ᠣᠯᠣᠰ ᠠᠷᠠᠳ ᠤᠨ ᠠᠵᠣ ᠠᠬᠤᠢ ᠪᠠ ᠨᠡᠶᠢᠭᠡᠮ ᠤᠨ ᠭᠦᠭᠵᠢᠯᠲᠡ ᠶᠢᠨ ᠠᠷᠪᠠᠨ ᠲᠦᠷᠪᠡᠳᠦᠭᠡᠷ ᠲᠠᠪᠣᠨ ᠵᠢᠯ ᠤᠨ ᠲᠦᠯᠦᠪᠵᠢᠭᠦᠯᠭᠡ ᠪᠠ 2035 ᠣᠨ ᠤ ᠠᠯᠣᠰ ᠤᠨ ᠬᠠᠷᠠᠯᠲᠠ ᠶᠢᠨ ᠬᠦᠳᠦᠯᠪᠦᠷᠢ ᠶᠢᠨ ᠲᠣᠪᠴᠢ ︵ᠶᠢᠰᠦ︶
ᠨᠡᠶᠢᠲᠡᠯᠡᠭᠰᠡᠨ ᠴᠠᠭ᠄
2021/9/8
ᠶᠢᠰᠦᠳᠦᠭᠡᠷ ᠪᠦᠯᠦᠭ    ᠵᠣᠯ ᠵᠢᠷᠭᠠᠯᠲᠤ ᠪᠣᠯᠪᠠᠰᠤᠨ ᠵᠡᠭᠦᠨ ᠦᠵᠦᠮᠦᠴᠢᠨ ᠬᠤᠰᠢᠭᠤ ᠶᠢ ᠬᠦᠴᠦ ᠪᠠᠨ ᠬᠠᠮᠲᠤᠳᠬᠠᠨ ᠬᠠᠮᠲᠤᠪᠠᠷ ᠪᠠᠶᠢᠭᠤᠯᠣᠨ᠎ᠠ      ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠰᠠᠭᠤᠷᠢ ᠶᠢ ᠰᠠᠶᠢᠲᠤᠷ ᠪᠠᠲᠤᠯᠠᠵᠤ᠂ ᠠᠷᠠᠳ ᠤᠨ ᠠᠮᠢᠳᠤᠷᠠᠯ ᠤᠨ ᠰᠠᠭᠤᠷᠢ ᠶᠢ ᠪᠠᠲᠤ ᠴᠣᠭᠴᠠᠯᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠣᠤᠷ ᠢ ᠰᠠᠶᠢᠲᠤᠷ ᠰᠦᠯᠵᠢᠵᠦ᠂ ᠠᠷᠠᠳ ᠤᠨ ᠠᠮᠢᠳᠤᠷᠠᠯ ᠤᠨ ᠬᠠᠶᠢᠷ᠎ᠠ ᠰᠡᠳᠬᠢᠯᠭᠡ ᠶᠢ ᠢᠮᠠᠭᠲᠠ ᠪᠠᠲᠤᠯᠠᠵᠤ᠂ ᠠᠵᠢᠯ ᠣᠯᠭᠤᠯᠲᠠ᠂ ᠣᠷᠣᠯᠭ᠎ᠠ ᠶᠢᠨ ᠨᠡᠮᠡᠭᠳᠡᠯ ᠢ ᠳᠣᠪᠤᠶᠢᠯᠭᠠᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠠᠪᠤᠴᠠ ᠳᠤ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠦᠢᠯᠡᠰ ᠢ ᠰᠠᠶᠢᠲᠤᠷ ᠡᠷᠭᠢᠯᠡᠬᠦ ᠪᠠᠷ ᠴᠢᠷᠮᠠᠶᠢᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃      ᠨᠢᠭᠡᠳᠦᠭᠡᠷ ᠬᠡᠰᠡᠭ    ᠴᠢᠨᠠᠷ ᠰᠠᠶᠢᠲᠠᠢ ᠠᠵᠢᠯ ᠣᠯᠭᠤᠯᠲᠠ        ︽ᠦᠢᠯᠡᠰ ᠪᠦᠲᠦᠭᠡᠬᠦ ᠪᠠᠷ ᠠᠵᠢᠯ ᠣᠯᠭᠤᠬᠤ ᠶᠢ ᠳᠠᠶᠢᠴᠢᠯᠠᠬᠤ︾ ᠪᠠᠷ ᠵᠢᠯᠣᠭᠤᠳᠤᠯᠭ᠎ᠠ ᠪᠣᠯᠭᠠᠵᠤ᠂ ᠠᠵᠢᠯ ᠣᠯᠭᠤᠯᠲᠠ ᠶᠢ ᠠᠬᠢᠭᠤᠯᠬᠤ ᠠᠵᠢᠯ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠮᠠᠨ ᠤ ᠬᠤᠰᠢᠭᠤ ᠪᠠᠨ ︽ᠠᠵᠢᠯ ᠣᠯᠭᠤᠯᠲᠠ ᠶᠢᠨ ᠦᠢᠯᠡᠰ ᠪᠣᠰᠬᠠᠬᠤ ᠵᠢᠱᠢᠶ᠎ᠡ ᠦᠵᠡᠭᠦᠯᠬᠦ ᠬᠤᠰᠢᠭᠤ︾ ᠪᠣᠯᠭᠠᠨ ᠪᠠᠶᠢᠭᠤᠯᠤᠨ᠎ᠠ᠃      ᠨᠢᠭᠡ᠂ ᠨᠡᠩ ᠢᠳᠡᠪᠬᠢᠲᠡᠶ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠤᠨ᠎ᠠ      ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠠᠵᠢᠯ ᠣᠯᠭᠤᠬᠤ ᠠᠵᠢᠯ ᠤᠨ ᠤᠳᠤᠷᠢᠳᠬᠤ ᠲᠣᠭᠤᠶᠢᠯᠠᠩ ᠤᠨ ᠪᠠᠶᠢᠭᠤᠯᠤᠯᠲᠠ ᠶᠢ ᠴᠢᠩᠭᠠᠷᠠᠭᠤᠯᠤᠨ᠂ ᠠᠵᠢᠯ ᠣᠯᠭᠤᠯᠲᠠ ᠶᠢ ᠬᠢᠨᠠᠨ ᠰᠢᠯᠭᠠᠬᠤ ᠠᠵᠢᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠤᠨ᠎ᠠ᠃ ᠠᠵᠢᠯ ᠣᠯᠭᠤᠬᠤ ᠲᠥᠷᠥ ᠶᠢᠨ ᠪᠣᠳᠣᠯᠭ᠎ᠠ ᠬᠢᠭᠡᠳ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠵᠣᠯᠭᠠᠭᠤᠯᠬᠤ ᠶᠢ ᠴᠢᠩᠭᠠᠳᠬᠠᠵᠤ᠂ ᠠᠵᠢᠯ ᠣᠯᠭᠤᠵᠤ ᠠᠳᠠᠯ ᠦᠢᠯᠡᠰ ᠪᠣᠰᠬᠠᠬᠤ ᠢᠳᠡᠪᠬᠢᠲᠡᠶ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠠᠵᠢᠯ ᠣᠯᠭᠤᠯᠲᠠ ᠶᠢᠨ ᠰᠢᠨ᠎ᠡ ᠨᠡᠮᠡᠭᠳᠡᠯ ᠤᠨ ᠴᠡᠭ ᠢ ᠬᠦᠴᠦᠯᠡᠨ ᠪᠤᠶᠢᠵᠢᠭᠤᠯᠵᠤ᠂ ᠠᠮᠢᠳᠤᠯᠢᠭ ᠠᠵᠢᠯ ᠣᠯᠭᠤᠯᠲᠠ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠪᠠᠶᠢᠳᠠᠯ ᠤᠨ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠴᠢᠩᠭᠠᠳᠬᠠᠨ᠂ ᠤᠯᠠᠨ ᠵᠦᠢᠯ ᠤᠨ ᠬᠡᠯᠪᠡᠷᠢ ᠶᠢᠨ ᠠᠵᠢᠯ ᠣᠯᠭᠤᠯᠲᠠ ᠶᠢ ᠠᠬᠢᠭᠤᠯᠵᠤ ᠂ ᠠᠵᠤ ᠠᠬᠤᠶᠢᠯᠠᠯ ᠤᠨ ᠭᠤᠣᠯᠳᠠᠯᠭ᠎ᠠ ᠲᠠᠢ ᠪᠦᠬᠦᠯᠢ ᠴᠣᠭᠴᠠ ᠶᠢ ᠰᠢᠩᠭᠡᠭᠡᠨ ᠠᠪᠴᠤ ᠠᠵᠢᠯ ᠣᠯᠭᠤᠬᠤ ᠶᠢ ᠳᠡᠮᠵᠢᠨ᠎ᠡ᠃ ᠠᠵᠢᠯ ᠣᠯᠭᠤᠬᠤ ᠮᠡᠳᠡᠭᠡ ᠵᠠᠩᠭᠢ ᠶᠢ ᠬᠢᠨᠠᠨ ᠬᠡᠮᠵᠢᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ ᠂ ᠠᠵᠢᠯ ᠠᠯᠳᠠᠯᠲᠠ ᠶᠢᠨ ᠪᠠᠶᠢᠳᠠᠯ ᠢ ᠬᠥᠳᠡᠯᠦᠩᠭᠦᠶ ᠪᠠᠷ ᠬᠢᠨᠠᠨ ᠬᠡᠮᠵᠢᠬᠦ᠂ ᠲᠥᠰᠦᠭᠡᠯᠡᠵᠦ ᠰᠡᠷᠡᠮᠵᠢᠯᠡᠭᠦᠯᠬᠦ ᠪᠠ ᠰᠡᠷᠭᠡᠶᠢᠯᠡᠵᠦ ᠲᠣᠬᠢᠷᠠᠭᠤᠯᠤᠨ ᠡᠵᠡᠮᠳᠡᠬᠦ  ︽ᠭᠤᠷᠪᠠ ᠶᠢ ᠨᠢᠭᠡ ᠴᠣᠭᠴᠠᠵᠢᠭᠤᠯᠬᠤ︾ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠪᠥᠬᠦ ᠬᠤᠰᠢᠭᠤᠨ ᠤ ᠬᠤᠲᠠ ᠪᠠᠯᠭᠠᠰᠤᠨ ᠤ 5000 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 3.5% ᠠᠴᠠ ᠳᠣᠷᠣᠭᠰᠢ ᠬᠢᠵᠠᠭᠠᠷᠯᠠᠵᠤ᠂ 2500 ᠮᠠᠯᠵᠢᠬᠤ ᠣᠷᠣᠨ ᠤ ᠬᠥᠳᠡᠯᠮᠦᠷᠢ ᠬᠦᠴᠦᠨ ᠢ ᠰᠢᠨ᠎ᠡ ᠪᠠᠷ ᠨᠡᠮᠡᠭᠳᠡᠭᠦᠯᠦᠨ᠎ᠡ᠃      ᠬᠤᠶᠠᠷ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠤᠨ᠎ᠠ      ᠲᠦᠮᠡᠨ ᠣᠯᠠᠨ ᠢᠶᠠᠷ ᠢᠶᠠᠨ ᠦᠢᠯᠡᠰ ᠪᠣᠰᠬᠠᠵᠣ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠭᠦᠨᠵᠡᠭᠡᠶ ᠥᠷᠨᠢᠭᠦᠯᠦᠨ᠂ ︽ᠦᠢᠯᠡᠰ ᠪᠣᠰᠬᠠᠬᠤ ᠬᠡᠯᠪᠡᠷᠢ ᠶᠢᠨ ᠬᠤᠰᠢᠭᠤ ᠰᠢᠶᠠᠨ︾ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ᠦᠢᠯᠡᠰ ᠪᠣᠰᠬᠠᠬᠤ ᠳᠤ ᠪᠡᠯᠡ ᠲᠤᠬᠢᠷᠠᠭᠤᠯᠬᠤ ᠳᠤ ᠬᠦᠴᠢᠷᠲᠡᠢ᠂ ᠪᠣᠱᠤᠭ᠎ᠠ ᠥᠨᠳᠥᠷ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠥᠬᠦᠴᠡᠯ ᠪᠦᠷᠢᠯᠳᠦᠭᠰᠡᠨ ᠦᠶ᠎ᠡ ᠳᠤ ᠠᠵᠢᠯ ᠣᠯᠭᠤᠬᠤ ᠦᠢᠯᠡᠰ ᠪᠣᠰᠬᠠᠬᠤ ᠬᠥᠭᠵᠢᠯᠲᠡ ᠶᠢᠨ ᠰᠠᠭᠤᠷᠢ ᠮᠥᠩᠭᠦ ᠪᠠᠶᠢᠭᠤᠯᠤᠨ᠎ᠠ᠃ ᠦᠢᠯᠡᠰ ᠪᠣᠰᠬᠠᠬᠤ ᠰᠠᠭᠤᠷᠢᠨ ᠭᠠᠵᠠᠷ᠂ ᠦᠢᠯᠡᠰ ᠪᠣᠰᠬᠠᠬᠤ ᠲᠣᠭᠤᠷᠢᠭ ᠪᠠ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠢ ᠵᠡᠷᠭᠡ ᠰᠢᠨ᠎ᠡ ᠬᠡᠯᠪᠡᠷᠢ ᠶᠢᠨ ᠦᠢᠯᠡᠰ ᠪᠣᠰᠬᠠᠬᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠰ ᠪᠣᠰᠬᠠᠬᠤ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠦᠢᠯᠡᠰ ᠪᠣᠰᠬᠠᠬᠤ ᠵᠢᠯᠣᠭᠤᠳᠣᠭᠴᠢ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠦᠢᠯᠡᠰ ᠪᠣᠰᠬᠠᠬᠤ ᠵᠢᠯᠣᠭᠤᠳᠣᠭᠴᠢ ᠪᠠᠭᠰᠢ ᠶᠢᠨ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠦᠢᠯᠡᠰ ᠴᠣᠭᠴᠠᠯᠠᠬᠤ ᠤᠷᠤᠯᠳᠤᠭᠠᠨ᠂ ᠦᠢᠯᠡᠰ ᠪᠣᠰᠬᠠᠵᠣ ᠰᠢᠨ᠎ᠡ ᠶᠢ ᠡᠭᠦᠳᠬᠦ ᠲᠥᠷᠥᠯ ᠵᠦᠢᠯ ᠢ ᠲᠠᠨᠢᠯᠴᠠᠭᠤᠯᠬᠤ ᠪᠠ ᠦᠷ᠎ᠡ ᠪᠦᠲᠦᠭᠡᠯ ᠢ ᠳᠡᠯᠭᠡᠨ ᠦᠵᠡᠭᠦᠯᠬᠦ ᠵᠡᠷᠭᠡ ᠠᠵᠢᠯᠯᠠᠭ᠎ᠠ ᠳᠤ ᠢᠳᠡᠪᠬᠢᠲᠡᠶ ᠣᠷᠣᠯᠴᠠᠨ᠎ᠠ᠃ 2025 ᠣᠨ ᠪᠣᠯᠲᠠᠯ᠎ᠠ᠂ ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠶᠢ 5000 ᠲᠦᠮᠡᠨ ᠲᠥᠭᠦᠷᠢᠭ ᠠᠴᠠ ᠳᠡᠭᠡᠭᠰᠢ ᠲᠠᠯᠪᠢᠬᠤ ᠪᠠᠷ ᠴᠢᠷᠮᠠᠶᠢᠨ᠎ᠠ᠃      ᠭᠤᠷᠪᠠ᠂ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠨ᠎ᠠ      ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠠᠬᠢᠭᠤᠯᠬᠤ ᠪᠠ ᠦᠢᠯᠡᠰ ᠪᠣᠰᠬᠠᠬᠤ ᠶᠢ ᠬᠥᠲᠥᠯᠥᠨ ᠳᠠᠭᠠᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠳᠠᠬᠢᠨ ᠠᠵᠢᠯ ᠣᠯᠭᠤᠬᠤ ᠶᠢ ᠬᠠᠪᠰᠤᠷᠤᠨ ᠲᠡᠳᠬᠦᠬᠦ ᠠᠵᠢᠯᠯᠠᠭ᠎ᠠ ᠶᠢ ᠬᠡᠷᠡᠭᠵᠢᠭᠦᠯᠦᠨ᠂ ᠠᠵᠤ ᠠᠬᠤᠶᠢᠯᠠᠯ ᠤᠳ ᠤᠨ ᠮᠠᠯᠵᠢᠬᠤ ᠣᠷᠣᠨ ᠤ ᠰᠢᠯᠵᠢᠭᠦᠯᠦᠨ ᠠᠵᠢᠯ ᠣᠯᠭᠤᠬᠤ ᠬᠥᠳᠡᠯᠮᠦᠷᠢ ᠬᠦᠴᠦᠨ᠂ ᠴᠡᠷᠢᠭ ᠤᠨ ᠠᠯᠪᠠᠨ ᠠᠴᠠ ᠪᠠᠭᠤᠭᠰᠠᠳ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠳ ᠵᠡᠷᠭᠡ ᠭᠤᠣᠯᠳᠠᠯᠭ᠎ᠠ ᠲᠠᠢ ᠨᠡᠶᠢᠲᠡ ᠴᠣᠭᠴᠠ ᠪᠣᠯᠤᠨ ᠠᠵᠢᠯ ᠣᠯᠬᠤ ᠳᠤ ᠬᠦᠴᠢᠷᠲᠡᠶ ᠬᠥᠮᠦᠰ ᠢ ᠰᠢᠩᠭᠡᠭᠡᠨ ᠠᠪᠴᠤ ᠠᠵᠢᠯ ᠣᠯᠭᠤᠬᠤ ᠶᠢ ᠢᠳᠡᠪᠬᠢᠲᠡᠶ ᠪᠠᠷ ᠵᠣᠷᠢᠭᠵᠢᠭᠤᠯᠤᠨ᠎ᠠ᠃ ᠵᠠᠰᠠᠭ ᠤᠨ ᠣᠷᠳᠣᠨ ᠤ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠡᠷᠴᠢᠮ ᠢ ᠴᠢᠩᠭᠠᠷᠠᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠪᠠ ᠬᠠᠮᠢᠶᠠᠷᠬᠤ ᠶᠢ ᠵᠢᠷᠤᠮᠵᠢᠭᠤᠯᠤᠨ᠎ᠠ᠃ ᠠᠵᠢᠯ ᠣᠯᠬᠤ ᠳᠤ ᠬᠦᠴᠢᠷᠲᠡᠶ ᠬᠥᠮᠦᠰ ᠲᠤ ᠬᠥᠳᠡᠯᠦᠩᠭᠦᠶ ᠬᠠᠮᠢᠶᠠᠷᠤᠯᠲᠠ ᠪᠣᠯᠤᠨ ᠲᠥᠷᠥᠯ ᠬᠤᠪᠢᠶᠠᠨ ᠬᠠᠪᠰᠤᠷᠤᠨ ᠲᠡᠳᠬᠦᠬᠦ ᠶᠢ ᠬᠡᠷᠡᠭᠵᠢᠭᠦᠯᠵᠦ᠂ ᠬᠦᠴᠢᠷᠳᠡᠯᠲᠡᠶ ᠭᠡᠷ ᠪᠦᠯᠢ ᠳᠤ ᠠᠳᠠᠭ ᠲᠠᠭᠠᠨ ᠨᠢᠭᠡ ᠬᠥᠮᠦᠨ ᠳᠤᠨᠢ ᠠᠵᠢᠯ ᠣᠯᠭᠤᠬᠤ ᠶᠢ ᠦᠨᠡᠨᠬᠦ ᠪᠠᠲᠣᠯᠠᠨ᠎ᠠ᠃ ᠡᠮᠡᠭᠲᠡᠶᠢᠴᠦᠳ ᠤᠨ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠵᠦ᠂ ᠠᠵᠢᠯ ᠣᠯᠭᠤᠯᠲᠠ ᠶᠢᠨ ᠬᠦᠢᠰᠦ ᠢᠯᠭᠠᠯ ᠤᠨ ᠭᠠᠳᠠᠭᠤᠷᠴᠢᠯᠠᠯ ᠢ ᠠᠷᠢᠯᠭᠠᠵᠤ᠂ ᠡᠮᠡᠭᠲᠡᠶᠢᠴᠦᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠦᠨ᠎ᠡ᠃      ᠳᠥᠷᠪᠡ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠲᠣᠭᠲᠠᠴᠠ ᠶᠢ ᠲᠡᠭᠦᠯᠳᠡᠷᠵᠢᠭᠦᠯᠤᠨ᠎ᠠ      ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠨᠢᠭᠡᠳᠦᠯᠲᠡᠢ ᠪᠥᠭᠡᠳ ᠵᠢᠷᠤᠮᠵᠢᠭᠰᠠᠨ ᠵᠠᠬ᠎ᠠ ᠳᠡᠯᠭᠡᠭᠦᠷ ᠢ ᠪᠠᠶᠢᠭᠤᠯᠵᠤ᠂ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠠᠮᠢᠳᠤᠯᠢᠭ ᠴᠢᠨᠠᠷ ᠢ ᠴᠢᠩᠭᠠᠳᠬᠠᠵᠤ᠂ ᠬᠥᠳᠡᠯᠮᠦᠷᠢ ᠬᠦᠴᠦᠨ ᠤ ᠴᠢᠯᠥᠭᠡᠲᠡᠢ ᠰᠢᠯᠵᠢᠬᠦ ᠶᠢ ᠠᠬᠢᠭᠤᠯᠤᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠰᠢᠰᠲ᠋ᠧᠮ ᠪᠠ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠢ ᠶᠡᠭᠡ ᠪᠠᠷ ᠬᠥᠭᠵᠢᠭᠦᠯᠵᠦ᠂ ᠡᠷᠬᠡ ᠲᠡᠭᠰᠢ ᠪᠠᠷ ᠠᠵᠢᠯ ᠣᠯᠭᠤᠬᠤ ᠶᠢ ᠨᠥᠯᠥᠭᠡᠯᠡᠬᠦ ᠲᠦᠷᠢᠮ ᠤᠨ ᠬᠠᠷᠰᠢ ᠰᠠᠭᠠᠳ ᠪᠠ ᠠᠵᠢᠯ ᠣᠯᠭᠤᠯᠲᠠ ᠶᠢᠨ ᠭᠠᠳᠠᠭᠤᠷᠴᠢᠯᠠᠯ ᠢ ᠠᠷᠢᠯᠭᠠᠨ᠎ᠠ᠃ ᠠᠵᠢᠯ ᠲᠥᠷᠥᠯ ᠤᠨ ᠨᠡᠶᠢᠭᠡᠮᠯᠢᠭ ᠤᠨ ᠪᠠᠶᠢᠭᠤᠯᠤᠯᠲᠠ ᠶᠢ ᠳᠡᠮᠵᠢᠵᠦ᠂ ᠵᠠᠰᠠᠭ ᠤᠨ ᠣᠷᠳᠣᠨ᠂ ᠨᠡᠶᠢᠭᠡᠮᠯᠢᠭ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠤᠭᠤᠷᠣᠨᠳᠣᠬᠢ ᠰᠠᠶᠢᠨ  ᠦᠢᠯᠡᠳᠦᠯᠴᠡᠯ ᠢ ᠠᠬᠢᠭᠤᠯᠤᠨ᠎ᠠ᠃      ᠲᠠᠪᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠵᠠᠭᠪᠤᠷ ᠤᠨ ᠰᠢᠨ᠎ᠡ ᠶᠢ ᠡᠭᠦᠳᠦᠨ᠎ᠡ      ᠨᠠᠰᠤᠨ ᠲᠤᠷᠰᠢᠳᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠲᠦᠷᠢᠮ ᠢ ᠬᠡᠷᠡᠭᠵᠢᠭᠦᠯᠵᠦ᠂ ᠶᠡᠭᠡ ᠪᠣᠯᠪᠠᠰᠤᠷᠠᠭᠤᠯᠤᠯ ᠤᠨ ᠲᠣᠭᠲᠠᠴᠠ ᠪᠠᠶᠢᠭᠤᠯᠬᠤ ᠶᠢ ᠠᠬᠢᠭᠤᠯᠤᠨ᠎ᠠ᠃ ᠠᠵᠢᠯ ᠮᠡᠷᠭᠡᠵᠢᠯ ᠤᠨ ᠬᠢᠷᠢ ᠬᠡᠮ ᠤᠨ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠬᠢᠷᠢ ᠬᠡᠮ ᠤᠨ ᠬᠠᠮᠢᠶᠠᠷᠤᠯᠲᠠ ᠶᠢ ᠵᠢᠷᠤᠮᠵᠢᠭᠤᠯᠤᠨ᠎ᠠ᠃ ︽ᠠᠵᠤ ᠠᠬᠤᠶᠢᠯᠠᠯ ᠤᠨ ᠵᠠᠬᠢᠶᠠᠯᠠᠭ᠎ᠠ᠂ ᠬᠥᠳᠡᠯᠮᠦᠷᠢᠴᠢᠳ ᠤᠨ ᠰᠣᠩᠭᠤᠯᠲᠠ᠂ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠵᠢᠭᠰᠠᠭᠠᠯᠲᠠ᠂ ᠵᠠᠰᠠᠭ ᠤᠨ ᠣᠷᠳᠣᠨ ᠤ ᠲᠣᠭᠠᠴᠠᠭ᠎ᠠ︾ ᠶᠢᠨ ᠪᠣᠯᠪᠠᠰᠤᠷᠠᠭᠤᠯᠤᠯ ᠤᠨ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠪᠣᠯᠪᠠᠰᠤᠷᠠᠭᠤᠯᠤᠯ ᠤᠨ ᠵᠠᠭᠪᠤᠷ ᠢ ᠰᠦᠪᠡᠭᠴᠢᠯᠡᠨ ᠦᠷᠨᠢᠭᠦᠯᠦᠨ᠎ᠡ᠃ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠤ ᠳᠣᠲᠣᠷᠠᠬᠢ ᠪᠣᠯᠪᠠᠰᠤᠷᠠᠭᠤᠯᠤᠯ ᠬᠦᠷᠲᠡᠬᠦ ᠬᠡᠷᠡᠭᠴᠡᠭᠡ ᠱᠠᠭᠠᠷᠳᠠᠯᠭ᠎ᠠ ᠪᠣᠯᠤᠨ ᠠᠵᠢᠯ ᠣᠯᠬᠤ ᠴᠢᠳᠠᠪᠤᠷᠢ ᠲᠠᠢ ᠭᠤᠣᠯᠳᠠᠯᠭ᠎ᠠ ᠲᠠᠢ ᠬᠥᠮᠦᠰ ᠲᠤ ᠰᠦᠢᠳᠭᠡᠯ ᠬᠤᠷᠢᠶᠠᠬᠤ ᠦᠭᠡᠶ ᠠᠵᠢᠯ ᠤᠨ ᠪᠣᠯᠪᠠᠰᠤᠷᠠᠭᠤᠯᠤᠯ ᠢ ᠬᠡᠷᠡᠭᠵᠢᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ ᠤᠨ ᠲᠦᠯᠦᠪᠵᠢᠭᠦᠯᠭᠡ︾  ᠶᠢᠨ ᠬᠤᠭᠤᠴᠠᠭᠠᠨ ᠳᠤ᠂ ᠬᠤᠲᠠ ᠪᠠᠯᠭᠠᠰᠤᠨ ᠤ ᠠᠵᠢᠯ ᠠᠯᠳᠠᠭᠰᠠᠳ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠳᠤ ᠨᠡᠶᠢᠲᠡ 1500 ᠬᠥᠮᠦᠨ ᠣᠷᠣᠯᠴᠠᠵᠤ᠂ ᠮᠠᠯᠵᠢᠬᠤ ᠣᠷᠣᠨ ᠤ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠳ ᠤᠨ ᠪᠣᠯᠪᠠᠰᠤᠷᠠᠯ ᠳᠤ ᠨᠡᠶᠢᠲᠡ 1000 ᠬᠥᠮᠦᠨ ᠣᠷᠣᠯᠴᠠᠵᠤ᠂ ᠦᠢᠯᠡᠰ ᠪᠣᠰᠬᠠᠬᠤ ᠪᠣᠯᠪᠠᠰᠤᠷᠠᠯ ᠳᠤ ᠨᠡᠶᠢᠲᠡ 500 ᠬᠥᠮᠦᠨ ᠣᠷᠣᠯᠴᠠᠪᠠ᠃      ᠬᠤᠶᠠᠳᠤᠭᠠᠷ ᠬᠡᠰᠡᠭ    ᠣᠳᠣᠬᠢᠴᠢᠯᠠᠭᠰᠠᠨ ᠰᠤᠷᠭᠠᠨ ᠬᠥᠮᠦᠵᠢᠯ      ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠣᠣᠱᠯᠠᠭᠤᠯᠵᠣ᠂ ᠰᠤᠷᠭᠠᠨ ᠬᠥᠮᠦᠵᠢᠯ ᠤᠨ ᠲᠡᠷᠢᠭᠦᠨ ᠪᠠᠶᠢᠷᠢᠨ ᠳᠤ ᠨᠠᠮ ᠤᠨ ᠪᠠᠶᠢᠭᠤᠯᠤᠯᠲᠠ ᠶᠢ ᠠᠳᠬᠤᠬᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠢ ᠠᠳᠬᠤᠬᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢ ᠶᠢ ᠠᠳᠬᠤᠬᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠶᠢ ᠠᠳᠬᠤᠬᠤ᠂ ᠦᠨᠳᠦᠰᠦᠲᠡᠨ ᠤ ᠰᠤᠷᠭᠠᠨ ᠬᠥᠮᠦᠵᠢᠯ ᠤᠨ ᠠᠭᠤᠰᠤᠯᠴᠠᠯ ᠢ ᠠᠳᠬᠤᠬᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠡᠭᠡᠭᠰᠢᠯᠡᠯᠲᠡ ᠶᠢ ᠠᠳᠬᠤᠬᠤ ᠶᠢ ᠪᠠᠷᠢᠮᠲᠠᠯᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠵᠤ᠂ ᠰᠤᠷᠭᠠᠭᠤᠯᠢ ᠶᠢᠨ ᠵᠠᠬᠢᠷᠤᠯ᠂ ᠪᠠᠭᠰᠢ᠂ ᠵᠢᠭᠠᠨ ᠰᠤᠳᠤᠯᠤᠭᠴᠢ ᠪᠠ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠦᠯᠵᠢᠶᠡᠨ ᠳᠡᠭᠡᠷᠡᠬᠢ ᠰᠤᠷᠭᠠᠨ ᠬᠥᠮᠦᠵᠢᠯ ᠤᠨ ᠳᠠᠪᠠᠭᠤᠯᠢᠭ ᠢ ᠪᠠᠳᠠᠷᠠᠭᠤᠯᠵᠤ᠂ ᠨᠠᠰᠤᠨ ᠲᠤᠷᠰᠢᠳᠠ ᠰᠤᠷᠤᠯᠴᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠤᠨ ᠦᠢᠯᠡᠰ ᠤᠨ ᠦᠷᠭᠦᠯᠵᠢᠯᠡᠨ ᠵᠣᠬᠢᠴᠠᠩᠭᠤᠶ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠰᠤᠷᠤᠯᠴᠠᠬᠤ ᠬᠡᠯᠪᠡᠷᠢ ᠶᠢᠨ ᠨᠡᠶᠢᠭᠡᠮ ᠢ ᠪᠥᠲᠥᠭᠡᠨ ᠪᠠᠶᠢᠭᠤᠯᠤᠨ᠎ᠠ᠃      ᠨᠢᠭᠡ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠠᠵᠢᠯᠯᠠᠭᠠᠨ ᠤ ᠲᠥᠯᠥᠪᠯᠡᠭᠡ ᠶᠢ ᠠᠬᠢᠭᠤᠯᠤᠨ᠎ᠠ      ︽ᠲᠠᠪᠤᠨ ᠬᠥᠮᠦᠵᠢᠯ ᠢ ᠵᠡᠷᠭᠡ ᠪᠠᠷ ᠠᠳᠬᠤᠬᠤ︾ ᠶᠢ ᠪᠠᠷᠢᠮᠲᠠᠯᠠᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠪᠠᠷ ᠶᠡᠷᠦᠩᠬᠡᠶᠢᠯᠡᠨ ᠵᠢᠯᠣᠭᠤᠳᠤᠭᠰᠠᠨ ᠳᠣᠮᠳᠠᠳᠣ ᠪᠠᠭ᠎ᠠ ᠬᠡᠤᠬᠡᠳ ᠤᠨ ᠨᠢᠭᠡ ᠴᠣᠭᠴᠠᠵᠢᠭᠰᠠᠨ ᠶᠣᠰᠣ ᠰᠤᠷᠲᠠᠬᠤᠨ ᠤ ᠬᠥᠮᠦᠵᠢᠯ ᠤᠨ ᠲᠣᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠬᠤᠶᠠᠷ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ᠎ᠠ᠃ ᠰᠤᠷᠭᠠᠭᠤᠯᠢ ᠶᠢᠨ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ᠂ ᠬᠥᠳᠡᠯᠮᠦᠷᠢ ᠶᠢᠨ ᠬᠥᠮᠦᠵᠢᠯ ᠢ ᠰᠠᠶᠢᠲᠤᠷ ᠠᠳᠬᠤᠵᠤ᠂ ᠶᠣᠰᠣ ᠮᠣᠷᠠᠯ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠦᠨ᠎ᠡ᠃      ᠬᠤᠶᠠᠷ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠤᠨ᠎ᠠ      ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠥᠭᠵᠢᠯᠲᠡ ᠶᠢ ᠲᠦᠯᠬᠢᠨ ᠠᠬᠢᠭᠤᠯᠵᠤ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠰᠤᠷᠤᠭᠴᠢ ᠨᠢᠭᠡᠪᠦᠷᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠲᠤᠭ᠎ᠠ ᠪᠣᠯᠤᠨ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠨᠥᠬᠦᠪᠥᠷᠢ ᠶᠢᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠤᠯᠢᠶᠠᠰᠤᠲᠠᠢ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ 2025 ᠣᠨ ᠤ ᠡᠴᠦᠰ ᠪᠣᠯᠬᠤ ᠳᠤ᠂ ᠪᠥᠬᠦ ᠬᠤᠰᠢᠭᠤᠨ ᠤ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠤᠨ ᠡᠵᠡᠯᠡᠬᠦ ᠬᠠᠷᠢᠴᠠᠯ ᠢ 85%  ᠠᠴᠠ ᠳᠡᠭᠡᠭᠰᠢ ᠳᠤ ᠬᠦᠷᠦᠭᠦᠯᠦᠨ᠎ᠡ᠃        ᠭᠤᠷᠪᠠ᠂ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠤᠨ᠎ᠠ      ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠰᠤᠷᠭᠠᠭᠤᠯᠢ ᠡᠷᠭᠢᠯᠡᠬᠦ ᠵᠢᠭᠠᠨ ᠰᠤᠷᠭᠠᠯᠲᠠ ᠶᠢᠨ ᠨᠥᠬᠦᠴᠡᠯ ᠢ ᠰᠠᠶᠢᠵᠢᠷᠠᠭᠤᠯᠤᠨ᠂ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ 2.0 ᠠᠵᠢᠯᠯᠠᠭᠠᠨ ᠤ ᠲᠥᠯᠥᠪᠯᠡᠭᠡ ᠶᠢ ᠨᠠᠶᠢᠳᠠᠪᠤᠷᠢᠵᠢᠭᠤᠯᠤᠨ᠎ᠠ᠃ ︽ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠳᠣᠨ ᠤ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠪᠠᠬᠢᠯᠡᠯᠲᠡ ᠰᠢᠪᠳᠣᠯᠬᠤ ᠲᠥᠯᠥᠪᠯᠡᠭᠡ  ︾ ᠶᠢ ᠦᠷᠭᠦᠯᠵᠢᠯᠡᠨ ᠬᠡᠷᠡᠭᠵᠢᠭᠦᠯᠵᠦ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠴᠢᠨᠠᠷ ᠰᠠᠶᠢᠲᠠᠶ ᠣᠨᠴᠠᠯᠢᠭᠲᠤ ᠬᠥᠭᠵᠢᠯᠲᠡ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ᠃ ᠬᠤᠲᠠ ᠣᠷᠣᠵᠤ ᠬᠦᠯᠦᠰᠦᠨ ᠠᠵᠢᠯ ᠬᠢᠭᠰᠡᠳ ᠤᠨ ᠦᠷ᠎ᠡ ᠬᠡᠦᠬᠡᠳ᠂ ᠮᠠᠯᠵᠢᠬᠤ ᠣᠷᠣᠨ ᠤ ᠭᠡᠷ ᠲᠡᠭᠡᠨ ᠬᠤᠴᠣᠷᠤᠭᠰᠠᠨ ᠬᠡᠦᠬᠡᠳ ᠪᠠ ᠵᠡᠮᠳᠡᠭ ᠬᠡᠦᠬᠡᠳ᠂ ᠵᠠᠯᠠᠭᠤᠴᠤᠳ ᠪᠠᠭᠠᠴᠤᠳ ᠤᠨ ᠡᠷᠬᠡ ᠲᠡᠭᠰᠢ ᠪᠠᠷ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠬᠦ ᠶᠢ ᠬᠠᠤᠯᠢ ᠶᠣᠰᠣᠭᠠᠷ ᠪᠠᠲᠤᠯᠠᠨ᠎ᠠ᠃ 2025 ᠣᠨ ᠤ ᠰᠡᠭᠦᠯᠴᠢ ᠪᠣᠯᠬᠤ ᠳᠤ᠂ ᠶᠢᠰᠦᠨ ᠵᠢᠯ  ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠬᠦ ᠨᠣᠷᠮ᠎ᠠ ᠶᠢ 100% ᠪᠣᠯᠭᠠᠨ᠎ᠠ᠃      ᠳᠥᠷᠪᠡ᠂ ᠦᠨᠳᠦᠰᠦᠲᠡᠨ ᠤ ᠰᠤᠷᠭᠠᠨ ᠬᠥᠮᠦᠵᠢᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ      ᠤᠯᠤᠰ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠪᠥᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠬᠡᠷᠡᠭᠵᠢᠭᠦᠯᠦᠨ᠂ ᠦᠨᠳᠦᠰᠦᠲᠡᠨ ᠨᠦᠭᠦᠳ ᠤᠨ ᠰᠤᠷᠤᠭᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠦᠨᠳᠦᠰᠦᠨ ᠳᠡᠭᠡᠨ ᠡᠵᠡᠮᠰᠢᠬᠦ ᠪᠠ ᠬᠡᠷᠡᠭᠯᠡᠬᠦ ᠶᠢ ᠦᠨᠡᠨᠬᠦ ᠪᠠᠲᠤᠯᠠᠨ᠎ᠠ᠃ ᠦᠨᠳᠦᠰᠦᠲᠡᠨ ᠨᠦᠭᠦᠳ ᠤᠨ ᠰᠤᠷᠤᠭᠴᠢᠳ ᠤᠨ ᠨᠢᠭᠡ ᠰᠤᠷᠭᠠᠭᠤᠯᠢ ᠳᠤ ᠬᠠᠮᠲᠤ ᠶᠢᠨ ᠠᠩᠭᠢ ᠡᠷᠬᠢᠯᠡᠬᠦ ᠶᠢ ᠵᠣᠷᠢᠭᠵᠢᠭᠤᠯᠤᠨ᠎ᠠ᠃ ᠴᠥᠭᠡᠨ ᠲᠣᠭᠠᠲᠤ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠯᠵᠢᠯᠲᠡ ᠶᠢᠨ ᠬᠤᠭᠤᠴᠠᠭᠠᠨ ᠤ ᠬᠠᠪᠰᠤᠷᠤᠨ ᠵᠢᠯᠣᠭᠤᠳᠣᠭᠴᠢ ᠶᠢᠨ ᠲᠦᠷᠢᠮ᠂ ᠰᠢᠯᠵᠢᠯᠲᠡ  ᠶᠢᠨ ᠬᠤᠭᠤᠴᠠᠭᠠᠨ ᠤ ᠬᠤᠤᠰ ᠬᠡᠯᠡᠨ ᠤ ᠪᠠᠭᠰᠢ ᠶᠢ ᠨᠥᠬᠦᠪᠥᠷᠢᠯᠡᠬᠦ ᠲᠣᠭᠲᠠᠴᠠ ᠶᠢ ᠪᠠᠶᠢᠭᠤᠯᠤᠨ᠎ᠠ᠃ ᠦᠨᠳᠦᠰᠦᠲᠡᠨ ᠤ ᠰᠤᠷᠭᠠᠨ ᠬᠥᠮᠦᠵᠢᠯ ᠤᠨ ᠦᠢᠯᠡᠰ ᠤᠨ ᠣᠳᠣᠬᠢᠴᠢᠯᠠᠭᠰᠠᠨ ᠬᠥᠭᠵᠢᠯᠲᠡ ᠶᠢ ᠠᠬᠢᠭᠤᠯᠤᠨ᠎ᠠ᠃      ᠲᠠᠪᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠰᠢᠨ᠎ᠡ ᠪᠠᠷ ᠡᠭᠦᠳᠦᠨ ᠬᠥᠭᠵᠢᠭᠦᠯᠦᠨ᠎ᠡ      ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠰᠢᠯᠢ ᠶᠢᠨ ᠭᠤᠤᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠯᠤᠭ᠎ᠠ ᠪᠦᠲᠦᠮᠵᠢᠲᠡᠶ ᠵᠣᠯᠭᠠᠭᠤᠯᠬᠤ ᠶᠢ ᠵᠣᠷᠢᠭᠵᠢᠭᠤᠯᠵᠤ᠂ ︽3 + 2  ︾  ᠤᠨ ᠴᠢᠳᠠᠪᠤᠷᠢᠲᠠᠨ ᠬᠥᠮᠦᠵᠢᠭᠦᠯᠬᠦ ᠵᠠᠭᠪᠤᠷ ᠢ ᠪᠡᠶᠡᠯᠡᠭᠦᠯᠦᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠲᠡᠭᠦᠰᠦᠭᠰᠡᠳ ᠤᠨ ᠰᠤᠷᠭᠠᠭᠤᠯᠢ ᠳᠡᠪᠰᠢᠬᠦ᠂ ᠠᠵᠢᠯ ᠤᠯᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠬᠤ ᠵᠠᠭᠪᠤᠷ ᠲᠤ ᠰᠢᠨ᠎ᠡ ᠶᠢ ᠡᠭᠦᠳᠴᠦ᠂ 2025 ᠣᠨ ᠤ ᠰᠡᠭᠦᠯᠴᠢ ᠪᠣᠯᠬᠤ  ᠳᠤ᠂ ᠰᠤᠷᠭᠠᠭᠤᠯᠢ ᠪᠠ ᠠᠵᠤ ᠠᠬᠤᠶᠢᠯᠠᠯ ᠤᠨ ᠭᠦᠨᠵᠡᠭᠡᠶ ᠬᠠᠮᠲᠤᠷᠠᠯᠴᠠᠬᠤ ᠠᠵᠤ ᠠᠬᠤᠶᠢᠯᠠᠯ ᠤᠨ ᠰᠠᠭᠤᠷᠢᠨ ᠭᠠᠵᠠᠷ  ᠢ 1 ᠪᠠᠶᠢᠭᠤᠯᠬᠤ ᠪᠠᠷ ᠴᠢᠷᠮᠠᠶᠢᠨ᠎ᠠ᠃ ᠬᠤᠤᠰ ᠬᠢᠷᠢ ᠬᠡᠮ ᠲᠠᠢ ᠪᠠᠭᠰᠢ ᠶᠢ ᠬᠥᠮᠦᠵᠢᠭᠦᠯᠬᠦ ᠰᠢᠨ᠎ᠡ ᠲᠣᠭᠲᠠᠴᠠ ᠶᠢ ᠪᠠᠶᠢᠭᠤᠯᠵᠤ᠂ ︽ ᠬᠤᠤᠰ ᠬᠢᠷᠢ ᠬᠡᠮ ᠲᠠᠢ  ︾ ᠪᠠᠭᠰᠢ ᠶᠢᠨ ᠬᠠᠷᠢᠴᠠᠯ ᠢ ᠳᠡᠭᠡᠭᠰᠢᠯᠡᠭᠦᠯᠦᠨ᠎ᠡ᠃      ᠵᠢᠷᠭᠤᠭ᠎ᠠ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ      《 ᠬᠤᠰᠢᠭᠤ ᠠᠴᠠ ᠰᠤᠷᠭᠠᠭᠤᠯᠢ ᠶᠢ ᠬᠠᠮᠢᠶᠠᠷᠴᠤ ᠤᠷᠢᠬᠤ 》ᠥᠭᠡᠷᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠭᠰᠢ ᠶᠢᠨ《 ᠠᠳᠠᠯᠢ ᠠᠵᠢᠯ ᠳᠤ ᠠᠳᠠᠯᠢ ᠬᠥᠯᠥᠰᠥ ᠣᠯᠭᠤᠬᠤ ᠥᠬᠡᠶ 》ᠪᠠᠶᠢᠬᠤ ᠠᠰᠠᠭᠤᠳᠠᠯ ᠢ ᠬᠦᠴᠦᠯᠡᠨ ᠰᠠᠶᠢᠲᠤᠷ ᠰᠢᠶᠳᠪᠦᠷᠢᠯᠡᠨ᠎ᠡ᠃ ᠪᠠᠭᠰᠢ  ᠶᠢᠨ ᠣᠷᠣᠨ ᠲᠤᠭ᠎ᠠ ᠶᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ ᠬᠢᠨᠠᠨ ᠲᠣᠭᠲᠠᠭᠠᠵᠤ᠂ ᠣᠳᠣ ᠶᠢᠨ ᠪᠠᠶᠢᠭ᠎ᠠ ᠣᠷᠣᠨ ᠲᠤᠭ᠎ᠠ ᠶᠢᠨ ᠶᠡᠷᠦᠩᠬᠡᠶ ᠬᠡᠮᠵᠢᠶᠡᠨ ᠳᠣᠲᠣᠷ᠎ᠠ᠂ ᠣᠷᠣᠨ ᠲᠤᠭ᠎ᠠ ᠶᠢᠨ ᠦᠯᠡᠳᠡᠭᠡᠯ ᠢ ᠴᠢᠯᠥᠭᠡᠲᠡᠶ ᠪᠠᠶᠢᠯᠭᠠᠨ᠎ᠠ ᠃ ᠮᠡᠷᠭᠡᠵᠢᠯ ᠤᠨ ᠴᠣᠯᠠ ᠲᠣᠭᠲᠠᠭᠠᠵᠤ ᠤᠷᠢᠬᠤ ᠶᠢ ᠦᠨᠳᠦᠰᠦᠨ ᠱᠠᠲᠤᠨ ᠤ ᠡᠮᠦᠨ᠎ᠡ ᠹᠷᠣᠨᠲ ᠪᠠ ᠦᠨᠳᠦᠰᠦᠲᠡᠨ  ᠤ ᠬᠤᠤᠰ ᠬᠡᠯᠡ ᠪᠠᠷ ᠬᠢᠴᠢᠶᠡᠯᠯᠡᠵᠦ ᠪᠠᠶᠢᠭ᠎ᠠ ᠪᠠᠭᠰᠢ ᠳᠠᠰᠢ ᠬᠡᠯᠪᠡᠶᠢᠯᠭᠡᠬᠦ ᠶᠢ ᠠᠬᠢᠭᠤᠯᠤᠨ᠎ᠠ᠃ ᠪᠠᠭᠰᠢ ᠶᠢᠨ ᠮᠣᠷᠠᠯ᠂ ᠪᠠᠭᠰᠢ ᠶᠢᠨ ᠰᠤᠷᠲᠠᠯ ᠤᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠠᠭᠰᠢ ᠶᠢ ᠪᠣᠯᠪᠠᠰᠤᠷᠠᠭᠤᠯᠤᠨ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠪᠠᠭᠰᠢ ᠶᠢᠨ ᠰᠤᠷᠤᠯᠴᠠᠭᠰᠠᠨ ᠨᠠᠮᠲᠠᠷ ᠪᠣᠯᠤᠨ ᠲᠤᠰᠬᠠᠶ ᠮᠡᠷᠭᠡᠵᠢᠯ ᠤᠨ ᠪᠦᠲᠦᠴᠡ ᠶᠢ ᠰᠢᠯᠢᠳᠡᠭᠵᠢᠭᠦᠯᠦᠨ᠎ᠡ᠃ 2025 ᠣᠨ ᠤ ᠡᠴᠦᠰ ᠪᠣᠯᠬᠤ  ᠳᠤ᠂ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠰᠤᠷᠤᠯᠭ᠎ᠠ ᠶᠢᠨ ᠨᠠᠮᠲᠠᠷ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ 100%   ᠳᠤ ᠬᠦᠷᠭᠡᠨ᠎ᠡ᠃      ᠭᠤᠷᠪᠠᠳᠤᠭᠠᠷ ᠬᠡᠰᠡᠭ    ᠣᠯᠠᠨ ᠨᠡᠶᠢᠲᠡ ᠶᠢᠨ ᠡᠷᠡᠭᠦᠯ ᠮᠡᠨᠳᠦ      ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ ᠴᠢᠭᠯᠡᠯᠲᠡ ᠶᠢ ᠪᠠᠷᠢᠮᠲᠠᠯᠠᠵᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ  ᠤᠨ ᠦᠶᠯᠡᠰ ᠤᠨ ᠬᠥᠭᠵᠢᠯᠲᠡ ᠶᠢᠨ ᠲᠡᠩᠴᠡᠭᠦᠷᠢ ᠥᠬᠡᠶ ᠭᠦᠶᠴᠡᠳ ᠥᠬᠡᠶ ᠪᠠᠶᠢᠬᠤ ᠵᠥᠷᠢᠴᠡᠯ ᠢ ᠨᠠᠮᠳᠠᠭᠤᠯᠵᠤ᠂ ᠠᠷᠠᠳ ᠣᠯᠠᠨ ᠳᠤ ᠡᠷᠬᠡ ᠲᠡᠭᠰᠢ᠂ ᠰᠢᠰᠲ᠋ᠧᠮ ᠲᠠᠢ ᠦᠷᠭᠦᠯᠵᠢᠯᠡᠭᠰᠡᠨ ᠡᠷᠡᠭᠦᠯ ᠮᠡᠨᠳᠦ ᠶᠢᠨ ᠦᠶᠯᠡᠴᠢᠯᠡᠭᠡ ᠶᠢ ᠡᠳ᠋ᠯᠡᠭᠦᠯᠵᠦ᠂ ᠡᠷᠡᠭᠦᠯ ᠡᠩᠬᠡ ᠵᠡᠭᠦᠨ ᠦᠵᠦᠮᠦᠴᠢᠨ ᠢ ᠪᠥᠲᠥᠭᠡᠨ ᠪᠠᠶᠢᠭᠤᠯᠤᠨ᠎ᠠ᠃      ᠨᠢᠭᠡ᠂ ᠡᠮᠴᠢᠯᠡᠭᠡᠨ ᠤ ᠪᠠᠶᠢᠭᠤᠯᠤᠮᠵᠢ ᠶᠢᠨ ᠦᠶᠯᠡᠴᠢᠯᠡᠭᠡᠨ ᠤ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠤᠨ᠎ᠠ      ᠡᠮᠴᠢᠯᠡᠭᠡ ᠡᠷᠡᠭᠦᠯ ᠮᠡᠨᠳᠦ ᠶᠢᠨ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠭᠦᠯᠵᠦ ᠬᠠᠮᠲᠤ ᠪᠠᠷ ᠡᠳ᠋ᠯᠡᠬᠦ ᠶᠢ ᠲᠦᠷᠭᠡᠪᠴᠢᠯᠡᠨ ᠪᠡᠶᠡᠯᠡᠭᠦᠯᠵᠦ᠂《 ᠢᠨᠲ᠋ᠧᠷ ᠰᠦᠯᠵᠢᠶ᠎ᠡ + 》ᠡᠮ ᠤᠨ ᠵᠦᠶᠯ ᠤᠨ ᠬᠠᠩᠭᠠᠯᠭ᠎ᠠ ᠶᠢ ᠪᠠᠲᠤᠯᠠᠬᠤ ᠦᠶᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠤᠨ᠂《 ᠢᠨᠲ᠋ᠧᠷ ᠰᠦᠯᠵᠢᠶ᠎ᠡ + 》ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ᠂ ᠠᠯᠤᠰ ᠡᠵᠡᠮᠰᠢᠯᠲᠦ ᠡᠮᠴᠢᠯᠡᠭᠡᠨ ᠤ ᠦᠶᠯᠡᠴᠢᠯᠡᠭᠡ ᠥᠷᠨᠢᠭᠦᠯᠦᠨ᠎ᠡ᠃ ᠢᠨᠲ᠋ᠧᠷ ᠰᠦᠯᠵᠢᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠥᠭᠵᠢᠯᠲᠡ ᠶᠢ ᠠᠬᠢᠭᠤᠯᠵᠤ᠂《 ᠢᠨᠲ᠋ᠧᠷ ᠰᠦᠯᠵᠢᠶ᠎ᠡ + 》ᠬᠡᠷ ᠪᠦᠯᠢ ᠶᠢᠨ ᠡᠮᠴᠢ ᠶᠢᠨ ᠭᠡᠷ᠎ᠡ ᠲᠣᠭᠳᠠᠬᠤ ᠦᠶᠯᠡᠴᠢᠯᠡᠭᠡ ᠶᠢ ᠠᠯᠬᠤᠮ ᠠᠯᠬᠤᠮ ᠢᠶᠠᠷ ᠥᠷᠨᠢᠭᠦᠯᠦᠨ᠂ ᠰᠦᠯᠵᠢᠶᠡᠨ ᠳᠡᠭᠡᠷ᠎ᠡ ᠡᠷᠡᠭᠦᠯ ᠮᠡᠨᠳᠦ ᠶᠢᠨ ᠡᠮᠴᠢᠯᠡᠭᠡᠨ ᠤ ᠦᠶᠯᠡᠴᠢᠯᠡᠭᠡ ᠬᠠᠩᠭᠠᠵᠤ᠂ ᠰᠦᠯᠵᠢᠶᠡᠨ ᠳᠡᠭᠡᠷ᠎ᠡ ᠲᠣᠭᠠᠴᠠᠭ᠎ᠠ ᠬᠢᠬᠦ ᠴᠢᠳᠠᠮᠵᠢ ᠶᠢ ᠠᠯᠬᠤᠮ ᠠᠯᠬᠤᠮ ᠢᠶᠠᠷ ᠥᠷᠭᠡᠳᠬᠡᠨ᠂ 《 ᠢᠨᠲ᠋ᠧᠷ ᠰᠦᠯᠵᠢᠶ᠎ᠡ + 》 ᠡᠮᠴᠢᠯᠡᠭᠡᠨ ᠤ ᠳᠠᠭᠠᠳᠬᠠᠯ  ᠤᠨ ᠳ᠋ᠦᠩᠨᠡᠨ ᠪᠤᠳᠤᠬᠤ᠂《 ᠨᠢᠭᠡ ᠥᠷᠲᠡᠭᠡ ᠮᠠᠶ᠋ᠢᠭ 》 ᠤᠨ ᠳ᠋ᠦᠩᠨᠡᠨ ᠪᠤᠳᠤᠬᠤ ᠦᠶᠯᠡᠴᠢᠯᠡᠭᠡ ᠶᠢ ᠠᠬᠢᠭᠤᠯᠤᠨ᠎ᠠ ᠃ ᠰᠡᠳᠬᠢᠴᠡ ᠶᠢᠨ ᠲᠤᠰᠠᠯᠠᠮᠵᠢ ᠶᠢᠨ ᠨᠡᠶᠢᠲᠡ ᠶᠢᠨ ᠠᠰᠠᠷᠠᠮᠵᠢ ᠶᠢᠨ ᠦᠶᠯᠡᠴᠢᠯᠡᠭᠡᠨ ᠤ ᠲᠠᠪᠴᠠᠩ ᠢ ᠪᠠᠶᠢᠭᠤᠯᠵᠤ᠂ ᠬᠤᠲᠠ ᠪᠠᠯᠭᠠᠰᠤ᠂ ᠮᠠᠯᠵᠢᠬᠤ ᠣᠷᠣᠨ ᠤ ᠡᠩ ᠤᠨ ᠬᠥᠮᠦᠰ ᠤᠨ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢ ᠮᠡᠳᠡᠬᠦ ᠨᠣᠷᠮ᠎ᠠ ᠶᠢ ᠲᠣᠰ ᠲᠣᠰ 70%᠂ 50%   ᠳᠤ ᠬᠦᠷᠦᠭᠦᠯᠬᠦ ᠬᠠᠷᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃      ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠪᠦᠷᠬᠦᠴᠡ ᠶᠢ ᠥᠷᠭᠡᠳᠬᠡᠨ᠂ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠤᠰᠢᠭᠤᠨ ᠤ ᠬᠡᠪᠴᠢᠶᠡᠨ  ᠳᠤ ᠡᠪᠡᠳᠴᠢᠨ ᠦᠵᠡᠭᠦᠯᠬᠦ ᠨᠣᠷᠮ᠎ᠠ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠬᠥᠷᠥᠩᠭᠡ ᠶᠢᠨ ᠡᠮᠴᠢᠯᠡᠭᠡᠨ ᠤ ᠪᠠᠶᠢᠭᠤᠯᠤᠮᠵᠢ ᠡᠷᠬᠢᠯᠡᠬᠦ ᠶᠢ ᠵᠣᠷᠢᠭᠵᠢᠭᠤᠯᠤᠨ᠎ᠠ᠃ ᠡᠮᠨᠡᠯᠭᠡ ᠳᠤ ᠣᠷᠣᠬᠤ ᠠᠴᠠ ᠡᠮᠦᠨᠡᠬᠢ ᠡᠮᠴᠢᠯᠡᠭᠡᠨ ᠤ ᠪᠠᠴᠢᠮ ᠠᠪᠤᠷᠠᠯᠳᠠ ᠶᠢᠨ ᠦᠶᠯᠡᠴᠢᠯᠡᠭᠡ ᠶᠢ ᠰᠠᠶᠢᠵᠢᠷᠠᠭᠤᠯᠵᠤ᠂ ᠲᠤᠬᠠᠶ ᠶᠢᠨ ᠲᠠᠯᠠᠪᠠᠶ ᠶᠢᠨ ᠪᠠᠴᠢᠮ ᠠᠨᠠᠭᠠᠬᠤ ᠤᠬᠠᠭᠠᠨ ᠤ ᠠᠪᠤᠷᠠᠨ ᠲᠤᠰᠠᠯᠠᠵᠤ ᠰᠢᠶᠳᠪᠦᠷᠢᠯᠡᠬᠦ ᠴᠢᠳᠠᠪᠤᠷᠢ ᠪᠠ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠡᠮᠵᠢᠯᠡᠵᠦ ᠰᠡᠷᠭᠡᠶᠢᠯᠡᠨ ᠡᠵᠡᠮᠳᠡᠵᠦ ᠠᠪᠤᠷᠠᠨ ᠲᠤᠰᠠᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠵᠢᠯ ᠤᠨ ᠨᠥᠯᠥᠭᠡᠨ ᠤ ᠡᠪᠡᠳᠴᠢᠨ᠂ ᠣᠷᠣᠨ ᠨᠤᠲᠤᠭ ᠤᠨ ᠡᠪᠡᠳᠴᠢᠨ᠂ ᠠᠷᠬᠠᠭ ᠡᠪᠡᠳᠴᠢᠨ ᠢ ᠰᠡᠷᠭᠡᠶᠢᠯᠡᠨ ᠵᠠᠰᠠᠬᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠢ ᠬᠥᠮᠦᠵᠢᠭᠦᠯᠬᠦ ᠪᠠ ᠵᠣᠷᠢᠭᠵᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠮᠠᠯᠵᠢᠬᠤ ᠣᠷᠣᠨ ( ᠨᠡᠶᠢᠭᠡᠮ ᠲᠣᠭᠤᠷᠢᠭ )   ᠤ ᠡᠮᠴᠢᠯᠡᠭᠡᠨ ᠤ ᠪᠠᠶᠢᠭᠤᠯᠤᠮᠵᠢ ᠶᠢᠨ ᠪᠦᠷᠢᠨ ᠰᠠᠯᠠᠭᠠᠨ ᠤ ᠡᠮᠴᠢ ᠪᠣᠯᠤᠨ ᠮᠣᠩᠭᠤᠯ ᠬᠢᠲᠠᠳ ᠡᠮ ᠡᠮᠨᠡᠯᠭᠡ ᠶᠢᠨ ᠴᠢᠳᠠᠪᠤᠷᠢᠲᠠᠨ ᠢ ᠬᠥᠮᠦᠵᠢᠭᠦᠯᠬᠦ ᠶᠢ ᠭᠤᠣᠯᠳᠠᠯᠭ᠎ᠠ ᠲᠠᠢ ᠠᠩᠬᠠᠷᠴᠤ᠂ ᠮᠠᠯᠵᠢᠬᠤ ᠣᠷᠣᠨ ᠤ ᠡᠮᠴᠢ ᠶᠢᠨ ᠣᠯᠭᠤᠮᠵᠢ  ᠶᠢ ᠳᠡᠭᠡᠭᠰᠢᠯᠡᠭᠦᠯᠦᠨ᠂ ᠮᠠᠯᠵᠢᠬᠤ ᠣᠷᠣᠨ ᠤ ᠡᠮᠴᠢ ᠶᠢᠨ ᠨᠠᠰᠤᠵᠢᠯ ᠤᠨ  ᠠᠰᠠᠷᠠᠮᠵᠢ ᠠᠴᠠ ᠭᠠᠷᠬᠤ ᠠᠰᠠᠭᠤᠳᠠᠯ ᠢ ᠰᠢᠶᠳᠪᠦᠷᠢᠯᠡᠨ᠎ᠡ᠃      ᠡᠮᠴᠢᠯᠡᠭᠡᠨ ᠤ ᠬᠠᠷᠢᠭᠤᠴᠠᠯᠭ᠎ᠠ ᠶᠢ ᠬᠤᠪᠢᠶᠠᠨ ᠡᠭᠦᠷᠭᠡᠯᠡᠬᠦ ᠲᠣᠭᠲᠠᠴᠠ ᠶᠢ ᠪᠠᠶᠢᠭᠤᠯᠵᠤ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢᠨ ᠦᠶᠯᠡᠴᠢᠯᠡᠭᠡᠨ ᠤ ᠠᠵᠢᠯᠲᠠᠨ ᠤ ᠬᠢᠷᠢ ᠬᠡᠮ ᠤᠨ ᠪᠠᠷᠢᠮᠵᠢᠶ᠎ᠠ ᠶᠢ ᠴᠢᠩᠭ᠎ᠠ ᠰᠠᠬᠢᠵᠤ ᠂ ᠪᠠᠶᠢᠭᠤᠯᠤᠮᠵᠢ ᠬᠢᠭᠡᠳ ᠦᠶᠯᠡᠴᠢᠯᠡᠭᠡᠨ ᠤ ᠠᠵᠢᠯᠲᠠᠨ ᠤ ᠬᠠᠩᠭᠠᠭᠰᠠᠨ ᠦᠶᠯᠡᠴᠢᠯᠡᠭᠡᠨ ᠳᠤ ᠬᠠᠷᠢᠭᠤᠴᠠᠯᠭ᠎ᠠ ᠡᠭᠦᠷᠭᠡᠯᠡᠬᠦ ᠶᠢ ᠲᠣᠳᠣᠷᠬᠠᠶᠢᠯᠠᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠶᠡᠬᠡᠪᠡᠷ ᠥᠷᠨᠢᠭᠦᠯᠵᠦ᠂ ᠠᠷᠢᠭᠤᠨ ᠴᠡᠪᠡᠷ ᠬᠤᠲᠠ ᠪᠠᠯᠭᠠᠰᠤ ᠶᠢ ᠡᠭᠦᠳᠦᠨ ᠪᠠᠶᠢᠭᠤᠯᠬᠤ ᠪᠠ ᠡᠷᠡᠭᠦᠯ ᠡᠩᠬᠡ ᠬᠤᠲᠠ ᠪᠠᠯᠭᠠᠰᠤ  ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ ᠵᠠᠬ᠎ᠠ ᠳᠡᠯᠭᠡᠭᠦᠷ ᠪᠠ ᠠᠷᠠᠯᠵᠢᠶ᠎ᠠ ᠶᠢ ᠡᠷᠡᠰ ᠴᠠᠭᠠᠵᠠᠯᠠᠬᠤ ᠪᠠ ᠴᠢᠩᠭ᠎ᠠ ᠴᠣᠬᠢᠯᠲᠠ ᠥᠭᠴᠦ᠂ ᠬᠡᠭᠡᠷ᠎ᠡ  ᠶᠢᠨ ᠠᠮᠢᠲᠠᠨ ᠢ ᠳᠤᠷ᠎ᠠ ᠪᠠᠷ ᠢᠳᠡᠬᠦ ᠮᠠᠭᠤ ᠳᠠᠳᠬᠠᠯ ᠢ ᠡᠷᠡᠰ ᠠᠷᠢᠯᠭᠠᠨ᠎ᠠ᠃        ᠬᠤᠶᠠᠷ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠤᠨ᠎ᠠ      ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠨᠳᠦ ᠶᠡᠭᠡ ᠲᠦᠭᠰᠢᠭᠦᠷᠢ ᠶᠢ ᠰᠤᠳᠤᠯᠤᠨ ᠮᠠᠭᠠᠳᠯᠠᠬᠤ᠂ ᠦᠨᠡᠯᠡᠨ ᠵᠢᠱᠢᠬᠦ᠂ ᠰᠢᠶᠳᠪᠦᠷᠢᠲᠦ ᠪᠣᠳᠣᠯᠭ᠎ᠠ ᠲᠣᠭᠲᠠᠭᠠᠬᠤ᠂ ᠰᠡᠷᠭᠡᠶᠢᠯᠡᠨ ᠡᠵᠡᠮᠳᠡᠬᠦ ᠶᠢᠨ ᠬᠠᠮᠵᠢᠯᠴᠠᠬᠤ ᠲᠣᠭᠲᠠᠴᠠ  ᠶᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠵᠦ ᠰᠢᠶᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠳᠤᠮᠳᠠᠬᠢ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠨ᠎ᠠ᠃ ᠠᠨᠠᠭᠠᠬᠤ ᠤᠬᠠᠭᠠᠨ ᠤ ᠪᠠᠴᠢᠮ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃      ᠭᠤᠷᠪᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠦᠨ᠎ᠡ        ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠰ ᠤᠨ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ  ᠢ ᠪᠠᠷᠢᠮᠲᠠᠯᠠᠵᠤ᠂ ᠡᠮᠴᠢᠯᠡᠭᠡᠨ ᠤ ᠪᠠᠶᠢᠭᠤᠯᠤᠮᠵᠢ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠠᠷᠢᠭᠤᠴᠠᠯᠭ᠎ᠠ  ᠶᠢ ᠨᠠᠶᠢᠳᠠᠪᠤᠷᠢᠵᠢᠭᠤᠯᠤᠨ᠂ ᠡᠮᠴᠢᠯᠡᠭᠡ ᠰᠡᠷᠭᠡᠶᠢᠯᠡᠯᠲᠡ ᠶᠢ ᠬᠠᠮᠵᠢᠯᠴᠠᠭᠤᠯᠬᠤ ᠲᠣᠭᠲᠠᠴᠠ ᠶᠢᠨ ᠰᠢᠨ᠎ᠡ ᠶᠢ ᠡᠭᠦᠳᠦᠨ᠎ᠡ᠃ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠢ ᠲᠡᠭᠦᠯᠳᠡᠷᠵᠢᠭᠦᠯᠵᠦ᠂ ᠬᠤᠰᠢᠭᠤ ᠲᠠᠰ ᠤᠨ ᠡᠮᠴᠢᠯᠡᠭᠡᠨ ᠤ ᠪᠠᠶᠢᠭᠤᠯᠤᠮᠵᠢ ᠪᠣᠯᠤᠨ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠵᠡᠷᠭᠡ ᠡᠮᠴᠢᠯᠡᠭᠡᠨ ᠤ ᠬᠤᠯᠪᠣᠭᠠᠲᠤ ᠴᠣᠭᠴᠠ ᠶᠢ ᠪᠠᠶᠢᠭᠤᠯᠤᠨ᠎ᠠ᠃ ᠤᠯᠤᠰ ᠠᠴᠠ ᠡᠮ ᠤᠨ ᠵᠦᠶᠯ ᠢ ᠲᠥᠪᠯᠡᠷᠡᠭᠦᠯᠦᠨ ᠬᠤᠳᠠᠯᠳᠤᠨ ᠠᠪᠬᠤ ᠶᠢ ᠵᠣᠬᠢᠶᠠᠨ ᠪᠠᠶᠢᠭᠤᠯᠬᠤ ᠪᠠ ᠬᠡᠷᠡᠭᠯᠡᠬᠦ ᠶᠢ ᠨᠠᠶᠢᠳᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠤᠮᠤ ᠪᠠᠯᠭᠠᠰᠤ᠂ ᠭᠠᠴᠠᠭ᠎ᠠ ᠲᠣᠰᠬᠤᠨ ᠤ ᠡᠮᠴᠢᠯᠡᠭᠡᠨ ᠤ ᠵᠥᠪᠰᠢᠶᠡᠷᠡᠨ ᠣᠷᠣᠭᠤᠯᠬᠤ ᠨᠥᠬᠦᠴᠡᠯ ᠪᠣᠯᠤᠨ ᠦᠷᠭᠦᠯᠵᠢᠯᠡᠨ ᠬᠥᠭᠵᠢᠭᠦᠯᠬᠦ ᠪᠠᠶᠢᠩᠭᠤ ᠶᠢᠨ ᠪᠦᠳᠦᠮᠵᠢᠲᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠤᠨ᠎ᠠ᠃《 ᠭᠤᠷᠪᠠᠨ ᠡᠮᠨᠡᠯᠭᠡ ᠶᠢᠨ ᠬᠢᠨᠠᠯᠲᠠ ᠬᠠᠮᠢᠶᠠᠷᠤᠯᠲᠠ 》 ᠶᠢᠨ ᠮᠡᠳᠡᠭᠡ ᠵᠠᠩᠭᠢ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃      ᠳᠥᠷᠪᠡ᠂ ᠮᠣᠩᠭᠤᠯ᠂ ᠬᠢᠲᠠᠳ ᠡᠮ ᠡᠮᠨᠡᠯᠭᠡ ᠶᠢᠨ ᠦᠶᠯᠡᠴᠢᠯᠡᠭᠡᠨ ᠤ ᠦᠶᠯᠡᠰ ᠢ ᠶᠡᠬᠡᠪᠡᠷ ᠬᠥᠭᠵᠢᠭᠦᠯᠤᠨ᠎ᠠ      ᠬᠤᠰᠢᠭᠤ ᠮᠣᠩᠭᠤᠯ ᠡᠮᠨᠡᠯᠭᠡ ᠶᠢᠨ ᠬᠤᠷᠢᠶ᠎ᠠ᠂ ᠰᠤᠮᠤ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠪᠣᠯᠤᠨ ᠬᠤᠪᠢ ᠶᠢᠨ ᠡᠭᠦᠳᠡᠨ ᠡᠮᠨᠡᠯᠭᠡ ᠵᠡᠷᠭᠡ ᠪᠠᠷ ᠭᠤᠤᠯ ᠴᠣᠭᠴᠠ ᠪᠣᠯᠭᠠᠭᠰᠠᠨ ᠮᠣᠩᠭᠤᠯ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠦᠶᠯᠡᠴᠢᠯᠡᠭᠡᠨ ᠤ ᠲᠣᠤᠷ ᠰᠦᠯᠵᠢᠶ᠎ᠡ  ᠶᠢ ᠪᠠᠶᠢᠭᠤᠯᠤᠨ ᠪᠦᠷᠢᠨᠰᠢᠭᠦᠯᠦᠨ᠎ᠡ᠃ ᠮᠣᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠭᠦᠯᠦᠨ᠂ ᠮᠣᠩᠭᠤᠯ ᠬᠢᠲᠠᠳ ᠡᠮᠨᠡᠯᠭᠡ ᠶᠢᠨ ᠡᠪᠡᠳᠴᠢᠳᠡᠨ ᠤ ᠣᠷᠣ ᠶᠢ ᠨᠡᠮᠡᠭᠳᠡᠭᠦᠯᠵᠦ ᠂ ᠮᠣᠩᠭᠤᠯ ᠬᠢᠲᠠᠳ ᠡᠮᠨᠡᠯᠭᠡ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠬᠥᠮᠦᠵᠢᠭᠦᠯᠬᠦ ᠡᠷᠴᠢᠮ ᠢ ᠨᠡᠮᠡᠭᠳᠡᠭᠦᠯᠦᠨ᠎ᠡ᠃      ᠳᠥᠷᠪᠡᠳᠦᠭᠡᠷ ᠬᠡᠰᠡᠭ    ᠨᠡᠶᠢᠭᠡᠮ ᠤᠨ ᠪᠠᠲᠤᠯᠠᠭ᠎ᠠ      ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠬᠤ ᠵᠠᠷᠴᠢᠮ ᠢ ᠪᠠᠷᠢᠮᠲᠠᠯᠠᠵᠤ᠂ ᠬᠤᠷᠢᠭ᠎ᠠ ᠱᠤᠭᠤᠮ ᠢ ᠪᠠᠲᠤᠯᠠᠬᠤ᠂ ᠨᠢᠭᠲᠠ ᠲᠣᠣᠷ ᠰᠦᠯᠵᠢᠬᠦ᠂ ᠲᠣᠭᠲᠠᠴᠠ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠪᠦᠬᠦ ᠠᠷᠠᠳ ᠢ ᠬᠠᠮᠤᠷᠤᠭᠰᠠᠨ᠂ ᠬᠤᠲᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠦᠭᠰᠡᠨ᠂ ᠡᠷᠬᠡ ᠬᠠᠷᠢᠭᠤᠴᠠᠯᠭ᠎ᠠ ᠲᠣᠳᠣᠷᠬᠠᠢ᠂ ᠪᠠᠲᠤᠯᠠᠭ᠎ᠠ ᠲᠣᠬᠢᠷᠠᠮᠵᠢᠲᠠᠢ᠂ ᠦᠷᠭᠦᠯᠵᠢᠯᠡᠭᠰᠡᠨ ᠣᠯᠠᠨ ᠳᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠤᠨ᠎ᠠ᠃      ᠨᠢᠭᠡ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠦᠨ᠎ᠡ      ᠦᠨᠳᠦᠰᠦᠨ ᠡᠮᠴᠢᠯᠡᠭᠡᠨ ᠤ ᠳᠠᠭᠠᠳᠬᠠᠯ᠂ ᠦᠨᠳᠦᠰᠦᠨ ᠨᠠᠰᠤᠵᠢᠯ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠬᠠᠤᠯᠢ ᠪᠠᠷ ᠲᠣᠭᠲᠠᠭᠠᠭᠰᠠᠨ ᠬᠥᠮᠦᠰ ᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ  ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮᠴᠢᠯᠡᠭᠡᠨ ᠤ ᠳᠠᠭᠠᠳᠬᠠᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢ ᠴᠢᠩᠭᠠᠷᠠᠭᠤᠯᠤᠨ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠶᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠭᠤᠷᠪᠠᠳᠠᠬᠢ ᠡᠲᠡᠭᠡᠳ ᠤᠨ ᠬᠦᠴᠦᠨ ᠢ ᠣᠷᠣᠭᠤᠯᠤᠨ ᠠᠪᠴᠢᠷᠠᠵᠤ᠂ ᠵᠠᠰᠠᠭ ᠤᠨ ᠣᠷᠳᠣᠨ ᠤ ᠦᠶᠯᠡᠴᠢᠯᠡᠭᠡ ᠬᠤᠳᠠᠯᠳᠤᠨ ᠠᠪᠬᠤ ᠶᠢ ᠠᠬᠢᠭᠤᠯᠤᠨ᠂ ᠦᠶᠯᠡᠴᠢᠯᠡᠭᠡᠨ ᠤ ᠠᠮᠵᠢᠯᠲᠠ ᠪᠦᠲᠦᠮᠵᠢ ᠪᠠᠷ ᠰᠦᠶᠳᠬᠡᠯ ᠲᠤᠰᠢᠶᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠨᠡᠶᠢᠭᠡᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠡᠮ ᠡᠮᠨᠡᠯᠭᠡ ᠶᠢᠨ ᠳᠠᠭᠠᠳᠬᠠᠯ ᠤᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠲᠤᠬᠢᠷᠠᠭᠤᠯᠵᠤ᠂ ᠬᠦᠨᠳᠦ ᠶᠡᠭᠡ ᠡᠪᠡᠳᠴᠢᠨ ᠤ ᠡᠮ ᠡᠮᠨᠡᠯᠭᠡ ᠶᠢᠨ ᠳᠠᠭᠠᠳᠬᠠᠯ ᠪᠠ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠦᠨ᠂ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠲᠠᠰᠤᠯᠤᠨ ᠪᠤᠳᠤᠬᠤ ᠶᠢ ᠨᠠᠶᠢᠳᠠᠪᠤᠷᠢᠵᠢᠭᠤᠯᠵᠤ᠂ ᠬᠤᠳᠠᠯᠳᠤᠭᠠᠨ ᠤ ᠡᠮ ᠡᠮᠨᠡᠯᠭᠡ ᠶᠢᠨ ᠳᠠᠭᠠᠳᠬᠠᠯ ᠢ ᠢᠳᠡᠪᠬᠢᠲᠡᠢ ᠬᠥᠭᠵᠢᠭᠦᠯᠦᠨ᠎ᠡ᠃ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠶᠳᠬᠡᠯ ᠢ ᠲᠠᠲᠠᠪᠤᠷᠢᠯᠠᠨ ᠲᠤᠰᠢᠶᠠᠬᠤ ᠡᠷᠴᠢᠮ ᠢᠶᠠᠨ ᠴᠢᠩᠭᠠᠷᠠᠭᠤᠯᠵᠤ᠂ ᠠᠵᠢᠯ ᠮᠡᠷᠭᠡᠵᠢᠯ ᠤᠨ ᠣᠨ ᠤ ᠮᠥᠩᠭᠦ ᠳᠤ ᠪᠠᠯᠠ ᠣᠷᠣᠭᠤᠯᠤᠨ ᠡᠵᠡᠩᠨᠡᠬᠦ ᠶᠢ ᠲᠦᠷᠭᠡᠳᠬᠡᠨ ᠠᠬᠢᠭᠤᠯᠵᠤ᠂ ᠠᠵᠢᠯ ᠮᠡᠷᠭᠡᠵᠢᠯ ᠤᠨ ᠣᠨ ᠤ ᠮᠥᠩᠭᠦ ᠶᠢᠨ ᠠᠵᠢᠯᠯᠠᠭᠠᠨ ᠢ ᠵᠢᠷᠤᠮᠵᠢᠯ ᠲᠠᠢ ᠪᠥᠭᠡᠳ ᠪᠦᠲᠦᠮᠵᠢᠲᠡᠶ ᠪᠠᠶᠢᠯᠭᠠᠬᠤ ᠶᠢ ᠦᠨᠡᠨᠬᠦ ᠪᠠᠲᠤᠯᠠᠵᠤ᠂ ᠪᠤᠰᠤᠳ ᠨᠠᠰᠤᠵᠢᠯ ᠤᠨ ᠠᠰᠠᠷᠠᠮᠵᠢ ᠶᠢᠨ ᠨᠥᠬᠦᠪᠥᠷᠢ ᠳᠠᠭᠠᠳᠬᠠᠯ ᠤᠨ ᠲᠦᠷᠢᠮ ᠤᠨ ᠬᠡᠷᠡᠭᠵᠢᠭᠦᠯᠦᠯᠲᠡ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠠᠵᠢᠯ ᠠᠯᠳᠠᠯᠲᠠ ᠶᠢᠨ ᠳᠠᠭᠠᠳᠬᠠᠯ  ᠤᠨ ᠲᠦᠷᠢᠮ ᠢ ᠪᠦᠷᠢᠨᠰᠢᠬᠦᠯᠵᠤ᠂ ᠠᠵᠢᠯ ᠠᠯᠳᠠᠭᠰᠠᠳ ᠢ ᠪᠠᠶᠢᠩᠭᠤ ᠰᠠᠭᠤᠭ᠎ᠠ ᠭᠠᠵᠠᠷ ᠤᠨ ᠪᠠᠲᠤᠯᠠᠭ᠎ᠠ ᠳᠤ ᠣᠷᠣᠭᠤᠯᠵᠤ᠂ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠳᠦᠷᠢᠮ ᠢ ᠪᠦᠷᠢᠨᠰᠢᠭᠦᠯᠵᠦ᠂ ᠠᠵᠢᠯ ᠠᠴᠠ ᠪᠣᠯᠵᠤ ᠭᠡᠮᠲᠦᠭᠰᠡᠨ ᠪᠤᠶᠤ ᠠᠵᠢᠯ ᠤᠨ ᠨᠥᠯᠥᠭᠡᠨ ᠤ ᠡᠪᠡᠳᠴᠢᠨ ᠣᠯᠤᠭᠰᠠᠨ ᠠᠵᠢᠯᠲᠠᠨ ᠠᠵᠢᠯᠴᠢᠨ ᠳᠤ ᠡᠮ ᠡᠮᠨᠡᠯᠭᠡ ᠶᠢᠨ ᠠᠪᠤᠷᠠᠨ ᠵᠠᠰᠠᠬᠤ᠂ ᠠᠵᠤ ᠠᠬᠤᠶ ᠶᠢᠨ ᠨᠥᠬᠦᠪᠥᠷᠢ ᠥᠭᠬᠦ ᠪᠠ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠦᠢᠯᠡᠴᠢᠯᠡᠭᠡᠨ ᠬᠠᠩᠭᠠᠵᠤ᠂ ᠪᠢᠴᠢᠯ ᠵᠢᠵᠢᠭ ᠠᠵᠤ ᠠᠬᠤᠶᠢᠯᠠᠯ ᠵᠢᠴᠢ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠡᠷᠦᠬᠡ ᠶᠢᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠬᠤ ᠠᠵᠢᠯᠯᠠᠭ᠎ᠠ ᠶᠢ ᠲᠦᠯᠬᠢᠨ ᠠᠬᠢᠭᠤᠯᠤᠨ᠎ᠠ᠃ 2025 ᠣᠨ ᠤ ᠰᠡᠭᠦᠯᠴᠢ ᠪᠣᠯᠲᠠᠯ᠎ᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠬᠤ ᠨᠣᠷᠮ᠎ᠠ ᠶᠢᠨ 95%   ᠳᠤ ᠬᠦᠷᠦᠭᠦᠯᠵᠦ᠂ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠲᠤᠰᠢᠶᠠᠬᠤ ᠨᠣᠷᠮ᠎ᠠ ᠶᠢ 10%   ᠶᠢᠨ ᠳᠣᠲᠣᠷ᠎ᠠ ᠬᠢᠵᠠᠭᠠᠷᠯᠠᠵᠤ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠦᠢᠯᠡᠴᠢᠯᠡᠭᠡᠨ ᠤ ᠨᠣᠷᠮ᠎ᠠ ᠶᠢ 100%   ᠳᠤ ᠬᠦᠷᠦᠭᠦᠯᠦᠨ᠎ᠡ᠃      ᠬᠤᠶᠠᠷ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠦᠨ᠎ᠡ      ᠲᠥᠪ ᠤᠨ《 ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠶ ᠰᠠᠨᠠᠯ 》 ᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠬᠠᠮᠤᠷᠬᠤ ᠬᠡᠪᠴᠢᠶ᠎ᠡ ᠪᠠ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠥᠮᠦᠨ ᠢ ᠪᠠᠲᠤᠯᠠᠬᠤ ᠬᠢᠭᠡᠳ ᠡᠷᠦᠬᠡ ᠶᠢ ᠪᠠᠲᠤᠯᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠳᠡᠰ ᠲᠥᠷᠥᠯ ᠬᠤᠪᠢᠶᠠᠨ ᠱᠠᠲᠤᠯᠢᠭ  ᠢᠶᠠᠷ ᠠᠪᠤᠷᠠᠨ ᠲᠤᠰᠠᠯᠠᠬᠤ ᠲᠣᠭᠲᠠᠯᠴᠠᠭ᠎ᠠ ᠶᠢ ᠪᠦᠷᠢᠨᠰᠢᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠨᠢᠭᠤᠷᠯᠠᠯ᠂ ᠣᠨᠴᠠ ᠬᠦᠴᠢᠷᠳᠡᠯᠲᠡᠶ ᠬᠥᠮᠦᠰ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠪᠦᠷᠢᠨᠰᠢᠭᠦᠯᠵᠦ᠂ ᠣᠨᠴᠠ ᠬᠦᠴᠢᠷᠳᠡᠯᠲᠡᠶ ᠨᠠᠰᠤᠲᠠᠶᠢᠴᠤᠳ ᠤᠨ ᠦᠨᠳᠦᠰᠦᠨ ᠵᠦᠶᠯ ᠢ ᠪᠠᠲᠤᠯᠠᠬᠤ ᠶᠢ ᠴᠢᠩᠭᠠᠳᠬᠠᠨ᠎ᠠ᠃ ᠡᠳ ᠤ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠡᠷᠴᠢᠮ ᠢ ᠨᠡᠮᠡᠭᠳᠡᠭᠦᠯᠦᠨ᠂ ᠣᠯᠠᠨ ᠨᠡᠶᠢᠲᠡ ᠶᠢᠨ ᠡᠳ ᠤ ᠡᠳ᠋ ᠤᠨ ᠵᠠᠰᠠᠭ ᠤᠨ  ᠪᠡᠯᠡ ᠣᠷᠣᠭᠤᠯᠤᠯᠲᠠ ᠬᠢᠭᠡᠳ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢ ᠲᠠᠲᠠᠬᠤ ᠬᠤᠶᠠᠷ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠠᠪᠬᠤ ᠶᠢ ᠪᠠᠷᠢᠮᠲᠠᠯᠠᠵᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠤᠨ᠂ ᠨᠢᠭᠦᠯᠡᠰᠦᠩᠭᠦᠶ ᠶᠢᠨ ᠦᠢᠯᠡᠰ ᠢ ᠶᠡᠬᠡᠪᠡᠷ ᠬᠥᠭᠵᠢᠭᠦᠯᠵᠦ᠂ ᠣᠯᠠᠨ ᠠᠷᠭ᠎ᠠ ᠵᠠᠮ ᠢᠶᠠᠷ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠴᠤᠭᠯᠠᠭᠤᠯᠤᠨ᠎ᠠ᠃ ᠪᠡᠯᠡ ᠮᠥᠩᠭᠦ ᠰᠠᠯᠭᠠᠨ ᠥᠭᠴᠦ ᠬᠡᠷᠡᠭᠯᠡᠭᠦᠯᠬᠦ ᠳᠡᠰ ᠳᠠᠷᠠᠭᠠᠯᠠᠯ ᠢ ᠴᠢᠩᠭᠠᠳᠬᠠᠵᠣ᠂ ᠠᠪᠤᠷᠠᠨ ᠲᠤᠰᠠᠯᠠᠬᠤ ᠪᠡᠯᠡ ᠮᠥᠩᠭᠦ ᠶᠢᠨ ᠲᠤᠰᠬᠠᠶ ᠵᠦᠢᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠬᠠᠷᠠᠭᠠᠯᠵᠠᠨ ᠲᠥᠪᠬᠢᠨᠡᠭᠦᠯᠬᠦ ᠲᠦᠷᠢᠮ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠠᠷᠠᠭᠠᠯᠵᠠᠨ ᠠᠰᠠᠷᠠᠬᠤ ᠡᠲᠡᠭᠡᠳ ᠢ ᠲᠣᠭᠲᠠᠭᠠᠯ ᠶᠣᠰᠣᠭᠠᠷ ᠬᠠᠷᠠᠭᠠᠯᠵᠠᠨ ᠠᠰᠠᠷᠠᠬᠤ ᠡᠮᠨᠡᠯᠭᠡ ᠶᠢᠨ ᠬᠤᠷᠢᠶ᠎ᠠ ᠪᠠ ᠢᠷᠠᠭᠤ ᠠᠯᠳᠠᠷ ᠤᠨ ᠬᠦᠷᠢᠶᠡᠯᠡᠩ ᠳᠤ ᠲᠥᠪᠯᠡᠷᠡᠭᠦᠯᠦᠨ ᠠᠰᠠᠷᠠᠨ ᠲᠡᠵᠢᠭᠡᠨ᠎ᠡ᠃      ᠲᠠᠪᠤᠳᠤᠭᠠᠷ ᠬᠡᠰᠡᠭ    ᠬᠥᠮᠦᠨ ᠠᠮᠠ ᠶᠢᠨ ᠬᠥᠭᠵᠢᠯᠲᠡ      ᠲᠦᠷᠦ ᠶᠢᠨ ᠪᠤᠳᠤᠯᠭ᠎ᠠ ᠲᠦᠷᠢᠮ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠥᠮᠦᠨ ᠠᠮᠠ ᠶᠢᠨ ᠬᠤᠪᠢᠷᠠᠯᠲᠠ ᠶᠢᠨ ᠬᠠᠨᠳᠤᠰᠢ ᠶᠢ ᠣᠨᠣᠪᠴᠢᠲᠠᠢ ᠡᠵᠡᠮᠳᠡᠵᠦ᠂ ᠠᠶᠤᠯ ᠲᠦᠭᠰᠢᠭᠦᠷᠢ ᠥᠷᠢᠰᠥᠯᠳᠦᠭᠡᠨ ᠢ ᠢᠳᠡᠪᠬᠢᠲᠡᠢ ᠪᠥᠭᠡᠳ ᠪᠦᠲᠦᠮᠵᠢᠲᠡᠢ ᠠᠷᠭᠠᠴᠠᠵᠤ᠂ ᠬᠥᠮᠦᠨ ᠠᠮᠠ ᠶᠢᠨ ᠲᠡᠩᠴᠡᠭᠦᠷᠢᠲᠡᠢ ᠡᠷᠡᠭᠦᠯ ᠪᠣᠯᠪᠠᠰᠤᠨ ᠬᠥᠭᠵᠢᠯᠲᠡ ᠶᠢ ᠠᠬᠢᠭᠤᠯᠤᠨ᠎ᠠ᠃      ᠨᠢᠭᠡ᠂ ᠬᠥᠮᠦᠨ ᠠᠮᠠ ᠶᠢᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠬᠦ ᠶᠢ ᠠᠬᠢᠭᠤᠯᠤᠨ᠎ᠠ      ᠬᠥᠮᠦᠨ ᠠᠮᠠ ᠶᠢᠨ ᠤᠷᠲᠤ ᠬᠤᠭᠤᠴᠠᠭᠠᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠠᠴᠠ ᠪᠣᠳᠣᠯᠬᠢᠯᠠᠨ ᠂ ᠦᠷᠡᠵᠢᠯ ᠤᠨ ᠲᠥᠷᠥ ᠶᠢᠨ ᠪᠣᠳᠣᠯᠭ᠎ᠠ ᠶᠢᠨ ᠪᠠᠭᠲᠠᠭᠠᠮᠵᠢᠲᠤ ᠴᠢᠨᠠᠷ ᠢ ᠨᠡᠮᠡᠭᠳᠡᠭᠦᠯᠵᠦ᠂ ᠬᠤᠲᠠ ᠬᠥᠳᠡᠭᠡ ᠶᠢᠨ ᠦᠷᠡᠵᠢᠯ ᠤᠨ ᠨᠥᠬᠦᠪᠥᠷᠢ ᠶᠢᠨ ᠳᠦᠷᠢᠮ ᠢ ᠪᠠᠶᠢᠭᠤᠯᠤᠨ᠂ ᠡᠮᠡᠭᠲᠡᠶᠢᠴᠦᠳ ᠤᠨ ᠦᠷᠡᠵᠢᠯ ᠤᠨ ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠵᠦ᠂ ᠴᠢᠭᠢᠷᠠᠭ ᠲᠥᠷᠥᠭᠦᠯᠵᠦ ᠲᠣᠷᠨᠢᠭᠤᠨ ᠥᠰᠬᠡᠬᠦ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠦᠷᠡᠵᠢᠯ ᠤᠨ ᠵᠣᠬᠢᠰᠲᠠᠶ ᠬᠢᠷᠢ ᠬᠡᠮᠵᠢᠶ᠎ᠡ ᠶᠢ ᠪᠠᠲᠤᠯᠠᠨ᠎ᠠ᠃ ᠥᠬᠢᠨ ᠲᠠᠢ ᠭᠡᠷ ᠪᠦᠯᠢ ᠶᠢ ᠱᠠᠩᠨᠠᠨ ᠲᠡᠳᠬᠦᠬᠦ ᠳᠤ ᠠᠰᠢᠭᠲᠠᠶ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠲᠥᠷᠥᠭᠰᠡᠨ ᠬᠥᠮᠦᠨ ᠠᠮᠠ  ᠶᠢᠨ ᠬᠦᠶᠰᠦ ᠶᠢᠨ ᠢᠯᠭᠠᠯ ᠤᠨ ᠬᠠᠷᠢᠴᠠᠯ ᠲᠡᠩᠴᠡᠭᠦᠷᠢ ᠪᠠᠨ ᠠᠯᠳᠠᠭᠰᠠᠨ ᠠᠰᠠᠭᠤᠳᠠᠯ ᠢ ᠶᠡᠷᠦᠩᠬᠡᠶᠢᠯᠡᠨ ᠵᠠᠰᠠᠨ᠎ᠠ᠃ ᠡᠬᠡ ᠨᠢᠯᠬᠠᠰ ᠤᠨ ᠡᠷᠡᠭᠦᠯ ᠮᠡᠨᠳᠦ ᠪᠠ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠵᠦ᠂ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢᠨ ᠡᠷᠬᠡ ᠠᠰᠢᠭ ᠢ ᠬᠠᠮᠠᠭᠠᠯᠠᠬᠤ ᠠᠵᠢᠯ ᠢ ᠭᠦᠨᠵᠡᠭᠡᠢ ᠥᠷᠨᠢᠭᠦᠯᠦᠨ᠂ ᠣᠯᠠᠨ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠭᠰᠡᠨ ᠡᠷᠬᠡ ᠠᠰᠢᠭ ᠢ ᠬᠠᠮᠠᠭᠠᠯᠠᠬᠤ ᠠᠵᠢᠯ ᠤᠨ ᠪᠦᠲᠦᠮᠵᠢᠲᠡᠢ ᠲᠠᠪᠴᠠᠩ ᠢ ᠪᠠᠶᠢᠭᠤᠯᠤᠨ᠎ᠠ᠃ ᠭᠡᠷ ᠪᠦᠯᠢ ᠶᠢᠨ ᠬᠥᠭᠵᠢᠯᠲᠡ ᠶᠢ ᠳᠡᠮᠵᠢᠬᠦ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠭᠡᠷ ᠪᠦᠯᠢ ᠶᠢᠨ ᠦᠢᠯᠡᠴᠢᠯᠡᠭᠡᠨ ᠤ ᠦᠢᠯᠡᠰ ᠢ ᠬᠥᠭᠵᠢᠭᠦᠯᠵᠦ᠂ ᠭᠡᠷ ᠪᠦᠯᠢ ᠶᠢᠨ ᠴᠢᠳᠠᠪᠤᠷᠢ  ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃      ᠬᠤᠶᠠᠷ᠂ ᠣᠯᠠᠨ ᠡᠰᠢᠲᠦ ᠨᠠᠰᠤᠵᠢᠯ ᠤᠨ ᠦᠶᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ᠎ᠠ      ᠤᠯᠠᠨ ᠡᠰᠢᠲᠦ ᠨᠠᠰᠤᠵᠢᠯ ᠤᠨ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠵᠤ᠂ ᠤᠯᠠᠨ ᠲᠡᠰ ᠳᠠᠪᠬᠤᠷᠭ᠎ᠠ  ᠶᠢᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠢ ᠦᠨᠳᠦᠰᠦᠨ ᠳᠡᠭᠡᠨ ᠪᠠᠶᠢᠭᠤᠯᠤᠨ᠎ᠠ᠃ ᠮᠠᠯᠵᠢᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠡᠳᠬᠢᠴᠡ ᠶᠢ ᠰᠢᠨᠡᠴᠢᠯᠡᠵᠦ᠂《 ᠡᠮᠴᠢᠯᠡᠭᠡ ᠨᠠᠰᠤᠵᠢᠯ ᠢ ᠤᠶᠠᠯᠳᠤᠭᠤᠯᠬᠤ + ᠣᠶᠤᠨᠴᠢ ᠨᠠᠰᠤᠵᠢᠯ 》 ᠤᠨ ᠰᠢᠨ᠎ᠡ ᠵᠠᠭᠪᠤᠷ ᠢ ᠡᠭᠦᠳᠴᠦ᠂ ᠲᠦᠭᠡᠮᠡᠯ ᠬᠠᠷᠠᠭᠠᠯᠵᠠᠬᠤ ᠬᠡᠯᠪᠡᠷᠢ  ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠠ ᠬᠠᠪᠰᠤᠷᠤᠯᠴᠠᠬᠤ ᠴᠢᠨᠠᠷᠲᠠᠢ ᠨᠠᠰᠤᠵᠢᠯ ᠤᠨ ᠠᠰᠠᠷᠠᠮᠵᠢ ᠶᠢᠨ ᠦᠢᠯᠡᠰ ᠢ ᠬᠥᠭᠵᠢᠭᠦᠯᠵᠦ᠂ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠶᠢ ᠭᠤᠣᠯᠳᠠᠯᠭ᠎ᠠ ᠲᠠᠢ ᠬᠥᠭᠵᠢᠭᠦᠯᠦᠨ᠎ᠡ᠃ ᠨᠠᠰᠤᠵᠢᠯ ᠤᠨ ᠦᠶᠯᠡᠴᠢᠯᠡᠭᠡᠨ ᠤ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠤᠶᠤᠨᠲᠤ ᠨᠠᠰᠤᠲᠠᠶᠢᠴᠤᠳ ᠤᠨ ᠦᠶᠯᠡᠴᠢᠯᠡᠭᠡᠨ ᠤ ᠲᠣᠤᠷ ᠰᠦᠯᠵᠢᠶ᠎ᠡ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ 2025 ᠣᠨ ᠪᠣᠯᠲᠠᠯ᠎ᠠ᠂ ᠨᠡᠶᠢᠭᠡᠮ ᠲᠣᠭᠤᠷᠢᠭ ᠤᠨ ᠡᠳᠦᠷ ᠲᠤᠲᠤᠮ ᠤᠨ ᠠᠰᠠᠷᠠᠨ ᠬᠠᠷᠠᠭᠠᠯᠵᠠᠬᠤ ᠪᠠᠶᠢᠭᠤᠯᠤᠮᠵᠢ  ᠶᠢᠨ ᠬᠠᠮᠤᠷᠬᠤ ᠨᠣᠷᠮ᠎ᠠ ᠶᠢ 90% ᠳᠤ ᠬᠦᠷᠦᠭᠦᠯᠦᠨ᠎ᠡ᠃ ᠨᠠᠰᠤᠲᠠᠶᠢᠴᠤᠳ ᠢᠶᠠᠷ ᠭᠤᠣᠯᠳᠠᠯᠭ᠎ᠠ ᠪᠣᠯᠭᠠᠭᠰᠠᠨ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡᠨ ᠢ ᠪᠦᠬᠦ ᠲᠠᠯ᠎ᠠ ᠪᠠᠷ ᠥᠷᠨᠢᠭᠦᠯᠵᠦ᠂ ᠨᠠᠰᠤᠲᠠᠶᠢᠴᠤᠳ ᠤᠨ ᠡᠷᠡᠭᠦᠯ ᠡᠩᠬᠡ ᠶᠢᠨ ᠬᠠᠮᠢᠶᠠᠷᠤᠯᠲᠠ ᠪᠠ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠠᠵᠢᠯ ᠢ ᠲᠣᠪᠣᠶᠢᠮ᠎ᠠ ᠰᠠᠶᠢᠲᠤᠷ ᠬᠢᠨ᠎ᠡ᠃ ᠠᠵᠤ ᠠᠬᠤᠶ ᠨᠢ ᠬᠦᠴᠢᠷᠳᠡᠯᠲᠡᠶ ᠴᠢᠳᠠᠯ ᠲᠡᠩᠬᠡᠭᠡ ᠥᠬᠡᠶ ᠪᠣᠯᠤᠭᠰᠠᠨ ᠨᠠᠰᠤᠲᠠᠶᠢᠴᠤᠳ᠂ ᠲᠥᠯᠥᠪᠯᠡᠭᠡ ᠲᠠᠢ ᠪᠠᠷ ᠬᠡᠦᠬᠡᠳ ᠠᠪᠤᠭᠰᠠᠨ ᠣᠨᠴᠠᠭᠠᠢ ᠭᠡᠷ ᠪᠦᠯᠢ ᠶᠢᠨ ᠨᠠᠰᠤᠲᠠᠶᠢᠴᠤᠳ ᠲᠤ ᠲᠥᠯᠥᠪᠦᠷᠢ ᠥᠬᠡᠶ ᠪᠤᠶᠤ ᠳᠣᠤᠷ᠎ᠠ ᠲᠥᠯᠥᠪᠦᠷᠢᠲᠦ ᠨᠠᠶᠢᠳᠠᠨ ᠠᠰᠠᠷᠠᠭᠤᠯᠬᠤ ᠦᠶᠯᠡᠴᠢᠯᠡᠭᠡᠨ ᠬᠠᠩᠭᠠᠵᠤ᠂ ᠨᠥᠬᠦᠴᠡᠯ ᠲᠠᠢ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠦᠶᠯᠡᠴᠢᠯᠡᠭᠡᠨ ᠤ ᠲᠦᠬᠦᠭᠡᠷᠦᠮᠵᠢ ( ᠨᠠᠰᠤᠲᠠᠨ ᠢ ᠠᠰᠠᠷᠠᠬᠤ ᠬᠦᠷᠢᠶᠡᠯᠡᠩ )   ᠶᠢᠨ ᠡᠳᠦᠷ ᠤᠨ ᠨᠠᠶᠢᠳᠠᠨ ᠠᠰᠠᠷᠠᠭᠤᠯᠬᠤ᠂ ᠭᠡᠷ ᠲᠤᠨᠢ ᠬᠦᠷᠴᠦ ᠦᠶᠯᠡᠴᠢᠯᠡᠬᠦ ᠵᠡᠷᠭᠡ ᠴᠢᠳᠠᠮᠵᠢ ᠶᠢ ᠨᠡᠮᠡᠭᠳᠡᠭᠦᠯᠬᠦ ᠶᠢ ᠠᠬᠢᠭᠤᠯᠤᠨ᠂ ᠴᠢᠳᠠᠯ ᠲᠡᠩᠬᠡᠭᠡ ᠥᠬᠡᠶ ᠪᠣᠯᠤᠭᠰᠠᠨ ᠨᠠᠰᠤᠲᠠᠶᠢᠴᠤᠳ ᠢ ᠬᠠᠷᠠᠭᠠᠯᠵᠠᠨ ᠠᠰᠠᠷᠠᠬᠤ ᠨᠢᠭᠡᠴᠡ ᠶᠢ ᠨᠡᠭᠡᠭᠡᠵᠦ᠂ ᠨᠠᠰᠤᠵᠢᠯ ᠤᠨ ᠠᠰᠠᠷᠠᠭᠴᠢ ᠪᠠ ᠨᠠᠰᠤᠲᠠᠶᠢᠴᠤᠳ ᠤᠨ ᠨᠡᠶᠢᠭᠡᠮ ᠤᠨ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠰ ᠪᠠ ᠨᠠᠰᠤᠵᠢᠯ ᠤᠨ ᠠᠰᠠᠷᠠᠮᠵᠢ  ᠶᠢᠨ ᠠᠵᠤ ᠦᠢᠯᠡᠰ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠣᠶᠢᠵᠢᠭᠤᠯᠵᠤ᠂ ᠮᠥᠩᠭᠦᠨ ᠭᠦᠢᠯᠭᠡᠭᠡᠨ ᠤ ᠠᠵᠤ ᠠᠬᠤᠢ  ᠶᠢ ᠬᠥᠭᠵᠢᠭᠦᠯᠦᠨ᠎ᠡ᠃      ᠨᠡᠶᠢᠭᠡᠮ ᠲᠣᠭᠤᠷᠢᠭ ᠤᠨ ᠨᠠᠰᠤᠵᠢᠯ ᠤᠨ ᠦᠶᠯᠡᠴᠢᠯᠡᠭᠡᠨ ᠤ ᠲᠦᠬᠦᠭᠡᠷᠦᠮᠵᠢ ᠶᠢ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠢᠵᠢ ᠪᠦᠷᠢᠳᠦᠭᠦᠯᠦᠨ ᠬᠡᠷᠡᠭᠯᠡᠬᠦ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠬᠡᠪᠴᠢᠶ᠎ᠡ ᠳᠤ ᠣᠷᠣᠭᠤᠯᠵᠤ᠂ ᠲᠥᠯᠥᠪᠵᠢᠭᠦᠯᠭᠡ ᠶᠢᠨ ᠬᠡᠷᠡᠭᠯᠡᠬᠦ ᠭᠠᠵᠠᠷ ᠤᠨ ᠲᠠᠯᠠᠪᠠᠢ ᠶᠢ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠨ᠂ ᠵᠢᠵᠢᠭ ᠬᠡᠯᠪᠡᠷᠢᠵᠢᠭᠰᠡᠨ᠂ ᠣᠯᠠᠨ ᠴᠢᠳᠠᠮᠵᠢᠲᠤ ᠡᠮᠴᠢᠯᠡᠭᠡ ᠨᠠᠰᠤᠵᠢᠯ ᠢ ᠨᠢᠭᠡ ᠴᠣᠭᠴᠠᠵᠢᠭᠤᠯᠤᠭᠰᠠᠨ ᠦᠶᠯᠡᠴᠢᠯᠡᠭᠡᠨ ᠤ ᠪᠠᠶᠢᠭᠤᠯᠤᠮᠵᠢ ᠶᠢ ᠣᠷᠣᠭᠤᠯᠵᠤ᠂ ︽15 ᠮᠢᠨᠦ᠋ᠲ ᠤᠨ ᠨᠠᠰᠤᠵᠢᠯ ᠤᠨ ᠦᠶᠯᠡᠴᠢᠯᠡᠭᠡᠨ ᠤ ᠲᠣᠭᠤᠷᠢᠭ︾ ᠢ ᠪᠠᠶᠢᠭᠤᠯᠤᠨ᠎ᠠ᠃ 2025 ᠣᠨ ᠪᠣᠯᠬᠤ ᠳᠤ᠂ ᠰᠢᠨ᠎ᠡ ᠪᠠᠷ ᠪᠠᠶᠢᠭᠤᠯᠬᠤ ᠣᠷᠣᠨ ᠰᠠᠭᠤᠴᠠ ᠶᠢᠨ ᠵᠢᠵᠢᠭ ᠲᠣᠭᠤᠷᠢᠭ ᠲᠤ ᠨᠠᠰᠤᠵᠢᠯ ᠤᠨ ᠦᠶᠯᠡᠴᠢᠯᠡᠭᠡᠨ ᠤ ᠲᠦᠬᠦᠭᠡᠷᠦᠮᠵᠢ ᠶᠢ 100%   ᠳᠤ ᠬᠦᠷᠦᠭᠦᠯᠦᠨ᠎ᠡ᠃      ᠨᠠᠰᠤᠵᠢᠯ ᠤᠨ ᠦᠶᠯᠡᠴᠢᠯᠡᠭᠡᠨ ᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠪᠦᠷᠢᠨᠰᠢᠬᠦᠯᠵᠦ᠂ ᠦᠶᠯᠡᠴᠢᠯᠡᠭᠡᠨ ᠤ ᠶᠠᠰᠤ ᠴᠢᠨᠠᠷ ᠢ ᠬᠢᠨᠠᠨ ᠰᠢᠨᠵᠢᠬᠦ ᠶᠢ ᠴᠢᠩᠭᠠᠳᠬᠠᠨ᠂ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠶᠳᠪᠦᠷᠢᠯᠡᠬᠦ ᠲᠠᠪᠴᠠᠩ ᠢ ᠪᠠᠶᠢᠭᠤᠯᠵᠤ᠂ ᠨᠠᠰᠤᠲᠠᠶᠢᠴᠤᠳ ᠤᠨ ᠡᠷᠬᠡ ᠠᠰᠢᠭ  ᠲᠤ ᠬᠠᠯᠳᠠᠭᠰᠠᠨ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠶᠳᠪᠦᠷᠢᠯᠡᠵᠦ᠂ ᠨᠠᠰᠤᠵᠢᠯ ᠤᠨ ᠦᠶᠯᠡᠴᠢᠯᠡᠭᠡᠨ ᠤ ᠢᠲᠡᠭᠡᠮᠵᠢ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠤᠨ᠎ᠠ᠃      ᠭᠤᠷᠪᠠ᠂ ᠡᠮᠡᠭᠲᠡᠶᠢᠴᠦᠳ ᠪᠠ ᠬᠡᠦᠬᠡᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ      ᠡᠮᠡᠭᠲᠡᠶᠢᠴᠦᠳ ᠪᠠ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠡᠮᠡᠭᠲᠡᠶᠢᠴᠦᠳ᠂ ᠬᠡᠦᠬᠡᠳ ᠤᠨ ᠬᠤᠶᠠᠷ ᠬᠥᠭᠵᠢᠯᠲᠡ ᠶᠢᠨ ᠲᠥᠯᠥᠪᠵᠢᠭᠦᠯᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠢᠳᠡᠪᠬᠢᠲᠡᠢ ᠠᠬᠢᠭᠤᠯᠤᠨ᠎ᠠ᠃ ᠡᠮᠡᠭᠲᠡᠶᠢᠴᠦᠳ ᠤᠨ ᠬᠥᠭᠵᠢᠯᠲᠡ ᠶᠢᠨ ᠣᠷᠴᠢᠨ ᠨᠥᠬᠦᠴᠡᠯ  ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠡᠮᠡᠭᠲᠡᠶᠢᠴᠦᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠣᠷᠣᠯᠴᠠᠬᠤ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠡᠳ᠋ᠯᠡᠬᠦ ᠡᠷᠬᠡ ᠲᠡᠭᠰᠢ ᠡᠷᠬᠡ ᠶᠢ ᠦᠨᠡᠨᠬᠦ ᠪᠠᠲᠤᠯᠠᠬᠤ ᠶᠢ ᠠᠬᠢᠭᠤᠯᠵᠤ᠂ ᠡᠮᠡᠭᠲᠡᠶᠢᠴᠦᠳ ᠤᠨ ᠤᠯᠤᠰ ᠣᠷᠣᠨ ᠪᠠ ᠠᠵᠤ ᠠᠬᠤᠢ ᠰᠣᠶᠣᠯ ᠨᠡᠶᠢᠭᠡᠮ ᠤᠨ ᠬᠡᠷᠡᠭ ᠶᠠᠪᠤᠳᠠᠯ ᠤᠨ ᠬᠠᠮᠢᠶᠠᠷᠤᠯᠲᠠ ᠳᠤ ᠣᠷᠣᠯᠴᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂《 ᠡᠮᠡᠭᠲᠡᠶᠢᠴᠦᠳ ᠤᠨ ᠭᠡᠷ ᠪᠦᠯᠢ 》 ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠬᠡᠦᠬᠡᠳ ᠢ ᠡᠩ ᠲᠡᠷᠢᠭᠦᠨ ᠳᠤ ᠪᠠᠶᠢᠯᠭᠠᠬᠤ ᠵᠠᠷᠴᠢᠮ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠡᠦᠬᠡᠳ ᠢ ᠡᠩ ᠲᠡᠷᠢᠭᠦᠨ ᠳᠤ ᠬᠥᠭᠵᠢᠭᠦᠯᠬᠦ ᠪᠠ ᠪᠦᠬᠦ ᠲᠠᠯ᠎ᠠ ᠪᠠᠷ ᠬᠥᠭᠵᠢᠭᠦᠯᠬᠦ ᠶᠢ ᠠᠬᠢᠭᠤᠯᠬᠤ ᠳᠦᠷᠢᠮ ᠤᠨ ᠲᠣᠭᠲᠠᠯᠴᠠᠭ᠎ᠠ  ᠶᠢ ᠪᠠᠶᠢᠭᠤᠯᠤᠨ ᠲᠡᠭᠦᠯᠳᠡᠷᠵᠢᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠳᠤ ᠬᠡᠦᠬᠡᠳ ᠤᠨ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠡᠩ ᠲᠡᠷᠢᠭᠦᠨ ᠳᠤ ᠲᠠᠯᠪᠢᠬᠤ ᠶᠢ ᠪᠠᠲᠤᠯᠠᠨ᠎ᠠ᠃ ᠨᠠᠰᠤᠨ ᠳᠤ ᠥᠯᠥ ᠬᠦᠷᠦᠭᠰᠡᠳ ᠤᠨ ᠬᠠᠤᠯᠢ ᠶᠣᠰᠣᠭᠠᠷ ᠡᠷᠬᠡ ᠲᠡᠭᠰᠢ ᠪᠠᠷ ᠡᠯ᠎ᠡ ᠵᠦᠶᠯ ᠤᠨ ᠡᠷᠬᠡ ᠡᠳ᠋ᠯᠡᠬᠦ ᠶᠢ ᠪᠠᠲᠤᠯᠠᠵᠤ᠂ ᠬᠡᠦᠬᠡᠳ ᠤᠨ ᠠᠩᠬᠠᠨ ᠤ ᠬᠥᠭᠵᠢᠯᠲᠡ ᠶᠢᠨ ᠦᠶᠯᠡᠴᠢᠯᠡᠭᠡᠨ ᠤ ᠣᠨᠣᠯᠵᠢᠬᠤᠨ ᠢ ᠰᠠᠨᠠᠭᠠᠴᠢᠯᠠᠨ᠂ ᠨᠢᠷᠠᠶ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠶᠯᠡᠴᠢᠯᠡᠭᠡᠨ ᠢ ᠬᠥᠭᠵᠢᠭᠦᠯᠵᠦ᠂ ᠵᠢᠱᠢᠶ᠎ᠡ ᠦᠵᠡᠭᠦᠯᠬᠦ ᠴᠢᠨᠠᠷᠲᠠᠶ ᠬᠡᠦᠬᠡᠳ ᠰᠠᠭᠠᠲᠠᠭᠤᠯᠬᠤ ᠦᠶᠯᠡᠴᠢᠯᠡᠭᠡᠨ ᠤ ᠪᠠᠶᠢᠭᠤᠯᠤᠮᠵᠢ ᠪᠠ ᠬᠡᠦᠬᠡᠳ ᠤᠨ ᠠᠩᠬᠠᠨ ᠤ ᠬᠥᠭᠵᠢᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠂ ᠨᠡᠶᠢᠭᠡᠮ ᠲᠣᠭᠤᠷᠢᠭ ᠤᠨ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠵᠢᠷᠤᠮᠵᠢᠭᠤᠨ ᠬᠥᠭᠵᠢᠬᠦ ᠶᠢ ᠠᠬᠢᠭᠤᠯᠤᠨ᠎ᠠ᠃ ᠮᠠᠯᠵᠢᠬᠤ ᠣᠷᠣᠨ ᠤ ᠬᠡᠦᠬᠡᠳ ᠤᠨ ᠰᠤᠷᠭᠠᠨ ᠬᠥᠮᠦᠵᠢᠯ ᠤᠨ ᠬᠠᠮᠢᠶᠠᠷᠤᠯᠲᠠ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠪᠠᠲᠤᠯᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠦᠨᠳᠦᠰᠦᠨ ᠱᠠᠲᠤᠨ ᠤ ᠬᠡᠦᠬᠡᠳ ᠢ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ᠂ ᠬᠡᠦᠬᠡᠳ ᠤᠨ ᠡᠷᠬᠡ ᠠᠰᠢᠭ ᠢ ᠬᠠᠮᠠᠭᠠᠯᠠᠬᠤ ᠪᠠ ᠠᠮᠤᠷ ᠲᠦᠪᠰᠢᠨ ᠢ ᠬᠠᠮᠠᠭᠠᠯᠠᠬᠤ ᠶᠢ ᠳᠣᠪᠣᠶᠢᠯᠭᠠᠵᠤ᠂ ᠨᠠᠰᠤᠨ ᠳᠤ ᠥᠯᠥ ᠬᠦᠷᠦᠭᠰᠡᠳ ᠢ ᠬᠠᠯᠠᠮᠵᠢᠯᠠᠨ ᠬᠠᠶᠢᠷᠠᠯᠠᠬᠤ ᠨᠡᠶᠢᠭᠡᠮ ᠤᠨ ᠲᠣᠤᠷ ᠰᠦᠯᠵᠢᠶ᠎ᠡ ᠶᠢ ᠪᠠᠶᠢᠭᠤᠯᠤᠨ᠎ᠠ᠃      ᠪᠦᠬᠦ ᠬᠤᠰᠢᠭᠤᠨ ᠤ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠳᠦᠷᠢᠮ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠵᠠᠯᠠᠭᠤᠴᠤᠳ ᠤᠨ ᠬᠥᠭᠵᠢᠯᠲᠡ ᠶᠢᠨ ᠲᠥᠷᠦ ᠶᠢᠨ ᠪᠣᠳᠣᠯᠭ᠎ᠠ ᠶᠢᠨ ᠰᠢᠰᠲ᠋ᠧᠮ᠂ ᠠᠵᠢᠯ ᠤᠨ ᠰᠢᠰᠲ᠋ᠧᠮ᠂ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠵᠠᠯᠠᠭᠤᠴᠤᠳ ᠤᠨ ᠬᠥᠭᠵᠢᠯᠲᠡ ᠶᠢᠨ ᠵᠠᠷᠤᠳᠠᠯ ᠤᠨ ᠣᠷᠣᠭᠤᠯᠤᠯᠲᠠ ᠶᠢ ᠪᠠᠲᠤᠯᠠᠵᠤ᠂ ᠬᠢᠨᠠᠨ ᠬᠡᠮᠵᠢᠵᠦ ᠦᠨᠡᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠴᠢᠬᠤᠯᠠ ᠶᠡᠭᠡ ᠲᠦᠷᠦ ᠶᠢᠨ ᠪᠤᠳᠤᠯᠭ᠎ᠠ ᠪᠣᠯᠤᠨ ᠴᠢᠬᠤᠯᠠ ᠶᠡᠭᠡ ᠲᠦᠷᠦᠯ ᠵᠦᠢᠯ  ᠢᠶᠠᠷ ᠵᠠᠯᠠᠭᠤᠴᠤᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠵᠠᠯᠠᠭᠤᠴᠤᠳ ᠤᠨ ᠦᠵᠡᠯ ᠰᠠᠨᠠᠭ᠎ᠠ ᠤᠯᠤᠰ ᠲᠦᠷᠦ ᠶᠢᠨ ᠬᠡᠪ ᠪᠣᠯᠪᠠᠰᠤᠷᠠᠯ ᠪᠣᠯᠤᠨ ᠪᠦᠬᠦ ᠲᠠᠯ᠎ᠠ ᠶᠢᠨ ᠬᠥᠭᠵᠢᠯᠲᠡ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃      ᠳᠦᠷᠪᠡ᠂ ᠵᠡᠮᠳᠡᠭᠴᠦᠳ ᠤᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠨ᠎ᠠ      ᠵᠡᠮᠳᠡᠭᠴᠦᠳ ᠤᠨ ᠳᠦᠷᠢᠮᠵᠢᠭᠰᠡᠨ ᠪᠠᠲᠤᠯᠠᠭ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠵᠤ᠂ ᠤᠯᠠᠨ ᠨᠡᠶᠢᠲᠡ ᠶᠢᠨ ᠲᠠᠯᠠᠪᠤᠷ ᠤᠨ ᠰᠠᠭᠠᠳ ᠦᠭᠡᠢ ᠣᠷᠴᠢᠨ ᠨᠥᠬᠦᠴᠡᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠵᠡᠮᠳᠡᠭᠴᠦᠳ ᠤᠨ ᠬᠤᠶᠠᠷ ᠵᠦᠢᠯ ᠤᠨ ᠨᠥᠬᠦᠪᠥᠷᠢ ᠶᠢᠨ ᠲᠦᠷᠢᠮ ᠪᠠ ᠵᠡᠮᠳᠡᠭ ᠬᠡᠦᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠲᠦᠷᠢᠮ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠵᠡᠮᠳᠡᠭᠴᠦᠳ ᠢ ᠨᠠᠶᠢᠳᠠᠨ ᠠᠰᠠᠷᠠᠭᠤᠯᠬᠤ ᠪᠠ ᠡᠷᠡᠭᠦᠯᠵᠢᠭᠦᠯᠬᠦ ᠦᠢᠯᠡᠴᠢᠯᠡᠭᠡᠨ ᠤ ᠲᠣᠭᠲᠠᠯᠴᠠᠭ᠎ᠠ ᠶᠢ ᠪᠥᠷᠢᠨᠰᠢᠬᠦᠯᠵᠤ᠂ ᠰᠤᠮᠤ ᠪᠠᠯᠭᠠᠰᠤ᠂ ᠨᠡᠶᠢᠭᠡᠮ ᠲᠣᠭᠤᠷᠢᠭ ᠤᠨ ᠵᠡᠮᠳᠡᠭᠴᠦᠳ ᠤᠨ ᠡᠷᠡᠭᠦᠯᠵᠢᠭᠦᠯᠬᠦ ᠪᠠᠶᠢᠭᠤᠯᠤᠮᠵᠢ ᠶᠢ ᠵᠢᠷᠤᠮᠵᠢᠭᠤᠯᠤᠨ᠂ ᠨᠡᠶᠢᠭᠡᠮ ᠲᠣᠭᠤᠷᠢᠭ ᠤᠨ ᠡᠷᠡᠭᠦᠯᠵᠢᠭᠦᠯᠬᠦ ᠵᠢᠭᠠᠨ ᠵᠢᠯᠤᠭᠤᠳᠤᠭᠴᠢ ᠶᠢᠨ ᠦᠨᠡᠨ ᠨᠡᠷ᠎ᠡ ᠶᠢᠨ ᠲᠥᠷᠢᠮ ᠤᠨ ᠪᠣᠯᠪᠠᠰᠤᠷᠠᠭᠤᠯᠤᠯ ᠢ ᠴᠢᠩᠭᠠᠳᠬᠠᠨ᠎ᠠ᠃ ᠵᠡᠮᠳᠡᠭᠴᠦᠳ ᠤᠨ ᠰᠤᠷᠭᠠᠨ ᠬᠥᠮᠦᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ 2025 ᠣᠨ ᠤ ᠰᠡᠭᠦᠯᠴᠢ ᠪᠣᠯᠬᠤ ᠳᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠵᠡᠮᠳᠡᠭ ᠬᠡᠦᠬᠡᠳ ᠤᠨ ᠰᠤᠷᠭᠠᠭᠤᠯᠢ ᠳᠤ ᠣᠷᠣᠬᠤ ᠨᠣᠷᠮ᠎ᠠ ᠶᠢ 100%   ᠳᠤ ᠬᠦᠷᠦᠭᠦᠯᠦᠨ᠎ᠡ᠃ ᠵᠡᠮᠳᠡᠭᠴᠦᠳ ᠤᠨ ᠰᠣᠶᠣᠯ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠵᠡᠮᠳᠡᠭᠴᠦᠳ ᠤᠨ ᠨᠢᠭᠦᠯᠡᠰᠦᠩᠭᠦᠶ ᠶᠢᠨ ᠦᠢᠯᠡᠰ ᠪᠣᠯᠤᠨ ᠦᠢᠯᠡᠴᠢᠯᠡᠭᠡᠨ ᠤ ᠠᠵᠤ ᠦᠢᠯᠡᠰ  ᠢ ᠬᠥᠭᠵᠢᠭᠦᠯᠦᠨ᠎ᠡ᠃ ᠵᠢᠷᠭᠤᠳᠤᠭᠠᠷ ᠬᠡᠰᠡᠭ    ᠣᠶᠣᠨ ᠤ ᠪᠣᠯᠪᠠᠰᠤᠨ      ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠰᠤᠷᠲᠠᠯ ᠢᠶᠠᠨ ᠬᠦᠴᠦᠯᠡᠨ ᠬᠤᠪᠢᠷᠠᠭᠤᠯᠵᠤ᠂ ᠰᠣᠶᠣᠯ ᠲᠠᠮᠢᠷ ᠤᠨ ᠦᠶᠯᠡᠰ ᠢ ᠴᠡᠴᠡᠭᠯᠡᠭᠦᠯᠦᠨ ᠬᠥᠭᠵᠢᠭᠦᠯᠵᠦ᠂ ᠠᠷᠠᠳ ᠣᠯᠠᠨ ᠤ ᠣᠶᠤᠨ ᠤ ᠠᠮᠢᠳᠤᠷᠠᠯ ᠢ ᠪᠠᠶᠠᠯᠢᠭᠵᠢᠭᠤᠯᠵᠤ᠂ ᠪᠣᠯᠪᠠᠰᠤᠨ ᠵᠡᠭᠦᠨ ᠦᠵᠦᠮᠦᠴᠢᠨ ᠢ ᠴᠣᠭᠴᠠᠯᠠᠨ᠎ᠠ᠃        ᠨᠢᠭᠡ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠤᠨ᠎ᠠ        ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠤᠷᠤᠯᠴᠠᠯᠭ᠎ᠠ ᠤᠬᠠᠭᠤᠯᠭ᠎ᠠ ᠶᠢ ᠭᠦᠨᠵᠡᠭᠡᠶᠢᠷᠡᠭᠦᠯᠵᠦ᠂《ᠤᠯᠠᠭᠠᠨᠮᠥ᠋ᠴᠢᠷ ᠤᠨ ᠵᠣᠷᠢᠭ ᠰᠠᠨᠠᠭ᠎ᠠ》᠂《ᠮᠣᠩᠭᠤᠯ ᠮᠤᠷᠢᠨ ᠤ ᠵᠣᠷᠢᠭ ᠰᠠᠨᠠᠭ᠎ᠠ》 ᠶᠢ ᠪᠠᠳᠠᠷᠠᠭᠤᠯᠤᠨ᠎ᠠ᠃ ᠨᠡᠶᠢᠭᠡᠮ ᠨᠡᠶᠢᠲᠡ ᠶᠢᠨ ᠶᠣᠰᠣ ᠮᠣᠷᠠᠯ᠂ ᠲᠤᠬᠠᠶᠢᠯᠠᠭᠰᠠᠨ ᠠᠵᠢᠯ ᠤᠨ ᠶᠣᠰᠣ ᠮᠣᠷᠠᠯ᠂ ᠭᠡᠷ ᠪᠦᠯᠢ ᠶᠢᠨ ᠰᠠᠶᠢᠨ ᠰᠠᠶᠢᠬᠠᠨ ᠶᠣᠰᠣ ᠮᠣᠷᠠᠯ᠂ ᠬᠤᠪᠢ ᠬᠥᠮᠦᠨ ᠤ ᠵᠠᠩ ᠮᠣᠷᠠᠯ ᠤᠨ ᠬᠥᠮᠦᠵᠢᠯ ᠢ ᠴᠢᠩᠭᠠᠳᠬᠠᠨ᠎ᠠ᠃ ᠨᠠᠰᠤᠨ ᠲᠤᠷᠰᠢᠳᠠ ᠰᠤᠷᠤᠯᠴᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠶᠡᠭᠡ ᠪᠠᠷ ᠤᠬᠠᠭᠤᠯᠵᠤ᠂ ᠶᠣᠰᠣ ᠮᠣᠷᠠᠯ ᠤᠨ ᠵᠢᠱᠢᠶᠡᠴᠢ ᠶᠢ ᠰᠢᠯᠭᠠᠷᠠᠭᠤᠯᠤᠨ ᠬᠥᠬᠢᠭᠦᠯᠦᠨ᠎ᠡ ᠃ ᠯᠧᠢ ᠹᠧᠩ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠯᠧᠢ ᠹᠧᠩ ᠠᠴᠠ ᠰᠤᠷᠤᠯᠴᠠᠬᠤ ᠪᠠ ᠰᠠᠶᠢᠨ ᠳᠤᠷ᠎ᠠ ᠶᠢᠨ ᠦᠢᠯᠡᠴᠢᠯᠡᠭᠡ ᠶᠢ ᠤᠶᠠᠯᠳᠤᠭᠤᠯᠤᠨ᠎ᠠ᠃ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢᠨ ᠢᠨᠵᠧᠨᠧᠷᠢᠩ ᠢ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠭᠤᠣᠯ ᠵᠠᠭᠤᠴᠢᠯᠠᠭᠤᠷ ᠢ ᠬᠦᠴᠦᠷᠬᠡᠭᠵᠢᠭᠦᠯᠵᠦ᠂ ᠬᠠᠮ ᠵᠠᠭᠤᠴᠢᠯᠠᠭᠤᠷ ᠤᠨ ᠲᠥᠪ ᠢ ᠰᠠᠶᠢᠲᠤᠷ ᠠᠰᠢᠭᠯᠠᠨ᠎ᠠ᠃      ᠬᠤᠶᠠᠷ᠂ ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ      ᠤᠯᠢᠶᠠᠰᠤᠲᠠᠢ ᠪᠠᠯᠭᠠᠰᠤᠨ ᠤ ᠨᠣᠮ ᠤᠨ ᠰᠠᠩ ᠤᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠣᠮ ᠤᠨ ᠰᠠᠩ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠠᠭᠠᠨᠮᠥ᠋ᠴᠢᠷ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠰᠣᠶᠣᠯ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠶᠢᠰᠠᠨ ᠤ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠢᠨᠵᠧᠨᠧᠷᠢᠩ ᠢᠶᠠᠷ ᠢᠳᠡᠪᠬᠢᠲᠡᠶ ᠭᠤᠶᠤᠴᠢᠯᠠᠨ ᠮᠡᠳᠡᠭᠦᠯᠦᠨ᠎ᠡ᠃ ᠵᠠᠭᠤᠨ ᠬᠤᠷᠢᠶ᠎ᠠ ᠮᠢᠩᠭᠠᠨ ᠲᠠᠯᠠᠪᠤᠷ ᠦᠨᠳᠦᠰᠦᠨ ᠱᠠᠲᠤᠨ ᠳᠤ ᠪᠠᠭᠤᠵᠤ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠦᠴᠦᠯᠡᠨ ᠬᠡᠷᠡᠭᠵᠢᠭᠦᠯᠦᠨ᠎ᠡ᠃ ᠪᠠᠶᠠᠷ ᠳᠤᠷᠠᠰᠬᠠᠯ ᠤᠨ ᠡᠳᠦᠷ ᠠᠷᠠᠳ ᠲᠤ ᠠᠰᠢᠭ ᠬᠦᠷᠲᠡᠭᠡᠬᠦ ᠤᠷᠠᠨ ᠰᠠᠶᠢᠬᠠᠨ ᠤ ᠲᠣᠭᠯᠠᠯᠲᠠ ᠪᠠ ᠡᠯ᠎ᠡ ᠲᠥᠷᠥᠯ ᠤᠨ ᠣᠯᠠᠨ ᠲᠦᠮᠡᠨᠴᠢ ᠴᠢᠨᠠᠷᠲᠠᠶ ᠰᠣᠶᠣᠯ ᠪᠡᠶ᠎ᠡ  ᠶᠢᠨ ᠲᠠᠮᠢᠷ ᠤᠨ ᠤᠷᠤᠯᠳᠤᠭᠠᠨ ᠢ ᠡᠷᠬᠢᠯᠡᠨ᠎ᠡ᠃ ᠭᠠᠳᠠᠭᠠᠳᠤ ᠯᠤᠭ᠎ᠠ ᠶᠢᠨ ᠰᠣᠶᠣᠯ ᠤᠨ ᠰᠣᠯᠢᠯᠴᠠᠭᠠᠨ ᠤ ᠡᠷᠴᠢᠮ  ᠢᠶᠠᠨ ᠨᠡᠮᠡᠭᠳᠡᠭᠦᠯᠵᠦ᠂ ᠭᠠᠳᠠᠭᠠᠳᠤ ᠯᠤᠭ᠎ᠠ ᠶᠢᠨ ᠰᠣᠶᠣᠯ ᠤᠨ ᠰᠣᠯᠢᠯᠴᠠᠭ᠎ᠠ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠵᠤ᠂ ᠦᠨᠳᠦᠰᠦᠲᠡᠨ ᠤ ᠰᠣᠶᠣᠯ ᠤᠨ《 ᠭᠠᠷᠴᠤ ᠶᠠᠪᠤᠬᠤ 》 ᠶᠢ ᠲᠦᠯᠬᠢᠨ ᠠᠬᠢᠭᠤᠯᠤᠨ᠎ᠠ᠃ ᠰᠣᠶᠣᠯ  ᠤᠨ ᠦᠢᠯᠡᠰ ᠬᠢᠭᠡᠳ ᠰᠣᠶᠣᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠰᠤᠮᠤ ᠰᠢᠶᠠᠩ ᠪᠠᠯᠭᠠᠰᠤ ᠶᠢᠨ ᠰᠣᠶᠣᠯ ᠤᠨ ᠥᠷᠲᠡᠭᠡ᠂ ᠭᠠᠴᠠᠭ᠎ᠠ ᠲᠣᠰᠬᠤᠨ ᠤ ᠰᠣᠶᠣᠯ ᠤᠨ ᠲᠥᠪ ᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠰᠠᠨᠠᠭᠠᠴᠢᠯᠠᠵᠤ᠂ ᠰᠤᠮᠤ ᠪᠠᠯᠭᠠᠰᠤ᠂ ᠭᠠᠴᠠᠭ᠎ᠠ ᠲᠣᠰᠬᠤᠨ ( ᠨᠡᠶᠢᠭᠡᠮ ᠲᠣᠭᠤᠷᠢᠭ )   ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠪᠦᠬᠦᠨ ᠢ ᠪᠥᠷᠬᠦᠭᠦᠯᠬᠦ ᠶᠢ ᠪᠡᠶᠡᠯᠡᠭᠦᠯᠦᠨ᠎ᠡ᠃      ᠭᠤᠷᠪᠠ᠂ ᠰᠣᠶᠣᠯ ᠤᠨ ᠥᠪ ᠬᠥᠷᠥᠩᠭᠡ ᠶᠢ ᠬᠠᠮᠠᠭᠠᠯᠠᠬᠤ ᠪᠠ ᠨᠡᠭᠡᠭᠡᠨ ᠠᠰᠢᠭᠯᠠᠬᠤ ᠶᠢ ᠴᠢᠩᠭᠠᠳᠬᠠᠨ᠎ᠠ      ᠴᠢᠬᠤᠯᠠ ᠰᠣᠶᠣᠯ ᠪᠠ ᠪᠠᠶᠢᠭᠠᠯᠢ ᠶᠢᠨ ᠥᠪ᠂ ᠪᠣᠳᠠᠰ ᠤᠨ ᠪᠤᠰᠤ ᠰᠣᠶᠣᠯ ᠤᠨ ᠥᠪ ᠤᠨ ᠰᠢᠰᠲ᠋ᠧᠮ ᠤᠨ ᠴᠢᠨᠠᠷᠲᠠᠢ ᠬᠠᠮᠠᠭᠠᠯᠠᠯᠲᠠ ᠶᠢ ᠴᠢᠩᠭᠠᠳᠬᠠᠵᠤ᠂ ᠤᠯᠠᠮᠵᠢᠯᠠᠯᠲᠤ ᠭᠠᠷ ᠤᠷᠠᠯᠠᠯ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ ᠤᠷᠲᠤ ᠶᠢᠨ ᠳᠠᠭᠤᠤ᠂ ᠬᠥᠭᠡᠮᠡᠢ᠂ ᠢᠷᠥᠭᠡᠯ ᠮᠠᠭᠲᠠᠭᠠᠯ ᠵᠡᠷᠭᠡ ᠦᠨᠳᠦᠰᠦᠲᠡᠨ  ᠤ ᠰᠣᠶᠣᠯ ᠤᠨ ᠰᠤᠳᠤᠯᠭᠠᠨ᠂ ᠬᠠᠮᠠᠭᠠᠯᠠᠯᠲᠠ᠂ ᠤᠯᠠᠮᠵᠢᠯᠠᠯ᠂ ᠰᠣᠯᠢᠯᠴᠠᠭ᠎ᠠ ᠶᠢ ᠶᠡᠬᠡᠪᠡᠷ ᠳᠠᠮᠵᠢᠨ ᠴᠢᠩᠭᠠᠳᠬᠠᠵᠤ᠂《 ᠦᠵᠦᠮᠦᠴᠢᠨ 》ᠨᠡᠷᠡᠲᠦ ᠲᠡᠮᠳᠡᠭ ᠢ ᠡᠭᠦᠳᠦᠨ᠎ᠡ᠃ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠬᠤ ᠦᠵᠡᠯ ᠤᠬᠠᠮᠰᠠᠷ ᠢ ᠴᠢᠩᠭᠠᠷᠠᠭᠤᠯᠵᠤ᠂ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠬᠤ ᠠᠵᠢᠯ ᠢ ᠰᠠᠶᠢᠲᠤᠷ ᠠᠳᠬᠤᠵᠤ᠂ ᠵᠢᠩᠰᠡᠲᠡᠢ ᠠᠭᠤᠶ ᠶᠢᠨ ᠪᠠᠭᠤᠷᠢ᠂ ᠠᠯᠲᠠᠨ ᠣᠯᠣᠰ ᠤᠨ ᠡᠷᠲᠡᠨ ᠤ ᠣᠷᠳᠣ ᠴᠠᠭᠠᠨ ᠬᠡᠷᠡᠮ ᠤᠨ ᠪᠠᠭᠤᠷᠢ᠂ ᠰᠢᠨ᠎ᠡ ᠰᠦᠮ᠎ᠡ ᠪᠣᠯᠤᠨ ᠪᠠᠳᠠᠷᠠᠬᠤ ᠣᠪᠣᠭ᠎ᠠ ᠶᠢᠨ ᠣᠩᠭᠤᠨ ᠤ ᠰᠦᠷᠦᠭᠵᠢᠯ ᠵᠡᠷᠭᠡ ᠲᠡᠦᠬᠡ ᠶᠢᠨ ᠳᠤᠷᠠᠰᠬᠠᠯᠲᠤ ᠵᠦᠶᠯᠡᠰ ᠤᠨ ᠨᠢᠭᠡᠴᠡ ᠶᠢ ᠬᠠᠮᠠᠭᠠᠯᠠᠬᠤ ᠶᠢ ᠴᠢᠩᠭᠠᠳᠬᠠᠨ᠎ᠠ᠃ ᠰᠡᠷᠭᠦᠭᠡᠨ ᠬᠠᠮᠠᠭᠠᠯᠠᠭᠰᠠᠨ ᠰᠠᠭᠤᠷᠢᠨ ᠳᠡᠭᠡᠷ᠎ᠡ᠂ ᠰᠣᠶᠣᠯ ᠤᠨ ᠥᠪ ᠬᠥᠷᠥᠩᠭᠡ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠪᠠᠷ ᠨᠡᠭᠡᠭᠡᠨ ᠠᠰᠢᠭᠯᠠᠨ᠎ᠠ᠃      ᠳᠥᠷᠪᠡ᠂ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠦᠶᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ      ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠪᠠᠶᠢᠭᠤᠯᠤᠯ ᠢ ᠰᠢᠯᠤᠭᠤᠳᠬᠠᠨ᠂ ᠵᠠᠰᠠᠭ ᠪᠠ ᠠᠵᠢᠯ ᠦᠢᠯᠡᠰ ᠢ ᠰᠠᠯᠭᠠᠬᠤ ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠶᠢ ᠬᠡᠷᠡᠭᠵᠢᠭᠦᠯᠵᠦ᠂ ᠣᠷᠣᠰᠢᠭᠤᠯᠭ᠎ᠠ ᠶᠢᠨ ᠬᠠᠤᠯᠢ ᠬᠡᠷᠡᠭᠵᠢᠭᠦᠯᠬᠦ ᠡᠩᠨᠡᠭᠡ  ᠶᠢ ᠪᠠᠶᠢᠭᠤᠯᠤᠨ᠎ᠠ᠃ 2025 ᠣᠨ ᠪᠣᠯᠬᠤ ᠳᠤ᠂ ᠣᠷᠣᠰᠢᠭᠤᠯᠭ᠎ᠠ ᠶᠢᠨ ᠦᠶᠯᠡᠴᠢᠯᠡᠭᠡᠨ ᠤ ᠵᠢᠷᠤᠮᠵᠢᠯ ᠢ ᠴᠢᠷᠮᠠᠶᠢᠨ ᠪᠡᠶᠡᠯᠡᠭᠦᠯᠵᠦ᠂ ᠥᠭᠦᠭᠰᠡᠦᠨ ᠢ ᠭᠠᠯ ᠢᠶᠠᠷ ᠳᠡᠭᠳᠡᠭᠡᠬᠦ ᠨᠣᠷᠮ᠎ᠠ ᠶᠢ 100%   ᠳᠤ ᠬᠦᠷᠦᠭᠦᠯᠦᠨ᠎ᠡ᠃ ᠣᠷᠣᠰᠢᠭᠤᠯᠭ᠎ᠠ ᠶᠢᠨ ᠬᠡᠷᠡᠭᠰᠡᠯ ᠪᠣᠷᠣᠯᠠᠭᠤᠯᠬᠤ ᠵᠠᠬ᠎ᠠ ᠳᠡᠯᠭᠡᠭᠦᠷ ᠢ ᠠᠯᠬᠤᠮ ᠠᠯᠬᠤᠮ ᠢᠶᠠᠷ ᠵᠢᠷᠤᠮᠵᠢᠭᠤᠯᠤᠨ᠎ᠠ᠃  
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号