠠᠷ ᠥᠩᠭᠡᠷᠡᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠤ ᠭᠠᠵᠠᠷ ᠰᠢᠷᠣᠢ ᠶᠢᠨ ᠣᠷᠴᠢᠨ ᠠᠬᠤᠢ ᠶᠢᠨ ᠦᠨᠡᠯᠡᠯᠲᠡ ᠪᠠ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠳᠤᠮᠳᠠᠳᠤ ᠮᠣᠩᠭᠤᠯ ᠣᠷᠣᠰ ᠤᠨ ᠲᠣᠭᠠᠴᠢᠯᠠᠭᠰᠠᠨ ᠠᠷᠠᠯᠵᠢᠶᠠᠨ ᠤ ᠣᠯᠠᠨ ᠤᠯᠤᠰ ᠤᠨ ᠬᠦᠢᠰᠦ ᠭᠠᠷᠠᠮ + ᠲᠣᠭᠠᠴᠢᠯᠠᠭᠰᠠᠨ ᠲᠣᠷᠭᠠᠨ ᠵᠠᠮ ᠤᠨ ᠲᠥᠷᠥᠯ ᠵᠦᠢᠯ ᠢ ᠰᠠᠶᠢᠲᠤᠷ ᠨᠠᠶᠢᠳᠠᠪᠤᠷᠢᠵᠢᠭᠤᠯᠵᠤ᠂ ᠤᠶᠤᠨᠲᠤ ᠬᠢᠯᠢ ᠶᠢᠨ ᠪᠣᠭᠤᠮᠲᠠ᠂ ᠤᠶᠤᠨᠲᠤ ᠪᠠᠷᠠᠭᠠᠨ ᠤ ᠭᠦᠢᠯᠭᠡᠭᠡ ᠵᠡᠷᠭᠡ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠡᠭᠦᠨ ᠬᠠᠲᠠᠪᠴᠢ ᠬᠢᠯᠢ ᠶᠢᠨ ᠪᠣᠭᠤᠮᠲᠠ ᠪᠠᠷ ᠬᠦᠢᠰᠦ ᠪᠣᠯᠭᠠᠭᠰᠠᠨ ᠲᠣᠭᠠᠴᠢᠯᠠᠭᠰᠠᠨ ᠲᠣᠷᠭᠠᠨ ᠵᠠᠮ ᠢ ᠪᠠᠶᠢᠭᠤᠯᠤᠨ᠎ᠠ᠃      ᠳᠥᠷᠪᠡ᠂ ᠪᠣᠭᠤᠮᠲᠠ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠤᠨ᠎ᠠ      ︽ᠤᠯᠤᠰ ᠤᠨ ᠤᠮᠠᠷᠠᠰᠢ ᠨᠡᠭᠡᠭᠡᠯᠲᠡ ᠬᠢᠵᠦ ᠨᠡᠭᠡᠭᠡᠨ ᠬᠥᠭᠵᠢᠭᠦᠯᠬᠦ ᠡᠮᠦᠨ᠎ᠡ ᠹᠷᠣᠨᠲ︾ ᠢ ᠴᠣᠭᠴᠠᠯᠠᠨ ᠪᠠᠶᠢᠭᠤᠯᠬᠤ ᠪᠠᠶᠢᠷᠢ ᠲᠣᠭᠲᠠᠭᠠᠯᠲᠠ ᠶᠢᠨ ᠱᠠᠭᠠᠷᠳᠠᠯᠭ᠎ᠠ ᠶᠣᠰᠣᠭᠠᠷ᠂ ᠪᠣᠭᠤᠮᠲᠠ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠣᠭᠤᠮᠲᠠ ᠪᠠᠷ ᠥᠩᠭᠡᠷᠡᠬᠦ ᠨᠥᠬᠦᠴᠡᠯ ᠢ ᠰᠠᠶᠢᠵᠢᠷᠠᠭᠤᠯᠤᠨ᠎ᠠ᠃ ︽ᠭᠤᠷᠪᠠᠨ  ᠬᠠᠷᠢᠯᠴᠠᠭ᠎ᠠ︾ ᠪᠣᠭᠤᠮᠲᠠ ᠪᠠᠷ ᠥᠩᠭᠡᠷᠡᠬᠦ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠭᠠᠳᠠᠭᠠᠳᠤ ᠨᠡᠭᠡᠭᠡᠯᠲᠡ ᠶᠢᠨ ᠰᠢᠨ᠎ᠡ ᠲᠣᠭᠲᠠᠴᠠ ᠶᠢ ᠪᠠᠶᠢᠭᠤᠯᠵᠤ᠂ ᠬᠠᠤᠯᠢᠵᠢᠭᠰᠠᠨ᠂ ᠳᠡᠯᠡᠬᠡᠶᠢᠵᠢᠭᠰᠡᠨ᠂ ᠳᠥᠭᠦᠮᠴᠢᠯᠡᠭᠰᠡᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠡᠭᠦᠯᠳᠡᠷᠵᠢᠭᠦᠯᠦᠨ᠎ᠡ᠃ ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠶ ᠪᠠᠷ ᠵᠠᠯᠭᠠᠨ ᠠᠪᠴᠤ᠂ ᠣᠯᠠᠨ ᠤᠯᠤᠰ ᠤᠨ ᠵᠠᠬ᠎ᠠ ᠳᠡᠯᠭᠡᠭᠦᠷ ᠲᠤ ᠥᠷᠢᠰᠥᠯᠳᠦᠬᠦ ᠴᠢᠳᠠᠪᠤᠷᠢ ᠲᠠᠢ ᠡᠳ᠋ᠰᠢᠭᠦᠯᠬᠦ ᠠᠵᠤ ᠠᠬᠤᠶᠢᠯᠠᠯ ᠢ ᠣᠷᠣᠭᠤᠯᠵᠤ ᠢᠷᠡᠬᠦ ᠪᠠ ᠪᠤᠶᠢᠵᠢᠭᠤᠯᠦᠨ᠎ᠡ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠲᠠᠷᠠᠬᠠᠶ ᠡᠵᠡᠩᠨᠡᠯᠲᠡ ᠠᠴᠠ ᠪᠠᠨ ᠬᠤᠷᠰᠢᠨ ᠬᠥᠭᠵᠢᠬᠦ ᠲᠡᠰᠢ ᠬᠥᠭᠵᠢᠬᠦ ᠶᠢ ᠲᠦᠯᠬᠢᠨ ᠠᠬᠢᠭᠤᠯᠵᠤ᠂ ᠤᠯᠤᠰ ᠤᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠲᠡᠳᠬᠦᠬᠦ ᠲᠥᠷᠥ ᠶᠢᠨ ᠪᠣᠳᠣᠯᠭ᠎ᠠ ᠶᠢ ᠴᠢᠷᠮᠠᠶᠢᠨ ᠣᠯᠵᠤ᠂ ᠭᠠᠳᠠᠭᠠᠳᠤ ᠠᠷᠠᠯᠵᠢᠶᠠᠨ ᠤ ᠡᠵᠡᠩᠨᠡᠯᠲᠡ ᠶᠢᠨ ᠬᠡᠪᠴᠢᠶ᠎ᠡ ᠶᠢ ᠲᠠᠰᠤᠷᠠᠯᠲᠠ ᠤᠢᠭᠡᠢ ᠥᠷᠭᠡᠳᠬᠡᠨ᠂ ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠲᠦᠷᠭᠡᠨ ᠨᠡᠮᠡᠭᠳᠡᠬᠦ ᠶᠢ ᠲᠦᠯᠬᠢᠨ ᠠᠬᠢᠭᠤᠯᠤᠨ᠎ᠠ᠃ ᠳᠠᠪᠠᠭᠤᠯᠢᠭ ᠠᠵᠤ ᠠᠬᠤᠶᠢᠯᠠᠯ ᠤᠨ ᠮᠣᠩᠭᠤᠯ᠂ ᠣᠷᠣᠰ᠂ ᠳᠤᠮᠳᠠ ᠠᠽᠢᠶ᠎ᠠ ᠵᠡᠷᠭᠡ ᠤᠯᠤᠰ ᠪᠠ ᠭᠠᠵᠠᠷ ᠣᠷᠣᠨ ᠳᠤ ᠣᠴᠢᠵᠤ ᠵᠠᠬ᠎ᠠ ᠳᠡᠯᠭᠡᠭᠦᠷ ᠨᠡᠭᠡᠭᠡᠬᠦ ᠶᠢ ᠳᠡᠮᠵᠢᠵᠦ᠂ ᠨᠥᠬᠦᠴᠡᠯ ᠲᠠᠢ ᠠᠵᠤ ᠠᠬᠤᠶᠢᠯᠠᠯ ᠤᠨ ︽ᠭᠠᠷᠴᠤ ᠶᠠᠪᠤᠬᠤ︾ ᠶᠢ ᠬᠥᠲᠥᠯᠥᠨ ᠵᠢᠯᠣᠭᠤᠳᠴᠤ ᠪᠠᠶᠢᠭᠠᠳ ᠬᠢᠯᠢ ᠶᠢᠨ ᠭᠠᠳᠠᠨ᠎ᠠ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠦᠢᠯᠡᠳᠪᠦᠷᠢᠯᠡᠵᠦ ᠡᠳ᠋ᠰᠢᠭᠦᠯᠬᠦ ᠪᠠ ᠬᠤᠪᠴᠠᠰᠤ ᠬᠤᠨᠠᠷ ᠤᠨ ᠠᠷᠠᠯᠵᠢᠶᠠᠨ ᠤ ᠰᠠᠭᠤᠷᠢᠨ ᠭᠠᠵᠠᠷ ᠢ ᠪᠠᠶᠢᠭᠤᠯᠤᠨ᠎ᠠ᠃ ᠮᠥᠩᠭᠦᠨ ᠭᠦᠢᠯᠭᠡᠭᠡ᠂ ᠳᠠᠭᠠᠳᠬᠠᠯ᠂ ᠭᠠᠶᠢᠯᠢ ᠶᠢᠨ ᠶᠠᠪᠤᠳᠠᠯ᠂ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠵᠡᠷᠭᠡ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠢᠯᠢ ᠶᠢᠨ ᠠᠷᠠᠯᠵᠢᠶ᠎ᠠ ᠳᠤ ᠥᠨᠳᠥᠷ ᠪᠦᠲᠦᠮᠵᠢᠲᠡᠢ ᠳᠥᠭᠦᠮ ᠳᠥᠲᠡ ᠦᠢᠯᠡᠴᠢᠯᠡᠭᠡ ᠬᠠᠩᠭᠠᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠬᠢᠯᠢ ᠶᠢᠨ ᠳᠣᠲᠣᠷ᠎ᠠ ᠭᠠᠳᠠᠨᠠᠬᠢ ᠶᠢ ᠬᠤᠯᠪᠣᠭᠰᠠᠨ ᠤᠯᠤᠰ ᠤᠨ ᠪᠣᠳᠠᠰ ᠤᠨ ᠭᠦᠢᠯᠭᠡᠭᠡᠨ ᠤ ᠴᠢᠬᠤᠯᠠ ᠵᠠᠩᠭᠢᠯᠠᠭ᠎ᠠ ᠶᠢᠨ ᠴᠡᠭ ᠢ ᠪᠠᠶᠢᠭᠤᠯᠤᠨ᠎ᠠ᠃ ᠵᠡᠭᠦᠨ ᠬᠠᠲᠠᠪᠴᠢ ᠬᠢᠯᠢ ᠶᠢᠨ ᠪᠣᠭᠤᠮᠲᠠ ᠯᠤᠭ᠎ᠠ ᠶᠢᠨ ᠣᠷᠣᠨ ᠪᠦᠰᠡ ᠶᠢᠨ ᠳᠣᠲᠣᠷᠠᠬᠢ ᠬᠠᠮᠲᠤᠷᠠᠯᠴᠠᠭ᠎ᠠ ᠰᠣᠯᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠮᠳᠠᠳᠤ᠂ ᠮᠣᠩᠭᠤᠯ ᠬᠤᠶᠠᠷ ᠤᠯᠤᠰ ᠤᠨ ᠬᠤᠶᠠᠷ ᠲᠠᠯ᠎ᠠ ᠶᠢᠨ ᠭᠠᠵᠠᠷ ᠣᠷᠣᠨ ᠤ ᠬᠠᠮᠲᠤᠷᠠᠯᠴᠠᠭᠠᠨ ᠤ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃ ᠤᠯᠤᠰ ᠤᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠵᠠᠬ᠎ᠠ ᠳᠡᠯᠭᠡᠭᠦᠷ ᠲᠤ ᠭᠠᠳᠠᠭᠠᠳᠤ ᠠᠴᠠ ᠣᠷᠣᠭᠤᠯᠤᠭᠰᠠᠨ ᠲᠠᠸᠠᠷ ᠢ ᠪᠣᠳᠠᠲᠠᠶᠢᠵᠢᠭᠤᠯᠤᠨ ᠡᠳ᠋ᠰᠢᠭᠦᠯᠬᠦ ᠲᠤᠷᠰᠢᠯᠲᠠ ᠶᠢᠨ ᠴᠡᠭ ᠤᠨ ᠬᠤᠲᠠ ᠶᠢᠨ ᠲᠥᠷᠥ ᠶᠢᠨ ᠪᠣᠳᠣᠯᠭ᠎ᠠ ᠶᠢᠨ ᠰᠢᠨ᠎ᠡ ᠶᠢ ᠡᠭᠦᠳᠬᠦ ᠶᠢ ᠢᠳᠡᠪᠬᠢᠲᠡᠶ ᠪᠠᠷ ᠰᠦᠪᠡᠭᠴᠢᠯᠡᠨ᠎ᠡ᠃      ᠬᠤᠶᠠᠳᠤᠭᠠᠷ ᠬᠡᠰᠡᠭ    ᠤᠯᠤᠰ ᠤᠨ ᠳᠣᠲᠣᠭᠠᠳᠤ ᠶᠢᠨ ᠣᠷᠣᠨ ᠪᠦᠰᠡ ᠶᠢᠨ ᠬᠠᠮᠲᠤᠷᠠᠯᠴᠠᠭ᠎ᠠ      ᠣᠷᠣᠨ ᠪᠦᠰᠡ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠡᠭᠦᠨ ᠬᠤᠶᠢᠲᠣ ᠶᠢᠨ ᠭᠤᠷᠪᠠᠨ ᠮᠤᠵᠢ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠵᠡᠷᠭᠡ ᠭᠠᠵᠠᠷ ᠣᠷᠣᠨ ᠤ ᠨᠥᠯᠥᠭᠡᠯᠡᠨ ᠳᠠᠶᠢᠴᠢᠯᠠᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠠᠵᠤ ᠦᠢᠯᠡᠰ᠂ ᠪᠡᠯᠡ ᠮᠥᠩᠭᠦ᠂ ᠮᠡᠷᠭᠡᠵᠢᠯ᠂ ᠴᠢᠳᠠᠪᠤᠷᠢᠲᠠᠨ ᠤ ᠰᠢᠯᠵᠢᠯᠲᠡ ᠶᠢ ᠥᠨᠳᠥᠷ ᠡᠬᠢᠯᠡᠯᠲᠡ ᠠᠴᠠ ᠵᠠᠯᠭᠠᠨ ᠠᠪᠴᠤ᠂ ᠲᠡᠷᠢᠭᠦᠨ ᠤ ᠭᠠᠵᠠᠷ ᠣᠷᠣᠨ ᠤ ᠬᠥᠭᠵᠢᠯᠲᠡ ᠶᠢ ᠲᠦᠷᠭᠡᠳᠬᠡᠨ᠎ᠡ᠃      ᠨᠢᠭᠡ᠂ ᠰᠢᠯᠢ ᠶᠢᠨ ᠭᠤᠤᠯ ᠠᠶᠢᠮᠠᠭ ᠤᠨ ᠬᠥᠭᠵᠢᠯᠲᠡ ᠶᠢᠨ ᠶᠡᠭᠡ ᠲᠠᠯ᠎ᠠ ᠳᠤ ᠠᠭᠤᠰᠣᠯᠴᠠᠨ᠎ᠠ      ᠤᠯᠤᠰ ᠤᠨ ᠰᠢᠨ᠎ᠡ ᠨᠢᠭᠡ ᠡᠭᠡᠯᠵᠢ ᠶᠢᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠲᠥᠷᠦ ᠶᠢᠨ ᠪᠣᠳᠣᠯᠭ᠎ᠠ ᠶᠢ ᠲᠦᠯᠬᠢᠨ ᠠᠬᠢᠭᠤᠯᠵᠤ ᠪᠠᠶᠢᠭ᠎ᠠ ᠠᠵᠠ ᠲᠣᠬᠢᠶᠠᠯ ᠢ ᠡᠵᠡᠮᠳᠡᠨ᠂ ᠵᠡᠭᠦᠨ ᠦᠵᠦᠮᠦᠴᠢᠨ ᠬᠤᠰᠢᠭᠤᠨ ᠤ ᠬᠠᠷᠢᠴᠠᠩᠭᠤᠢ ᠳᠠᠪᠠᠭᠤᠯᠢᠭ ᠲᠤ ᠰᠠᠭᠤᠷᠢᠯᠠᠨ᠂ ᠰᠢᠯᠢ ᠶᠢᠨ ᠭᠤᠣᠯ ᠠᠶᠢᠮᠠᠭ ᠤᠨ ᠬᠥᠭᠵᠢᠯᠲᠡ ᠶᠢᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠪᠣᠳᠠᠰ ᠤᠨ ᠭᠦᠢᠯᠭᠡᠭᠡ᠂ ᠵᠤᠭᠠᠴᠠᠯ᠂ ᠴᠡᠪᠡᠷ ᠡᠨᠧᠷᠭᠢ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ᠂ ᠡᠬᠡ ᠬᠠᠭᠤᠷᠠᠢ ᠶᠢᠨ ᠭᠠᠷᠠᠮ᠂ ᠬᠢᠯᠢ ᠠᠯᠤᠰᠯᠠᠭᠰᠠᠨ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠥᠷᠨᠢᠭᠦᠯᠦᠨ᠎ᠡ᠃ ᠪᠣᠭᠤᠮᠲᠠ ᠪᠠᠷ ᠲᠦᠰᠢᠭ ᠪᠣᠯᠭᠠᠵᠤ᠂ ᠪᠣᠭᠤᠮᠲᠠ ᠬᠢᠭᠡᠳ ᠳᠣᠲᠣᠷ᠎ᠠ ᠭᠠᠵᠠᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠎ᠠ᠃ ᠤᠯᠤᠰ ᠤᠨ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠭᠤᠣᠯᠳᠠᠯᠭ᠎ᠠ ᠲᠠᠢ ᠣᠷᠣᠨ ᠪᠦᠰᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠵᠣᠷᠢᠭᠵᠢᠭᠤᠯᠬᠤ ᠠᠵᠠ ᠲᠣᠬᠢᠶᠠᠯ ᠢ ᠠᠳᠬᠤᠵᠣ᠂ ᠰᠢᠯᠢ ᠶᠢᠨ ᠭᠤᠣᠯ ᠠᠶᠢᠮᠠᠭ᠂ ᠤᠯᠠᠭᠠᠨᠬᠠᠳᠠ᠂ ᠴᠤᠤᠶᠠᠩ᠂ ᠵᠢᠨᠵᠧᠦ ᠵᠡᠷᠭᠡ ᠡᠬᠡ ᠬᠠᠭᠤᠷᠠᠢ ᠪᠠ ᠳᠠᠯᠠᠢ ᠲᠠᠩᠭᠢᠰ ᠲᠤ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠯᠢᠶᠣᠤᠨᠢᠩ ᠥᠪᠥᠷ ᠮᠣᠩᠭᠤᠯ ᠤᠨ ᠳᠠᠯᠠᠢ ᠲᠠᠩᠭᠢᠰ ᠡᠬᠡ ᠬᠠᠭᠤᠷᠠᠢ ᠶᠢᠨ ᠨᠡᠭᠡᠭᠡᠯᠲᠡᠲᠦ ᠬᠠᠮᠲᠤᠷᠠᠯᠴᠠᠭᠠᠨ ᠤ ᠲᠤᠷᠰᠢᠯᠲᠠ ᠶᠢᠨ ᠣᠷᠣᠨ ᠢ ᠬᠠᠮᠲᠤ ᠪᠠᠷ ᠪᠦᠲᠦᠭᠡᠨ ᠪᠠᠶᠢᠭᠤᠯᠤᠨ᠎ᠠ᠃ ᠵᠡᠭᠦᠨ ᠬᠤᠶᠢᠲᠤ ᠣᠷᠣᠨ ᠯᠤᠭ᠎ᠠ ᠶᠢᠨ ᠣᠷᠣᠨ ᠪᠦᠰᠡ ᠶᠢᠨ ᠠᠵᠤ ᠠᠬᠤᠶ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠢᠯᠠᠩᠭᠤᠶ᠎ᠠ ᠤᠯᠤᠰ ᠤᠨ ᠳᠣᠲᠣᠭᠠᠳᠤ ᠶᠢᠨ ᠵᠠᠮ ᠳᠠᠭᠠᠤ ᠭᠠᠵᠠᠷ ᠣᠷᠣᠨ ᠨᠤᠭᠤᠳ ᠪᠣᠯ ᠡᠯ᠎ᠡ ᠭᠠᠵᠠᠷ ᠤᠨ ᠪᠣᠳᠠᠰ ᠤᠨ ᠭᠦᠢᠯᠭᠡᠭᠡᠨ ᠤ ᠲᠣᠭᠤᠷᠢᠭ᠂ ᠠᠵᠤ ᠦᠢᠯᠡᠳᠪᠦᠷᠢ ᠶᠢᠨ ᠲᠣᠭᠤᠷᠢᠭ᠂ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠲᠣᠭᠤᠷᠢᠭ᠂ ᠶᠡᠷᠦᠩᠬᠡᠶᠢᠯᠡᠨ ᠪᠠᠲᠤᠯᠠᠬᠤ ᠲᠣᠭᠤᠷᠢᠭ᠂ ᠭᠠᠶᠢᠯᠢ ᠮᠡᠳᠡᠭᠦᠯᠬᠦ ᠪᠣᠳᠠᠰ ᠤᠨ ᠭᠦᠢᠯᠭᠡᠭᠡᠨ ᠤ ᠲᠥᠪ ᠵᠡᠷᠭᠡ ᠴᠢᠳᠠᠮᠵᠢ ᠪᠠᠷ ᠢᠶᠠᠨ ᠣᠷᠣᠨ ᠪᠦᠰᠡ ᠶᠢᠨ ᠠᠵᠤ ᠠᠬᠤᠶ ᠶᠢᠨ ᠬᠠᠮᠵᠢᠯᠴᠠᠬᠤ ᠲᠣᠭᠲᠠᠴᠠ ᠶᠢ ᠪᠡᠶᠡᠯᠡᠭᠦᠯᠦᠨ᠂ ᠲᠥᠷᠥ ᠶᠢᠨ ᠪᠣᠳᠣᠯᠭ᠎ᠠ ᠶᠢᠨ ᠡᠬᠢ ᠪᠠᠶᠠᠯᠢᠭ ᠤᠨ ᠳᠠᠪᠠᠭᠤᠯᠢᠭ ᠢ ᠬᠠᠮᠲᠤᠪᠠᠷ ᠡᠳ᠋ᠯᠡᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠭᠰᠡᠨ ᠵᠦᠷᠢᠶᠡᠴᠢᠯᠡᠭᠰᠡᠨ ᠵᠣᠬᠢᠴᠠᠩᠭᠤᠶ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠤᠶ ᠪᠣᠯᠭᠠᠨ᠎ᠠ᠃ ᠴᠤᠤᠶᠠᠩ᠂ ᠹᠦᠰᠢᠨ᠂ ᠵᠢᠨᠵᠧᠦ ᠯᠦᠭᠡ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠬᠡ ᠬᠠᠭᠤᠷᠠᠢ ᠶᠢᠨ ᠭᠠᠷᠠᠮ ᠤᠨ ᠠᠵᠤ ᠠᠬᠤᠢ ᠶᠢ ᠬᠥᠭᠵᠢᠭᠦᠯᠦᠨ᠎ᠡ᠃ ᠳᠠᠪᠠᠭᠤᠯᠢᠭ ᠠᠵᠤ ᠠᠬᠤᠶᠢᠯᠠᠯ ᠤᠨ ᠭᠠᠳᠠᠭᠰᠢ ᠭᠠᠷᠴᠤ᠂ ᠪᠦᠯᠬᠦᠮ ᠵᠣᠬᠢᠶᠠᠨ ᠪᠠᠶᠢᠭᠤᠯᠤᠨ ᠵᠠᠬ᠎ᠠ ᠳᠡᠯᠭᠡᠭᠦᠷ ᠤᠨ ᠥᠷᠢᠰᠥᠯᠳᠦᠭᠡᠨ ᠳᠤ ᠣᠷᠣᠯᠴᠠᠬᠤ ᠶᠢ ᠤᠯᠠᠮ ᠨᠢᠭᠡ ᠠᠯᠬᠤᠮ ᠵᠣᠷᠢᠭᠵᠢᠭᠤᠯᠤᠨ᠎ᠠ᠃ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠣᠯ ᠠᠶᠢᠮᠠᠭ        ︵ᠰᠢᠯᠢᠩᠬᠤᠲᠠ᠂ ᠵᠡᠭᠦᠨ ᠦᠵᠦᠮᠦᠴᠢᠨ ᠬᠤᠰᠢᠭᠤ᠂ ᠪᠠᠷᠠᠭᠤᠨ ᠦᠵᠦᠮᠦᠴᠢᠨ ᠬᠤᠰᠢᠭᠤ︶ ᠤᠨ ᠠᠵᠤ ᠠᠬᠤᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠨ᠎ᠠ᠃ ᠰᠢᠯᠢ ᠶᠢᠨ ᠭᠤᠣᠯ ᠠᠶᠢᠮᠠᠭ ᠬᠢᠭᠡᠳ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠤᠲᠠ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠪᠣᠭᠤᠮᠲᠠ ᠬᠢᠭᠡᠳ  ᠳᠣᠲᠣᠷ ᠭᠠᠵᠠᠷ ᠢ ᠨᠢᠭᠡ ᠴᠣᠭᠴᠠᠵᠢᠭᠤᠯᠤᠭᠰᠠᠨ ᠥᠷᠭᠡᠨ ᠬᠡᠪᠴᠢᠶᠡᠨ ᠤ ᠪᠣᠭᠤᠮᠲᠠ ᠶᠢᠨ ᠠᠵᠤ ᠠᠬᠤᠶ ᠶᠢᠨ ᠣᠷᠣᠨ ᠢ ᠪᠥᠲᠥᠭᠡᠨ ᠪᠠᠶᠢᠭᠤᠯᠤᠨ᠎ᠠ᠃      ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠭᠰᠠᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠳᠤ ᠪᠦᠬᠦ ᠲᠠᠯ᠎ᠠ ᠪᠠᠷ ᠠᠭᠤᠰᠣᠯᠴᠠᠵᠣ᠂ ᠨᠡᠶᠢᠰᠯᠡᠯ ᠤᠨ ᠪᠤᠰᠤ ᠴᠢᠳᠠᠮᠵᠢ ᠶᠢᠨ ᠰᠢᠯᠵᠢᠯᠲᠡ ᠶᠢ ᠢᠳᠡᠪᠬᠢᠲᠡᠢ ᠪᠠᠷ ᠬᠦᠯᠢᠶᠡᠨ ᠠᠪᠤᠨ᠎ᠠ᠃ ᠪᠡᠭᠡᠵᠢᠩ ᠲᠢᠶᠠᠨᠵᠢᠨ ᠾᠧᠪᠧᠢ᠂ ᠪᠦᠸᠧᠬᠠᠢ ᠲᠠᠩᠭᠢᠰ ᠤᠨ ᠡᠷᠭᠢᠨ ᠲᠣᠭᠤᠷᠢᠨ ᠤ ᠠᠵᠤ ᠠᠬᠤᠢ ᠶᠢᠨ ᠴᠠᠭᠠᠷᠢᠭ ᠤᠨ ᠬᠠᠮᠵᠢᠯᠴᠠᠨ ᠬᠥᠭᠵᠢᠬᠦ ᠲᠠᠢ ᠵᠣᠯᠭᠠᠭᠤᠯᠵᠤ᠂ ᠪᠡᠭᠡᠵᠢᠩ ᠲᠢᠶᠠᠨᠵᠢᠨ ᠾᠧᠪᠧᠢ ᠶᠢᠨ ᠮᠡᠷᠭᠡᠵᠢᠯ᠂ ᠪᠡᠯᠡ ᠮᠦᠩᠬᠦ᠂ ᠴᠢᠳᠠᠪᠤᠷᠢᠲᠠᠨ ᠵᠡᠷᠭᠡ ᠳᠡᠭᠡᠳᠦ ᠲᠡᠰ ᠤᠨ ᠬᠦᠴᠦᠨ ᠵᠦᠢᠯ ᠤᠨ ᠡᠬᠢ ᠪᠠᠶᠠᠯᠢᠭ ᠢ ᠰᠢᠩᠭᠡᠭᠡᠨ ᠠᠪᠴᠤ᠂ ᠠᠵᠤ ᠦᠢᠯᠡᠰ ᠤᠨ ᠬᠠᠷᠢᠶ᠎ᠠ ᠭᠠᠵᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠠᠷᠢᠶ᠎ᠠ ᠭᠠᠵᠠᠷ ᠢ ᠲᠦᠷᠭᠡᠳᠬᠡᠨ ᠪᠠᠶᠢᠭᠤᠯᠵᠤ᠂ ᠠᠵᠤ ᠠᠬᠤᠶᠢᠯᠠᠯ ᠤᠨ ᠶᠡᠷᠦᠩᠬᠡᠢ ᠬᠡᠯᠲᠡᠰ ᠪᠠ ᠬᠤᠪᠢᠶᠠᠷᠢ ᠬᠡᠯᠲᠡᠰ᠂ ᠰᠤᠳᠤᠯᠤᠨ ᠨᠡᠭᠡᠭᠡᠬᠦ ᠪᠠᠶᠢᠭᠤᠯᠤᠮᠵᠢ᠂ ᠠᠵᠢᠯ ᠲᠥᠷᠥᠯ ᠤᠨ ᠨᠡᠶᠢᠭᠡᠮᠯᠢᠭ ᠪᠤᠶᠤ ᠠᠵᠤ ᠦᠢᠯᠡᠰ ᠤᠨ ᠬᠤᠯᠪᠣᠭ᠎ᠠ ᠶᠢ ᠲᠡᠳᠡᠨ ᠣᠷᠣᠭᠤᠯᠵᠤ ᠰᠠᠭᠤᠷᠢᠰᠢᠭᠤᠯᠤᠨ᠎ᠠ᠃ ᠡᠯ᠎ᠡ ᠭᠠᠵᠠᠷ ᠣᠷᠣᠨ ᠤ ᠬᠠᠷᠢᠴᠠᠭᠤᠯᠤᠭᠰᠠᠨ ᠳᠠᠪᠠᠭᠤᠯᠢᠭ ᠢ ᠭᠦᠢᠴᠡᠳ ᠪᠠᠳᠠᠷᠠᠭᠤᠯᠬᠤ᠂ ᠡᠯ᠎ᠡ ᠲᠦᠷᠦᠯ ᠤᠨ ᠡᠯᠧᠮᠧᠨ᠋ᠲ ᠢ ᠡᠮᠬᠢ ᠵᠢᠷᠤᠮ ᠲᠠᠢ ᠪᠠᠷ ᠴᠢᠯᠥᠭᠡᠲᠡᠢ ᠰᠢᠯᠵᠢᠭᠦᠯᠬᠦ ᠪᠠ ᠰᠢᠯᠢᠳᠡᠭᠵᠢᠭᠦᠯᠦᠨ ᠲᠤᠬᠢᠷᠠᠭᠤᠯᠬᠤ᠂ ᠭᠠᠵᠠᠷ ᠣᠷᠣᠨ ᠤ ᠬᠤᠭᠤᠷᠣᠨᠳᠣ ᠪᠠᠨ ᠰᠠᠶᠢᠨ ᠨᠥᠬᠦᠴᠡᠯᠳᠦᠭᠰᠡᠨ ᠣᠷᠣᠨ ᠪᠦᠰᠡ ᠶᠢᠨ ᠬᠥᠭᠵᠢᠯᠲᠡ ᠶᠢᠨ ᠪᠠᠶᠢᠷᠢᠰᠢᠯ ᠢ ᠴᠢᠷᠮᠠᠶᠢᠨ ᠪᠤᠢ ᠪᠣᠯᠭᠠᠨ᠎ᠠ᠃ ᠬᠠᠮᠲᠤᠷᠠᠯᠴᠠᠭᠠᠨ ᠤ ᠬᠡᠪ ᠵᠠᠭᠪᠤᠷ ᠤᠨ ᠲᠠᠯ᠎ᠠ ᠪᠠᠷ ᠰᠢᠨ᠎ᠡ ᠶᠢ ᠡᠭᠦᠳᠴᠦ᠂ ᠪᠠᠶᠢᠯᠳᠤᠬᠤ ᠪᠤᠳᠤᠯᠭ᠎ᠠ ᠶᠢᠨ ᠪᠡᠯᠡ ᠣᠷᠣᠭᠤᠯᠤᠭᠴᠢᠳ ᠢ ᠲᠠᠲᠠᠵᠤ ᠣᠷᠣᠨ ᠲᠣᠭᠤᠷᠢᠭ ᠢᠶᠠᠨ ᠬᠠᠮᠲᠤᠷᠠᠨ ᠪᠠᠶᠢᠭᠤᠯᠵᠤ᠂ ᠮᠠᠯ ᠤᠨ ᠠᠰᠢᠭ ᠰᠢᠮ᠎ᠡ ᠶᠢ ᠪᠣᠯᠪᠠᠰᠤᠷᠠᠭᠤᠯᠬᠤ ᠪᠠ ᠰᠣᠶᠣᠯ ᠵᠢᠭᠤᠯᠴᠢᠯᠠᠯ ᠵᠡᠷᠭᠡ ᠠᠵᠤ ᠦᠢᠯᠡᠰ ᠢ ᠬᠠᠮᠲᠤᠷᠠᠨ ᠬᠥᠭᠵᠢᠭᠦᠯᠵᠦ᠂ ᠡᠬᠢ ᠪᠠᠶᠠᠯᠢᠭ ᠤᠨ ᠡᠯᠧᠮᠧᠨ᠋ᠲ ᠢ ᠡᠮᠬᠢᠯᠡᠨ ᠨᠡᠶᠢᠯᠡᠭᠦᠯᠬᠦ᠂ ᠠᠵᠤ ᠦᠢᠯᠡᠰ ᠤᠨ ᠪᠠᠶᠢᠷᠢᠰᠢᠯ ᠢ ᠲᠤᠬᠢᠷᠠᠭᠤᠯᠬᠤ᠂ ᠰᠠᠭᠤᠷᠢ ᠲᠥᠬᠦᠭᠡᠷᠦᠮᠵᠢ ᠶᠢ ᠵᠣᠯᠭᠠᠭᠤᠯᠬᠤ᠂ ᠠᠮᠢ ᠠᠬᠤᠢ ᠶᠢᠨ ᠣᠷᠴᠢᠨ ᠨᠥᠬᠦᠴᠡᠯ ᠢ ᠵᠠᠰᠠᠬᠤ ᠵᠡᠷᠭᠡ ᠲᠠᠯ᠎ᠠ ᠶᠢᠨ ᠵᠣᠬᠢᠴᠠᠭᠤᠯᠭ᠎ᠠ ᠪᠠ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠡᠬᠢ ᠪᠠᠶᠠᠯᠢᠭ ᠢᠶᠠᠷ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭ ᠣᠯᠭᠤᠵᠤ ᠬᠠᠮᠲᠤᠪᠠᠷ ᠣᠯᠵᠠ ᠬᠦᠷᠲᠡᠬᠦ ᠬᠥᠭᠵᠢᠯᠲᠡ ᠶᠢᠨ ᠵᠠᠷᠴᠢᠮ ᠢ ᠪᠠᠷᠢᠮᠲᠠᠯᠠᠨ᠂ ᠳᠡᠭᠡᠳᠤ ᠬᠢᠷᠢ ᠲᠦᠪᠰᠢᠨ ᠪᠦᠬᠦᠢ ᠠᠵᠤ ᠦᠢᠯᠡᠰ ᠤᠨ ᠳᠠᠭᠠᠭᠠᠨ ᠠᠪᠬᠤ ᠲᠠᠪᠴᠠᠩ ᠢ ᠪᠠᠶᠢᠭᠤᠯᠵᠤ᠂ ᠳᠡᠭᠡᠳᠣ ᠰᠢᠨ᠎ᠡ ᠮᠡᠷᠭᠡᠵᠢᠯ ᠤᠨ ᠠᠵᠤ ᠦᠢᠯᠡᠰ ᠢ ᠣᠷᠣᠭᠤᠯᠤᠨ ᠠᠪᠴᠢᠷᠠᠨ᠎ᠠ᠃ ᠠᠵᠤ ᠦᠢᠯᠡᠰ ᠤᠨ ᠰᠢᠯᠵᠢᠯᠲᠡ ᠶᠢ ᠵᠣᠯᠭᠠᠭᠤᠯᠬᠤ ᠬᠢᠭᠡᠳ ᠠᠵᠤ ᠦᠢᠯᠡᠰ ᠤᠨ ᠳᠡᠰ ᠳᠡᠪᠰᠢᠬᠦ᠂ ᠠᠵᠤ ᠦᠢᠯᠡᠰ ᠤᠨ ᠤᠷᠲᠤᠳᠬᠠᠯ ᠢ ᠵᠡᠷᠭᠡ ᠳᠤᠨᠢ ᠲᠦᠯᠬᠢᠨ ᠠᠬᠢᠭᠤᠯᠬᠤ ᠶᠢ ᠪᠡᠶᠡᠯᠡᠭᠦᠯᠤᠨ᠎ᠠ᠃      ᠬᠤᠶᠠᠷ᠂ ᠬᠥᠷᠰᠢ ᠵᠡᠷᠭᠡᠯᠡᠳᠡᠭᠡ ᠭᠠᠵᠠᠷ ᠣᠷᠣᠨ ᠲᠠᠢ ᠬᠠᠮᠵᠢᠯᠴᠠᠨ ᠬᠠᠮᠲᠤᠪᠠᠷ ᠠᠰᠢᠭ ᠬᠦᠷᠲᠡᠬᠦ ᠶᠢ ᠴᠢᠩᠭᠠᠳᠬᠠᠨ᠎ᠠ      ᠤᠯᠤᠰ ᠤᠨ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠰᠢᠨ᠎ᠡ ᠪᠠᠶᠢᠷᠢᠰᠢᠯ ᠠᠴᠠ ᠪᠦᠷᠢᠯᠳᠦᠭᠰᠡᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠢ ᠡᠵᠡᠮᠳᠡᠵᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠬᠥᠷᠰᠢ ᠵᠡᠷᠭᠡᠯᠡᠳᠡᠭᠡ ᠭᠠᠵᠠᠷ ᠣᠷᠣᠨ ᠤ ᠬᠤᠭᠤᠷᠣᠨᠳᠣᠬᠢ ᠲᠥᠯᠥᠪᠵᠢᠭᠦᠯᠭᠡ᠂ ᠠᠵᠤ ᠦᠢᠯᠡᠰ᠂ ᠵᠠᠬ᠎ᠠ ᠳᠡᠯᠭᠡᠭᠦᠷ᠂ ᠵᠠᠮ ᠬᠠᠷᠢᠯᠴᠠᠭ᠎ᠠ ᠵᠡᠷᠭᠡ ᠬᠦᠷᠢᠶᠡᠨ ᠤ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠤᠨ᠎ᠠ᠃ ᠡᠷᠭᠢᠨ ᠲᠣᠭᠤᠷᠢᠨ ᠤ ᠭᠠᠵᠠᠷ ᠣᠷᠣᠨ ᠤ ᠰᠠᠭᠤᠷᠢ ᠲᠦᠬᠦᠭᠡᠷᠦᠮᠵᠢ ᠶᠢ ᠬᠠᠮᠵᠢᠯᠴᠠᠨ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠲᠡᠮᠦᠷ ᠵᠠᠮ᠂ ᠵᠠᠰᠠᠮᠠᠯ ᠵᠠᠮ᠂ ᠴᠢᠮᠡᠭᠡ ᠨᠡᠪᠲᠡᠷᠡᠭᠦᠯᠭᠡ ᠵᠡᠷᠭᠡ ᠴᠢᠬᠤᠯᠠ ᠶᠡᠭᠡ ᠪᠠᠷᠢᠯᠭ᠎ᠠ ᠶᠢᠨ ᠲᠦᠬᠦᠭᠡᠷᠦᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃ ᠣᠷᠣᠨ ᠪᠦᠰᠡ ᠶᠢᠨ ᠴᠢᠨᠠᠷ ᠰᠠᠶᠢᠲᠠᠶ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠣᠷᠣᠨ ᠪᠦᠰᠡ ᠶᠢᠨ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ᠂ ᠣᠷᠣᠨ ᠪᠦᠰᠡ ᠠᠯᠤᠰᠯᠠᠭᠰᠠᠨ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠳᠠᠪᠠᠭᠤᠯᠢᠭ ᠠᠵᠤ ᠦᠢᠯᠡᠰ ᠤᠨ ᠲᠥᠪᠯᠡᠷᠡᠯ ᠢ ᠪᠣᠶ ᠪᠣᠯᠭᠠᠨ᠎ᠠ᠃      ᠬᠢᠩᠭᠠᠨ ᠠᠶᠢᠮᠠᠭ᠂ ᠲᠦᠩᠯᠢᠶᠣᠤ᠂ ᠤᠯᠠᠭᠠᠨᠬᠠᠳᠠ ᠵᠢᠴᠢ ᠰᠢᠯᠢᠩᠬᠤᠲᠠ᠂ ᠪᠠᠷᠠᠭᠤᠨ ᠦᠵᠦᠮᠦᠴᠢᠨ ᠬᠤᠰᠢᠭᠤ᠂ ᠠᠪᠠᠭ᠎ᠠ ᠬᠤᠰᠢᠭᠤ ᠵᠡᠷᠭᠡ ᠠᠶᠢᠮᠠᠭ ᠬᠤᠲᠠ᠂ ᠬᠤᠰᠢᠭᠤ ᠰᠢᠶᠠᠨ ᠯᠤᠭ᠎ᠠ ᠶᠢᠨ ᠵᠣᠯᠭᠠᠭᠤᠯᠤᠨ ᠬᠠᠮᠵᠢᠯᠴᠠᠬᠤ ᠶᠢ ᠭᠦᠨᠵᠡᠭᠡᠶᠢᠷᠡᠭᠦᠯᠵᠦ᠂ ᠪᠣᠭᠤᠮᠲᠠ ᠶᠢᠨ ᠠᠵᠤ ᠠᠬᠤᠶ ᠶᠢᠨ ᠴᠠᠭᠠᠷᠢᠭ ᠤᠨ ᠬᠥᠭᠵᠢᠯᠲᠡ ᠶᠢᠨ ᠵᠠᠭᠪᠤᠷ ᠲᠤ ᠰᠢᠨ᠎ᠡ ᠶᠢ ᠡᠭᠦᠳᠴᠦ᠂ ᠣᠷᠣᠨ ᠪᠦᠰᠡ ᠶᠢᠨ ᠴᠢᠨᠠᠷᠲᠠᠶ ᠶᠡᠭᠡ ᠬᠡᠮᠵᠢᠶᠡᠨ ᠤ ᠲᠠᠸᠠᠷ ᠪᠠ ᠭᠦᠢᠯᠭᠡᠭᠡᠨ ᠤ ᠡᠳ᠋ᠰᠢᠭᠦᠯᠬᠦ ᠰᠠᠭᠤᠷᠢᠨ ᠭᠠᠵᠠᠷ ᠢ ᠪᠤᠶ ᠪᠣᠯᠭᠠᠨ᠎ᠠ᠃ ᠰᠢᠯᠢ ᠶᠢᠨ ᠬᠤᠲᠠ᠂ ᠤᠯᠠᠭᠠᠨᠬᠠᠳᠠ ᠬᠤᠲᠠ ᠵᠢᠴᠢ ᠲᠦᠩᠯᠢᠶᠣᠤ ᠬᠤᠲᠠ ᠵᠡᠷᠭᠡ ᠡᠷᠭᠢᠨ ᠲᠣᠭᠤᠷᠢᠨ ᠤ ᠠᠵᠤ ᠦᠢᠯᠡᠰ ᠤᠨ ᠲᠣᠭᠤᠷᠢᠭ ᠯᠤᠭ᠎ᠠ ᠶᠢᠨ ᠬᠠᠮᠲᠤᠷᠠᠯᠴᠠᠭ᠎ᠠ ᠶᠢ ᠠᠬᠢᠭᠤᠯᠵᠤ᠂ ︽ᠠᠵᠤ ᠠᠬᠤᠶᠢᠯᠠᠯ ᠪᠦᠯᠬᠦᠮ ᠪᠠᠶᠢᠭᠤᠯᠬᠤ︾ ᠪᠠ   ︽ᠵᠠᠰᠠᠭ ᠤᠨ ᠣᠷᠳᠣᠨ ᠤ ᠬᠤᠭᠤᠷᠣᠨᠳᠣᠬᠢ ᠬᠡᠯᠡᠯᠴᠡᠭᠡᠷ︾ ᠵᠡᠷᠭᠡ ᠠᠷᠭ᠎ᠠ ᠮᠠᠶ᠋ᠢᠭ ᠢ ᠬᠡᠷᠡᠭᠯᠡᠨ᠂ ᠬᠠᠮᠲᠤᠷᠠᠯᠴᠠᠨ ᠬᠠᠮᠲᠤᠪᠠᠷ ᠪᠠᠶᠢᠭᠤᠯᠬᠤ᠂ ᠨᠠᠶᠢᠳᠠᠨ ᠬᠠᠮᠢᠶᠠᠷᠤᠭᠤᠯᠵᠤ ᠪᠦᠲᠦᠭᠡᠨ ᠪᠠᠶᠢᠭᠤᠯᠬᠤ ᠵᠡᠷᠭᠡ ᠰᠢᠨ᠎ᠡ ᠬᠡᠯᠪᠡᠷᠢ ᠶᠢᠨ ᠬᠠᠮᠲᠤᠷᠠᠯᠴᠠᠬᠤ ᠵᠠᠭᠪᠤᠷ ᠢ ᠰᠦᠪᠡᠭᠴᠢᠯᠡᠵᠦ᠂ ︽ᠬᠠᠷᠢᠶ᠎ᠠ ᠭᠠᠵᠠᠷ ᠤᠨ ᠠᠵᠤ ᠠᠬᠤᠶ︾ ᠶᠢ ᠡᠮᠬᠢ ᠵᠢᠷᠤᠮ ᠲᠠᠢ ᠪᠠᠷ ᠬᠥᠭᠵᠢᠭᠦᠯᠦᠨ᠂ ︽ᠬᠦᠷᠢᠶᠡᠯᠡᠩ ᠳᠣᠲᠣᠷᠠᠬᠢ ᠬᠦᠷᠢᠶᠡᠯᠡᠩ︾ ᠪᠠ ︽ᠬᠠᠮᠲᠤᠪᠠᠷ ᠪᠠᠶᠢᠭᠤᠯᠬᠤ ᠬᠦᠷᠢᠶᠡᠯᠡᠩ︾ ᠢ ᠪᠤᠢ ᠪᠣᠯᠭᠠᠵᠤ᠂ ︽ᠡᠬᠢ ᠪᠠᠶᠠᠯᠢᠭ + ᠪᠡᠯᠡ ᠮᠦᠩᠬᠦ + ᠮᠡᠷᠭᠡᠵᠢᠯ︾ ᠤᠨ ᠣᠷᠣᠨ ᠪᠦᠰᠡ ᠶᠢᠨ ᠬᠠᠮᠲᠤᠷᠠᠯᠴᠠᠬᠤ ᠵᠠᠭᠪᠤᠷ ᠢ ᠰᠦᠪᠡᠭᠴᠢᠯᠡᠨ᠂ ᠬᠦᠴᠦᠨ ᠵᠦᠢᠯ ᠤᠨ ᠡᠬᠢ ᠪᠠᠶᠠᠯᠢᠭ ᠤᠨ ᠣᠷᠣᠨ ᠪᠦᠰᠡ ᠠᠯᠤᠰᠯᠠᠨ ᠰᠢᠯᠵᠢᠬᠦ ᠶᠢ ᠠᠬᠢᠭᠤᠯᠵᠤ᠂ ᠣᠷᠣᠨ ᠪᠦᠰᠡ ᠶᠢᠨ ᠬᠤᠭᠤᠷᠣᠨᠳᠣᠬᠢ ᠠᠵᠤ ᠦᠢᠯᠡᠰ ᠤᠨ ᠬᠡᠯᠬᠢᠶᠡᠰᠦ ᠶᠢᠨ ᠬᠠᠮᠵᠢᠯᠴᠠᠭ᠎ᠠ ᠶᠢ ᠴᠢᠩᠭᠠᠳᠬᠠᠨ᠎ᠠ᠃      ᠵᠢᠨᠵᠧᠦ ᠭᠠᠷᠠᠮ᠂ ᠤᠯᠠᠭᠠᠨᠬᠠᠳᠠ ᠶᠢᠨ ᠭᠠᠶᠢᠯᠢ ᠪᠠᠲᠤᠯᠠᠬᠤ ᠪᠣᠳᠠᠰ ᠤᠨ ᠭᠦᠢᠯᠭᠡᠭᠡᠨ ᠤ ᠲᠥᠪ ᠵᠡᠷᠭᠡ ᠬᠠᠮᠢᠶ᠎ᠠ ᠪᠦᠬᠦᠢ ᠭᠤᠣᠯ ᠴᠣᠭᠴᠠ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠣᠷᠣᠨ ᠪᠦᠰᠡ ᠶᠢᠨ ᠨᠡᠭᠡᠭᠡᠯᠲᠡ ᠬᠢᠵᠦ ᠬᠠᠮᠲᠤᠷᠠᠯᠴᠠᠬᠤ ᠲᠠᠪᠴᠠᠩ ᠤᠨ ᠰᠢᠨ᠎ᠡ ᠶᠢ ᠡᠭᠦᠳᠦᠨ᠎ᠡ᠃ ᠯᠢᠶᠣᠤᠨᠢᠩ ᠵᠡᠷᠭᠡ ᠬᠥᠷᠰᠢ ᠵᠡᠷᠭᠡᠯᠡᠳᠡᠭᠡ ᠮᠤᠵᠢ ᠬᠤᠲᠠ ᠯᠤᠭ᠎ᠠ ᠶᠢᠨ ᠰᠠᠭᠤᠷᠢ ᠲᠦᠬᠦᠭᠡᠷᠦᠮᠵᠢ ᠶᠢᠨ ᠬᠤᠯᠪᠣᠭᠠᠯᠠᠨ ᠬᠥᠳᠡᠯᠦᠯᠴᠡᠬᠦ᠂ ᠠᠵᠤ ᠦᠢᠯᠡᠰ ᠤᠨ ᠵᠠᠯᠭᠠᠯᠳᠤᠭᠤᠯᠬᠤ᠂ ᠵᠠᠬ᠎ᠠ ᠳᠡᠯᠭᠡᠭᠦᠷ ᠤᠨ ᠨᠡᠭᠡᠭᠡᠯᠲᠡ ᠬᠢᠵᠦ ᠠᠭᠤᠰᠤᠯᠴᠠᠬᠤ ᠶᠢ ᠴᠢᠩᠭᠠᠳᠬᠠᠵᠤ᠂ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠰᠣᠯᠢᠯᠴᠠᠭ᠎ᠠ ᠵᠡᠷᠭᠡ ᠬᠦᠷᠢᠶ᠎ᠡ ᠴᠠᠷᠠᠭ᠎ᠠ ᠳᠤ ᠭᠦᠨᠵᠡᠭᠡᠶ ᠬᠠᠮᠲᠤᠷᠠᠯᠴᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭ ᠬᠦᠷᠲᠡᠵᠦ ᠬᠠᠮᠲᠤᠪᠠᠷ ᠠᠰᠢᠭ ᠬᠦᠷᠲᠡᠬᠦ ᠶᠢ ᠪᠡᠶᠡᠯᠡᠭᠦᠯᠦᠨ᠎ᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号