ᠣᠯᠣᠰ ᠠᠷᠠᠳ ᠤᠨ ᠠᠵᠣ ᠠᠬᠤᠢ ᠪᠠ ᠨᠡᠶᠢᠭᠡᠮ ᠤᠨ ᠭᠦᠭᠵᠢᠯᠲᠡ ᠶᠢᠨ ᠠᠷᠪᠠᠨ ᠲᠦᠷᠪᠡᠳᠦᠭᠡᠷ ᠲᠠᠪᠣᠨ ᠵᠢᠯ ᠤᠨ ᠲᠦᠯᠦᠪᠵᠢᠭᠦᠯᠭᠡ ᠪᠠ 2035 ᠣᠨ ᠤ ᠠᠯᠣᠰ ᠤᠨ ᠬᠠᠷᠠᠯᠲᠠ ᠶᠢᠨ ᠬᠦᠳᠦᠯᠪᠦᠷᠢ ᠶᠢᠨ ᠲᠣᠪᠴᠢ ︵ᠠᠷᠪᠠ︶
ᠨᠡᠶᠢᠲᠡᠯᠡᠭᠰᠡᠨ ᠴᠠᠭ᠄
2021/9/8
ᠠᠷᠪᠠᠳᠤᠭᠠᠷ ᠪᠦᠯᠦᠭ    ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ      ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ᠂  ᠪᠦᠬᠦ ᠲᠠᠯ᠎ᠠ ᠶᠢᠨ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠤᠯᠤᠰ ᠤᠨ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠠᠮᠠᠭᠠᠯᠠᠨ᠂ ᠨᠡᠶᠢᠭᠡᠮ ᠤᠨ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠠᠮᠤᠷ ᠠᠮᠤᠭᠤᠯᠠᠩ ᠵᠡᠭᠦᠨ ᠦᠵᠦᠮᠦᠴᠢᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠵᠤ ᠂ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠤᠨ ᠲᠣᠭᠲᠠᠭᠤᠨ᠂ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠤᠨ ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠦᠨ᠎ᠡ᠃      ᠨᠢᠭᠡᠳᠦᠭᠡᠷ ᠬᠡᠰᠡᠭ    ᠦᠨᠳᠦᠰᠦᠲᠡᠨ ᠤ ᠪᠦᠯᠬᠦᠮᠳᠡᠯ ᠳᠠᠪᠰᠢᠯᠲᠠ      ︽ᠳᠤᠮᠳᠠᠳᠤ ᠶᠢᠨ ᠦᠨᠳᠦᠰᠦᠲᠡᠨ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ  ︾ ᠪᠠᠷ ᠬᠠᠷᠠᠯᠲᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠᠷ ᠭᠤᠤᠯ ᠰᠢᠵᠢᠮ ᠪᠣᠯᠭᠠᠵᠤ᠂ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠪᠠᠷ ᠦᠨᠳᠦᠰᠦᠨ ᠠᠷᠭ᠎ᠠ ᠵᠠᠮ ᠪᠣᠯᠭᠠᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠬᠥᠮᠦᠵᠢᠯ ᠪᠠ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠤᠳᠠᠭᠠᠨ ᠳᠠᠭᠠᠭᠠᠮᠠᠭᠠᠶ ᠥᠷᠨᠢᠭᠦᠯᠵᠦ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠡᠭᠦᠳᠴᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠪᠠ ᠬᠢᠯᠢ ᠬᠢᠵᠠᠭᠠᠷ  ᠤᠨ ᠴᠡᠴᠡᠭᠯᠡᠯ ᠲᠣᠭᠲᠠᠭᠤᠨ ᠢ ᠬᠠᠮᠠᠭᠠᠯᠠᠨ᠎ᠠ᠃      ᠨᠢᠭᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠥᠷᠨᠢᠭᠦᠯᠦᠨ᠎ᠡ      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ ᠬᠥᠮᠦᠵᠢᠯ  ᠢ ᠲᠣᠪᠣᠶᠢᠮ᠎ᠠ ᠰᠠᠶᠢᠲᠤᠷ ᠠᠳᠬᠤᠵᠤ᠂ ᠺᠠᠳ᠋ᠷ ᠤᠨ ᠬᠥᠮᠦᠵᠢᠯ᠂ ᠤᠯᠤᠰ ᠠᠷᠠᠳ ᠤᠨ ᠬᠥᠮᠦᠵᠢᠯ᠂ ᠨᠡᠶᠢᠭᠡᠮ ᠤᠨ ᠬᠥᠮᠦᠵᠢᠯ ᠤᠨ ᠪᠥᠬᠦ ᠶᠠᠪᠤᠴᠠ ᠳᠤ ᠣᠷᠣᠭᠤᠯᠤᠨ᠎ᠠ᠃ ᠤᠬᠠᠭᠤᠯᠭ᠎ᠠ ᠬᠥᠮᠦᠵᠢᠯ ᠤᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠰᠤᠷᠭᠠᠭᠤᠯᠢ᠂ ᠪᠠᠶᠢᠭᠤᠯᠭ᠎ᠠ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠮᠠᠯᠵᠢᠬᠤ ᠣᠷᠣᠨ᠂ ᠴᠡᠷᠢᠭ ᠠᠩᠭᠢ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠲᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ ᠤᠬᠠᠭᠤᠯᠭ᠎ᠠ ᠬᠥᠮᠦᠵᠢᠯ ᠤᠨ ᠠᠷᠭ᠎ᠠ ᠮᠠᠶ᠋ᠢᠭ ᠪᠠ ᠠᠷᠭ᠎ᠠ ᠶᠢᠨ ᠰᠢᠨ᠎ᠡ ᠶᠢ ᠡᠭᠦᠳᠴᠦ᠂     《 ᠢᠨᠲ᠋ᠧᠷ ᠰᠦᠯᠵᠢᠶ᠎ᠡ + ᠦᠨᠳᠦᠰᠦᠲᠡᠨ ᠤ ᠪᠦᠯᠬᠦᠮᠳᠡᠯ 》 ᠤᠨ ᠠᠵᠢᠯᠯᠠᠭ᠎ᠠ ᠶᠢ ᠠᠬᠢᠭᠤᠯᠤᠨ᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ  ︾ ᠶᠢᠨ ᠠᠭᠤᠯᠭ᠎ᠠ ᠶᠢ ᠪᠠᠶᠠᠯᠢᠭᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠲᠡᠦᠬᠡ ᠰᠣᠶᠣᠯ᠂ ᠳᠤᠮᠳᠠᠳᠤ ᠤᠯᠤᠰ ᠤᠨ ᠬᠤᠪᠢᠰᠬᠠᠯ ᠤᠨ ᠲᠡᠦᠬᠡ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠪᠠ ᠳᠤᠮᠳᠠᠳᠤ  ᠶᠢᠨ ᠵᠡᠭᠦᠳᠦ ᠶᠢᠨ ᠬᠥᠮᠦᠵᠢᠯ ᠢ ᠭᠦᠨᠵᠡᠭᠡᠶ ᠥᠷᠨᠢᠭᠦᠯᠦᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠎ᠡ᠃      ᠬᠤᠶᠠᠷ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠲᠦᠯᠬᠢᠨ ᠠᠬᠢᠭᠤᠯᠤᠨ᠎ᠠ      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠶᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠭᠤᠣᠯ ᠠᠭᠤᠯᠭ᠎ᠠ ᠪᠣᠯᠭᠠᠵᠤ᠂ ᠰᠤᠮᠤ ᠪᠠᠯᠭᠠᠰᠤ᠂ ᠭᠠᠴᠠᠭ᠎ᠠ ( ᠨᠡᠶᠢᠭᠡᠮ ᠲᠣᠭᠤᠷᠢᠭ )᠂ ᠰᠤᠷᠭᠠᠭᠤᠯᠢ᠂ ᠠᠵᠤ ᠠᠬᠤᠶᠢᠯᠠᠯ᠂ ᠴᠡᠷᠢᠭ ᠠᠩᠭᠢ ᠵᠡᠷᠭᠡ ᠦᠨᠳᠦᠰᠦᠨ ᠱᠠᠲᠤᠨ ᠤ ᠨᠢᠭᠡᠴᠡ᠂ ᠣᠨᠴᠠᠭᠠᠶᠢᠯᠠᠨ ᠭᠤᠣᠯᠳᠠᠯᠭ᠎ᠠ ᠲᠠᠢ ᠠᠵᠢᠯ ᠲᠥᠷᠥᠯ᠂ ᠦᠢᠯᠡᠴᠢᠯᠡᠭᠡᠨ ᠤ ᠨᠢᠭᠡᠴᠡ ᠪᠣᠯᠤᠨ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ ᠡᠭᠦᠳᠦᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠡᠶᠢᠲᠡᠯᠢᠭ ᠵᠢᠱᠢᠶ᠎ᠡ ᠶᠢ ᠪᠣᠶᠢᠵᠢᠭᠤᠯᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠪᠦᠬᠦ ᠤᠯᠤᠰ᠂ ᠪᠦᠬᠦ ᠣᠷᠣᠨ ᠪᠣᠯᠤᠨ ᠪᠦᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠶᠢ ᠵᠣᠷᠢᠭᠵᠢᠭᠤᠯᠤᠨ᠎ᠠ᠃ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠭᠡᠷ ᠣᠷᠣᠨ︾ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠨᠦᠭᠦᠳ ᠤᠨ ᠬᠠᠷᠢᠯᠴᠠᠨ ᠬᠦᠨᠳᠦᠳᠬᠡᠵᠦ ᠬᠠᠷᠢᠯᠴᠠᠨ ᠬᠠᠪᠰᠤᠷᠤᠯᠴᠠᠬᠤ ᠶᠢ ᠠᠬᠢᠭᠤᠯᠤᠨ᠎ᠠ᠃ ᠪᠦᠬᠦ ᠬᠤᠰᠢᠭᠤᠨ ᠤ ᠦᠨᠳᠦᠰᠦᠲᠡᠨ  ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠢᠭᠡᠴᠡ᠂ ᠵᠢᠱᠢᠶᠡᠴᠢ ᠬᠤᠪᠢ ᠬᠥᠮᠦᠨ ᠤ ᠲᠡᠷᠢᠭᠦᠨ ᠤ ᠦᠢᠯᠡ ᠠᠵᠢᠯᠯᠠᠭ᠎ᠠ ᠪᠠ ᠡᠷᠬᠢᠮ ᠳᠡᠭᠡᠳᠣ ᠵᠣᠷᠢᠭ ᠰᠠᠨᠠᠭ᠎ᠠ ᠶᠢ ᠶᠡᠬᠡᠪᠡᠷ ᠤᠬᠠᠭᠤᠯᠵᠤ᠂ ᠳᠠᠭᠤᠷᠢᠶᠠᠯ ᠤᠨ ᠵᠢᠱᠢᠶ᠎ᠡ ᠦᠵᠡᠭᠦᠯᠬᠦ ᠪᠠ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃      ᠭᠤᠷᠪᠠ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠴᠢᠳᠠᠪᠤᠷᠢ ᠪᠠᠨ ᠳᠡᠭᠡᠭᠰᠢᠯᠡᠭᠦᠯᠤᠨ᠎ᠠ      ᠬᠠᠤᠯᠢ ᠴᠠᠭᠠᠵᠠ ᠪᠠᠷ ᠦᠨᠳᠦᠰᠦᠲᠡᠨ ᠤ ᠬᠠᠷᠢᠴᠠᠭ᠎ᠠ ᠶᠢ ᠵᠢᠷᠤᠮᠵᠢᠭᠤᠯᠬᠤ ᠶᠢ ᠪᠠᠷᠢᠮᠲᠠᠯᠠᠵᠤ᠂ ᠦᠨᠳᠦᠰᠦᠲᠡᠨ  ᠨᠦᠭᠦᠳ ᠤᠨ ᠠᠷᠠᠳ ᠢᠷᠭᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ᠃ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠂ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠵᠠᠯᠠᠷᠠᠭᠤᠯᠤᠨ᠎ᠠ᠃ ᠦᠨᠳᠦᠰᠦᠲᠡᠨ ᠲᠠᠢ ᠬᠤᠯᠪᠣᠭᠳᠠᠭᠰᠠᠨ ᠣᠯᠠᠨ ᠲᠦᠮᠡᠨᠴᠢ ᠴᠢᠨᠠᠷᠲᠠᠢ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ᠂ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠮᠢᠶᠠᠷᠤᠨ ᠡᠵᠡᠮᠳᠡᠬᠦ ᠲᠥᠰᠦᠯ ᠢ ᠲᠣᠭᠲᠠᠭᠠᠨ ᠲᠡᠭᠦᠯᠳᠡᠷᠵᠢᠭᠦᠯᠵᠦ᠂ ᠵᠥᠷᠢᠴᠡᠯ ᠵᠢᠭᠤᠷᠠᠯᠳᠤᠭᠠᠨ ᠢ ᠳᠠᠷᠠᠭᠠᠯᠠᠨ ᠪᠠᠶᠢᠴᠠᠭᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠦᠵᠡᠯ ᠤᠬᠠᠮᠰᠠᠷ ᠤᠨ ᠬᠡᠯᠪᠡᠷᠢ ᠶᠢᠨ ᠰᠠᠭᠤᠷᠢᠨ ᠭᠠᠵᠠᠷ ᠢ ᠪᠠᠲᠤ ᠰᠠᠬᠢᠨ᠎ᠠ᠃ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠵᠥᠷᠢᠴᠡᠯ ᠵᠠᠭᠤᠷᠠᠯᠳᠤᠭᠠᠨ ᠢ ᠬᠠᠤᠯᠢ ᠶᠣᠰᠣᠭᠠᠷ ᠲᠣᠬᠢᠲᠠᠢ ᠰᠢᠢᠳᠪᠦᠷᠢᠯᠡᠵᠦ᠂ ᠬᠠᠤᠯᠢ ᠴᠠᠭᠠᠵᠠ  ᠶᠢᠨ ᠡᠮᠦᠨ᠎ᠡ ᠬᠥᠮᠦᠨ ᠪᠦᠬᠦᠨ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠠᠷᠠᠳ ᠤᠨ ᠳᠣᠲᠣᠭᠠᠳᠤ ᠶᠢᠨ ᠵᠥᠷᠢᠴᠡᠯ ᠢ ᠲᠦᠷᠦ ᠶᠢᠨ ᠪᠤᠳᠤᠯᠭ᠎ᠠ᠂ ᠬᠠᠤᠯᠢ ᠴᠠᠭᠠᠵᠠ᠂ ᠠᠵᠤ ᠠᠬᠤᠢ᠂ ᠵᠠᠰᠠᠭ ᠵᠠᠬᠢᠷᠭ᠎ᠠ ᠵᠡᠷᠭᠡ ᠠᠷᠭ᠎ᠠ ᠪᠠᠷᠢᠯ ᠪᠠ ᠰᠤᠷᠭᠠᠨ ᠬᠥᠮᠦᠵᠢᠭᠦᠯᠬᠦ᠂ ᠵᠥᠪᠳᠡᠯᠴᠡᠬᠦ᠂ ᠲᠤᠬᠢᠷᠠᠭᠤᠯᠬᠤ ᠵᠡᠷᠭᠡ ᠠᠷᠭ᠎ᠠ ᠪᠠᠷ ᠲᠣᠬᠢᠲᠠᠢ ᠰᠢᠢᠳᠪᠦᠷᠢᠯᠡᠨ᠎ᠡ᠃ ᠦᠨᠳᠦᠰᠦᠲᠡᠨ ᠤ ᠬᠠᠷᠢᠴᠠᠭ᠎ᠠ ᠶᠢ ᠵᠣᠷᠢᠭᠤᠳᠠ ᠵᠠᠪᠰᠠᠷᠳᠠᠭᠤᠯᠬᠤ᠂ ᠦᠨᠳᠦᠰᠦᠲᠡᠨ ᠤ ᠭᠠᠳᠠᠭᠤᠷᠴᠢᠯᠠᠯ ᠪᠠ ᠬᠤᠷᠣᠰᠤᠯ ᠢ ᠥᠳᠥᠭᠡᠬᠦ᠂ ᠦᠨᠳᠦᠰᠦᠲᠡᠨ ᠤ ᠪᠦᠯᠬᠦᠮᠳᠡᠯ ᠢ ᠡᠪᠳᠡᠬᠦ᠂ ᠮᠠᠭᠤ ᠬᠡᠷᠡᠭ ᠦᠢᠯᠡᠳᠬᠦ ᠵᠡᠷᠭᠡ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠡᠷᠡᠰ ᠴᠣᠬᠢᠯᠲᠠ ᠥᠭᠭᠦᠨ᠎ᠡ᠃      ᠬᠤᠶᠠᠳᠤᠭᠠᠷ ᠬᠡᠰᠡᠭ   ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ      ᠮᠠᠯᠵᠢᠬᠤ ᠣᠷᠣᠨ ᠤ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠪᠠᠷ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠬᠤᠰᠢᠭᠤ ᠨᠤᠲᠤᠭ ᠤᠨ ᠨᠡᠶᠢᠭᠡᠮ ᠤᠨ ᠵᠠᠰᠠᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠥᠬᠦ ᠤᠯᠤᠰ ᠤᠨ ᠮᠠᠯᠵᠢᠬᠤ ᠣᠷᠣᠨ ᠤ ᠵᠠᠰᠠᠯᠲᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠭ ᠪᠠ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠢᠭ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠮᠠᠯᠵᠢᠬᠤ ᠣᠷᠣᠨ ᠤ ᠨᠡᠶᠢᠭᠡᠮ ᠤᠨ ᠵᠠᠰᠠᠯᠲᠠ ᠶᠢᠨ ︽ᠰᠢᠨ᠎ᠡ ᠥᠯᠢᠭᠡᠷ ᠬᠡᠪ  ︾ ᠢ ᠪᠣᠶ ᠪᠣᠯᠭᠠᠬᠤ ᠶᠢ ᠠᠬᠢᠭᠤᠯᠤᠨ᠎ᠠ᠃ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ᠂ ᠠᠮᠤᠷ ᠲᠦᠪᠰᠢᠨ ᠤ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃        ᠨᠢᠭᠡ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠤᠨ᠎ᠠ      ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠬᠠᠷᠢᠭᠤᠴᠠᠬᠤ᠂ ᠠᠷᠠᠳᠴᠢᠯᠠᠯ ᠢᠶᠠᠷ ᠵᠥᠪᠯᠡᠬᠦ᠂ ᠨᠡᠶᠢᠭᠡᠮ ᠢᠶᠠᠷ ᠢᠶᠠᠨ ᠬᠠᠮᠵᠢᠯᠴᠠᠬᠤ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠬᠠᠤᠯᠢ ᠪᠠᠷ ᠵᠠᠰᠠᠵᠣ ᠪᠠᠲᠣᠯᠠᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ ᠨᠡᠶᠢᠭᠡᠮ ᠤᠨ ᠵᠠᠰᠠᠯᠲᠠ ᠶᠢᠨ ᠲᠣᠭᠲᠠᠯᠴᠠᠭ᠎ᠠ ᠶᠢ ᠬᠦᠴᠦᠯᠡᠨ ᠲᠡᠭᠦᠯᠳᠡᠷᠵᠢᠭᠦᠯᠦᠨ᠎ᠡ᠃ ︽ᠵᠣᠬᠢᠶᠠᠨ ᠪᠠᠶᠢᠭᠤᠯᠤᠯᠲᠠ ᠶᠢ ᠠᠭᠤᠰᠤᠯᠴᠠᠭᠤᠯᠬᠤ᠂ ᠨᠠᠮ ᠤᠨ ᠭᠡᠰᠢᠭᠦᠨ ᠢ ᠠᠭᠤᠰᠤᠯᠴᠠᠭᠤᠯᠬᠤ᠂ ᠠᠵᠢᠯᠯᠠᠭ᠎ᠠ ᠶᠢ ᠠᠭᠤᠰᠤᠯᠴᠠᠭᠤᠯᠬᠤ᠂ ᠦᠶᠯᠡᠴᠢᠯᠡᠭᠡ ᠶᠢ ᠠᠭᠤᠰᠤᠯᠴᠠᠭᠤᠯᠬᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠬᠤ  ︾ ᠪᠠᠷ ᠭᠤᠤᠯ ᠠᠭᠤᠯᠭ᠎ᠠ ᠪᠣᠯᠭᠠᠭᠰᠠᠨ ︽ᠲᠦᠷᠪᠡ ᠶᠢ ᠠᠭᠤᠯᠣᠯᠴᠠᠭᠤᠯᠵᠣ᠂ ᠨᠢᠭᠡ ᠴᠢᠩᠭᠠᠳᠬᠠᠬᠤ  ︾ ᠨᠠᠮ ᠤᠨ ᠪᠠᠶᠢᠭᠤᠯᠤᠯᠲᠠ ᠶᠢᠨ ᠵᠠᠭᠪᠤᠷ ᠢ ᠲᠡᠭᠦᠯᠳᠡᠷᠵᠢᠭᠦᠯᠬᠦ ᠶᠢ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠵᠠᠰᠠᠯᠲᠠ ᠳᠠᠬᠢ ᠤᠳᠤᠷᠢᠳᠬᠤ ᠦᠶᠯᠡᠳᠦᠯ ᠢ ᠭᠦᠶᠴᠡᠳ ᠪᠠᠳᠠᠷᠠᠭᠤᠯᠤᠨ᠎ᠠ᠃ ᠬᠤᠰᠢᠭᠤ᠂ ᠰᠤᠮᠤ ᠪᠠᠯᠭᠠᠰᠤ᠂ ᠭᠠᠴᠠᠭ᠎ᠠ ( ᠨᠡᠶᠢᠭᠡᠮ ᠲᠣᠭᠤᠷᠢᠭ ) ᠭᠤᠷᠪᠠᠨ ᠱᠠᠲᠤᠨ ᠤ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ( ᠥᠷᠲᠡᠭᠡ )   ᠤᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠭᠠᠴᠠᠭ᠎ᠠ ( ᠨᠡᠶᠢᠭᠡᠮ ᠲᠣᠭᠤᠷᠢᠭ )   ᠶᠢᠨ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤ ᠲᠣᠤᠷᠵᠢᠭᠰᠠᠨ ᠬᠠᠮᠢᠶᠠᠷᠤᠯᠲᠠ ᠶᠢ ᠪᠦᠬᠦᠨ ᠢ ᠪᠥᠷᠬᠦᠭᠦᠯᠬᠦ ᠶᠢ ᠪᠡᠶᠡᠯᠡᠭᠦᠯᠦᠨ᠎ᠡ᠃ ᠣᠳᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠭᠦᠢᠴᠡᠳ ᠠᠰᠢᠭᠯᠠᠵᠤ᠂ ︽ᠢᠨᠲ᠋ᠧᠷ ᠰᠦᠯᠵᠢᠶ᠎ᠡ +  ︾ ᠵᠠᠰᠠᠯᠲᠠ ᠶᠢᠨ ᠵᠠᠭᠪᠤᠷ ᠢ ᠰᠦᠪᠡᠭᠴᠢᠯᠡᠨ ᠪᠠᠶᠢᠭᠤᠯᠵᠤ᠂ ︽ᠭᠠᠴᠠᠭ᠎ᠠ ᠲᠣᠰᠬᠤᠨ ᠬᠠᠮᠲᠤᠪᠠᠷ ᠬᠦᠷᠲᠡᠬᠦ  ︾ ᠮᠠᠯᠵᠢᠬᠤ ᠣᠷᠣᠨ ᠤ ᠵᠠᠰᠠᠯᠲᠠ ᠶᠢᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ︽ᠨᠠᠮ ᠪᠠ ᠣᠯᠠᠨ ᠲᠦᠮᠡᠨ ᠤ ᠰᠡᠳᠬᠢᠯ ᠵᠢᠷᠦᠬᠡ ᠪᠠᠨ ᠬᠤᠯᠪᠣᠬᠤ ᠬᠥᠭᠦᠷᠭᠡ ᠣᠶᠤᠨᠴᠢ ᠡᠭᠦᠯᠡᠨ ᠲᠠᠪᠴᠠᠩ  ︾ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠰᠢᠰᠲ᠋ᠧᠮ ᠤᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢᠨ ᠪᠦᠷᠬᠦᠴᠡ ᠶᠢ ᠳᠡᠭᠡᠭᠰᠢᠯᠡᠭᠦᠯᠵᠦ᠂ ᠮᠠᠯᠵᠢᠬᠤ ᠣᠷᠣᠨ ᠤ ᠮᠡᠳᠡᠭᠡ ᠵᠠᠩᠭᠢ ᠶᠢ ᠨᠢᠭᠡᠳᠦᠯᠲᠡᠢ ᠴᠤᠭᠯᠠᠭᠤᠯᠬᠤ᠂ ᠡᠬᠢ ᠪᠠᠶᠠᠯᠢᠭ ᠢ ᠬᠠᠷᠢᠯᠴᠠᠨ ᠬᠤᠯᠪᠣᠭᠠᠯᠠᠵᠤ ᠬᠠᠮᠲᠤᠪᠠᠷ ᠡᠳ᠋ᠯᠡᠬᠦ ᠶᠢ ᠲᠦᠯᠬᠢᠨ ᠠᠬᠢᠭᠤᠯᠵᠤ᠂ ᠮᠠᠯᠵᠢᠬᠤ ᠣᠷᠣᠨ ᠤ ᠵᠠᠰᠠᠯᠲᠠ ᠶᠢᠨ ᠣᠶᠤᠨᠴᠢᠯᠠᠭᠰᠠᠨ᠂ ᠨᠠᠷᠢᠯᠢᠭᠵᠢᠭᠰᠠᠨ᠂ ᠲᠤᠰᠬᠠᠶᠢᠵᠢᠭᠰᠠᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃      ᠬᠤᠶᠠᠷ᠂ ᠵᠠᠰᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠤᠨ᠎ᠠ      ᠬᠠᠤᠯᠢ ᠪᠠᠷ ᠵᠠᠰᠠᠬᠤ᠂ ᠮᠣᠷᠠᠯ ᠢᠶᠠᠷ ᠵᠠᠰᠠᠬᠤ᠂ ᠥᠪᠡᠷᠲᠡᠭᠡᠨ ᠵᠠᠰᠠᠬᠤ ︽ᠭᠤᠷᠪᠠ ᠶᠢ ᠵᠠᠰᠠᠬᠤ︾ ᠶᠢ ᠠᠭᠤᠰᠤᠯᠴᠡᠭᠤᠯᠤᠨ ᠵᠠᠰᠠᠬᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠵᠠᠰᠠᠯᠲᠠ ᠪᠠ ᠨᠡᠶᠢᠭᠡᠮ ᠤᠨ ᠡᠶᠡᠳᠡᠭᠦᠯᠭᠡ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠰᠠᠶᠢᠨ ᠦᠢᠯᠡᠳᠦᠯᠴᠡᠯ ᠢ ᠪᠡᠶᠡᠯᠡᠭᠦᠯᠵᠦ᠂ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠬᠠᠷᠢᠭᠤᠴᠠᠯᠭ᠎ᠠ  ᠪᠠᠨ ᠭᠦᠢᠴᠡᠳᠬᠡᠬᠦ᠂ ᠬᠥᠮᠦᠨ ᠪᠦᠬᠦᠨ ᠡᠳ᠋ᠯᠡᠬᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ ᠪᠠᠶᠢᠭᠤᠯᠤᠨ᠎ᠠ᠃      ᠬᠠᠤᠯᠢ ᠪᠠᠷ ᠵᠠᠰᠠᠬᠤ ᠪᠠᠲᠤᠯᠠᠭ᠎ᠠ ᠶᠢ ᠪᠠᠷᠢᠮᠲᠠᠯᠠᠨ᠎ᠠ᠃ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠮᠠᠯᠵᠢᠬᠤ ᠣᠷᠣᠨ ᠤ ᠬᠠᠤᠯᠢ ᠬᠡᠷᠡᠭᠵᠢᠭᠦᠯᠬᠦ ᠬᠦᠴᠦᠯᠡᠴᠡ ᠶᠢ ᠨᠡᠮᠡᠭᠳᠡᠭᠦᠯᠦᠨ᠎ᠡ᠃ ᠰᠤᠮᠤ ᠪᠠᠯᠭᠠᠰᠤᠨ ᠤ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ᠂ ᠲᠣᠮᠢᠯᠠᠭᠰᠠᠨ ᠰᠠᠯᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂《 ᠶᠡᠷᠦᠩᠬᠡᠶᠢᠯᠡᠨ ᠵᠠᠰᠠᠬᠤ ᠥᠷᠲᠡᠭᠡ 》 ᠪᠠ 《 ᠳᠥᠷᠪᠡᠨ ᠰᠠᠯᠪᠤᠷᠢ ᠬᠤᠯᠪᠣᠭᠠᠯᠠᠨ ᠡᠶᠡᠳᠡᠭᠦᠯᠬᠦ 》ᠵᠥᠷᠢᠴᠡᠯ ᠢ ᠡᠶᠡᠳᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠮᠠᠯᠵᠢᠬᠤ ᠣᠷᠣᠨ ᠤ ᠡᠶᠡᠳᠡᠭᠦᠯᠦᠭᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ ᠂《ᠬᠠᠤᠯᠢ ᠪᠠᠷ ᠵᠠᠰᠠᠬᠤ ᠳᠠᠭᠠᠭᠤᠯᠤᠭᠴᠢ 》ᠬᠥᠮᠦᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠭᠠᠴᠠᠭ᠎ᠠ ( ᠨᠡᠶᠢᠭᠡᠮ ᠲᠣᠭᠤᠷᠢᠭ )   ᠶᠢᠨ ᠴᠠᠭᠳᠠᠭᠠᠨ ᠤ ᠶᠠᠪᠤᠳᠠᠯ ᠤᠨ ᠲᠠᠰᠤᠭ ᠪᠠ ᠬᠠᠤᠯᠢ ᠴᠠᠭᠠᠵᠠ ᠶᠢᠨ ᠶᠠᠪᠤᠳᠠᠯ ᠤᠨ ᠲᠠᠰᠤᠭ ᠤᠨ ᠪᠠᠶᠢᠭᠤᠯᠤᠯᠲᠠ ᠶᠢ ᠴᠢᠩᠭᠠᠳᠬᠠᠵᠤ᠂《 ᠨᠢᠭᠡ ᠭᠠᠴᠠᠭ᠎ᠠ ( ᠨᠡᠶᠢᠭᠡᠮ ᠲᠣᠭᠤᠷᠢᠭ )   ᠶᠢᠨ ᠨᠢᠭᠡ ᠴᠠᠭᠳᠠᠭ᠎ᠠ ( ᠲᠤᠰᠠᠯᠠᠭᠴᠢ ᠴᠠᠭᠳᠠᠭ᠎ᠠ ) ᠨᠢᠭᠡ ᠬᠠᠤᠯᠢ ᠴᠠᠭᠠᠵᠠ ᠶᠢᠨ ᠵᠥᠪᠯᠡᠭᠴᠢ 》 ᠶᠢ ᠪᠦᠬᠦᠨ ᠢ ᠪᠦᠷᠬᠦᠭᠦᠯᠬᠦ  ᠶᠢ ᠪᠡᠶᠡᠯᠡᠭᠦᠯᠦᠨ᠎ᠡ᠃ ᠲᠡᠷᠭᠡᠨ ᠳᠡᠭᠡᠷᠡᠬᠢ ᠰᠢᠭᠦᠬᠦ ᠲᠢᠩᠬᠢᠮ ᠵᠡᠷᠭᠡ ᠲᠣᠭᠤᠷᠢᠨ ᠰᠢᠭᠦᠨ ᠲᠠᠰᠤᠯᠬᠤ ᠠᠷᠭ᠎ᠠ ᠮᠠᠶ᠋ᠢᠭ ᠢ ᠳᠡᠯᠭᠡᠷᠡᠭᠦᠯᠵᠦ᠂ ᠮᠠᠯᠵᠢᠬᠤ ᠣᠷᠣᠨ ᠢ ᠵᠠᠰᠠᠬᠤ ᠠᠵᠢᠯ ᠳᠠᠬᠢ ᠠᠷᠠᠳ ᠤᠨ ᠰᠢᠭᠦᠬᠦ ᠲᠢᠩᠬᠢᠮ ᠤᠨ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠦᠨ᠎ᠡ᠃《 ᠮᠠᠯᠵᠢᠬᠤ ᠣᠷᠣᠨ ᠳᠤ ᠬᠠᠤᠯᠢ ᠬᠦᠷᠭᠡᠬᠦ 》᠂《ᠮᠠᠯᠴᠢᠳ ᠤᠨ ᠬᠠᠤᠯᠢ ᠴᠠᠭᠠᠵᠠ ᠶᠢᠨ ᠦᠶᠯᠡᠴᠢᠯᠡᠭᠡᠨ ᠤ ᠰᠠᠭᠠᠳ ᠥᠬᠡᠶ ᠨᠡᠪᠲᠡᠷᠡᠬᠦ ᠵᠠᠮ 》᠂《ᠮᠣᠩᠭᠤᠯ ᠬᠢᠲᠠᠳ ᠬᠤᠤᠰ ᠬᠡᠯᠡᠨ  ᠤ ᠨᠡᠶᠢᠲᠡ ᠶᠢᠨ ᠠᠰᠠᠷᠠᠮᠵᠢ ᠶᠢᠨ ᠦᠶᠯᠡᠴᠢᠯᠡᠭᠡ 》ᠵᠡᠷᠭᠡ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃《ᠠᠷᠠᠳᠴᠢᠯᠠᠯ ᠬᠠᠤᠯᠢ ᠪᠠᠷ ᠵᠠᠰᠠᠬᠤ ᠵᠢᠱᠢᠶ᠎ᠡ ᠦᠵᠡᠭᠦᠯᠬᠦ ᠭᠠᠴᠠᠭ᠎ᠠ ( ᠨᠡᠶᠢᠭᠡᠮ ᠲᠣᠭᠤᠷᠢᠭ ) 》 ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠲᠦᠯᠬᠢᠨ ᠠᠬᠢᠭᠤᠯᠤᠨ᠎ᠠ᠃      ᠥᠪᠡᠷᠲᠡᠭᠡᠨ ᠵᠠᠰᠠᠬᠤ ᠰᠠᠭᠤᠷᠢ ᠶᠢ ᠪᠠᠷᠢᠮᠲᠠᠯᠠᠬᠤ᠃ ᠭᠠᠴᠠᠭᠠᠨ ᠤ ᠮᠠᠯᠴᠢᠳ ᠤᠨ ᠥᠪᠡᠷᠲᠡᠭᠡᠨ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ ᠮᠠᠯᠵᠢᠬᠤ ᠣᠷᠣᠨ ᠤ ᠣᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠨ᠎ᠠ᠃ ︽ᠢᠯᠡ ᠪᠠᠶᠢᠯᠭᠠᠬᠤ  ︾ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠳᠡᠯᠭᠡᠷᠡᠭᠦᠯᠵᠦ᠂ ᠨᠠᠮ ᠤᠨ ᠶᠠᠪᠤᠳᠠᠯ᠂ ᠲᠣᠰᠬᠤᠨ ᠤ ᠶᠠᠪᠤᠳᠠᠯ᠂ ᠡᠳ᠋ ᠤᠨ ᠶᠠᠪᠤᠳᠠᠯ  ᠤᠨ ︽ᠭᠤᠷᠪᠠᠨ ᠶᠠᠪᠤᠳᠠᠯ ᠢ ᠢᠯᠡ ᠪᠣᠯᠭᠠᠬᠤ︾ ᠳᠦᠷᠢᠮ ᠢ ᠲᠡᠭᠦᠯᠳᠡᠷᠵᠢᠭᠦᠯᠦᠨ᠂ ︽ᠳᠥᠷᠪᠡ ᠶᠢ ᠵᠥᠪᠯᠡᠵᠦ ᠬᠤᠶᠠᠷ ᠢ ᠢᠯᠡ ᠪᠠᠶᠢᠯᠭᠠᠬᠤ︾ ᠠᠷᠠᠳᠴᠢᠯᠠᠯ ᠢᠶᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠦᠨ᠎ᠡ᠃ ᠨᠡᠶᠢᠭᠡᠮ ᠲᠣᠭᠤᠷᠢᠭ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯ ︽ᠭᠤᠷᠪᠠᠨ ᠨᠡᠶᠢᠭᠡᠮ ᠬᠠᠮᠲᠤᠷᠠᠨ ᠬᠥᠳᠡᠯᠦᠯᠴᠡᠬᠦ  ︾ ᠶᠢ ᠠᠬᠢᠭᠤᠯᠵᠤ᠂ ᠭᠠᠴᠠᠭ᠎ᠠ ᠠᠴᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠣᠯᠵᠤ ᠮᠡᠳᠡᠪᠡᠯ᠂ ᠦᠢᠯᠡᠴᠢᠯᠡᠭᠡᠨ  ᠤ ᠲᠥᠷᠥᠯ ᠵᠦᠢᠯ ᠢ ᠨᠢᠭᠡᠳᠦᠯᠲᠡᠢ ᠲᠥᠯᠥᠪᠯᠡᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠨᠡᠶᠢᠭᠡᠮ ᠤᠨ ᠲᠤᠰᠬᠠᠢ ᠠᠵᠢᠯ ᠤᠨ ᠪᠦᠯᠬᠦᠮ ᠢ ᠬᠦᠯᠢᠶᠡᠨ ᠠᠪᠴᠤ᠂ ᠬᠥᠳᠡᠯᠦᠨ ᠵᠢᠯᠣᠭᠤᠳᠴᠤ ᠪᠠᠶᠢᠭᠠᠳ ᠣᠷᠣᠯᠴᠠᠭᠤᠯᠬᠤ ᠠᠵᠢᠯ  ᠤᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠵᠣᠷᠢᠭᠵᠢᠭᠤᠯᠤᠨ ᠳᠠᠮᠵᠢᠵᠤ᠂ ᠪᠦᠬᠦ ᠬᠤᠰᠢᠭᠤᠨ ᠤ ᠭᠠᠴᠠᠭ᠎ᠠ ᠪᠦᠷᠢ ᠳᠤ ᠳᠤᠮᠳᠠᠴᠢ ᠪᠠᠷ 3 ᠠᠴᠠ ᠳᠡᠭᠡᠭᠰᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠲᠠᠢ ᠪᠣᠯᠭᠠᠬᠤ ᠪᠠᠷ ᠴᠢᠷᠮᠠᠶᠢᠨ᠎ᠠ᠃ ᠨᠠᠰᠤᠲᠠᠶᠢᠴᠤᠳ ᠤᠨ ᠨᠡᠶᠢᠭᠡᠮᠯᠢᠭ ᠪᠠᠶᠢᠭᠤᠯᠬᠤ ᠶᠢ ᠵᠣᠷᠢᠭᠵᠢᠭᠤᠯᠤᠨ ᠳᠠᠮᠵᠢᠵᠤ᠂ ᠭᠠᠴᠠᠭᠠᠨ ᠤ ᠪᠦᠷᠬᠦᠴᠡ ᠶᠢᠨ ᠨᠣᠷᠮ᠎ᠠ ᠶᠢ 90%   ᠠᠴᠠ ᠳᠡᠭᠡᠭᠰᠢ ᠬᠦᠷᠭᠡᠨ᠎ᠡ᠃ ︽ᠨᠡᠶᠢᠭᠡᠮ ᠤᠨ ᠠᠵᠢᠯᠲᠠᠨ + ᠰᠠᠶᠢᠨ ᠳᠤᠷᠠᠴᠤᠳ︾ ᠤᠨ ᠦᠶᠯᠡᠴᠢᠯᠡᠭᠡᠨ ᠤ  ᠲᠣᠭᠲᠠᠯᠴᠠᠭ᠎ᠠ ᠶᠢ ᠪᠠᠶᠢᠭᠤᠯᠵᠤ᠂ ᠰᠠᠶᠢᠨ ᠳᠤᠷ᠎ᠠ ᠶᠢᠨ ᠦᠶᠯᠡᠴᠢᠯᠡᠭᠡᠨ ᠤ ᠳᠦᠷᠢᠮᠵᠢᠯᠲᠡ ᠶᠢ ᠠᠬᠢᠭᠤᠯᠤᠨ᠎ᠠ᠃ ᠪᠥᠬᠦ ᠬᠤᠰᠢᠭᠤᠨ ᠤ ᠰᠤᠮᠤ ᠪᠠᠯᠭᠠᠰᠤᠨ ᠤ ᠨᠡᠶᠢᠭᠡᠮ ᠤᠨ ᠠᠵᠢᠯ ᠤᠨ ᠥᠷᠲᠡᠭᠡ ᠶᠢ ᠪᠦᠬᠦᠨ ᠢ ᠪᠦᠷᠬᠦᠭᠦᠯᠬᠦ ᠶᠢ ᠠᠬᠢᠭᠤᠯᠵᠤ᠂ ᠨᠡᠶᠢᠭᠡᠮ ᠤᠨ ᠠᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠶᠡᠷᠦᠩᠬᠡᠶ ᠬᠥᠮᠦᠨ ᠠᠮᠠ ᠳᠤ ᠡᠵᠡᠯᠡᠬᠦ ᠬᠠᠷᠢᠴᠠᠯ ᠢ 1 ‰   ᠠᠴᠠ ᠪᠠᠭ᠎ᠠ ᠪᠠᠶᠢᠯᠭᠠᠬᠤ ᠥᠬᠡᠶ᠂ ᠳᠠᠩᠰᠠᠯᠠᠭᠤᠯᠤᠭᠰᠠᠨ ᠰᠠᠶᠢᠨ ᠳᠤᠷᠠᠴᠤᠳ ᠤᠨ ᠬᠥᠮᠦᠨ ᠤ ᠲᠤᠭ᠎ᠠ ᠶᠢᠨ ᠶᠡᠷᠦᠩᠬᠡᠶ ᠬᠥᠮᠦᠨ ᠠᠮᠠ ᠳᠤ ᠡᠵᠡᠯᠡᠬᠦ ᠬᠠᠷᠢᠴᠠᠯ ᠢ 8%   ᠠᠴᠠ ᠪᠠᠭ᠎ᠠ ᠪᠠᠶᠢᠯᠭᠠᠬᠤ ᠥᠬᠡᠶ      ᠶᠣᠰᠣ ᠮᠣᠷᠠᠯ ᠢᠶᠠᠷ ᠵᠠᠰᠠᠬᠤ ᠶᠢ ᠪᠠᠷᠢᠮᠲᠠᠯᠠᠨ᠎ᠠ᠃ ᠶᠣᠰᠣ ᠰᠤᠷᠲᠠᠬᠤᠨ ᠢᠶᠠᠷ ᠬᠥᠮᠦᠨ ᠢ ᠤᠬᠠᠭᠠᠷᠠᠭᠤᠯᠬᠤ ᠶᠢ ᠪᠠᠷᠢᠮᠲᠠᠯᠠᠨ᠂ ᠥᠷᠭᠡᠨ ᠣᠯᠠᠨ ᠮᠠᠯᠴᠢᠳ ᠤᠨ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ᠂ ᠥᠭᠡᠳᠡᠷᠬᠡᠭ ᠴᠠᠶᠢᠯᠭᠠᠨ᠂ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ᠂ ᠵᠢᠷᠤᠮ ᠢ ᠬᠦᠨᠳᠦᠳᠬᠡᠨ ᠢᠲᠡᠭᠡᠯ  ᠢ ᠡᠷᠬᠢᠮᠯᠡᠬᠦ᠂ ᠠᠵᠢᠯᠴᠢ ᠠᠷᠪᠢᠴᠢ ᠪᠠᠷ ᠠᠵᠤ ᠲᠦᠷᠦᠭᠦ ᠶᠢ ᠬᠥᠲᠥᠯᠥᠨ ᠵᠢᠯᠣᠭᠤᠳᠴᠤ᠂ ᠨᠡᠶᠢᠭᠡᠮ ᠤᠨ ᠵᠥᠷᠢᠴᠡᠯ ᠡᠭᠦᠰᠬᠦ ᠶᠢ ᠡᠬᠢ ᠡᠭᠦᠰᠦᠯ ᠠᠴᠠ ᠨᠢ ᠰᠡᠷᠭᠡᠶᠢᠯᠡᠨ ᠪᠠᠭᠠᠰᠬᠠᠨ᠎ᠠ᠃ ︽ᠰᠠᠶᠢᠨ ᠭᠡᠷ ᠤᠨ ᠰᠤᠷᠲᠠᠯ ᠰᠠᠶᠢᠨ ᠭᠡᠷ ᠤᠨ ᠰᠤᠷᠭᠠᠯ  ︾ ᠢ ᠶᠡᠬᠡᠪᠡᠷ ᠪᠠᠳᠠᠷᠠᠭᠤᠯᠵᠤ᠂ ︽ᠣᠳᠣᠨ ᠲᠡᠰ ᠤᠨ ᠪᠣᠯᠪᠠᠰᠤᠨ ᠡᠷᠦᠬᠡ  ︾᠂  ︽ᠬᠠᠮᠤᠭ ᠤᠨ ᠭᠤᠶᠤ ᠭᠡᠷ ᠪᠦᠯᠢ  ︾ ᠶᠢᠨ ᠰᠢᠯᠭᠠᠷᠠᠭᠤᠯᠤᠯᠲᠠ ᠶᠢ ᠰᠠᠶᠢᠲᠤᠷ ᠠᠳᠬᠤᠵᠤ᠂ ︽ ᠵᠢᠷᠭᠤᠭᠠᠨ ᠶᠡᠭᠡ ᠡᠭᠦᠳᠦᠯᠲᠡ︾ ᠶᠢ ᠠᠬᠢᠭᠤᠯᠵᠤ᠂ ᠮᠠᠯᠵᠢᠬᠤ ᠣᠷᠣᠨ ᠤ ᠮᠣᠷᠠᠯ ᠢᠶᠠᠷ ᠵᠠᠰᠠᠬᠤ ᠪᠠ ᠥᠪᠡᠷᠲᠡᠭᠡᠨ ᠵᠠᠰᠠᠬᠤ ᠶᠢ ᠬᠠᠷᠢᠯᠴᠠᠨ ᠠᠬᠢᠭᠤᠯᠬᠤ ᠶᠢ ᠪᠡᠶᠡᠯᠡᠭᠦᠯᠦᠨ᠎ᠡ᠃ ᠰᠤᠮᠤ ᠪᠠᠯᠭᠠᠰᠤ᠂ ᠭᠠᠴᠠᠭ᠎ᠠ ᠨᠡᠶᠢᠭᠡᠮ ᠲᠣᠭᠤᠷᠢᠭ᠂ ᠰᠠᠯᠠᠭ᠎ᠠ ᠮᠥᠴᠢᠷ ( ᠨᠢᠭᠡᠴᠡ )᠂ ᠰᠤᠷᠭᠠᠭᠤᠯᠢ᠂ ᠣᠯᠠᠨ ᠨᠡᠶᠢᠲᠡ ᠶᠢᠨ ᠲᠠᠯᠠᠪᠤᠷ᠂ ᠬᠡᠷ ᠪᠦᠯᠢ ᠵᠢᠴᠢ ᠬᠤᠪᠢ ᠬᠥᠮᠦᠨ ᠤ ᠳᠤᠮᠳᠠ ᠰᠢᠨ᠎ᠡ ᠴᠠᠭ ᠦᠶ᠎ᠡ  ᠶᠢᠨ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢᠨ ᠥᠪᠥᠷ ᠮᠣᠩᠭᠤᠯ ᠳᠠᠬᠢ ︽ᠠᠷᠪᠠᠨ ᠶᠡᠭᠡ ᠠᠵᠢᠯᠯᠠᠭ᠎ᠠ︾ ᠶᠢ ᠨᠡᠶᠢᠳᠡᠮ ᠥᠷᠨᠢᠭᠦᠯᠦᠨ᠎ᠡ᠃ ᠶᠣᠰᠣ ᠰᠤᠷᠲᠠᠬᠤᠨ ᠤ ᠵᠢᠱᠢᠶᠡᠴᠢ᠂ ᠴᠠᠭ ᠦᠶ᠎ᠡ ᠶᠢᠨ ᠵᠢᠱᠢᠶᠡᠴᠢ  ᠶᠢᠨ ᠲᠡᠷᠢᠭᠦᠨ ᠤ ᠦᠶᠯᠡ ᠠᠵᠢᠯᠯᠠᠭ᠎ᠠ ᠶᠢ ᠭᠦᠨᠵᠡᠭᠡᠶ ᠤᠬᠠᠭᠤᠯᠵᠤ᠂ ᠪᠠᠭᠠᠲᠤᠷ ᠳᠠᠭᠤᠷᠢᠶᠠᠯ ᠤᠨ ᠡᠷᠬᠢᠮ ᠳᠡᠭᠡᠳᠦ ᠳᠦᠷᠢ ᠲᠥᠷᠬᠦ᠂ ᠬᠥᠮᠦᠰ ᠤᠨ ᠰᠡᠳᠬᠢᠯ ᠢ ᠬᠥᠳᠡᠯᠭᠡᠮ᠎ᠡ ᠦᠶᠯᠡ ᠠᠵᠢᠯᠯᠠᠭ᠎ᠠ᠂ ᠣᠶᠤᠨ ᠰᠠᠨᠠᠭᠠᠨ ᠤ ᠬᠦᠴᠦᠨ ᠢᠶᠠᠷ ᠬᠥᠮᠦᠨ ᠢ ᠬᠥᠮᠦᠵᠢᠭᠦᠯᠵᠦ᠂ ᠬᠥᠮᠦᠨ ᠢ ᠨᠥᠯᠥᠭᠡᠯᠡᠵᠦ᠂ ᠬᠥᠮᠦᠨ ᠢ ᠬᠥᠮᠦᠵᠢᠭᠦᠯᠦᠨ᠎ᠡ᠃        ᠭᠤᠷᠪᠠ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ      ᠬᠦᠨᠳᠦ ᠶᠡᠭᠡ ᠠᠶᠤᠯ ᠲᠦᠭᠰᠢᠭᠦᠷᠢ ᠶᠢ ᠢᠯᠭᠠᠨ ᠲᠠᠨᠢᠬᠤ᠂ ᠰᠡᠷᠭᠡᠶᠢᠯᠡᠬᠦ᠂ ᠠᠷᠢᠯᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠮᠤᠷ ᠠᠮᠤᠭᠤᠯᠠᠩ ᠵᠡᠭᠦᠨ ᠦᠵᠦᠮᠦᠴᠢᠨ ᠬᠤᠰᠢᠭᠤᠨ ᠤ ᠪᠠᠶᠢᠭᠤᠯᠤᠯᠲᠠ ᠶᠢ ᠨᠠᠩ ᠥᠨᠳᠥᠷ ᠲᠦᠪᠰᠢᠨ ᠳᠤ ᠬᠦᠷᠭᠡᠵᠦ᠂ ᠠᠷᠠᠳ ᠲᠦᠮᠡᠨ ᠠᠮᠤᠷ ᠲᠠᠶᠢᠪᠤᠩ ᠠᠵᠤ ᠲᠦᠷᠦᠭᠦ᠂ ᠨᠡᠶᠢᠭᠡᠮ ᠠᠮᠤᠷ ᠲᠣᠭᠲᠠᠭᠤᠨ ᠡᠮᠬᠢ ᠳᠢᠭᠯᠢᠮ ᠲᠠᠢ ᠪᠠᠶᠢᠬᠤ ᠶᠢ ᠪᠡᠶᠡᠯᠡᠭᠦᠯᠦᠨ᠎ᠡ᠃        ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠬᠤᠷᠢᠭ᠎ᠠ ᠱᠤᠭᠤᠮ  ᠤᠨ ᠰᠡᠳᠬᠢᠬᠦᠢ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠤᠯᠠᠨ ᠨᠡᠶᠢᠲᠡ  ᠶᠢᠨ ᠠᠮᠤᠷ ᠲᠦᠪᠰᠢᠨ ᠤ ᠪᠠᠶᠢᠭᠤᠯᠤᠮᠵᠢ ᠲᠣᠭᠲᠠᠴᠠ ᠶᠢ ᠪᠦᠷᠢᠨᠰᠢᠬᠦᠯᠤᠨ᠎ᠠ᠃ ᠠᠶᠤᠯᠭᠦᠢ ᠦᠢᠯᠡᠳᠪᠦᠷᠢᠯᠡᠯ ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠬᠡᠪᠴᠢᠶᠡᠨ ᠳᠠᠬᠢ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠦᠨᠳᠦ ᠣᠨᠴᠠ ᠶᠡᠭᠡ ᠠᠮᠤᠷ ᠲᠦᠪᠰᠢᠨ ᠤ ᠠᠳᠠᠯ ᠡᠭᠦᠰᠬᠦ ᠶᠢ ᠡᠷᠡᠰ ᠬᠤᠷᠢᠭᠯᠠᠨ᠎ᠠ᠃ ᠬᠢᠵᠢᠭ ᠤᠨ ᠪᠠᠶᠢᠳᠠᠯ ᠢ ᠴᠠᠭ ᠲᠤᠬᠠᠢ ᠳᠤᠨᠢ ᠢᠯᠡᠷᠡᠭᠦᠯᠬᠦ᠂ ᠲᠦᠷᠭᠡᠨ ᠰᠢᠢᠳᠪᠦᠷᠢᠯᠡᠬᠦ᠂ ᠣᠨᠣᠪᠴᠢᠲᠠᠢ ᠬᠠᠮᠢᠶᠠᠷᠤᠨ ᠡᠵᠡᠮᠳᠡᠬᠦ᠂ ᠪᠦᠲᠦᠮᠵᠢᠲᠡᠢ ᠠᠪᠤᠷᠠᠨ ᠡᠮᠨᠡᠬᠦ ᠪᠠᠶᠢᠩᠭᠤᠵᠢᠬᠰᠠᠠ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠦᠷᠢᠨᠰᠢᠬᠦᠯᠤᠨ᠎ᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ᠂ ᠬᠤᠯᠤᠭᠠᠨ᠎ᠠ ᠶᠢᠨ ᠬᠢᠵᠢᠭ ᠤᠨ ᠪᠠᠶᠢᠳᠠᠯ ᠵᠡᠷᠭᠡ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠭᠠᠬᠤ ᠴᠢᠳᠠᠪᠤᠷᠢ  ᠪᠠᠨ ᠭᠤᠣᠯᠳᠠᠯᠭ᠎ᠠ ᠲᠠᠢ ᠳᠡᠭᠡᠭᠰᠢᠯᠡᠭᠦᠯᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠣᠯᠠᠨ ᠤ ᠢᠳᠡᠭᠡᠨ ᠤᠮᠳᠠᠭᠠᠨ ᠡᠮ ᠬᠡᠷᠡᠭᠯᠡᠬᠦ ᠳᠤ ᠨᠠᠩ ᠠᠮᠤᠷ ᠲᠦᠪᠰᠢᠨ ᠪᠣᠯᠭᠠᠨ᠎ᠠ᠃        ᠬᠦᠨᠳᠦ ᠶᠡᠭᠡ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠨ᠎ᠡ᠃ ᠵᠠᠰᠠᠭ ᠤᠨ ᠣᠷᠳᠣᠨ  ᠢᠶᠠᠷ ᠭᠤᠣᠯᠯᠠᠭᠤᠯᠤᠭᠰᠠᠨ᠂ ᠣᠯᠠᠨ ᠲᠠᠯ᠎ᠠ ᠪᠠᠷ ᠬᠠᠮᠲᠤᠷᠠᠨ ᠬᠥᠳᠡᠯᠦᠯᠴᠡᠭᠰᠡᠨ᠂ ᠵᠣᠬᠢᠴᠠᠯᠳᠤᠨ ᠬᠠᠮᠵᠢᠯᠴᠠᠭᠰᠠᠨ᠂ ᠡᠮᠬᠢ ᠵᠢᠷᠤᠮ ᠲᠠᠢ ᠪᠠᠷ ᠣᠷᠣᠯᠴᠠᠭᠰᠠᠨ ᠭᠠᠮᠰᠢᠭ ᠢ ᠰᠡᠷᠭᠡᠶᠢᠯᠡᠨ ᠭᠠᠮᠰᠢᠭ ᠤᠨ ᠬᠤᠭᠢᠷᠠᠯ ᠢ ᠪᠠᠭᠠᠰᠬᠠᠬᠤ ᠰᠢᠨ᠎ᠡ ᠪᠠᠶᠢᠷᠢᠰᠢᠯ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠭᠠᠮᠰᠢᠭ ᠢ ᠰᠡᠷᠭᠡᠶᠢᠯᠡᠬᠦ ᠭᠠᠮᠰᠢᠭ ᠤᠨ ᠬᠤᠭᠢᠷᠠᠯ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠭᠠᠮᠰᠢᠭ ᠢ ᠬᠢᠨᠠᠨ ᠬᠡᠮᠵᠢᠬᠦ᠂ ᠠᠪᠤᠷᠠᠨ ᠲᠤᠰᠠᠯᠠᠬᠤ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠪᠠᠶᠢᠭᠠᠯᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠴᠠᠭ ᠠᠭᠤᠷ ᠤᠨ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠤᠨ ᠬᠤᠭᠢᠷᠠᠯ ᠢ ᠪᠠᠭᠠᠰᠬᠠᠬᠤ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ  ︾ ᠤᠨ ᠦᠢᠯᠡᠳᠦᠯ ᠢ ᠦᠨᠡᠨᠬᠦ ᠪᠠᠳᠠᠷᠠᠭᠤᠯᠤᠨ᠎ᠠ᠃ ᠭᠠᠮᠰᠢᠭ ᠠᠴᠠ ᠠᠪᠤᠷᠠᠵᠤ ᠭᠠᠮᠰᠢᠭ ᠢ ᠰᠡᠷᠭᠡᠶᠢᠯᠡᠬᠦ ᠡᠳ᠋ ᠪᠣᠳᠠᠰ ᠤᠨ ᠪᠠᠲᠤᠯᠠᠭ᠎ᠠ ᠶᠢᠨ ᠰᠢᠰᠲ᠋ᠧᠮ  ᠤᠨ ᠪᠠᠶᠢᠭᠤᠯᠤᠯᠲᠠ ᠶᠢ ᠴᠢᠩᠭᠠᠳᠬᠠᠵᠤ᠂ ᠭᠠᠯ ᠤᠨ ᠭᠠᠮᠰᠢᠭ᠂ ᠭᠠᠩ ᠬᠠᠭᠰᠠᠷᠠᠭᠠᠨ᠂ ᠴᠠᠰᠤᠨ ᠭᠠᠮᠰᠢᠭ᠂ ᠦᠶᠡᠷ  ᠤᠨ ᠭᠠᠮᠰᠢᠭ᠂ ᠡᠯᠡᠰᠦ ᠲᠣᠭᠤᠰᠣ᠂ ᠭᠠᠵᠠᠷ ᠬᠥᠳᠡᠯᠦᠯᠲᠡ᠂ ᠭᠠᠵᠠᠷ ᠵᠦᠢ ᠶᠢᠨ ᠭᠠᠢ ᠭᠠᠮᠰᠢᠭ᠂ ᠬᠤᠯᠤᠭᠠᠨ᠎ᠠ ᠬᠤᠷᠣᠬᠠᠢ ᠶᠢᠨ ᠡᠪᠡᠳᠴᠢᠨ᠂ ᠬᠡᠭᠡᠷ᠎ᠡ ᠶᠢᠨ ᠠᠮᠢᠲᠠᠨ ᠤ ᠬᠢᠵᠢᠭ ᠡᠪᠡᠳᠴᠢᠨ ᠵᠡᠷᠭᠡ ᠭᠠᠢ ᠭᠠᠮᠰᠢᠭ ᠢ ᠰᠡᠷᠭᠡᠶᠢᠯᠡᠨ ᠵᠠᠰᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠭᠤᠣᠯᠳᠠᠯᠭ᠎ᠠ ᠲᠠᠢ ᠢᠨᠵᠧᠨᠧᠷᠢᠩ ᠤᠨ ᠵᠦᠢᠯᠡᠰ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃        ᠨᠡᠶᠢᠭᠡᠮ ᠤᠨ ᠠᠮᠤᠷ ᠲᠦᠪᠰᠢᠨ ᠲᠣᠭᠲᠠᠭᠤᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠶᠳᠪᠦᠷᠢᠯᠡᠬᠦ ᠲᠣᠭᠲᠠᠴᠠ ᠶᠢᠨ ᠰᠢᠨ᠎ᠡ ᠶᠢ ᠡᠭᠦᠳᠴᠦ᠂ ︽ᠶᠡᠷᠦᠩᠬᠡᠶᠢᠯᠡᠨ ᠵᠠᠰᠠᠬᠤ ᠥᠷᠳᠡᠭᠡ︾ ᠵᠢᠴᠢ ︽ᠳᠥᠷᠪᠡᠨ ᠭᠠᠵᠠᠷ ᠨᠢᠭᠡ ᠲᠢᠩᠬᠢᠮ ᠨᠢᠭᠡ ᠲᠠᠰᠤᠭ︾ ᠬᠤᠯᠪᠣᠭᠠᠯᠠᠨ ᠡᠶᠡᠳᠡᠭᠦᠯᠬᠦ ᠵᠠᠭᠪᠤᠷ ᠢ ᠭᠦᠨᠵᠡᠭᠡᠶ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠬᠤᠯᠪᠣᠭᠠᠯᠠᠨ ᠠᠬᠢᠭᠤᠯᠬᠤ ᠂ ᠵᠥᠷᠢᠴᠡᠯ ᠵᠢᠭᠤᠷᠠᠯᠳᠤᠭᠠᠨ ᠢ ᠬᠤᠯᠪᠣᠭᠠᠯᠠᠨ ᠡᠶᠡᠳᠡᠭᠦᠯᠬᠦ᠂ ᠨᠡᠶᠢᠭᠡᠮ ᠤᠨ ᠠᠮᠤᠷ ᠲᠦᠪᠰᠢᠨ ᠢ ᠬᠤᠯᠪᠣᠭᠠᠯᠠᠨ ᠰᠡᠷᠭᠡᠶᠢᠯᠡᠬᠦ᠂ ᠭᠤᠤᠯᠳᠠᠯᠭ᠎ᠠ ᠲᠠᠢ ᠠᠵᠢᠯ ᠢ ᠬᠤᠯᠪᠣᠭᠠᠯᠠᠨ ᠬᠥᠳᠡᠯᠦᠯᠴᠡᠬᠦ᠂ ᠲᠣᠪᠣᠶᠢᠮ᠎ᠠ ᠠᠰᠠᠭᠤᠳᠠᠯ ᠢ ᠬᠤᠯᠪᠣᠭᠠᠯᠠᠨ ᠵᠠᠰᠠᠬᠤ᠂ ᠠᠮᠤᠷ ᠠᠮᠤᠭᠤᠯᠠᠩ ᠢ ᠡᠭᠦᠳᠦᠨ ᠪᠠᠶᠢᠭᠤᠯᠬᠤ ᠶᠢ ᠬᠤᠯᠪᠣᠭᠠᠯᠠᠨ ᠡᠭᠦᠳᠬᠦ᠂ ᠦᠶᠯᠡᠴᠢᠯᠡᠭᠡ ᠬᠠᠮᠢᠶᠠᠷᠤᠯᠲᠠ ᠶᠢ ᠬᠤᠯᠪᠣᠭᠠᠯᠠᠨ ᠠᠳᠬᠤᠬᠤ ᠶᠢ ᠪᠡᠶᠡᠯᠡᠭᠦᠯᠬᠦ ᠶᠢ ᠠᠬᠢᠭᠤᠯᠤᠨ᠎ᠠ᠃ ᠠᠵᠢᠯ ᠲᠦᠷᠦᠯ ᠤᠨ ᠴᠢᠨᠠᠷᠲᠠᠢ᠂ ᠲᠤᠰᠬᠠᠢ ᠮᠡᠷᠭᠡᠵᠢᠯ ᠤᠨ ᠴᠢᠨᠠᠷᠲᠠᠢ ᠡᠶᠡᠳᠡᠭᠦᠯᠬᠦ ᠺᠣᠮᠢᠰ ᠪᠠ ᠡᠶᠡᠳᠡᠭᠦᠯᠦᠭᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠶᠢ ᠵᠣᠯᠭᠠᠯᠳᠤᠭᠤᠯᠤᠨ ᠬᠤᠯᠪᠣᠯᠳᠤᠭᠤᠯᠬᠤ ᠶᠢ ᠢᠳᠡᠪᠬᠢᠲᠡᠢ ᠲᠦᠯᠬᠢᠨ ᠠᠬᠢᠭᠤᠯᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠤᠳᠤᠷᠢᠳᠬᠤ ᠺᠠᠳ᠋ᠷᠴᠤᠳ ᠤᠨ ᠲᠣᠭᠲᠠᠮᠠᠯ ᠬᠤᠭᠤᠴᠠᠭ᠎ᠠ  ᠲᠠᠢ ᠪᠠᠷ ᠦᠨᠳᠦᠰᠦᠨ ᠱᠠᠲᠤᠨ ᠳᠤ ᠪᠠᠭᠤᠵᠤ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠨ᠎ᠡ᠃ 12348 ᠬᠠᠤᠯᠢ ᠴᠠᠭᠠᠵᠠ ᠶᠢᠨ ᠦᠶᠯᠡᠴᠢᠯᠡᠭᠡᠨ ᠤ ᠬᠠᠯᠠᠮᠰᠢᠯ ᠤᠲᠠᠰᠤ ᠪᠠ ᠰᠢᠯᠢ ᠶᠢᠨ ᠭᠤᠤᠯ ᠤᠨ ᠬᠠᠤᠯᠢ ᠴᠠᠭᠠᠵᠠ ᠶᠢᠨ ᠦᠶᠯᠡᠴᠢᠯᠡᠭᠡᠨ ᠤ ᠰᠦᠯᠵᠢᠶ᠎ᠡ ᠶᠢᠨ ᠲᠠᠪᠴᠠᠩ ᠳᠤ ᠲᠦᠰᠢᠭᠯᠡᠨ᠂ ︽ᠢᠨᠲ᠋ᠧᠷ ᠰᠦᠯᠵᠢᠶ᠎ᠡ + ᠲᠣᠤᠷ ᠰᠦᠯᠵᠢᠶ᠎ᠡ ᠶᠢᠨ ᠬᠠᠮᠢᠶᠠᠷᠤᠯᠲᠠ︾ ᠶᠢᠨ ᠦᠶᠯᠡᠴᠢᠯᠡᠭᠡᠨ ᠤ ᠵᠠᠭᠪᠤᠷ ᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ  ᠶᠢᠨ ᠦᠨᠳᠦᠰᠦᠨ ᠱᠠᠲᠤᠨ ᠤ ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡᠨ ᠤ ᠰᠢᠰᠲ᠋ᠧᠮ ᠪᠠ ᠵᠠᠯᠠᠵᠤ ᠵᠢᠯᠣᠭᠤᠳᠤᠨ ᠬᠠᠮᠢᠶᠠᠷᠬᠤ ᠲᠣᠭᠲᠠᠴᠠ ᠶᠢ ᠪᠦᠷᠢᠨᠰᠢᠭᠦᠯᠵᠦ᠂ ᠬᠠᠤᠯᠢᠴᠢ᠂ ᠰᠡᠳᠬᠢᠴᠡ ᠶᠢᠨ ᠵᠥᠪᠯᠡᠯᠭᠡ ᠥᠭᠭᠦᠭᠴᠢ  ᠶᠢᠨ ᠵᠥᠷᠢᠴᠡᠯ ᠢ ᠠᠷᠢᠯᠭᠠᠬᠤ ᠳᠤ ᠣᠷᠣᠯᠴᠠᠬᠤ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃      ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠪᠣᠰᠤᠭ᠎ᠠ ᠴᠣᠭᠴᠠᠲᠤ᠂ ᠬᠠᠤᠯᠢᠵᠢᠭᠰᠠᠨ᠂ ᠲᠤᠰᠬᠠᠶᠢᠵᠢᠭᠰᠠᠨ᠂ ᠤᠶᠤᠨᠴᠢᠯᠠᠬᠰᠠᠨ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠰᠢᠨᠡᠴᠢᠯᠡᠵᠦ ᠲᠡᠭᠦᠯᠳᠡᠷᠵᠢᠭᠦᠯᠦᠨ᠎ᠡ᠃ ᠴᠢᠬᠤᠯᠠ ᠶᠡᠭᠡ ᠲᠣᠭᠲᠠᠭᠤᠨ ᠪᠤᠰᠤ ᠠᠰᠠᠭᠤᠳᠠᠯ ᠤᠨ ᠨᠠᠷᠢᠨ ᠲᠠᠩᠰᠠ ᠶᠢᠨ ᠲᠦᠷᠢᠮ ᠢ ᠬᠡᠷᠡᠭᠵᠢᠭᠦᠯᠵᠦ᠂ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ  ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠲᠣᠭᠲᠠᠭᠤᠨ ᠪᠠᠶᠢᠳᠠᠯ ᠳᠤ ᠬᠤᠯᠪᠣᠭᠳᠠᠬᠤ ᠨᠢᠭᠤᠴᠠ ᠮᠡᠳᠡᠭᠡ᠂ ᠮᠡᠳᠡᠭᠡ ᠵᠠᠩᠭᠢ ᠶᠢ ᠴᠤᠭᠯᠠᠭᠤᠯᠤᠨ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠲᠣᠭᠲᠠᠭᠤᠨ ᠪᠠᠶᠢᠳᠠᠯ ᠳᠤ ᠬᠤᠯᠪᠣᠭᠳᠠᠬᠤ ᠳᠠᠯᠳᠠ ᠬᠡᠮ ᠢ ᠪᠠᠶᠢᠴᠠᠭᠠᠵᠤ ᠴᠡᠭᠴᠡᠯᠡᠨ ᠵᠠᠰᠠᠬᠤ᠂ ᠴᠢᠬᠤᠯᠠ ᠶᠡᠭᠡ ᠬᠡᠷᠡᠭ ᠶᠠᠪᠤᠳᠠᠯ  ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠭᠤᠤᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠲᠣᠭᠲᠠᠴᠠ ᠶᠢᠨ ᠪᠠᠶᠢᠭᠤᠯᠤᠯᠲᠠ ᠵᠢᠴᠢ ᠪᠣᠳᠠᠲᠤ ᠪᠠᠶᠢᠯᠳᠤᠭᠠᠨ ᠤ ᠰᠣᠷᠢᠯᠲᠠ ᠵᠡᠷᠭᠡ ᠲᠣᠭᠲᠠᠭᠤᠨ ᠪᠠᠶᠢᠳᠠᠯ ᠢ ᠬᠠᠮᠠᠭᠠᠯᠠᠬᠤ ᠭᠤᠤᠯᠳᠠᠯᠭ᠎ᠠ ᠲᠠᠢ ᠠᠵᠢᠯ  ᠢ ᠭᠦᠨᠵᠡᠭᠡᠶ ᠥᠷᠨᠢᠭᠦᠯᠦᠨ᠎ᠡ᠃ ︽ᠭᠡᠭᠡᠨ ᠲᠤᠩᠭᠠᠯᠠᠭ ᠢᠨᠵᠧᠨᠧᠷᠢᠩ  ︾ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠬᠤᠲᠠ ᠬᠢᠭᠡᠳ ᠮᠠᠯᠵᠢᠬᠤ ᠣᠷᠣᠨ ᠤ ᠣᠯᠠᠨ ᠨᠡᠶᠢᠲᠡ ᠶᠢᠨ ᠠᠮᠤᠷ ᠲᠦᠪᠰᠢᠨ ᠤ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠪᠦᠲᠦᠭᠡᠨ ᠪᠠᠶᠢᠭᠤᠯᠤᠯᠲᠠ ᠬᠢᠭᠡᠳ ᠰᠦᠯᠵᠢᠶ᠎ᠡ ᠬᠤᠯᠪᠣᠬᠤ  ᠶᠢ ᠴᠢᠩᠭᠠᠳᠬᠠᠨ᠂ ᠪᠦᠬᠦ ᠣᠷᠣᠨ ᠪᠦᠰᠡ ᠪᠠᠷ ᠬᠠᠮᠤᠷᠬᠤ᠂ ᠪᠦᠬᠦ ᠰᠦᠯᠵᠢᠶ᠎ᠡ ᠪᠠᠷ ᠬᠠᠮᠲᠤ ᠳᠠᠭᠠᠨ ᠡᠳ᠋ᠯᠡᠬᠦ᠂ ᠪᠦᠬᠦ ᠴᠠᠭ ᠲᠤ ᠬᠡᠷᠡᠭᠯᠡᠵᠦ ᠪᠣᠯᠬᠤ᠂ ᠪᠦᠬᠦ ᠶᠠᠪᠤᠴᠠ ᠳᠤ ᠡᠵᠡᠮᠳᠡᠵᠦ ᠪᠣᠯᠬᠤ ᠶᠢ ᠪᠡᠶᠡᠯᠡᠭᠦᠯᠦᠨ᠎ᠡ᠃ ᠰᠦᠯᠵᠢᠶᠡᠨ ᠤ ᠨᠡᠶᠢᠭᠡᠮ ᠤᠨ ᠶᠡᠷᠦᠩᠬᠡᠶᠢᠯᠡᠭᠰᠡᠨ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠰᠦᠯᠵᠢᠶᠡᠨ ᠤ ᠣᠷᠣᠨ ᠵᠠᠢ ᠶᠢ ᠴᠡᠪᠡᠷᠰᠢᠭᠦᠯᠦᠨ᠎ᠡ᠃ ᠮᠠᠯᠵᠢᠬᠤ ᠣᠷᠣᠨ ᠤ ᠥᠨᠳᠥᠷ ᠬᠦᠦ ᠲᠠᠢ ᠵᠢᠭᠡᠯᠡᠯᠭᠡ ᠶᠢ ᠶᠡᠷᠦᠩᠬᠡᠶᠢᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠮᠥᠩᠭᠦᠨ ᠭᠦᠢᠯᠭᠡᠭᠡᠨ ᠤ ᠮᠡᠬᠡᠯᠡᠯ ᠵᠡᠷᠭᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠬᠠᠤᠯᠢ ᠠᠴᠠ ᠵᠥᠷᠢᠴᠡᠨ ᠶᠠᠯ᠎ᠠ ᠬᠢᠬᠦ ᠶᠢ ᠰᠡᠷᠭᠡᠶᠢᠯᠡᠬᠦ ᠠᠵᠢᠯ ᠢ ᠭᠦᠨᠵᠡᠭᠡᠶᠢᠷᠡᠭᠦᠯᠦᠨ᠎ᠡ᠃ ᠠᠮᠤᠷ ᠠᠮᠤᠭᠤᠯᠠᠩ ᠰᠤᠮᠤ ᠪᠠᠯᠭᠠᠰᠤ ( ᠲᠠᠯᠠᠪᠠᠢ )᠂ ᠠᠮᠤᠷ ᠠᠮᠤᠭᠤᠯᠠᠩ ᠭᠠᠴᠠᠭ᠎ᠠ ( ᠨᠡᠶᠢᠭᠡᠮ ᠲᠣᠭᠤᠷᠢᠭ )᠂ ᠠᠮᠤᠷ ᠠᠮᠤᠭᠤᠯᠠᠩ ᠵᠠᠮ ᠬᠠᠷᠢᠯᠴᠠᠭ᠎ᠠ᠂ ᠠᠮᠤᠷ ᠠᠮᠤᠭᠤᠯᠠᠩ ᠡᠮᠨᠡᠯᠭᠡ ᠶᠢᠨ ᠬᠤᠷᠢᠶ᠎ᠠ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ᠂ ᠠᠮᠤᠷ ᠠᠮᠤᠭᠤᠯᠠᠩ ᠦᠢᠯᠡᠳᠪᠦᠷᠢ ᠠᠭᠤᠷᠬᠠᠢ ᠵᠡᠷᠭᠡ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃      ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠢᠭᠡᠳᠦᠯᠲᠡᠶ ᠵᠢᠯᠣᠭᠤᠳᠬᠤ᠂ ᠲᠤᠰᠬᠠᠶ ᠪᠠ ᠪᠠᠶᠢᠩᠭᠤ ᠶᠢᠨ ᠬᠢ ᠶᠢ ᠬᠤᠣᠰᠯᠠᠭᠤᠯᠤᠭᠰᠠᠨ᠂ ᠲᠤᠰᠬᠠᠯ ᠢᠶᠠᠷ ᠬᠤᠷᠴᠠ ᠰᠡᠷᠭᠡᠭ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠭᠰᠡᠨ ᠪᠠᠴᠢᠮ ᠪᠠᠶᠢᠳᠠᠯ ᠢ ᠠᠷᠭᠠᠴᠠᠭᠠᠬᠤ ᠳᠠᠬᠢ ᠠᠪᠤᠷᠠᠨ‌‍ᠲ᠋ᠤᠰᠠᠯᠠᠯᠲᠠ ᠶᠢᠨ ᠵᠢᠯᠣᠭᠤᠳᠤᠨ ᠬᠠᠮᠢᠶᠠᠷᠬᠤ ᠪᠠᠶᠢᠭᠤᠯᠤᠯ ᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠶᠢᠨ ᠵᠢᠯᠣᠭᠤᠳᠤᠨ ᠨᠡᠪᠲᠡᠷᠡᠯᠴᠡᠵᠦ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠤᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠲᠠᠪᠴᠠᠩ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠤᠶᠤᠨᠴᠢᠯᠠᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠤᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠶᠢ ᠠᠬᠢᠭᠤᠯᠵᠤ᠂ ᠬᠤᠰᠢᠭᠤᠨ ᠤ ᠪᠠᠴᠢᠮ ᠪᠠᠶᠢᠳᠠᠯ  ᠢ ᠠᠷᠭᠠᠴᠠᠭᠠᠬᠤ ᠠᠪᠤᠷᠠᠨ ᠲᠤᠰᠠᠯᠠᠬᠤ ᠲᠤᠰᠬᠠᠶ ᠡᠩᠨᠡᠭᠡ ᠪᠣᠯᠤᠨ ᠰᠠᠶᠢᠨ ᠳᠤᠷᠠᠴᠤᠳ ᠤᠨ ᠡᠩᠨᠡᠭᠡᠨ ᠤ ᠪᠠᠴᠢᠮ ᠪᠠᠶᠢᠳᠠᠯ ᠢ ᠠᠷᠭᠠᠴᠠᠭᠠᠬᠤ ᠪᠣᠳᠠᠲᠤ ᠪᠠᠶᠢᠯᠳᠤᠭᠠᠨ ᠤ ᠴᠢᠳᠠᠪᠤᠷᠢ ᠶᠢ ᠲᠠᠰᠤᠷᠠᠯᠲᠠ ᠥᠬᠡᠶ ᠴᠢᠩᠭᠠᠳᠬᠠᠨ᠎ᠠ᠃ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠡᠶᠢᠭᠡᠮ ᠤᠨ ᠲᠠᠯ᠎ᠠ ᠶᠢᠨ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠶᠢ ᠭᠦᠨᠵᠡᠭᠡᠶᠢᠷᠡᠭᠦᠯᠦᠨ᠂ ᠣᠶ ᠰᠢᠭᠤᠶ ᠨᠤᠲᠤᠭ ᠪᠡᠯᠴᠢᠭᠡᠷ ᠵᠢᠴᠢ ᠣᠯᠠᠨ ᠨᠡᠶᠢᠲᠡ ᠶᠢᠨ ᠭᠠᠯ ᠤᠨᠲᠠᠷᠠᠭᠠᠬᠤ ᠰᠠᠭᠤᠷᠢ ᠲᠦᠬᠦᠭᠡᠷᠦᠮᠵᠢ ᠶᠢᠨ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠴᠢᠬᠤᠯᠠ ᠠᠵᠤ ᠠᠬᠤᠢ ᠶᠢᠨ ᠬᠠᠷᠠᠯᠲᠠ ᠶᠢᠨ ᠬᠠᠮᠠᠭᠠᠯᠠᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠠᠶᠤᠯ  ᠠᠴᠠ ᠵᠠᠶᠢᠯᠠᠬᠤ ᠲᠠᠯᠠᠪᠤᠷ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠨᠤᠭ ᠲᠥᠬᠦᠭᠡᠷᠦᠮᠵᠢ ᠶᠢᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢᠯᠠᠭᠰᠠᠨ᠂ ᠲᠤᠰᠬᠠᠶᠢᠵᠢᠭᠰᠠᠨ᠂ ᠤᠶᠤᠨᠴᠢᠯᠠᠭᠰᠠᠨ ᠂ ᠨᠠᠷᠢᠯᠢᠬᠵᠢᠭᠤᠯᠤᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠤᠨ᠎ᠠ᠃      ᠬᠢᠯᠢ ᠶᠢᠨ ᠵᠠᠭᠠᠭ ᠤᠨ ᠬᠠᠮᠢᠶᠠᠷᠤᠨ ᠡᠵᠡᠮᠳᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠬᠢᠨᠠᠮᠠᠭᠠᠢ ᠲᠣᠣᠱᠯᠠᠭᠤᠯᠵᠣ᠂ ᠬᠢᠯᠢ ᠶᠢᠨ ᠭᠠᠳᠠᠨᠠᠬᠢ ᠳᠠᠶᠢᠰᠤᠩᠨᠠᠭᠴᠢ ᠬᠦᠴᠦᠨ ᠤ ᠨᠡᠪᠴᠢᠯᠲᠡ ᠨᠤᠷᠠᠭᠠᠯᠲᠠ ᠶᠢ ᠰᠡᠷᠭᠡᠶᠢᠯᠡᠨ ᠬᠤᠷᠢᠭᠯᠠᠬᠤ ᠠᠵᠢᠯᠯᠠᠭ᠎ᠠ ᠶᠢ ᠬᠡᠷᠡᠭᠵᠢᠭᠦᠯᠬᠦ ︽ᠬᠡᠷᠡᠮ ᠴᠢᠳᠬᠤᠬᠤ ᠢᠨᠵᠧᠨᠧᠷᠢᠩ︾ ᠢ ᠰᠠᠶᠢᠲᠤᠷ ᠠᠳᠬᠤᠵᠤ᠂ ᠬᠢᠯᠢ ᠶᠢᠨ ᠳᠣᠲᠣᠷᠠᠬᠢ ᠤᠯᠤᠰ ᠲᠦᠷᠦ ᠶᠢᠨ ᠠᠮᠤᠷ ᠲᠦᠪᠰᠢᠨ ᠤ ᠬᠦᠴᠦᠨ ᠤ ᠡᠭᠦᠰᠦᠨ ᠳᠡᠯᠭᠡᠷᠡᠬᠦ ᠶᠢ ᠨᠥᠯᠥᠭᠡᠯᠡᠬᠦ ᠬᠥᠷᠥᠰᠥ ᠰᠢᠷᠣᠢ ᠶᠢ ᠴᠡᠪᠡᠷᠰᠢᠭᠦᠯᠬᠦ ᠢᠨᠵᠧᠨᠧᠷᠢᠩ ᠂ ᠤᠯᠤᠰ ᠲᠦᠷᠦ ᠶᠢᠨ ᠭᠤᠣᠯᠳᠠᠯᠭ᠎ᠠ ᠲᠠᠢ ᠬᠥᠮᠦᠨ ᠢ ᠬᠥᠮᠦᠵᠢᠭᠦᠯᠦᠨ ᠬᠤᠪᠢᠷᠠᠭᠤᠯᠵᠤ ᠬᠠᠮᠢᠶᠠᠷᠤᠨ ᠡᠵᠡᠮᠳᠡᠬᠦ ︽ ᠬᠠᠯᠠᠮᠵᠢ ᠶᠢᠨ ᠢᠨᠵᠧᠨᠧᠷᠢᠩ  ︾ ᠢ ᠰᠤᠷᠭᠠᠨ ᠬᠥᠮᠦᠵᠢᠭᠦᠯᠦᠨ᠎ᠡ᠃ ᠱᠠᠰᠢᠨ ᠰᠤᠷᠲᠠᠬᠤᠨ ᠤ ᠲᠤᠬᠠᠶ ᠨᠠᠮ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠡᠪᠴᠢᠯᠲᠡ ᠶᠢ ᠡᠰᠡᠷᠭᠦᠴᠡᠬᠦ᠂ ᠲᠠᠩᠨᠠᠭᠤᠯ ᠢ ᠡᠰᠡᠷᠭᠦᠴᠡᠬᠦ᠂ ᠬᠠᠭᠠᠴᠠᠭᠤᠯᠬᠤ ᠶᠢ ᠡᠰᠡᠷᠭᠦᠴᠡᠬᠦ᠂ ᠰᠦᠷᠳᠡᠭᠦᠯᠦᠯ ᠢ ᠡᠰᠡᠷᠭᠦᠴᠡᠬᠦ᠂ ᠭᠠᠵᠢᠭᠤ ᠨᠣᠮᠯᠠᠯ ᠢ ᠡᠰᠡᠷᠭᠦᠴᠡᠬᠦ ᠲᠡᠮᠡᠴᠡᠯ ᠢ ᠶᠡᠬᠡᠪᠡᠷ ᠥᠷᠨᠢᠭᠦᠯᠤᠨ᠎ᠠ᠃ ᠬᠢᠯᠢ ᠬᠢᠵᠠᠭᠠᠷ ᠢᠶᠠᠨ ᠰᠠᠬᠢᠵᠤ ᠬᠢᠯᠢ ᠬᠢᠵᠠᠭᠠᠷ ᠢᠶᠠᠨ ᠪᠠᠬᠢᠵᠢᠭᠦᠯᠬᠦ᠂ ᠬᠢᠯᠢ ᠬᠢᠵᠠᠭᠠᠷ ᠢᠶᠠᠨ ᠬᠥᠭᠵᠢᠭᠦᠯᠵᠦ ᠠᠷᠠᠳ ᠢᠶᠠᠨ ᠪᠠᠶᠠᠵᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠵᠦ ᠨᠡᠭᠡᠭᠡᠨ ᠬᠥᠭᠵᠢᠭᠦᠯᠬᠦ ᠪᠠᠷ ᠲᠣᠬᠢᠶᠠᠯ ᠪᠣᠯᠭᠠᠨ᠂ ᠬᠢᠯᠢ ᠬᠢᠵᠠᠭᠠᠷ ᠢᠶᠠᠨ ᠬᠥᠭᠵᠢᠭᠦᠯᠵᠦ ᠠᠷᠠᠳ ᠢᠶᠠᠨ ᠪᠠᠶᠠᠵᠢᠭᠤᠯᠬᠤ ᠪᠥᠲᠥᠭᠡᠨ ᠪᠠᠶᠢᠭᠤᠯᠤᠯᠲᠠ  ᠶᠢᠨ ᠲᠥᠷᠥᠯ ᠵᠦᠶᠯ ᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠲᠤᠰᠬᠠᠶ ᠲᠥᠷᠥᠯ ᠢᠶᠠᠷ ᠲᠡᠳᠬᠦᠬᠦ ᠪᠠᠯᠠ ᠮᠥᠩᠭᠦ ᠪᠠ ᠵᠦᠷᠢᠶᠡᠴᠢᠯᠡᠭᠰᠡᠨ ᠲᠥᠷᠥ ᠶᠢᠨ ᠪᠣᠳᠣᠯᠭ᠎ᠠ ᠶᠢ ᠴᠢᠷᠮᠠᠶᠢᠨ ᠣᠯᠵᠤ᠂ ᠬᠢᠯᠢ ᠶᠢᠨ ᠰᠤᠮᠤ ᠪᠠᠯᠭᠠᠰᠤ ( ᠲᠠᠯᠠᠪᠠᠶ )   ᠳᠠᠬᠢ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠬᠢᠯᠢ ᠶᠢᠨ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠵᠡᠷᠭᠡ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠴᠡᠷᠢᠭ ᠤᠨ ᠬᠡᠷᠡᠭᠯᠡᠭᠡ ᠪᠠ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠬᠤᠯᠪᠣᠭᠳᠠᠯ ᠪᠦᠬᠦᠢ ᠰᠠᠭᠤᠷᠢ ᠲᠥᠬᠦᠭᠡᠷᠦᠮᠵᠢ ᠶᠢᠨ ᠵᠦᠢᠯᠡᠰ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃      ᠳᠥᠷᠪᠡ᠂ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢ ᠴᠣᠭᠴᠠᠯᠠᠨ ᠪᠠᠶᠢᠭᠤᠯᠤᠨ᠎ᠠ      ᠨᠡᠶᠢᠭᠡᠮ ᠤᠨ ᠢᠲᠡᠭᠡᠮᠵᠢ ᠶᠢᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠦᠨ᠎ᠡ᠃ ᠠᠵᠢᠯ ᠲᠥᠷᠥᠯ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠠᠵᠢᠯ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠳᠦᠷᠢᠮ ᠪᠣᠯᠤᠨ ᠠᠵᠢᠯ ᠲᠥᠷᠥᠯ ᠤᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ᠂ ᠬᠡᠷᠡᠭᠯᠡᠯᠲᠡ ᠵᠢᠴᠢ ᠬᠠᠮᠲᠤᠷᠠᠨ ᠱᠠᠩᠨᠠᠵᠤ ᠲᠣᠷᠭᠠᠬᠤ ᠳᠦᠷᠢᠮ ᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠦᠨ᠎ᠡ᠃ ᠢᠲᠡᠭᠡᠮᠵᠢ ᠶᠢᠨ ᠠᠮᠠᠯᠠᠯᠲᠠ ᠶᠢᠨ ᠲᠦᠷᠢᠮ ᠢ ᠠᠬᠢᠭᠤᠯᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠰᠣᠩᠭᠤᠵᠤ ᠢᠲᠡᠭᠡᠮᠵᠢ ᠶᠢᠨ ᠠᠮᠠᠯᠠᠯᠲᠠ ᠶᠢᠨ ᠬᠡᠷᠡᠭᠯᠡᠯᠲᠡ ᠶᠢ ᠥᠷᠨᠢᠭᠦᠯᠦᠨ᠎ᠡ᠃ ᠢᠲᠡᠭᠡᠮᠵᠢ ᠪᠠᠷ ᠭᠤᠤᠯ ᠪᠣᠯᠭᠠᠭᠰᠠᠨ ᠰᠢᠨ᠎ᠡ ᠬᠡᠯᠪᠡᠷᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠢᠲᠡᠭᠡᠮᠵᠢ ᠲᠠᠢ ᠪᠠᠶᠢᠪᠠᠯ ᠬᠠᠮᠲᠤᠷᠠᠨ ᠵᠣᠷᠢᠭᠵᠢᠭᠤᠯᠬᠤ ᠪᠠ ᠢᠲᠡᠭᠡᠮᠵᠢ ᠠᠯᠳᠠᠪᠠᠯ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠣᠳᠣ ᠦᠶ᠎ᠡ ᠶᠢᠨ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠬᠠᠤᠯᠢ ᠶᠣᠰᠣᠨ ᠤ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠪᠠᠶᠢᠭᠤᠯᠤᠮᠵᠢ ᠶᠢ ᠪᠣᠶᠢᠵᠢᠭᠤᠯᠬᠤ ᠪᠠ ᠣᠷᠣᠭᠤᠯᠵᠤ ᠢᠷᠡᠨ᠂ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠦᠢᠯᠡᠴᠢᠯᠡᠭᠡᠨ ᠤ ᠰᠢᠨ᠎ᠡ ᠶᠢ ᠡᠭᠦᠳᠦᠨ᠎ᠡ᠃《 ᠢᠲᠡᠭᠡᠮᠵᠢ ᠲᠠᠢ ᠪᠠᠶᠢᠬᠤ ᠨᠢ ᠢᠷᠠᠭᠤ ᠠᠯᠳᠠᠷ ᠲᠠᠢ᠂ ᠢᠲᠡᠭᠡᠯ ᠠᠯᠳᠠᠬᠤ ᠨᠢ ᠢᠴᠢᠭᠦᠷᠢ ᠭᠤᠲᠤᠮᠰᠢᠭ ᠲᠠᠢ 》ᠭᠡᠳᠡᠭ ᠢᠶᠠᠷ ᠭᠤᠣᠯ ᠰᠡᠳᠦᠪ ᠪᠣᠯᠭᠠᠭᠰᠠᠨ ᠤᠬᠠᠭᠤᠯᠭ᠎ᠠ  ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠢᠲᠡᠭᠡᠮᠵᠢ ᠲᠠᠢ ᠪᠠᠶᠢᠬᠤ ᠨᠡᠶᠢᠲᠡᠯᠢᠭ ᠵᠢᠱᠢᠶ᠎ᠡ ᠶᠢ ᠤᠬᠠᠭᠤᠯᠬᠤ ᠪᠠ ᠢᠲᠡᠭᠡᠮᠵᠢ ᠠᠯᠳᠠᠭᠰᠠᠨ ᠨᠡᠶᠢᠲᠡᠯᠢᠭ ᠵᠢᠱᠢᠶ᠎ᠡ ᠶᠢ ᠣᠯᠠᠨ ᠳᠤ ᠢᠯᠡ ᠦᠵᠡᠭᠦᠯᠬᠦ ᠡᠷᠴᠢᠮ ᠢᠶᠠᠨ ᠨᠡᠮᠡᠭᠳᠡᠭᠦᠯᠵᠦ᠂ ᠦᠨᠡᠨᠴᠢ ᠢᠲᠡᠭᠡᠮᠵᠢᠲᠡᠶ ᠪᠠᠶᠢᠬᠤ ᠶᠢ ᠪᠦᠬᠦ ᠨᠡᠶᠢᠭᠡᠮ ᠤᠨ ᠤᠬᠠᠮᠰᠠᠷᠲᠤ ᠬᠥᠭᠡᠭᠡᠴᠡᠯᠳᠦᠯ ᠪᠣᠯᠭᠠᠵᠤ᠂ ᠦᠨᠡᠨᠴᠢ ᠢᠲᠡᠭᠡᠮᠵᠢᠲᠡᠶ ᠪᠠᠶᠢᠬᠤ ᠨᠡᠶᠢᠭᠡᠮ ᠤᠨ ᠰᠠᠶᠢᠨ ᠰᠠᠶᠢᠬᠠᠨ ᠣᠷᠴᠢᠨ ᠠᠬᠤᠶ ᠶᠢ ᠪᠣᠶ ᠪᠣᠯᠭᠠᠨ᠎ᠠ᠃      ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠢ ᠲᠡᠭᠦᠯᠳᠡᠷᠵᠢᠭᠦᠯᠵᠦ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠬᠡᠷᠡᠭᠯᠡᠬᠦ ᠪᠠ ᠬᠠᠮᠢᠶᠠᠷᠬᠤ ᠶᠢ ᠵᠢᠷᠤᠮᠵᠢᠭᠤᠯᠤᠨ᠎ᠠ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭ᠎ᠠ ᠡᠵᠡᠩᠨᠡᠬᠦ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠪᠠ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠮᠠᠯᠵᠢᠬᠤ ᠣᠷᠣᠨ ᠤ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠵᠤ᠂ ᠢᠲᠡᠭᠡᠮᠵᠢ ᠶᠢᠨ ᠡᠷᠦᠬᠡ᠂ ᠢᠲᠡᠭᠡᠮᠵᠢ ᠶᠢᠨ ᠭᠠᠴᠠᠭ᠎ᠠ᠂ ᠢᠲᠡᠭᠡᠮᠵᠢ ᠶᠢᠨ ᠰᠤᠮᠤ ᠪᠠᠯᠭᠠᠰᠤ ᠶᠢ ᠦᠨᠡᠯᠡᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠭᠦᠯᠵᠦ᠂ ᠢᠲᠡᠭᠡᠮᠵᠢ ᠶᠢᠨ ᠳᠠᠩᠰᠠ ᠡᠪᠬᠡᠮᠡᠯ ᠢ ᠪᠦᠷᠢᠨᠰᠢᠭᠦᠯᠵᠦ᠂ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠢᠲᠡᠭᠡᠮᠵᠢ ᠶᠢᠨ ᠲᠡᠮᠳᠡᠭᠯᠡᠯ ᠤᠨ ᠪᠠᠶᠢᠭᠤᠯᠤᠯᠲᠠ ᠶᠢ ᠴᠢᠩᠭᠠᠳᠬᠠᠵᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠦᠨᠡᠨᠴᠢ ᠢᠲᠡᠭᠡᠮᠵᠢᠲᠡᠶ ᠮᠠᠯᠴᠢᠳ᠂ ᠦᠨᠡᠨᠴᠢ ᠢᠲᠡᠭᠡᠮᠵᠢᠲᠡᠶ ᠭᠠᠴᠠᠭᠠᠨ ᠤ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠮᠠᠯᠵᠢᠬᠤ ᠣᠷᠣᠨ ᠤ ᠣᠨᠴᠠᠯᠢᠭ ᠲᠤ ᠨᠡᠶᠢᠴᠡᠭᠰᠡᠨ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ《 ᠦᠨᠡᠨᠴᠢ ᠢᠲᠡᠭᠡᠮᠵᠢᠲᠡᠶ ᠡᠷᠦᠬᠡ 》᠂《 ᠦᠨᠡᠨᠴᠢ ᠢᠲᠡᠭᠡᠮᠵᠢᠲᠡᠶ ᠭᠠᠴᠠᠭ᠎ᠠ 》 ᠶᠢᠨ ᠪᠠᠷᠢᠮᠵᠢᠶ᠎ᠠ ᠵᠢᠷᠤᠮᠵᠢᠯ ᠪᠠ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠶᠢ ᠰᠤᠳᠤᠯᠤᠨ ᠲᠣᠭᠲᠠᠭᠠᠵᠤ᠂ ᠬᠥᠳᠡᠯᠦᠩᠭᠦᠶ ᠬᠠᠮᠢᠶᠠᠷᠤᠯᠲᠠ ᠶᠢᠨ ᠲᠣᠭᠲᠠᠴᠠ ᠪᠠ ᠵᠣᠷᠢᠭᠵᠢᠭᠤᠯᠬᠤ ᠠᠷᠭ᠎ᠠ ᠶᠢ ᠪᠠᠶᠢᠭᠤᠯᠤᠨ᠎ᠠ᠃ ᠬᠤᠪᠢ ᠬᠥᠮᠦᠨ ᠤ ᠢᠲᠡᠭᠡᠮᠵᠢ ᠶᠢᠨ ᠮᠡᠳᠡᠭᠡ ᠵᠠᠩᠭᠢ  ᠶᠢ ᠴᠤᠭᠯᠠᠭᠤᠯᠬᠤ᠂ ᠵᠠᠳᠠᠯᠬᠤ᠂ ᠬᠡᠷᠡᠭᠯᠡᠬᠦ ᠵᠡᠷᠭᠡ ᠠᠭᠤᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠶᠢ ᠪᠡᠶᠡᠯᠡᠭᠦᠯᠦᠨ᠎ᠡ᠃      ᠭᠤᠷᠪᠠᠳᠤᠭᠠᠷ ᠬᠡᠰᠡᠭ     ᠬᠠᠤᠯᠢ ᠶᠣᠰᠣᠭᠠᠷ ᠬᠤᠰᠢᠭᠤ ᠪᠠᠨ ᠵᠠᠰᠠᠬᠤ      ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠨ᠎ᠠ᠃ ᠨᠠᠮ ᠤᠨ ᠬᠠᠤᠯᠢ ᠪᠠᠷ ᠬᠤᠰᠢᠭᠤ ᠪᠠᠨ ᠵᠠᠰᠠᠬᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠨᠡᠶᠢᠭᠡᠮ ᠵᠢᠷᠤᠮ ᠤᠨ ᠠᠷᠠᠳᠴᠢᠯᠠᠯ ᠢ ᠲᠡᠭᠦᠯᠳᠡᠷᠵᠢᠭᠦᠯᠦᠨ᠂ ᠪᠦᠬᠦ ᠣᠷᠣᠨ ᠤ ᠬᠤᠶᠠᠳᠤᠭᠠᠷ ᠪᠦᠯᠦᠭ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠭᠠᠵᠠᠷ ᠣᠷᠣᠨ ᠢ ᠡᠭᠦᠳᠦᠨ ᠪᠠᠶᠢᠭᠤᠯᠬᠤ ᠪᠠᠷ ᠲᠣᠬᠢᠶᠠᠯ ᠪᠣᠯᠭᠠᠵᠤ᠂ ᠬᠠᠤᠯᠢ ᠪᠠᠷ ᠵᠠᠰᠠᠬᠤ ᠵᠡᠭᠦᠨ ᠦᠵᠦᠮᠦᠴᠢᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠠᠷᠠᠳ ᠲᠦᠮᠡᠨ ᠤ ᠡᠷᠬᠡ ᠠᠰᠢᠭ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠪᠠ ᠤᠯᠤᠰ ᠤᠨ ᠠᠮᠤᠷ ᠲᠣᠭᠲᠠᠭᠤᠨ ᠢ ᠬᠠᠤᠯᠢ ᠶᠣᠰᠣᠭᠠᠷ ᠬᠠᠮᠠᠭᠠᠯᠠᠨ᠎ᠠ᠃      ᠨᠢᠭᠡ᠂ ᠠᠷᠠᠳᠴᠢᠯᠠᠯ ᠬᠠᠤᠯᠢ ᠲᠦᠷᠢᠮ ᠤᠨ ᠪᠠᠶᠢᠭᠤᠯᠤᠯᠲᠠ ᠶᠢ ᠳᠥᠯᠭᠢᠨ ᠠᠬᠢᠭᠤᠯᠤᠨ᠎ᠠ      ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠡᠭᠦᠯᠳᠡᠷᠵᠢᠭᠦᠯᠵᠦ᠂ ᠬᠠᠤᠯᠢ ᠪᠠᠷ ᠵᠠᠰᠠᠬᠤ ᠵᠡᠭᠦᠨ ᠦᠵᠦᠮᠦᠴᠢᠨ ᠤ ᠪᠠᠶᠢᠭᠤᠯᠤᠯᠲᠠ ᠶᠢ ᠦᠨᠡᠯᠡᠬᠦ ᠭᠦᠶᠴᠡᠳᠬᠡᠬᠦ ᠲᠤᠭ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠠᠷᠠᠳ ᠤᠨ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠯᠵᠢᠬᠤ ᠣᠷᠣᠨ ᠳᠠᠬᠢ ᠨᠠᠮ ᠤᠨ ᠲᠥᠷᠥ ᠪᠠᠷᠢᠬᠤ ᠰᠠᠭᠤᠷᠢ ᠶᠢ ᠪᠠᠬᠢᠵᠢᠭᠦᠯᠦᠨ᠎ᠡ᠃ ᠦᠨᠳᠦᠰᠦᠨ ᠱᠠᠲᠤᠨ ᠤ ᠠᠷᠠᠳᠴᠢᠯᠠᠯ ᠢᠶᠠᠷ ᠵᠥᠪᠯᠡᠬᠦ ᠠᠷᠭ᠎ᠠ ᠵᠠᠮ ᠢ ᠰᠢᠯᠤᠭᠤᠳᠬᠠᠵᠤ᠂ ᠭᠠᠴᠠᠭᠠᠨ ᠤ ᠵᠥᠪᠯᠡᠬᠦ ᠲᠠᠪᠴᠠᠩ ᠤᠨ ᠰᠢᠨ᠎ᠡ ᠶᠢ ᠡᠭᠦᠳᠴᠦ᠂ ᠮᠠᠯᠴᠢᠳ ᠤᠨ ᠭᠠᠴᠠᠭᠠᠨ ᠤ ᠮᠠᠯᠴᠢᠳ ᠤᠨ ᠤᠴᠢᠷ ᠶᠠᠪᠤᠳᠠᠯ ᠬᠡᠯᠡᠯᠴᠡᠬᠦ᠂ ᠠᠷᠠᠳ ᠤᠨ ᠪᠠᠶᠢᠳᠠᠯ ᠢ ᠦᠨᠡᠨᠴᠢ ᠪᠠᠷ ᠶᠠᠷᠢᠯᠴᠠᠬᠤ᠂ ᠣᠯᠠᠨ ᠲᠦᠮᠡᠨ  ᠤ ᠤᠴᠢᠷ ᠶᠠᠪᠤᠳᠠᠯ ᠢ ᠵᠥᠪᠯᠡᠬᠦ᠂ ᠡᠮᠡᠭᠲᠡᠶᠢᠴᠦᠳ ᠤᠨ ᠤᠴᠢᠷ ᠶᠠᠪᠤᠳᠠᠯ ᠢ ᠵᠥᠪᠯᠡᠬᠦ ᠵᠡᠷᠭᠡ ᠡᠯ᠎ᠡ ᠲᠥᠷᠥᠯ ᠤᠨ ᠵᠥᠪᠯᠡᠬᠦ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠢᠷᠭᠡᠨ ᠤ ᠬᠡᠷᠡᠭ ᠢ ᠠᠷᠠᠳ ᠠᠴᠠ ᠵᠥᠪᠯᠡᠬᠦ᠂ ᠢᠷᠭᠡᠨ ᠤ ᠬᠡᠷᠡᠭ ᠢ ᠠᠷᠠᠳ ᠠᠴᠠ ᠡᠷᠬᠢᠯᠡᠬᠦ᠂ ᠢᠷᠭᠡᠨ ᠤ ᠶᠠᠪᠤᠳᠠᠯ ᠢ ᠠᠷᠠᠳ ᠠᠴᠠ ᠬᠠᠮᠢᠶᠠᠷᠬᠤ ᠣᠯᠠᠨ ᠳᠡᠰ ᠳᠠᠪᠬᠤᠷᠭ᠎ᠠ ᠶᠢᠨ ᠦᠨᠳᠦᠰᠦᠨ ᠱᠠᠲᠤᠨ ᠤ ᠵᠥᠪᠯᠡᠬᠦ ᠪᠠᠶᠢᠷᠢᠰᠢᠯ ᠢ ᠪᠤᠢ ᠪᠣᠯᠭᠠᠨ᠎ᠠ᠃      ᠬᠤᠶᠠᠷ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠲᠠᠭᠤᠷᠢᠶᠠᠯ ᠵᠢᠱᠢᠶ᠎ᠡ ᠶᠢ ᠡᠭᠦᠳᠦᠨ ᠪᠠᠶᠢᠭᠤᠯᠣᠨ᠎ᠠ      ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠠᠷᠢᠨ ᠳᠠᠩᠰᠠ ᠶᠢᠨ ᠳᠦᠷᠢᠮ ᠢ ᠬᠡᠷᠡᠭᠵᠢᠭᠦᠯᠬᠦ ᠶᠢᠨ ᠬᠠᠮᠲᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠤᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠤᠨ᠎ᠠ᠃《 ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ 》 ᠶᠢ ᠢᠳᠡᠪᠬᠢᠲᠡᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ《 ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ 》 ᠶᠢ ᠪᠡᠶᠡᠯᠡᠭᠦᠯᠦᠨ᠎ᠡ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠦᠷᠢᠶ᠎ᠡ ᠴᠠᠷᠠᠭ᠎ᠠ ᠠᠯᠤᠰᠯᠠᠭᠰᠠᠨ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠦᠷᠭᠦᠯᠵᠢᠯᠡᠨ ᠰᠦᠪᠡᠭᠴᠢᠯᠡᠨ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ᠂ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠤᠯᠲᠠ ᠬᠢᠬᠦ ᠭᠤᠷᠪᠠᠨ ᠵᠦᠶᠯ ᠤᠨ ᠲᠦᠷᠢᠮ ᠢ ᠬᠡᠷᠡᠭᠵᠢᠭᠦᠯᠦᠨ᠎ᠡ᠃ ᠬᠠᠤᠯᠢᠵᠢᠯ ᠤᠨ ᠵᠠᠰᠠᠭ ᠤᠨ ᠣᠷᠳᠣᠨ ᠤ ᠮᠡᠳᠡᠭᠡ ᠵᠠᠩᠭᠢᠴᠢᠯᠠᠯᠲᠠ ᠶᠢᠨ ᠬᠢᠨᠠᠨ ᠰᠢᠯᠭᠠᠯᠲᠠ ᠶᠢ ᠨᠠᠶᠢᠳᠠᠪᠤᠷᠢᠵᠢᠭᠤᠯᠵᠤ᠂ ᠬᠠᠤᠯᠢᠵᠢᠯ  ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠣᠶᠤᠨᠴᠢᠯᠠᠭᠰᠠᠨ ᠨᠢᠭᠡ ᠴᠣᠭᠴᠠᠵᠢᠭᠰᠠᠨ ᠲᠠᠪᠴᠠᠩ ᠤᠨ ᠬᠡᠷᠡᠭᠯᠡᠭᠡᠨ ᠤ ᠠᠵᠢᠯ ᠢ ᠬᠤᠰᠢᠭᠤ ᠬᠠᠷᠢᠶ᠎ᠠ ᠨᠢᠭᠡᠴᠡ ᠶᠢᠨ ᠤᠳᠤᠷᠢᠳᠬᠤ ᠪᠠᠭ ᠤᠨ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠬᠢᠨᠠᠨ ᠰᠢᠯᠭᠠᠯᠲᠠ ᠶᠢᠨ ᠭᠦᠶᠴᠡᠳᠬᠡᠯ ᠲᠤᠭ᠎ᠠ ᠳᠤ ᠣᠷᠣᠭᠤᠯᠤᠨ᠎ᠠ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠤ ᠲᠤᠰᠬᠠᠢ ᠵᠠᠰᠠᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠦᠨᠳᠦᠰᠦᠨ ᠱᠠᠲᠤᠨ ᠤ《 ᠪᠢᠴᠢᠯ ᠢᠯᠵᠢᠷᠡᠯ 》 ᠢ ᠠᠷᠢᠯᠭᠠᠬᠤ ᠠᠵᠢᠯᠯᠠᠭ᠎ᠠ  ᠶᠢ ᠦᠷᠭᠦᠯᠵᠢᠯᠡᠨ ᠥᠷᠨᠢᠭᠦᠯᠵᠦ᠂ ᠦᠨᠳᠦᠰᠦᠨ ᠱᠠᠳᠤ ᠪᠣᠯᠤᠨ ᠤᠯᠠᠨ ᠲᠦᠮᠡᠨ ᠤ ᠳᠡᠷᠭᠡᠳᠡ ᠡᠭᠦᠰᠦᠭᠰᠡᠨ ᠢᠯᠵᠢᠷᠡᠯ  ᠤᠨ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠨ᠎ᠠ᠃      ᠭᠤᠷᠪᠠ᠂ ᠬᠠᠤᠯᠢ ᠪᠠᠷ ᠵᠠᠰᠠᠬᠤ ᠪᠠᠲᠤᠯᠠᠭ᠎ᠠ ᠶᠢ ᠬᠦᠴᠦᠯᠡᠨ ᠬᠠᠩᠭᠠᠨ᠎ᠠ      ᠬᠠᠤᠯᠢ ᠴᠠᠭᠠᠵᠠ ᠶᠢᠨ ᠡᠷᠬᠡ ᠶᠢᠨ ᠠᠵᠢᠯᠯᠠᠭᠠᠨ ᠤ ᠲᠣᠭᠲᠠᠴᠠ ᠲᠠᠢ ᠵᠣᠬᠢᠴᠠᠯᠳᠤᠭᠰᠠᠨ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠂ ᠠᠶᠢᠮᠠᠭ ᠲᠠᠢ ᠬᠠᠮᠵᠢᠯᠴᠠᠨ ᠰᠠᠯᠠᠭ᠎ᠠ ᠮᠥᠴᠢᠷ ᠠᠯᠤᠰᠯᠠᠭᠰᠠᠨ ᠲᠣᠮᠣ ᠳ᠋ᠠᠶᠢᠲ᠋ᠠ ᠶᠢᠨ ᠬᠡᠷᠡᠭ ᠰᠢᠶᠳᠪᠦᠷᠢᠯᠡᠬᠦ ᠲᠠᠪᠴᠠᠩ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠵᠦ᠂ ᠬᠡᠷᠡᠭ ᠰᠢᠶᠳᠪᠦᠷᠢᠯᠡᠬᠦ ᠰᠢᠰᠲ᠋ᠧᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠦᠨ᠎ᠡ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠷᠡᠭᠦᠦ ᠶᠢᠨ ᠬᠡᠷᠡᠭ ᠢ ᠰᠢᠢᠳᠪᠦᠷᠢᠯᠡᠬᠦ ᠵᠢᠷᠤᠮ᠂ ᠬᠠᠷᠢᠶᠠᠯᠠᠯ ᠤᠨ ᠠᠵᠢᠯ ᠤᠨ ᠬᠤᠪᠢᠶᠠᠷᠢᠯᠠᠯ ᠪᠠ ᠬᠡᠷᠡᠭ ᠪᠣᠯᠭᠠᠨ ᠳᠠᠩᠰᠠᠯᠠᠬᠤ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ ᠢᠷᠭᠡᠨ ᠤ ᠬᠡᠷᠡᠭ ᠤᠨ ᠭᠦᠢᠴᠡᠳᠬᠡᠬᠦ ᠶᠢ ᠬᠤᠯᠪᠣᠯᠳᠤᠭᠤᠯᠬᠤ ᠲᠣᠭᠲᠠᠴᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠭᠦᠢᠴᠡᠳᠬᠡᠬᠦ  ᠳᠤ ᠬᠦᠴᠢᠷᠲᠡᠢ ᠪᠠᠶᠢᠬᠤ ᠶᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠪᠠ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠲᠦᠷᠢᠮ ᠢ ᠥᠭᠡᠷᠡᠴᠢᠯᠡᠨ ᠲᠡᠭᠦᠯᠳᠡᠷᠵᠢᠭᠦᠯᠵᠦ᠂ ᠬᠠᠤᠯᠢᠴᠢ ᠶᠢᠨ ᠲᠦᠷᠢᠮ ᠪᠠ ᠬᠠᠤᠯᠢ ᠴᠠᠭᠠᠵᠠ ᠶᠢᠨ ᠲᠤᠰᠠᠯᠠᠮᠵᠢ ᠶᠢᠨ ᠲᠦᠷᠢᠮ ᠢ ᠲᠡᠭᠦᠯᠳᠡᠷᠵᠢᠭᠦᠯᠦᠨ᠎ᠡ᠃      ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣᠨ ᠤ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠨ᠎ᠠ ᠃ ᠢᠳᠡᠭᠡᠨ ᠤ ᠵᠦᠢᠯ ᠡᠮ ᠤᠨ ᠵᠦᠢᠯ᠂ ᠠᠮᠢ ᠠᠬᠤᠢ ᠶᠢᠨ ᠣᠷᠴᠢᠨ ᠨᠥᠬᠦᠴᠡᠯ᠂ ᠠᠶᠤᠯᠭᠦᠢ ᠦᠢᠯᠡᠳᠪᠦᠷᠢᠯᠡᠯ᠂ ᠬᠥᠳᠡᠯᠮᠦᠷᠢ ᠶᠢᠨ ᠪᠠᠲᠤᠯᠠᠭ᠎ᠠ ᠵᠡᠷᠭᠡ ᠠᠷᠠᠳ ᠤᠯᠠᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠬᠠᠤᠯᠢ ᠶᠢ ᠬᠦᠨᠳᠦ ᠨᠣᠴᠢᠲᠠᠢ ᠵᠥᠷᠢᠴᠡᠭᠰᠡᠨ ᠠᠵᠢᠯᠯᠠᠭ᠎ᠠ ᠶᠢ ᠰᠢᠳᠬᠡᠬᠦ ᠡᠷᠴᠢᠮ ᠢᠶᠠᠨ ᠴᠢᠩᠭᠠᠷᠠᠭᠤᠯᠵᠤ᠂ ᠶᠠᠯᠠᠯᠠᠨ ᠰᠢᠳᠬᠡᠬᠦ ᠴᠢᠨᠠᠷᠲᠠᠢ ᠲᠥᠯᠥᠪᠦᠷᠢ ᠶᠢᠨ ᠲᠦᠷᠢᠮ ᠢ ᠬᠡᠷᠡᠭᠵᠢᠭᠦᠯᠵᠦ᠂ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠎ᠠ᠃ ᠬᠠᠤᠯᠢ ᠬᠡᠷᠡᠭᠵᠢᠭᠦᠯᠬᠦ ᠳᠡᠭᠡᠨ ᠴᠢᠩᠭ᠎ᠠ ᠪᠤᠰᠤ᠂ ᠬᠠᠤᠯᠢ ᠪᠠᠷᠢᠬᠤ  ᠳᠠᠭᠠᠨ ᠭᠤᠣᠯᠴᠢ ᠪᠤᠰᠤ ᠪᠠᠶᠢᠬᠤ ᠲᠤᠪᠤᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠤᠨ᠎ᠠ ᠃ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠤᠨ ᠬᠡᠪᠴᠢᠶ᠎ᠡ ᠶᠢ ᠥᠷᠭᠡᠳᠬᠡᠬᠦ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃      ᠳᠥᠷᠪᠡ᠂ ᠬᠠᠤᠯᠢ ᠶᠣᠰᠣᠭᠠᠷ ᠬᠤᠰᠢᠭᠤ ᠪᠠᠨ ᠵᠠᠰᠠᠬᠤ ᠰᠠᠭᠤᠷᠢ ᠶᠢ ᠪᠠᠬᠢᠵᠢᠭᠦᠯᠦᠨ᠎ᠡ      ᠠᠷᠠᠳ ᠨᠡᠶᠢᠲᠡ ᠶᠢᠨ ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠨ᠎ᠠ᠃ ᠨᠡᠶᠢᠭᠡᠮ ᠵᠢᠷᠤᠮ ᠤᠨ ᠬᠠᠤᠯᠢᠵᠢᠯ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠠᠤᠯᠢ ᠪᠠᠷ ᠤᠯᠤᠰ ᠢᠶᠠᠨ ᠵᠠᠰᠠᠬᠤ ᠦᠵᠡᠯ ᠰᠠᠨᠠᠭᠠᠨ ᠤ ᠰᠤᠷᠤᠯᠴᠠᠯᠭ᠎ᠠ ᠤᠬᠠᠭᠤᠯᠭ᠎ᠠ ᠶᠢ ᠴᠢᠩᠭᠠᠳᠬᠠᠨ᠎ᠠ᠃ ᠨᠠᠢᠮᠠᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠨᠡᠶᠢᠲᠡ  ᠳᠤ ᠬᠠᠤᠯᠢ ᠲᠦᠭᠡᠮᠡᠯᠵᠢᠭᠦᠯᠬᠦ ᠠᠵᠢᠯ ᠤᠨ ᠡᠷᠴᠢᠮ ᠢ ᠴᠢᠩᠭᠠᠷᠠᠭᠤᠯᠤᠨ᠎ᠠ᠃ 《 ᠦᠨᠳᠦᠰᠦᠨ ᠬᠠᠤᠯᠢ ᠶᠢ ᠬᠦᠨᠳᠦᠳᠬᠡᠬᠦ᠂ ᠦᠨᠳᠦᠰᠦᠨ ᠬᠠᠤᠯᠢ ᠶᠢ ᠰᠤᠷᠤᠯᠴᠠᠬᠤ᠂ ᠦᠨᠳᠦᠰᠦᠨ ᠬᠠᠤᠯᠢ ᠶᠢ ᠵᠢᠷᠤᠮᠯᠠᠬᠤ᠂ ᠦᠨᠳᠦᠰᠦᠨ ᠬᠠᠤᠯᠢ ᠶᠢ ᠬᠠᠮᠠᠭᠠᠯᠠᠬᠤ 》ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠦᠨᠳᠦᠰᠦᠨ ᠱᠠᠲᠤᠨ ᠤ ᠺᠠᠳ᠋ᠷ ᠤᠨ ᠬᠠᠤᠯᠢ ᠪᠠᠷ ᠵᠠᠰᠠᠬᠤ ᠦᠵᠡᠯᠲᠡ᠂ ᠠᠷᠠᠳ ᠤᠨ ᠲᠥᠯᠥᠭᠡ ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠵᠤ᠂ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠬᠠᠤᠯᠢ ᠶᠣᠰᠣᠭᠠᠷ ᠬᠠᠮᠢᠶᠠᠷᠬᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠥᠷᠭᠡᠨ ᠤᠯᠠᠨ ᠲᠦᠮᠡᠨ  ᠤ ᠬᠠᠤᠯᠢ ᠪᠠᠷ ᠵᠠᠰᠠᠬᠤ ᠦᠵᠡᠯᠲᠡ ᠪᠠ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠠᠵᠢᠯ ᠬᠢᠬᠦ ᠳᠡᠭᠡᠨ ᠬᠠᠤᠯᠢ ᠶᠣᠰᠣᠭᠠᠷ ᠠᠵᠢᠯᠯᠠᠬᠤ᠂ ᠤᠴᠢᠷ ᠶᠠᠪᠤᠳᠠᠯ ᠲᠤᠯᠭᠠᠷᠠᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠰᠢᠢᠳᠪᠦᠷᠢᠯᠡᠬᠦ ᠳᠤ ᠬᠠᠤᠯᠢ ᠳᠤ ᠲᠦᠰᠢᠭᠯᠡᠬᠦ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃《 ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ 》ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠎ᠠ᠃      ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠪᠣᠳᠠᠲᠤ ᠴᠣᠭᠴᠠ᠂ ᠬᠠᠯᠠᠮᠰᠢᠯ ᠤᠲᠠᠰᠤ᠂ ᠰᠦᠯᠵᠢᠶ᠎ᠡ ᠭᠤᠷᠪᠠᠨ ᠶᠡᠭᠡ ᠲᠠᠪᠴᠠᠩ ᠤᠨ ᠠᠭᠤᠰᠤᠯᠴᠠᠨ ᠬᠥᠭᠵᠢᠬᠦ ᠲᠣᠭᠲᠠᠴᠠ ᠶᠢ ᠪᠦᠷᠢᠨᠰᠢᠬᠦᠯᠵᠦ᠂ ᠦᠶᠯᠡᠴᠢᠯᠡᠭᠡᠨ ᠤ ᠲᠠᠪᠴᠠᠩ ᠤᠨ ᠴᠢᠳᠠᠮᠵᠢ ᠶᠢᠨ ᠦᠶᠯᠡᠳᠦᠯ ᠢ ᠭᠦᠶᠴᠡᠳ ᠪᠠᠳᠠᠷᠠᠭᠤᠯᠤᠨ᠎ᠠ᠃ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠪᠠ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ  ᠶᠢᠨ ᠦᠢᠯᠡᠴᠢᠯᠡᠭᠡ ᠶᠢ ᠴᠢᠩᠭᠠᠳᠬᠠᠨ᠎ᠠ᠃ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠶᠢ ᠬᠤᠯᠪᠣᠯᠳᠤᠭᠤᠯᠤᠭᠰᠠᠨ ᠠᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠲᠤᠰᠬᠠᠢ ᠲᠤᠰᠢᠶᠠᠯᠳᠦ ᠠᠷᠠᠳ ᠤᠨ ᠡᠶᠡᠳᠡᠭᠦᠯᠦᠭᠴᠢ ᠶᠢ ᠰᠣᠩᠭᠤᠨ ᠤᠷᠢᠬᠤ᠂ ᠲᠤᠬᠢᠷᠠᠭᠤᠯᠬᠤ ᠪᠠ ᠪᠣᠯᠪᠠᠰᠤᠷᠠᠭᠤᠯᠬᠤ ᠠᠵᠢᠯ  ᠢ ᠴᠢᠩᠭᠠᠳᠬᠠᠨ᠎ᠠ᠃ ᠠᠶᠢᠮᠠᠭ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠳᠥᠷᠪᠡᠨ ᠱᠠᠲᠤᠨ ᠤ ᠨᠢᠭᠡ ᠥᠷᠲᠡᠭᠡ ᠮᠠᠶ᠋ᠢᠭ ᠤᠨ᠂ ᠣᠯᠠᠨ ᠴᠣᠩᠬᠤᠪᠴᠢᠳᠤ ᠬᠠᠤᠯᠢ ᠴᠠᠭᠠᠵᠠ ᠶᠢᠨ ᠦᠶᠯᠡᠴᠢᠯᠡᠭᠡᠨ ᠤ ᠠᠵᠢᠯ ᠤᠨ ᠲᠠᠪᠴᠠᠩ ᠢ ᠲᠡᠭᠦᠯᠳᠡᠷᠵᠢᠭᠦᠯᠵᠦ᠂ ᠮᠠᠯᠴᠢᠨ ᠲᠦᠮᠡᠨ ᠳᠤ ᠰᠦᠶᠳᠬᠡᠯ ᠬᠤᠷᠢᠶᠠᠬᠤ ᠥᠬᠡᠶ ᠪᠠᠷ ᠬᠠᠤᠯᠢ ᠴᠠᠭᠠᠵᠠ ᠬᠠᠤᠯᠢ ᠲᠣᠭᠲᠠᠭᠠᠯ ᠢ ᠪᠠᠶᠢᠴᠠᠭᠠᠨ ᠯᠠᠪᠯᠠᠬᠤ᠂ ᠬᠠᠤᠯᠢ ᠴᠠᠭᠠᠵᠠ ᠶᠢᠨ ᠠᠰᠠᠭᠤᠳᠠᠯ ᠢ ᠲᠠᠶᠢᠯᠪᠤᠷᠢᠯᠠᠬᠤ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠵᠡᠷᠭᠡ ᠦᠶᠯᠡᠴᠢᠯᠡᠭᠡ ᠬᠠᠩᠭᠠᠨ᠎ᠠ᠃ ᠰᠢᠨ᠎ᠡ ᠴᠠᠭ ᠦᠶ᠎ᠡ ᠶᠢᠨ ᠬᠠᠤᠯᠢᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠬᠠᠤᠯᠢ ᠲᠣᠭᠲᠠᠭᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠴᠠᠭᠠᠵᠠ ᠶᠢᠨ ᠦᠢᠯᠡᠴᠢᠯᠡᠭᠡ ᠵᠡᠷᠭᠡ ᠲᠠᠯ᠎ᠠ ᠶᠢᠨ ᠬᠠᠤᠯᠢᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠨ᠎ᠠ᠃《ᠲᠣᠭᠠᠴᠢᠯᠠᠭᠰᠠᠨ ᠬᠠᠤᠯᠢ ᠪᠠᠷ ᠵᠠᠰᠠᠬᠤ 》ᠪᠠᠶᠢᠭᠤᠯᠤᠯᠲᠠ  ᠶᠢ ᠢᠳᠡᠪᠬᠢᠲᠡᠢ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ ᠮᠡᠳᠡᠭᠡ ᠵᠠᠩᠭᠢ ᠶᠢᠨ ᠡᠬᠢ ᠪᠠᠶᠠᠯᠢᠭ ᠢ ᠪᠦᠲᠦᠮᠵᠢᠲᠡᠢ ᠡᠮᠬᠢᠯᠡᠨ ᠨᠡᠶᠢᠯᠡᠭᠦᠯᠵᠦ᠂ ᠬᠠᠤᠯᠢ ᠲᠣᠭᠲᠠᠭᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠲᠦᠭᠡᠮᠡᠯᠵᠢᠭᠦᠯᠬᠦ ᠰᠠᠯᠠᠭ᠎ᠠ ᠮᠥᠴᠢᠷ ᠤᠨ ᠬᠤᠭᠤᠷᠣᠨᠳᠣᠬᠢ ᠪᠠ ᠣᠷᠣᠨ ᠪᠦᠰᠡ ᠶᠢᠨ ᠬᠤᠭᠤᠷᠣᠨᠳᠣᠬᠢ ᠮᠡᠳᠡᠭᠡ ᠵᠠᠩᠭᠢ ᠶᠢᠨ ᠲᠠᠪᠴᠠᠩ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠤᠯᠪᠣᠯᠳᠤᠨ ᠨᠡᠪᠲᠡᠷᠡᠯᠴᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠬᠠᠤᠯᠢᠵᠢᠯ ᠤᠨ ᠤᠬᠠᠭᠤᠯᠭ᠎ᠠ ᠶᠢᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢᠵᠢᠯ ᠤᠨ ᠰᠣᠶᠣᠯ ᠤᠨ ᠠᠵᠢᠯᠯᠠᠭ᠎ᠠ ᠶᠢ ᠶᠡᠭᠡ ᠪᠠᠷ ᠥᠷᠨᠢᠭᠦᠯᠵᠦ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠶᠢ ᠬᠠᠮᠤᠷᠤᠭᠰᠠᠨ ᠬᠠᠤᠯᠢᠵᠢᠯ ᠤᠨ ᠰᠣᠶᠣᠯ ᠤᠨ ᠰᠢᠰᠲ᠋ᠧᠮ ᠢ ᠪᠠᠶᠢᠭᠤᠯᠤᠨ᠎ᠠ᠃      ᠠᠷᠪᠠᠨ ᠨᠢᠭᠡᠳᠦᠭᠡᠷ ᠪᠦᠯᠦᠭ    ᠲᠥᠯᠥᠪᠵᠢᠭᠦᠯᠭᠡ ᠶᠢ ᠬᠡᠷᠡᠭᠵᠢᠭᠦᠯᠬᠦ  ᠪᠠ ᠪᠠᠲᠤᠯᠠᠭ᠎ᠠ ᠬᠠᠮᠢᠶᠠᠷᠤᠯᠲᠠ ᠶᠢ ᠴᠢᠩᠭᠠᠳᠬᠠᠬᠤ      ᠲᠣᠰ ᠲᠥᠯᠥᠪᠵᠢᠭᠦᠯᠭᠡ ᠶᠢᠨ ᠬᠥᠲᠥᠯᠪᠦᠷᠢ ᠪᠣᠯ ᠪᠥᠬᠦ ᠬᠤᠰᠢᠭᠤᠨ ᠤ ᠢᠷᠡᠭᠡᠳᠦᠶ ᠶᠢᠨ ᠲᠠᠪᠤᠨ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠃ ᠵᠡᠭᠦᠨ ᠦᠵᠦᠮᠦᠴᠢᠨ ᠬᠤᠰᠢᠭᠤᠨ ᠤ ᠠᠤᠭ᠎ᠠ ᠶᠡᠭᠡ ᠬᠥᠭᠵᠢᠯᠲᠡ ᠶᠢᠨ ᠵᠢᠷᠤᠭ ᠲᠥᠯᠥᠪᠯᠡᠭᠡ ᠶᠢ ᠪᠡᠶᠡᠯᠡᠭᠦᠯᠬᠦ ᠳᠤ᠂ ᠲᠥᠯᠥᠪᠵᠢᠭᠦᠯᠭᠡ ᠶᠢ ᠬᠡᠷᠡᠭᠵᠢᠭᠦᠯᠬᠦ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠬᠦ ᠪᠠ ᠰᠢᠨ᠎ᠡ  ᠶᠢ ᠡᠭᠦᠳᠴᠦ᠂ ᠡᠬᠢ ᠪᠠᠶᠠᠯᠢᠭ ᠢ ᠲᠤᠬᠢᠷᠠᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠤᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ᠂ ᠲᠥᠯᠥᠪᠵᠢᠭᠦᠯᠭᠡ ᠪᠠᠷ ᠲᠠᠮᠵᠢᠨ ᠤᠯᠠᠨ ᠨᠡᠶᠢᠲᠡ ᠶᠢᠨ ᠡᠬᠢ ᠪᠠᠶᠠᠯᠢᠭ ᠢ ᠵᠣᠬᠢᠰᠲᠠᠢ ᠲᠤᠬᠢᠷᠠᠭᠤᠯᠵᠤ᠂ ᠨᠡᠶᠢᠭᠡᠮ ᠤᠨ ᠡᠬᠢ ᠪᠠᠶᠠᠯᠢᠭ ᠢ ᠪᠦᠲᠦᠮᠵᠢᠲᠡᠢ ᠬᠦᠳᠤᠯᠤᠨ ᠵᠢᠯᠣᠭᠤᠳᠬᠤ ᠪᠠ ᠲᠤᠬᠢᠷᠠᠭᠤᠯᠤᠨ ᠡᠵᠡᠮᠳᠡᠵᠦ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠵᠤ᠂ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ  ᠲᠠᠢ ᠪᠡᠶᠡᠯᠡᠭᠦᠯᠤᠨ᠎ᠠ᠃      ᠨᠢᠭᠡᠳᠦᠭᠡᠷ ᠬᠡᠰᠡᠭ    ᠣᠯᠠᠨ ᠲᠥᠯᠥᠪᠵᠢᠭᠦᠯᠭᠡ ᠶᠢ ᠨᠢᠭᠡᠳᠬᠡᠬᠦ ᠶᠢ ᠠᠬᠢᠭᠤᠯᠤᠨ᠎ᠠ        ᠬᠥᠭᠵᠢᠯᠲᠡ ᠶᠢᠨ ᠲᠥᠯᠥᠪᠵᠢᠭᠦᠯᠭᠡ ᠶᠢᠨ ᠪᠠᠶᠢᠷᠢ ᠰᠠᠭᠤᠷᠢ ᠶᠢ ᠲᠣᠳᠣᠷᠬᠠᠶᠢᠯᠠᠨ᠎ᠠ᠃《ᠨᠢᠭᠡᠳᠦᠯᠲᠡᠢ ᠲᠥᠯᠥᠪᠵᠢᠭᠦᠯᠭᠡ ᠶᠢᠨ ᠰᠢᠰᠲ᠋ᠧᠮ ᠤᠨ ᠤᠯᠤᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠪᠠᠶᠢᠯᠳᠤᠬᠤ ᠪᠤᠳᠤᠯᠭ᠎ᠠ ᠶᠢᠨ ᠤᠳᠤᠷᠢᠳᠤᠮᠵᠢ ᠶᠢᠨ ᠦᠢᠯᠡᠳᠦᠯ ᠢ ᠨᠡᠩ ᠰᠠᠶᠢᠨ ᠪᠠᠳᠠᠷᠠᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ 》 ᠢ ᠴᠢᠩᠭ᠎ᠠ ᠨᠠᠶᠢᠳᠠᠪᠤᠷᠢᠵᠢᠭᠤᠯᠵᠤ᠂ ᠲᠥᠯᠥᠪᠵᠢᠭᠦᠯᠭᠡ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠦᠲᠦᠯᠦᠨ ᠳᠠᠭᠠᠭᠤᠯᠬᠤ ᠪᠣᠯ ᠨᠠᠮ ᠪᠠ ᠲᠦᠷᠦ ᠶᠢᠨ ᠲᠦᠷᠦ ᠪᠠᠷᠢᠬᠤ ᠴᠢᠬᠤᠯᠠ ᠠᠷᠭ᠎ᠠ ᠮᠠᠶ᠋ᠢᠭ ᠮᠥᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠥᠭᠵᠢᠯᠲᠡ ᠶᠢᠨ ᠵᠠᠭᠪᠤᠷ ᠤᠨ ᠴᠢᠬᠤᠯᠠ ᠢᠯᠡᠷᠡᠯ ᠮᠥᠨ ᠭᠡᠳᠡᠭ ᠢ ᠪᠠᠲᠤ ᠡᠵᠡᠮᠳᠡᠨ᠎ᠠ᠃《ᠵᠡᠭᠦᠨ ᠦᠵᠦᠮᠦᠴᠢᠨ ᠬᠤᠰᠢᠭᠤᠨ ᠤ〈ᠠᠷᠪᠠᠨ ᠳᠥᠷᠪᠡᠳᠦᠭᠡᠷ ᠲᠠᠪᠤᠨ ᠵᠢᠯ 〉 ᠤᠨ ᠬᠥᠭᠵᠢᠯᠲᠡ  ᠶᠢᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ 》ᠪᠣᠯ ᠮᠠᠨ ᠤ ᠬᠤᠰᠢᠭᠤᠨ ᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠱᠠᠲᠤᠴᠢ ᠴᠢᠨᠠᠷᠲᠠᠢ ᠪᠠᠶᠢᠷᠢᠯᠠᠭᠤᠯᠤᠯᠲᠠ ᠪᠠ ᠲᠣᠬᠢᠷᠠᠭᠤᠯᠤᠯᠲᠠ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠠᠵᠢᠯᠯᠠᠭᠠᠨ ᠤ ᠬᠥᠲᠥᠯᠪᠦᠷᠢ᠂ ᠵᠠᠰᠠᠭ ᠤᠨ ᠣᠷᠳᠣᠨ ᠤ ᠠᠵᠤ ᠠᠬᠤᠢ ᠶᠢᠨ ᠲᠣᠬᠢᠷᠠᠭᠤᠯᠤᠯᠲᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠭᠦᠷᠭᠡ ᠴᠢᠳᠠᠪᠬᠢ ᠪᠠᠨ ᠭᠦᠢᠴᠡᠳᠬᠡᠬᠦ ᠴᠢᠬᠤᠯᠠ ᠦᠨᠳᠦᠰᠦᠯᠡᠯ ᠮᠥᠨ᠃ ᠲᠤᠰ ᠲᠥᠯᠥᠪᠵᠢᠭᠦᠯᠭᠡ ᠶᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ ᠶᠢᠨ《 ᠤᠯᠤᠰ ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠶᠢ ᠨᠠᠶᠢᠷᠠᠭᠤᠯᠤᠨ ᠵᠣᠬᠢᠶᠠᠬᠤ ᠲᠤᠬᠠᠢ ᠰᠠᠨᠠᠭᠤᠯᠭ᠎ᠠ 》 ᠶᠢ ᠦᠨᠳᠦᠰᠦᠯᠡᠵᠦ᠂ ᠬᠤᠰᠢᠭᠤ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠲᠥᠯᠥᠪᠵᠢᠭᠦᠯᠭᠡ ᠶᠢᠨ ᠰᠢᠰᠲ᠋ᠧᠮ ᠤᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠪᠦᠬᠦ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ᠂ ᠲᠤᠰᠬᠠᠢ ᠲᠥᠯᠥᠪᠵᠢᠭᠦᠯᠭᠡ᠂ ᠣᠷᠣᠨ ᠪᠦᠰᠡ ᠶᠢᠨ ᠲᠥᠯᠥᠪᠵᠢᠭᠦᠯᠭᠡ ᠵᠢᠴᠢ ᠰᠤᠮᠤ ᠪᠠᠯᠭᠠᠰᠤ ( ᠲᠠᠯᠠᠪᠠᠢ ) ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠡᠷᠦᠩᠬᠡᠢ ᠵᠢᠷᠤᠮᠯᠠᠯ ᠪᠣᠯᠤᠨ᠎ᠠ᠃      ᠨᠢᠭᠡᠳᠦᠯᠲᠡᠶ ᠲᠥᠯᠥᠪᠵᠢᠭᠦᠯᠬᠦ ᠰᠢᠰᠲ᠋ᠧᠮ ᠢ ᠪᠠᠶᠢᠭᠤᠯᠤᠨ᠎ᠠ᠃ ᠲᠤᠰ ᠲᠥᠯᠥᠪᠵᠢᠭᠦᠯᠭᠡ ᠪᠣᠯ ᠬᠤᠶᠢᠰᠢᠳᠠ  ᠶᠢᠨ ᠲᠠᠪᠤᠨ ᠵᠢᠯ ᠳᠤ ᠡᠯ᠎ᠡ ᠱᠠᠲᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠤᠷᠸ᠎ᠠ ᠲᠣᠬᠢᠷᠠᠭᠤᠯᠭ᠎ᠠ ᠡᠵᠡᠮᠰᠢᠯ᠂ ᠠᠵᠤ ᠠᠬᠤᠶ ᠶᠢᠨ ᠲᠣᠬᠢᠷᠠᠭᠤᠯᠤᠯᠲᠠ᠂ ᠨᠡᠶᠢᠭᠡᠮ ᠤᠨ ᠬᠠᠮᠢᠶᠠᠷᠤᠯᠲᠠ ᠪᠣᠯᠤᠨ ᠣᠯᠠᠨ ᠨᠡᠶᠢᠲᠡ ᠶᠢᠨ ᠦᠢᠯᠡᠴᠢᠯᠡᠭᠡᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠴᠢᠬᠤᠯᠠ ᠦᠨᠳᠦᠰᠦᠯᠡᠯ ᠪᠣᠯᠤᠨ᠎ᠠ᠃ ᠡᠯ᠎ᠡ ᠰᠠᠯᠠᠭ᠎ᠠ ᠮᠥᠴᠢᠷ᠂ ᠡᠯ᠎ᠡ ᠰᠤᠮᠤ᠂ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠡᠷᠬᠡᠪᠰᠢ ᠲᠣᠰ ᠲᠥᠯᠥᠪᠵᠢᠭᠦᠯᠭᠡ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠣᠷᠣᠨ ᠵᠠᠶ ᠶᠢᠨ ᠲᠥᠯᠥᠪᠵᠢᠭᠦᠯᠭᠡ ᠪᠠᠷ ᠰᠠᠭᠤᠷᠢ ᠪᠣᠯᠭᠠᠨ᠂ ᠲᠤᠰᠬᠠᠶ ᠲᠥᠯᠥᠪᠵᠢᠭᠦᠯᠭᠡ ᠪᠠᠷ ᠲᠤᠯᠭᠠᠭᠤᠷᠢ ᠪᠣᠯᠭᠠᠵᠤ᠂ ᠪᠠᠶᠢᠷᠢ ᠲᠣᠭᠲᠠᠭᠠᠯᠲᠠ ᠨᠢ ᠲᠣᠳᠣᠷᠬᠠᠶ᠂ ᠴᠢᠳᠠᠮᠵᠢ ᠨᠢ ᠬᠠᠷᠢᠯᠴᠠᠨ ᠨᠥᠬᠦᠪᠥᠷᠢᠯᠡᠭᠰᠡᠨ᠂ ᠨᠢᠭᠡᠳᠦᠯᠲᠡᠶ ᠵᠣᠯᠭᠠᠯᠳᠤᠭᠰᠠᠨ ᠲᠥᠯᠥᠪᠵᠢᠭᠦᠯᠭᠡ ᠶᠢᠨ ᠲᠣᠭᠲᠠᠯᠴᠠᠭ᠎ᠠ  ᠶᠢ ᠪᠠᠶᠢᠭᠤᠯᠵᠤ᠂ ᠣᠨᠴᠠ ᠲᠣᠭᠲᠠᠭᠰᠠᠨ ᠬᠦᠷᠢᠶ᠎ᠡ ᠴᠠᠷᠠᠭ᠎ᠠ ᠶᠢᠨ ᠬᠥᠭᠵᠢᠯᠲᠡ ᠶᠢ ᠵᠢᠯᠣᠭᠤᠳᠬᠤ᠂ ᠴᠢᠬᠤᠯᠠ ᠶᠡᠭᠡ ᠲᠥᠷᠥᠯ ᠵᠦᠶᠯ ᠢ ᠬᠢᠨᠠᠨ ᠵᠥᠪᠰᠢᠶᠡᠷᠡᠬᠦ ᠵᠢᠴᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠲᠣᠭᠲᠠᠭᠠᠬᠤ ᠵᠡᠷᠭᠡ ᠦᠨᠳᠦᠰᠦᠯᠡᠯ ᠪᠣᠯᠭᠠᠵᠤ᠂ ᠡᠴᠦᠰ ᠲᠡᠭᠡᠨ ᠬᠠᠷᠠᠯᠲᠠ ᠲᠣᠳᠣᠷᠬᠠᠶ᠂ ᠴᠢᠳᠠᠮᠵᠢ ᠪᠦᠷᠢᠨ ᠲᠡᠭᠦᠯᠳᠡᠷ᠂ ᠪᠠᠶᠢᠷᠢ ᠲᠣᠭᠲᠠᠭᠠᠯᠲᠠ ᠨᠢ ᠣᠨᠣᠪᠴᠢᠲᠠᠶ ᠲᠥᠯᠥᠪᠵᠢᠭᠦᠯᠭᠡ ᠶᠢᠨ ᠲᠣᠭᠲᠠᠯᠴᠠᠭ᠎ᠠ ᠶᠢ ᠪᠦᠷᠢᠯᠳᠦᠭᠦᠯᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠡᠯ᠎ᠡ ᠵᠦᠶᠯ ᠤᠨ ᠲᠥᠯᠥᠪᠵᠢᠭᠦᠯᠭᠡ ᠶᠢᠨ ᠡᠮᠬᠢ ᠵᠢᠷᠤᠮ ᠲᠠᠢ ᠠᠭᠢᠬᠤ ᠶᠢ ᠪᠠᠲᠤᠯᠠᠨ᠎ᠠ᠃      ᠬᠤᠶᠠᠳᠤᠭᠠᠷ ᠬᠡᠰᠡᠭ    ᠲᠥᠯᠥᠪᠵᠢᠭᠦᠯᠭᠡ ᠶᠢ ᠬᠡᠷᠡᠭᠵᠢᠭᠦᠯᠬᠦ ᠪᠠᠲᠤᠯᠠᠭ᠎ᠠ      ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ᠂ ᠠᠵᠤ ᠠᠬᠤᠶ᠂ ᠬᠠᠤᠯᠢ ᠴᠠᠭᠠᠵᠠ᠂ ᠵᠠᠰᠠᠭ ᠵᠠᠬᠢᠷᠭᠠᠨ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠡᠭᠦᠷᠭᠡ ᠶᠢ ᠵᠠᠳᠠᠯᠬᠤ᠂ ᠪᠡᠯᠡ ᠮᠥᠩᠭᠦ ᠶᠢ ᠪᠠᠲᠤᠯᠠᠬᠤ ᠵᠡᠷᠭᠡ ᠢᠵᠢ ᠪᠦᠷᠢᠳᠦᠭᠦᠯᠬᠦ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠨ᠂ ᠴᠢᠬᠤᠯᠠ ᠶᠡᠭᠡ ᠲᠥᠷᠥᠯ ᠵᠦᠢᠯ ᠢᠶᠠᠷ ᠭᠠᠷᠳᠠᠨ ᠬᠢᠵᠦ᠂ ᠲᠥᠯᠥᠪᠵᠢᠭᠦᠯᠭᠡ ᠶᠢ ᠪᠦᠲᠦᠮᠵᠢᠲᠡᠶ ᠬᠡᠷᠡᠭᠵᠢᠭᠦᠯᠬᠦ ᠶᠢ ᠲᠦᠯᠬᠢᠨ ᠠᠬᠢᠭᠤᠯᠬᠤ ᠳᠤ ᠪᠠᠲᠤᠯᠠᠭ᠎ᠠ ᠬᠠᠩᠭᠠᠨ᠎ᠠ᠃      ᠲᠥᠯᠥᠪᠵᠢᠭᠦᠯᠭᠡ ᠶᠢᠨ ᠢᠵᠢ ᠪᠦᠷᠢᠳᠦᠭᠦᠯᠬᠦ ᠪᠠᠲᠤᠯᠠᠭ᠎ᠠ ᠶᠢ ᠲᠡᠭᠦᠯᠳᠡᠷᠵᠢᠭᠦᠯᠦᠨ᠎ᠡ᠃ ᠬᠠᠤᠯᠢ ᠪᠠᠷ ᠵᠠᠰᠠᠬᠤ ᠰᠡᠳᠬᠢᠴᠡ ᠪᠠᠷ ᠲᠥᠯᠥᠪᠵᠢᠭᠦᠯᠭᠡ ᠶᠢ ᠬᠡᠷᠡᠭᠵᠢᠭᠦᠯᠬᠦ ᠶᠢ ᠬᠥᠳᠤᠯᠤᠨ ᠳᠠᠭᠠᠭᠤᠯᠵᠤ᠂ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢᠨ ᠬᠢᠵᠠᠭᠠᠷᠯᠠᠬᠤ ᠬᠦᠴᠦᠨ ᠪᠠ ᠡᠷᠬᠡ ᠰᠦᠷᠲᠦ ᠴᠢᠨᠠᠷ ᠢ ᠳᠡᠭᠡᠭᠰᠢᠯᠡᠭᠦᠯᠦᠨ᠎ᠡ᠃ ᠲᠥᠯᠥᠪᠵᠢᠭᠦᠯᠭᠡ ᠳᠤ ᠲᠣᠭᠲᠠᠭᠠᠭᠰᠠᠨ ᠬᠠᠷᠠᠯᠲᠠ ᠶᠢᠨ ᠡᠭᠦᠷᠭᠡ ᠶᠢ ᠵᠦᠶᠯ ᠳᠠᠷᠠᠭᠠᠯᠠᠨ ᠵᠠᠳᠠᠯᠵᠤ᠂ ᠲᠣᠪᠬᠢᠮᠠᠯ ᠤᠨ ᠢᠨᠵᠧᠨᠧᠷᠢᠩ᠂ ᠠᠵᠢᠯᠯᠠᠭᠠᠨ ᠤ ᠲᠥᠯᠥᠪᠯᠡᠭᠡ ᠪᠣᠯᠤᠨ ᠣᠨ ᠤ ᠠᠵᠢᠯ ᠤᠨ ᠲᠥᠯᠥᠪᠯᠡᠭᠡ ᠶᠢ ᠪᠣᠶ ᠪᠣᠯᠭᠠᠨ᠂ ᠳᠠᠭᠠᠭᠤᠯᠬᠤ ᠨᠢᠭᠡᠴᠡ᠂ ᠠᠵᠢᠯ ᠤᠨ ᠬᠠᠷᠢᠭᠤᠴᠠᠯᠭ᠎ᠠ ᠪᠣᠯᠤᠨ ᠪᠡᠶᠡᠯᠡᠭᠦᠯᠬᠦ ᠴᠠᠭ ᠬᠤᠭᠤᠴᠠᠭ᠎ᠠ ᠶᠢ ᠲᠣᠳᠣᠷᠬᠠᠶᠢᠯᠠᠨ᠎ᠠ ᠃ ᠲᠤᠰᠬᠠᠶ ᠵᠦᠢᠯ ᠤᠨ ᠠᠵᠢᠯ ᠤᠨ ᠪᠡᠯᠡ ᠮᠥᠩᠭᠦ ᠶᠢᠨ ᠲᠥᠰᠦᠪ ᠢ ᠨᠠᠶᠢᠷᠠᠭᠤᠯᠤᠨ ᠵᠣᠬᠢᠶᠠᠬᠤ ᠪᠠᠨ ᠴᠢᠩᠭᠠᠳᠬᠠᠵᠤ ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠳᠤ ᠳᠣᠭᠢᠷᠬᠠᠰᠠᠨ ᠬᠥᠳᠡᠯᠦᠩᠭᠦᠶ ᠪᠡᠯᠡ ᠮᠥᠩᠭᠦ  ᠶᠢᠨ ᠪᠠᠲᠤᠯᠠᠭ᠎ᠠ ᠶᠢᠨ ᠲᠣᠭᠲᠠᠴᠠ ᠶᠢ ᠰᠤᠳᠤᠯᠤᠨ ᠪᠠᠶᠢᠭᠤᠯᠵᠤ᠂ ᠪᠣᠳᠠᠲᠠᠶ ᠲᠠᠢ ᠪᠠᠨ ᠤᠶᠠᠯᠳᠣᠭᠤᠯᠬᠤ ᠪᠠ ᠬᠤᠯᠪᠣᠭᠳᠠᠯ ᠪᠦᠬᠦᠢ ᠪᠠᠷᠢᠮᠵᠢᠶ᠎ᠠ ᠵᠢᠷᠤᠮᠵᠢᠯ ᠢ ᠴᠠᠭ ᠲᠤᠨᠢ ᠲᠣᠬᠢᠷᠠᠭᠤᠯᠤᠨ ᠵᠠᠷᠤᠳᠠᠯ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠪᠠ ᠦᠷ᠎ᠡ ᠠᠰᠢᠭ ᠢ ᠳᠡᠭᠡᠭᠰᠢᠯᠡᠭᠦᠯᠦᠨ᠂ ᠭᠤᠣᠯᠳᠠᠯᠭ᠎ᠠ ᠲᠠᠢ ᠡᠭᠦᠷᠭᠡ ᠪᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢᠨ ᠬᠠᠩᠭᠠᠯᠭ᠎ᠠ ᠶᠢ ᠦᠨᠡᠨᠬᠦ ᠪᠠᠲᠤᠯᠠᠨ᠎ᠠ᠃      ᠴᠢᠬᠤᠯᠠ ᠶᠡᠭᠡ ᠲᠥᠷᠥᠯ ᠵᠦᠢᠯ ᠢ ᠢᠳᠡᠪᠬᠢᠲᠡᠢ ᠲᠦᠯᠬᠢᠨ ᠠᠬᠢᠭᠤᠯᠤᠨ᠎ᠠ᠃ ᠲᠥᠯᠥᠪᠵᠢᠭᠦᠯᠭᠡ ᠪᠠᠷ ᠲᠥᠷᠥᠯ ᠵᠦᠢᠯ ᠢ ᠳᠠᠶᠢᠴᠢᠯᠠᠬᠤ ᠵᠠᠷᠴᠢᠮ ᠢ ᠪᠠᠷᠢᠮᠲᠠᠯᠠᠨ᠂ ᠤᠷᠢᠳᠠᠪᠠᠷ ᠲᠥᠯᠥᠪᠵᠢᠭᠦᠯᠭᠡ ᠨᠠᠶᠢᠷᠠᠭᠤᠯᠤᠨ ᠵᠣᠬᠢᠶᠠᠵᠤ᠂ ᠳᠠᠷᠠᠭ᠎ᠠ  ᠨᠢ ᠲᠥᠷᠥᠯ ᠵᠦᠢᠯ ᠢ ᠲᠣᠭᠲᠠᠭᠠᠨ᠂ ᠳᠠᠷᠠᠭ᠎ᠠ ᠨᠢ ᠪᠡᠯᠡ ᠮᠥᠩᠭᠦ ᠲᠣᠬᠢᠷᠠᠭᠤᠯᠵᠣ᠂ ᠴᠢᠬᠤᠯᠠ ᠶᠡᠭᠡ ᠲᠥᠷᠥᠯ ᠵᠦᠢᠯ ᠂ ᠴᠢᠬᠤᠯᠠ ᠶᠡᠭᠡ ᠢᠨᠵᠧᠨᠧᠷᠢᠩ᠂ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ ᠲᠠᠪᠴᠠᠩ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠪᠠᠷᠠᠭᠠᠯᠬᠢᠯᠠᠯ ᠤᠨ ᠴᠢᠨᠠᠷᠲᠠᠶ᠂ ᠳᠠᠶᠢᠴᠢᠯᠠᠬᠤ ᠴᠢᠨᠠᠷ ᠢᠶᠠᠷ ᠶᠡᠭᠡ ᠲᠥᠷᠥᠯ ᠵᠦᠶᠯ ᠢ ᠪᠠᠶᠢᠷᠢᠰᠢᠭᠤᠯᠵᠤ᠂ ᠣᠳᠣᠬᠠᠨ ᠤ ᠪᠠ ᠠᠯᠤᠰ ᠬᠡᠲᠦ ᠶᠢ ᠬᠠᠮᠲᠤ  ᠳᠤᠨᠢ ᠬᠠᠷᠠᠭᠠᠯᠵᠠᠨ᠂ ᠬᠥᠲᠥᠯᠥᠨ ᠳᠠᠭᠠᠭᠤᠯᠬᠤ ᠴᠢᠨᠠᠷᠲᠠᠶ᠂ ᠪᠠᠷᠠᠭᠠᠯᠬᠢᠯᠠᠯ ᠤᠨ ᠴᠢᠨᠠᠷᠲᠠᠶ ᠰᠠᠶᠢᠨ ᠲᠥᠷᠥᠯ ᠵᠦᠶᠯ᠂ ᠲᠣᠮᠣ ᠢᠨᠵᠧᠨᠧᠷᠢᠩ ᠪᠠ ᠰᠢᠨ᠎ᠡ ᠲᠠᠪᠴᠠᠩ ᠢ ᠠᠷᠭ᠎ᠠ ᠰᠦᠪᠡᠭᠴᠢᠯᠡᠨ ᠳᠤᠷᠠᠳᠤᠨ᠎ᠠ᠃ ᠴᠢᠬᠤᠯᠠ ᠶᠡᠭᠡ ᠰᠢᠨ᠎ᠡ ᠶᠢ ᠡᠭᠦᠳᠬᠦ ᠬᠡᠯᠪᠡᠷᠢ ᠶᠢᠨ ᠲᠥᠷᠥᠯ ᠵᠦᠶᠯ ᠤᠨ ᠬᠥᠮᠥᠷᠭᠡ ᠶᠢᠨ ᠨᠥᠭᠡᠴᠡ ᠶᠢᠨ ᠪᠠᠭᠲᠠᠭᠠᠮᠵᠢ ᠶᠢ ᠥᠷᠭᠡᠳᠬᠡᠬᠦ ᠶᠢ ᠲᠦᠯᠬᠢᠨ ᠠᠬᠢᠭᠤᠯᠵᠤ᠂ ᠴᠢᠬᠤᠯᠠ ᠶᠡᠭᠡ ᠲᠥᠷᠥᠯ ᠵᠦᠶᠯ ᠢ ᠲᠦᠯᠬᠢᠨ ᠠᠬᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠥᠷᠥᠯ ᠵᠦᠶᠯ ᠢ ᠬᠡᠷᠡᠭᠵᠢᠭᠦᠯᠬᠦ ᠬᠠᠮᠢᠶᠠᠷᠤᠯᠲᠠ ᠶᠢ ᠴᠢᠩᠭᠠᠳᠬᠠᠨ᠎ᠠ᠃ ᠡᠬᠢ ᠪᠠᠶᠠᠯᠢᠭ ᠤᠨ ᠡᠯᠧᠮᠧᠨ᠋ᠲ ᠤᠨ ᠲᠣᠬᠢᠷᠠᠭᠤᠯᠤᠯᠲᠠ ᠶᠢ ᠴᠢᠩᠭᠠᠳᠬᠠᠨ᠎ᠠ᠃ ᠡᠬᠢ ᠪᠠᠶᠠᠯᠢᠭ ᠪᠣᠯᠤᠨ ᠴᠢᠬᠤᠯᠠ ᠡᠯᠧᠮᠧᠨ᠋ᠲ ᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠰᠢᠰᠲ᠋ᠧᠮ ᠬᠡᠰᠡᠭ ᠤᠨ ᠰᠠᠯᠤᠩᠭᠢᠷᠠᠯ ᠢ ᠡᠪᠳᠡᠵᠦ᠂ ᠴᠢᠬᠤᠯᠠ ᠡᠯᠧᠮᠧᠨ᠋ᠲ ᠨᠢ ᠲᠦᠷᠦᠯ ᠵᠦᠢᠯ ᠢ ᠲᠠᠭᠠᠬᠤ᠂ ᠲᠦᠷᠦᠯ ᠵᠦᠢᠯ ᠨᠢ ᠲᠥᠯᠥᠪᠵᠢᠭᠦᠯᠭᠡ ᠶᠢ ᠲᠠᠭᠠᠬᠤ ᠶᠢ ᠠᠬᠢᠭᠤᠯᠵᠤ᠂ ᠴᠢᠬᠤᠯᠠ ᠡᠯᠧᠮᠧᠨ᠋ᠲ ᠲᠤ ᠵᠦᠷᠢᠶᠡᠴᠢᠯᠡᠨ᠂ ᠨᠠᠷᠢᠯᠢᠭ ᠣᠨᠣᠪᠴᠢᠲᠡᠢ ᠬᠠᠩᠭᠠᠨ᠎ᠠ᠃ ᠬᠥᠮᠦᠨ ᠠᠮᠠ᠂ ᠡᠳ᠋ ᠤᠨ ᠵᠠᠰᠠᠭ᠂ ᠪᠠᠯᠠ ᠣᠷᠣᠭᠤᠯᠤᠯᠲᠠ᠂ ᠭᠠᠵᠠᠷ ᠰᠢᠷᠣᠶ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠠᠮᠢᠶ᠎ᠠ ᠪᠥᠬᠦᠶ ᠲᠥᠬᠦᠷ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠨ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ  ᠶᠢ ᠶᠡᠬᠡᠪᠡᠷ ᠳᠡᠭᠡᠭᠰᠢᠯᠡᠭᠦᠯᠦᠨ᠎ᠡ᠃      ᠭᠤᠷᠪᠠᠳᠤᠭᠠᠷ ᠬᠡᠰᠡᠭ    ᠲᠥᠯᠥᠪᠵᠢᠭᠦᠯᠭᠡ ᠶᠢ ᠬᠡᠷᠡᠭᠵᠢᠭᠦᠯᠬᠦ ᠬᠠᠮᠢᠶᠠᠷᠤᠯᠲᠠ      ᠲᠥᠯᠥᠪᠵᠢᠭᠦᠯᠭᠡ ᠶᠢᠨ ᠡᠯ᠎ᠡ ᠵᠦᠢᠯ ᠤᠨ ᠡᠭᠦᠷᠭᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠬᠥᠳᠡᠯᠦᠩᠭᠦᠶ ᠬᠢᠨᠠᠯᠲᠠ ᠲᠠᠯᠪᠢᠵᠤ ᠬᠢᠨᠠᠨ ᠰᠢᠯᠭᠠᠬᠤ ᠪᠠ ᠲᠣᠬᠢᠷᠠᠭᠤᠯᠤᠯᠲᠠ ᠬᠢᠬᠦ ᠲᠣᠭᠲᠠᠴᠠ ᠶᠢ ᠪᠣᠶ ᠪᠣᠯᠭᠠᠵᠤ᠂ ᠣᠯᠠᠨ ᠠᠷᠭ᠎ᠠ ᠪᠠᠷᠢᠯ ᠢᠶᠠᠷ ᠲᠥᠯᠥᠪᠵᠢᠭᠦᠯᠭᠡ ᠶᠢ ᠬᠡᠷᠡᠭᠵᠢᠭᠦᠯᠬᠦ ᠶᠢᠨ ᠣᠯᠠᠨ ᠨᠡᠶᠢᠲᠡ ᠶᠢᠨ ᠣᠷᠣᠯᠴᠠᠬᠤ ᠬᠡᠮᠵᠢᠶ᠎ᠡ  ᠶᠢ ᠲᠦᠯᠬᠢᠨ ᠠᠬᠢᠭᠤᠯᠵᠤ᠂ ᠲᠥᠯᠥᠪᠵᠢᠭᠦᠯᠭᠡ ᠶᠢᠨ ᠬᠠᠷᠠᠯᠲᠠ ᠶᠢᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃      ᠨᠠᠮ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠨᠠᠮ ᠤᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠭᠤᠣᠯᠯᠠᠭᠴᠢ  ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠢᠮᠠᠭᠲᠠ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠪᠣᠯᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠤᠷᠢᠵᠢᠭᠤᠯᠵᠤ᠂《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ  ᠶᠢ ᠬᠠᠮᠠᠭᠠᠯᠠᠵᠤ᠂ ᠤᠳᠤᠷᠢᠳᠬᠤ ᠪᠠᠭ ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ ᠭᠤᠣᠯᠯᠠᠭᠴᠢ ᠬᠦᠴᠦᠨ ᠢ ᠴᠢᠷᠮᠠᠶᠢᠨ ᠳᠠᠪᠲᠠᠨ ᠪᠣᠯᠪᠠᠰᠤᠷᠠᠭᠤᠯᠵᠤ᠂ ᠬᠥᠭᠵᠢᠯᠲᠡ ᠶᠢᠨ ᠲᠥᠯᠥᠪᠵᠢᠭᠦᠯᠭᠡ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ᠃ ᠨᠠᠮ ᠠᠴᠠ ᠴᠢᠳᠠᠪᠤᠷᠢᠲᠠᠨ ᠢ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠴᠢᠳᠠᠪᠤᠷᠢᠲᠠᠨ ᠢ ᠬᠥᠮᠦᠵᠢᠭᠦᠯᠦᠨ ᠣᠷᠣᠭᠤᠯᠵᠤ ᠰᠠᠶᠢᠲᠤᠷ ᠬᠡᠷᠡᠭᠯᠡᠵᠦ᠂ ᠲᠥᠯᠥᠪᠵᠢᠭᠦᠯᠭᠡ ᠶᠢ ᠬᠡᠷᠡᠭᠵᠢᠭᠦᠯᠬᠦ ᠳᠤ ᠨᠡᠩ ᠬᠦᠴᠦᠲᠡᠢ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃      ᠲᠥᠯᠥᠪᠵᠢᠭᠦᠯᠭᠡ ᠶᠢ ᠬᠡᠷᠡᠭᠵᠢᠭᠦᠯᠵᠦ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠳᠦᠷᠢᠮ ᠢ ᠲᠡᠭᠦᠯᠳᠡᠷᠵᠢᠭᠦᠯᠦᠨ᠎ᠡ᠃ ᠲᠣᠰ ᠲᠥᠯᠥᠪᠵᠢᠭᠦᠯᠭᠡ ᠶᠢ ᠬᠤᠰᠢᠭᠤ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠰᠢᠭᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠪᠠᠶᠢᠴᠠᠭᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ ᠲᠤᠰᠬᠠᠶ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤᠭᠤᠶᠢᠯᠠᠩ ᠪᠠᠶᠢᠭᠤᠯᠵᠤ᠂《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ  ᠣᠨ  ᠤ ᠡᠭᠦᠷᠭᠡ ᠶᠢ ᠬᠤᠪᠢᠶᠠᠷᠢᠯᠠᠬᠤ᠂ ᠲᠥᠷᠥᠯ ᠵᠦᠶᠯ ᠢ ᠳᠠᠭᠠᠵᠤ ᠱᠠᠭᠠᠷᠳᠠᠨ ᠵᠢᠯᠣᠭᠤᠳᠬᠤ᠂ ᠶᠠᠰᠤ ᠴᠢᠨᠠᠷ ᠲᠤ ᠬᠢᠨᠠᠯᠲᠠ ᠲᠠᠯᠪᠢᠵᠤ ᠡᠵᠡᠮᠳᠡᠬᠦ᠂ ᠣᠨ ᠤ ᠲᠥᠯᠥᠪᠵᠢᠭᠦᠯᠭᠡ ᠶᠢᠨ ᠬᠠᠷᠠᠯᠲᠠ ᠶᠢ ᠰᠢᠯᠭᠠᠨ ᠬᠢᠨᠠᠬᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠲᠥᠯᠥᠪᠵᠢᠭᠦᠯᠭᠡ ᠬᠢᠭᠡᠳ ᠲᠤᠰᠬᠠᠶ ᠲᠥᠯᠥᠪᠵᠢᠭᠦᠯᠭᠡ ᠶᠢ ᠵᠣᠯᠭᠠᠭᠤᠯᠬᠤ᠂ ᠪᠥᠲᠥᠭᠡᠨ ᠪᠠᠶᠢᠭᠤᠯᠬᠤ ᠵᠡᠷᠭᠡ ᠠᠵᠢᠯ ᠢ ᠬᠠᠷᠢᠭᠤᠴᠠᠵᠤ᠂ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠬᠢᠨᠠᠨ ᠰᠢᠨᠵᠢᠵᠦ ᠦᠨᠡᠯᠡᠨ ᠵᠢᠱᠢᠬᠦ ᠶᠢ ᠴᠢᠩᠭᠠᠷᠠᠭᠤᠯᠤᠨ᠎ᠠ᠃ ᠬᠥᠳᠡᠯᠦᠩᠭᠦᠶ ᠬᠢᠨᠠᠨ ᠬᠡᠮᠵᠢᠵᠦ ᠵᠠᠳᠠᠯᠤᠯᠲᠠ ᠬᠢᠬᠦ ᠶᠢ ᠴᠢᠩᠭᠠᠳᠬᠠᠨ᠂ ᠣᠨ ᠤ ᠬᠢᠨᠠᠨ ᠬᠡᠮᠵᠢᠵᠦ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠬᠦᠷᠢᠶᠡᠨ ᠤ ᠪᠠᠨ ᠭᠤᠣᠯᠳᠠᠯᠭ᠎ᠠ ᠲᠠᠢ ᠠᠰᠠᠭᠤᠳᠠᠯ ᠳᠤ ᠴᠢᠭᠯᠡᠭᠦᠯᠦᠨ᠂ ᠲᠤᠰᠬᠠᠶ ᠵᠦᠢᠯ ᠢᠶᠠᠷ ᠦᠨᠡᠯᠡᠨ ᠵᠢᠱᠢᠬᠦ ᠶᠢ ᠴᠠᠭ ᠲᠤᠨᠢ ᠲᠣᠬᠢᠷᠠᠭᠤᠯᠤᠨ ᠥᠷᠨᠢᠭᠦᠯᠤᠨ᠎ᠠ᠃ ᠳᠤᠮᠳᠠ ᠬᠤᠭᠤᠴᠠᠭᠠᠨ ᠤ ᠦᠨᠡᠯᠡᠨ ᠵᠢᠱᠢᠬᠦ ᠪᠠ ᠳ᠋ᠦᠩᠨᠡᠵᠦ ᠦᠨᠡᠯᠡᠨ ᠵᠢᠱᠢᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠤᠶᠤᠨ ᠤ ᠬᠥᠮᠥᠷᠭᠡ ᠵᠡᠷᠭᠡ ᠲᠤᠰᠬᠠᠢ ᠮᠡᠷᠭᠡᠵᠢᠯ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠭᠤᠷᠪᠠᠳᠠᠬᠢ ᠡᠲᠡᠭᠡᠳ ᠤᠨ ᠦᠨᠡᠯᠡᠨ ᠵᠢᠱᠢᠯᠲᠡ ᠶᠢ ᠪᠦᠬᠦ ᠲᠠᠯ᠎ᠠ ᠪᠠᠷ ᠥᠷᠨᠢᠭᠦᠯᠤᠨ᠎ᠠ᠃ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠬᠢᠨᠠᠨ ᠰᠢᠯᠭᠠᠵᠤ ᠦᠨᠡᠯᠡᠬᠦ ᠶᠢ ᠴᠢᠩᠭᠠᠳᠬᠠᠨ᠎ᠠ᠃  ᠣᠨ ᠤ ᠦᠨᠡᠯᠡᠨ ᠵᠢᠱᠢᠬᠦ᠂ ᠳᠤᠮᠳᠠ ᠬᠤᠭᠤᠴᠠᠭᠠᠨ ᠤ ᠦᠨᠡᠯᠡᠨ ᠵᠢᠱᠢᠬᠦ᠂ ᠳ᠋ᠦᠩᠨᠡᠨ ᠦᠨᠡᠯᠡᠨ ᠵᠢᠱᠢᠬᠦ ᠵᠢᠴᠢ ᠲᠤᠰᠬᠠᠶ ᠵᠦᠶᠯ ᠤᠨ ᠦᠨᠡᠯᠡᠨ ᠵᠢᠱᠢᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠵᠤ᠂ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢ ᠡᠯ᠎ᠡ ᠱᠠᠲᠤᠨ ᠤ ᠤᠳᠤᠷᠢᠳᠬᠤ ᠺᠠᠳ᠋ᠷ ᠢ ᠰᠢᠯᠭᠠᠨ ᠬᠢᠨᠠᠵᠤ ᠦᠨᠡᠯᠡᠬᠦ ᠲᠣᠭᠲᠠᠯᠴᠠᠭ᠎ᠠ ᠳᠤ ᠣᠷᠣᠭᠤᠯᠤᠨ᠂ ᠰᠢᠯᠭᠠᠨ ᠬᠢᠨᠠᠵᠤ ᠦᠨᠡᠯᠡᠭᠰᠡᠨ ᠦᠷ᠎ᠡ ᠳ᠋ᠦᠩ ᠢ ᠰᠢᠯᠭᠠᠨ ᠬᠢᠨᠠᠭᠰᠠᠨ ᠬᠠᠷᠢᠭᠤᠴᠠᠯᠭ᠎ᠠ ᠶᠢᠨ ᠭᠤᠤᠯ ᠴᠣᠭᠴᠠ ᠶᠢᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠪᠠ ᠺᠠᠳ᠋ᠷ ᠢ ᠱᠠᠩᠨᠠᠵᠤ ᠲᠣᠷᠭᠠᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠤᠯᠤᠰ ᠠᠴᠠ ᠳᠣᠲᠣᠭᠠᠳᠤ ᠭᠠᠳᠠᠭᠠᠳᠤ ᠶᠢᠨ ᠣᠷᠴᠢᠨ ᠲᠣᠭᠤᠷᠢᠨ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠪᠤᠶᠤ ᠪᠤᠰᠤᠳ ᠰᠢᠯᠲᠠᠭᠠᠨ ᠠᠴᠠ ᠪᠣᠯᠵᠤ ᠠᠵᠤ ᠠᠬᠤᠢ  ᠶᠢᠨ ᠡᠷᠭᠢᠯᠲᠡ ᠪᠠ ᠲᠥᠯᠥᠪᠵᠢᠭᠦᠯᠭᠡ ᠶᠢᠨ ᠬᠠᠷᠠᠯᠲᠠ ᠳᠤ ᠨᠡᠯᠢᠶᠡᠳ ᠶᠡᠭᠡ ᠵᠥᠷᠢᠶ᠎ᠡ ᠭᠠᠷᠤᠭᠰᠠᠨ ᠦᠶ᠎ᠡ ᠳᠤ᠂ ᠬᠤᠰᠢᠭᠤ ᠵᠠᠰᠠᠭ ᠤᠨ ᠣᠷᠳᠣᠨ ᠠᠴᠠ ᠲᠥᠯᠥᠪᠵᠢᠭᠦᠯᠭᠡ ᠳᠤ ᠲᠣᠬᠢᠷᠠᠭᠤᠯᠤᠯᠲᠠ ᠬᠢᠬᠦ ᠲᠥᠰᠦᠯ ᠳᠤᠷᠠᠳᠴᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠮᠡᠳᠡᠭᠦᠯᠦᠨ ᠵᠥᠪᠰᠢᠶᠡᠷᠡᠭᠦᠯᠦᠭᠡᠳ ᠬᠡᠷᠡᠭᠵᠢᠭᠦᠯᠦᠨ᠎ᠡ᠃      ᠣᠯᠠᠨ ᠨᠡᠶᠢᠲᠡ ᠶᠢ ᠬᠥᠲᠥᠯᠥᠨ ᠵᠢᠯᠣᠭᠤᠳᠴᠤ ᠬᠢᠨᠠᠯᠲᠠ ᠲᠠᠯᠪᠢᠬᠤ ᠳᠤ ᠣᠷᠣᠯᠴᠠᠭᠤᠯᠬᠤ᠃ ᠨᠡᠶᠢᠭᠡᠮ ᠳᠤ ᠬᠠᠨᠳᠤᠭᠤᠯᠤᠨ᠂ ᠣᠯᠠᠨ ᠵᠦᠶᠯ ᠤᠨ ᠬᠡᠯᠪᠡᠷᠢ᠂ ᠣᠯᠠᠨ ᠠᠷᠭ᠎ᠠ ᠵᠠᠮ ᠢᠶᠠᠷ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ ᠤᠬᠠᠭᠤᠯᠭ᠎ᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠲᠥᠯᠥᠪᠵᠢᠭᠦᠯᠭᠡ ᠶᠢᠨ ᠲᠤᠬᠠᠶ ᠲᠠᠨᠢᠯᠲᠠ ᠪᠠ ᠣᠶᠢᠯᠠᠭᠠᠯᠲᠠ ᠶᠢ ᠨᠡᠮᠡᠭᠳᠡᠭᠦᠯᠵᠦ᠂ ᠲᠥᠯᠥᠪᠵᠢᠭᠦᠯᠭᠡ ᠳᠤ ᠲᠣᠭᠲᠠᠭᠠᠭᠰᠠᠨ ᠬᠠᠷᠠᠯᠲᠠ ᠡᠭᠦᠷᠭᠡ  ᠶᠢ ᠬᠥᠮᠦᠰ ᠤᠨ ᠰᠡᠳᠬᠢᠯ ᠳᠤ ᠬᠠᠳᠠᠩᠰᠢᠭᠤᠯᠤᠨ᠎ᠠ᠃ ᠨᠡᠶᠢᠭᠡᠮ ᠤᠨ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠬᠢᠭᠡᠳ ᠠᠵᠤ ᠠᠬᠤᠶᠢᠯᠠᠯ᠂ ᠣᠯᠠᠨ ᠨᠡᠶᠢᠲᠡ ᠶᠢᠨ ᠮᠡᠳᠡᠭᠡ ᠵᠠᠩᠭᠢ ᠨᠡᠪᠲᠡᠷᠡᠯᠴᠡᠬᠦ ᠪᠠ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠯ᠎ᠡ ᠬᠡᠷᠡᠭᠵᠢᠭᠦᠯᠬᠦ ᠬᠠᠷᠢᠭᠤᠴᠠᠯᠭ᠎ᠠ ᠶᠢᠨ ᠭᠤᠤᠯ ᠴᠣᠭᠴᠠ ᠨᠤᠭᠤᠳ ᠲᠥᠯᠥᠪᠵᠢᠭᠦᠯᠭᠡ ᠶᠢᠨ ᠲᠣᠪᠴᠢ ᠶᠢ ᠬᠡᠷᠡᠭᠵᠢᠭᠦᠯᠦᠭᠰᠡᠨ ᠠᠬᠢᠴᠠ  ᠶᠢᠨ ᠪᠠᠶᠢᠳᠠᠯ ᠢᠶᠠᠨ ᠴᠠᠭ ᠲᠤᠬᠠᠶ ᠳᠤᠨᠢ ᠨᠡᠶᠢᠲᠡᠯᠡᠵᠦ᠂ ᠨᠡᠶᠢᠭᠡᠮ ᠤᠨ ᠣᠯᠠᠨ ᠨᠡᠶᠢᠲᠡ ᠶᠢᠨ ᠪᠠᠶᠢᠳᠠᠯ ᠮᠡᠳᠡᠬᠦ ᠡᠷᠬᠡ  ᠶᠢ ᠪᠠᠲᠤᠯᠠᠨ᠎ᠠ᠃ ᠤᠯᠠᠨ ᠨᠡᠶᠢᠲᠡ ᠶᠢᠨ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠴᠢᠳ ᠤᠨ ᠬᠤᠯᠪᠣᠭᠠᠲᠤ ᠡᠪᠯᠡᠯ ᠪᠠ ᠨᠠᠮ ᠪᠦᠯᠦᠭ ᠤᠨ ᠪᠤᠰᠤ ᠬᠥᠮᠦᠰ ᠤᠨ ᠲᠥᠯᠥᠪᠵᠢᠭᠦᠯᠭᠡ ᠶᠢᠨ ᠲᠣᠪᠴᠢ ᠶᠢ ᠬᠡᠷᠡᠭᠵᠢᠭᠦᠯᠬᠦ ᠳᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ᠂ ᠠᠷᠠᠯᠵᠢᠶ᠎ᠠ ᠪᠡᠯᠡ ᠣᠷᠣᠭᠤᠯᠤᠯᠲᠠ ᠶᠢ ᠠᠬᠢᠭᠤᠯᠬᠤ ᠪᠠᠶᠢᠭᠤᠯᠤᠮᠵᠢ᠂ ᠣᠶᠤᠨ ᠤ ᠬᠥᠮᠥᠷᠭᠡ ᠵᠡᠷᠭᠡ ᠨᠡᠶᠢᠭᠡᠮ ᠤᠨ ᠬᠦᠴᠦᠨ ᠤ ᠲᠤᠰᠬᠠᠶᠢᠵᠢᠭᠰᠠᠨ ᠬᠢᠨᠠᠯᠲᠠ ᠲᠠᠯᠪᠢᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠣᠨᠢᠨ ᠮᠡᠳᠡᠭᠡᠨ ᠤ ᠵᠠᠭᠤᠴᠢᠯᠠᠭᠤᠷ ᠪᠣᠯᠤᠨ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ  ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ ᠵᠡᠷᠭᠡ ᠣᠯᠠᠨ ᠲᠦᠮᠡᠨ ᠤ ᠨᠡᠶᠢᠭᠡᠮ ᠤᠨ ᠪᠦᠯᠬᠦᠮ ᠤᠨ ᠬᠥᠭᠦᠷᠭᠡ ᠪᠠ ᠬᠢᠨᠠᠯᠲᠠ ᠲᠠᠯᠪᠢᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠲᠠᠯ᠎ᠠ ᠶᠢᠨ ᠢᠳᠡᠪᠬᠢ ᠬᠦᠴᠦᠨ ᠵᠦᠢᠯ ᠢ ᠳᠠᠶᠢᠴᠢᠯᠠᠵᠤ᠂ ᠲᠥᠯᠥᠪᠵᠢᠭᠦᠯᠭᠡ ᠶᠢ ᠬᠡᠷᠡᠭᠵᠢᠭᠦᠯᠬᠦ ᠬᠠᠮᠲᠦ ᠶᠢᠨ ᠬᠦᠴᠦᠨ ᠢ ᠪᠣᠶ ᠪᠣᠯᠭᠠᠵᠤ᠂ ᠲᠥᠯᠥᠪᠵᠢᠭᠦᠯᠭᠡ ᠶᠢᠨ ᠲᠣᠪᠴᠢ ᠳᠤ ᠲᠣᠭᠲᠠᠭᠠᠭᠰᠠᠨ ᠬᠠᠷᠠᠯᠲᠠ ᠪᠣᠯᠤᠨ ᠡᠭᠦᠷᠭᠡ ᠶᠢᠨ ᠤᠷᠤᠭᠰᠢᠲᠠᠶ ᠪᠡᠶᠡᠯᠡᠭᠳᠡᠬᠦ ᠶᠢ ᠪᠠᠲᠤᠯᠠᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号