| ᠵᠠᠰᠠᠭ ᠤᠨ ᠣᠷᠳᠣᠨ ᠤ ᠠᠵᠢᠯ ᠤᠨ ᠢᠯᠡᠳᠬᠡᠯ | | ᠲᠥᠯᠥᠭᠡᠯᠡᠭᠴᠢᠳ ᠡ᠄ | ᠤᠲᠤ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠦᠭᠡᠯᠡᠵᠦ ᠶᠡᠭᠡ ᠬᠤᠷᠠᠯ ᠳᠤ ᠠᠵᠢᠯ ᠤᠨ | ᠢᠯᠡᠳᠭᠡᠯ ᠬᠢᠶ᠎ᠡ᠂ ᠬᠢᠨᠠᠨ ᠵᠥᠪᠯᠡᠬᠦ ᠪᠣᠯᠪᠠᠤ᠃ ᠤᠯᠤᠰ ᠳᠦᠷᠤ ᠶᠢᠨ ᠵᠥᠪᠯᠡᠯᠭᠡᠨ ᠤ ᠭᠡᠰᠢᠭᠦᠳ ᠵᠢᠴᠢ ᠬᠤᠷᠠᠯ ᠳᠤ | ᠣᠷᠣᠯᠴᠠᠭᠰᠠᠳ ᠰᠠᠨᠠᠯ ᠵᠥᠪᠯᠡᠯᠭᠡ ᠪᠠᠨ ᠳᠡᠪᠰᠢᠭᠦᠯᠬᠦ ᠪᠣᠯᠪᠠᠤ᠃ | ᠨᠢᠭᠡ᠂ ᠦᠩᠭᠡᠷᠡᠭᠰᠡᠨ ᠳᠦᠷᠪᠡᠨ ᠵᠢᠯ ᠤᠨ ᠠᠵᠢᠯ ᠤᠨ ᠡᠷᠭᠢᠴᠡᠭᠦᠯᠦᠯ | ᠦᠩᠭᠡᠷᠡᠭᠰᠡᠨ ᠲᠦᠷᠪᠡᠨ ᠵᠢᠯ ᠪᠣᠯ ᠮᠠᠨ ᠤ ᠬᠤᠰᠢᠭᠤ ᠬᠦᠴᠢᠷ ᠪᠡᠷᠬᠡ ᠶᠢ ᠢᠯᠠᠨ ᠳᠠᠪᠠᠵᠤ᠂ ᠡᠷᠡᠮᠡᠭᠡᠶᠢᠯᠡᠨ | ᠣᠷᠣᠭᠰᠢᠯᠠᠭᠰᠠᠨ ᠲᠦᠷᠪᠡᠨ ᠵᠢᠯ ᠮᠥᠨ᠃ ᠳᠦᠷᠪᠡᠨ ᠵᠢᠯ ᠤᠨ ᠳᠣᠷᠰᠢ ᠪᠢᠳᠡ ᠳᠤᠮᠳᠠᠳᠤ ᠶᠢᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ | ᠤᠨ ᠠᠵᠢᠯ ᠤᠨ ᠲᠣᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠷᠡᠰ ᠨᠠᠶᠢᠳᠠᠪᠦᠷᠢᠵᠢᠭᠤᠯᠤᠨ᠂ ᠬᠤᠰᠢᠭᠤ | ᠨᠠᠮ ᠤᠨ ᠬᠤᠷᠢᠶᠠᠨ ᠤ ᠡᠷᠡᠰ ᠴᠢᠩᠭ᠎ᠠ ᠣᠳᠣᠷᠢᠳᠣᠯᠭ᠎ᠠ ᠪᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠣᠯᠣᠰ ᠲᠦᠷᠦ ᠵᠦᠪᠯᠡᠯᠭᠡᠨ ᠤ ᠬᠢᠨᠠᠯᠲᠠ ᠲᠣᠣᠷ᠎ᠠ᠂ ᠰᠡᠳᠬᠢᠯ ᠨᠢᠭᠡᠳᠣᠨ ᠬᠦᠴᠦ ᠪᠠᠨ | ᠬᠠᠮᠳᠣᠳᠬᠠᠵᠣ᠂ ᠴᠦᠬᠦᠷᠡᠰᠢ ᠦᠭᠡᠢ ᠴᠢᠷᠮᠠᠶᠢᠨ ᠲᠡᠮᠡᠴᠡᠵᠦ᠂ ᠶᠡᠷᠦᠩᠬᠡᠶᠢᠯᠡᠭᠰᠡᠨ ᠪᠣᠳᠠᠲᠤ ᠬᠦᠴᠦᠨ ᠶᠡᠬᠡᠪᠡᠷ | ᠳᠡᠭᠡᠭᠰᠢᠯᠡᠨ᠂ ᠪᠣᠬᠢᠷᠲᠤᠯ ᠥᠬᠡᠶ ᠬᠥᠭᠵᠢᠯᠲᠡ ᠶᠢᠨ ᠬᠠᠨᠳᠤᠰᠢ ᠰᠠᠶᠢᠵᠢᠷᠠᠵᠤ᠂ ᠠᠵᠤ ᠠᠬᠤᠶ ᠶᠢᠨ ᠪᠦᠲᠦᠴᠡ | ᠦᠷᠭᠦᠯᠵᠢᠯᠡᠨ ᠰᠢᠯᠢᠳᠡᠭᠵᠢᠵᠦ᠂ ᠬᠤᠲᠠ ᠬᠥᠳᠡᠭᠡ ᠶᠢᠨ ᠳᠦᠷᠢ ᠳᠦᠷᠬᠦ ᠢᠯᠡᠳᠲᠡ ᠰᠠᠶᠢᠵᠢᠷᠠᠨ᠂ ᠰᠠᠭᠤᠷᠢ | ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ | ᠰᠢᠨ᠎ᠡ ᠳᠡᠭᠲᠡᠷ ᠲᠤ ᠭᠠᠷᠪᠠ᠃ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ | ᠨᠡᠶᠢᠲᠡ 232.75 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠣᠮᠳᠠᠴᠢ ᠪᠠᠷ 3.56% ᠪᠠᠷ | ᠨᠡᠮᠡᠭᠳᠡᠪᠡ︔ ᠡᠩ ᠤᠨ ᠣᠯᠠᠨ ᠨᠡᠶᠢᠳᠡ ᠶᠢᠨ ᠲᠦᠰᠦᠪ ᠤᠨ ᠣᠷᠣᠯᠭ᠎ᠠ ᠨᠡᠶᠢᠳᠡ 25.32 ᠳ᠋ᠦᠩᠰᠢᠭᠤᠷ | ᠲᠦᠭᠦᠷᠢᠭ ᠲᠤ ᠬᠦᠷᠴᠦ᠂ ᠵᠢᠯ ᠳᠠᠷᠠᠭᠠᠯᠠᠨ ᠳᠣᠭᠳᠠᠭᠤᠨ ᠢᠶᠠᠷ ᠨᠡᠮᠡᠭᠳᠡᠪᠠ︔ ᠲᠣᠭᠳᠠᠮᠠᠯ ᠬᠦᠷᠦᠩᠭᠡ ᠶᠢᠨ ᠪᠡᠯᠡ | ᠣᠷᠣᠭᠤᠯᠣᠯᠲᠠ 65.3 ᠳ᠋ᠦᠩᠰᠢᠭᠤᠷ ᠲᠦᠭᠦᠷᠢᠭ ᠲᠤ ᠬᠦᠷᠴᠦ᠂ ᠵᠢᠯ ᠪᠦᠷᠢ ᠳᠣᠮᠳᠠᠴᠢ ᠪᠠᠷ 2.3% ᠪᠠᠷ | ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠪᠣᠷᠣᠯᠠᠭᠤᠯᠣᠭᠰᠠᠨ ᠶᠡᠷᠣᠩᠭᠡᠢ ᠬᠡᠮᠵᠢᠶ᠎ᠡ ᠨᠡᠶᠢᠳᠡ 43. | 5 ᠳ᠋ᠦᠩᠰᠢᠭᠤᠷ ᠲᠦᠭᠦᠷᠢᠭ ᠲᠤ ᠬᠦᠷᠴᠦ᠂ ᠵᠢᠯ ᠪᠦᠷᠢ ᠳᠣᠮᠳᠠᠴᠢ ᠪᠠᠷ 1.3% ᠪᠠᠷ ᠨᠡᠮᠡᠭᠳᠡᠪᠡ︔ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠲᠤᠬᠢᠷᠠᠭᠤᠯᠵᠤ ᠪᠤᠯᠬᠤᠶᠢᠴᠠ ᠣᠷᠣᠯᠭ᠎ᠠ | ᠲᠣᠰ ᠲᠣᠰ 44846 ᠲᠥᠭᠦᠷᠢᠭ ᠪᠠ 37342 ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 4.9% | ᠪᠠ 7.2% ᠪᠠᠷ ᠨᠡᠮᠡᠭᠳᠡᠵᠦ᠂ ᠮᠠᠯᠵᠢᠬᠤ ᠣᠷᠣᠨ ᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ | ᠲᠣᠬᠢᠷᠠᠭᠤᠯᠵᠣ ᠪᠣᠯᠬᠤᠶᠢᠴᠠ ᠣᠷᠣᠯᠭ᠎ᠠ 33 ᠵᠢᠯ ᠳᠠᠷᠠᠭᠠᠯᠠᠨ ᠪᠥᠬᠦ ᠣᠷᠣᠨ ᠤ ᠮᠠᠯᠵᠢᠬᠤ ᠬᠤᠰᠢᠭᠤ ᠰᠢᠶᠠᠨ ᠳᠤ | ᠲᠦᠷᠦᠭᠦᠯᠡᠪᠡ᠃ | — — ᠳᠦᠷᠪᠡᠨ ᠵᠢᠯ ᠤᠨ ᠲᠤᠷᠰᠢ᠂ ᠪᠢᠳᠡ ᠬᠠᠮᠳᠣᠪᠡᠷ ᠲᠡᠮᠡᠴᠡᠨ᠂ ᠬᠠᠮᠳᠣᠪᠡᠷ ᠭᠠᠪᠰᠢᠭᠠᠶᠢᠯᠠᠬᠤ ᠶᠢ | ᠢᠮᠠᠭᠳᠠ ᠪᠠᠷᠢᠮᠲᠠᠯᠠᠵᠤ᠂ ᠪᠣᠭᠤᠮᠳᠠ ᠰᠢᠪᠳᠣᠯᠬᠤ ᠠᠮᠵᠢᠯᠲᠠ ᠶᠢᠨ ᠬᠠᠭᠤᠳᠠᠰᠤ ᠶᠢ ᠲᠤᠰᠢᠶᠠᠪᠠ᠃ ᠶᠠᠳᠠᠭᠤ ᠠᠴᠠ | ᠠᠩᠬᠢᠵᠢᠷᠠᠭᠤᠯᠵᠣ ᠪᠣᠭᠤᠮᠲᠠ ᠰᠢᠪᠲᠣᠯᠬᠤ ᠠᠵᠢᠯ ᠰᠢᠢᠳᠪᠦᠷᠢᠲᠦ ᠴᠢᠨᠠᠷᠲᠠᠶ ᠢᠯᠠᠯᠲᠠ ᠣᠯᠵᠣ᠂ ᠨᠡᠶᠢᠲᠡ 1.2 | ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠪᠠᠯᠠ ᠮᠦᠩᠭᠦ ᠵᠠᠷᠣᠴᠠᠭᠤᠯᠤᠨ᠂ ᠪᠥᠬᠦ ᠬᠤᠰᠢᠭᠤᠨ ᠤ 165 | ᠡᠷᠦᠬᠡ ᠶᠢᠨ 568 ᠳᠠᠩᠰᠠ ᠡᠪᠬᠡᠮᠡᠯ ᠪᠠᠶᠢᠭᠤᠯᠣᠭᠰᠠᠨ ᠶᠠᠳᠠᠭᠤ ᠬᠦᠴᠢᠷᠳᠡᠯᠲᠡᠶ ᠡᠷᠦᠬᠡ ᠶᠢ ᠲᠣᠭᠲᠠᠭᠤᠨ ᠢᠶᠠᠷ | ᠶᠠᠳᠠᠭᠤ ᠠᠴᠠ ᠠᠩᠭᠢᠵᠢᠷᠠᠭᠤᠯᠵᠤ᠂ ᠬᠥᠮᠦᠨ ᠪᠦᠷᠢ ᠶᠢᠨ ᠳᠤᠮᠳᠠᠴᠢ ᠵᠢᠯ ᠤᠨ ᠴᠡᠪᠡᠷ ᠣᠷᠣᠯᠭ᠎ᠠ 2.9 ᠲᠦᠮᠡᠨ | ᠲᠥᠭᠦᠷᠢᠭ ᠲᠤ ᠭᠦᠷᠴᠦ᠂ ᠪᠦᠬᠦ ᠣᠯᠣᠰ ᠤᠨ ᠶᠠᠳᠠᠭᠤ ᠠᠴᠠ ᠠᠩᠬᠢᠵᠢᠷᠠᠭᠤᠯᠬᠤ ᠪᠠᠷᠢᠮᠵᠢᠶ᠎ᠡ ᠠᠴᠠ 7 ᠳᠠᠬᠢᠨ | ᠳᠠᠪᠠᠵᠣ᠂ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠬᠠᠷᠠᠯᠲᠠ ᠶᠢ ᠪᠥᠬᠦ ᠲᠠᠯ᠎ᠠ ᠪᠠᠷ | ᠪᠡᠶᠡᠯᠡᠭᠦᠯᠦᠭᠰᠡᠨ ᠪᠠᠶᠢᠨ᠎ᠠ᠃ ᠶᠠᠳᠠᠭᠤ ᠠᠴᠠ ᠠᠩᠬᠢᠵᠢᠷᠠᠭᠤᠯᠵᠣ ᠪᠣᠭᠤᠮᠳᠠ ᠰᠢᠪᠳᠣᠯᠬᠤ ᠠᠵᠢᠯ ᠤᠨ ᠦᠷ᠎ᠡ | ᠪᠦᠳᠦᠭᠡᠯ ᠢ ᠪᠠᠬᠢᠵᠢᠬᠦᠯᠦᠨ ᠦᠷᠭᠡᠳᠬᠡᠬᠦ ᠶᠢ ᠬᠤᠳᠠ ᠬᠦᠳᠡᠭᠡ ᠶᠢ ᠭᠦᠭᠵᠢᠬᠦᠯᠦᠨ ᠮᠠᠨᠳᠣᠭᠤᠯᠬᠤ ᠲᠠᠢ ᠪᠦᠳᠦᠮᠵᠢᠳᠡᠢ | ᠵᠣᠯᠭᠠᠭᠤᠯᠵᠣ᠂ 9 ᠭᠤᠣᠯᠳᠠᠯᠭᠠᠳᠣ ᠲᠦᠷᠦᠯ ᠵᠦᠢᠯ ᠢ ᠡᠬᠢᠯᠡᠭᠦᠯᠦᠨ᠂ ᠦᠨᠳᠦᠰᠦᠨ ᠱᠠᠲᠤᠨ ᠤ ᠰᠠᠭᠤᠷᠢ ᠶᠢ | ᠪᠠᠳᠣᠯᠠᠬᠤ ᠴᠢᠳᠠᠪᠤᠷᠢ ᠶᠡᠬᠡᠪᠡᠷ ᠳᠡᠭᠡᠭᠰᠢᠯᠡᠪᠡ᠃ ᠪᠣᠬᠢᠷᠲᠤᠯ ᠢ ᠰᠡᠷᠭᠡᠶᠢᠯᠡᠨ ᠵᠠᠰᠠᠭᠰᠠᠨ ᠦᠷ᠎ᠡ ᠪᠦᠲᠦᠮᠵᠢ ᠢᠯᠡᠳᠲᠡ | ᠪᠠᠶᠢᠵᠣ᠂ ᠬᠥᠬᠡ ᠣᠭᠲᠠᠷᠭᠤᠶ᠂ ᠬᠦᠭᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠲᠠᠶᠢᠯᠠᠯᠳᠣᠭᠠᠨ ᠳᠤ | ᠴᠢᠭᠯᠡᠬᠦᠯᠦᠨ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠ ᠴᠡᠭᠴᠡᠯᠡᠨ ᠵᠠᠰᠠᠯᠲᠠ ᠶᠢ ᠪᠥᠬᠦ ᠲᠠᠯ᠎ᠠ ᠪᠠᠷ | ᠴᠢᠩᠭᠠᠳᠬᠠᠵᠤ᠂ ᠰᠣᠩᠭᠤᠨ ᠪᠣᠯᠪᠠᠰᠣᠷᠠᠭᠤᠯᠬᠤ ᠠᠵᠤ ᠠᠬᠤᠶᠢᠯᠠᠯ ᠤᠨ ᠬᠠᠶᠠᠭᠳᠠᠮᠠᠯ ᠤᠰᠤ ᠶᠢ ᠳᠠᠪᠳᠠᠨ ᠠᠰᠢᠭᠯᠠᠬᠤ | ᠨᠣᠷᠮ᠎ᠠ ᠶᠢ 95% ᠠᠴᠠ ᠲᠠᠪᠠᠭᠤᠯᠤᠨ᠂ ᠴᠡᠪᠡᠷ ᠠᠭᠠᠷ ᠤᠨ ᠪᠠᠷᠢᠮᠵᠢᠶᠠᠨ ᠳᠤ ᠬᠦᠷᠦᠭᠰᠡᠨ ᠡᠳᠦᠷ ᠤᠨ ᠲᠤᠭ᠎ᠠ | 98% ᠶᠢ ᠳᠠᠪᠠᠵᠣ᠂ ᠪᠥᠬᠦ ᠣᠷᠣᠨ ᠤ 103 ᠬᠤᠰᠢᠭᠤ ᠰᠢᠶᠠᠨ ᠲᠣᠭᠤᠷᠢᠭ ᠤᠨ ᠲᠦᠷᠦᠭᠦᠣ ᠭᠤᠷᠪᠠ ᠳᠤ | ᠵᠢᠭᠰᠠᠭᠠᠭᠳᠠᠪᠠ᠃ 3.37 ᠲᠦᠮᠡᠨ ᠮᠥ ᠠᠭᠤᠷᠬᠠᠶ ᠶᠢᠨ ᠣᠷᠴᠢᠨ ᠲᠣᠭᠤᠷᠢᠨ ᠢ ᠶᠡᠷᠣᠩᠭᠡᠶᠢᠯᠡᠨ ᠵᠠᠰᠠᠵᠣ᠂ 2 | ᠠᠭᠤᠷᠬᠠᠶ ᠶᠢᠨ ᠠᠵᠤ ᠠᠬᠤᠶᠢᠯᠠᠯ ᠨᠢ ᠤᠯᠤᠰ ᠤᠨ ᠲᠠᠰ ᠤᠨ ᠪᠣᠬᠢᠷᠲᠤᠯ ᠥᠬᠡᠶ ᠠᠭᠤᠷᠬᠠᠶ᠂ 9 ᠠᠭᠤᠷᠬᠠᠶ ᠶᠢᠨ | ᠠᠵᠤ ᠠᠬᠤᠶᠢᠯᠠᠯ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠪᠠᠷ ᠦᠨᠡᠯᠡᠭᠳᠡᠵᠦ᠂ | 201 ᠵᠣᠷᠪᠣᠰ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠳᠠ ᠠᠴᠠ ᠬᠠᠷᠢᠭᠤ | ᠲᠤᠰᠬᠠᠭᠰᠠᠨ ᠠᠰᠠᠭᠤᠳᠠᠯ ᠪᠠ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ | ᠰᠠᠶᠢᠵᠢᠷᠠᠭᠤᠯᠪᠠ᠃ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠳᠣᠳᠠᠢ | ᠶᠠᠪᠣᠭᠳᠠᠭᠤᠯᠵᠣ᠂ ᠵᠠᠰᠠᠭ ᠤᠨ ᠣᠷᠳᠣᠨ ᠤ ᠥᠷᠢ ᠥᠭᠴᠡᠭᠡ ᠶᠢ ᠨᠡᠶᠢᠲᠡ 24.37 ᠳ᠋ᠦᠩᠰᠢᠭᠤᠷ ᠲᠥᠭᠦᠷᠢᠭ | ᠲᠦᠯᠦᠵᠣ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ᠂ ᠵᠢᠵᠢᠭ ᠠᠵᠤ ᠠᠬᠤᠶᠢᠯᠠᠯ ᠳᠤ ᠥᠷᠢᠲᠦᠵᠦ | ᠪᠠᠶᠢᠭ᠎ᠠ ᠵᠣᠭᠤᠰ ᠢ 12.86 ᠳ᠋ᠦᠩᠰᠢᠭᠤᠷ ᠲᠥᠭᠦᠷᠢᠭ ᠲᠦᠯᠦᠵᠣ᠂ ᠮᠠᠷᠭᠤᠭᠠᠨ ᠥᠬᠡᠶ ᠳᠠᠩᠰᠠ ᠶᠢ ᠪᠦᠬᠦᠨ ᠢ | ᠴᠡᠪᠡᠷᠯᠡᠵᠣ᠂ ᠪᠥᠬᠦ ᠣᠷᠣᠨ ᠤ ᠴᠣᠷ ᠤᠨ ᠭᠠᠭᠴᠠ ᠲᠦᠭᠰᠢᠭᠦᠷᠢ ᠶᠢᠨ ᠲᠠᠰ ᠢ ᠤᠯᠠᠪᠤᠷ ᠥᠩᠭᠡ ᠠᠴᠠ ᠰᠢᠷ᠎ᠠ | ᠥᠩᠭᠡ ᠪᠣᠯᠭᠠᠨ ᠪᠠᠭᠤᠷᠠᠭᠤᠯᠤᠭᠰᠠᠨ ᠬᠤᠰᠢᠭᠤ ᠰᠢᠶᠠᠨ ᠪᠣᠯᠪᠠ᠃ ᠠᠷᠠᠳ ᠤᠨ ᠬᠤᠭᠤᠷᠣᠨᠳᠣᠬᠢ ᠮᠥᠩᠭᠦᠨ | ᠭᠦᠢᠯᠭᠡᠭᠡᠨ ᠤ ᠡᠮᠬᠢ ᠳᠢᠭᠯᠢᠮ ᠢ ᠶᠡᠬᠡᠪᠡᠷ ᠴᠡᠭᠴᠡᠯᠡᠨ ᠵᠠᠰᠠᠵᠤ᠂ ᠮᠠᠯᠵᠢᠬᠤ ᠣᠷᠣᠨ ᠤ ᠢᠷᠭᠡᠨ ᠤ ᠵᠢᠭᠡᠯᠡᠯᠭᠡ ᠶᠢᠨ | ᠡᠷᠥᠭᠡ ᠶᠢᠨ ᠲᠤᠭ᠎ᠠ ᠪᠠ ᠵᠣᠭᠤᠰᠣᠨ ᠤ ᠲᠤᠭ᠎ᠠ ᠶᠢ ᠲᠤᠰ ᠲᠤᠰ 91.5% ᠪᠠ 90.5% ᠪᠠᠷ ᠪᠠᠭᠤᠷᠠᠭᠤᠯᠪᠠ᠃ | | — — ᠳᠦᠷᠪᠡᠨ ᠵᠢᠯ ᠤᠨ ᠲᠤᠷᠰᠢ᠂ ᠪᠢᠳᠡ ᠰᠢᠨ᠎ᠡ ᠪᠠᠶᠢᠳᠠᠯ ᠳᠤ ᠵᠣᠬᠢᠴᠠᠨ᠂ ᠠᠰᠢᠭᠲᠠᠢ ᠲᠣᠬᠢᠶᠠᠯ ᠢ | ᠠᠮᠵᠢᠬᠤ ᠶᠢ ᠢᠮᠠᠭᠲᠠ ᠪᠠᠷᠢᠮᠲᠠᠯᠠᠨ᠂ ᠬᠦᠭᠵᠢᠯᠲᠡ ᠶᠢᠨ ᠠᠮᠵᠢᠯᠲᠠ ᠶᠢᠨ ᠬᠠᠭᠤᠳᠠᠰᠤ ᠶᠢ ᠲᠤᠰᠢᠶᠠᠪᠠ᠃ ᠠᠵᠤ | ᠦᠢᠯᠡᠰ ᠤᠨ ᠬᠦᠭᠵᠢᠯᠲᠡ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠭᠤᠷᠪᠠᠨ ᠠᠵᠤ | ᠦᠢᠯᠡᠰ ᠤᠨ ᠪᠦᠲᠦᠴᠡ ᠶᠢᠨ ᠬᠠᠷᠢᠴᠠᠯ ᠢ 32.6᠄ 33.7᠄ 33.7 ᠪᠣᠯᠭᠠᠨ ᠳᠣᠭᠢᠷᠠᠭᠤᠯᠪᠠ᠃ ᠠᠮᠢ ᠠᠬᠤᠢ ᠶᠢ | ᠲᠦᠷᠦᠭᠦᠨ ᠳᠤ ᠲᠠᠯᠪᠢᠵᠣ᠂ ᠪᠣᠬᠢᠷᠳᠣᠯ ᠦᠭᠡᠢ ᠬᠦᠭᠵᠢᠯᠲᠡ ᠪᠠᠷ ᠣᠳᠣᠷᠢᠳᠣᠮᠵᠢ ᠪᠣᠯᠭᠠᠭᠰᠠᠨ ᠬᠦᠭᠵᠢᠯᠲᠡ ᠶᠢᠨ | ᠰᠢᠨ᠎ᠡ ᠵᠠᠮ ᠢᠶᠠᠷ ᠵᠠᠮᠨᠠᠵᠣ᠂ ᠭᠠᠵᠠᠷ ᠣᠷᠣᠨ ᠤ ᠪᠠᠶᠢᠳᠠᠯ ᠳᠤ ᠪᠠᠨ ᠳᠣᠭᠢᠷᠠᠭᠤᠯᠤᠨ ︽ᠬᠤᠨᠢ ᠶᠢ ᠴᠦᠭᠡᠳᠬᠡᠵᠣ᠂ | ᠦᠬᠡᠷ ᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠭᠡᠷᠡᠭᠵᠢᠬᠦᠯᠵᠣ᠂ ︽3+2︾ ᠠᠵᠤ ᠦᠢᠯᠡᠰ ᠤᠨ | ᠬᠥᠭᠵᠢᠯᠲᠡ ᠶᠢᠨ ᠵᠠᠭᠪᠤᠷ ᠢᠶᠠᠷ ᠭᠤᠤᠯ ᠪᠣᠯᠭᠠᠭᠰᠠᠨ ᠮᠠᠯ ᠠᠵᠣ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢᠨ | ᠰᠢᠨ᠎ᠡ ᠵᠠᠭᠪᠤᠷ ᠢ ᠡᠭᠦᠳᠦᠨ᠂ ᠨᠡᠶᠢᠲᠡ 3.5 ᠲᠦᠮᠡᠨ ᠰᠠᠶᠢᠨ ᠡᠭᠦᠯᠳᠡᠷ ᠤᠨ ᠮᠢᠬᠠᠨ ᠦᠬᠡᠷ ᠢ ᠣᠷᠣᠭᠤᠯᠵᠣ᠂ 29 | ᠠᠶᠢᠮᠠᠭ ᠤᠨ ᠲᠠᠰ ᠤᠨ ᠰᠢᠯᠢᠳᠡᠭ ᠡᠭᠦᠯᠳᠡᠷ ᠤᠨ ᠮᠢᠬᠠᠨ ᠦᠬᠡᠷ ᠤᠨ ᠭᠤᠣᠯᠳᠠᠯᠭᠠᠲᠤ ᠰᠦᠷᠦᠭ ᠢ ᠪᠤᠶᠢᠵᠢᠭᠤᠯᠤᠨ᠂ | 10 ᠰᠢᠯᠢᠳᠡᠭ ᠡᠭᠦᠯᠳᠡᠷ ᠤᠨ ᠮᠢᠬᠠᠨ ᠦᠬᠡᠷ ᠲᠡᠵᠢᠭᠡᠨ ᠦᠷᠡᠵᠢᠬᠦᠯᠬᠦ ᠰᠠᠭᠤᠷᠢᠨ ᠭᠠᠵᠠᠷ᠂ ᠲᠦᠮᠡᠨ ᠮᠢᠬᠠᠨ ᠦᠬᠡᠷ | ᠢ ᠨᠢᠲᠤᠯᠵᠤ ᠡᠳ᠋ᠰᠢᠭᠦᠯᠵᠦ ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ᠂ ᠮᠠᠯᠵᠢᠯ ᠤᠨ ᠣᠨ ᠤ ᠦᠬᠡᠷ ᠤᠨ ᠲᠤᠭ᠎ᠠ | 17 ᠲᠦᠮᠡ ᠳᠤ ᠬᠦᠷᠴᠦ᠂ ᠵᠢᠯ ᠪᠦᠷᠢ ᠳᠣᠮᠳᠠᠴᠢ ᠪᠠᠷ 20% ᠪᠠᠷ ᠨᠡᠮᠡᠭᠳᠡᠨ᠂ ᠣᠬᠢ ᠰᠠᠶᠢᠨ ᠮᠢᠬᠠᠨ ᠦᠭᠡᠷ ᠢ | ᠳᠡᠵᠢᠭᠡᠨ ᠦᠷᠡᠵᠢᠬᠦᠯᠬᠦ ᠬᠡᠪᠴᠢᠶ᠎ᠡ ᠨᠢ ᠪᠦᠬᠦ ᠠᠶᠢᠮᠠᠭ ᠲᠤ ᠲᠦᠷᠦᠭᠦᠯᠡᠪᠡ᠃ ᠣᠷᠣᠨ ᠨᠣᠳᠤᠭ ᠤᠨ ᠰᠢᠯᠢᠳᠡᠭ | ᠡᠬᠦᠯᠳᠡᠷ ᠢ ᠳᠡᠵᠢᠭᠡᠨ ᠦᠷᠡᠵᠢᠬᠦᠯᠬᠦ ᠶᠢ ᠦᠷᠬᠦᠯᠵᠢᠯᠡᠨ ᠠᠬᠢᠭᠤᠯᠵᠣ᠂ ᠦᠷ᠎ᠡ ᠶᠢᠨ ᠮᠠᠯ ᠤᠨ ᠲᠠᠯᠠᠪᠠᠶ ᠶᠢ ᠲᠠᠰ | ᠳᠡᠪᠰᠢᠬᠦᠯᠬᠦ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ 280 ᠦᠵᠦᠮᠦᠴᠢᠨ ᠬᠤᠨᠢᠨ ᠤ ᠭᠤᠣᠯᠳᠠᠯᠭᠠᠲᠤ ᠰᠦᠷᠦᠭ | ᠢ ᠪᠠᠬᠢᠵᠢᠭᠦᠯᠵᠦ᠂ ᠪᠠᠷᠢᠮᠵᠢᠶᠠᠵᠢᠭᠰᠠᠨ ᠰᠦᠷᠦᠭ 2600 ᠰᠦᠷᠦᠭ ᠲᠤ ᠬᠦᠷᠴᠦ᠂ ᠪᠣᠲᠠ ᠪᠣᠭ ᠮᠠᠯ ᠤᠨ ᠡᠭᠦᠯᠳᠡᠷ | ᠰᠠᠶᠢᠵᠢᠷᠠᠭᠤᠯᠤᠭᠰᠠᠨ ᠪᠠ ᠰᠢᠯᠢᠳᠡᠭ ᠡᠭᠦᠯᠳᠡᠷ ᠤᠨ ᠡᠵᠡᠯᠡᠬᠦ ᠬᠠᠷᠢᠴᠠᠯ ᠲᠤᠰᠪᠦᠷᠢ 92.5% ᠪᠠ 99.9% ᠳᠤ | ᠬᠦᠷᠴᠦ᠂ ᠮᠠᠯᠵᠢᠯ ᠤᠨ ᠣᠨ ᠤ ᠬᠤᠨᠢᠨ ᠤ ᠲᠤᠭ᠎ᠠ 267 ᠲᠦᠮᠡ ᠳᠤ ᠬᠦᠷᠴᠦ᠂ ᠵᠢᠯ ᠪᠦᠷᠢ ᠳᠣᠮᠳᠠᠴᠢ ᠪᠠᠷ 4. | 3% ᠪᠠᠷ ᠪᠠᠭᠤᠷᠠᠨ᠂ ᠦᠵᠦᠮᠦᠴᠢᠨ ᠬᠤᠨᠢᠨ ᠤ ᠠᠮᠢ ᠠᠬᠤᠶ ᠶᠢᠨ ᠣᠭ ᠭᠠᠷᠤᠯᠲᠠ ᠶᠢᠨ ᠣᠷᠣᠨ ᠤ | ᠪᠦᠲᠦᠭᠡᠭᠳᠡᠬᠦᠨ ᠢ ᠬᠠᠮᠠᠭᠠᠯᠠᠬᠤ ᠲᠦᠷᠦᠯ ᠲᠡᠮᠳᠡᠭ ︵PEOP︶ ᠤᠨ ᠬᠢᠨᠠᠨ ᠦᠨᠡᠯᠡᠯᠲᠡ ᠳᠤ ᠵᠦᠪᠰᠢᠶᠡᠷᠡᠭᠳᠡᠵᠣ | ᠂ ᠦᠷ᠎ᠡ ᠶᠢᠨ ᠮᠠᠯ ᠤᠨ ᠲᠠᠯᠠᠪᠠᠶ ᠨᠢ ᠪᠥᠬᠦ ᠤᠯᠤᠰ ᠤᠨ ᠠᠩᠬᠠᠨ ᠤ ᠪᠦᠯᠦᠭ᠂ ᠥᠪᠥᠷ ᠮᠣᠩᠭᠤᠯ ᠤᠨ ᠠᠩᠬᠠᠳᠠᠭᠴᠢ | ︽ᠬᠤᠨᠢᠨ ᠤ ᠪᠷᠦ᠋ᠼᠧᠯ ᠡᠪᠡᠳᠴᠢᠨ ᠤ ᠬᠢᠵᠢᠭ ᠥᠬᠡᠶ ᠲᠣᠭᠤᠷᠢᠭ︾ ᠢᠶᠠᠷ ᠦᠨᠡᠯᠡᠭᠳᠡᠪᠡ᠃ ᠡᠪᠡᠰᠦ ᠪᠣᠷᠳᠤᠭ᠎ᠠ᠂ | ᠤᠯᠠᠮᠵᠢᠯᠠᠯᠲᠤ ᠴᠠᠭᠠᠨ ᠢᠳᠡᠭᠡ ᠪᠠ ᠠᠳᠤᠭᠤᠨ ᠤ ᠠᠵᠤ ᠦᠢᠯᠡᠰ ᠲᠡᠩᠴᠡᠭᠦᠷᠢᠲᠡᠶ ᠭᠦᠭᠵᠢᠵᠣ᠂ ᠦᠨᠳᠦᠰᠦᠲᠡᠨ ᠤ | ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ ᠡᠭᠦᠳᠦᠨ ᠦᠢᠯᠡᠰ ᠪᠣᠰᠬᠠᠬᠤ ᠲᠣᠭᠤᠷᠢᠭ ᠢ ᠪᠠᠶᠢᠭᠤᠯᠤᠨ᠂ ᠮᠣᠩᠭᠤᠯ | ᠠᠳᠤᠭᠤᠨ ᠤ ᠡᠭᠦᠯᠳᠡᠷ ᠢ ᠬᠠᠮᠠᠭᠠᠯᠠᠬᠤ ᠲᠠᠯᠠᠪᠠᠶ ᠶᠢ 1 ᠪᠠᠬᠢᠵᠢᠭᠦᠯᠵᠦ᠂ ᠰᠢᠷᠭ᠎ᠠ ᠠᠳᠤᠭᠤᠨ ᠤ ᠡᠭᠦᠯᠳᠡᠷ ᠢ | ᠰᠠᠶᠢᠵᠢᠷᠠᠭᠤᠯᠬᠤ ᠰᠠᠭᠤᠷᠢᠨ ᠭᠠᠵᠠᠷ ᠢ 3 ᠪᠠᠶᠢᠭᠤᠯᠤᠨ᠂ ︽ᠳᠤᠮᠳᠠᠳᠤ ᠤᠯᠤᠰ ᠤᠨ ᠰᠢᠷᠭ᠎ᠠ ᠠᠳᠤᠭᠤᠨ ᠤ ᠨᠤᠲᠤᠭ | ︾ ᠢᠶᠠᠷ ᠦᠨᠡᠯᠡᠭᠳᠡᠪᠡ᠃ ᠰᠢᠨᠵᠢᠯᠡᠭᠡ ᠮᠡᠷᠭᠡᠵᠢᠯ ᠢᠶᠠᠷ ᠮᠠᠯ ᠠᠵᠤ ᠠᠬᠤᠶ ᠶᠢ ᠬᠥᠭᠵᠢᠭᠦᠯᠬᠦ ᠶᠢ ᠶᠡᠬᠡᠪᠡᠷ ᠠᠬᠢᠭᠤᠯᠵᠤ᠂ | 64 ᠣᠶᠤᠨᠴᠢ ᠬᠡᠷ ᠪᠦᠯᠢ ᠶᠢᠨ ᠮᠠᠯᠵᠢᠯ ᠤᠨ ᠲᠠᠯᠠᠪᠠᠶ᠂ 11 ᠣᠳᠣᠬᠢᠴᠢᠯᠠᠭᠰᠠᠨ ᠳᠠᠭᠠᠭᠤᠯᠣᠭᠴᠢ ᠠᠵᠣ ᠠᠬᠤᠶᠢᠯᠠᠯ | ᠢ ᠪᠣᠶᠢᠵᠢᠭᠤᠯᠵᠣ᠂ ᠠᠶᠢᠮᠠᠭ ᠤᠨ ᠲᠠᠰ ᠤᠨ ᠠᠵᠤ ᠦᠢᠯᠡᠰᠵᠢᠭᠰᠡᠨ ᠬᠤᠯᠪᠣᠭᠠᠲᠤ ᠴᠣᠭᠴᠠ ᠶᠢ 1 ᠪᠠᠶᠢᠭᠤᠯᠵᠤ᠂ | ᠣᠶᠤᠨᠴᠢ ᠠᠮᠢ ᠠᠬᠤᠶ ᠶᠢᠨ ᠡᠭᠦᠯᠡᠨ ᠪᠣᠳᠤᠯᠲᠠ ᠶᠢᠨ ᠲᠠᠪᠴᠠᠩ ᠪᠠ ᠪᠥᠬᠦ ᠣᠷᠣᠨ ᠤ ᠠᠩᠬᠠᠳᠠᠭᠴᠢ ᠬᠤᠰᠢᠭᠤ | ᠲᠠᠰ ᠤᠨ ᠮᠣᠯᠧᠺᠦ᠋ᠯ ᠤᠨ ᠠᠮᠢᠳᠤ ᠪᠣᠳᠠᠰ ᠤᠨ ᠰᠤᠳᠤᠯᠤᠯ ᠤᠨ ᠲᠤᠷᠰᠢᠯᠲᠠ ᠶᠢᠨ ᠲᠠᠰᠤᠭ ᠢ ᠠᠰᠢᠭᠯᠠᠯᠲᠠ ᠳᠤ | ᠣᠷᠣᠭᠤᠯᠪᠠ᠃ ᠬᠤᠸ᠋ᠨᠨᠤᠳ ᠦᠩᠭᠡᠳᠣ ᠲᠡᠮᠦᠷᠯᠢᠭ ᠤᠨ ᠠᠭᠤᠷᠬᠠᠶ ᠶᠢᠨ ᠰᠤᠩᠭᠤᠨ ᠪᠤᠯᠪᠠᠰᠤᠷᠠᠭᠤᠯᠬᠤ ᠵᠡᠷᠭᠡ ᠨᠢᠭᠡ | ᠪᠦᠯᠦᠭ ᠭᠤᠤᠯᠳᠠᠯᠭ᠎ᠠ ᠲᠠᠢ ᠲᠥᠷᠥᠯ ᠵᠦᠢᠯ ᠢ ᠡᠬᠢᠯᠡᠬᠦᠯᠵᠣ᠂ ᠥᠩᠭᠡᠲᠦ ᠲᠡᠮᠦᠷᠯᠢᠭ ᠤᠨ ᠵᠢᠯ ᠤᠨ ᠦᠢᠯᠡᠳᠪᠦᠷᠢᠯᠡᠯ | ᠤᠨ ᠴᠢᠳᠠᠪᠬᠢ 360 ᠲᠦᠮᠡᠨ ᠲᠣᠨ᠂ ᠴᠢᠯᠠᠭᠤᠨ ᠲᠣᠰᠣᠨ ᠤ ᠦᠢᠯᠡᠳᠪᠦᠷᠢᠯᠡᠯ ᠤᠨ ᠴᠢᠳᠠᠪᠬᠢ 50 ᠲᠦᠮᠡᠨ | ᠲᠣᠨ᠂ ᠨᠠᠭᠦᠷᠡᠰᠣᠨ ᠤ ᠦᠢᠯᠡᠳᠪᠦᠷᠢᠯᠡᠯ ᠤᠨ ᠴᠢᠳᠠᠪᠬᠢ 240 ᠲᠦᠮᠡᠨ ᠲᠣᠨ᠂ ᠠᠮᠢᠳᠤ ᠮᠠᠯ ᠡᠳ᠋ᠰᠢᠭᠦᠯᠦᠨ | ᠪᠣᠯᠪᠠᠰᠤᠷᠠᠭᠤᠯᠬᠤ ᠴᠢᠳᠠᠪᠬᠢ 160 ᠲᠦᠮᠡᠨ ᠬᠤᠨᠢᠴᠢᠯᠠᠭᠰᠠᠨ ᠨᠢᠭᠡᠴᠡ ᠳᠤ ᠬᠦᠷᠴᠦ᠂ ᠪᠦᠬᠦ ᠬᠤᠰᠢᠭᠤᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 19 ᠪᠣᠯᠵᠣ᠂ ᠠᠵᠤ ᠦᠢᠯᠡᠳᠪᠦᠷᠢ | ᠶᠢᠨ ᠡᠳ᠋ ᠤᠨ ᠵᠠᠰᠠᠭ ᠭᠠᠶᠢᠯᠢ ᠳᠤ ᠬᠤᠪᠢ ᠨᠡᠮᠡᠷᠢᠯᠡᠭᠰᠡᠨ ᠨᠣᠷᠮ᠎ᠠ 80% ᠠᠴᠠ ᠳᠠᠪᠠᠪᠠ᠃ ᠪᠥᠬᠦ ᠬᠤᠰᠢᠭᠤᠨ ᠤ | ᠵᠢᠭᠤᠯᠴᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠨ᠂ ᠣᠯᠢᠶᠠᠰᠣᠳᠠᠢ ᠠᠭᠤᠯᠠᠨ ᠤ ᠵᠢᠭᠤᠯᠴᠢᠯᠠᠯ | ᠤᠨ ᠣᠷᠣᠨ ᠨᠢ ᠣᠯᠣᠰ ᠤᠨ 2A ᠳᠡᠰ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠣ᠂ ᠬᠦᠷᠢᠶᠡᠳᠣᠨᠠᠭᠤᠷ | ᠦᠷᠳᠡᠭᠡ ᠨᠢ ᠠᠶᠢᠮᠠᠭ ᠤᠨ ᠲᠦᠷᠪᠡᠨ ᠣᠳᠣᠨ ᠳᠡᠰ ᠤᠨ ᠦᠢᠯᠡᠴᠢᠯᠡᠭᠡᠨ ᠤ ᠦᠷᠳᠡᠭᠡ ᠪᠠᠷ ᠦᠨᠡᠯᠡᠭᠳᠡᠪᠡ᠃ ᠲᠢᠶᠠᠨ | ᠮᠤᠤ ᠠ ᠯᠢ ᠪᠠ ᠪᠠ ᠡᠯᠪᠡᠭ ᠬᠤᠷᠢᠶᠠᠯᠲᠠ ᠶᠢᠨ ᠬᠤᠳᠠᠯᠳᠤᠨ ᠠᠪᠬᠤ ᠨᠠᠶᠢᠷ · ᠦᠵᠦᠮᠦᠴᠢᠨ ᠬᠤᠨᠢᠨ ᠤ ᠨᠠᠶᠢᠷ᠂ | ᠠᠩᠬᠠᠳᠤᠭᠠᠷ ᠬᠤᠭᠤᠴᠠᠭᠠᠨ ᠤ ᠵᠠᠬ᠎ᠠ ᠶᠢᠨ ᠠᠷᠠᠯᠵᠢᠶᠠᠨ ᠤ ᠴᠤᠭᠯᠠᠭᠠᠨ ᠵᠢᠴᠢ ᠵᠡᠭᠦᠨ ᠬᠠᠳᠠᠪᠴᠢ ᠤᠯᠠᠨ ᠤᠯᠤᠰ ᠤᠨ | ᠲᠠᠸᠠᠷ ᠤᠨ ᠠᠷᠠᠯᠵᠢᠶᠠᠨ ᠤ ᠴᠤᠭᠯᠠᠭᠠᠨ ᠵᠡᠷᠭᠡ ᠰᠢᠷᠢᠰ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠡᠯᠧᠺᠲᠷᠣᠨ | ᠬᠤᠳᠠᠯᠳᠤᠭᠠᠨ ᠤ ᠶᠡᠷᠦᠩᠬᠡᠶᠢᠯᠡᠭᠰᠡᠨ ᠠᠵᠤ ᠦᠢᠯᠡᠰ ᠤᠨ ᠲᠣᠭᠤᠷᠢᠭ ᠨᠢ 2018 — 2019 ᠣᠨ ᠤ | ᠥᠪᠡᠷᠲᠡᠭᠡᠨ ᠵᠠᠰᠠᠬᠤ ᠣᠷᠣᠨ ᠤ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠢᠶᠠᠷ ᠰᠣᠩᠭᠤᠭᠳᠠᠵᠣ᠂ ᠰᠢᠨ᠎ᠡ ᠶᠢ ᠡᠭᠦᠳᠦᠨ ᠦᠢᠯᠡᠰ ᠪᠣᠰᠬᠠᠬᠤ ᠰᠠᠭᠤᠷᠢᠨ ᠭᠠᠵᠠᠷ ᠨᠢ | ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠪᠦᠯᠦᠭ ᠤᠨ ᠣᠴᠢᠯᠠᠨ ᠲᠦᠭᠡᠵᠦ ᠦᠢᠯᠡᠰ ᠪᠣᠰᠬᠠᠬᠤ ᠰᠠᠭᠤᠷᠢᠨ | ᠭᠠᠵᠠᠷ ᠢᠶᠠᠷ ᠦᠨᠡᠯᠡᠭᠳᠡᠪᠡ᠃ | — — ᠳᠦᠷᠪᠡᠨ ᠵᠢᠯ ᠤᠨ ᠲᠤᠷᠰᠢ᠂ ᠪᠢᠳᠡ ᠨᠢᠭᠡᠳᠦᠯᠲᠡᠢ ᠲᠦᠯᠦᠪᠵᠢᠬᠦᠯᠵᠣ᠂ ᠬᠤᠳᠠ ᠬᠥᠳᠡᠭᠡ ᠶᠢ | ᠨᠢᠭᠡ ᠴᠤᠭᠴᠠᠵᠢᠭᠤᠯᠬᠤ ᠶᠢ ᠢᠮᠠᠭᠲᠠ ᠪᠠᠷᠢᠮᠲᠠᠯᠠᠵᠤ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠠᠮᠵᠢᠯᠲᠠ ᠶᠢᠨ | ᠬᠠᠭᠤᠳᠠᠰᠤ ᠶᠢ ᠲᠤᠰᠢᠶᠠᠪᠠ᠃ ᠬᠤᠲᠠ ᠪᠠᠯᠭᠠᠰᠣᠨ ᠤ ᠰᠠᠭᠤᠷᠢ ᠲᠦᠬᠦᠭᠡᠷᠣᠮᠵᠢ ᠶᠢ ᠲᠠᠰ ᠳᠡᠪᠰᠢᠬᠦᠯᠬᠦ ᠶᠢ ᠶᠡᠬᠡᠪᠡᠷ | ᠠᠬᠢᠭᠤᠯᠵᠤ᠂ ᠨᠡᠶᠢᠲᠡ 21.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠂ 17 ᠬᠠᠭᠤᠴᠢᠨ ᠰᠠᠭᠤᠭᠠᠯᠢ | ᠠᠷᠠᠳ ᠤᠨ ᠲᠣᠭᠤᠷᠢᠭ᠂ 54 ᠺᠢᠯᠣᠮᠧᠲᠷ ᠬᠤᠲᠠ ᠶᠢᠨ ᠵᠠᠮ᠂ 35 ᠺᠢᠯᠣᠮᠧᠲᠷ ᠭᠠᠵᠠᠷ ᠳᠣᠣᠷᠠᠬᠢ ᠬᠤᠭᠤᠯᠠᠶ ᠶᠢ | ᠳᠡᠰ ᠳᠡᠪᠰᠢᠬᠦᠯᠵᠣ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠠ ᠬᠤᠶᠠᠳᠤᠭᠠᠷ ᠤᠰᠤᠨ ᠤ ᠦᠢᠯᠡᠳᠪᠦᠷᠢ ᠶᠢᠨ | ᠪᠠᠷᠢᠮᠵᠢᠶ᠎ᠠ ᠶᠢ ᠳᠡᠭᠡᠭᠰᠢᠯᠡᠭᠦᠯᠦᠨ ᠰᠠᠶᠢᠵᠢᠷᠠᠭᠤᠯᠤᠨ᠂ ᠤᠰᠤᠨ ᠤ ᠴᠢᠨᠠᠷ ᠢ ᠤᠯᠤᠰ ᠤᠨ ᠨᠢᠭᠡᠳᠦᠭᠡᠷ ᠳᠡᠰ ᠤᠨ A | ᠪᠠᠷᠢᠮᠵᠢᠶ᠎ᠠ ᠳᠤ ᠬᠦᠷᠭᠡᠵᠣ᠂ ᠹᠣᠰᠹᠣᠷ ᠪᠠ ᠠᠽᠣᠲ ᠤᠨ ᠪᠠᠷᠢᠮᠵᠢᠶ᠎ᠠ ᠠᠴᠠ ᠬᠡᠲᠦᠷᠡᠭᠰᠡᠨ ᠣᠯᠠᠨ ᠵᠢᠯ ᠤᠨ | ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠪᠡ᠃ ᠠᠮᠢᠳᠤᠷᠠᠯ ᠤᠨ ᠬᠤᠭ ᠨᠣᠪᠰᠢ ᠪᠠ ᠬᠤᠭᠤᠯᠠᠨ ᠬᠡᠷ ᠤᠨ ᠬᠤᠭ | ᠨᠣᠪᠰᠢ ᠶᠢ ᠰᠢᠢᠳᠪᠦᠷᠢᠯᠡᠬᠦ ᠦᠢᠯᠡᠳᠪᠦᠷᠢ᠂ ᠪᠠᠷᠢᠯᠭ᠎ᠠ ᠶᠢᠨ ᠬᠤᠭ ᠨᠣᠪᠰᠢ ᠪᠠ ᠨᠤᠨᠲᠠᠭ ᠨᠡᠭᠦᠷᠡᠰᠦᠨ ᠤ ᠦᠨᠡᠰᠦ | ᠪᠤᠯᠠᠬᠤ ᠭᠠᠵᠠᠷ ᠢ ᠰᠢᠨ᠎ᠡ ᠪᠠᠷ ᠪᠠᠶᠢᠭᠤᠯᠵᠤ᠂ ᠣᠯᠢᠶᠠᠰᠣᠳᠠᠢ ᠪᠠᠯᠭᠠᠰᠤᠨ ᠤ ᠬᠤᠭ ᠨᠣᠪᠰᠢ ᠶᠢ ᠮᠠᠰᠢᠨᠴᠢᠯᠠᠨ | ᠴᠡᠪᠡᠷᠯᠡᠬᠦ ᠨᠣᠷᠮ᠎ᠠ 84% ᠳᠤ ᠬᠦᠷᠴᠦ᠂ ᠪᠦᠬᠦ ᠠᠶᠢᠮᠠᠭ ᠲᠤ ᠲᠦᠷᠦᠭᠦᠯᠡᠨ ᠦᠢᠯᠡᠳᠪᠦᠷᠢᠯᠡᠯ ᠠᠮᠢᠳᠤᠷᠠᠯ ᠤᠨ | ᠬᠤᠭ ᠨᠣᠪᠰᠢ ᠶᠢ ᠠᠶᠠᠨᠳᠠᠭᠠᠨ ᠵᠠᠳᠠᠷᠠᠭᠤᠯᠬᠤ ᠠᠴᠠ ᠬᠤᠤᠷ ᠦᠭᠡᠶᠢᠳᠡᠬᠦᠯᠦᠨ᠂ ᠪᠣᠬᠢᠷᠲᠤᠯ ᠥᠬᠡᠶ ᠰᠢᠢᠳᠪᠦᠷᠢᠯᠡᠬᠦ | ᠪᠣᠯᠭᠠᠨ ᠬᠤᠪᠢᠷᠠᠭᠤᠯᠪᠠ᠃ ᠠᠷᠠᠳ ᠤᠨ ᠴᠡᠴᠡᠷᠯᠢᠭ᠂ ᠴᠡᠪᠡᠷᠵᠢᠭᠰᠡᠨ ᠣᠰᠤᠨ ᠤ ᠴᠡᠴᠡᠷᠯᠢᠭ ᠵᠡᠷᠭᠡ ᠨᠢᠭᠡ ᠪᠦᠯᠦᠭ | ᠤᠨᠴᠠᠯᠢᠬᠳᠤ ᠰᠡᠯᠡᠭᠦᠴᠡᠯ ᠭᠠᠵᠠᠷ ᠪᠠ ᠲᠦᠯᠦᠭᠡᠯᠡᠬᠦ ᠴᠢᠨᠠᠷᠲᠠᠶ ᠪᠠᠷᠢᠯᠭ᠎ᠠ ᠪᠠᠶᠢᠭᠤᠯᠵᠤ᠂ ᠨᠣᠭᠤᠭᠠᠷᠠᠭᠤᠯᠣᠯᠲᠠ ᠶᠢᠨ | ᠪᠦᠷᠬᠦᠴᠡ᠂ ᠬᠤᠲᠠ ᠪᠠᠯᠭᠠᠰᠤ ᠶᠢᠨ ᠨᠣᠭᠤᠭᠠᠷᠠᠭᠤᠯᠣᠭᠰᠠᠨ ᠨᠣᠷᠮ᠎ᠠ᠂ ᠬᠥᠮᠦᠨ ᠪᠦᠷᠢ ᠶᠢᠨ ᠳᠤᠮᠳᠠᠴᠢ | ᠴᠡᠴᠡᠷᠯᠢᠭ ᠤᠨ ᠨᠣᠭᠤᠭᠠᠷᠠᠭᠤᠯᠣᠯᠲᠠ ᠶᠢᠨ ᠲᠠᠯᠠᠪᠠᠶ ᠲᠣᠰ ᠲᠣᠰ 31.07%᠂ 32% ᠪᠠ 31.53 ᠲᠡᠭᠰᠢ | ᠳᠥᠷᠪᠡᠯᠵᠢᠨ ᠮᠧᠲᠷ ᠲᠤ ᠬᠦᠷᠴᠦ᠂ ᠬᠤᠲᠠ ᠪᠠᠯᠭᠠᠰᠤᠵᠢᠯᠲᠠ ᠶᠢᠨ ᠨᠣᠷᠮ᠎ᠠ 67.61% ᠳᠤ ᠬᠦᠷᠴᠦ᠂ ︽ | ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ︾ ᠶᠢᠨ ᠳᠠᠬᠢᠨ ᠬᠢᠨᠠᠯᠲᠠ ᠶᠢ ᠠᠮᠵᠢᠯᠳᠠ ᠲᠠᠢ ᠥᠩᠭᠡᠷᠡᠭᠡᠨ᠂ | ᠲᠠᠪᠤᠳᠤᠭᠠᠷ ᠬᠤᠭᠤᠴᠠᠭᠠᠨ ᠤ ︽ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ︾ ᠶᠢᠨ ᠢᠷᠠᠭᠤ ᠠᠯᠳᠠᠷ ᠢ | ᠭᠥᠷᠳᠡᠪᠡ᠃ ᠮᠠᠯᠵᠢᠬᠤ ᠣᠷᠣᠨ ᠤ ᠰᠠᠭᠤᠷᠢ ᠲᠦᠬᠦᠭᠡᠷᠣᠮᠵᠢ ᠶᠢᠨ ᠢᠵᠢ ᠪᠦᠷᠢᠳᠦᠭᠦᠯᠬᠦ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ 340 ᠬᠤᠳᠳᠤᠭ ᠰᠢᠨ᠎ᠡ ᠪᠠᠷ ᠮᠠᠯᠳᠠᠵᠣ᠂ 8860 ᠢᠵᠢ ᠠᠮᠢᠳᠣᠷᠠᠯ ᠤᠨ | ᠬᠡᠷᠡᠭᠯᠡᠭᠡᠨ ᠤ ᠤᠰᠤ ᠴᠡᠪᠡᠷᠰᠢᠬᠦᠯᠬᠦ ᠲᠥᠬᠦᠭᠡᠷᠦᠮᠵᠢ ᠶᠢ ᠤᠭᠰᠠᠷᠠᠨ᠂ 454 ᠺᠢᠯᠦᠮᠧᠲᠷ ᠴᠠᠬᠢᠯᠭᠠᠨ ᠣᠳᠠᠰᠣ | ᠲᠠᠲᠠᠵᠤ᠂ 2090 ᠡᠷᠥᠭᠡ ᠶᠢᠨ ᠵᠣᠷᠯᠣᠩ ᠢ ᠥᠭᠡᠷᠡᠴᠢᠯᠡᠨ᠂ ᠮᠠᠯ ᠳᠡᠵᠢᠭᠡᠪᠣᠷᠢ ᠶᠢᠨ ᠢᠯᠭᠠᠳᠠᠰᠣ ᠶᠢ ᠡᠬᠢ | ᠪᠠᠶᠠᠯᠢᠭᠵᠢᠭᠤᠯᠤᠨ ᠠᠰᠢᠭᠯᠠᠬᠤ ᠨᠤᠷᠮ᠎ᠠ 76% ᠳᠤ ᠬᠦᠷᠪᠡ᠃ ︽ᠣᠶᠣᠨᠴᠢ ᠷᠠᠳᠢᠣ᠋ ᠨᠡᠪᠳᠡᠷᠡᠬᠦᠯᠬᠡ︾ ᠶᠢ | ᠭᠠᠴᠠᠭᠠᠨ ᠳᠤ ᠬᠦᠷᠭᠡᠬᠦ ᠪᠠ ᠡᠷᠦᠬᠡ ᠳᠤ ᠣᠷᠣᠭᠤᠯᠬᠤ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠰᠤᠮᠤ ᠪᠠᠯᠭᠠᠰᠣᠨ | ᠤ ᠪᠠᠶᠢᠭ᠎ᠠ ᠭᠠᠵᠠᠷ ᠤᠨ ᠰᠢᠯᠵᠢᠮᠡᠯ ᠬᠤᠯᠪᠣᠭ᠎ᠠ ᠶᠢᠨ ᠪᠦᠷᠬᠦᠴᠡ 100% ᠳᠤ ᠬᠦᠷᠪᠡ᠃ ᠬᠢᠯᠢ ᠶᠢᠨ ᠳᠣᠲᠣᠷᠠᠬᠢ | ᠤᠯᠤᠰ᠂ ᠮᠤᠵᠢ ᠶᠢᠨ ᠳᠡᠰ ᠤᠨ ᠵᠠᠰᠠᠮᠠᠯ ᠵᠠᠮ ᠪᠠ ᠬᠥᠳᠡᠭᠡ ᠲᠣᠰᠬᠤᠨ ᠤ ᠵᠠᠰᠠᠮᠠᠯ ᠵᠠᠮ ᠤᠨ ᠪᠠᠶᠢᠭᠤᠯᠤᠯᠲᠠ ᠶᠢ | ᠶᠡᠬᠡᠪᠡᠷ ᠠᠬᠢᠭᠤᠯᠵᠤ᠂ 331ᠤᠯᠤᠰ ᠤᠨ ᠳᠡᠰ ᠤᠨ ᠵᠠᠰᠠᠮᠠᠯ ᠵᠠᠮ ᠤᠨ ᠤᠯᠢᠶᠠᠰᠤᠲᠠᠶ ᠠᠴᠠ ᠡᠵᠢ ᠨᠠᠭᠤᠷ ᠬᠦᠷᠬᠦ | ᠬᠡᠰᠡᠭ ᠲᠡᠷᠭᠡ ᠨᠡᠪᠳᠡᠷᠡᠵᠣ᠂ ᠪᠤᠭᠳᠠᠠᠭᠤᠯᠠ ᠠᠴᠠ ᠠᠷᠤ ᠨᠠᠭᠤᠷ ᠤᠨ ᠪᠦᠳᠦᠭᠦᠨ ᠬᠦᠷᠬᠦ ᠬᠡᠰᠡᠭ᠂ 306 | ᠤᠯᠤᠰ ᠤᠨ ᠳᠡᠰ ᠤᠨ ᠵᠠᠰᠠᠮᠠᠯ ᠵᠠᠮ ᠤᠨ ᠤᠯᠢᠶᠠᠰᠤᠲᠠᠶ ᠠᠴᠠ ᠵᠡᠭᠦᠨ ᠬᠠᠲᠠᠪᠴᠢ ᠬᠦᠷᠬᠦ ᠬᠡᠰᠡᠭ᠂ ᠠᠯᠲᠠᠨᠬᠢᠯᠢ ᠠᠴᠠ | ᠥᠯᠵᠡᠶᠢᠲᠦ ᠣᠪᠣᠭ᠎ᠠ ᠬᠥᠷᠬᠦ ᠬᠡᠰᠡᠭ ᠤᠨ ᠬᠢᠯᠢ ᠶᠢᠨ ᠬᠠᠮᠠᠭᠠᠯᠠᠯᠲᠠ ᠶᠢᠨ ᠵᠠᠰᠠᠮᠠᠯ ᠵᠠᠮ ᠢ ᠠᠰᠢᠭᠯᠠᠯᠲᠠ ᠳᠤ | ᠣᠷᠣᠭᠤᠯᠵᠣ᠂ ᠭᠠᠴᠠᠭᠠᠨ ᠳᠤ ᠨᠡᠪᠲᠡᠷᠡᠬᠦ ᠵᠠᠮ ᠢ ᠪᠦᠬᠦᠨ ᠢ ᠬᠠᠳᠠᠭᠤᠷᠠᠭᠤᠯᠵᠣ᠂ ᠪᠥᠬᠦ ᠬᠤᠰᠢᠭᠤᠨ ᠤ ᠵᠠᠰᠠᠮᠠᠯ | ᠵᠠᠮ ᠤᠨ ᠪᠥᠬᠦ ᠣᠷᠳᠣ 2708 ᠺᠢᠯᠣᠮᠧᠲᠷ ᠲᠤ ᠬᠦᠷᠴᠦ᠂ ᠠᠷᠠᠳ ᠤᠨ ᠬᠡᠷᠡᠭᠯᠡᠭᠡᠨ ᠤ ᠲᠡᠭᠡᠭᠡᠪᠦᠷᠢ ᠶᠢᠨ | ᠨᠢᠰᠬᠡᠯ ᠤᠨ ᠲᠠᠯᠠᠪᠣᠷ ᠢ ᠪᠥᠬᠦ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠤ | ᠣᠷᠣᠭᠤᠯᠤᠨ᠂ ᠬᠤᠳᠠ ᠬᠦᠳᠡᠭᠡ ᠶᠢᠨ ᠵᠠᠮ ᠬᠠᠷᠢᠯᠴᠠᠭ᠎ᠠ ᠳᠠᠰᠣᠷᠠᠯᠳᠠ ᠦᠭᠡᠢ ᠳᠡᠬᠦᠯᠳᠡᠷᠵᠢᠪᠡ᠃ | — — ᠳᠦᠷᠪᠡᠨ ᠵᠢᠯ ᠤᠨ ᠲᠤᠷᠰᠢ᠂ ᠪᠢᠳᠡ ᠰᠢᠨᠵᠢᠯᠡᠬᠦ ᠣᠬᠠᠭᠠᠨᠴᠢ ᠪᠠᠷ ᠲᠦᠯᠦᠪᠵᠢᠬᠦᠯᠵᠣ᠂ ᠪᠦᠬᠦ | ᠲᠠᠯ᠎ᠠ ᠪᠠᠷ ᠬᠠᠮᠠᠭᠠᠯᠠᠨ᠂ ᠠᠮᠢ ᠠᠬᠤᠢ ᠶᠢ ᠬᠠᠮᠠᠭᠠᠯᠠᠬᠤ ᠠᠮᠵᠢᠯᠲᠠ ᠶᠢᠨ ᠬᠠᠭᠤᠳᠠᠰᠤ ᠶᠢ ᠲᠤᠰᠢᠶᠠᠪᠠ᠃ ᠰᠢ ᠶᠢᠨ | ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠠᠮᠢ ᠠᠬᠤᠶ ᠶᠢᠨ | ᠣᠷᠴᠢᠨ ᠲᠣᠭᠤᠷᠢᠨ ᠢ ᠬᠤᠬᠢᠷᠠᠭᠤᠯᠪᠠᠯ ᠬᠠᠷᠢᠭᠤᠴᠠᠯᠭ᠎ᠠ ᠨᠡᠬᠡᠮᠵᠢᠯᠡᠬᠦ᠂ ᠠᠵᠤ ᠦᠢᠯᠡᠰ ᠤᠨ ᠵᠦᠪᠰᠢᠶᠡᠷᠡᠯ ᠤᠨ | ᠨᠠᠵᠠᠭᠠᠶ ᠲᠠᠯ᠎ᠠ ᠶᠢᠨ ᠨᠠᠷᠢᠨ ᠳᠠᠩᠰᠠ ᠵᠡᠷᠭᠡ ᠠᠯᠢ ᠤᠯᠠᠨ ᠲᠥᠷᠢᠮ ᠲᠣᠭᠳᠠᠭᠠᠯ ᠢ ᠲᠣᠭᠳᠠᠭᠠᠨ ᠲᠡᠭᠦᠯᠳᠡᠷᠵᠢᠭᠦᠯᠵᠦ᠂ | ᠨᠤᠲᠤᠭ ᠪᠡᠯᠴᠢᠭᠡᠷ ᠤᠨ ᠠᠮᠢ ᠠᠬᠤᠶ ᠶᠢᠨ ᠨᠦᠬᠦᠪᠦᠷᠢ ᠱᠠᠩᠨᠠᠯ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ᠂ | ᠪᠡᠯᠴᠢᠭᠡᠷᠯᠡᠭᠦᠯᠬᠦ ᠶᠢ ᠵᠣᠭᠰᠣᠭᠠᠬᠤ᠂ ᠰᠡᠯᠬᠦᠨ ᠮᠠᠯᠵᠢᠬᠤ ᠵᠡᠷᠭᠡ ᠲᠦᠷᠢᠮ ᠲᠣᠭᠳᠠᠭᠠᠯ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠤᠨ᠂ ᠠᠮᠢ ᠠᠬᠤᠶ ᠶᠢᠨ ᠨᠦᠬᠦᠪᠦᠷᠢ ᠱᠠᠩᠨᠠᠯ ᠤᠨ ᠮᠥᠩᠭᠦ ᠶᠢ ᠨᠡᠶᠢᠲᠡ 6.08 ᠳ᠋ᠦᠩᠰᠢᠭᠤᠷ | ᠲᠥᠭᠦᠷᠢᠭ ᠲᠠᠷᠬᠠᠭᠠᠵᠤ᠂ 9560 ᠮᠠᠯᠵᠢᠬᠤ ᠡᠷᠦᠬᠡ ᠳᠤ ᠠᠰᠢᠭ ᠬᠥᠷᠲᠡᠭᠡᠨ᠂ ᠮᠠᠯᠴᠢᠳ ᠤᠨ ᠬᠥᠮᠦᠨ | ᠳᠤᠮᠳᠠᠴᠢ ᠶᠢᠨ ᠵᠢᠯ ᠤᠨ ᠴᠡᠪᠡᠷ ᠣᠷᠣᠯᠭ᠎ᠠ ᠶᠢ 1.59 ᠲᠦᠮᠡᠨ ᠲᠥᠭᠦᠷᠢᠭ ᠨᠡᠮᠡᠭᠳᠡᠭᠦᠯᠵᠦ᠂ ᠪᠥᠬᠦ ᠬᠤᠰᠢᠭᠤᠨ ᠤ | ᠡᠪᠡᠰᠣ ᠪᠡᠯᠴᠢᠭᠡᠷ ᠤᠨ ᠲᠣᠮᠳᠠᠴᠢ ᠥᠨᠳᠥᠷ ᠤᠨ ᠬᠡᠮᠵᠢᠶ᠎ᠡ᠂ ᠪᠦᠷᠬᠦᠴᠡ ᠶᠢᠨ ᠬᠡᠮᠵᠢᠶ᠎ᠡ᠂ ᠣᠨᠠᠯᠲᠠ ᠶᠢᠨ ᠬᠡᠮᠵᠢᠶ᠎ᠡ ᠶᠢ | ᠲᠣᠰ ᠲᠣᠰ 2%᠂ 36%᠂ 103% ᠪᠠᠷ ᠳᠡᠭᠡᠭᠰᠢᠯᠡᠭᠦᠯᠪᠠ᠃ ︽ᠭᠤᠷᠪᠠᠨ ᠬᠤᠷᠢᠭ᠎ᠠ ᠱᠤᠭᠤᠮ᠂ ᠨᠢᠭᠡ | ᠨᠠᠷᠢᠨ ᠳᠠᠩᠰᠠ︾ ᠶᠢ ᠴᠢᠩᠭ᠎ᠠ ᠬᠡᠷᠡᠭᠵᠢᠭᠦᠯᠵᠦ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ︽ᠣᠷᠴᠢᠨ | ᠲᠣᠭᠤᠷᠢᠨ ᠤ ᠬᠠᠮᠠᠭᠠᠯᠠᠯᠲᠠ ᠶᠢᠨ ᠨᠢᠭᠡ ᠫᠢᠶᠣᠣ ᠪᠠᠷ ᠬᠦᠴᠦᠨ ᠦᠭᠡᠢ ᠪᠣᠯᠭᠠᠬᠤ ᠲᠦᠷᠢᠮ︾ ᠪᠠ ᠣᠷᠴᠢᠨ | ᠲᠣᠭᠤᠷᠢᠨ ᠤ ᠨᠦᠯᠦᠭᠡ ᠶᠢ ᠦᠨᠡᠯᠡᠬᠦ ᠲᠦᠷᠢᠮ ᠢ ᠡᠷᠡᠰ ᠨᠠᠶᠢᠳᠠᠪᠤᠷᠢᠵᠢᠭᠤᠯᠤᠨ᠂ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ᠂ ᠭᠠᠴᠠᠭᠠᠨ ᠤ ᠲᠥᠷᠥᠯ ᠬᠤᠪᠢᠶᠠᠨ ᠪᠠᠶᠢᠷᠢᠰᠢᠭᠤᠯᠬᠤ | ᠲᠥᠯᠥᠪᠵᠢᠭᠦᠯᠭᠡ ᠶᠢ ᠲᠣᠭᠳᠠᠭᠠᠬᠤ ᠪᠠ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ | ᠪᠠᠶᠢᠴᠠᠭᠠᠯᠲᠠ ᠶᠢ ᠡᠬᠢᠯᠡᠨ ᠬᠡᠷᠡᠭᠵᠢᠭᠦᠯᠵᠦ᠂ 3.05 ᠲᠦᠮᠡᠨ ᠲᠡᠭᠰᠢ ᠳᠥᠷᠪᠡᠯᠵᠢᠨ ᠺᠢᠯᠣᠮᠧᠲᠷ ᠠᠮᠢ ᠠᠬᠤᠶ ᠶᠢᠨ | ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠪᠥᠬᠦ ᠬᠤᠰᠢᠭᠤᠨ ᠤ ᠭᠠᠵᠠᠷ | ᠰᠢᠷᠣᠶ ᠶᠢᠨ ᠶᠡᠷᠦᠩᠬᠡᠶ ᠲᠠᠯᠠᠪᠠᠶ ᠶᠢᠨ 75.24% ᠶᠢ ᠡᠵᠡᠯᠡᠪᠡ᠃ ᠣᠶ ᠰᠢᠭᠤᠶ ᠶᠢᠨ ᠳᠠᠷᠤᠭ᠎ᠠ ᠶᠢᠨ ᠲᠦᠷᠢᠮ ᠪᠠ | ᠭᠤᠤᠯ ︵ᠨᠠᠭᠤᠷ︶ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ | ᠪᠣᠭᠳᠠᠠᠭᠤᠯᠠ ᠤᠯᠤᠰ ᠤᠨ ᠳᠡᠰ ᠤᠨ ᠣᠶ ᠰᠢᠭᠤᠶ ᠶᠢᠨ ᠴᠡᠴᠡᠷᠯᠢᠭ ᠤᠨ ᠶᠡᠷᠦᠩᠬᠡᠶ ᠲᠥᠯᠥᠪᠵᠢᠭᠦᠯᠭᠡ᠂ ᠭᠤᠤᠯ | ᠮᠦᠷᠡᠨ ᠨᠠᠭᠤᠷ ᠴᠦᠬᠦᠷᠦᠮ ᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ ᠶᠢ ᠲᠣᠭᠳᠠᠭᠠᠬᠤ ᠪᠠ ᠤᠯᠠᠭᠠᠶ ᠨᠤᠭᠤ | ᠭᠠᠵᠠᠷ ᠤᠨ ᠬᠠᠮᠠᠭᠠᠯᠠᠯᠲᠠ ᠶᠢᠨ ᠣᠷᠣᠨ ᠤ ᠵᠠᠭᠠᠭ ᠢ ᠲᠣᠭᠲᠠᠭᠠᠬᠤ᠂ ᠠᠭᠤᠷᠬᠠᠶ ᠬᠠᠶᠢᠬᠤ ᠡᠷᠬᠡ ᠶᠢ ᠦᠭᠡᠶᠢᠰᠬᠡᠬᠦ | ᠠᠵᠢᠯ ᠢ ᠪᠡᠶᠡᠯᠡᠬᠦᠯᠤᠨ᠂ ᠭᠤᠤᠯ ᠮᠥᠷᠡᠨ ᠤ ᠲᠣᠭᠤᠷᠢᠨ ᠪᠠᠶᠢᠴᠠᠭᠠᠯᠲᠠ ᠶᠢ ᠪᠠᠶᠢᠩᠭᠤᠵᠢᠭᠤᠯᠪᠠ᠃ ᠠᠮᠢ ᠠᠬᠤᠶ ᠶᠢᠨ | ᠬᠠᠮᠠᠭᠠᠯᠠᠯᠲᠠ ᠶᠢᠨ ᠡᠷᠴᠢᠮ ᠢ ᠪᠦᠬᠦ ᠲᠠᠯ᠎ᠠ ᠪᠠᠷ ᠴᠢᠩᠭᠠᠳᠬᠠᠵᠤ᠂ ᠠᠮᠢ ᠠᠬᠤᠶ ᠶᠢ ᠰᠡᠷᠭᠦᠭᠡᠬᠦ᠂ ᠡᠯᠡᠰᠦᠷᠬᠡᠭ | ᠭᠠᠵᠠᠷ ᠲᠤ ᠬᠤᠨᠢ ᠮᠠᠯᠵᠢᠬᠤ ᠶᠢ ᠴᠠᠭᠠᠵᠠᠯᠠᠨ᠂ ᠡᠯᠡᠰᠦᠨ ᠤ ᠡᠬᠢ ᠶᠢ ᠵᠠᠰᠠᠬᠤ᠂ ᠤᠯᠠᠭᠠᠶ ᠭᠤᠣᠯ ᠤᠨ ᠣᠷᠣᠰᠬᠠᠯ ᠢ | ᠰᠡᠷᠬᠦᠭᠡᠬᠦ ᠵᠡᠷᠭᠡ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠤᠯᠤᠰ᠂ | ᠥᠪᠡᠷᠲᠡᠭᠡᠨ ᠵᠠᠰᠠᠬᠤ ᠣᠷᠣᠨ ᠬᠤᠶᠠᠷ ᠱᠠᠲᠤᠨ ᠤ ᠠᠮᠢ ᠠᠬᠤᠶ ᠶᠢ ᠰᠡᠷᠭᠦᠭᠡᠬᠦ ᠲᠤᠷᠰᠢᠯᠲᠠ ᠶᠢᠨ ᠴᠡᠭ ᠤᠨ ᠲᠥᠷᠥᠯ | ᠵᠦᠢᠯ ᠢ 27.5 ᠲᠦᠮᠡᠨ ᠮᠥ ᠪᠡᠶᠡᠯᠡᠭᠦᠯᠤᠨ᠂ 144 ᠲᠦᠮᠡᠨ ᠮᠥ ᠡᠯᠡᠰᠦᠷᠬᠡᠭ ᠭᠠᠵᠠᠷ ᠢ ᠪᠦᠲᠦᠮᠵᠢᠲᠡᠶ ᠵᠠᠰᠠᠵᠤ᠂ | 119 ᠲᠦᠮᠡᠨ ᠮᠥ ᠣᠶᠢᠲᠤ ᠭᠠᠵᠠᠷ ᠪᠠ 900 ᠲᠦᠮᠡᠨ ᠮᠥ ᠨᠤᠭᠤ ᠭᠠᠵᠠᠷ ᠢ ᠪᠦᠲᠦᠮᠵᠢᠲᠡᠶ ᠬᠠᠮᠠᠭᠠᠯᠠᠨ᠂ | ᠳᠠᠭᠤᠳᠣᠨᠠᠭᠤᠷ᠂ ᠱᠣᠷᠣᠩ ᠤᠨ ᠨᠠᠭᠤᠷ ᠵᠡᠷᠭᠡ 13 ᠨᠠᠭᠤᠷ ᠴᠥᠭᠦᠷᠥᠮ ᠵᠢᠴᠢ ᠳᠣᠤᠷᠠᠳᠤ ᠤᠷᠤᠰᠬᠠᠯ ᠤᠨ ᠠᠮᠢ | ᠠᠬᠤᠶ ᠶᠢᠨ ᠰᠢᠰᠲ᠋ᠧᠮ ᠢ ᠣᠣᠯ ᠬᠡᠪ ᠲᠤᠨᠢ ᠰᠡᠷᠬᠦᠬᠡᠪᠡ᠃ | — — ᠳᠦᠷᠪᠡᠨ ᠵᠢᠯ ᠤᠨ ᠲᠤᠷᠰᠢ᠂ ᠪᠢᠳᠡ ᠬᠠᠮᠲᠤᠪᠠᠷ ᠪᠠᠶᠢᠭᠤᠯᠤᠨ ᠬᠠᠮᠲᠤᠪᠠᠷ ᠡᠳ᠋ᠯᠡᠵᠣ᠂ ᠨᠡᠶᠢᠳᠡᠮ | ᠠᠰᠢᠭ ᠬᠦᠷᠳᠡᠭᠡᠬᠦ ᠶᠢ ᠢᠮᠠᠭᠲᠠ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠠᠮᠵᠢᠯᠲᠠ ᠶᠢᠨ ᠬᠠᠭᠤᠳᠠᠰᠤ ᠶᠢ | ᠲᠤᠰᠢᠶᠠᠪᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ᠂ ᠨᠡᠶᠢᠭᠡᠮ ᠤᠨ ᠠᠵᠢᠯ | ᠦᠢᠯᠡᠰ ᠲᠤ ᠬᠡᠷᠡᠭᠯᠡᠭᠰᠡᠨ ᠵᠠᠷᠤᠯᠭ᠎ᠠ ᠨᠡᠶᠢᠳᠡ 49.3 ᠳ᠋ᠦᠩᠰᠢᠭᠤᠷ ᠲᠥᠭᠦᠷᠢᠭ ᠲᠤ ᠬᠦᠷᠴᠦ᠂ ᠤᠯᠠᠨ ᠨᠡᠶᠢᠲᠡ ᠶᠢᠨ | ᠲᠥᠰᠦᠪ ᠤᠨ ᠵᠠᠷᠤᠯᠭ᠎ᠠ ᠶᠢᠨ 66% ᠶᠢ ᠡᠵᠡᠯᠡᠪᠡ᠃ ᠠᠵᠢᠯ ᠣᠯᠭᠤᠯᠲᠠ ᠶᠢ ᠲᠣᠭᠳᠠᠪᠣᠷᠢᠵᠢᠭᠤᠯᠬᠤ ᠶᠢ | ᠲᠦᠷᠦᠬᠦᠨ ᠳᠤ ᠳᠠᠯᠪᠢᠬᠤ ᠶᠢ ᠪᠠᠷᠢᠮᠲᠠᠯᠠᠨ᠂ ᠦᠢᠯᠡᠰ ᠪᠣᠰᠬᠠᠬᠤ ᠳᠠᠭᠠᠭᠠᠯᠲᠠᠳᠤ ᠵᠢᠭᠡᠯᠡᠯᠭᠡ ᠶᠢ 6784 ᠲᠦᠮᠡᠨ | ᠲᠥᠭᠦᠷᠢᠭ ᠲᠠᠷᠬᠠᠭᠠᠵᠣ᠂ 5314 ᠬᠥᠮᠦᠨ ᠢ ᠲᠤᠭᠲᠠᠭᠤᠨ ᠢᠶᠠᠷ ᠠᠵᠢᠯ ᠣᠯᠭᠤᠨ᠂ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠭᠰᠠᠨ ᠨᠣᠷᠮ᠎ᠠ ᠶᠢ 3.6% ᠶᠢᠨ ᠳᠣᠲᠣᠷ᠎ᠠ ᠬᠢᠵᠠᠭᠠᠷᠯᠠᠪᠠ᠃ ᠨᠡᠶᠢᠭᠡᠮ ᠤᠨ | ᠪᠠᠳᠣᠯᠠᠭ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠬᠤᠲᠠ ᠪᠠᠯᠭᠠᠰᠤ᠂ ᠮᠠᠯᠵᠢᠬᠤ ᠣᠷᠣᠨ ᠤ ᠰᠠᠭᠤᠭᠠᠯᠢ | ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ ︽ᠭᠤᠷᠪᠠ ᠥᠬᠡᠶ︾ ᠬᠥᠮᠦᠰ᠂ ︽ᠲᠠᠪᠤᠨ | ᠪᠠᠲᠣᠯᠠᠭᠠᠲᠤ︾ ᠬᠥᠮᠦᠰ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠭᠲᠠᠭᠤᠨ ᠢᠶᠠᠷ | ᠳᠡᠭᠡᠭᠰᠢᠯᠡᠬᠦᠯᠪᠡ᠃ ᠰᠤᠷᠭᠠᠨ ᠬᠥᠮᠦᠵᠢᠯ ᠤᠨ ᠦᠢᠯᠡᠰ ᠡᠷᠡᠭᠦᠯ ᠢᠶᠠᠷ ᠬᠥᠭᠵᠢᠵᠦ᠂ ᠥᠪᠥᠷ ᠮᠣᠩᠭᠤᠯ ᠤᠨ | ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠲᠠᠢ ᠬᠤᠯᠪᠣᠭᠠᠲᠤ ᠰᠤᠷᠭᠠᠭᠤᠯᠢ | ᠪᠠᠶᠢᠭᠤᠯᠵᠤ᠂ ᠤᠯᠢᠶᠠᠰᠤᠲᠠᠶ ᠬᠡᠤᠬᠡᠳ ᠤᠨ ᠴᠡᠴᠡᠷᠯᠢᠭ ᠤᠨ ᠭᠤᠤᠯ ᠴᠣᠭᠴᠠ ᠶᠢᠨ ᠪᠠᠷᠢᠯᠭ᠎ᠠ ᠳᠠᠭᠤᠰᠬᠤ ᠶᠢ | ᠠᠬᠢᠭᠤᠯᠤᠨ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠵᠥᠭᠡᠯᠡᠨ ᠬᠠᠲᠠᠭᠤ ᠲᠣᠨᠤᠭ ᠢ | ᠪᠥᠬᠦ ᠲᠠᠯ᠎ᠠ ᠪᠠᠷ ᠲᠠᠰ ᠳᠡᠪᠰᠢᠭᠦᠯᠵᠣ᠂ ᠬᠠᠪᠢ ᠶᠢᠨ ᠰᠣᠷᠭᠠᠭᠤᠯᠢ ᠳᠤ ᠰᠠᠭᠤᠯᠭᠠᠬᠤ ᠶᠢ ᠪᠡᠶᠡᠯᠡᠬᠦᠯᠪᠡ᠃ ᠬᠤᠶᠠᠷ | ᠡᠭᠡᠯᠵᠢ ᠶᠢᠨ ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ | ᠪᠡᠶᠡᠯᠡᠭᠦᠯᠵᠦ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ᠂ ᠵᠡᠮᠳᠡᠭ | ᠬᠡᠤᠬᠡᠳ ᠤᠨ ᠰᠤᠷᠭᠠᠭᠤᠯᠢ ᠳᠤ ᠣᠷᠣᠭᠰᠠᠨ ᠨᠣᠷᠮ᠎ᠠ ᠪᠠ ᠶᠡᠭᠡ ᠰᠣᠷᠭᠠᠭᠤᠯᠢ ᠳᠤ ᠤᠷᠤᠭᠰᠠᠨ ᠨᠣᠷᠮ᠎ᠠ ᠴᠥᠮ | 100% ᠳᠤ ᠬᠦᠷᠴᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠳᠣᠨ ᠤ ᠰᠤᠷᠭᠠᠭᠤᠯᠢ ᠳᠤ | ᠰᠠᠭᠤᠭᠰᠠᠨ ᠨᠣᠷᠮ᠎ᠠ 97% ᠳᠤ ᠬᠦᠷᠴᠦ᠂ ᠥᠨᠳᠥᠷ ᠳᠤᠮᠳᠠᠳᠤ ᠳᠤ ᠳᠠᠪᠰᠢᠬᠤ ᠰᠢᠯᠭᠠᠯᠲᠠ ᠳᠤ ᠨᠠᠷᠠᠲᠤ | ᠰᠤᠷᠭᠠᠭᠤᠯᠢ ᠳᠤ ᠡᠯᠰᠡᠭᠳᠡᠭᠰᠡᠨ ᠨᠣᠷᠮ᠎ᠠ ᠪᠥᠬᠦ ᠠᠶᠢᠮᠠᠭ ᠲᠤ ᠲᠡᠷᠢᠬᠦᠯᠡᠨ᠂ ᠰᠤᠷᠭᠠᠭᠤᠯᠢ ᠶᠢᠨ ᠬᠦᠷᠢᠶᠡᠨ ᠤ ᠬᠥᠯ | ᠪᠥᠮᠪᠦᠭᠡ ᠶᠢᠨ ᠥᠭᠡᠷᠡᠴᠢᠯᠡᠯᠲᠡ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃ ︽ᠡᠷᠡᠬᠦᠯ ᠡᠩᠭᠡ ᠵᠡᠬᠦᠨ | ᠦᠵᠦᠮᠦᠴᠢᠨ︾ ᠤ ᠪᠠᠶᠢᠭᠤᠯᠣᠯᠲᠠ ᠶᠢ ᠬᠦᠨᠵᠡᠭᠡᠢ ᠠᠬᠢᠭᠤᠯᠵᠣ᠂ ᠡᠮ ᠡᠮᠨᠡᠯᠭᠡ ᠡᠷᠡᠬᠦᠯ ᠬᠠᠮᠠᠭᠠᠯᠠᠯ ᠤᠨ | ᠳᠣᠭᠳᠠᠴᠠ ᠶᠢᠨ ᠦᠭᠡᠷᠡᠴᠢᠯᠡᠯᠲᠡ ᠶᠢ ᠬᠦᠨᠵᠡᠭᠡᠶᠢᠷᠡᠬᠦᠯᠤᠨ᠂ ᠰᠢᠯᠢ ᠶᠢᠨ ᠭᠤᠣᠯ ᠠᠶᠢᠮᠠᠭ ᠤᠨ ᠲᠦᠪ ᠡᠮᠨᠡᠯᠭᠡ ᠶᠢᠨ | ᠬᠤᠷᠢᠶ᠎ᠠ ᠲᠠᠢ ᠵᠣᠬᠢᠴᠠᠩᠭᠤᠢ ᠬᠦᠭᠵᠢᠬᠦᠯᠬᠦ ᠪᠠᠶᠢᠯᠳᠣᠬᠤ ᠪᠣᠳᠣᠯᠭ᠎ᠠ ᠶᠢᠨ ᠬᠤᠯᠪᠣᠭᠠᠳᠣ ᠡᠮᠨᠡᠯᠭᠡ ᠶᠢᠨ ᠬᠤᠷᠢᠶ᠎ᠠ | ᠪᠠᠶᠢᠭᠤᠯᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠣᠮᠵᠢ ᠶᠢᠨ ᠰᠠᠭᠤᠷᠢ ᠲᠦᠭᠦᠭᠡᠷᠣᠮᠵᠢ ᠶᠢ ᠢᠵᠢ | ᠪᠦᠷᠢᠳᠦᠭᠦᠯᠬᠦ ᠢᠨᠵᠧᠨᠧᠷᠢᠩ ᠢ ᠡᠬᠢᠯᠡᠨ ᠭᠡᠷᠡᠭᠵᠢᠬᠦᠯᠵᠣ᠂ ᠮᠣᠩᠭᠤᠯ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ | ᠡᠷᠡᠭᠦᠯᠵᠢᠯ ᠤᠨ ᠬᠤᠷᠢᠶ᠎ᠠ ᠶᠢ ᠠᠰᠢᠭᠯᠠᠯᠲᠠ ᠳᠤ ᠣᠷᠣᠭᠤᠯᠤᠨ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ | ᠬᠤᠷᠢᠶ᠎ᠠ ᠶᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠪᠦᠬᠦᠨ ᠢ ᠳᠠᠭᠤᠰᠬᠠᠵᠤ᠂ ᠠᠶᠠᠨ ᠨᠠᠰᠤᠲᠠᠶᠢᠴᠣᠳ ᠢ | ᠠᠰᠠᠷᠠᠬᠤ ᠬᠦᠷᠢᠶᠡᠯᠡᠩ ᠢ ᠠᠰᠢᠭᠯᠠᠯᠲᠠ ᠳᠤ ᠣᠷᠣᠭᠤᠯᠤᠨ᠂ ᠪᠦᠬᠦ ᠠᠶᠢᠮᠠᠭ ᠤᠨ ᠲᠡᠷᠢᠬᠦᠨ ᠤ ᠶᠡᠷᠣᠩᠭᠡᠶᠢᠯᠡᠭᠰᠡᠨ | ᠴᠢᠨᠠᠷᠳᠠᠢ ᠨᠠᠰᠣᠳᠠᠶᠢᠴᠣᠳ ᠢ ᠠᠰᠠᠷᠠᠬᠤ ᠬᠦᠷᠢᠶᠡᠯᠡᠩ ᠢ ᠡᠬᠦᠳᠴᠣ᠂ ᠥᠪᠡᠷᠲᠡᠭᠡᠨ ᠵᠠᠰᠠᠬᠤ ᠣᠷᠣᠨ ᠤ ︽ᠡᠷᠡᠭᠦᠯ | ᠮᠡᠨᠳᠦ ᠶᠢ ᠠᠬᠢᠭᠤᠯᠬᠤ ᠬᠤᠰᠢᠭᠤ︾ ᠪᠠ ︽ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠳᠦᠷᠢᠮᠵᠢᠬᠦᠯᠦᠨ | ᠠᠷᠭᠠᠴᠠᠬᠤ ᠬᠤᠰᠢᠭᠤ︾ ᠪᠠᠷ ᠦᠨᠡᠯᠡᠭᠳᠡᠪᠡ᠃ ᠬᠤᠰᠢᠭᠤ ᠳᠠᠶᠠᠭᠠᠷ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠪᠠ ᠬᠤᠯᠤᠭᠠᠨ᠎ᠠ ᠶᠢᠨ ᠬᠢᠵᠢᠭ ᠢ ᠵᠡᠷᠭᠡᠪᠡᠷ ᠰᠡᠷᠭᠡᠶᠢᠯᠡᠨ᠂ ᠬᠢᠵᠢᠭ ᠢ ᠰᠡᠷᠭᠡᠶᠢᠯᠡᠬᠦ ᠶᠢ | ᠪᠠᠶᠢᠩᠭᠤᠵᠢᠭᠤᠯᠵᠣ᠂ ᠬᠢᠵᠢᠭ ᠲᠠᠢ ᠲᠡᠮᠡᠴᠡᠭᠰᠡᠨ ᠦᠷ᠎ᠡ ᠪᠦᠳᠦᠭᠡᠯ ᠢ ᠦᠷᠭᠦᠯᠵᠢᠯᠡᠨ ᠪᠠᠬᠢᠵᠢᠬᠦᠯᠪᠡ᠃ ᠰᠣᠶᠣᠯ | ᠪᠡᠶ᠎ᠡ ᠲᠠᠮᠢᠷ ᠤᠨ ᠦᠢᠯᠡᠰ ᠲᠣᠭᠲᠠᠭᠤᠨ ᠢᠶᠠᠷ ᠬᠥᠭᠵᠢᠵᠦ᠂ ᠬᠠᠮ ᠵᠠᠭᠤᠴᠢᠯᠠᠭᠤᠷ ᠤᠨ ᠲᠦᠪ᠂ ᠰᠢᠨ᠎ᠡ ᠴᠠᠭ ᠦᠶ᠎ᠡ | ᠶᠢᠨ ᠪᠣᠯᠪᠠᠰᠣᠨ ᠤ ᠲᠦᠪ᠂ ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠩᠬᠢᠮ᠂ ᠨᠣᠮ ᠤᠨ ᠰᠠᠩ ᠢ ᠠᠰᠢᠭᠯᠠᠯᠲᠠ ᠳᠤ | ᠣᠷᠣᠭᠤᠯᠤᠨ᠂ ᠪᠥᠬᠦ ᠠᠶᠢᠮᠠᠭ ᠤᠨ ᠠᠩᠬᠠᠳᠠᠭᠴᠢ ᠵᠠᠯᠠᠭᠤᠴᠤᠳ ᠪᠠᠭᠠᠴᠤᠳ ᠤᠨ ᠪᠡᠶ᠎ᠡ ᠲᠠᠮᠢᠷ ᠤᠨ ᠪᠣᠯᠪᠠᠰᠤᠷᠠᠯ ᠤᠨ | ᠰᠠᠭᠤᠷᠢᠨ ᠭᠠᠵᠠᠷ ᠢ ᠪᠠᠶᠢᠭᠤᠯᠤᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ ᠪᠡᠶ᠎ᠡ ᠲᠠᠮᠢᠷ ᠤᠨ | ᠣᠷᠳᠣᠨ ᠢ ᠪᠥᠬᠦ ᠲᠠᠯ᠎ᠠ ᠪᠠᠷ ᠰᠢᠨᠡᠳᠬᠡᠵᠣ᠂ ᠡᠵᠢᠨᠠᠭᠤᠷ ᠪᠠᠯᠭᠠᠰᠣᠨ ᠤ ᠠᠪᠤᠷᠭᠤ ᠭᠦᠷᠪᠡᠯ ᠤᠨ ᠴᠢᠯᠠᠭᠤᠵᠢᠮᠠᠯ ᠢ | ᠮᠠᠯᠲᠠᠬᠤ ᠰᠤᠳᠤᠯᠭᠠᠨ ᠢ ᠥᠪᠡᠷᠲᠡᠭᠡᠨ ᠵᠠᠰᠠᠬᠤ ᠣᠷᠣᠨ ᠤ ᠳᠡᠰ ᠤᠨ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ | ᠰᠣᠳᠣᠯᠭᠠᠨ ᠤ ᠲᠥᠷᠥᠯ ᠵᠦᠢᠯ ᠳᠤ ᠣᠷᠣᠭᠤᠯᠵᠣ᠂ ᠦᠵᠦᠮᠦᠴᠢᠨ ᠨᠡᠭᠦᠳᠡᠯ ᠠᠮᠢᠳᠣᠷᠠᠯ ᠨᠢ ᠵᠢᠷᠭᠤᠳᠤᠭᠠᠷ | ᠪᠦᠯᠦᠭ ᠤᠨ ᠳᠤᠮᠳᠠᠳᠤ ᠤᠯᠤᠰ ᠤᠨ ᠴᠢᠬᠤᠯᠠ ᠲᠠᠷᠢᠶᠠᠯᠠᠩ ᠤᠨ ᠰᠣᠶᠣᠯ ᠤᠨ ᠥᠪ ᠤᠨ ᠨᠡᠷᠡᠰ ᠲᠤ ᠰᠣᠩᠭᠤᠭᠳᠠᠪᠠ | ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠶ᠂ ᠳᠤᠮᠳᠠᠳᠤ ᠮᠣᠩᠭᠤᠯ ᠤᠨ ᠭᠠᠳᠠᠭᠠᠳᠤ | ᠬᠠᠷᠢᠯᠴᠠᠭ᠎ᠠ ᠪᠠᠶᠢᠭᠤᠯᠤᠭᠰᠠᠨ 70 ᠵᠢᠯ ᠤᠨ ᠣᠶ᠂ ᠪᠥᠬᠦ ᠣᠷᠣᠨ ᠤ ᠮᠣᠩᠭᠤᠯ ᠪᠥᠬᠡ ᠶᠢᠨ ᠴᠦᠷᠬᠡᠯᠡᠭᠡ | ᠪᠠᠷᠢᠯᠳᠣᠭᠠᠨ ᠤ ᠰᠢᠢᠳᠪᠦᠷᠢᠲᠦ ᠤᠷᠤᠯᠳᠤᠭᠠᠨ᠂ ᠲᠦᠮᠡᠨ ᠠᠭᠲᠠ ᠶᠢᠨ ᠲᠥᠪᠡᠷᠭᠡᠨ ᠲᠣᠮᠣ ᠬᠡᠯᠪᠡᠷᠢ ᠶᠢᠨ ᠵᠢᠷᠣᠭᠯᠠᠨ | ᠰᠡᠭᠦᠲᠡᠷᠯᠡᠬᠦ ᠠᠵᠢᠯᠯᠠᠭ᠎ᠠ ᠵᠡᠷᠭᠡ ᠰᠢᠷᠢᠰ ᠰᠣᠶᠣᠯ ᠲᠠᠮᠢᠷ ᠤᠨ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ ︽ᠡᠵᠢ | ᠨᠠᠭᠤᠷ︾ ᠳᠠᠭᠤᠯᠠᠯᠲᠤ ᠵᠦᠴᠦᠭᠡ ᠶᠢ ᠨᠠᠶᠢᠷᠠᠭᠤᠯᠤᠨ ᠲᠣᠭᠯᠠᠵᠣ᠂ 《ᠳᠥᠷᠪᠡᠨ ᠴᠠᠭ ᠤᠨ ᠦᠵᠦᠮᠦᠴᠢᠨ》ᠰᠣᠶᠣᠯ | ᠵᠢᠭᠤᠯᠴᠢᠯᠠᠯ ᠤᠨ ᠨᠠᠷᠠᠲᠤ ᠳᠡᠮᠳᠡᠭ ᠢ ᠦᠷᠭᠦᠯᠵᠢᠯᠡᠨ ᠠᠯᠳᠠᠷᠰᠢᠭᠤᠯᠪᠠ᠃ ᠠᠮᠤᠷ ᠲᠠᠶᠢᠪᠤᠩ ᠵᠡᠭᠦᠨ ᠦᠵᠦᠮᠦᠴᠢᠨ᠂ | ᠬᠠᠤᠯᠢ ᠪᠠᠷ ᠵᠠᠰᠠᠬᠤ ᠵᠡᠭᠦᠨ ᠦᠵᠦᠮᠦᠴᠢᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠠᠶᠣᠯᠬᠦᠢ | ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠪᠠ ᠪᠥᠬᠦ ᠤᠯᠤᠰ ᠤᠨ | ᠪᠠᠶᠢᠭᠠᠯᠢ ᠶᠢᠨ ᠭᠠᠮᠰᠢᠭ ᠤᠨ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠠᠵᠢᠯ ᠢ ᠭᠦᠨᠵᠡᠭᠡᠶ ᠥᠷᠨᠢᠭᠦᠯᠤᠨ᠂ ᠰᠢᠯᠢᠨ | ᠠᠭᠤᠷᠬᠠᠶ ᠶᠢᠨ ᠠᠪᠤᠷᠠᠨ ᠲᠤᠰᠠᠯᠠᠬᠤ ᠳᠤᠮᠳᠠ ᠠᠩᠭᠢ ᠪᠠ ᠬᠠᠲᠠᠪᠴᠢ ᠶᠡᠷᠦᠩᠬᠡᠶᠢᠯᠡᠭᠰᠡᠨ ᠪᠠᠴᠢᠮ ᠪᠠᠶᠢᠳᠠᠯ ᠢ | ᠠᠷᠭᠠᠴᠠᠬᠤ ᠳᠤᠮᠳᠠ ᠠᠩᠭᠢ ᠶᠢ ᠰᠢᠨ᠎ᠡ ᠪᠠᠷ ᠪᠠᠶᠢᠭᠤᠯᠵᠤ᠂ ᠠᠶᠣᠯᠬᠦᠢ ᠦᠢᠯᠡᠳᠪᠦᠷᠢᠯᠡᠯ ᠤᠨ ᠣᠶᠤᠨᠴᠢ ᠬᠢᠨᠠᠨ | ᠬᠡᠮᠵᠢᠬᠦ ᠲᠠᠪᠴᠠᠩ ᠢ ᠪᠠᠶᠢᠭᠤᠯᠤᠨ᠂ ︽ᠠᠬᠤᠢ ᠲᠠᠯᠠᠪᠠᠢ ᠶᠢᠨ ᠬᠢᠨᠠᠯᠳᠠ + ᠠᠯᠤᠰ ᠡᠵᠡᠮᠰᠢᠯ ᠤᠨ ᠬᠢᠨᠠᠯᠳᠠ︾ | ᠬᠤᠣᠰ ᠴᠢᠭᠯᠡᠯᠲᠦ ᠬᠢᠨᠠᠨ ᠬᠠᠮᠢᠶᠠᠷᠤᠯᠲᠠ ᠶᠢ ᠪᠡᠶᠡᠯᠡᠭᠦᠯᠪᠡ᠃ ᠦᠨᠳᠦᠰᠦᠨ ᠱᠠᠲᠤᠨ ᠤ ᠵᠥᠷᠢᠴᠡᠯ ᠢ ᠪᠠᠶᠢᠴᠠᠭᠠᠨ | ᠡᠶᠡᠳᠡᠬᠦᠯᠬᠦ ᠶᠢ ᠬᠦᠨᠵᠡᠭᠡᠶᠢᠷᠡᠬᠦᠯᠵᠣ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠵᠥᠷᠢᠴᠡᠯ | ᠵᠢᠭᠤᠷᠭᠠᠨ ᠢ ᠡᠶᠡᠳᠡᠭᠦᠯᠬᠦ ᠲᠣᠭᠲᠠᠴᠠ ᠶᠢ ᠪᠠᠶᠢᠭᠤᠯᠤᠨ᠂ ᠤᠯᠤᠰ ᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ | ᠲᠦᠷᠦᠭᠦᠤ ᠪᠦᠯᠦᠭ ᠤᠨ ᠪᠥᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠤᠨ | ᠪᠠᠶᠢᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠪᠠᠷ ᠲᠣᠭᠳᠠᠭᠠᠭᠳᠠᠵᠤ᠂ ᠤᠯᠢᠶᠠᠰᠤᠲᠠᠶ | ᠪᠠᠯᠭᠠᠰᠣᠨ ᠤ ᠡᠩᠬᠡᠵᠢᠷᠭᠠᠯᠠᠩ ᠭᠠᠴᠠᠭ᠎ᠠ ᠨᠢ ᠬᠤᠶᠠᠳᠤᠭᠠᠷ ᠪᠦᠯᠦᠭ ᠤᠨ ᠪᠥᠬᠦ ᠤᠯᠤᠰ ᠤᠨ ᠬᠥᠳᠡᠭᠡ ᠲᠣᠰᠬᠤᠨ ᠤ | ᠵᠠᠰᠠᠯᠲᠠ ᠶᠢᠨ ᠵᠢᠱᠢᠶ᠎ᠡ ᠦᠵᠡᠭᠦᠯᠬᠦ ᠭᠠᠴᠠᠭ᠎ᠠ ᠪᠠᠷ ᠦᠨᠡᠯᠡᠭᠳᠡᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ᠂ ᠫᠤᠤ ᠵᠡᠪᠰᠡᠭ ᠢ ᠬᠤᠷᠢᠶᠠᠨ ᠬᠠᠳᠠᠭᠠᠯᠠᠬᠤ ᠳᠤ ᠴᠣᠬᠢᠯᠲᠠ ᠦᠭᠬᠦ ᠵᠡᠷᠭᠡ ᠲᠤᠰᠬᠠᠢ ᠠᠵᠢᠯᠯᠠᠭ᠎ᠠ ᠶᠢ | ᠭᠦᠨᠵᠡᠭᠡᠢ ᠠᠬᠢᠭᠤᠯᠵᠤ᠂ ᠡᠷᠡᠭᠦᠦ ᠶᠢᠨ ᠬᠡᠷᠡᠭ᠂ ᠠᠮᠤᠷ ᠢ ᠬᠠᠮᠠᠭᠠᠯᠠᠬᠤ ᠬᠡᠷᠡᠭ ᠵᠢᠯ ᠳᠠᠷᠠᠭᠠᠯᠠᠨ ᠪᠠᠭᠠᠰᠴᠤ᠂ | ᠨᠡᠶᠢᠭᠡᠮ ᠤᠨ ᠡᠶ᠎ᠡ ᠵᠣᠬᠢᠴᠠᠯ᠂ ᠬᠢᠯᠢ ᠬᠢᠵᠠᠭᠠᠷ ᠤᠨ ᠠᠮᠤᠷ ᠲᠦᠪᠰᠢᠨ ᠢ ᠦᠷᠭᠦᠯᠵᠢᠯᠡᠨ ᠪᠠᠬᠢᠵᠢᠭᠦᠯᠪᠡ᠃ | — — ᠳᠦᠷᠪᠡᠨ ᠵᠢᠯ ᠤᠨ ᠲᠤᠷᠰᠢ᠂ ᠪᠣᠰᠣᠳ ᠠᠴᠠ ᠲᠦᠷᠦᠭᠦᠯᠡᠨ ᠬᠢᠵᠣ᠂ ᠲᠡᠷᠢᠬᠦᠨ ᠤ ᠬᠢ ᠪᠣᠯᠬᠤ | ᠪᠠᠷ ᠴᠢᠷᠮᠠᠶᠢᠬᠤ ᠶᠢ ᠢᠮᠠᠭᠲᠠ ᠪᠠᠷᠢᠮᠲᠠᠯᠠᠵᠤ᠂ ᠥᠭᠡᠷᠡᠴᠢᠯᠡᠯᠲᠡ ᠶᠢᠨ ᠠᠮᠵᠢᠯᠲᠠ ᠶᠢᠨ ᠬᠠᠭᠤᠳᠠᠰᠤ ᠶᠢ ᠲᠤᠰᠢᠶᠠᠪᠠ᠃ | ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠶᠡᠬᠡᠪᠡᠷ ᠰᠢᠯᠢᠳᠡᠭᠵᠢᠭᠦᠯᠵᠦ᠂ ᠭᠤᠷᠪᠠᠨ ᠱᠠᠲᠤᠨ ᠤ ᠨᠠᠮ ᠤᠨ | ᠬᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠢ ᠪᠦᠬᠦᠨ ᠢ ᠪᠦᠷᠬᠦᠬᠦᠯᠵᠣ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠢᠩᠬᠢᠮ ᠢ ᠠᠰᠢᠭᠯᠠᠯᠲᠠ ᠳᠤ ᠣᠷᠣᠭᠤᠯᠤᠨ᠂ 46 ᠰᠠᠯᠠᠭ᠎ᠠ ᠮᠥᠴᠢᠷ ᠤᠨ 1057 ᠵᠠᠰᠠᠭ | ᠵᠠᠬᠢᠷᠭᠠᠨ ᠤ ᠵᠥᠪᠰᠢᠶᠡᠷᠡᠯ ᠤᠨ ᠵᠦᠢᠯᠡᠰ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠲᠥᠪᠯᠡᠷᠡᠭᠦᠯᠦᠨ | ᠬᠦᠢᠴᠡᠳᠭᠡᠬᠦ ᠶᠢ ᠪᠡᠶᠡᠯᠡᠭᠦᠯᠪᠡ᠃ ︽ᠳᠥᠷᠪᠡ ᠶᠢ ᠭᠦᠢᠴᠡᠳᠬᠡᠬᠦ︾ ᠠᠵᠢᠯ ᠢ ᠲᠣᠪᠤᠶᠢᠮ᠎ᠠ ᠰᠠᠶᠢᠲᠤᠷ ᠠᠳᠬᠤᠵᠤ᠂ | ᠲᠠᠪᠤᠨ ᠲᠥᠷᠥᠯ ᠤᠨ ᠪᠠᠶᠢᠩᠭᠤ ᠭᠦᠢᠴᠡᠳᠬᠡᠬᠦ ᠵᠦᠢᠯᠡᠰ ᠢ ︽ᠭᠠᠷ ᠣᠳᠠᠰᠣ ᠪᠠᠷ ᠬᠦᠢᠴᠡᠳᠭᠡᠬᠦ︾ ᠶᠢ ᠠᠬᠢᠭᠤᠯᠤᠨ᠂ | 99.7% ᠶᠢᠨ ᠵᠠᠰᠠᠭ ᠤᠨ ᠶᠠᠪᠤᠳᠠᠯ ᠤᠨ ᠵᠦᠢᠯᠡᠰ ᠢ ︽ᠰᠦᠯᠵᠢᠶᠡᠨ ᠳᠡᠭᠡᠷ᠎ᠡ ᠬᠦᠢᠴᠡᠳᠭᠡᠬᠦ︾ ᠶᠢ ᠪᠡᠶᠡᠯᠡᠭᠦᠯᠪᠡ᠃ | ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠤᠰᠢᠭᠤ | ᠱᠠᠲᠤᠨ ᠤ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠵᠦᠢᠯᠡᠰ ᠢ 5979 ᠪᠣᠯᠭᠠᠨ ᠪᠠᠭᠠᠰᠬᠠᠵᠤ᠂ 244 ᠵᠠᠰᠠᠭ | ᠵᠠᠬᠢᠷᠭᠠᠨ ᠤ ᠡᠷᠬᠡ ᠶᠢᠨ ᠵᠦᠢᠯᠡᠰ ᠢ ᠬᠦᠴᠦᠨ ᠥᠬᠡᠶ ᠪᠣᠯᠭᠠᠵᠤ᠂ 96 ᠵᠦᠢᠯ ᠤᠨ ᠡᠷᠬᠡ ᠶᠢ ᠰᠤᠮᠤ ᠪᠠᠯᠭᠠᠰᠤᠨ ᠳᠤ | ᠪᠠᠭᠤᠯᠭᠠᠵᠣ᠂ ᠢᠨᠵᠧᠨᠧᠷᠢᠩ ᠢ ᠬᠢᠨᠠᠨ ᠵᠥᠪᠰᠢᠶᠡᠷᠡᠬᠦ ᠴᠠᠭ ᠢ 45 ᠠᠵᠢᠯᠯᠠᠬᠤ ᠡᠳᠦᠷ ᠪᠣᠯᠭᠠᠨ ᠪᠣᠭᠤᠨᠢᠰᠬᠠᠨ᠂ | ᠠᠵᠤ ᠠᠬᠤᠶᠢᠯᠠᠯ ᠡᠷᠬᠢᠯᠡᠬᠦ ᠭᠠᠷᠳᠠᠮ ᠬᠦᠢᠴᠡᠳᠭᠡᠬᠦ ᠴᠠᠭ ᠢ 0.5 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ | ᠦᠯᠦ ᠬᠥᠳᠡᠯᠬᠦ ᠬᠦᠷᠦᠩᠭᠡ ᠶᠢᠨ ᠡᠩ ᠤᠨ ᠲᠠᠩᠰᠠᠯᠠᠯᠳᠠ ᠪᠠ ᠪᠠᠷᠢᠴᠠᠭᠠᠨ ᠤ ᠲᠠᠩᠰᠠᠯᠠᠯᠳᠠ ᠶᠢ 3 ᠪᠠ 0.5 | ᠠᠵᠢᠯᠯᠠᠬᠤ ᠡᠳᠦᠷ ᠪᠣᠯᠭᠠᠨ ᠪᠣᠭᠤᠨᠢᠰᠬᠠᠪᠡ᠃ ᠭᠠᠶᠢᠯᠢ ᠰᠦᠢᠳᠬᠡᠯ ᠢ ᠪᠠᠭᠠᠰᠬᠠᠬᠤ ᠪᠠ ᠠᠵᠤ ᠠᠬᠤᠶᠢᠯᠠᠯ ᠢ | ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠵᠢᠵᠢᠭ ᠠᠵᠤ ᠠᠬᠤᠶᠢᠯᠠᠯ᠂ ᠮᠠᠯ ᠠᠵᠣ ᠠᠬᠤᠢ ᠶᠢ ᠳᠡᠮᠵᠢᠬᠦ ᠵᠢᠭᠡᠯᠡᠯᠭᠡ ᠶᠢ 4.8 | ᠳ᠋ᠦᠩᠰᠢᠭᠤᠷ ᠲᠥᠭᠦᠷᠢᠭ ᠲᠠᠷᠬᠠᠭᠠᠪᠠ᠃ ᠤᠯᠤᠰ ᠤᠨ ︽ᠨᠢᠭᠡ ᠪᠦᠰᠡ ᠨᠢᠭᠡ ᠵᠠᠮ︾ ᠪᠠ ᠥᠪᠡᠷᠲᠡᠭᠡᠨ ᠵᠠᠰᠠᠬᠤ | ᠣᠷᠣᠨ ᠤ ᠤᠮᠠᠷᠠᠰᠢ ᠨᠡᠭᠡᠭᠡᠯᠲᠡ ᠬᠢᠬᠦ ᠪᠠᠶᠢᠯᠳᠤᠬᠤ ᠪᠣᠳᠣᠯᠭ᠎ᠠ ᠶᠢ ᠰᠠᠶᠢᠳᠣᠷ ᠨᠠᠶᠢᠳᠠᠪᠣᠷᠢᠵᠢᠭᠤᠯᠵᠣ᠂ ︽ᠬᠢᠯᠢ ᠶᠢᠨ | ᠴᠣᠩᠬᠤᠪᠴᠢ︾ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠲᠡᠮᠦᠷ ᠵᠠᠮ ᠤᠨ | ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠥᠬᠦ ᠣᠷᠣᠨ ᠤ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠳᠤ ᠣᠷᠣᠭᠤᠯᠬᠤ ᠶᠢ ᠠᠬᠢᠭᠤᠯᠵᠤ᠂ ᠣᠯᠠᠨ ᠤᠯᠤᠰ ᠤᠨ ᠠᠷᠠᠯᠵᠢᠶ᠎ᠠ ᠶᠢᠨ ︽ | ᠨᠢᠭᠡ ᠴᠣᠩᠬᠤ ᠪᠠᠷ ᠦᠢᠯᠡᠴᠢᠯᠡᠬᠦ︾ ᠬᠡᠷᠡᠭᠯᠡᠯᠲᠡ ᠶᠢ ᠪᠠᠶᠢᠩᠭᠤᠵᠢᠭᠤᠯᠵᠤ᠂ ᠪᠣᠭᠤᠮᠲᠠ ᠪᠠᠷ ᠥᠩᠭᠡᠷᠡᠬᠦ ᠦᠷ᠎ᠡ | ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠨᠡᠶᠢᠲᠡ | ᠪᠠᠷᠠᠭ᠎ᠠ ᠪᠠ ᠪᠠᠷᠠᠭᠠᠨ ᠤ ᠥᠷᠲᠡᠭ ᠲᠣᠰ ᠲᠣᠰ 381.58 ᠲᠦᠮᠡᠨ ᠲᠣᠨ ᠪᠠ 19.74 ᠳ᠋ᠦᠩᠰᠢᠭᠤᠷ | ᠳ᠋ᠣᠯᠯᠠᠷ ᠲᠤ ᠬᠦᠷᠪᠡ᠃ | — — ᠳᠦᠷᠪᠡᠨ ᠵᠢᠯ ᠤᠨ ᠲᠤᠷᠰᠢ᠂ ᠪᠢᠳᠡ ᠦᠷᠭᠦᠯᠵᠢᠯᠡᠨ ᠴᠢᠷᠮᠠᠶᠢᠨ ᠲᠡᠮᠡᠴᠡᠵᠣ᠂ ᠪᠣᠳᠠᠲᠠᠢ | ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠢᠮᠠᠭᠲᠠ ᠪᠠᠷᠢᠮᠲᠠᠯᠠᠵᠤ᠂ ᠵᠠᠰᠠᠭ ᠪᠠᠷᠢᠬᠤ ᠠᠮᠵᠢᠯᠲᠠ ᠶᠢᠨ | ᠬᠠᠭᠤᠳᠠᠰᠤ ᠶᠢ ᠲᠤᠰᠢᠶᠠᠪᠠ᠃ ᠨᠠᠮ ᠤᠨ ᠤᠳᠤᠷᠢᠳᠤᠯᠭ᠎ᠠ ᠶᠢ ᠡᠷᠡᠰ ᠪᠠᠷᠢᠮᠲᠠᠯᠠᠬᠤ ᠶᠢ ᠢᠮᠠᠭᠲᠠ ᠲᠣᠰ ᠪᠡᠶ᠎ᠡ ᠶᠢᠨ | ᠪᠦᠳᠦᠭᠡᠨ ᠪᠠᠶᠢᠭᠤᠯᠣᠯᠲᠠ ᠪᠠ ᠲᠤᠰᠢᠶᠠᠯ ᠢᠶᠠᠨ ᠭᠦᠢᠴᠡᠳᠬᠡᠬᠦ ᠶᠢᠨ ᠵᠠᠩᠬᠢᠯᠠᠭ᠎ᠠ ᠪᠣᠯᠭᠠᠵᠤ᠂ ᠰᠢᠨ᠎ᠡ ᠴᠠᠭ ᠦᠶ᠎ᠡ ᠶᠢᠨ | ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠦᠵᠡᠯ | ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠣ᠂ ︽ᠬᠤᠶᠠᠷ ᠢ ᠰᠤᠷᠤᠯᠴᠠᠵᠦ | ᠬᠢᠷᠢ ᠲᠡᠩᠴᠡᠭᠰᠡᠨ ᠨᠠᠮ ᠤᠨ ᠬᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠢ ᠳᠦᠷᠢᠮᠵᠢᠬᠦᠯᠤᠨ᠂ ︽ᠤᠭ | ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ | ᠪᠠ ᠨᠠᠮ ᠤᠨ ᠲᠡᠣᠬᠡ ᠶᠢᠨ ᠰᠣᠷᠣᠯᠴᠠᠯᠭ᠎ᠠ ᠬᠦᠮᠦᠵᠢᠯ ᠢ ᠨᠠᠷᠢᠨ ᠬᠢᠨᠠᠮᠠᠭᠠᠢ ᠥᠷᠨᠢᠭᠦᠯᠵᠦ᠂ ︽ᠲᠦᠷᠪᠡᠨ ᠤᠬᠠᠮᠰᠠᠷ︾ | ᠢᠶᠠᠨ ᠣᠯᠠᠮ ᠴᠢᠩᠭᠠᠳᠬᠠᠨ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠵᠦ᠂ ᠡᠯ᠎ᠡ ᠲᠦᠷᠦᠯ ᠤᠨ ᠠᠵᠢᠯ ᠦᠢᠯᠡᠰ ᠤᠨ ᠬᠡᠵᠢᠶᠡᠳᠡ ᠵᠥᠪ ᠤᠯᠤᠰ ᠲᠦᠷᠦ ᠶᠢᠨ ᠴᠢᠭᠯᠡᠯ ᠢᠶᠠᠷ | ᠤᠷᠤᠭᠰᠢᠯᠠᠬᠤ ᠶᠢ ᠪᠠᠳᠣᠯᠠᠪᠠ᠃ ᠨᠠᠮ ᠤᠨ ᠦᠨᠳᠦᠰᠦᠲᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ | ᠰᠢᠵᠢᠮ ᠪᠣᠯᠭᠠᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠶᠡᠭᠡ ᠪᠠᠷ ᠳᠡᠯᠭᠡᠷᠡᠭᠦᠯᠵᠦ᠂ | ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠴᠢᠨᠠᠷ ᠰᠠᠶᠢᠲᠠᠶ | ᠪᠡᠶᠡᠯᠡᠬᠦᠯᠪᠡ᠃ ᠬᠠᠤᠯᠢ ᠶᠣᠰᠣᠭᠠᠷ ᠵᠠᠰᠠᠭ ᠪᠠᠷᠢᠬᠤ ᠶᠢ ᠢᠮᠠᠭᠲᠠ ᠪᠠᠷᠢᠮᠲᠠᠯᠠᠨ᠂ ︽ᠭᠤᠷᠪᠠᠨ ᠴᠢᠬᠤᠯᠠ ᠨᠢᠭᠡ ᠲᠣᠮᠣ | ︾ ᠬᠡᠷᠡᠭ ᠶᠠᠪᠣᠳᠠᠯ ᠳᠤ ᠬᠠᠮᠳᠣᠪᠡᠷ ᠰᠢᠢᠳᠪᠦᠷᠢ ᠲᠣᠭᠳᠠᠭᠠᠬᠤ ᠪᠠ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢ | ᠲᠣᠭᠳᠠᠭᠠᠬᠤ ᠠᠯᠬᠤᠮ ᠳᠠᠷᠠᠭ᠎ᠠ ᠶᠢ ᠴᠢᠩᠭ᠎ᠠ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ | ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠣᠯᠠᠨ ᠲᠦᠮᠡᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ | ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠥᠷᠥ ᠶᠢᠨ ᠵᠥᠪᠯᠡᠯᠭᠡᠨ ᠪᠠ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠭᠡᠬᠦ ᠶᠢ ᠶᠡᠬᠡᠪᠡᠷ ᠳᠡᠮᠵᠢᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠵᠤ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ᠂ ᠨᠠᠮ ᠤᠨ ᠬᠡᠰᠢᠭᠦᠨ ᠪᠤᠰᠤ ᠬᠥᠮᠦᠰ ᠪᠠ ᠠᠷᠠᠳ ᠤᠨ ᠪᠦᠯᠬᠦᠮ ᠤᠨ ᠰᠠᠨᠠᠯ | ᠰᠠᠨᠠᠭᠤᠯᠭ᠎ᠠ ᠶᠢ ᠢᠳᠡᠪᠬᠢᠲᠡᠶ ᠰᠣᠨᠣᠰᠴᠤ᠂ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ | ᠨᠡᠶᠢᠳᠡᠮ ᠪᠠᠶᠢᠴᠠᠭᠠᠯᠲᠠ᠂ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠠ ︽ | ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠦᠨ᠂ ︽ | ᠪᠥᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ︾ | ᠪᠠᠷ ᠦᠨᠡᠯᠡᠭᠳᠡᠪᠡ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠢᠮᠠᠭᠲᠠ ᠪᠠᠷᠢᠮᠲᠠᠯᠠᠵᠤ᠂ ᠵᠠᠰᠠᠭ ᠤᠨ ᠣᠷᠳᠣᠨ ᠤ | ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠲᠡᠮᠡᠴᠡᠯ ᠢ | ᠭᠦᠨᠵᠡᠭᠡᠶ ᠠᠬᠢᠭᠤᠯᠵᠤ᠂ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠵᠢᠴᠢ ᠬᠡᠷᠡᠭᠵᠢᠭᠦᠯᠬᠦ ᠨᠠᠷᠢᠨ | ᠲᠦᠷᠢᠮ ᠢ ᠴᠢᠩᠭ᠎ᠠ ᠬᠡᠷᠡᠭᠵᠢᠭᠦᠯᠦᠨ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ | ᠵᠥᠷᠢᠴᠡᠭᠰᠡᠨ ᠠᠰᠠᠭᠤᠳᠠᠯ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠢᠯᠵᠠᠷᠠᠯ ᠤᠨ | ᠠᠰᠠᠭᠤᠳᠠᠯ ᠪᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ ᠵᠡᠷᠭᠡ ᠡᠯ᠎ᠡ | ᠲᠥᠷᠥᠯ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠪᠦᠬᠦ ᠬᠦᠴᠦᠨ ᠢᠶᠠᠷ ᠠᠬᠢᠭᠤᠯᠵᠣ᠂ ︽ᠬᠤᠤᠰ ᠵᠠᠭᠤᠨ | ᠡᠳᠣᠷ︾ ᠤᠨ ᠪᠣᠭᠤᠮᠳᠠ ᠰᠢᠪᠳᠣᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠂ ᠰᠤᠷᠲᠠᠯ ᠴᠢᠬᠡᠴᠢ ᠣᠪᠣᠷ ᠲᠥᠪ | ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ | ᠡᠭᠦᠨ ᠤ ᠬᠠᠮᠳᠣ᠂ ᠠᠷᠠᠳ ᠤᠨ ᠵᠡᠪᠰᠡᠭᠲᠦ ᠬᠦᠴᠦᠨ᠂ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠵᠠᠷ | ᠬᠥᠳᠡᠯᠦᠯᠲᠡ᠂ ᠴᠠᠭ ᠠᠭᠤᠷ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ | ᠶᠠᠪᠤᠳᠠᠯ ᠵᠡᠷᠭᠡ ᠠᠵᠢᠯ ᠢ ᠦᠷᠭᠦᠯᠵᠢᠯᠡᠨ ᠴᠢᠩᠭᠠᠳᠬᠠᠵᠤ᠂ ᠤᠯᠠᠭᠠᠨ ᠵᠠᠭᠠᠯᠮᠠᠶᠢᠳᠠᠨ᠂ ᠡᠮᠡᠭᠲᠡᠶᠢᠴᠦᠳ ᠬᠡᠦᠬᠡᠳ᠂ | ᠨᠠᠰᠤᠲᠠᠶᠢᠴᠤᠳ ᠪᠠ ᠵᠡᠮᠳᠡᠭᠴᠦᠳ ᠤᠨ ᠦᠢᠯᠡᠰ ᠪᠦᠬᠦ ᠲᠠᠯ᠎ᠠ ᠪᠠᠷ ᠬᠦᠭᠵᠢᠪᠡ᠃ | ᠲᠥᠯᠥᠭᠡᠯᠡᠭᠴᠢᠳ ᠡ᠂ ᠬᠠᠲᠠᠭᠤ ᠪᠡᠷᠬᠡᠰᠢᠶᠡᠯ ᠳᠤ ᠲᠡᠮᠡᠴᠡᠯ ᠤᠨ ᠵᠣᠷᠢᠭ ᠳᠠᠪᠳᠠᠭᠳᠠᠵᠣ᠂ ᠬᠠᠲᠠᠭᠤᠵᠢᠨ | ᠪᠣᠯᠪᠠᠰᠤᠷᠠᠪᠠᠯ ᠰᠠᠶ᠋ᠢ ᠠᠮᠵᠢᠯᠲᠠ ᠣᠯᠵᠤ ᠴᠢᠳᠠᠨ᠎ᠠ᠃ ᠥᠩᠭᠡᠷᠡᠭᠰᠡᠨ ᠳᠥᠷᠪᠡᠨ ᠵᠢᠯ ᠳᠤ᠂ ᠬᠤᠰᠢᠭᠤ ᠳᠠᠶᠠᠭᠠᠷ | ᠰᠡᠳᠬᠢᠯ ᠨᠢᠭᠡᠳᠬᠡᠨ ᠬᠦᠴᠦ ᠪᠠᠨ ᠬᠠᠮᠲᠤᠳᠬᠠᠵᠤ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠨ᠂ ᠬᠦᠭᠵᠢᠯᠲᠡ | ᠶᠢᠨ ᠢᠷᠡᠭᠡᠳᠦᠶ ᠲᠠᠢ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠣ᠂ ᠪᠥᠬᠦ | ᠲᠠᠯ᠎ᠠ ᠳᠤ ᠬᠤᠯᠪᠣᠭᠳᠠᠬᠤ ᠨᠢᠭᠡ ᠪᠦᠯᠦᠭ ᠴᠢᠬᠤᠯᠠ ᠶᠡᠭᠡ ᠶᠠᠪᠤᠳᠠᠯ ᠢ ᠤᠷᠤᠭᠰᠢᠲᠠᠶ ᠠᠬᠢᠭᠤᠯᠦᠨ᠂ ᠣᠯᠠᠨ | ᠲᠦᠮᠡᠨ ᠤ ᠠᠩᠬᠠᠷᠴᠤ ᠪᠠᠶᠢᠭ᠎ᠠ ᠨᠢᠭᠡ ᠪᠦᠯᠦᠭ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠲᠣᠬᠢᠲᠠᠶ | ᠰᠢᠢᠳᠪᠦᠷᠢᠯᠡᠪᠡ᠃ ᠡᠳᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠣᠯᠭ᠎ᠠ ᠳᠤ ᠲᠦᠰᠢᠭᠯᠡᠵᠦ᠂ | ᠳᠡᠭᠡᠷ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶ᠎ᠠ ᠶᠢᠨ ᠵᠥᠪ | ᠣᠨᠣᠪᠴᠢᠲᠠᠶ ᠤᠳᠤᠷᠢᠳᠤᠯᠭ᠎ᠠ᠂ ᠬᠦᠴᠦᠲᠡᠶ ᠳᠡᠮᠵᠢᠯᠭᠡ ᠠᠴᠠ ᠰᠠᠯᠵᠤ ᠴᠢᠳᠠᠬᠤ ᠥᠬᠡᠶ᠂ ᠡᠯ᠎ᠡ ᠬᠤᠭᠤᠴᠠᠭᠠᠨ ᠤ | ᠤᠳᠤᠷᠢᠳᠬᠤ ᠪᠠᠭ ᠤᠨ ᠪᠣᠳᠠᠳᠠᠶᠢᠴᠢᠯᠠᠨ ᠠᠵᠢᠯᠯᠠᠵᠤ ᠴᠢᠷᠮᠠᠶᠢᠨ ᠲᠡᠮᠡᠴᠡᠭᠰᠡᠨ ᠠᠴᠠ ᠰᠠᠯᠵᠤ ᠴᠢᠳᠠᠬᠤ ᠥᠬᠡᠶ᠂ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠠᠮᠵᠢᠯᠴᠠᠭ᠎ᠠ᠂ | ᠪᠦᠲᠦᠮᠵᠢᠲᠡᠶ ᠬᠢᠨᠠᠯᠲᠠ ᠲᠠᠯᠪᠢᠭᠰᠠᠨ ᠠᠴᠠ ᠰᠠᠯᠵᠤ ᠴᠢᠳᠠᠬᠤ ᠥᠬᠡᠶ᠂ ᠪᠥᠬᠦ ᠬᠤᠰᠢᠭᠤᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠨᠢᠭᠡᠳᠣᠨ ᠪᠦᠯᠬᠦᠮᠳᠡᠨ ᠲᠡᠮᠡᠴᠡᠭᠰᠡᠨ ᠠᠴᠠ ᠰᠠᠯᠵᠤ | ᠴᠢᠳᠠᠬᠤ ᠥᠬᠡᠶ ᠶᠤᠮ᠃ ᠠᠳᠡ ᠪᠢ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ | ᠲᠥᠯᠥᠭᠡᠯᠡᠵᠦ᠂ ᠵᠡᠭᠦᠨ ᠦᠵᠦᠮᠦᠴᠢᠨ ᠬᠤᠰᠢᠭᠤᠨ ᠤ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠪᠦᠬᠦ | ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ᠂ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | | ᠲᠦᠪᠰᠢᠨ ᠥᠶ᠎ᠡ ᠳᠤ ᠬᠦᠴᠦᠷᠬᠡᠭᠵᠢᠬᠦ ᠶᠢ ᠪᠣᠳᠣᠵᠤ᠂ ᠲᠦᠭᠰᠢᠭᠦᠷᠢ ᠶᠢᠨ ᠥᠶ᠎ᠡ ᠳᠤ ᠠᠯᠣᠰ ᠢ ᠬᠠᠷᠠᠨ᠎ᠠ᠃ | ᠠᠮᠵᠢᠯᠲᠠ ᠪᠠᠨ ᠳ᠋ᠦᠩᠨᠡᠬᠦ ᠶᠢᠨ ᠬᠠᠮᠲᠤ ᠪᠢᠳᠡ ᠪᠠᠰᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠪᠠ ᠭᠠᠳᠠᠭᠠᠳᠤ ᠣᠷᠴᠢᠨ ᠨᠥᠬᠦᠴᠡᠯ ᠤᠨ ᠬᠤᠪᠢᠷᠠᠯᠲᠠ ᠵᠡᠷᠭᠡ ᠠᠯᠢ ᠤᠯᠠᠨ ᠳᠣᠭᠳᠠᠮᠠᠯ ᠪᠤᠰᠤ ᠬᠦᠴᠦᠨ | ᠵᠦᠢᠯ ᠤᠨ ᠡᠮᠦᠨ᠎ᠡ᠂ ᠮᠠᠨ ᠤ ᠠᠵᠤ ᠠᠬᠤᠶ ᠶᠢᠨ ᠬᠥᠭᠵᠢᠯᠲᠡ ᠶᠢᠨ ᠰᠠᠭᠤᠷᠢ ᠬᠠᠷᠠᠬᠠᠨ ᠪᠠᠲᠤ ᠪᠠᠬᠢ ᠪᠢᠰᠢ᠂ ᠠᠵᠤ | ᠠᠬᠤᠶ ᠶᠢᠨ ᠶᠡᠷᠦᠩᠬᠡᠶ ᠬᠡᠮᠵᠢᠶ᠎ᠡ ᠲᠣᠣᠷ᠎ᠠ᠂ ᠠᠵᠤ ᠦᠢᠯᠡᠰ ᠤᠨ ᠬᠡᠯᠬᠢᠶᠡᠰᠣ ᠣᠬᠤᠷ᠂ ᠠᠵᠤ ᠦᠢᠯᠡᠰ ᠤᠨ | ᠬᠠᠮᠳᠣᠷᠠᠭᠰᠠᠨ ᠬᠦᠭᠵᠢᠯᠲᠡ ᠠᠨᠠᠢ᠂ ᠬᠥᠭᠵᠢᠯᠲᠡ ᠶᠢᠨ ᠲᠡᠰ ᠳᠠᠪᠬᠤᠷᠭ᠎ᠠ ᠳᠣᠣᠷ᠎ᠠ᠂ ᠠᠮᠢ ᠠᠬᠤᠶ ᠶᠢᠨ ᠣᠷᠴᠢᠨ | ᠲᠣᠭᠤᠷᠢᠨ ᠬᠡᠪᠡᠷᠡᠭ᠂ ᠡᠬᠢ ᠪᠠᠶᠠᠯᠢᠭ ᠤᠨ ᠬᠢᠵᠠᠭᠠᠷᠯᠠᠯ ᠡᠳᠦᠷ ᠢᠷᠡᠬᠦᠶ᠎ᠡ ᠲᠤᠪᠤᠶᠢᠮ᠎ᠠ ᠪᠣᠯᠵᠣ ᠪᠠᠶᠢᠭ᠎ᠠ᠂ | ᠡᠨᠧᠷᠭᠢ ᠶᠢᠨ ᠬᠤᠷᠣᠭᠳᠠᠭᠤᠯᠤᠯ ᠤᠨ ᠬᠤᠣᠰ ᠡᠵᠡᠮᠳᠡᠯ ᠤᠨ ᠡᠭᠦᠷᠭᠡ ᠬᠦᠨᠳᠦ᠂ ᠬᠤᠲᠠ ᠬᠥᠳᠡᠭᠡ ᠶᠢᠨ ᠰᠠᠭᠤᠷᠢ | ᠲᠦᠭᠦᠭᠡᠷᠣᠮᠵᠢ ᠲᠣᠳᠠᠮᠠᠭ᠂ ᠬᠤᠲᠠ ᠪᠠᠯᠭᠠᠰᠤᠨ ᠤ ᠬᠠᠮᠢᠶᠠᠷᠤᠯᠲᠠ ᠪᠠ ᠨᠡᠶᠢᠭᠡᠮ ᠤᠨ ᠵᠠᠰᠠᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠬᠦ ᠴᠢᠬᠤᠯᠠᠲᠠᠶ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ | ᠳᠠᠷᠤᠯᠲᠠ ᠮᠦᠨ ᠨᠡᠯᠢᠶᠡᠳ ᠶᠡᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ᠂ | ᠨᠡᠶᠢᠭᠡᠮ ᠤᠨ ᠵᠠᠰᠠᠯᠲᠠ ᠵᠡᠷᠭᠡ ᠬᠦᠷᠢᠶᠡᠨ ᠳᠠᠬᠢ ᠠᠶᠤᠯ ᠲᠦᠭᠰᠢᠭᠦᠷᠢ ᠶᠢ ᠣᠮᠲᠣᠭᠠᠶᠢᠯᠠᠵᠤ ᠪᠣᠯᠬᠤ ᠦᠭᠡᠢ᠂ | ᠵᠠᠰᠠᠭ ᠤᠨ ᠣᠷᠳᠣᠨ ᠤ ᠦᠢᠯᠡᠴᠢᠯᠡᠭᠡᠨ ᠤ ᠴᠢᠳᠠᠪᠬᠢ ᠶᠢ ᠳᠡᠭᠡᠭᠰᠢᠯᠡᠬᠦᠯᠬᠦ ᠴᠢᠬᠤᠯᠠᠲᠠᠶ᠂ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠰᠠᠶᠢᠵᠢᠷᠠᠭᠤᠯᠬᠤ ᠴᠢᠬᠤᠯᠠᠲᠠᠶ ᠵᠡᠷᠭᠡ ᠶᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠶ᠃ ᠡᠳᠡᠭᠡᠷ | ᠠᠰᠠᠭᠤᠳᠠᠯ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ ᠨᠠᠷᠢᠨ ᠬᠢᠨᠠᠮᠠᠭᠠᠶ ᠰᠢᠢᠳᠪᠦᠷᠢᠯᠡᠬᠦ ᠬᠡᠷᠡᠭᠲᠡᠢ ᠃ | ᠲᠥᠯᠥᠭᠡᠯᠡᠭᠴᠢᠳ ᠡ᠂ ᠬᠤᠶᠢᠰᠢᠳᠠ ᠶᠢᠨ ᠲᠠᠪᠤᠨ ᠵᠢᠯ ᠪᠣᠯ ᠮᠠᠨ ᠤ ᠤᠯᠤᠰ ᠴᠢᠨᠡᠭᠡᠯᠢᠭ ᠨᠡᠶᠢᠭᠡᠮ ᠢ ᠪᠦᠭᠦ | ᠲᠠᠯ᠎ᠠ ᠪᠠᠷ ᠪᠠᠶᠢᠭᠤᠯᠦᠨ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠭᠰᠡᠨ ᠤ ᠲᠠᠷᠠᠭ᠎ᠠ᠂ | ᠢᠯᠠᠯᠲᠠ ᠶᠢᠨ ᠡᠷᠴᠢᠨ ᠳᠡᠭᠡᠷ᠎ᠡ ᠪᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠳᠤᠭᠡᠨ | ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠵᠦᠭ | ᠤᠷᠤᠭᠰᠢᠯᠠᠬᠤ ᠠᠩᠬᠠᠳᠠᠭᠴᠢ ᠲᠠᠪᠤᠨ ᠵᠢᠯ ᠮᠥᠨ᠂ ᠪᠠᠰᠠ ᠴᠤ ᠮᠠᠨ ᠤ ᠬᠤᠰᠢᠭᠤ ᠰᠢᠨ᠎ᠡ ᠥᠷᠢᠰᠥᠯᠳᠦᠭᠡᠨ ᠢ | ᠤᠭᠲᠤᠨ᠂ ᠰᠢᠨ᠎ᠡ ᠬᠦᠭᠵᠢᠯᠲᠡ ᠶᠢ ᠪᠡᠶᠡᠯᠡᠭᠦᠯᠬᠦ ᠲᠠᠪᠤᠨ ᠵᠢᠯ ᠮᠥᠨ᠃ ᠵᠠᠭᠤᠨ ᠵᠢᠯ ᠳᠤ ᠭᠠᠷᠤᠭ᠎ᠠ ᠦᠭᠡᠶ ᠶᠡᠭᠡ | ᠬᠤᠪᠢᠰᠤᠯᠲᠠ ᠶᠢᠨ ᠡᠮᠦᠨ᠎ᠡ᠂ ︽ᠨᠢᠭᠡ ᠪᠦᠰᠡ ᠨᠢᠭᠡ ᠵᠠᠮ︾᠂ ᠪᠡᠭᠡᠵᠢᠩ ᠲᠢᠶᠠᠨᠵᠢᠨ ᠾᠧᠪᠸᠢ ᠶᠢᠨ ᠵᠣᠬᠢᠴᠠᠩᠭᠤᠢ | ᠭᠦᠭᠵᠢᠯᠲᠡ ᠪᠠ ᠰᠢᠨ᠎ᠡ ᠨᠢᠭᠡ ᠡᠭᠡᠯᠵᠢ ᠶᠢᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠵᠡᠷᠭᠡ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠠᠬᠢᠭᠤᠯᠣᠭᠰᠠᠨ᠂ ᠥᠪᠡᠷᠲᠡᠭᠡᠨ ᠵᠠᠰᠠᠬᠤ ᠣᠷᠣᠨ ᠤ ︽ | ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠠ ︽ᠨᠢᠭᠡ ᠪᠠᠬᠢᠯᠡᠯᠲᠡ︾ ᠶᠢᠨ ᠪᠠᠶᠢᠯᠳᠣᠬᠤ ᠪᠣᠳᠣᠯᠭ᠎ᠠ ᠶᠢ | ᠬᠦᠨᠵᠡᠭᠡᠢ ᠭᠡᠷᠡᠭᠵᠢᠬᠦᠯᠦᠭᠰᠡᠨ᠂ ᠬᠢᠯᠢ ᠬᠢᠵᠠᠭᠠᠷ ᠣᠷᠣᠨ ᠤ ᠬᠥᠭᠵᠢᠯᠲᠡ ᠶᠢᠨ ᠴᠢᠳᠠᠪᠤᠷᠢ ᠴᠢᠩᠭᠠᠷᠠᠭᠰᠠᠨ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠡᠷᠴᠢᠮ ᠴᠢᠩᠭᠠᠷᠠᠭᠰᠠᠨ ᠵᠡᠷᠭᠡ ᠨᠢ ᠪᠢᠳᠡᠨ ᠤ ᠣᠷᠣᠨ ᠪᠠᠶᠢᠷᠢ ᠪᠠ ᠡᠬᠢ | ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠬᠤ ᠳᠤ ᠨᠡᠩ ᠤᠯᠠᠨ ᠠᠰᠢᠭᠲᠠᠢ ᠨᠥᠬᠦᠴᠡᠯ ᠢ ᠠᠪᠴᠢᠷᠠᠪᠠ᠃ ᠪᠠᠶᠢᠳᠠᠯ ᠢ | ᠠᠵᠢᠭᠯᠠᠭᠴᠢᠳ ᠠᠨᠤ ᠮᠡᠷᠭᠡᠳ᠂ ᠴᠠᠭ ᠢ ᠡᠵᠡᠮᠳᠡᠭᠴᠢᠳ ᠢᠨᠤ ᠢᠯᠠᠭᠴᠢᠳ᠂ ︽ᠬᠤᠶᠠᠳᠤᠭᠠᠷ ᠵᠠᠭᠤᠨ ᠵᠢᠯ ᠤᠨ | ᠲᠡᠮᠡᠴᠡᠬᠦ ᠬᠠᠷᠠᠯᠲᠠ︾ ᠲᠡᠰᠢ ᠣᠷᠣᠭᠰᠢᠯᠠᠵᠤ᠂ ᠪᠢᠳᠡ ᠯᠠᠪᠳᠠᠢ ᠵᠡᠭᠦᠨ ᠦᠵᠦᠮᠦᠴᠢᠨ ᠬᠤᠰᠢᠭᠤᠨ ᠤ ᠪᠣᠬᠢᠷᠲᠤᠯ | ᠦᠭᠡᠢ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠣᠷᠣᠨ ᠪᠠᠶᠢᠷᠢ ᠶᠢ ᠣᠨᠣᠪᠴᠢᠲᠠᠢ ᠡᠵᠡᠮᠳᠡᠨ | ᠂ ᠴᠠᠭ ᠮᠥᠴᠡ ᠪᠢᠳᠡᠨ ᠢ ᠬᠦᠯᠢᠶᠡᠬᠦ ᠦᠭᠡᠢ ᠥᠷᠯᠥᠭᠡ ᠦᠳᠡᠰᠢ ᠶᠢ ᠲᠡᠮᠡᠴᠡᠬᠦ ᠵᠣᠷᠢᠭ ᠰᠠᠨᠠᠭ᠎ᠠ ᠪᠠᠷ᠂ ᠡᠷᠴᠢ | ᠵᠣᠷᠢᠭ ᠢᠶᠠᠨ ᠬᠥᠪᠴᠢᠯᠡᠵᠦ᠂ ᠬᠦᠴᠢᠷ ᠢ ᠰᠦᠷᠦᠨ ᠤᠷᠤᠭᠰᠢᠯᠠᠵᠤ᠂ ᠠᠮᠢ ᠠᠬᠤᠢ ᠶᠢ ᠬᠠᠮᠠᠭᠠᠯᠠᠬᠤ ᠪᠠ ᠠᠵᠣ | ᠠᠬᠤᠢ ᠶᠢ ᠬᠦᠭᠵᠢᠬᠦᠯᠬᠦ ᠬᠤᠣᠰ ᠢᠯᠡᠯᠲᠡ ᠶᠢ ᠣᠯᠬᠤ ᠰᠢᠨ᠎ᠡ ᠠᠶᠠᠨ ᠵᠠᠮ ᠢᠶᠠᠷ ᠣᠷᠣᠭᠰᠢᠯᠠᠨ᠎ᠠ᠃ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠬᠥᠭᠵᠢᠯᠲᠡ ᠶᠢᠨ ᠲᠥᠯᠥᠪᠵᠢᠭᠦᠯᠭᠡ | ᠬᠤᠶᠢᠰᠢᠳᠠ ᠶᠢᠨ ᠲᠠᠪᠤᠨ ᠵᠢᠯ ᠳᠤ᠂ ᠮᠠᠨ ᠤ ᠬᠤᠰᠢᠭᠤ ᠳᠣᠮᠳᠠᠳᠣ ᠣᠯᠣᠰ ᠤᠨ ᠣᠨᠴᠠᠯᠢᠭ ᠪᠦᠬᠦᠢ ᠨᠡᠶᠢᠭᠡᠮ | ᠵᠢᠷᠣᠮ ᠤᠨ ᠲᠤᠭ ᠢ ᠦᠨᠳᠦᠷ ᠮᠠᠨᠳᠣᠭᠤᠯᠵᠣ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠠᠴᠠ ᠨᠠᠰᠢᠬᠢ ᠠᠯᠢ ᠣᠯᠠᠨ ᠦᠨᠳᠦᠰᠦᠨ ᠲᠦᠷᠦ ᠶᠢᠨ ᠪᠣᠳᠣᠯᠭ᠎ᠠ ᠴᠢᠭᠯᠡᠯᠲᠡ ᠪᠣᠯᠤᠨ | ᠳᠡᠭᠡᠷ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠲᠥᠯᠥᠭᠡᠯᠡᠭᠴᠢᠳ ᠤᠨ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠲᠣᠭᠲᠠᠭᠤᠨ ᠤ ᠳᠤᠮᠳᠠ ᠤᠷᠤᠭᠰᠢᠯᠠᠬᠤ | ᠠᠵᠢᠯ ᠤᠨ ᠶᠡᠷᠦᠩᠬᠡᠶ ᠵᠠᠷᠴᠢᠮ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠨ᠂ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠨ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ | ᠪᠣᠯᠭᠠᠨ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ︽ᠬᠤᠶᠠᠷ ᠬᠠᠯᠬᠠᠪᠴᠢ︾ | ︽ᠬᠤᠶᠠᠷ ᠰᠠᠭᠤᠷᠢᠨ ᠭᠠᠵᠠᠷ︾ ᠪᠠ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ | ᠲᠣᠭᠲᠠᠭᠠᠯᠲᠠ ᠶᠢ ᠪᠠᠲᠤ ᠡᠵᠡᠮᠰᠢᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ | ᠦᠭᠡᠶ ᠵᠠᠮᠨᠠᠵᠤ᠂ ᠤᠯᠤᠰ ᠲᠥᠷᠥ᠂ ᠠᠵᠤ ᠠᠬᠤᠶ᠂ ᠰᠣᠶᠣᠯ᠂ ᠨᠡᠶᠢᠭᠡᠮ᠂ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠬᠤᠷᠸ᠎ᠠ ᠲᠥᠷᠥ ᠶᠢᠨ | ᠪᠣᠳᠣᠯᠭ᠎ᠠ ᠶᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠶ ᠬᠡᠷᠡᠭᠵᠢᠭᠦᠯᠵᠦ᠂ ᠠᠵᠤ ᠠᠬᠤᠶ ᠶᠢᠨ ᠠᠵᠢᠯᠯᠠᠭᠠᠨ ᠢ ᠵᠦᠶ | ᠵᠣᠬᠢᠰᠲᠠᠶ ᠣᠷᠣᠨ ᠵᠠᠶ ᠳᠤ ᠪᠠᠶᠢᠯᠭᠠᠬᠤ ᠶᠢ ᠴᠢᠷᠮᠠᠶᠢᠨ ᠪᠠᠲᠤᠯᠠᠵᠤ᠂ ᠪᠥᠬᠦ ᠬᠤᠰᠢᠭᠤᠨ ᠤ ᠠᠮᠢ ᠠᠬᠤᠶ ᠶᠢᠨ ᠶᠠᠰᠤ | ᠴᠢᠨᠠᠷ᠂ ᠠᠵᠤ ᠠᠬᠤᠶ ᠶᠢᠨ ᠶᠠᠰᠤ ᠴᠢᠨᠠᠷ ᠪᠠ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠵᠡᠷᠭᠡᠪᠡᠷ | ᠳᠡᠭᠡᠭᠰᠢᠯᠡᠭᠦᠯᠬᠦ ᠶᠢ ᠪᠠᠲᠤᠯᠠᠨ᠂ ᠬᠤᠰᠢᠭᠤ ᠨᠠᠮ ᠤᠨ ᠬᠤᠷᠢᠶ᠎ᠠ ᠶᠢᠨ ᠠᠷᠪᠠᠨ ᠳᠦᠷᠪᠡᠳᠣᠭᠡᠷ ᠣᠳᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠳᠤ ᠳᠣᠷᠠᠳᠣᠭᠰᠠᠨ ᠬᠠᠷᠠᠯᠳᠠ ᠶᠢ ᠪᠦᠬᠦ ᠳᠠᠯ᠎ᠠ ᠪᠠᠷ ᠪᠡᠶᠡᠯᠡᠬᠦᠯᠵᠣ᠂ ᠨᠡᠶᠢᠭᠡᠮ | ᠵᠢᠷᠤᠮᠲᠤ ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠵᠠᠮ ᠳᠤ ᠰᠢᠨ᠎ᠡ ᠠᠯᠬᠤᠮ ᠢ | ᠠᠯᠬᠤᠨ᠎ᠠ᠃ | ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠡᠮᠡᠴᠡᠬᠦ ᠬᠠᠷᠠᠯᠲᠠ ᠪᠣᠯ᠄ 2025 | ᠣᠨ ᠪᠣᠯᠬᠤ ᠳᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 73 ᠳ᠋ᠦᠩᠰᠢᠭᠤᠷ | ᠲᠥᠭᠦᠷᠢᠭ ᠲᠤ ᠬᠦᠷᠭᠡᠵᠦ᠂ ᠵᠢᠯ ᠪᠦᠷᠢ ᠳᠤᠮᠳᠠᠴᠢ ᠪᠠᠷ 5% ᠣᠷᠴᠢᠮ ᠨᠡᠮᠡᠭᠳᠡᠭᠦᠯᠦᠨ᠎ᠡ᠃ ᠨᠡᠶᠢᠭᠡᠮ ᠤᠨ | ᠬᠡᠷᠡᠭᠯᠡᠭᠡᠨ ᠤ ᠵᠦᠢᠯᠡᠰ ᠢ ᠵᠢᠵᠢᠭᠯᠡᠨ ᠪᠣᠷᠣᠯᠠᠭᠤᠯᠬᠤ ᠶᠡᠷᠦᠩᠬᠡᠢ ᠬᠡᠮᠵᠢᠶ᠎ᠡ ᠶᠢ 13 ᠳ᠋ᠦᠩᠰᠢᠭᠤᠷ ᠲᠥᠭᠦᠷᠢᠭ | ᠣᠷᠴᠢᠮ ᠳᠤ ᠬᠦᠷᠭᠡᠵᠦ᠂ ᠵᠢᠯ ᠪᠦᠷᠢ ᠳᠤᠮᠳᠠᠴᠢ ᠪᠠᠷ 4.5% ᠣᠷᠴᠢᠮ ᠨᠡᠮᠡᠭᠳᠡᠭᠦᠯᠦᠨ᠎ᠡ᠃ ᠲᠣᠭᠲᠠᠮᠠᠯ | ᠬᠦᠷᠦᠩᠭᠡ ᠶᠢᠨ ᠪᠡᠯᠡ ᠣᠷᠣᠭᠤᠯᠤᠯᠲᠠ ᠶᠢ 20 ᠳ᠋ᠦᠩᠰᠢᠭᠤᠷ ᠲᠥᠭᠦᠷᠢᠭ ᠣᠷᠴᠢᠮ ᠳᠤ ᠬᠦᠷᠭᠡᠵᠦ᠂ ᠵᠢᠯ ᠪᠦᠷᠢ | ᠳᠤᠮᠳᠠᠴᠢ ᠪᠠᠷ 5.9% ᠠᠴᠠ ᠳᠡᠭᠡᠭᠰᠢ ᠨᠡᠮᠡᠭᠳᠡᠭᠦᠯᠦᠨ᠎ᠡ᠃ ᠡᠩ ᠤᠨ ᠤᠯᠠᠨ ᠨᠡᠶᠢᠲᠡ ᠶᠢᠨ ᠲᠥᠰᠦᠪ ᠤᠨ | ᠣᠷᠣᠯᠭ᠎ᠠ ᠶᠢ 7.4 ᠳ᠋ᠦᠩᠰᠢᠭᠤᠷ ᠲᠥᠭᠦᠷᠢᠭ ᠣᠷᠴᠢᠮ ᠳᠤ ᠬᠦᠷᠭᠡᠵᠦ᠂ ᠵᠢᠯ ᠪᠦᠷᠢ ᠳᠤᠮᠳᠠᠴᠢ ᠪᠠᠷ 2.6% | ᠣᠷᠴᠢᠮ ᠨᠡᠮᠡᠭᠳᠡᠭᠦᠯᠦᠨ᠎ᠡ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ | ᠬᠤᠪᠢᠶᠠᠷᠢᠯᠠᠵᠤ ᠪᠤᠯᠬᠤᠶᠢᠴᠠ ᠣᠷᠣᠯᠭ᠎ᠠ ᠶᠢ ᠲᠣᠰ ᠲᠣᠰ 4.7 ᠲᠦᠮᠡᠨ ᠲᠥᠭᠦᠷᠢᠭ ᠪᠠ 4 ᠲᠦᠮᠡᠨ | ᠲᠥᠭᠦᠷᠢᠭ ᠲᠤ ᠭᠦᠷᠭᠡᠵᠦ᠂ ᠵᠢᠯ ᠪᠦᠷᠢ ᠳᠤᠮᠳᠠᠴᠢ ᠪᠠᠷ ᠲᠣᠰ ᠲᠣᠰ 2.1% ᠪᠠ 2.8% ᠣᠷᠴᠢᠮ | ᠨᠡᠮᠡᠭᠳᠡᠭᠦᠯᠦᠨ᠎ᠡ᠃ ᠳᠡᠭᠡᠷᠡᠬᠢ ᠬᠠᠷᠠᠯᠲᠠ ᠶᠢ ᠤᠷᠤᠭᠰᠢᠲᠠᠶ ᠪᠡᠶᠡᠯᠡᠬᠦᠯᠬᠦ ᠶᠢᠨ ᠲᠥᠯᠥᠭᠡ᠂ ᠪᠢᠳᠡ ᠲᠤᠯᠤᠭᠠᠨ ᠶᠡᠭᠡ | ᠠᠵᠢᠯᠯᠠᠭ᠎ᠠ ᠶᠢ ᠪᠥᠬᠦ ᠬᠦᠴᠦᠨ ᠢᠶᠠᠷ ᠬᠡᠷᠡᠭᠵᠢᠬᠦᠯᠦᠨ᠎ᠡ᠃ | ︵ᠨᠢᠭᠡ︶ ᠬᠦᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠮᠠᠯᠵᠢᠬᠤ | ᠣᠷᠣᠨ ᠤ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠵᠤ᠂ ᠠᠵᠤ ᠦᠢᠯᠡᠰ ᠢ ᠬᠦᠴᠦᠷᠬᠡᠭᠵᠢᠭᠦᠯᠦᠨ | ᠰᠠᠭᠤᠷᠢ ᠶᠢ ᠪᠠᠬᠢᠵᠢᠭᠦᠯᠤᠨ᠎ᠠ᠃ ᠳᠠᠪᠠᠭᠤᠯᠢᠭ ᠠᠵᠤ ᠦᠢᠯᠡᠰ ᠢ ᠦᠷᠭᠦᠯᠵᠢᠯᠡᠨ ᠬᠦᠭᠵᠢᠬᠦᠯᠦᠨ᠎ᠡ᠃ ᠪᠣᠬᠢᠷᠲᠤᠯ | ᠦᠭᠡᠶ ᠮᠠᠯ ᠠᠵᠤ ᠠᠬᠤᠶ ᠶᠢ ᠬᠥᠭᠵᠢᠭᠦᠯᠬᠦ᠂ ᠰᠢᠨᠵᠢᠯᠡᠭᠡ ᠮᠡᠷᠭᠡᠵᠢᠯ ᠢᠶᠠᠷ ᠮᠠᠯ ᠠᠵᠤ ᠠᠬᠤᠶ ᠶᠢ ᠬᠥᠭᠵᠢᠭᠦᠯᠬᠦ᠂ | ᠴᠢᠨᠠᠷᠯᠢᠭ ᠢᠶᠠᠷ ᠮᠠᠯ ᠠᠵᠤ ᠠᠬᠤᠶ ᠶᠢ ᠬᠥᠭᠵᠢᠭᠦᠯᠬᠦ ᠶᠢ ᠪᠠᠷᠢᠮᠲᠠᠯᠠᠵᠤ᠂ ᠤᠳᠤ ᠦᠶ᠎ᠡ ᠶᠢᠨ ᠮᠠᠯ ᠠᠵᠤ ᠠᠬᠤᠢ ᠶᠢᠨ | ᠬᠥᠭᠵᠢᠯᠲᠡ ᠶᠢ ᠥᠨᠳᠥᠷ ᠲᠦᠪᠰᠢᠨ ᠠᠴᠠ ᠲᠥᠯᠥᠪᠵᠢᠭᠦᠯᠦᠨ᠂ ᠤᠯᠠᠮᠵᠢᠯᠠᠯᠲᠤ ᠮᠠᠯ ᠠᠵᠤ ᠠᠬᠤᠢ ᠶᠢᠨ | ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢ ᠬᠦᠴᠦᠯᠡᠨ ᠬᠤᠪᠢᠷᠠᠭᠤᠯᠵᠤ᠂ ᠮᠠᠯ ᠪᠡᠯᠴᠢᠭᠡᠷ ᠢ ᠨᠢᠭᠡ | ᠴᠤᠭᠴᠠᠵᠢᠭᠤᠯᠬᠤ ᠪᠠᠷ ᠭᠤᠣᠯᠳᠠᠯᠭ᠎ᠠ ᠪᠣᠯᠭᠠᠭᠰᠠᠨ ᠤᠳᠤ ᠦᠶ᠎ᠡ ᠶᠢᠨ ᠮᠠᠯ ᠠᠵᠤ ᠠᠬᠤᠢ ᠶᠢ ᠪᠠᠶᠢᠭᠤᠯᠦᠨ᠂ ᠮᠠᠯ | ᠠᠵᠤ ᠠᠬᠤᠢ ᠶᠢᠨ ᠬᠥᠭᠵᠢᠯᠲᠡ ᠶᠢ ᠭᠤᠣᠯᠳᠠᠭᠤ ᠮᠠᠯ ᠤᠨ ᠲᠤᠭ᠎ᠠ ᠶᠢ ᠨᠡᠮᠡᠭᠳᠡᠬᠦᠯᠬᠦ ᠶᠢ ᠴᠢᠬᠤᠯᠠᠴᠢᠯᠠᠵᠤ | ᠪᠠᠶᠢᠭᠰᠠᠨ ᠠᠴᠠ ᠪᠠᠨ ᠡᠬᠦᠯᠳᠡᠷ ᠢ ᠰᠠᠶᠢᠵᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠲᠦᠷᠦᠯ ᠲᠡᠮᠳᠡᠭ | ᠡᠭᠦᠳᠬᠦ ᠶᠢ ᠨᠡᠩ ᠴᠢᠬᠤᠯᠠᠴᠢᠯᠠᠬᠤ ᠪᠣᠯᠭᠠᠨ ᠬᠤᠪᠢᠷᠠᠭᠤᠯᠵᠤ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠶᠢᠨ | ᠪᠦᠳᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠤᠯᠤᠰ ᠤᠨ ᠴᠢᠬᠤᠯᠠ ᠪᠠᠶᠢᠭᠠᠯᠢᠯᠢᠭ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠡᠳ᠋ᠰᠢᠬᠦᠯᠦᠨ ᠪᠣᠯᠪᠠᠰᠣᠷᠠᠭᠤᠯᠬᠤ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠳᠤ | ᠲᠦᠰᠢᠭᠯᠡᠨ᠂ ᠦᠵᠦᠮᠦᠴᠢᠨ ᠬᠤᠨᠢ ᠰᠣᠩᠭᠤᠨ ᠪᠣᠶᠢᠵᠢᠭᠤᠯᠬᠤ᠂ ᠡᠭᠦᠯᠳᠡᠷ ᠢ ᠨᠢ ᠴᠡᠪᠡᠷᠰᠢᠬᠦᠯᠵᠣ ᠦᠷ᠎ᠡ ᠠᠰᠢᠭ ᠢ | ᠨᠢ ᠨᠡᠮᠡᠭᠳᠡᠭᠦᠯᠬᠦ ᠪᠠ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠡᠷᠴᠢᠮ ᠢ ᠦᠷᠭᠦᠯᠵᠢᠯᠡᠨ ᠴᠢᠩᠭᠠᠳᠬᠠᠵᠣ᠂ 3 | ᠦᠷ᠎ᠡ ᠶᠢᠨ ᠮᠠᠯ ᠤᠨ ᠲᠠᠯᠠᠪᠠᠶ᠂ 30 ᠳᠡᠵᠢᠭᠡᠨ ᠦᠷᠡᠵᠢᠬᠦᠯᠬᠦ ᠲᠠᠯᠠᠪᠠᠶ᠂ 300 ᠭᠤᠣᠯᠳᠠᠯᠭᠠᠲᠤ ᠰᠦᠷᠦᠭ ᠢ | ᠪᠠᠶᠢᠭᠤᠯᠦᠨ᠂ ᠦᠵᠦᠮᠦᠴᠢᠨ ᠬᠤᠨᠢᠨ ᠤ ᠪᠠᠷᠢᠮᠵᠢᠶᠠᠵᠢᠭᠰᠠᠨ ᠰᠦᠷᠦᠭ ᠢ 2800 ᠳᠤ ᠬᠦᠷᠭᠡᠨ᠎ᠡ᠃ ᠴᠠᠭᠠᠨ | ᠢᠮᠠᠭᠠᠨ ᠤ ᠡᠭᠦᠯᠳᠡᠷ ᠢ ᠬᠠᠮᠠᠭᠠᠯᠠᠬᠤ ᠢᠨᠵᠧᠨᠧᠷᠢᠩ ᠢ ᠶᠡᠬᠡᠪᠡᠷ ᠠᠬᠢᠭᠤᠯᠵᠤ᠂ 1 ᠡᠭᠦᠯᠳᠡᠷ ᠢ ᠬᠠᠮᠠᠭᠠᠯᠠᠬᠤ ᠲᠠᠯᠠᠪᠠᠶ | ᠪᠠᠶᠢᠭᠤᠯᠵᠤ᠂ ᠨᠣᠯᠤᠤᠷ ᠪᠠ ᠮᠢᠬᠠᠨ ᠤ ᠭᠠᠷᠤᠯᠲᠠ ᠶᠡᠭᠡ᠂ ᠶᠠᠰᠤ ᠴᠢᠨᠠᠷ ᠰᠠᠶᠢᠨ ᠰᠢᠯᠢᠳᠡᠭ ᠡᠭᠦᠯᠳᠡᠷ ᠢ ᠰᠣᠩᠭᠤᠨ | ᠪᠤᠶᠢᠵᠢᠭᠤᠯᠤᠨ᠎ᠠ᠃ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠣᠨᠴᠠ ᠰᠢᠯᠢᠳᠡᠭ ᠲᠣᠭᠤᠷᠢᠭ ᠤᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠵᠤ᠂ ᠦᠵᠦᠮᠦᠴᠢᠨ ᠬᠤᠨᠢᠨ ᠤ ᠡᠭᠦᠯᠳᠡᠷ ᠪᠤᠶᠢᠵᠢᠭᠤᠯᠬᠤ ᠲᠣᠭᠳᠠᠯᠴᠠᠭ᠎ᠠ ᠪᠠ | ᠤᠯᠤᠰ ᠤᠨ ᠲᠠᠰ ᠤᠨ ᠬᠤᠴᠠ ᠶᠢᠨ ᠢᠷᠡᠯᠲᠡ ᠶᠢᠨ ᠪᠦᠬᠦ ᠶᠠᠪᠣᠴᠠ ᠶᠢ ᠮᠥᠷᠳᠡᠬᠦ ᠲᠣᠭᠳᠠᠯᠴᠠᠭ᠎ᠠ ᠶᠢ ᠪᠠᠶᠢᠭᠤᠯᠦᠨ᠂ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠦᠷ᠎ᠡ ᠶᠢᠨ ᠮᠠᠯ ᠤᠨ ᠠᠵᠣ ᠦᠢᠯᠡᠰ ᠢ ᠬᠥᠭᠵᠢᠭᠦᠯᠦᠨ | ᠮᠠᠨᠳᠤᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠦᠷ᠎ᠡ ᠶᠢᠨ ᠮᠠᠯ ᠤᠨ ᠲᠠᠯᠠᠪᠠᠶ᠂ ᠮᠢᠬᠠᠨ ᠦᠬᠡᠷ ᠤᠨ | ᠭᠤᠣᠯᠳᠠᠯᠭᠠᠳᠣ ᠰᠦᠷᠦᠭ ᠤᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠳᠬᠤᠨ᠂ 2025 ᠣᠨ ᠪᠣᠯᠬᠤ ᠳᠤ᠂ | ᠳᠡᠭᠡᠳᠦ ᠲᠠᠰ ᠤᠨ ᠮᠢᠬᠠᠨ ᠦᠬᠡᠷ ᠤᠨ ᠲᠤᠭ᠎ᠠ ᠶᠢ 20 ᠲᠦᠮᠡ ᠠᠴᠠ ᠳᠠᠪᠠᠭᠤᠯᠵᠣ᠂ ᠠᠶᠢᠮᠠᠭ ᠤᠨ ᠲᠠᠰ ᠠᠴᠠ | ᠳᠡᠭᠡᠭᠰᠢᠬᠢ ᠰᠢᠯᠢᠳᠡᠭ ᠡᠭᠦᠯᠳᠡᠷ ᠤᠨ ᠮᠢᠬᠠᠨ ᠦᠬᠡᠷ ᠤᠨ ᠭᠤᠣᠯᠳᠠᠯᠭᠠᠳᠣ ᠰᠦᠷᠦᠭ ᠢ 100 ᠶᠢ ᠪᠠᠶᠢᠭᠤᠯᠦᠨ᠂ | ᠤᠯᠤᠰ ᠤᠨ ᠲᠡᠷᠢᠭᠦᠨ ᠤ ᠦᠷ᠎ᠡ ᠶᠢᠨ ᠮᠠᠯ ᠤᠨ ᠲᠠᠯᠠᠪᠠᠶ ᠶᠢ 5 ᠪᠠᠶᠢᠭᠤᠯᠣᠨ᠎ᠠ᠃ ᠮᠢᠬᠠᠨ ᠦᠬᠡᠷ ᠤᠨ ᠠᠵᠤ | ᠦᠢᠯᠡᠰᠵᠢᠭᠰᠡᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠮᠢᠩᠭ᠎ᠠ ᠠᠴᠠ ᠳᠡᠭᠡᠭᠰᠢ ᠬᠡᠪᠴᠢᠶᠡᠵᠢᠭᠦᠯᠦᠨ ᠪᠣᠷᠳᠣᠬᠤ | ᠲᠠᠯᠠᠪᠠᠶ 1᠂ ᠮᠢᠩᠭ᠎ᠠ ᠠᠴᠠ ᠳᠡᠭᠡᠭᠰᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠶ 5᠂ 500 ᠲᠣᠯᠣᠭᠠᠢ | ᠠᠴᠠ ᠳᠡᠭᠡᠭᠰᠢ ᠬᠡᠪᠴᠢᠶ᠎ᠡ ᠲᠠᠢ ᠲᠡᠵᠢᠭᠡᠨ ᠦᠷᠡᠵᠢᠭᠦᠯᠬᠦ ᠲᠠᠯᠠᠪᠠᠶ 10 ᠶᠢ ᠪᠠᠶᠢᠭᠤᠯᠦᠨ᠂ ᠣᠳᠣᠬᠢᠴᠢᠯᠠᠭᠰᠠᠨ | ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠮᠣᠩᠭᠤᠯ ᠦᠬᠡᠷ ᠤᠨ | ᠡᠭᠦᠯᠳᠡᠷ ᠢ ᠬᠠᠮᠠᠭᠠᠯᠠᠬᠤ ᠶᠢ ᠴᠢᠩᠭᠠᠳᠬᠠᠵᠤ᠂ 2 ᠮᠣᠩᠭᠤᠯ ᠦᠬᠡᠷ ᠤᠨ ᠡᠭᠦᠯᠳᠡᠷ ᠢ ᠬᠠᠮᠠᠭᠠᠯᠠᠬᠤ ᠰᠠᠭᠤᠷᠢᠨ ᠭᠠᠵᠠᠷ | ᠂ 5 ᠭᠤᠣᠯᠳᠠᠯᠭᠠᠳᠣ ᠰᠦᠷᠦᠭ ᠢ ᠪᠤᠶᠢᠵᠢᠭᠤᠯᠤᠨ᠎ᠠ᠃ ᠠᠳᠤᠭᠤᠨ ᠤ ᠠᠵᠤ ᠦᠢᠯᠡᠰ ᠢ ᠵᠢᠷᠤᠮᠵᠢᠭᠤᠯᠤᠨ | ᠬᠥᠭᠵᠢᠭᠦᠯᠵᠤ᠂ 2025 ᠣᠨ ᠪᠣᠯᠬᠤ ᠳᠤ᠂ 14 ᠬᠡᠪᠴᠢᠶᠡᠵᠢᠭᠰᠡᠨ ᠠᠳᠤᠭᠤᠨ ᠤ ᠠᠵᠣ ᠦᠢᠯᠡᠰ ᠤᠨ ᠬᠤᠷᠰᠢᠶ᠎ᠠ᠂ | 100 ᠠᠴᠠ ᠳᠡᠭᠡᠭᠰᠢ ᠬᠡᠪᠴᠢᠶ᠎ᠡ ᠲᠠᠢ ᠲᠤᠰᠬᠠᠶ ᠲᠡᠵᠢᠭᠡᠨ ᠦᠷᠡᠵᠢᠭᠦᠯᠬᠦ ᠡᠷᠦᠬᠡ ᠶᠢ 50 ᠪᠠᠶᠢᠭᠤᠯᠵᠣ᠂ | ᠠᠳᠤᠭᠤᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠦᠨ᠂ ᠦᠵᠦᠮᠦᠴᠢᠨ ︽ | ᠰᠢᠷᠭ᠎ᠠ ᠠᠳᠣᠭᠤ︾ ︽ᠵᠠᠭᠠᠯᠲᠤ ᠠᠳᠣᠭᠤ︾ ᠶᠢᠨ ᠨᠠᠷᠠᠲᠤ ᠲᠥᠷᠥᠯ ᠲᠡᠮᠳᠡᠭ ᠤᠨ ᠪᠠᠶᠢᠭᠤᠯᠤᠯᠲᠠ ᠶᠢ | ᠠᠬᠢᠭᠤᠯᠤᠨ᠎ᠠ᠃ ᠰᠦ ᠶᠢᠨ ᠠᠵᠣ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ | ᠬᠤᠪᠢ ᠶᠢᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠡᠷᠦᠬᠡ ᠶᠢᠨ ᠬᠡᠪᠴᠢᠶᠡᠵᠢᠭᠦᠯᠦᠨ ᠡᠵᠡᠩᠨᠡᠬᠦ᠂ | ᠪᠠᠷᠢᠮᠵᠢᠶᠡᠵᠢᠭᠤᠯᠣᠨ ᠪᠦᠲᠦᠭᠡᠨ ᠪᠠᠶᠢᠭᠤᠯᠬᠤ ᠶᠢ ᠶᠡᠬᠡᠪᠡᠷ ᠳᠡᠮᠵᠢᠨ᠂ ︽ᠰᠢᠯᠢᠳᠡᠭ ᠡᠬᠦᠯᠳᠡᠷ ᠤᠨ᠂ | ᠲᠦᠬᠦᠭᠡᠷᠣᠮᠵᠢᠳᠦ᠂ ᠬᠡᠪᠴᠢᠶᠡᠵᠢᠭᠰᠡᠨ᠂ ᠬᠢᠵᠢᠭ ᠢ ᠳᠦᠷᠢᠮᠵᠢᠬᠦᠯᠦᠨ ᠰᠡᠷᠭᠡᠶᠢᠯᠡᠬᠦ᠂ ᠢᠯᠭᠠᠳᠠᠰᠣ ᠶᠢ ᠬᠤᠣᠷ | ᠦᠭᠡᠶᠢᠳᠡᠬᠦᠯᠦᠨ ᠰᠢᠢᠳᠪᠦᠷᠢᠯᠡᠬᠦ᠂ ᠬᠢᠨᠠᠯᠲᠠ ᠬᠠᠮᠢᠶᠠᠷᠤᠯᠲᠠ ᠨᠢ ᠪᠠᠶᠢᠩᠭᠤᠵᠢᠭᠰᠠᠨ︾ ᠱᠠᠭᠠᠷᠳᠠᠯᠭ᠎ᠠ ᠶᠣᠰᠣᠭᠠᠷ᠂ | ᠲᠠᠷᠠᠬᠠᠶ ᠪᠤᠲᠠᠷᠬᠠᠶ ᠬᠤᠪᠢ ᠶᠢᠨ ᠴᠠᠭᠠᠨ ᠢᠳᠡᠭᠡᠨ ᠤ ᠦᠢᠯᠡᠳᠪᠦᠷᠢᠯᠡᠯ ᠢ ᠵᠣᠬᠢᠶᠠᠨ ᠪᠠᠶᠢᠭᠤᠯᠣᠯᠲᠠ ᠶᠢᠨ | ᠬᠡᠮᠵᠢᠶ᠎ᠡ ᠪᠠᠷ ᠨᠡᠯᠢᠶᠡᠳ ᠥᠨᠳᠥᠷ ᠦᠢᠯᠡᠳᠪᠦᠷᠢᠯᠡᠯ ᠳᠠᠰᠢ ᠬᠤᠪᠢᠷᠠᠭᠤᠯᠵᠣ᠂ 2025 ᠣᠨ ᠪᠣᠯᠬᠤ ᠳᠤ᠂ ᠳᠡᠵᠢᠭᠡᠨ | ᠦᠷᠡᠵᠢᠬᠦᠯᠬᠦ ᠪᠠ ᠡᠳ᠋ᠰᠢᠬᠦᠯᠦᠨ ᠪᠣᠯᠪᠠᠰᠣᠷᠠᠭᠤᠯᠬᠤ ᠶᠢ ᠨᠢᠭᠡ ᠴᠤᠭᠴᠠᠵᠢᠭᠤᠯᠤᠭᠰᠠᠨ ᠵᠢᠱᠢᠶ᠎ᠡ ᠦᠵᠡᠭᠦᠯᠬᠦ ᠴᠡᠭ ᠢ | 40 ᠠᠴᠠ ᠳᠠᠪᠠᠭᠤᠯᠵᠣ᠂ ᠵᠢᠯ ᠤᠨ ᠦᠢᠯᠡᠳᠪᠦᠷᠢᠯᠡᠯ ᠤᠨ ᠴᠢᠳᠠᠪᠣᠷᠢ ᠶᠢ 2 ᠲᠦᠮᠡᠨ ᠲᠣᠨ ᠠᠴᠠ ᠳᠠᠪᠠᠭᠤᠯᠦᠨ᠂ | ᠤᠯᠠᠮᠵᠢᠯᠠᠯᠲᠤ ᠴᠠᠭᠠᠨ ᠢᠳᠡᠭᠡ ᠶᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠨᠢᠭᠡᠳᠦᠯᠲᠡᠶ ᠪᠣᠷᠣᠯᠠᠭᠤᠯᠬᠤ ᠶᠢ | ᠪᠡᠶᠡᠯᠡᠭᠦᠯᠦᠨ᠎ᠡ᠃ ᠡᠪᠡᠰᠦ ᠪᠣᠷᠳᠣᠭᠠᠨ ᠤ ᠠᠵᠣ ᠦᠢᠯᠡᠰᠵᠢᠭᠰᠡᠨ ᠬᠦᠭᠵᠢᠯᠲᠡ ᠶᠢ ᠠᠬᠢᠭᠤᠯᠵᠤ᠂ 2025 ᠣᠨ | ᠪᠣᠯᠬᠤ ᠳᠤ᠂ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠭᠠᠮᠰᠢᠭ ᠲᠠᠢ | ᠳᠡᠮᠡᠴᠡᠬᠦ ᠡᠪᠡᠰᠦ ᠪᠣᠷᠳᠤᠭ᠎ᠠ ᠶᠢ ᠳᠣᠭᠢᠷᠠᠭᠤᠯᠤᠨ ᠬᠦᠷᠭᠡᠬᠦ ᠲᠥᠪ ᠢ ᠪᠠᠶᠢᠭᠤᠯᠦᠨ᠂ 1 ᠶᠡᠷᠦᠩᠬᠡᠶᠢᠯᠡᠭᠰᠡᠨ ᠡᠪᠡᠰᠦᠨ ᠤ | ᠠᠵᠣ ᠦᠢᠯᠡᠰ ᠤᠨ ᠵᠠᠬ᠎ᠠ ᠳᠡᠯᠭᠡᠭᠦᠷ ᠪᠠ 1 ᠥᠨᠳᠥᠷ ᠤᠨᠠᠯᠲᠠ ᠲᠠᠢ ᠲᠡᠵᠢᠭᠡᠯ ᠪᠣᠷᠳᠣᠭᠠᠨ ᠤ ᠰᠠᠭᠤᠷᠢᠨ ᠭᠠᠵᠠᠷ ᠢ | ᠪᠠᠶᠢᠭᠤᠯᠤᠨ᠎ᠠ᠃ ᠮᠠᠯᠵᠢᠬᠤ ᠣᠷᠣᠨ ᠤ ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠣᠨ᠎ᠠ᠃ ᠬᠡᠷ ᠪᠦᠯᠢ ᠶᠢᠨ | ᠡᠵᠡᠩᠨᠡᠯᠲᠡ ᠪᠠᠷ ᠰᠠᠭᠤᠷᠢ ᠪᠣᠯᠭᠠᠵᠣ᠂ ᠬᠤᠷᠰᠢᠨ ᠬᠠᠮᠲᠤᠷᠠᠯᠴᠠᠬᠤ ᠪᠠᠷ ᠬᠤᠯᠪᠣᠭᠠᠰᠤ ᠪᠣᠯᠭᠠᠨ᠂ ᠨᠡᠶᠢᠭᠡᠮᠴᠢᠯᠡᠭᠰᠡᠨ | ᠦᠢᠯᠡᠴᠢᠯᠡᠭᠡ ᠪᠠᠷ ᠲᠣᠯᠭᠠᠭᠤᠷᠢ ᠪᠣᠯᠭᠠᠭᠰᠠᠨ ᠣᠲᠣ ᠦᠶ᠎ᠡ ᠶᠢᠨ ᠮᠠᠯ ᠠᠵᠤ ᠠᠬᠤᠶ ᠶᠢᠨ ᠡᠵᠡᠩᠨᠡᠯᠲᠡ ᠶᠢᠨ | ᠲᠣᠭᠳᠠᠯᠴᠠᠭᠠᠨ ᠤ ᠪᠠᠶᠢᠭᠤᠯᠣᠯᠲᠠ ᠶᠢ ᠲᠦᠷᠭᠡᠳᠬᠡᠵᠤ᠂ 2025 ᠣᠨ ᠪᠣᠯᠬᠤ ᠳᠤ᠂ ᠤᠯᠤᠰ᠂ ᠥᠪᠡᠷᠲᠡᠭᠡᠨ | ᠵᠠᠰᠠᠬᠤ ᠣᠷᠣᠨ ᠤ ᠲᠠᠰ ᠤᠨ 12᠂ ᠠᠶᠢᠮᠠᠭ ᠤᠨ ᠲᠠᠰ ᠤᠨ 18 ᠵᠢᠱᠢᠶ᠎ᠡ ᠦᠵᠡᠭᠦᠯᠬᠦ ᠬᠤᠷᠰᠢᠶ᠎ᠠ᠂ 1 ᠤᠯᠤᠰ ᠤᠨ | ᠲᠠᠰ᠂ 3 ᠠᠶᠢᠮᠠᠭ ᠤᠨ ᠲᠠᠰ ᠤᠨ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠳᠠᠭᠠᠭᠤᠯᠣᠭᠴᠢ ᠠᠵᠤ ᠠᠬᠤᠶᠢᠯᠠᠯ | ᠢ ᠪᠠᠶᠢᠭᠤᠯᠣᠨ᠎ᠠ᠃ ᠭᠠᠴᠠᠭᠠᠨ ᠤ ᠬᠠᠮᠲᠤ ᠶᠢᠨ ᠨᠣᠳᠤᠭ ᠪᠡᠯᠴᠢᠭᠡᠷ᠂ ᠣᠶᠢᠲᠤ ᠭᠠᠵᠠᠷ᠂ ᠭᠤᠤᠯ ᠮᠦᠷᠡᠨ ᠨᠠᠭᠤᠷ | ᠴᠦᠬᠦᠷᠦᠮ᠂ ᠦᠯᠦ ᠠᠰᠢᠭᠯᠠᠵᠣ ᠪᠠᠶᠢᠭ᠎ᠠ ᠡᠳ᠋ ᠬᠥᠷᠥᠩᠭᠡ ᠵᠡᠷᠭᠡ ᠡᠯ᠎ᠡ ᠲᠥᠷᠥᠯ ᠤᠨ ᠡᠬᠢ ᠪᠠᠶᠠᠯᠢᠭ ᠢ ᠴᠢᠯᠥᠭᠡᠲᠡᠶ | ᠪᠣᠯᠭᠠᠵᠤ᠂ ᠵᠠᠬ᠎ᠠ ᠳᠡᠯᠭᠡᠭᠦᠷᠴᠢᠯᠡᠭᠰᠡᠨ ᠬᠡᠮᠵᠢᠶ᠎ᠡ ᠪᠠᠷ ᠥᠨᠳᠥᠷ᠂ ᠳᠠᠶᠢᠴᠢᠯᠠᠬᠤ ᠬᠦᠴᠦᠨ ᠢᠶᠠᠷ ᠴᠢᠩᠭ᠎ᠠ ᠭᠠᠴᠠᠭᠠᠨ ᠤ | ᠬᠠᠮᠲᠤ ᠶᠢᠨ ᠠᠵᠤ ᠠᠬᠤᠶ ᠶᠢᠨ ᠲᠥᠷᠥᠯ ᠵᠦᠢᠯ ᠢ ᠶᠡᠬᠡᠪᠡᠷ ᠳᠡᠮᠵᠢᠵᠣ᠂ 2025 ᠣᠨ ᠪᠣᠯᠬᠤ ᠳᠤ᠂ 50% ᠶᠢᠨ | ᠭᠠᠴᠠᠭᠠᠨ ᠤ ᠬᠠᠮᠳᠣ ᠶᠢᠨ ᠣᠷᠣᠯᠭ᠎ᠠ ᠶᠢ 50 ᠲᠦᠮᠡᠨ ᠲᠥᠭᠦᠷᠢᠭ ᠠᠴᠠ ᠳᠠᠪᠠᠭᠤᠯᠤᠨ᠎ᠠ᠃ ᠮᠠᠯ ᠠᠵᠤ ᠠᠬᠤᠶ ᠶᠢᠨ | ᠣᠯᠠᠨ ᠡᠰᠢᠵᠢᠭᠰᠡᠨ ᠦᠢᠯᠡᠴᠢᠯᠡᠭᠡᠨ ᠤ ᠭᠤᠤᠯ ᠴᠣᠭᠴᠠ ᠶᠢ ᠢᠳᠡᠪᠬᠢᠲᠡᠶ ᠪᠤᠶᠢᠵᠢᠭᠤᠯᠵᠤ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ᠂ ᠶᠡᠷᠦᠩᠬᠡᠶᠢᠯᠡᠭᠰᠡᠨ ᠴᠢᠨᠠᠷᠲᠠᠶ ᠮᠠᠯ ᠠᠵᠤ ᠠᠬᠤᠶ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠠ ᠨᠡᠶᠢᠭᠡᠮᠴᠢᠯᠡᠭᠰᠡᠨ ᠡᠵᠡᠩᠨᠡᠯᠲᠡ ᠦᠢᠯᠡᠴᠢᠯᠡᠭᠡᠨ ᠤ ᠵᠣᠬᠢᠶᠠᠨ | ᠪᠠᠶᠢᠭᠤᠯᠤᠯᠲᠠ ᠶᠢ ᠪᠠᠶᠢᠭᠤᠯᠵᠤ᠂ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠦᠨ᠂ 2025 ᠣᠨ ᠪᠣᠯᠬᠤ ᠳᠤ᠂ ᠮᠠᠯ ᠤᠨ ᠵᠠᠬᠢᠶᠠᠯᠠᠭ᠎ᠠ ᠪᠠᠷ ᠪᠣᠷᠣᠯᠠᠭᠤᠯᠬᠤ ᠬᠠᠷᠢᠴᠠᠯ ᠢ | 60% ᠠᠴᠠ ᠳᠠᠪᠠᠭᠤᠯᠵᠣ᠂ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠬᠡᠮᠵᠢᠶ᠎ᠡ ᠶᠢ 90% ᠳᠤ ᠬᠦᠷᠭᠡᠨ᠎ᠡ᠃ | ᠮᠠᠯᠵᠢᠬᠤ ᠣᠷᠣᠨ ᠤ ᠰᠠᠭᠤᠷᠢ ᠪᠥᠳᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠤᠯᠤᠰ ᠤᠨ ᠪᠠ ᠮᠤᠵᠢ ᠶᠢᠨ | ᠭᠤᠤᠯ ᠱᠤᠭᠤᠮ ᠵᠢᠴᠢ ᠬᠥᠳᠡᠭᠡ ᠲᠣᠰᠬᠤᠨ ᠤ ᠵᠠᠰᠠᠮᠠᠯ ᠵᠠᠮ ᠤᠨ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ | ᠪᠣᠯᠬᠤ ᠶᠢ ᠭᠤᠤᠯᠳᠠᠯᠭ᠎ᠠ ᠲᠠᠢ ᠠᠬᠢᠭᠤᠯᠦᠨ᠂ 221 ᠮᠣᠵᠢ ᠶᠢᠨ ᠳᠡᠰ ᠤᠨ ᠵᠠᠰᠠᠮᠠᠯ ᠵᠠᠮ ᠤᠨ ᠡᠵᠢᠨᠠᠭᠤᠷ ᠠᠴᠠ | ᠲᠠᠪᠣᠨ ᠪᠠᠶᠢᠰᠢᠩ ᠬᠥᠷᠬᠦ ᠬᠡᠰᠡᠭ ᠢ ᠠᠰᠢᠭᠯᠠᠯᠲᠠ ᠳᠤ ᠣᠷᠣᠭᠤᠯᠵᠤ᠂ ᠠᠶᠢᠮᠠᠭ ᠬᠦᠷᠬᠦ ᠰᠢᠨ᠎ᠡ ᠵᠠᠮ ᠢ | ᠨᠡᠪᠲᠡᠷᠡᠭᠦᠯᠦᠨ᠎ᠡ᠃ ᠬᠢᠯᠢ ᠬᠢᠵᠠᠭᠠᠷ ᠣᠷᠣᠨ ᠳᠤ ᠬᠥᠷᠬᠦ ᠵᠠᠰᠠᠮᠠᠯ ᠵᠠᠮ ᠢ ᠲᠠᠰ ᠳᠡᠪᠰᠢᠭᠦᠯᠬᠦ ᠪᠠ ᠭᠠᠴᠠᠭᠠᠨ ᠳᠤ | ᠨᠡᠪᠳᠡᠷᠡᠬᠦ ᠵᠠᠮ ᠢ ᠬᠠᠳᠠᠭᠤᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠤᠯᠤᠰ ᠤᠨ ︽ᠬᠥᠳᠡᠭᠡ ᠲᠣᠰᠬᠤᠨ ᠤ | ᠳᠥᠷᠪᠡᠨ ᠰᠠᠶᠢᠨᠲᠠᠶ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠶᠢ ᠡᠬᠦᠳᠬᠦ ᠪᠠᠷ ᠴᠢᠷᠮᠠᠶᠢᠨ᠎ᠠ᠃ ᠮᠠᠨ ᠤ | ᠬᠤᠰᠢᠭᠤᠨ ᠤ ᠠᠷᠠᠳ ᠤᠨ ᠬᠡᠷᠡᠭᠯᠡᠭᠡᠨ ᠤ ᠲᠡᠭᠡᠭᠡᠪᠦᠷᠢ ᠶᠢᠨ ᠨᠢᠰᠬᠡᠯ ᠤᠨ ᠲᠠᠯᠠᠪᠠᠢ ᠶᠢ ᠪᠠᠶᠢᠭᠤᠯᠦᠨ ᠠᠰᠢᠭᠯᠠᠯᠲᠠ ᠳᠤ | ᠣᠷᠣᠭᠤᠯᠵᠣ᠂ ︽ᠭᠤᠷᠪᠠ ᠶᠢ ᠨᠢᠭᠡ ᠴᠤᠭᠴᠠᠵᠢᠭᠤᠯᠬᠤ︾ ᠵᠠᠮ ᠬᠠᠷᠢᠯᠴᠠᠭᠠᠨ ᠤ ᠪᠠᠶᠢᠷᠢᠰᠢᠯ ᠢ ᠪᠠᠶᠢᠭᠤᠯᠤᠨ᠎ᠠ᠃ | ᠮᠠᠯᠵᠢᠬᠤ ᠣᠷᠣᠨ ᠤ ᠠᠶᠣᠯᠬᠦᠢ ᠣᠰᠣ ᠬᠠᠩᠭᠠᠬᠤ ᠢᠨᠵᠧᠨᠧᠷᠢᠩ ᠪᠣᠯᠤᠨ ᠤᠯᠤᠰ ᠤᠨ ᠰᠢᠨ᠎ᠡ ᠨᠢᠭᠡ ᠡᠭᠡᠯᠵᠢ ᠶᠢᠨ | ᠬᠥᠳᠡᠭᠡ ᠲᠣᠰᠬᠤᠨ ᠤ ᠴᠠᠬᠢᠯᠭᠠᠨ ᠲᠣᠤᠷ ᠢ ᠲᠠᠰ ᠳᠡᠪᠰᠢᠭᠦᠯᠬᠦ ᠢᠨᠵᠧᠨᠧᠷᠢᠩ ᠢ ᠠᠬᠢᠭᠤᠯᠵᠤ᠂ 2025 ᠣᠨ | ᠪᠣᠯᠬᠤ ᠳᠤ᠂ ᠮᠠᠯᠵᠢᠬᠤ ᠣᠷᠣᠨ ᠤ ᠲᠥᠪᠯᠡᠷᠡᠭᠦᠯᠦᠨ ᠤᠰᠤ ᠬᠠᠩᠭᠠᠭᠰᠠᠨ ᠨᠣᠷᠮ᠎ᠠ᠂ ᠲᠦᠭᠡᠮᠡᠯᠵᠢᠭᠦᠯᠦᠭᠰᠡᠨ | ᠨᠣᠷᠮ᠎ᠠ ᠶᠢ 17% ᠠᠴᠠ ᠳᠠᠪᠠᠭᠤᠯᠵᠣ᠂ ᠴᠠᠬᠢᠯᠭᠠᠨ ᠬᠠᠩᠭᠠᠬᠤ ᠴᠢᠳᠠᠪᠤᠷᠢ ᠶᠢ ᠲᠣᠭᠲᠠᠭᠤᠨ ᠢᠶᠠᠷ | ᠳᠡᠭᠡᠭᠰᠢᠯᠡᠭᠦᠯᠦᠨ᠎ᠡ᠃ ᠬᠦᠮᠦᠨ ᠠᠮᠠ ᠶᠢᠨ ᠣᠷᠣᠰᠢᠨ ᠰᠠᠭᠤᠷᠢᠰᠢᠬᠤ ᠨᠦᠬᠦᠴᠡᠯ ᠢ ᠰᠠᠶᠢᠵᠢᠷᠠᠭᠤᠯᠬᠤ ᠠᠵᠢᠯᠯᠠᠭ᠎ᠠ ᠶᠢ | ᠭᠦᠨᠵᠡᠭᠡᠶ ᠥᠷᠨᠢᠭᠦᠯᠵᠦ᠂ ᠠᠮᠢᠳᠤᠷᠠᠯ ᠤᠨ ᠬᠤᠭ ᠨᠣᠪᠰᠢ᠂ ᠠᠮᠢᠳᠤᠷᠠᠯ ᠤᠨ ᠪᠣᠬᠢᠷ ᠤᠰᠤ᠂ ᠵᠣᠷᠯᠣᠩ ᠤᠨ ᠪᠣᠬᠢᠷ | ᠪᠣᠳᠠᠰ ᠪᠠ ᠭᠠᠴᠠᠭᠠᠨ ᠤ ᠲᠦᠷᠢ ᠳᠦᠷᠬᠦ ᠪᠠᠷ ᠭᠤᠤᠯᠳᠠᠯᠭ᠎ᠠ ᠪᠣᠯᠭᠠᠭᠰᠠᠨ ︽ᠭᠤᠷᠪᠠ ᠶᠢ ᠵᠠᠰᠠᠨ ᠴᠡᠭᠴᠡᠯᠡᠵᠣ | ᠨᠢᠭᠡ ᠶᠢ ᠰᠠᠶᠢᠵᠢᠷᠠᠭᠤᠯᠬᠤ︾ ᠶᠢ ᠲᠣᠪᠤᠶᠢᠮ᠎ᠠ ᠠᠳᠬᠤᠵᠤ᠂ 2025 ᠣᠨ ᠪᠣᠯᠬᠤ ᠳᠤ᠂ ᠪᠥᠬᠦ ᠬᠤᠰᠢᠭᠤᠨ ᠤ ᠮᠠᠯ | ᠵᠢᠭᠦᠷᠲᠡᠨ ᠤ ᠢᠯᠭᠠᠳᠠᠰᠣ ᠶᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 85% ᠠᠴᠠ ᠳᠠᠪᠠᠭᠤᠯᠵᠣ᠂ | ᠬᠡᠪᠴᠢᠶᠡᠵᠢᠬᠦᠯᠦᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠮᠠᠯ ᠵᠢᠭᠦᠷᠳᠡᠨ ᠤ ᠢᠯᠭᠠᠳᠠᠰᠣ ᠶᠢ ᠰᠢᠢᠳᠪᠦᠷᠢᠯᠡᠬᠦ | ᠲᠥᠬᠦᠭᠡᠷᠦᠮᠵᠢ ᠶᠢ ᠢᠵᠢ ᠪᠦᠷᠢᠳᠦᠬᠦᠯᠦᠭᠰᠡᠨ ᠨᠣᠷᠮ᠎ᠠ ᠶᠢ 90% ᠳᠤ ᠬᠦᠷᠭᠡᠨ᠂ ᠮᠠᠯᠵᠢᠬᠤ ᠣᠷᠣᠨ ᠤ ᠵᠣᠷᠯᠣᠩ ᠢ | ᠲᠦᠭᠡᠮᠡᠯᠵᠢᠬᠦᠯᠦᠭᠰᠡᠨ ᠨᠣᠷᠮ᠎ᠠ ᠶᠢ 80% ᠳᠤ ᠬᠦᠷᠭᠡᠨ᠎ᠡ᠃ ᠵᠠᠰᠠᠯᠲᠠ ᠶᠢᠨ ᠦᠷ᠎ᠡ ᠪᠦᠲᠦᠮᠵᠢ ᠶᠢ ᠪᠦᠬᠦ ᠲᠠᠯ᠎ᠠ ᠪᠠᠷ | ᠳᠡᠭᠡᠭᠰᠢᠯᠡᠬᠦᠯᠦᠨ᠎ᠡ᠃ ᠪᠦᠬᠦ ᠤᠯᠤᠰ ᠤᠨ ᠮᠠᠯᠵᠢᠬᠤ ᠣᠷᠣᠨ ᠤ ᠵᠠᠰᠠᠯᠲᠠ ᠶᠢᠨ ᠲᠣᠭᠳᠠᠯᠴᠠᠭᠠᠨ ᠤ | ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠪᠠ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠨᠠᠮ ᠤᠨ | ᠬᠡᠰᠢᠬᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ᠂ ᠵᠥᠷᠢᠴᠡᠯ ᠵᠢᠭᠤᠷᠭᠠᠨ ᠢ ᠵᠣᠬᠢᠴᠠᠭᠤᠯᠣᠨ ᠡᠶᠡᠳᠡᠬᠦᠯᠬᠦ | ᠲᠥᠪ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠵᠡᠷᠭᠡ ᠭᠤᠷᠪᠠᠨ | ᠱᠠᠳᠣ ᠬᠠᠮᠳᠣᠷᠠᠨ ᠬᠥᠳᠡᠯᠦᠯᠴᠡᠬᠦ ᠵᠠᠰᠠᠯᠲᠠ ᠶᠢᠨ ᠦᠢᠯᠡᠳᠦᠯ ᠢ ᠪᠠᠳᠠᠷᠠᠭᠤᠯᠦᠨ᠂ ︽ᠶᠡᠷᠦᠩᠬᠡᠶᠢᠯᠡᠨ ᠵᠠᠰᠠᠬᠤ | ᠦᠷᠳᠡᠭᠡ︾᠂ ᠰᠤᠮᠤ ᠪᠠᠯᠭᠠᠰᠣᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠠᠪᠴᠠᠩ ᠤᠨ ᠪᠠᠶᠢᠭᠤᠯᠤᠯᠲᠠ ᠶᠢ | ᠲᠡᠭᠦᠯᠳᠡᠷᠵᠢᠭᠦᠯᠦᠨ᠂ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠮᠣᠷᠠᠯ ᠢᠶᠠᠷ ᠵᠠᠰᠠᠬᠤ ᠶᠢ ᠣᠶᠠᠯᠳᠣᠭᠤᠯᠬᠤ | ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠬᠦᠯᠦᠨ᠎ᠡ᠃ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ | ᠪᠠᠶᠢᠭᠤᠯᠤᠯᠲᠠ ᠪᠠ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠤᠲᠤᠭ ᠤᠨ | ᠪᠣᠯᠪᠠᠰᠤᠨ ᠰᠤᠷᠲᠠᠯ᠂ ᠰᠢᠯᠢᠳᠡᠭ ᠭᠡᠷ ᠤᠨ ᠰᠤᠷᠲᠠᠯ᠂ ᠪᠣᠷᠣᠭᠵᠢᠭᠤᠨ ᠠᠷᠠᠳ ᠤᠨ ᠰᠤᠷᠲᠠᠯ ᠢ ᠪᠤᠢ ᠪᠣᠯᠭᠠᠨ᠂ | ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠠᠶᠢᠭᠤᠯᠤᠨ᠎ᠠ᠃ ︽ᠮᠠᠯᠴᠢᠨ ᠴᠢᠳᠠᠪᠤᠷᠢᠲᠠᠨ ᠢ | ᠬᠥᠮᠦᠵᠢᠭᠦᠯᠬᠦ︾ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠮᠠᠯᠴᠢᠳ ᠤᠨ ᠪᠣᠯᠪᠠᠰᠤᠷᠠᠭᠤᠯᠤᠯ ᠤᠨ ᠲᠥᠪ ᠢ | ᠪᠠᠶᠢᠭᠤᠯᠤᠨ᠂ ᠰᠢᠨ᠎ᠡ ᠴᠠᠭ ᠤᠨ ᠲᠣᠰᠬᠠᠢ ᠮᠡᠷᠭᠡᠵᠢᠯ ᠲᠠᠢ ᠮᠠᠯᠴᠢᠨ ᠢ ᠬᠥᠮᠦᠵᠢᠭᠦᠯᠦᠨ᠎ᠡ᠃ | ︵ᠬᠤᠶᠠᠷ︶ ᠪᠡᠯᠡ ᠣᠷᠣᠭᠤᠯᠤᠯᠲᠠ ᠶᠢ ᠨᠡᠮᠡᠭᠳᠡᠬᠦᠯᠵᠣ ᠦᠷ᠎ᠡ ᠠᠰᠢᠭ ᠢ ᠳᠡᠭᠡᠭᠰᠢᠯᠡᠬᠦᠯᠬᠦ ᠠᠵᠢᠯᠯᠠᠭ᠎ᠠ ᠶᠢ | ᠬᠡᠷᠡᠭᠵᠢᠭᠦᠯᠵᠦ᠂ ᠬᠥᠭᠵᠢᠯᠲᠡ ᠶᠢᠨ ᠰᠠᠭᠤᠷᠢ ᠶᠢ ᠪᠠᠬᠢᠵᠢᠬᠦᠯᠦᠨ᠎ᠡ᠃ ᠢᠳᠡᠪᠬᠢᠳᠠᠢ ᠲᠦᠷᠦᠯ ᠵᠦᠢᠯ ᠡᠷᠡᠮᠡᠯᠵᠡᠯᠡᠨ᠎ᠡ᠃ | ᠪᠡᠭᠡᠵᠢᠩ ᠲᠢᠶᠠᠨᠵᠢᠨ ᠾᠧᠪᠧᠶ ᠣᠷᠣᠨ ᠢ ᠵᠣᠬᠢᠴᠠᠭᠤᠯᠣᠨ ᠬᠦᠭᠵᠢᠬᠦᠯᠬᠦ ᠪᠠᠶᠢᠯᠳᠤᠬᠤ ᠪᠣᠳᠣᠯᠭ᠎ᠠ ᠳᠤ ᠪᠦᠬᠦ | ᠲᠠᠯ᠎ᠠ ᠪᠠᠷ ᠣᠷᠣᠯᠴᠠᠨ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ ᠢ ᠶᠡᠬᠡᠪᠡᠷ | ᠨᠡᠭᠡᠭᠡᠨ ᠬᠥᠭᠵᠢᠭᠦᠯᠬᠦ᠂ ᠨᠡᠶᠢᠰᠯᠡᠯ ᠤᠨ ᠪᠤᠰᠤ ᠴᠢᠳᠠᠪᠬᠢ ᠶᠢ ᠰᠢᠯᠵᠢᠭᠦᠯᠬᠦ ᠵᠡᠷᠭᠡ ᠪᠠᠶᠢᠯᠳᠤᠬᠤ ᠪᠣᠳᠣᠯᠭ᠎ᠠ ᠶᠢ | ᠰᠠᠶᠢᠲᠤᠷ ᠡᠵᠡᠮᠳᠡᠵᠦ᠂ ︽ᠬᠤᠶᠠᠷ ᠰᠢᠨ᠎ᠡ ᠨᠢᠭᠡ ᠭᠤᠣᠯᠳᠠᠯᠭ᠎ᠠ︾ ᠪᠠ ᠲᠣᠳᠠᠭᠳᠠᠯ ᠲᠠᠢ ᠬᠦᠷᠢᠶᠡᠨ ᠳᠠᠬᠢ ᠪᠡᠯᠡ | ᠣᠷᠣᠭᠤᠯᠤᠯᠲᠠ ᠪᠠᠨ ᠨᠡᠮᠡᠭᠳᠡᠬᠦᠯᠵᠣ᠂ 159 ᠭᠤᠣᠯᠳᠠᠯᠭ᠎ᠠ ᠲᠠᠢ ᠲᠦᠷᠦᠯ ᠵᠦᠢᠯ ᠢ ᠲᠥᠯᠥᠪᠯᠡᠨ ᠭᠡᠷᠡᠭᠵᠢᠬᠦᠯᠦᠨ᠎ᠡ᠃ | ᠠᠵᠤ ᠦᠢᠯᠡᠰ ᠤᠨ ᠬᠡᠯᠬᠢᠶᠡᠰᠣ ᠶᠢ ᠤᠷᠲᠤᠳᠬᠠᠨ ᠬᠤᠳᠠᠯᠳᠤᠭᠠᠴᠢᠨ ᠤᠷᠢᠬᠤ ᠪᠠ ᠠᠵᠤ ᠦᠢᠯᠡᠰ ᠢ | ᠴᠢᠨᠠᠷᠵᠢᠭᠤᠯᠣᠨ ᠬᠤᠳᠠᠯᠳᠤᠭᠠᠴᠢᠨ ᠤᠷᠢᠬᠤ ᠶᠢ ᠭᠦᠨᠵᠡᠭᠡᠶ ᠥᠷᠨᠢᠭᠦᠯᠵᠦ᠂ ᠠᠵᠤ ᠦᠢᠯᠡᠰ ᠤᠨ ᠬᠡᠯᠬᠢᠶᠡᠰᠣ᠂ | ᠰᠢᠨ᠎ᠡ ᠶᠢ ᠡᠭᠦᠳᠬᠦ ᠬᠡᠯᠬᠢᠶᠡᠰᠣ᠂ ᠬᠠᠩᠭᠠᠯᠭ᠎ᠠ ᠶᠢᠨ ᠬᠡᠯᠬᠢᠶᠡᠰᠣ᠂ ᠪᠣᠳᠠᠰ ᠤᠨ ᠭᠦᠢᠯᠭᠡᠭᠡᠨ ᠤ ᠬᠡᠯᠬᠢᠶᠡᠰᠣ᠂ | ᠥᠷᠲᠡᠭ ᠤᠨ ᠬᠡᠯᠬᠢᠶᠡᠰᠣ ᠶᠢ ᠪᠥᠬᠦ ᠤᠯᠤᠰ ᠤᠨ ᠲᠣᠮᠣ ᠵᠠᠬ᠎ᠠ ᠳᠡᠯᠭᠡᠭᠦᠷ ᠲᠠᠢ ᠪᠥᠬᠦ ᠲᠠᠯ᠎ᠠ ᠪᠠᠷ ᠵᠣᠬᠢᠴᠠᠭᠤᠯᠣᠨ | ᠭᠦᠨᠵᠡᠭᠡᠶ ᠣᠶᠠᠯᠳᠣᠭᠤᠯᠵᠣ᠂ ᠤᠯᠤᠰ ᠤᠨ ᠳᠣᠲᠣᠭᠠᠳᠤ ᠶᠢᠨ ᠲᠣᠮᠣ ᠣᠷᠴᠢᠯ ᠳᠤ ᠨᠠᠩ ᠰᠠᠶᠢᠨ ᠦᠢᠯᠡᠴᠢᠯᠡᠬᠦ ᠪᠠ | ᠣᠶᠠᠯᠳᠣᠬᠤ ᠶᠢ ᠠᠬᠢᠭᠤᠯᠵᠤ᠂ 2025 ᠣᠨ ᠪᠣᠯᠬᠤ ᠳᠤ᠂ 50 ᠵᠦᠢᠯ ᠤᠨ ᠭᠤᠤᠯᠳᠠᠯᠭ᠎ᠠ ᠲᠠᠢ ᠬᠤᠳᠠᠯᠳᠤᠭᠠᠴᠢᠨ | ᠤᠷᠢᠬᠤ ᠲᠥᠷᠥᠯ ᠵᠦᠢᠯ ᠢ ᠨᠥᠭᠡᠴᠡᠯᠡᠵᠦ᠂ 20 ᠳ᠋ᠦᠩᠰᠢᠭᠤᠷ ᠲᠥᠭᠦᠷᠢᠭ ᠤᠨ ᠪᠡᠯᠡ ᠮᠦᠩᠭᠦ ᠶᠢ ᠳᠠᠳᠠᠨ | ᠣᠷᠣᠭᠤᠯᠤᠨ᠎ᠠ᠃ ᠨᠠᠷᠢᠯᠢᠭ ᠣᠨᠣᠪᠴᠢᠳᠠᠢ ᠬᠡᠷᠡᠭᠵᠢᠬᠦᠯᠵᠣ ᠦᠷ᠎ᠡ ᠠᠰᠢᠭ ᠢ ᠳᠡᠭᠡᠭᠰᠢᠯᠡᠭᠦᠯᠦᠨ᠎ᠡ᠃ ᠪᠣᠬᠢᠷᠲᠤᠯ | ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ | ᠪᠣᠬᠢᠷᠲᠤᠯ ᠥᠬᠡᠶ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠪᠣᠶᠣ ᠲᠡᠷᠰᠯᠡᠬᠦ ᠦᠵᠡᠯ ᠰᠠᠨᠠᠭ᠎ᠠ᠂ ᠦᠢᠯᠡ | ᠠᠵᠢᠯᠯᠠᠭ᠎ᠠ᠂ ᠬᠥᠭᠵᠢᠯᠲᠡ ᠶᠢᠨ ᠵᠠᠭᠪᠤᠷ ᠢ ᠡᠷᠡᠰ ᠲᠠᠶᠠᠭᠳᠠᠨ᠂ ᠤᠯᠠᠮᠵᠢᠯᠠᠯᠲᠤ ᠠᠵᠤ ᠦᠢᠯᠡᠰ ᠢ ᠪᠥᠬᠦ ᠲᠠᠯ᠎ᠠ ᠪᠠᠷ | ᠲᠠᠰ ᠳᠡᠪᠰᠢᠭᠦᠯᠬᠦ ᠶᠢ ᠠᠬᠢᠭᠤᠯᠵᠤ᠂ ᠨᠡᠭᠦᠷᠡᠰᠦ ᠶᠢ ᠠᠷᠢᠭᠤᠨ ᠴᠡᠪᠡᠷ ᠢᠶᠠᠷ ᠠᠰᠢᠭᠯᠠᠬᠤ ᠶᠢ ᠶᠡᠬᠡᠪᠡᠷ ᠠᠬᠢᠭᠤᠯᠤᠨ᠂ | ᠨᠡᠭᠦᠷᠡᠰᠦᠨ ᠤ ᠪᠤᠰᠤ ᠠᠵᠤ ᠦᠢᠯᠡᠰ ᠢ ᠢᠳᠡᠪᠬᠢᠲᠡᠶ ᠬᠥᠭᠵᠢᠭᠦᠯᠵᠦ᠂ ᠨᠡᠭᠦᠷᠡᠰᠦᠨ ᠤ ᠠᠵᠤ ᠦᠢᠯᠡᠰ ᠪᠠ | ᠨᠡᠭᠦᠷᠡᠰᠦᠨ ᠤ ᠪᠤᠰᠤ ᠠᠵᠤ ᠦᠢᠯᠡᠰ ᠬᠠᠮᠳᠣᠪᠡᠷ ᠬᠦᠭᠵᠢᠭᠰᠡᠨ ᠠᠵᠤ ᠦᠢᠯᠡᠰ ᠤᠨ ᠪᠠᠶᠢᠷᠢᠰᠢᠯ ᠢ ᠠᠯᠭᠤᠷ ᠢᠶᠠᠷ | ᠪᠠᠶᠢᠭᠤᠯᠣᠨ᠎ᠠ᠃ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠠᠵᠤ ᠦᠢᠯᠡᠰ ᠤᠨ ᠬᠡᠯᠬᠢᠶᠡᠰᠣ ᠶᠢ ᠪᠠᠶᠢᠭᠤᠯᠬᠤ | ᠬᠥᠭᠵᠢᠯᠲᠡ ᠶᠢᠨ ᠵᠠᠭᠪᠤᠷ ᠢ ᠪᠠᠷᠢᠮᠲᠠᠯᠠᠨ᠂ ᠨᠠᠷᠢᠯᠢᠭ ᠡᠳ᠋ᠰᠢᠬᠦᠯᠦᠨ ᠪᠣᠯᠪᠠᠰᠣᠷᠠᠭᠤᠯᠬᠤ᠂ ᠳᠠᠭᠠᠯᠲᠠ ᠪᠦᠲᠦᠭᠡᠭᠳᠡᠬᠦᠨ ᠢ | ᠡᠳ᠋ᠰᠢᠬᠦᠯᠦᠨ ᠪᠣᠯᠪᠠᠰᠣᠷᠠᠭᠤᠯᠬᠤ᠂ ᠪᠤᠯᠭᠤᠭᠰᠠᠨ ᠢᠳᠡᠭᠡᠨ ᠢ ᠡᠳ᠋ᠰᠢᠬᠦᠯᠦᠨ ᠪᠣᠯᠪᠠᠰᠣᠷᠠᠭᠤᠯᠬᠤ ᠲᠥᠷᠥᠯ ᠵᠦᠢᠯ ᠢ | ᠬᠡᠷᠡᠭᠵᠢᠭᠦᠯᠵᠦ᠂ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠨᠡᠮᠡᠭᠳᠡᠯ ᠥᠷᠲᠡᠭ ᠢ ᠳᠡᠭᠡᠭᠰᠢᠯᠡᠭᠦᠯᠦᠨ᠂ | 2025 ᠣᠨ ᠪᠣᠯᠬᠤ ᠳᠤ᠂ ᠪᠥᠬᠦ ᠬᠤᠰᠢᠭᠤᠨ ᠤ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠲᠤᠬᠠᠶ ᠶᠢᠨ ᠭᠠᠵᠠᠷ ᠲᠤᠨᠢ ᠡᠳ᠋ᠰᠢᠭᠦᠯᠦᠨ ᠪᠣᠯᠪᠠᠰᠣᠷᠠᠭᠤᠯᠬᠤ ᠨᠣᠷᠮ᠎ᠠ ᠶᠢ 90% ᠠᠴᠠ ᠳᠠᠪᠠᠭᠤᠯᠵᠣ᠂ ᠨᠠᠷᠢᠯᠢᠭ | ᠡᠳ᠋ᠰᠢᠬᠦᠯᠦᠨ ᠪᠣᠯᠪᠠᠰᠣᠷᠠᠭᠤᠯᠬᠤ ᠪᠠ ᠤᠷᠲᠤᠳᠬᠠᠨ ᠡᠳ᠋ᠰᠢᠬᠦᠯᠦᠨ ᠪᠣᠯᠪᠠᠰᠣᠷᠠᠭᠤᠯᠬᠤ ᠨᠣᠷᠮ᠎ᠠ ᠶᠢ 85% ᠠᠴᠠ | ᠳᠠᠪᠠᠭᠤᠯᠣᠨ᠎ᠠ᠃ ᠢᠯᠠᠯᠲᠠ ᠶᠢᠨ ᠡᠷᠴᠢᠨ ᠳᠤ ᠬᠦᠭᠵᠢᠯᠲᠠ ᠶᠢᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ | ᠪᠣᠯᠭᠠᠵᠤ᠂ ᠠᠵᠤ ᠠᠬᠤᠢ ᠶᠢᠨ ᠬᠥᠭᠵᠢᠯᠲᠡ ᠶᠢ ᠡᠬᠢ ᠪᠠᠶᠠᠯᠢᠭ ᠲᠤ ᠲᠦᠰᠢᠭᠯᠡᠵᠣ ᠪᠠᠶᠢᠭᠰᠠᠨ ᠠᠴᠠ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ ᠲᠡᠰᠢ ᠬᠤᠪᠢᠷᠠᠭᠤᠯᠬᠤ᠂ ᠪᠦᠳᠦᠭᠦᠯᠢᠭ᠂ ᠥᠨᠳᠥᠷ ᠨᠡᠭᠦᠷᠡᠰᠦᠲᠥ᠋ᠷᠥᠭᠴᠢᠲᠦ | ᠪᠠᠶᠢᠭᠰᠠᠨ ᠠᠴᠠ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠲᠡᠰᠢ ᠬᠤᠪᠢᠷᠠᠭᠤᠯᠬᠤ᠂ ᠲᠠᠷᠠᠬᠠᠢ ᠪᠤᠲᠠᠷᠬᠠᠢ | ᠂ ᠦᠷ᠎ᠡ ᠠᠰᠢᠭ ᠳᠣᠣᠷ᠎ᠠ ᠪᠠᠶᠢᠭᠰᠠᠨ ᠠᠴᠠ ᠡᠷᠴᠢᠮᠵᠢᠭᠰᠡᠨ᠂ ᠦᠷ᠎ᠡ ᠠᠰᠢᠭ ᠥᠨᠳᠥᠷ ᠲᠡᠰᠢ ᠬᠤᠪᠢᠷᠠᠭᠤᠯᠬᠤ ᠶᠢ | ᠠᠬᠢᠭᠤᠯᠤᠨ᠎ᠠ᠃ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠣᠨᠣᠭᠯᠠᠯ ᠦᠢᠯᠡᠳᠬᠦ᠂ ᠠᠮᠢᠳᠤ ᠪᠣᠳᠠᠰ ᠡᠮ ᠤᠨ ᠵᠦᠢᠯ | ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠵᠡᠷᠭᠡ ᠬᠦᠷᠢᠶᠡᠨ ᠳᠤ ᠰᠢᠪᠲᠤᠯᠤᠯᠲᠠ | ᠭᠠᠷᠭᠠᠬᠤ ᠪᠠᠷ ᠴᠢᠷᠮᠠᠶᠢᠵᠤ᠂ ᠤᠯᠠᠨ ᠵᠦᠢᠯ ᠤᠨ ᠡᠨᠧᠷᠭᠢ ᠶᠢᠨ ᠰᠤᠷᠪᠤᠯᠵᠢ ᠬᠠᠷᠢᠯᠴᠠᠨ ᠨᠥᠬᠦᠪᠥᠷᠢᠯᠡᠬᠦ᠂ | ᠶᠡᠷᠦᠩᠬᠡᠶᠢᠯᠡᠨ ᠠᠰᠢᠭᠯᠠᠬᠤ᠂ ᠡᠷᠴᠢᠮᠵᠢᠭᠰᠡᠨ᠂ ᠦᠷ᠎ᠡ ᠪᠦᠳᠦᠮᠵᠢ ᠦᠨᠳᠦᠷ ᠴᠡᠪᠡᠷ ᠡᠨᠧᠷᠭᠢ ᠶᠢᠨ ᠰᠤᠷᠪᠤᠯᠵᠢ ᠶᠢᠨ | ᠬᠠᠩᠭᠠᠯᠭ᠎ᠠ ᠶᠢᠨ ᠲᠣᠭᠳᠠᠯᠴᠠᠭ᠎ᠠ ᠶᠢ ᠪᠠᠶᠢᠭᠤᠯᠵᠣ᠂ 2025 ᠣᠨ ᠪᠣᠯᠬᠤ ᠳᠤ᠂ ᠡᠬᠢ ᠪᠠᠶᠠᠯᠢᠭ ᠢ ᠶᠡᠷᠦᠩᠬᠡᠶᠢᠯᠡᠨ | ᠨᠡᠭᠡᠭᠡᠨ ᠠᠰᠢᠭᠯᠠᠬᠤ ᠪᠠ ᠬᠤᠷᠢᠶᠠᠨ ᠠᠰᠢᠭᠯᠠᠬᠤ ᠨᠤᠷᠮ᠎ᠠ ᠶᠢ ᠢᠯᠡᠳᠲᠡ ᠳᠡᠭᠡᠭᠰᠢᠯᠡᠭᠦᠯᠵᠦ᠂ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠳ᠋ᠰᠢᠬᠦᠯᠦᠨ ᠪᠣᠯᠪᠠᠰᠤᠷᠠᠭᠤᠯᠬᠤ ᠠᠵᠤ ᠦᠢᠯᠡᠰ ᠤᠨ | ᠬᠡᠯᠬᠢᠶᠡᠰᠣ ᠶᠢ ᠦᠨᠳᠦᠰᠦᠨ ᠳᠡᠭᠡᠨ ᠪᠦᠷᠢᠯᠳᠦᠭᠦᠯᠦᠨ᠎ᠡ᠃ | ︵ᠭᠤᠷᠪᠠ︶ ᠬᠡᠷᠡᠭᠯᠡᠭᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ | ᠨᠠᠩ ᠠᠮᠢᠵᠢᠷᠠᠯ ᠤᠨ ᠬᠦᠴᠦᠨ ᠲᠠᠢ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠭᠦᠭᠵᠢᠬᠦᠯᠦᠨ᠎ᠡ᠃ ᠰᠣᠶᠣᠯ | ᠵᠢᠭᠤᠯᠴᠢᠯᠠᠯ ᠤᠨ ᠲᠠᠲᠠᠬᠤ ᠬᠦᠴᠦᠨ ᠢ ᠨᠡᠮᠡᠭᠳᠡᠬᠦᠯᠦᠨ᠎ᠡ᠃ ᠵᠢᠭᠤᠯᠴᠢᠯᠠᠯ ᠤᠨ ᠦᠢᠯᠡᠰ ᠤᠨ ᠡᠷᠡᠭᠦᠯ ᠬᠥᠭᠵᠢᠯᠲᠡ ᠶᠢ | ᠭᠦᠨᠵᠡᠭᠡᠶ ᠠᠬᠢᠭᠤᠯᠵᠤ᠂ ᠡᠵᠢ ᠨᠠᠭᠤᠷ ᠳᠠᠪᠤᠰᠤᠨ ᠲᠠᠯᠠᠪᠠᠢ ᠶᠢᠨ ᠠᠮᠢ ᠠᠬᠤᠶ ᠶᠢᠨ ᠵᠢᠭᠤᠯᠴᠢᠯᠠᠯ᠂ ᠠᠪᠤᠷᠭᠤ | ᠭᠦᠷᠪᠡᠯ ᠤᠨ ᠭᠠᠵᠠᠷ ᠰᠢᠨᠵᠢᠯᠡᠭᠡᠨ ᠤ ᠴᠡᠴᠡᠷᠯᠢᠭ᠂ ᠤᠯᠠᠭᠠᠶ ᠨᠤᠭᠤ ᠭᠠᠵᠠᠷ ᠤᠨ ᠵᠢᠭᠤᠯᠴᠢᠯᠠᠯ᠂ ᠤᠯᠤᠰ ᠤᠨ | ᠡᠭᠦᠳᠡᠨ ᠤ ᠦᠵᠡᠮᠵᠢ ᠶᠢᠨ ᠣᠷᠣᠨ ᠤ ᠵᠢᠭᠤᠯᠴᠢᠯᠠᠯ ᠵᠡᠷᠭᠡ ᠪᠠᠶᠢᠭᠠᠯᠢᠯᠢᠭ ᠵᠢᠭᠤᠯᠴᠢᠯᠠᠯ ᠤᠨ ᠲᠥᠷᠥᠯ ᠵᠦᠢᠯ ᠢ | ᠲᠥᠯᠥᠪᠯᠡᠵᠦ᠂ ᠡᠵᠢ ᠨᠠᠭᠤᠷ ︵ᠳᠠᠪᠣᠰᠣᠨ ᠲᠠᠯᠠᠪᠠᠢ︶ — ᠤᠯᠢᠶᠠᠰᠤᠲᠠᠶ ᠠᠭᠤᠯᠠ — ᠵᠡᠭᠦᠨ ᠬᠠᠲᠠᠪᠴᠢ | ᠪᠣᠭᠤᠮᠲᠠ — ᠨᠠᠷᠢᠨ ᠭᠤᠤᠯ — ᠪᠣᠭᠳ᠋ᠬᠠᠭᠤᠯᠠ — ᠤᠯᠠᠭᠠᠶ ᠭᠤᠤᠯ ᠤᠨ ᠰᠠᠪᠠ ᠭᠠᠵᠠᠷ ᠤᠨ ᠪᠠᠶᠢᠭᠠᠯᠢᠯᠢᠭ | ᠵᠢᠭᠤᠯᠴᠢᠯᠠᠯ ᠤᠨ ᠱᠤᠭᠤᠮ ᠢ ᠭᠤᠤᠯᠳᠠᠯᠭ᠎ᠠ ᠲᠠᠢ ᠪᠠᠶᠢᠭᠤᠯᠵᠣ᠂ ᠨᠡᠶᠢᠲᠡᠯᠢᠭ ᠲᠠᠯ᠎ᠠ ᠨᠣᠳᠤᠭ᠂ ᠪᠠᠯᠠᠷ ᠣᠶ᠂ ᠭᠤᠤᠯ | ᠮᠥᠷᠡᠨ ᠨᠠᠭᠤᠷ ᠴᠥᠭᠦᠷᠥᠮ᠂ ᠬᠢᠯᠢ ᠬᠢᠵᠠᠭᠠᠷ ᠤᠨ ᠥᠩᠭᠡ ᠦᠵᠡᠮᠵᠢ ᠶᠢ ᠨᠢᠭᠡ ᠴᠤᠭᠴᠠᠵᠢᠭᠤᠯᠤᠭᠰᠠᠨ ᠪᠠᠶᠢᠭᠠᠯᠢᠯᠢᠭ | ᠵᠢᠭᠤᠯᠴᠢᠯᠠᠯ ᠤᠨ ᠪᠠᠶᠢᠷᠢᠰᠢᠯ ᠢ ᠪᠠᠶᠢᠭᠤᠯᠣᠨ᠎ᠠ᠃ ᠰᠣᠶᠣᠯ ᠵᠢᠭᠤᠯᠴᠢᠯᠠᠯ ᠤᠨ ᠳᠣᠲᠣᠭᠠᠳᠤ ᠠᠭᠤᠯᠬᠤᠨ ᠢ ᠤᠯᠠᠮ | ᠪᠠᠶᠠᠯᠢᠭᠵᠢᠭᠤᠯᠵᠣ᠂ ᠦᠵᠦᠮᠦᠴᠢᠨ ᠠᠷᠠᠳ ᠤᠨ ᠵᠠᠩ ᠦᠢᠯᠡ ᠶᠢᠨ ᠰᠣᠶᠣᠯ ᠪᠣᠯᠤᠨ ᠰᠢᠯᠢᠳᠡᠭ ᠰᠣᠶᠣᠯ ᠤᠨ ᠥᠪ ᠢ | ᠰᠠᠶᠢᠲᠤᠷ ᠠᠰᠢᠭᠯᠠᠨ᠂ ᠵᠢᠭᠤᠯᠴᠢᠯᠠᠯ ᠤᠨ ᠲᠠᠸᠠᠷ ᠤᠨ ᠪᠦᠳᠦᠭᠡᠭᠳᠡᠬᠦᠨ ᠤ ᠠᠵᠤ ᠠᠬᠤᠶᠢᠯᠠᠯ ᠢ ᠪᠤᠶᠢᠵᠢᠭᠤᠯᠤᠨ᠂ | ᠨᠤᠲᠤᠭ ᠤᠨ ᠣᠨᠴᠠ ᠭᠠᠷᠤᠯᠲᠠ᠂ ᠦᠨᠳᠦᠰᠦᠲᠡᠨ ᠤ ᠬᠡᠷᠡᠭᠯᠡᠭᠡᠨ ᠤ ᠵᠦᠢᠯ ᠢ ᠲᠠᠸᠠᠷᠴᠢᠯᠠᠬᠤ ᠶᠢ ᠠᠬᠢᠭᠤᠯᠵᠤ᠂ | ᠵᠢᠭᠤᠯᠴᠢᠯᠠᠯ ᠤᠨ ᠲᠠᠸᠠᠷ ᠤᠨ ᠡᠵᠡᠩᠨᠡᠨ ᠪᠣᠷᠣᠯᠠᠭᠤᠯᠬᠤ ᠠᠷᠭ᠎ᠠ ᠵᠠᠮ ᠢ ᠥᠷᠭᠡᠳᠬᠡᠨ᠂ ᠵᠢᠭᠤᠯᠴᠢᠯᠠᠯ ᠤᠨ ᠡᠬᠢ | ᠪᠠᠶᠠᠯᠢᠭ ᠤᠨ ᠳᠠᠪᠠᠭᠤᠯᠢᠭ ᠢ ᠠᠵᠤ ᠠᠬᠤᠶ ᠶᠢᠨ ᠬᠥᠭᠵᠢᠯᠲᠡ ᠶᠢᠨ ᠳᠠᠪᠠᠭᠤᠯᠢᠭ ᠳᠠᠰᠢ ᠬᠤᠪᠢᠷᠠᠭᠤᠯᠵᠦ᠂ 2025 | ᠣᠨ ᠪᠣᠯᠬᠤ ᠳᠤ᠂ ᠬᠢᠯᠢ ᠶᠢᠨ ᠵᠢᠭᠤᠯᠴᠢᠯᠠᠯ ᠤᠨ ᠲᠤᠷᠰᠢᠯᠲᠠ ᠶᠢᠨ ᠣᠷᠣᠨ ᠢᠶᠠᠷ ᠭᠤᠶᠣᠴᠢᠯᠠᠵᠣ᠂ ᠤᠯᠤᠰ ᠤᠨ 3A | ᠲᠠᠰ ᠤᠨ ᠦᠵᠡᠮᠵᠢ ᠶᠢᠨ ᠣᠷᠣᠨ ᠢ 2 ᠪᠠᠶᠢᠭᠤᠯᠵᠤ᠂ ᠵᠤᠭᠠᠴᠠᠭᠰᠠᠳ ᠢ 35 ᠲᠦᠮᠡᠨ ᠬᠥᠮᠦᠨ ᠤᠳᠠᠭ᠎ᠠ ᠠᠴᠠ | ᠳᠠᠪᠠᠭᠤᠯᠬᠤ ᠪᠠᠷ ᠴᠢᠷᠮᠠᠶᠢᠨ᠎ᠠ᠃ ᠠᠷᠠᠯᠵᠢᠶ᠎ᠠ ᠬᠤᠳᠠᠯᠳᠤᠭ᠎ᠠ ᠪᠣᠳᠠᠰ ᠤᠨ ᠭᠦᠢᠯᠭᠡᠭᠡᠨ ᠤ ᠦᠷᠢᠰᠦᠯᠳᠣᠭᠡᠨ ᠤ | ᠬᠦᠴᠦᠨ ᠢ ᠳᠡᠭᠡᠭᠰᠢᠯᠡᠬᠦᠯᠣᠨ᠎ᠡ᠃ ᠵᠡᠭᠦᠨ ᠬᠠᠲᠠᠪᠴᠢ ᠪᠣᠭᠤᠮᠲᠠ ᠶᠢᠨ ᠪᠣᠳᠠᠰ ᠤᠨ ᠭᠦᠢᠯᠭᠡᠭᠡᠨ ᠤ ᠴᠡᠭ ᠤᠨ | ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ᠂ ᠣᠯᠠᠨ ᠤᠯᠤᠰ ᠤᠨ ᠪᠣᠳᠠᠰ ᠤᠨ ᠭᠦᠢᠯᠭᠡᠭᠡᠨ ᠤ | ᠰᠠᠭᠤᠷᠢᠨ ᠭᠠᠵᠠᠷ ᠢ ᠡᠬᠦᠳᠦᠨ ᠪᠠᠶᠢᠭᠤᠯᠣᠨ᠎ᠠ᠃ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠲᠣᠭᠤᠷᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠡᠯᠧᠺᠲᠷᠣᠨ ᠬᠤᠳᠠᠯᠳᠤᠭᠠᠨ ᠤ ᠬᠥᠮᠥᠷᠭᠡᠯᠡᠨ ᠬᠠᠳᠠᠭᠠᠯᠠᠬᠤ | ᠪᠣᠳᠠᠰ ᠤᠨ ᠭᠦᠢᠯᠭᠡᠭᠡᠨ ᠤ ᠲᠥᠪ ᠪᠠ ᠣᠲᠣ ᠦᠶ᠎ᠡ ᠶᠢᠨ ᠠᠭᠠᠷ ᠤᠨ ᠠᠶᠠᠯᠠᠯ ᠤᠨ ᠪᠣᠳᠠᠰ ᠤᠨ ᠭᠦᠢᠯᠭᠡᠭᠡᠨ ᠤ | ᠲᠥᠪ ᠢ ᠪᠥᠲᠥᠭᠡᠨ ᠪᠠᠶᠢᠭᠤᠯᠵᠤ᠂ ᠴᠢᠬᠤᠯᠠ ᠭᠠᠵᠠᠷ ᠢ ᠬᠤᠯᠪᠣᠬᠤ᠂ ᠰᠢᠯᠢ ᠶᠢᠨ ᠭᠤᠣᠯ᠂ ᠣᠯᠠᠭᠠᠨᠬᠠᠳᠠ᠂ | ᠲᠦᠩᠯᠢᠶᠣᠣ ᠳᠤ ᠦᠢᠯᠡᠴᠢᠯᠡᠬᠦ᠂ ᠵᠡᠭᠦᠨ ᠬᠤᠶᠢᠲᠤ ᠣᠷᠣᠨ᠂ ᠤᠮᠠᠷᠠᠲᠤ ᠣᠷᠣᠨ ᠤ ᠪᠣᠳᠠᠰ ᠤᠨ ᠬᠦᠢᠯᠭᠡᠭᠡ ᠶᠢ | ᠬᠠᠮᠣᠷᠣᠭᠰᠠᠨ ᠴᠢᠬᠤᠯᠠ ᠵᠠᠩᠭᠢᠯᠠᠭ᠎ᠠ ᠶᠢᠨ ᠴᠡᠭ ᠪᠣᠯᠭᠠᠨ ᠪᠠᠶᠢᠭᠤᠯᠵᠤ᠂ ᠨᠢᠭᠡ ᠴᠤᠭᠴᠠᠵᠢᠭᠤᠯᠤᠭᠰᠠᠨ | ᠶᠡᠷᠦᠩᠬᠡᠶᠢᠯᠡᠭᠰᠡᠨ ᠪᠣᠳᠠᠰ ᠤᠨ ᠭᠦᠢᠯᠭᠡᠭᠡᠨ ᠤ ᠦᠢᠯᠡᠴᠢᠯᠡᠭᠡᠨ ᠤ ᠲᠠᠪᠴᠠᠩ ᠢ ᠪᠠᠶᠢᠭᠤᠯᠦᠨ᠂ ︽ᠨᠢᠭᠡ ᠰᠠᠭᠤᠷᠢᠨ | ᠭᠠᠵᠠᠷ᠂ ᠬᠤᠶᠠᠷ ᠲᠦᠪ᠂ ᠨᠢᠭᠡ ᠵᠠᠩᠭᠢᠯᠠᠭ᠎ᠠ ᠶᠢᠨ ᠴᠡᠭ᠂ ᠨᠢᠭᠡ ᠲᠠᠪᠴᠠᠩ︾ ᠤᠨ ᠪᠠᠶᠢᠷᠢᠰᠢᠯ ᠢ ᠪᠠᠶᠢᠭᠤᠯᠤᠨ᠎ᠠ᠃ | ᠣᠷᠣᠨ ᠨᠣᠳᠤᠭ ᠤᠨ ᠡᠯᠧᠺᠲᠷᠣᠨ ᠬᠤᠳᠠᠯᠳᠤᠭᠠᠨ ᠤ ᠪᠣᠳᠠᠰ ᠤᠨ ᠭᠦᠢᠯᠭᠡᠭᠡᠨ ᠤ ᠲᠣᠭᠳᠠᠯᠴᠠᠭ᠎ᠠ ᠶᠢ ᠳᠡᠰ | ᠳᠡᠪᠰᠢᠬᠦᠯᠵᠣ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠪᠣᠳᠠᠰ | ᠤᠨ ᠭᠦᠢᠯᠭᠡᠭᠡᠨ ᠤ ᠲᠣᠭᠳᠠᠯᠴᠠᠭ᠎ᠠ ᠶᠢ ᠪᠦᠷᠢᠨᠰᠢᠬᠦᠯᠦᠨ᠂ ᠦᠨᠳᠦᠰᠦᠨ ᠱᠠᠲᠤᠨ ᠤ ᠪᠣᠳᠠᠰ ᠤᠨ ᠬᠦᠢᠯᠭᠡᠭᠡ ᠶᠢ | ᠰᠢᠯᠢᠳᠡᠭᠵᠢᠭᠦᠯᠵᠦ᠂ ᠮᠠᠯᠵᠢᠬᠤ ᠣᠷᠣᠨ ᠤ ᠤᠨᠴᠠᠯᠢᠬᠳᠤ ᠪᠦᠲᠦᠭᠡᠭᠳᠡᠬᠦᠨ ᠤ ᠭᠠᠳᠠᠭᠰᠢ ᠭᠠᠷᠬᠤ ᠪᠠ ᠠᠵᠤ | ᠦᠢᠯᠡᠳᠪᠦᠷᠢ ᠶᠢᠨ ᠬᠡᠷᠡᠭᠯᠡᠭᠡᠨ ᠤ ᠵᠦᠢᠯ ᠢ ᠦᠨᠳᠦᠰᠦᠨ ᠱᠠᠳᠣᠨ ᠳᠤ ᠬᠦᠷᠭᠡᠬᠦ ︽ᠡᠴᠦᠰ ᠤᠨ ᠨᠢᠭᠡ ᠺᠢᠯᠣᠮᠧᠲᠷ︾ | ᠢ ᠰᠢᠢᠳᠪᠦᠷᠢᠯᠡᠨ᠎ᠡ᠃ ᠡᠳ᠋ ᠤᠨ ᠵᠠᠰᠠᠭ ᠭᠠᠶᠢᠯᠢ ᠶᠢᠨ ᠶᠠᠪᠣᠳᠠᠯ ᠮᠥᠩᠭᠦᠨ ᠭᠦᠢᠯᠭᠡᠭᠡᠨ ᠤ ᠲᠤᠯᠭᠠᠭᠤᠷᠢᠯᠠᠬᠤ | ᠬᠦᠴᠦᠨ ᠢ ᠴᠢᠩᠭᠠᠷᠠᠭᠤᠯᠤᠨ᠎ᠠ᠃ ᠡᠯ᠎ᠡ ᠬᠦᠷᠢᠶᠡᠨ ᠳᠠᠬᠢ ᠡᠳ᠋ ᠤᠨ ᠵᠠᠰᠠᠭ ᠤᠨ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠲᠦᠷᠭᠡᠳᠬᠡᠵᠤ᠂ ᠡᠳ᠋ ᠤᠨ ᠵᠠᠰᠠᠭ ᠤᠨ ᠵᠠᠷᠤᠯᠭ᠎ᠠ ᠶᠢ | ᠪᠠᠷᠢᠮᠵᠢᠶᠠᠵᠢᠭᠤᠯᠵᠣ᠂ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠶᠢ | ᠴᠢᠩᠭᠠᠳᠬᠠᠨ᠂ ᠨᠡᠶᠢᠭᠡᠮ ᠤᠨ ᠪᠡᠯᠡ ᠮᠦᠩᠭᠦ ᠶᠢ ︽ᠮᠠᠯᠵᠢᠬᠤ ᠣᠷᠣᠨ᠂ ᠮᠠᠯ ᠠᠵᠤ ᠠᠬᠤᠶ᠂ ᠮᠠᠯᠴᠢᠳ︾ ᠲᠡᠰᠢ | ᠨᠡᠩ ᠶᠡᠭᠡ ᠬᠡᠮᠵᠢᠶ᠎ᠡ ᠪᠠᠷ ᠳᠠᠳᠠᠨ᠎ᠠ᠃ ᠠᠵᠣ ᠦᠢᠯᠡᠰ ᠡᠷᠬᠢᠯᠡᠬᠦ ᠪᠠ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ | ᠳᠤᠮᠳᠠᠬᠢ ᠮᠥᠩᠭᠦᠨ ᠭᠦᠢᠯᠭᠡᠭᠡᠨ ᠤ ᠳᠡᠮᠵᠢᠯᠭᠡ ᠶᠢ ᠭᠦᠢᠴᠡᠳ ᠪᠠᠳᠠᠷᠠᠭᠤᠯᠵᠤ᠂ ᠮᠠᠯ ᠠᠵᠤ ᠠᠬᠤᠶ ᠶᠢᠨ ᠠᠵᠤ | ᠦᠶᠢᠯᠡᠰᠵᠢᠯᠲᠡ᠂ ᠰᠢᠨ᠎ᠡ ᠬᠡᠯᠪᠡᠷᠢ ᠶᠢᠨ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢᠨ | ᠢᠲᠡᠭᠡᠮᠵᠢᠲᠦ ᠵᠢᠭᠡᠯᠡᠯᠭᠡ ᠶᠢᠨ ᠪᠡᠯᠡ ᠣᠷᠣᠭᠤᠯᠤᠯᠲᠠ ᠶᠢ ᠨᠡᠮᠡᠭᠳᠡᠭᠦᠯᠦᠨ᠂ ᠮᠥᠩᠭᠦᠨ ᠭᠦᠢᠯᠭᠡᠭᠡᠨ ᠤ ᠦᠢᠯᠡᠴᠢᠯᠡᠭᠡ | ᠪᠠ ᠬᠤᠲᠠ ᠬᠥᠳᠡᠭᠡ ᠶᠢᠨ ᠬᠥᠭᠵᠢᠯᠲᠡ ᠶᠢ ᠵᠣᠬᠢᠴᠠᠭᠤᠯᠬᠤ ᠶᠢ ᠠᠬᠢᠭᠤᠯᠤᠨ᠎ᠠ᠃ | ︵ᠳᠥᠷᠪᠡ︶ ᠠᠮᠢ ᠠᠬᠤᠶ ᠶᠢ ᠰᠠᠶᠢᠵᠢᠷᠠᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠨᠠᠩ ᠦᠷᠭᠦᠯᠵᠢᠯᠡᠭᠰᠡᠨ | ᠪᠣᠬᠢᠷᠲᠤᠯ ᠥᠬᠡᠶ ᠬᠥᠭᠵᠢᠯᠲᠡ ᠶᠢ ᠪᠡᠶᠡᠯᠡᠭᠦᠯᠦᠨ᠎ᠡ᠃ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ | ᠡᠷᠴᠢᠮ ᠢ ᠴᠢᠩᠭᠠᠷᠠᠭᠤᠯᠤᠨ᠎ᠠ᠃ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠭᠡ ᠤᠯᠤᠰ ᠤᠨ ᠤᠮᠠᠷᠠᠲᠤ ᠬᠢᠯᠢ ᠶᠢᠨ ᠴᠢᠬᠤᠯᠠ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢ ᠪᠥᠳᠥᠭᠡᠨ ᠪᠠᠶᠢᠭᠤᠯᠬᠤ ᠪᠠᠶᠢᠯᠳᠤᠬᠤ ᠪᠤᠳᠤᠯᠭ᠎ᠠ ᠶᠢ ᠢᠮᠠᠭᠲᠠ ᠬᠡᠷᠡᠭᠵᠢᠬᠦᠯᠦᠨ᠂ | ᠬᠤᠲᠠ ᠪᠠᠯᠭᠠᠰᠤ᠂ ᠮᠠᠯ ᠠᠵᠤ ᠠᠬᠤᠶ ᠪᠣᠯᠤᠨ ᠠᠮᠢ ᠠᠬᠤᠶ ᠶᠢᠨ ᠴᠢᠳᠠᠮᠵᠢᠳᠤ ᠣᠷᠣᠨ ᠤ ᠣᠷᠣᠨ ᠵᠠᠶ ᠶᠢᠨ | ᠪᠠᠶᠢᠷᠢᠰᠢᠯ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠣ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠦᠨᠳᠣᠰᠣᠨ ᠮᠡᠳᠡᠭᠡ ᠵᠠᠩᠭᠢ ᠶᠢᠨ ᠲᠠᠪᠴᠠᠩ ᠪᠣᠯᠤᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ᠶᠢᠨ ︽ᠨᠢᠭᠡ ᠬᠠᠭᠤᠳᠠᠰᠣ ᠵᠢᠷᠤᠭ ᠲᠦᠰᠦᠪ︾ ᠲᠤ ᠬᠢᠨᠠᠯᠲᠠ ᠲᠠᠯᠪᠢᠬᠤ ᠮᠡᠳᠡᠭᠡ ᠵᠠᠩᠭᠢ ᠶᠢᠨ | ᠰᠢᠰᠲ᠋ᠧᠮ ᠢ ᠪᠠᠶᠢᠭᠤᠯᠤᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠣᠷᠳᠣ ᠬᠤᠭᠤᠴᠠᠭᠠᠨ ᠤ | ᠱᠠᠭᠠᠷᠳᠠᠯᠭ᠎ᠠ ᠶᠢ ᠪᠠᠲᠤ ᠡᠵᠡᠮᠰᠢᠵᠦ᠂ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠪᠠᠶᠢᠩᠭᠤ | ᠶᠢᠨ ᠪᠦᠳᠦᠮᠵᠢᠳᠦ ᠲᠣᠭᠲᠠᠴᠠ ᠪᠠ ᠪᠠᠶᠢᠩᠭᠤ ᠶᠢᠨ ᠬᠠᠮᠢᠶᠠᠷᠤᠯᠲᠠ ᠶᠢᠨ ᠵᠠᠭᠪᠤᠷ ᠢ ᠲᠡᠭᠦᠯᠳᠡᠷᠵᠢᠭᠦᠯᠵᠦ᠂ ᠣᠶᠢᠲᠤ | ᠭᠠᠵᠠᠷ ᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ ᠶᠢ ᠲᠣᠭᠳᠠᠭᠠᠵᠣ᠂ ᠨᠤᠲᠤᠭ ᠪᠡᠯᠴᠢᠭᠡᠷ ᠢ ᠬᠠᠮᠠᠭᠠᠯᠠᠬᠤ | ᠲᠦᠷᠢᠮ ᠢ ᠴᠢᠩᠭ᠎ᠠ ᠬᠡᠷᠡᠭᠵᠢᠭᠦᠯᠦᠨ᠂ ᠡᠪᠡᠰᠦ ᠬᠠᠳᠤᠵᠤ ᠨᠦᠭᠡᠴᠡᠯᠡᠬᠦ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ | ᠂ ᠬᠠᠳᠤᠯᠠᠩ ᠢ ᠬᠠᠤᠯᠢ ᠶᠣᠰᠣᠭᠠᠷ ᠬᠠᠮᠢᠶᠠᠷᠴᠤ᠂ ᠡᠪᠡᠰᠦ ᠬᠠᠳᠤᠵᠤ ᠨᠦᠭᠡᠴᠡᠯᠡᠬᠦ ᠦᠢᠯᠡ ᠠᠵᠢᠯᠯᠠᠭ᠎ᠠ ᠶᠢ | ᠵᠢᠷᠤᠮᠵᠢᠭᠤᠯᠤᠨ᠎ᠠ᠃ ᠭᠤᠷᠪᠠᠳᠤᠭᠠᠷ ᠡᠭᠡᠯᠵᠢ ᠶᠢᠨ ᠠᠮᠢ ᠠᠬᠤᠶ ᠶᠢᠨ ᠨᠦᠬᠦᠪᠦᠷᠢ ᠱᠠᠩᠨᠠᠯ ᠤᠨ ᠲᠥᠷᠥ ᠶᠢᠨ | ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠦᠨ᠂ 152 ᠲᠦᠮᠡᠨ ᠮᠥ ᠪᠡᠯᠴᠢᠭᠡᠷᠯᠡᠭᠦᠯᠬᠦ ᠶᠢ ᠵᠣᠭᠰᠣᠭᠠᠬᠤ ᠣᠷᠣᠨ ᠪᠠ | 5746 ᠲᠦᠮᠡᠨ ᠮᠥ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ ᠣᠷᠣᠨ ᠤ ᠬᠠᠮᠢᠶᠠᠷᠤᠯᠲᠠ ᠶᠢ ᠰᠢᠰᠲ᠋ᠧᠮ ᠲᠠᠢ | ᠠᠳᠬᠤᠵᠤ᠂ ᠲᠠᠯ᠎ᠠ ᠨᠣᠳᠤᠭ ᠤᠨ ᠠᠮᠢ ᠠᠬᠤᠶ ᠶᠢᠨ ᠦᠷᠭᠦᠯᠵᠢᠯᠡᠭᠰᠡᠨ ᠬᠦᠭᠵᠢᠯᠲᠡ ᠶᠢ ᠠᠬᠢᠭᠤᠯᠤᠨ᠎ᠠ᠃ ᠠᠮᠢ | ᠠᠬᠤᠶ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠤᠨ᠎ᠠ᠃ ᠠᠮᠢ ᠠᠬᠤᠶ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠳᠠ ᠠᠴᠠ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠠᠮᠢ ᠠᠬᠤᠶ ᠶᠢᠨ ᠣᠷᠴᠢᠨ ᠲᠣᠭᠤᠷᠢᠨ ᠢ | ᠣᠷᠣᠨ ᠬᠤᠪᠢᠶᠠᠨ ᠬᠠᠮᠢᠶᠠᠷᠤᠨ ᠡᠵᠡᠮᠳᠡᠬᠦ ᠲᠣᠭᠳᠠᠯᠴᠠᠭ᠎ᠠ ᠶᠢ ᠪᠠᠶᠢᠭᠤᠯᠤᠨ᠂ ᠪᠥᠬᠦ ᠬᠤᠰᠢᠭᠤᠨ ᠤ 20 ᠬᠠᠮᠢᠶᠠᠷᠤᠨ | ᠡᠵᠡᠮᠳᠡᠬᠦ ᠨᠢᠭᠡᠴᠡ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ᠃ ᠪᠣᠬᠢᠷᠲᠤᠯ ᠢ ᠰᠡᠷᠭᠡᠶᠢᠯᠡᠨ | ᠵᠠᠰᠠᠬᠤ ᠪᠣᠭᠤᠮᠳᠠ ᠰᠢᠪᠳᠣᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠭᠠᠷ ᠮᠠᠨᠳᠠᠯ᠂ ᠤᠰᠤ᠂ ᠬᠥᠷᠥᠰᠥ | ᠰᠢᠷᠣᠶ ᠶᠢᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠂ ᠭᠠᠵᠠᠷ ᠬᠡᠷᠡᠭᠯᠡᠬᠦ ᠲᠦᠭᠰᠢᠭᠦᠷᠢ ᠶᠢ | ᠬᠠᠮᠢᠶᠠᠷᠤᠨ ᠡᠵᠡᠮᠳᠡᠬᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠪᠢᠳᠠᠬᠦᠮᠵᠢᠯᠡᠨ ᠬᠠᠮᠢᠶᠠᠷᠬᠤ᠂ ᠤᠰᠤᠨ ᠤ ᠡᠬᠢ | ᠪᠠᠶᠠᠯᠢᠭ ᠢ ᠬᠠᠮᠠᠭᠠᠯᠠᠬᠤ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠮᠠᠨ ᠤ ᠬᠤᠰᠢᠭᠤᠨ ᠤ ᠬᠠᠷᠢᠶ᠎ᠠ | ᠣᠷᠣᠨ ᠤ ᠴᠡᠪᠡᠷ ᠠᠭᠠᠷ ᠤᠨ ᠪᠠᠷᠢᠮᠵᠢᠶ᠎ᠡ ᠳᠤ ᠬᠦᠷᠦᠭᠰᠡᠨ ᠡᠳᠣᠷ ᠤᠨ ᠲᠤᠭ᠎ᠠ ᠶᠢ 98% ᠠᠴᠠ ᠳᠠᠪᠠᠭᠤᠯᠬᠤ ᠶᠢ | ᠪᠠᠲᠤᠯᠠᠨ᠎ᠠ᠃ ᠣᠶ ᠰᠢᠭᠤᠶ ᠶᠢᠨ ᠳᠠᠷᠤᠭ᠎ᠠ ᠶᠢᠨ ᠲᠦᠷᠢᠮ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ | ᠲᠦᠷᠢᠮ ᠢ ᠦᠷᠭᠦᠯᠵᠢᠯᠡᠨ ᠬᠡᠷᠡᠭᠵᠢᠭᠦᠯᠵᠦ᠂ ᠭᠤᠤᠯ ᠮᠥᠷᠡᠨ ᠨᠠᠭᠤᠷ ᠴᠥᠭᠦᠷᠥᠮ ᠢ ᠬᠠᠮᠠᠭᠠᠯᠠᠨ ᠵᠠᠰᠠᠬᠤ᠂ ᠨᠤᠲᠤᠭ | ᠪᠡᠯᠴᠢᠭᠡᠷ᠂ ᠣᠶᠢᠲᠤ ᠭᠠᠵᠠᠷ ᠤᠨ ᠬᠠᠤᠯᠢ ᠲᠣᠭᠲᠠᠭᠠᠯ ᠠᠴᠠ ᠵᠦᠷᠢᠴᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠬᠤ ᠶᠢ | ᠪᠠᠶᠢᠩᠭᠤᠵᠢᠭᠤᠯᠤᠨ ᠥᠷᠨᠢᠭᠦᠯᠵᠦ᠂ ᠪᠣᠬᠢᠷᠲᠤᠯ ᠥᠬᠡᠶ ᠠᠮᠢ ᠠᠬᠤᠶ ᠶᠢᠨ ᠣᠷᠣᠨ ᠵᠠᠶ ᠶᠢ ᠥᠷᠭᠡᠳᠬᠡᠨ᠎ᠡ᠃ | ᠠᠭᠤᠷᠬᠠᠶ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ︽ᠭᠤᠷᠪᠠᠨ ᠣᠷᠣᠨ ᠬᠤᠶᠠᠷ ᠱᠤᠭᠤᠮ︾ ᠤᠨ ᠭᠠᠵᠠᠷ | ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ᠂ ᠲᠡᠤᠬᠡᠨ ᠠᠴᠠ ᠦᠯᠡᠳᠡᠭᠳᠡᠵᠦ ᠢᠷᠡᠭᠰᠡᠨ ᠡᠵᠡᠨ ᠦᠭᠡᠢ ᠠᠭᠤᠷᠬᠠᠢ | ᠶᠢ ᠴᠡᠭᠴᠡᠯᠡᠨ ᠵᠠᠰᠠᠬᠤ ᠪᠠ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ | ᠰᠠᠶᠢᠲᠤᠷ ᠬᠢᠵᠦ᠂ ᠦᠯᠡᠳᠡᠭᠳᠡᠯ ᠠᠰᠠᠭᠤᠳᠠᠯ ᠢ ᠰᠢᠢᠳᠪᠦᠷᠢᠯᠡᠨ᠂ ᠦᠩᠭᠡᠷᠡᠭᠰᠡᠨ ᠤ ᠳᠣᠳᠠᠭᠳᠠᠯ ᠢᠶᠠᠨ | ᠨᠥᠬᠦᠪᠥᠷᠢᠯᠡᠵᠦ᠂ 2023 ᠣᠨ ᠪᠣᠯᠬᠤ ᠳᠤ᠂ ᠪᠦᠬᠦ ᠦᠢᠯᠡᠳᠪᠦᠷᠢᠯᠡᠯ ᠬᠢᠵᠣ ᠪᠠᠶᠢᠭ᠎ᠠ ᠠᠭᠤᠷᠬᠠᠶ ᠶᠢ ᠪᠦᠬᠦᠨ ᠢ | ᠪᠠᠷᠢᠮᠵᠢᠶ᠎ᠠ ᠳᠤ ᠬᠦᠷᠭᠡᠨ᠎ᠡ᠃ ᠠᠮᠢ ᠠᠬᠤᠶ ᠶᠢ ᠬᠠᠮᠠᠭᠠᠯᠠᠬᠤ ᠢᠨᠵᠧᠨᠧᠷᠢᠩ ᠤᠨ ᠪᠠᠶᠢᠭᠤᠯᠤᠯᠲᠠ ᠶᠢᠨ ᠡᠷᠴᠢᠮ ᠢ | ᠴᠢᠩᠭᠠᠷᠠᠭᠤᠯᠣᠨ᠎ᠠ᠃ ᠤᠯᠤᠰ ᠤᠨ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠴᠢᠬᠤᠯᠠ ᠶᠡᠭᠡ ᠪᠠᠶᠢᠯᠳᠤᠬᠤ ᠪᠤᠲᠤᠯᠭ᠎ᠠ ᠶᠢᠨ ᠲᠣᠬᠢᠶᠠᠯ ᠢ ᠡᠵᠡᠮᠳᠡᠨ᠂ ᠮᠠᠨ ᠤ ᠬᠤᠰᠢᠭᠤᠨ ᠤ | ᠠᠮᠢ ᠠᠬᠤᠶ ᠶᠢᠨ ᠨᠡᠭᠦᠷᠡᠰᠦᠲᠥ᠋ᠷᠥᠭᠴᠢ ᠶᠢ ᠰᠢᠩᠭᠡᠭᠡᠬᠦ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠠᠮᠢ | ᠠᠬᠤᠶ ᠶᠢᠨ ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠤᠨ ᠬᠤᠣᠰ ᠢᠯᠡᠯᠲᠠ ᠶᠢ ᠣᠯᠬᠤ ᠪᠠᠷ | ᠴᠢᠷᠮᠠᠶᠢᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠤᠯᠤᠰ ᠪᠠ ᠥᠪᠡᠷᠲᠡᠭᠡᠨ ᠵᠠᠰᠠᠬᠤ ᠣᠷᠣᠨ ᠤ | ᠲᠤᠷᠰᠢᠯᠲᠠ ᠶᠢᠨ ᠴᠡᠭ ᠤᠨ ᠲᠥᠷᠥᠯ ᠵᠦᠢᠯ᠂ ᠪᠡᠭᠡᠵᠢᠩ ᠲᠢᠶᠠᠨᠵᠢᠨ ᠤ ᠡᠯᠡᠰᠣᠨ ᠤ ᠡᠬᠢ ᠶᠢ ᠵᠠᠰᠠᠬᠤ᠂ | ᠦᠵᠦᠮᠦᠴᠢᠨ ᠡᠯᠡᠰᠦᠷᠬᠡᠭ ᠭᠠᠵᠠᠷ ᠢ ᠵᠠᠰᠠᠬᠤ ᠵᠡᠷᠭᠡ ᠭᠤᠣᠯᠳᠠᠯᠭᠠᠳᠣ ᠠᠮᠢ ᠠᠬᠤᠶ ᠶᠢᠨ ᠬᠠᠮᠠᠭᠠᠯᠠᠯᠲᠠ ᠶᠢᠨ | ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠤᠯᠤᠰ ᠤᠨ ᠲᠠᠯ᠎ᠠ ᠨᠣᠳᠤᠭ ᠤᠨ ᠪᠠᠶᠢᠭᠠᠯᠢ ᠶᠢᠨ ᠴᠡᠴᠡᠷᠯᠢᠭ ᠢ | ᠪᠥᠲᠥᠭᠡᠨ ᠪᠠᠶᠢᠭᠤᠯᠬᠤ ᠲᠤᠷᠰᠢᠯᠲᠠ ᠶᠢᠨ ᠴᠡᠭ ᠢ ᠪᠠᠶᠢᠭᠤᠯᠦᠨ᠂ 2025 ᠣᠨ ᠪᠣᠯᠬᠤ ᠳᠤ᠂ 21.2 ᠲᠦᠮᠡᠨ ᠮᠥ | ᠨᠣᠳᠤᠭ ᠪᠡᠯᠴᠢᠭᠡᠷ ᠢ ᠣᠶᠢᠵᠢᠭᠤᠯᠵᠤ᠂ 100 ᠲᠦᠮᠡᠨ ᠮᠥ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠵᠦ᠂ | ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ 65% ᠠᠴᠠ ᠳᠠᠪᠠᠭᠤᠯᠣᠨ᠎ᠠ᠃ ᠠᠮᠢᠳᠤ ᠪᠣᠳᠠᠰ ᠤᠨ ᠤᠯᠠᠨ | ᠶᠠᠩᠵᠤᠲᠤ ᠴᠢᠨᠠᠷ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠦᠨ᠂ ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ | ᠲᠦᠷᠦᠯ ᠵᠦᠢᠯ ᠢ ᠬᠠᠮᠢᠶᠠᠷᠤᠨ ᠡᠵᠡᠮᠳᠡᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠪᠠ | ᠬᠠᠤᠯᠢ ᠪᠤᠰᠤ ᠪᠠᠷ ᠠᠩ ᠠᠩᠨᠠᠬᠤ᠂ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠩᠨᠠᠬᠤ ᠶᠢ ᠬᠢᠨᠠᠵᠤ ᠬᠠᠮᠢᠶᠠᠷᠬᠤ | ᠠᠵᠢᠯ ᠢ ᠴᠢᠩᠭᠠᠳᠬᠠᠵᠤ᠂ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠬᠦ ᠠᠵᠢᠯᠯᠠᠭ᠎ᠠ ᠳᠤ ᠬᠦᠴᠦᠲᠡᠢ | ᠴᠣᠬᠢᠯᠲᠠ ᠦᠭᠭᠦᠨ᠎ᠡ᠃ | ︵ᠲᠠᠪᠤ︶ ᠦᠭᠡᠷᠡᠴᠢᠯᠡᠯᠲᠡ ᠬᠢᠵᠦ ᠴᠢᠯᠦᠭᠡᠲᠡᠢ ᠶᠠᠪᠣᠯᠴᠠᠬᠤ ᠶᠢ ᠳᠡᠰ ᠳᠡᠪᠰᠢᠭᠦᠯᠬᠦ ᠠᠵᠢᠯᠯᠠᠭ᠎ᠠ ᠶᠢ | ᠬᠡᠷᠡᠭᠵᠢᠭᠦᠯᠵᠦ᠂ ᠨᠡᠩ ᠠᠮᠢᠳᠤᠯᠢᠭ ᠬᠥᠭᠵᠢᠯᠲᠡ ᠶᠢᠨ ᠬᠦᠳᠡᠯᠭᠡᠭᠴᠢ ᠡᠨᠧᠷᠬᠢ ᠶᠢ ᠨᠡᠮᠡᠭᠳᠡᠬᠦᠯᠦᠨ᠎ᠡ᠃ ᠤᠮᠠᠷᠠᠰᠢ | ᠨᠡᠭᠡᠭᠡᠯᠳᠡ ᠬᠢᠬᠦ ᠪᠠᠬᠢᠯᠡᠯᠲᠡ ᠶᠢ ᠪᠠᠲᠤ ᠪᠠᠬᠢ ᠪᠠᠶᠢᠭᠤᠯᠤᠨ᠎ᠠ᠃ ᠵᠡᠭᠦᠨ ᠬᠤᠶᠢᠲᠦ ᠣᠷᠣᠨ ᠤ ᠳᠠᠯᠠᠢ ᠬᠠᠭᠤᠷᠠᠢ ᠶᠢ | ᠬᠤᠯᠪᠣᠭᠰᠠᠨ ᠰᠢᠨ᠎ᠡ ᠵᠠᠮ ᠳᠤ ᠢᠳᠡᠪᠬᠢᠲᠡᠢ ᠠᠭᠤᠰᠣᠯᠴᠠᠵᠤ᠂ ᠲᠡᠮᠦᠷ ᠵᠠᠮ ᠤᠨ ᠪᠣᠭᠤᠮᠲᠠ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠦᠨ᠂《 ᠵᠦᠰᠬᠤᠸᠠ— ᠵᠡᠭᠦᠨ ᠬᠠᠳᠠᠪᠴᠢ 》ᠬᠦᠷᠬᠦ ᠲᠡᠮᠦᠷ ᠵᠠᠮ ᠪᠠ《 | ᠪᠠᠶᠠᠠᠬᠤᠸᠠ— ᠵᠡᠭᠦᠨ ᠬᠠᠳᠠᠪᠴᠢ》ᠬᠦᠷᠬᠦ ᠲᠡᠮᠦᠷ ᠵᠠᠮ ᠤᠨ ᠢᠨᠵᠧᠨᠧᠷᠢᠩ ᠢ ᠠᠬᠢᠭᠤᠯᠵᠤ᠂ ᠮᠤᠩᠭᠤᠯ ᠤᠯᠤᠰ ᠤᠨ | ᠲᠡᠮᠦᠷ ᠵᠠᠮ ᠲᠠᠢ ᠨᠡᠪᠲᠡᠷᠡᠬᠦ ᠶᠢ ᠠᠬᠢᠭᠤᠯᠵᠤ᠂ ᠤᠮᠠᠷᠠᠰᠢ ᠨᠡᠭᠡᠭᠡᠯᠲᠡ ᠬᠢᠬᠦ ᠵᠠᠮ ᠱᠤᠭᠤᠮ ᠢ ᠪᠦᠷᠢᠯᠳᠦᠭᠦᠯᠦᠨ᠎ᠡ᠃ | ᠪᠣᠭᠤᠮᠲᠠ ᠶᠢᠨ ᠠᠵᠤ ᠠᠬᠤᠶ ᠶᠢ ᠬᠥᠭᠵᠢᠭᠦᠯᠵᠦ᠂ ᠡᠳ᠋ᠰᠢᠭᠦᠯᠦᠨ ᠪᠣᠯᠪᠠᠰᠤᠷᠠᠭᠤᠯᠬᠤ᠂ ᠭᠠᠶᠢᠯᠢ ᠪᠠᠲᠤᠯᠠᠬᠤ | ᠪᠣᠳᠠᠰ ᠤᠨ ᠭᠦᠢᠯᠭᠡᠭᠡᠨ᠂ ᠬᠢᠯᠢ ᠠᠯᠤᠰᠯᠠᠭᠰᠠᠨ ᠵᠢᠭᠤᠯᠴᠢᠯᠠᠯ ᠵᠡᠷᠭᠡ ᠨᠡᠭᠡᠭᠡᠯᠲᠡᠲᠦ ᠬᠡᠯᠪᠡᠷᠢ ᠶᠢᠨ ᠠᠵᠤ ᠦᠢᠯᠡᠰ ᠢ | ᠭᠤᠤᠯᠳᠠᠯᠭ᠎ᠠ ᠲᠠᠢ ᠪᠤᠶᠢᠵᠢᠭᠤᠯᠦᠨ᠂ ︽ᠠᠵᠤ ᠠᠬᠤᠶ ᠶᠢᠨ ᠵᠠᠮ︾ ᠠᠴᠠ ︽ᠨᠡᠪᠳᠡᠷᠡᠯ ᠠᠵᠤ ᠠᠬᠤᠶ︾ ᠳᠠᠰᠢ | ᠬᠤᠪᠢᠷᠠᠭᠤᠯᠬᠤ᠂ ︽ᠥᠩᠭᠡᠷᠡᠬᠦ ᠠᠵᠤ ᠠᠬᠤᠶ︾ ᠠᠴᠠ ︽ᠰᠠᠭᠤᠷᠢᠰᠢᠯ ᠠᠵᠤ ᠠᠬᠤᠶ︾ ᠳᠠᠰᠢ | ᠬᠤᠪᠢᠷᠠᠭᠤᠯᠬᠤ ᠶᠢ ᠠᠬᠢᠭᠤᠯᠤᠨ᠎ᠠ᠃ ᠵᠡᠭᠦᠨ ᠬᠠᠲᠠᠪᠴᠢ ᠪᠣᠭᠤᠮᠲᠠ ᠶᠢᠨ ᠥᠪᠡᠷᠲᠡᠭᠡᠨ ᠵᠠᠰᠠᠬᠤ ᠣᠷᠣᠨ ᠤ | ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠤ ᠪᠥᠲᠥᠭᠡᠨ | ᠪᠠᠶᠢᠭᠤᠯᠤᠯᠲᠠ ᠶᠢᠨ ᠲᠣᠭᠤᠷᠢᠨ ᠳᠤ᠂ ᠰᠠᠭᠤᠷᠢ ᠲᠦᠬᠦᠭᠡᠷᠦᠮᠵᠢ ᠶᠢᠨ ᠢᠵᠢ ᠪᠥᠷᠢᠳᠦᠭᠦᠯᠬᠦ ᠶᠢ ᠴᠢᠩᠭᠠᠳᠬᠠᠵᠤ᠂ | ᠪᠣᠭᠤᠮᠲᠠ ᠶᠢᠨ ᠶᠡᠷᠦᠩᠬᠡᠶᠢᠯᠡᠭᠰᠡᠨ ᠴᠢᠳᠠᠮᠵᠢ ᠪᠠ ᠪᠣᠭᠤᠮᠲᠠ ᠪᠠᠷ ᠨᠡᠪᠳᠡᠷᠡᠬᠦ ᠴᠢᠳᠠᠮᠵᠢ ᠶᠢ ᠳᠡᠭᠡᠭᠰᠢᠯᠡᠭᠦᠯᠦᠨ᠂ | ᠪᠣᠭᠤᠮᠲᠠ ᠪᠠᠷ ᠦᠩᠭᠡᠷᠡᠬᠦ ᠪᠠᠷᠠᠭᠠᠠ ᠤ ᠬᠡᠮᠵᠢᠶ᠎ᠡ᠂ ᠠᠷᠠᠯᠵᠢᠶᠠᠨ ᠤ ᠦᠷᠳᠡᠭ ᠢ ᠲᠣᠭᠲᠠᠭᠤᠨ ᠢᠶᠠᠷ ᠨᠡᠮᠡᠭᠳᠡᠭᠦᠯᠦᠨ᠎ᠡ᠃ | ᠳᠤᠮᠳᠠᠳᠤ ᠮᠣᠩᠭᠤᠯ ᠤᠨ ᠦᠵᠡᠰᠬᠦᠯᠡᠩ ᠪᠠ ︽ᠭᠤᠷᠪᠠᠨ ᠭᠠᠵᠠᠷ᠂ ᠭᠤᠷᠪᠠᠨ ᠣᠷᠤᠨ︾ ᠤ ᠬᠠᠮᠲᠣᠷᠠᠯᠴᠠᠭᠠᠨ ᠤ | ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠮᠣᠩᠭᠤᠯ ᠤᠯᠤᠰ ᠲᠠᠢ ᠠᠵᠤ ᠠᠬᠤᠶ ᠠᠷᠠᠯᠵᠢᠶ᠎ᠠ᠂ ᠰᠣᠶᠣᠯ ᠵᠡᠷᠭᠡ | ᠡᠯ᠎ᠡ ᠬᠦᠷᠢᠶᠡᠨ ᠳᠠᠬᠢ ᠪᠣᠳᠠᠳᠣ ᠬᠠᠮᠲᠤᠷᠠᠯᠴᠠᠭ᠎ᠠ ᠪᠠᠨ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠭᠠᠳᠠᠭᠰᠢ | ᠨᠡᠭᠡᠭᠡᠯᠲᠡ ᠬᠢᠬᠦ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ ᠃ ᠥᠭᠡᠷᠡᠴᠢᠯᠡᠯᠲᠡ ᠬᠢᠬᠦ ᠪᠣᠭᠤᠮᠳᠠ ᠰᠢᠪᠳᠣᠯᠬᠤ | ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠬᠦᠯᠦᠨ᠎ᠡ᠃ ︽ᠵᠠᠰᠠᠭ ᠢ ᠴᠣᠮᠬᠠᠳᠬᠠᠵᠣ᠂ ᠬᠠᠮᠢᠶᠠᠷᠣᠯᠲᠠ | ᠦᠢᠯᠡᠴᠢᠯᠡᠭᠡ ᠶᠢ ᠣᠶᠠᠯᠳᠣᠭᠤᠯᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠡᠭᠡᠷ᠎ᠡ ᠱᠠᠲᠤᠨ ᠤ ᠬᠦᠴᠦᠨ | ᠥᠬᠡᠶ ᠪᠣᠯᠭᠠᠭᠰᠠᠨ ᠪᠠ ᠳᠣᠷᠣᠭᠰᠢ ᠪᠠᠭᠤᠯᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ | ᠨᠠᠶᠢᠳᠠᠪᠤᠷᠢᠵᠢᠭᠤᠯᠤᠨ᠂ ᠡᠯ᠎ᠡ ᠬᠦᠷᠢᠶᠡᠨ ᠳᠠᠬᠢ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠳᠥᠭᠦᠮᠴᠢᠯᠡᠨ | ᠰᠢᠯᠢᠳᠡᠭᠵᠢᠭᠦᠯᠵᠦ᠂ ᠤᠰᠣᠨ ᠤ ᠡᠷᠬᠡ᠂ ᠣᠶ ᠮᠣᠳᠣᠨ ᠤ ᠡᠷᠬᠡ᠂ ᠡᠨᠧᠷᠭᠢ ᠶᠢᠨ ᠡᠷᠬᠡ᠂ ᠪᠣᠬᠢᠷᠲᠤᠯ | ᠭᠠᠳᠠᠭᠰᠢᠯᠠᠭᠤᠯᠬᠤ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠪᠠ ᠡᠮ ᠡᠮᠨᠡᠯᠭᠡ ᠶᠢᠨ ᠲᠥᠪᠯᠡᠷᠡᠭᠦᠯᠦᠨ | ᠬᠤᠳᠠᠯᠳᠤᠨ ᠠᠪᠬᠤ ᠵᠡᠷᠭᠡ ᠣᠯᠠᠨ ᠨᠡᠶᠢᠲᠡ ᠶᠢᠨ ᠡᠬᠢ ᠪᠠᠶᠠᠯᠢᠭ ᠤᠨ ᠰᠦᠯᠵᠢᠶᠡᠨ ᠲᠠᠪᠴᠠᠩ ᠤᠨ ᠰᠣᠯᠢᠯᠴᠠᠭ᠎ᠠ ᠶᠢ | ᠠᠬᠢᠭᠤᠯᠤᠨ᠎ᠠ᠃ ︽ᠢᠨᠲ᠋ᠧᠷ ᠰᠦᠯᠵᠢᠶ᠎ᠡ+ᠵᠠᠰᠠᠭ ᠤᠨ ᠶᠠᠪᠤᠳᠠᠯ ᠤᠨ ᠦᠢᠯᠡᠴᠢᠯᠡᠭᠡ︾ ᠪᠠ ︽ᠢᠨᠲ᠋ᠧᠷ | ᠰᠦᠯᠵᠢᠶ᠎ᠡ+ᠬᠢᠨᠠᠨ ᠬᠠᠮᠢᠶᠠᠷᠤᠯᠲᠠ︾ ᠶᠢᠨ ᠵᠠᠭᠪᠤᠷ ᠢ ᠬᠡᠷᠡᠭᠵᠢᠬᠦᠯᠵᠣ᠂ ︽ᠨᠢᠭᠡ ᠴᠤᠭᠴᠠᠵᠢᠭᠤᠯᠤᠭᠰᠠᠨ ᠲᠠᠪᠴᠠᠩ | ︾ ᠤᠨ ᠬᠡᠷᠡᠭᠯᠡᠯᠲᠡ ᠶᠢ ᠳᠡᠯᠭᠡᠷᠡᠭᠦᠯᠦᠨ᠂ ᠰᠦᠯᠵᠢᠶᠡᠨ ᠳᠡᠭᠡᠷᠡᠬᠢ ᠵᠠᠰᠠᠭ ᠵᠠᠬᠢᠷᠭᠠᠨ ᠤ ᠦᠢᠯᠡᠴᠢᠯᠡᠭᠡᠨ ᠤ ᠲᠢᠩᠬᠢᠮ ᠢ | ᠪᠠᠶᠢᠭᠤᠯᠵᠣ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠷᠭ᠎ᠠ ᠵᠠᠮ ᠢ ᠦᠷᠭᠡᠳᠬᠡᠨ᠎ᠡ᠃ ᠳᠤᠮᠳᠠ ᠵᠢᠵᠢᠭ ᠠᠵᠤ | ᠠᠬᠤᠶᠢᠯᠠᠯ᠂ ᠨᠡᠶᠢᠲᠡ ᠶᠢᠨ ᠦᠮᠴᠢᠯᠡᠯᠲᠦ ᠪᠤᠰᠤ ᠠᠵᠤ ᠠᠬᠤᠶ ᠶᠢᠨ ᠬᠦᠭᠵᠢᠯᠲᠡ ᠶᠢ ᠳᠡᠮᠵᠢᠨ᠂ ᠭᠠᠶᠢᠯᠢ ᠰᠦᠢᠳᠬᠡᠯ | ᠪᠠᠭᠠᠰᠬᠠᠬᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ | ᠥᠷᠲᠡᠭ ᠢ ᠪᠠᠭᠤᠷᠠᠭᠤᠯᠤᠨ᠎ᠠ᠃ | ︵ᠵᠢᠷᠭᠤᠭ᠎ᠠ︶ ᠬᠤᠲᠠ ᠪᠠᠯᠭᠠᠰᠤᠨ ᠤ ᠴᠢᠨᠡᠷ ᠴᠢᠨᠰᠠᠭ᠎ᠠ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ | ᠣᠯᠠᠨ ᠳᠤ ᠲᠠᠭᠠᠰᠢᠶᠠᠭᠳᠠᠭᠰᠠᠨ ᠣᠷᠣᠰᠢᠨ ᠰᠠᠭᠤᠷᠢᠰᠢᠬᠤ ᠳᠤ ᠲᠣᠬᠢᠷᠠᠮᠵᠢᠳᠠᠢ ᠬᠤᠲᠠ ᠪᠠᠯᠭᠠᠰᠤ ᠶᠢ ᠪᠥᠲᠥᠭᠡᠨ | ᠪᠠᠶᠢᠭᠤᠯᠤᠨ᠎ᠠ᠃ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠬᠦᠯᠦᠨ᠎ᠡ᠃ ᠬᠠᠭᠤᠴᠢᠨ ᠢ | ᠨᠢ ᠳᠡᠰ ᠳᠡᠪᠰᠢᠬᠦᠯᠬᠦ ᠪᠠ ᠰᠢᠨ᠎ᠡ ᠪᠠᠷ ᠪᠠᠶᠢᠭᠤᠯᠬᠤ ᠳᠤ ᠪᠦᠳᠦᠴᠡ ᠶᠢᠨ ᠲᠣᠬᠢᠷᠠᠭᠤᠯᠤᠯᠲᠠ ᠬᠢᠬᠦ ᠶᠢ ᠵᠡᠷᠭᠡ ᠳᠤᠨᠢ | ᠴᠢᠬᠤᠯᠠᠴᠢᠯᠠᠬᠤ ᠶᠢ ᠪᠠᠷᠢᠮᠲᠠᠯᠠᠵᠤ᠂ ᠣᠷᠣᠰᠢᠨ ᠰᠠᠭᠤᠷᠢᠰᠢᠬᠤ᠂ ᠠᠵᠢᠯ ᠦᠢᠯᠡᠰ ᠡᠷᠭᠢᠯᠡᠬᠦ ᠳᠤ ᠲᠣᠬᠢᠷᠠᠮᠵᠢᠲᠠᠶ | ᠣᠳᠣᠬᠢᠴᠢᠯᠠᠭᠰᠠᠨ ᠪᠠᠯᠭᠠᠰᠤ ᠶᠢ ᠪᠥᠲᠥᠭᠡᠨ ᠪᠠᠶᠢᠭᠤᠯᠬᠤ ᠪᠠᠷ ᠬᠠᠷᠠᠯᠲᠠ ᠪᠣᠯᠭᠠᠨ᠂ ᠤᠯᠢᠶᠠᠰᠤᠲᠠᠶ ᠪᠠᠯᠭᠠᠰᠤ ᠪᠠᠷ | ᠭᠤᠤᠯ ᠪᠣᠯᠭᠠᠭᠰᠠᠨ᠂ ᠬᠠᠲᠠᠪᠴᠢ ᠪᠠᠯᠭᠠᠰᠤ᠂ ᠡᠵᠢᠨᠠᠭᠤᠷ ᠪᠠᠯᠭᠠᠰᠤ᠂ ᠳᠠᠭᠤᠳᠣᠨᠠᠭᠤᠷ ᠪᠠᠯᠭᠠᠰᠤ᠂ ᠮᠠᠨᠳᠣᠬᠤᠪᠣᠯᠠᠭ | ᠪᠠᠯᠭᠠᠰᠤ ᠪᠠᠷ ᠵᠠᠩᠭᠢᠯᠠᠭ᠎ᠠ ᠪᠣᠯᠭᠠᠭᠰᠠᠨ᠂ ᠪᠤᠰᠤᠳ ᠰᠤᠮᠤ ᠶᠢ ᠬᠠᠮᠣᠷᠠᠭᠰᠠᠨ ᠬᠤᠲᠠ ᠬᠥᠳᠡᠭᠡ ᠬᠠᠷᠢᠯᠴᠠᠨ | ᠨᠦᠬᠦᠪᠦᠷᠢᠯᠡᠵᠦ᠂ ᠵᠣᠬᠢᠴᠠᠩᠭᠤᠶ ᠬᠦᠭᠵᠢᠬᠦ ᠰᠢᠨ᠎ᠡ ᠮᠠᠶ᠋ᠢᠭ ᠤᠨ ᠬᠤᠲᠠ ᠬᠥᠳᠡᠭᠡ ᠶᠢᠨ ᠪᠠᠶᠢᠷᠢᠰᠢᠯ ᠢ ᠪᠠᠶᠢᠭᠤᠯᠤᠨ᠎ᠠ᠃ | ᠪᠠᠯᠭᠠᠰᠣᠨ ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ | ᠦᠭᠡᠷᠡᠴᠢᠯᠡᠨ ᠰᠢᠨᠡᠳᠭᠡᠬᠦ ᠵᠡᠷᠭᠡ ᠬᠤᠲᠠ ᠶᠢᠨ ᠶᠠᠪᠤᠳᠠᠯ ᠤᠨ ᠰᠠᠭᠤᠷᠢ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ | ᠲᠥᠪᠯᠡᠷᠡᠭᠦᠯᠦᠨ ᠳᠤᠯᠠᠭᠠᠯᠠᠯᠭ᠎ᠠ ᠬᠠᠩᠭᠠᠬᠤ ᠢᠨᠵᠧᠨᠧᠷᠢᠩ ᠢ ᠬᠡᠷᠡᠭᠵᠢᠬᠦᠯᠵᠦ᠂ ᠣᠳᠣᠬᠢ ᠪᠠᠶᠢᠭ᠎ᠠ ᠪᠠᠷᠢᠯᠭ᠎ᠠ ᠶᠢᠨ | ᠡᠨᠧᠷᠭᠢ ᠠᠷᠪᠢᠯᠠᠵᠤ ᠤᠰᠤ ᠠᠷᠪᠢᠯᠠᠬᠤ ᠥᠭᠡᠷᠡᠴᠢᠯᠡᠯᠲᠡ᠂ ᠨᠠᠰᠣᠳᠠᠶᠢᠴᠣᠳ ᠲᠤ ᠲᠣᠬᠢᠷᠠᠭᠰᠠᠨ ᠰᠠᠭᠠᠳ ᠥᠬᠡᠶ | ᠨᠡᠪᠳᠡᠷᠡᠬᠦᠯᠬᠦ ᠥᠭᠡᠷᠡᠴᠢᠯᠡᠯᠲᠡ ᠶᠢ ᠴᠢᠩᠭᠠᠳᠬᠠᠨ᠂ ᠬᠠᠭᠤᠴᠢᠨ ᠠᠯᠪᠠᠯᠠᠬᠤ ᠠᠰᠠᠷ᠂ ᠬᠠᠭᠤᠴᠢᠨ ᠬᠤᠳᠠᠯᠳᠤᠭᠠᠨ ᠤ | ᠲᠦᠬᠦᠭᠡᠷᠣᠮᠵᠢ᠂ ᠬᠠᠭᠤᠴᠢᠨ ᠠᠰᠠᠷ ᠢ ᠰᠢᠨᠡᠳᠬᠡᠨ ᠲᠠᠰ ᠳᠡᠪᠰᠢᠭᠦᠯᠵᠦ᠂ ᠬᠤᠲᠠ ᠪᠠᠯᠭᠠᠰᠣᠨ ᠤ ᠦᠯᠦ ᠬᠡᠷᠡᠭᠯᠡᠵᠣ | ᠪᠠᠶᠢᠭ᠎ᠠ ᠡᠬᠢ ᠪᠠᠶᠠᠯᠢᠭ᠂ ᠦᠷ᠎ᠡ ᠠᠰᠢᠭ ᠢᠶᠠᠷ ᠳᠣᠤᠷ᠎ᠠ ᠡᠬᠢ ᠪᠠᠶᠠᠯᠢᠭ ᠢ ᠭᠦᠢᠴᠡᠳ ᠠᠰᠢᠭᠯᠠᠨ᠎ᠠ᠃ ᠬᠤᠲᠠ | ᠪᠠᠯᠭᠠᠰᠤᠨ ᠤ ᠬᠠᠮᠢᠶᠠᠷᠤᠯᠲᠠ ᠶᠢ ᠳᠡᠰ ᠳᠡᠪᠰᠢᠭᠦᠯᠦᠨ᠎ᠡ᠃ ᠬᠤᠲᠠ ᠪᠠᠯᠭᠠᠰᠣᠨ ᠤ ᠲᠣᠳᠠᠭᠳᠠᠯ ᠲᠠᠢ ᠲᠠᠯ᠎ᠠ ᠳᠤ | ᠴᠢᠭᠯᠡᠬᠦᠯᠦᠨ᠂ ᠵᠡᠭᠡᠯᠢ ᠭᠤᠳᠤᠮᠵᠢ᠂ ᠬᠤᠲᠠ ᠬᠥᠳᠡᠭᠡ ᠶᠢᠨ ᠠᠭᠤᠯᠵᠠᠷ ᠬᠡᠰᠡᠭ ᠵᠡᠷᠭᠡ ᠭᠤᠤᠯᠳᠠᠯᠭ᠎ᠠ ᠲᠠᠢ ᠣᠷᠣᠨ | ᠪᠦᠰᠡ ᠶᠢ ᠴᠡᠭᠴᠡᠯᠡᠨ ᠵᠠᠰᠠᠬᠤ ᠶᠢ ᠴᠢᠩᠭᠠᠳᠬᠠᠨ᠂ ᠵᠠᠮ ᠡᠵᠡᠯᠡᠨ ᠡᠵᠡᠩᠨᠡᠬᠦ᠂ ᠬᠠᠤᠯᠢ ᠪᠤᠰᠤ ᠪᠠᠷ ᠵᠠᠷ ᠮᠡᠳᠡᠭᠡ | ᠨᠠᠭᠠᠬᠤ᠂ ᠳᠣᠷᠠᠪᠠᠷ ᠵᠣᠭᠰᠣᠭᠠᠵᠤ ᠳᠣᠷᠠᠪᠡᠷ ᠲᠠᠯᠪᠢᠬᠤ ᠵᠡᠷᠭᠡ ᠠᠰᠠᠭᠤᠳᠠᠯ ᠢ ᠰᠢᠢᠳᠪᠦᠷᠢᠯᠡᠵᠦ᠂ ᠵᠠᠰᠠᠯᠲᠠ ᠶᠢᠨ | ᠶᠠᠰᠤ ᠴᠢᠨᠠᠷ᠂ ᠦᠷ᠎ᠡ ᠪᠦᠲᠦᠮᠵᠢ ᠪᠠ ᠬᠠᠮᠢᠶᠠᠷᠤᠯᠲᠠ ᠶᠢᠨ ᠬᠢᠷᠢ ᠳᠦᠪᠰᠢᠨ ᠢ ᠳᠡᠭᠡᠭᠰᠢᠯᠡᠭᠦᠯᠦᠨ᠎ᠡ᠃ ︽ᠨᠢᠭᠡ | ᠲᠣᠭᠤᠷᠢᠭ ᠨᠢᠭᠡ ᠴᠢᠨᠠᠷ︾ ᠤᠨ ᠣᠨᠴᠠᠯᠢᠭᠲᠤ ᠬᠥᠭᠵᠢᠯᠲᠡ ᠶᠢ ᠳᠣᠪᠤᠶᠢᠯᠭᠠᠨ᠂ ᠨᠠᠷᠢᠯᠢᠬᠵᠢᠭᠤᠯᠤᠭᠰᠠᠨ | ᠦᠢᠯᠡᠴᠢᠯᠡᠭᠡ ᠬᠠᠩᠭᠠᠵᠤ᠂ ᠲᠣᠣᠷᠴᠢᠯᠠᠭᠰᠠᠨ ᠬᠠᠮᠢᠶᠠᠷᠤᠯᠲᠠ ᠶᠢ ᠴᠢᠩᠭᠠᠳᠬᠠᠨ᠂ ︽ᠨᠡᠶᠢᠭᠡᠮ ᠲᠣᠭᠤᠷᠢᠭ ᠤᠨ | ᠨᠠᠷᠠᠲᠤ ᠲᠥᠷᠥᠯ ᠳᠡᠮᠳᠡᠭ︾ ᠢ ᠡᠬᠦᠳᠦᠨ᠎ᠡ᠃ ︽ᠣᠶᠣᠨᠴᠢ ᠬᠤᠲᠠ ᠪᠠᠯᠭᠠᠰᠤ︾ ᠶᠢᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ᠬᠤᠰᠢᠭᠤ ᠳ᠋ᠠᠶᠢᠲ᠋ᠠ ᠬᠦᠮᠦᠷᠭᠡ ᠶᠢᠨ ᠲᠥᠪ ᠪᠠ ᠬᠤᠰᠢᠭᠤ ᠲᠠᠰ ᠤᠨ | ᠲᠣᠭᠠᠴᠢᠯᠠᠭᠰᠠᠨ ︵ᠣᠶᠣᠨᠴᠢ︶ ᠬᠤᠲᠠ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠦᠨ᠂ ᠬᠤᠲᠠ ᠶᠢᠨ | ᠬᠠᠮᠢᠶᠠᠷᠤᠯᠲᠠ ᠶᠢᠨ ᠤᠶᠤᠨᠴᠢᠯᠠᠯᠲᠠ᠂ ᠲᠣᠭᠠᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ︵ᠳᠣᠯᠤᠭ᠎ᠠ︶ ᠵᠣᠯ ᠵᠢᠷᠭᠠᠯ ᠢ ᠬᠠᠮᠳᠣᠪᠡᠷ ᠪᠠᠶᠢᠭᠤᠯᠵᠤ ᠬᠠᠮᠳᠣᠪᠡᠷ ᠡᠳ᠋ᠯᠡᠬᠦ ᠠᠵᠢᠯᠯᠠᠭ᠎ᠠ ᠶᠢ ᠬᠡᠷᠡᠭᠵᠢᠭᠦᠯᠵᠦ᠂ | ᠠᠷᠠᠳ ᠤᠨ ᠠᠮᠢᠳᠤᠷᠠᠯ ᠤᠨ ᠪᠠᠲᠣᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠷᠠᠳ ᠤᠨ ᠦᠨᠳᠦᠰᠦᠨ | ᠠᠮᠢᠳᠣᠷᠠᠯ ᠢ ᠪᠠᠳᠣᠯᠠᠵᠣ᠂ ᠠᠷᠠᠳ ᠤᠨ ᠰᠡᠳᠬᠢᠯ ᠢ ᠪᠠᠶᠠᠰᠬᠠᠨ᠎ᠠ᠃ ᠠᠵᠢᠯ ᠣᠯᠭᠤᠯᠲᠠ ᠶᠢ ᠥᠷᠭᠡᠳᠬᠡᠬᠦ ᠶᠢ | ᠢᠮᠠᠭᠲᠠ ᠣᠷᠣᠯᠭ᠎ᠠ ᠶᠢ ᠨᠡᠮᠡᠭᠳᠡᠭᠦᠯᠦᠨ ᠠᠷᠠᠳ ᠢ ᠪᠠᠶᠠᠵᠢᠭᠤᠯᠬᠤ ᠴᠢᠬᠤᠯᠠ ᠠᠷᠭ᠎ᠠ ᠵᠠᠮ ᠪᠣᠯᠭᠠᠵᠤ᠂ 2025 ᠣᠨ | ᠪᠣᠯᠬᠤ ᠳᠤ᠂ ᠦᠢᠯᠡᠰ ᠪᠣᠰᠬᠠᠬᠤ ᠲᠠᠭᠠᠭᠠᠯᠳᠠᠳᠣ ᠵᠢᠭᠡᠯᠡᠯᠭᠡ ᠶᠢ 5000 ᠲᠦᠮᠡᠨ ᠲᠥᠭᠦᠷᠢᠭ ᠠᠴᠠ ᠳᠡᠭᠡᠭᠰᠢ | ᠲᠠᠷᠬᠠᠭᠠᠵᠣ᠂ ᠬᠤᠲᠠ ᠪᠠᠯᠭᠠᠰᠤ ᠶᠢᠨ ᠰᠢᠨ᠎ᠡ ᠪᠠᠷ ᠠᠵᠢᠯ ᠣᠯᠭᠤᠬᠤ ᠬᠦᠮᠦᠨ ᠤ ᠲᠤᠭ᠎ᠠ ᠶᠢ 5000 ᠠᠴᠠ | ᠳᠠᠪᠠᠭᠤᠯᠦᠨ᠂ ᠮᠠᠯᠵᠢᠬᠤ ᠣᠷᠣᠨ ᠤ ᠰᠢᠯᠵᠢᠬᠦᠯᠦᠨ ᠠᠵᠢᠯ ᠣᠯᠭᠤᠬᠤ ᠬᠦᠮᠦᠨ ᠤ ᠲᠤᠭ᠎ᠠ ᠶᠢ 2500 ᠬᠦᠮᠦᠨ | ᠠᠴᠠ ᠳᠠᠪᠠᠭᠤᠯᠵᠣ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5% ᠶᠢᠨ | ᠳᠣᠲᠣᠷ᠎ᠠ ᠬᠢᠵᠠᠭᠠᠷᠯᠠᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠦᠨ | ᠂ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ 2025 ᠣᠨ ᠪᠣᠯᠬᠤ ᠳᠤ ᠪᠥᠬᠦ | ᠬᠤᠰᠢᠭᠤᠨ ᠤ ᠬᠦᠴᠢᠷᠳᠡᠯᠲᠡᠶ ᠣᠯᠠᠨ ᠲᠦᠮᠡᠨ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ | ᠳᠠᠭᠠᠳᠬᠠᠯ ᠳᠤ ᠣᠷᠣᠯᠴᠠᠬᠤ ᠨᠣᠷᠮ᠎ᠠ ᠶᠢ 100% ᠳᠤ ᠬᠦᠷᠭᠡᠵᠦ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ 95% ᠳᠤ | ᠬᠦᠷᠭᠡᠨ᠎ᠡ᠃ ᠪᠠᠶᠢᠭᠤᠯᠤᠮᠵᠢ ᠶᠢᠨ ᠨᠠᠰᠣᠳᠠᠨ ᠢ ᠠᠰᠠᠷᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠣᠪᠢᠯᠠᠬᠤ | ᠠᠰᠠᠷᠠᠬᠤ ᠶᠢ ᠤᠶᠠᠯᠳᠤᠭᠤᠯᠤᠭᠰᠠᠨ ᠬᠡᠯᠪᠡᠷᠢ ᠪᠠ ︽ᠮᠠᠯᠵᠢᠬᠤ ᠣᠷᠣᠨ ᠤ ᠨᠠᠰᠣᠳᠠᠶᠢᠴᠣᠳ ᠢ ᠠᠰᠠᠷᠠᠬᠤ | ᠦᠢᠯᠡᠴᠢᠯᠡᠭᠡ︾ ᠶᠢᠨ ᠵᠠᠭᠪᠤᠷ ᠢ ᠭᠦᠨᠵᠡᠭᠡᠶᠢᠷᠡᠭᠦᠯᠦᠨ᠂ ᠨᠡᠶᠢᠭᠡᠮ ᠲᠣᠭᠤᠷᠢᠭ ᠤᠨ ᠡᠳᠦᠷ ᠲᠤᠲᠤᠮ ᠬᠠᠷᠠᠭᠠᠯᠵᠠᠬᠤ | ᠪᠠᠶᠢᠭᠤᠯᠤᠮᠵᠢ ᠶᠢᠨ ᠪᠦᠷᠬᠦᠴᠡ ᠶᠢᠨ ᠨᠣᠷᠮ᠎ᠠ ᠶᠢ 90% ᠳᠤ ᠬᠦᠷᠭᠡᠨ᠎ᠡ᠃ ᠨᠡᠶᠢᠭᠡᠮ ᠲᠣᠭᠤᠷᠢᠭ ᠤᠨ | ᠨᠠᠰᠣᠳᠠᠶᠢᠴᠣᠳ ᠤᠨ ᠦᠢᠯᠡᠴᠢᠯᠡᠭᠡᠨ ᠤ ᠲᠦᠬᠦᠭᠡᠷᠣᠮᠵᠢ ᠶᠢ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠢᠵᠢ | ᠪᠦᠷᠢᠳᠣᠬᠦᠯᠦᠨ ᠪᠠᠶᠢᠭᠤᠯᠬᠤ ᠪᠠᠷᠢᠯᠭ᠎ᠠ ᠶᠢᠨ ᠬᠡᠪᠴᠢᠶᠡᠨ ᠳᠤ ᠣᠷᠣᠭᠤᠯᠵᠤ᠂ ᠣᠯᠠᠨ ᠵᠦᠢᠯ ᠤᠨ᠂ ᠣᠯᠠᠨ ᠲᠠᠰ | ᠳᠠᠪᠬᠤᠷᠭ᠎ᠠ ᠶᠢᠨ ᠨᠠᠰᠣᠳᠠᠶᠢᠴᠣᠳ ᠢ ᠠᠰᠠᠷᠠᠬᠤ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠨ᠎ᠠ᠃ ᠨᠡᠶᠢᠭᠡᠮ ᠤᠨ | ᠦᠢᠯᠡᠰ ᠢ ᠬᠦᠭᠵᠢᠬᠦᠯᠵᠣ ᠠᠷᠠᠳ ᠤᠨ ᠰᠡᠳᠬᠢᠯ ᠢ ᠨᠢᠭᠲᠠᠷᠠᠭᠤᠯᠤᠨ᠎ᠠ᠃ ᠶᠣᠰᠣ ᠮᠣᠷᠠᠯ ᠢᠶᠠᠷ ᠬᠥᠮᠦᠨ ᠢ | ᠬᠥᠮᠦᠵᠢᠭᠦᠯᠬᠦ ᠦᠨᠳᠦᠰᠦᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠢ ᠡᠷᠡᠰ ᠭᠤᠶᠢᠪᠢᠰᠢ ᠦᠭᠡᠢ ᠳᠡᠯᠭᠡᠷᠡᠭᠦᠯᠦᠨ ᠲᠦᠭᠡᠮᠡᠯᠵᠢᠭᠦᠯᠵᠦ᠂《 ᠬᠤᠶᠠᠷ ᠢ | ᠬᠦᠩᠭᠡᠷᠡᠬᠦᠯᠬᠦ》ᠲᠥᠷᠦ ᠶᠢᠨ ᠪᠣᠳᠣᠯᠭ᠎ᠠ ᠶᠢ ᠰᠠᠶᠢᠲᠤᠷ ᠠᠳᠬᠤᠨ᠂ ︽ᠲᠠᠪᠤᠨ ᠬᠥᠮᠦᠵᠢᠯ ᠢ ᠵᠡᠷᠭᠡᠪᠡᠷ ᠬᠥᠭᠵᠢᠭᠦᠯᠬᠦ | ︾ ᠲᠣᠭᠲᠠᠯᠴᠠᠭ᠎ᠠ ᠶᠢ ᠪᠦᠷᠢᠨᠰᠢᠭᠦᠯᠵᠦ᠂ ᠰᠤᠷᠤᠭᠴᠢᠳ ᠤᠨ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ | ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠶᠢᠨ ᠬᠦᠭᠵᠢᠯᠲᠡ ᠶᠢ ᠠᠬᠢᠭᠤᠯᠣᠨ᠎ᠠ᠃ ᠰᠤᠷᠭᠠᠨ ᠬᠥᠮᠦᠵᠢᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢ | ᠠᠬᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠲᠦᠭᠡᠮᠡᠯ | ᠬᠠᠷᠠᠭᠠᠯᠵᠠᠯ ᠤᠨ ᠴᠢᠨᠠᠷᠲᠠᠶ ᠬᠥᠭᠵᠢᠯᠲᠡ ᠶᠢ ᠨᠡᠮᠡᠭᠳᠡᠭᠦᠯᠦᠨ᠂ 2025 ᠣᠨ ᠪᠣᠯᠬᠤ ᠳᠤ᠂ ᠥᠪᠡᠷᠲᠡᠭᠡᠨ ᠵᠠᠰᠠᠬᠤ | ᠣᠷᠤᠨ ᠤ ᠳᠡᠰ ᠤᠨ ᠵᠢᠱᠢᠶ᠎ᠡ ᠦᠵᠡᠭᠦᠯᠬᠦ ᠬᠡᠤᠬᠡᠳ ᠤᠨ ᠴᠡᠴᠡᠷᠯᠢᠭ ᠢ 1 ᠡᠭᠦᠳᠦᠨ ᠪᠠᠶᠢᠭᠤᠯᠵᠤ᠂ ᠲᠦᠭᠡᠮᠡᠯ | ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠡᠵᠡᠯᠡᠬᠦ ᠬᠠᠷᠢᠴᠠᠯ ᠢ 85% ᠠᠴᠠ ᠳᠠᠪᠠᠭᠤᠯᠣᠨ᠎ᠠ᠃ ︽ | ᠡᠷᠡᠭᠦᠯ ᠡᠩᠬᠡ ᠵᠡᠬᠦᠨ ᠦᠵᠦᠮᠦᠴᠢᠨ︾ ᠤ ᠪᠠᠶᠢᠭᠤᠯᠤᠯᠲᠠ ᠶᠢ ᠴᠢᠩᠭᠠᠳᠬᠠᠵᠤ᠂ ᠱᠠᠳᠣ ᠬᠤᠪᠢᠶᠠᠨ ᠣᠨᠣᠰᠢᠯᠠᠨ | ᠡᠮᠴᠢᠯᠡᠬᠦ ᠲᠣᠭᠳᠠᠯᠴᠠᠭ᠎ᠠ᠂ ᠬᠤᠰᠢᠭᠤᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠥᠲᠥᠭᠡᠨ | ᠪᠠᠶᠢᠭᠤᠯᠤᠯᠲᠠ ᠪᠠ ᠠᠯᠤᠰ ᠡᠵᠡᠮᠰᠢᠯᠲᠦ ᠡᠮᠴᠢᠯᠡᠭᠡᠨ ᠤ ᠬᠥᠭᠵᠢᠯᠲᠡ ᠶᠢ ᠠᠬᠢᠭᠤᠯᠵᠤ᠂ ᠮᠣᠩᠭᠤᠯ ᠡᠮ ᠤᠨ | ᠪᠠᠷᠢᠮᠵᠢᠶᠠᠵᠢᠭᠰᠠᠨ᠂ ᠠᠵᠤ ᠦᠢᠯᠡᠰᠵᠢᠭᠰᠡᠨ ᠬᠦᠭᠵᠢᠯᠲᠡ ᠶᠢ ᠠᠬᠢᠭᠤᠯᠤᠨ᠎ᠠ᠃ ᠣᠷᠣᠨ ᠨᠤᠲᠤᠭ ᠤᠨ ᠡᠪᠡᠳᠴᠢᠨ᠂ | ᠠᠷᠬᠠᠭ ᠡᠪᠡᠳᠴᠢᠨ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠴᠢᠰᠤᠨ ᠳᠠᠷᠤᠯᠲᠠ ᠥᠨᠳᠥᠷ ᠡᠪᠡᠳᠴᠢᠨ᠂ | ᠰᠢᠬᠢᠷ ᠰᠢᠵᠢᠩ ᠡᠪᠡᠳᠴᠢᠨ ᠪᠠ ᠬᠦᠨᠳᠦ ᠴᠢᠨᠠᠷᠲᠠᠶ ᠮᠡᠳᠡᠷᠡᠯ ᠤᠨ ᠡᠪᠡᠳᠴᠢᠨ ᠢ ᠬᠢᠨᠠᠨ ᠬᠡᠮᠵᠢᠬᠦ ᠶᠢ ᠴᠢᠩᠭᠠᠳᠬᠠᠨ᠂ | ᠡᠭᠡᠯᠢᠯᠡᠭᠡ ᠶᠢᠨ ᠲᠥᠯᠥᠪᠵᠢᠭᠦᠯᠭᠡ ᠶᠢᠨ ᠠᠷᠪᠠᠨ ᠬᠤᠶᠠᠷ ᠵᠦᠢᠯ ᠤᠨ ᠸᠠᠺᠼᠢᠨ ᠤ ᠲᠠᠷᠢᠯᠭ᠎ᠠ ᠲᠠᠷᠢᠬᠤ ᠨᠣᠷᠮ᠎ᠠ ᠶᠢ | 95% ᠠᠴᠠ ᠳᠠᠪᠠᠭᠤᠯᠵᠣ᠂ ᠤᠯᠤᠰ ᠤᠨ ᠲᠠᠰ ᠤᠨ ᠠᠷᠬᠠᠭ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠬᠦ ᠵᠢᠱᠢᠶ᠎ᠡ | ᠦᠵᠡᠭᠦᠯᠬᠦ ᠣᠷᠣᠨ ᠪᠠ ᠤᠯᠤᠰ ᠤᠨ ᠲᠠᠰ ᠤᠨ ᠡᠷᠡᠭᠦᠯ ᠮᠡᠨᠳᠦ ᠶᠢ ᠠᠬᠢᠭᠤᠯᠬᠤ ᠬᠤᠰᠢᠭᠤ ᠪᠠᠷ ᠡᠷᠡᠮᠡᠯᠵᠡᠯᠡᠬᠦ ᠶᠢ | ᠠᠬᠢᠭᠤᠯᠤᠨ᠎ᠠ᠃ ᠰᠣᠶᠣᠯ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠠᠷ ᠵᠢᠯᠣᠭᠤᠳᠣᠮᠵᠢ ᠪᠣᠯᠭᠠᠬᠤ ᠶᠢ ᠪᠠᠷᠢᠮᠲᠠᠯᠠᠵᠤ᠂ | ᠦᠵᠦᠮᠦᠴᠢᠨ ᠤᠷᠲᠤ ᠶᠢᠨ ᠳᠠᠭᠤᠣ᠂ ᠬᠦᠭᠡᠮᠠᠢ᠂ ᠢᠷᠦᠭᠡᠯ ᠮᠠᠭᠳᠠᠭᠠᠯ ᠵᠢᠴᠢ ᠲᠡᠤᠬᠡ ᠰᠣᠶᠣᠯ ᠤᠨ ᠪᠠᠭᠤᠷᠢ ᠶᠢ | ᠰᠤᠳᠤᠯᠤᠨ ᠬᠠᠮᠠᠭᠠᠯᠠᠬᠤ ᠪᠠ ᠣᠯᠠᠮᠵᠢᠯᠠᠬᠤ ᠶᠢ ᠴᠢᠩᠭᠠᠳᠬᠠᠨ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ | ᠠᠰᠢᠭᠯᠠᠬᠤ ᠪᠠ ᠰᠣᠶᠣᠯ ᠤᠨ ᠥᠪ ᠤᠨ ᠰᠠᠭᠤᠷᠢ ᠶᠢ ᠪᠠᠬᠢᠵᠢᠭᠦᠯᠦᠨ ᠴᠢᠩᠭᠠᠳᠬᠠᠨ᠎ᠠ᠃ ᠰᠣᠶᠣᠯ ᠢᠶᠠᠷ ᠠᠷᠠᠳ ᠲᠤ | ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ᠂ ︽ᠰᠣᠶᠣᠯ ᠢ ᠬᠥᠳᠡᠭᠡ ᠪᠠᠭᠤᠯᠭᠠᠬᠤ︾ ᠪᠠ ᠰᠣᠶᠣᠯ ᠤᠨ | ᠭᠠᠳᠠᠭᠠᠳᠤ ᠬᠠᠷᠢᠯᠴᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠣ᠂ ︽ᠤᠯᠠᠭᠠᠨᠮᠥ᠋ᠴᠢᠷ +︾ ᠪᠠᠷ ᠭᠤᠤᠯ | ᠦᠢᠯᠡᠴᠢᠯᠡᠭᠡᠨ ᠤ ᠠᠭᠤᠯᠭ᠎ᠠ ᠪᠣᠯᠭᠠᠭᠰᠠᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ | ᠲᠣᠷᠠᠴᠣᠳ ᠤᠨ ᠦᠢᠯᠡᠴᠢᠯᠡᠭᠡᠨ ᠤ ᠲᠣᠭᠳᠠᠯᠴᠠᠭ᠎ᠠ ᠶᠢ ᠪᠠᠶᠢᠭᠤᠯᠣᠨ᠎ᠠ᠃ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ | ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠳᠣᠬᠢ ᠪᠠᠶᠢᠭ᠎ᠠ ᠪᠡᠶ᠎ᠡ ᠶᠢᠨ ᠲᠠᠮᠢᠷ ᠤᠨ ᠲᠠᠯᠠᠪᠤᠷ᠂ | ᠲᠣᠨᠤᠭ ᠲᠦᠬᠦᠭᠡᠷᠣᠮᠵᠢ ᠶᠢᠨ ᠨᠡᠭᠡᠭᠡᠯᠳᠡᠳᠣ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠬᠦᠯᠦᠨ᠂ ᠰᠤᠮᠤ ᠪᠠᠯᠭᠠᠰᠤ᠂ ᠭᠠᠴᠠᠭ᠎ᠠ ᠬᠤᠶᠠᠷ ᠱᠠᠲᠤᠨ ᠳᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠲᠠᠯᠠᠪᠤᠷ ᠢ ᠨᠡᠶᠢᠳᠡᠮ ᠪᠦᠷᠬᠦᠬᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠢᠭᠡᠳ ᠪᠥᠬᠦ ᠠᠷᠠᠳ ᠤᠨ | ᠡᠷᠡᠭᠦᠯ ᠮᠡᠨᠳᠦ ᠶᠢ ᠭᠦᠨᠵᠡᠭᠡᠶ ᠠᠭᠤᠰᠤᠯᠴᠠᠬᠤ ᠶᠢ ᠠᠬᠢᠭᠤᠯᠤᠨ᠎ᠠ᠃ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ | ᠠᠷᠠᠳ ᠤᠨ ᠰᠡᠳᠬᠢᠯ ᠢ ᠠᠮᠤᠷᠵᠢᠭᠤᠯᠤᠨ᠎ᠠ᠃ ᠠᠮᠤᠷ ᠠᠮᠣᠭᠤᠯᠠᠩ ᠵᠡᠬᠦᠨ ᠦᠵᠦᠮᠦᠴᠢᠨ᠂ ᠬᠠᠤᠯᠢ ᠪᠠᠷ ᠵᠠᠰᠠᠬᠤ | ᠵᠡᠬᠦᠨ ᠦᠵᠦᠮᠦᠴᠢᠨ᠂ ᠣᠶᠣᠨᠴᠢ ᠵᠡᠬᠦᠨ ᠦᠵᠦᠮᠦᠴᠢᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠥᠨᠳᠥᠷ | ᠬᠦᠤ ᠲᠠᠢ ᠵᠢᠭᠡᠯᠡᠯᠭᠡ᠂ ᠮᠥᠩᠭᠦᠨ ᠭᠦᠢᠯᠭᠡᠭᠡᠨ ᠤ ᠮᠡᠬᠡᠯᠡᠯ᠂ ᠴᠠᠬᠢᠯᠭᠠᠨ ᠬᠤᠯᠪᠣᠭ᠎ᠠ ᠶᠢᠨ ᠮᠡᠬᠡᠯᠡᠯ᠂ ᠬᠠᠤᠯᠢ | ᠪᠤᠰᠤ ᠪᠠᠷ ᠪᠠᠯᠠ ᠴᠤᠭᠯᠠᠭᠤᠯᠬᠤ ᠵᠡᠷᠭᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠶ᠎ᠡ ᠵᠣᠬᠢᠴᠠᠯ ᠲᠠᠢ | ᠲᠣᠭᠲᠠᠭᠤᠨ ᠨᠡᠶᠢᠭᠡᠮ ᠤᠨ ᠣᠷᠴᠢᠨ ᠢ ᠪᠣᠶ ᠪᠣᠯᠭᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠡᠶᠡᠳᠡᠬᠦᠯᠬᠦ ᠠᠵᠢᠯ ᠢ ᠪᠥᠬᠦ | ᠬᠦᠴᠦᠨ ᠢᠶᠠᠷ ᠰᠠᠶᠢᠲᠤᠷ ᠬᠢᠵᠦ᠂ ︽ᠢᠨᠲ᠋ᠧᠷ ᠰᠦᠯᠵᠢᠶ᠎ᠡ +︾ ᠵᠠᠰᠠᠯᠲᠠ ᠶᠢᠨ ᠵᠠᠭᠪᠤᠷ ᠢ ᠪᠠᠶᠢᠭᠤᠯᠤᠨ᠂ ᠣᠶᠣᠨᠴᠢ | ᠵᠠᠬᠢᠳᠠᠯ ᠰᠤᠷᠪᠤᠯᠵᠢᠯᠠᠭ᠎ᠠ ᠶᠢᠨ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ ᠠᠶᠣᠯᠬᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠥᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ | ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠶᠢᠨ ᠲᠠᠯᠳᠠ ᠭᠡᠮ ᠢ ᠪᠠᠶᠢᠴᠠᠭᠠᠬᠤ ᠪᠠ ᠲᠤᠰᠬᠠᠶ ᠲᠦᠷᠦᠯ ᠤᠨ ᠴᠡᠭᠴᠡᠯᠡᠨ | ᠵᠠᠰᠠᠬᠤ ᠶᠢ ᠪᠥᠬᠦ ᠲᠠᠯ᠎ᠠ ᠪᠠᠷ ᠴᠢᠩᠭᠠᠳᠬᠠᠨ᠂ ᠬᠤᠳᠠ ᠶᠢᠨ ᠠᠮᠣᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠵᠦ | ᠰᠡᠷᠡᠮᠵᠢᠯᠡᠭᠦᠯᠬᠦ ᠲᠥᠪ ᠢ ᠪᠠᠶᠢᠭᠤᠯᠵᠤ᠂ ᠭᠠᠮᠰᠢᠭ ᠠᠴᠠ ᠰᠡᠷᠭᠡᠶᠢᠯᠡᠬᠦ ᠭᠠᠮᠰᠢᠭ ᠤᠨ ᠬᠤᠬᠢᠷᠠᠯ ᠢ ᠪᠠᠭᠠᠰᠬᠠᠬᠤ | ᠭᠠᠮᠰᠢᠭ ᠠᠴᠠ ᠠᠪᠤᠷᠠᠬᠤ ᠵᠢᠴᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠤ | ᠪᠤᠳᠠᠭ᠎ᠠ ᠡᠳ᠋ ᠪᠣᠳᠠᠰ ᠤᠨ ᠨᠥᠭᠡᠴᠡᠯᠡᠯᠲᠡ ᠶᠢ ᠰᠢᠨᠡᠳᠭᠡᠬᠦ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠠᠮᠤ | ᠪᠤᠳᠠᠭ᠎ᠠ ᠨᠥᠭᠡᠴᠡᠯᠡᠬᠦ ᠬᠥᠮᠥᠷᠭᠡ ᠶᠢᠨ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠢᠳᠡᠭᠡᠨ ᠪᠠ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠭᠤᠷᠢ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ | ᠬᠡᠷᠡᠭᠵᠢᠭᠦᠯᠵᠦ᠂ ᠢᠷᠡᠯᠲᠡ᠂ ᠲᠠᠷᠬᠠᠭᠠᠯᠲᠠ᠂ ᠬᠠᠷᠢᠭᠤᠴᠠᠯᠭ᠎ᠠ ᠨᠢ ᠲᠣᠳᠣᠷᠬᠠᠢ ᠠᠮᠤᠷ ᠲᠦᠪᠰᠢᠨ ᠤ | ᠬᠠᠷᠢᠭᠤᠴᠠᠯᠭ᠎ᠠ ᠶᠢᠨ ᠬᠡᠯᠬᠢᠶᠡᠰᠦ ᠶᠢ ᠪᠠᠶᠢᠭᠤᠯᠣᠨ᠎ᠠ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠪᠠ | ᠬᠤᠯᠤᠭᠠᠨ᠎ᠠ ᠶᠢᠨ ᠬᠢᠵᠢᠭ ᠢ ᠪᠠᠶᠢᠩᠭᠤᠵᠢᠭᠤᠯᠣᠨ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠠᠳᠬᠤᠵᠤ᠂ ᠪᠷᠦ᠋ᠽᠧᠯ | ᠡᠪᠡᠳᠴᠢᠨ᠂ ᠪᠣᠭᠤᠮ᠎ᠠ ᠡᠪᠡᠳᠴᠢᠨ ᠵᠡᠷᠭᠡ ᠤᠯᠠᠨ ᠡᠪᠡᠳᠴᠢᠨ ᠢ ᠬᠠᠮᠲᠤ ᠳᠤᠨᠢ ᠰᠡᠷᠭᠡᠶᠢᠯᠡᠵᠦ᠂ ᠥᠴᠦᠬᠡᠨ ᠴᠦ | ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠨ᠎ᠠ᠃ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠤᠨ᠂ | ᠳᠠᠶᠢᠰᠤᠩᠨᠠᠭᠴᠢ ᠬᠦᠴᠦᠨ ᠤ ᠨᠡᠪᠴᠢᠯᠲᠡ᠂ ᠡᠪᠳᠡᠯᠡᠭᠡ ᠬᠢᠬᠦ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠴᠢᠩᠭ᠎ᠠ | ᠴᠣᠬᠢᠯᠲᠠ ᠥᠭᠴᠦ᠂ ᠦᠨᠳᠦᠰᠦᠲᠡᠨ ᠤ ᠪᠦᠯᠬᠦᠮᠳᠡᠯ ᠢ ᠨᠥᠯᠥᠭᠡᠯᠡᠬᠦ ᠠᠯᠢᠪᠠ ᠴᠣᠬᠤᠶᠢᠬᠤ ᠴᠢᠨᠠᠷᠲᠠᠶ ᠠᠰᠠᠭᠤᠳᠠᠯ ᠪᠠ | ᠳᠠᠯᠳᠠ ᠠᠶᠤᠯ ᠲᠦᠭᠰᠢᠭᠦᠷᠢ ᠶᠢ ᠳᠡᠭᠡᠳᠦ ᠬᠡᠮᠵᠢᠶ᠎ᠡ ᠪᠠᠷ ᠰᠡᠷᠡᠮᠵᠢᠯᠡᠨ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ | ᠬᠠᠤᠯᠢ ᠶᠣᠰᠣᠭᠠᠷ ᠬᠠᠮᠢᠶᠠᠷᠤᠨ ᠵᠢᠷᠤᠮᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠡᠬᠡ ᠤᠯᠤᠰ ᠤᠨ ᠤᠮᠠᠷᠠᠲᠤ | ᠬᠢᠯᠢ ᠶᠢᠨ ᠠᠮᠤᠷ ᠲᠣᠭᠲᠠᠭᠤᠨ ᠪᠠ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠶᠢ ᠪᠠᠲᠤᠯᠠᠨ᠎ᠠ᠃ | ᠭᠤᠷᠪᠠ᠂ 2022 ᠣᠨ ᠤ ᠠᠵᠢᠯ ᠤᠨ ᠪᠠᠶᠢᠷᠢᠯᠠᠭᠤᠯᠤᠯᠲᠠ | 2022 ᠣᠨ ᠪᠣᠯ ᠨᠡᠶᠢᠭᠡᠮ ᠵᠢᠷᠣᠮᠲᠦ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ | ᠠᠶᠠᠨ ᠢ ᠪᠦᠬᠦ ᠲᠠᠯ᠎ᠠ ᠪᠠᠷ ᠡᠬᠢᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠤᠯᠤᠨ᠎ᠠ᠂ ᠮᠦᠨᠴᠦ《ᠠᠷᠪᠠᠨ ᠳᠥᠷᠪᠡᠳᠦᠭᠡᠷ | ᠲᠠᠪᠤᠨ ᠵᠢᠯ》 ᠤᠨ ᠲᠥᠯᠥᠪᠵᠢᠭᠦᠯᠭᠡ ᠶᠢᠨ ᠵᠣᠯᠭᠠᠭᠤᠯᠣᠯᠲᠠ ᠶᠢᠨ ᠨᠢᠭᠡ ᠵᠢᠯ ᠮᠥᠨ᠂ ᠡᠨᠡ ᠵᠢᠯ ᠤᠨ ᠵᠠᠰᠠᠭ ᠤᠨ | ᠣᠷᠳᠣᠨ ᠤ ᠠᠵᠢᠯ ᠢ ᠰᠠᠶᠢᠲᠤᠷ ᠬᠢᠬᠦ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠣᠷᠢᠳᠠ ᠶᠢᠨ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠠᠭᠤᠤ ᠶᠡᠭᠡ ᠨᠠᠮ ᠪᠠᠶᠢᠭᠤᠯᠣᠭᠰᠠᠨ ᠵᠣᠷᠢᠭ ᠰᠠᠨᠠᠭ᠎ᠠ ᠶᠢ | ᠪᠠᠳᠠᠷᠠᠭᠤᠯᠵᠤ᠂ ᠲᠣᠭᠲᠠᠭᠤᠨ ᠤ ᠲᠣᠮᠳᠠ ᠤᠷᠤᠭᠰᠢᠯᠠᠬᠤ ᠠᠵᠢᠯ ᠤᠨ ᠶᠡᠷᠦᠩᠬᠡᠶ ᠵᠠᠷᠴᠢᠮ ᠢ ᠪᠠᠷᠢᠮᠲᠠᠯᠠᠨ᠂ ᠰᠢᠨ᠎ᠡ | ᠬᠥᠭᠵᠢᠯᠲᠡ ᠶᠢᠨ ᠱᠠᠲᠤ ᠦᠶ᠎ᠡ ᠶᠢ ᠣᠨᠣᠪᠴᠢᠲᠠᠶ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠭᠦᠨᠵᠡᠭᠡᠶ ᠲᠣᠣᠱᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠥᠭᠡᠷᠡᠴᠢᠯᠡᠯᠲᠡ | ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠤᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠤᠨ᠂ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ | ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠢ ᠦᠷᠭᠦᠯᠵᠢᠯᠡᠨ | ᠰᠠᠶᠢᠵᠢᠷᠠᠭᠤᠯᠵᠤ᠂ ᠠᠮᠢ ᠠᠬᠤᠢ ᠶᠢ ᠦᠷᠭᠦᠯᠵᠢᠯᠡᠨ ᠬᠠᠮᠠᠭᠠᠯᠠᠵᠤ᠂ ᠠᠵᠤ ᠠᠬᠤᠢ ᠶᠢᠨ ᠦᠨᠳᠦᠰᠦᠨ ᠪᠠᠶᠢᠳᠠᠯ ᠢ | ᠦᠷᠭᠦᠯᠵᠢᠯᠡᠨ ᠲᠣᠭᠲᠠᠪᠤᠷᠢᠵᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠷᠭᠦᠯᠵᠢᠯᠡᠨ ᠪᠠᠲᠤᠯᠠᠵᠤ᠂ | ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠶᠢ ᠣᠭᠲᠤᠨᠠ᠃ | ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 68.65 ᠳ᠋ᠦᠩᠰᠢᠭᠤᠷ ᠲᠥᠭᠦᠷᠢᠭ ᠲᠤ ᠬᠦᠷᠭᠡᠵᠦ᠂ 6 % | ᠣᠷᠴᠢᠮ ᠨᠡᠮᠡᠭᠳᠡᠭᠦᠯᠦᠨ᠎ᠡ︔ 500 ᠲᠦᠮᠡᠨ ᠲᠥᠭᠦᠷᠢᠭ ᠠᠴᠠ ᠳᠡᠭᠡᠭᠰᠢᠬᠢ 46 ᠵᠦᠢᠯ ᠤᠨ ᠭᠤᠣᠯᠳᠠᠯᠭᠠᠲᠤ | ᠲᠥᠷᠥᠯ ᠵᠦᠢᠯ ᠢ ᠬᠡᠷᠡᠭᠵᠢᠭᠦᠯᠤᠨ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 17.33 ᠳ᠋ᠦᠩᠰᠢᠭᠤᠷ | ᠲᠥᠭᠦᠷᠢᠭ ᠲᠤ ᠬᠦᠷᠭᠡᠵᠦ᠂ 5% ᠣᠷᠴᠢᠮ ᠨᠡᠮᠡᠭᠳᠡᠭᠦᠯᠦᠨ᠎ᠡ︔ ᠡᠩ ᠤᠨ ᠤᠯᠠᠨ ᠨᠡᠶᠢᠲᠡ ᠶᠢᠨ ᠲᠥᠰᠦᠪ ᠤᠨ | ᠣᠷᠣᠯᠭ᠎ᠠ ᠶᠢ 6.9 ᠳ᠋ᠦᠩᠰᠢᠭᠤᠷ ᠲᠥᠭᠦᠷᠢᠭ ᠲᠤ ᠬᠦᠷᠭᠡᠵᠦ᠂ 3% ᠣᠷᠴᠢᠮ ᠨᠡᠮᠡᠭᠳᠡᠭᠦᠯᠵᠦ᠂ 7.1 | ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠴᠢᠷᠮᠠᠶᠢᠨ᠎ᠠ︔ ᠨᠡᠶᠢᠭᠡᠮ ᠤᠨ ᠬᠡᠷᠡᠭᠯᠡᠭᠡᠨ ᠤ ᠵᠦᠢᠯᠡᠰ ᠢ ᠵᠢᠵᠢᠭᠯᠡᠨ | ᠪᠣᠷᠣᠯᠠᠭᠤᠯᠬᠤ ᠶᠡᠷᠦᠩᠬᠡᠢ ᠬᠡᠮᠵᠢᠶ᠎ᠡ ᠶᠢ 12.15 ᠳ᠋ᠦᠩᠰᠢᠭᠤᠷ ᠲᠥᠭᠦᠷᠢᠭ ᠲᠤ ᠬᠦᠷᠭᠡᠵᠦ᠂ 5% | ᠣᠷᠴᠢᠮ ᠨᠡᠮᠡᠭᠳᠡᠭᠦᠯᠦᠨ᠎ᠡ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ | ᠬᠤᠪᠢᠶᠠᠷᠢᠯᠠᠵᠣ ᠪᠣᠯᠬᠤᠶᠢᠴᠠ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ᠃ ᠳᠣᠤᠷᠠᠬᠢ ᠬᠡᠳᠦᠨ ᠲᠠᠯ᠎ᠠ ᠶᠢᠨ | ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠃ | ︵ᠨᠢᠭᠡ︶ ᠮᠠᠯ ᠠᠵᠤ ᠠᠬᠤᠶ ᠶᠢᠨ ︽ᠰᠢᠨ᠎ᠡ ᠨᠡᠷ᠎ᠡ ᠲᠡᠮᠳᠡᠭ︾ ᠢ ᠳᠡᠯᠭᠡᠷᠡᠬᠦᠯᠵᠣ᠂ ᠣᠷᠣᠯᠭ᠎ᠠ ᠶᠢ | ᠨᠡᠮᠡᠭᠳᠡᠭᠦᠯᠦᠨ ᠦᠷ᠎ᠡ ᠠᠰᠢᠭ ᠢ ᠳᠡᠭᠡᠭᠰᠢᠯᠡᠬᠦᠯᠤᠨ᠂ ᠶᠠᠰᠤ ᠴᠢᠨᠠᠷ ᠢ ᠪᠠᠳᠣᠯᠠᠨ᠎ᠠ᠃ ︽ᠠᠵᠤ ᠦᠢᠯᠡᠰ ᠢ ᠠᠮᠢ | ᠠᠬᠤᠶᠢᠵᠢᠭᠤᠯᠬᠤ᠂ ᠠᠮᠢ ᠠᠬᠤᠶ ᠶᠢ ᠠᠵᠤ ᠦᠢᠯᠡᠰᠵᠢᠭᠦᠯᠬᠦ︾ ᠬᠥᠭᠵᠢᠯᠲᠡ ᠶᠢᠨ ᠤᠳᠤᠷᠢᠳᠤᠮᠵᠢ ᠶᠢ ᠪᠠᠷᠢᠮᠲᠠᠯᠠᠨ᠂ | ︽3+2︾ ᠠᠵᠤ ᠦᠢᠯᠡᠰ ᠤᠨ ᠪᠠᠶᠢᠷᠢᠰᠢᠯ ᠢ ᠯᠠᠪᠳᠠᠭᠤᠨ ᠢᠶᠠᠷ ᠠᠬᠢᠭᠤᠯᠵᠤ᠂ ᠣᠲᠣ ᠦᠶ᠎ᠡ ᠶᠢᠨ ᠮᠠᠯ ᠠᠵᠤ | ᠠᠬᠤᠶ ᠶᠢ ᠬᠦᠭᠵᠢᠭᠦᠯᠦᠨ᠎ᠡ᠃ ᠬᠤᠨᠢᠨ ᠤ ᠠᠵᠤ ᠦᠢᠯᠡᠰ ᠤᠨ ᠲᠠᠯ᠎ᠠ ᠪᠠᠷ᠂ ᠦᠵᠦᠮᠦᠴᠢᠨ ᠬᠤᠨᠢ ᠶᠢᠨ ᠡᠬᠦᠯᠳᠡᠷ ᠢ | ᠴᠡᠪᠡᠷᠰᠢᠬᠦᠯᠦᠨ ᠦᠷ᠎ᠡ ᠠᠰᠢᠭ ᠢ ᠨᠢ ᠳᠡᠭᠡᠭᠰᠢᠯᠡᠬᠦᠯᠬᠦ ᠠᠵᠢᠯ ᠢ ᠦᠷᠭᠦᠯᠵᠢᠯᠡᠨ ᠪᠣᠳᠠᠲᠠᠶ ᠠᠳᠬᠤᠵᠤ᠂ ᠰᠢᠯᠢᠳᠡᠭ | ᠦᠷ᠎ᠡ ᠶᠢᠨ ᠮᠠᠯ ᠢ ᠪᠤᠶᠢᠵᠢᠭᠤᠯᠤᠨ᠂ ᠵᠢᠯ ᠳᠤ ᠦᠷ᠎ᠡ ᠶᠢᠨ ᠮᠠᠯ ᠤᠨ ᠲᠤᠭ᠎ᠠ ᠶᠢ 3500 ᠠᠴᠠ ᠳᠠᠪᠠᠭᠤᠯᠵᠣ᠂ | 90% ᠶᠢᠨ ᠭᠤᠣᠯᠳᠠᠯᠭᠠᠳᠣ ᠰᠦᠷᠦᠭ ᠤᠨ ᠰᠠᠭᠤᠷᠢ ᠡᠭᠡ ᠮᠠᠯ ᠢ ᠪᠠᠷᠢᠮᠵᠢᠶ᠎ᠠ ᠳᠤ ᠬᠦᠷᠭᠡᠵᠦ᠂ ᠦᠷ᠎ᠡ ᠶᠢᠨ ᠮᠠᠯ ᠤᠨ | ᠲᠠᠯᠠᠪᠠᠢ ᠶᠢ ᠳᠡᠰ ᠳᠡᠪᠰᠢᠭᠦᠯᠬᠦ ᠶᠢᠨ ᠬᠠᠮᠲᠦ ᠣᠯᠣᠰ ᠤᠨ ᠳᠡᠰ ᠤᠨ ᠭᠤᠣᠯᠳᠠᠯᠭᠠᠲᠤ ᠡᠭᠦᠯᠳᠡᠷ ᠪᠣᠶᠢᠵᠢᠭᠤᠯᠬᠤ | ᠲᠠᠯᠠᠪᠠᠢ ᠪᠣᠯᠭᠠᠨ᠎ᠠ᠃ ︽ᠦᠵᠦᠮᠦᠴᠢᠨ ᠬᠤᠨᠢ︾ ᠶᠢᠨ ᠨᠠᠷᠠᠲᠤ ᠲᠡᠮᠳᠡᠭ ᠡᠭᠦᠳᠬᠦ ᠪᠠ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠪᠡᠯᠡ ᠣᠷᠣᠭᠤᠯᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠨᠠᠷᠠᠲᠤ ᠳᠡᠮᠳᠡᠭ ᠳᠠᠬᠢ | ᠬᠡᠷᠡᠭᠯᠡᠯᠲᠡ ᠶᠢ ᠵᠢᠷᠤᠮᠵᠢᠭᠤᠯᠤᠨ᠂ ᠳᠠᠭᠠᠭᠤᠯᠣᠭᠴᠢ ᠠᠵᠤ ᠠᠬᠤᠶᠢᠯᠠᠯ᠂ ᠳᠡᠭᠡᠳᠦ ᠰᠤᠷᠭᠠᠭᠤᠯᠢ ᠲᠠᠢ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠣ᠂ ᠭᠦᠯᠳᠡᠭᠡᠭᠰᠡᠨ ᠮᠢᠬ᠎ᠠ᠂ ᠪᠤᠯᠭᠤᠭᠰᠠᠨ ᠢᠳᠡᠭᠡᠨ᠂ ᠳᠠᠭᠠᠯᠲᠠ | ᠪᠦᠲᠦᠭᠡᠭᠳᠡᠬᠦᠨ ᠢ ᠰᠤᠳᠤᠯᠤᠨ ᠪᠦᠲᠦᠭᠡᠬᠦ ᠶᠢ ᠴᠢᠩᠭᠠᠳᠬᠠᠨ᠂ ᠨᠡᠷᠡᠲᠦ ᠲᠡᠮᠳᠡᠭ ᠤᠨ ᠦᠷᠢᠰᠦᠯᠳᠦᠬᠦ ᠬᠦᠴᠦᠨ ᠢ | ᠪᠦᠲᠦᠮᠵᠢᠲᠡᠢ ᠳᠡᠭᠡᠭᠰᠢᠯᠡᠭᠦᠯᠦᠨ᠎ᠡ᠃ ᠢᠴᠡᠬᠡᠯ ᠦᠷ᠎ᠡ ᠶᠢᠨ ᠬᠡᠬᠡᠯᠳᠦᠭᠦᠯᠭᠡ ᠬᠢᠬᠦ ᠮᠡᠷᠭᠡᠵᠢᠯ ᠢ ᠲᠦᠭᠡᠮᠡᠯᠵᠢᠭᠦᠯᠦᠨ | ᠳᠡᠯᠭᠡᠷᠡᠭᠦᠯᠵᠦ᠂ ᠦᠷᠡᠵᠢᠯᠲᠡ ᠰᠠᠶᠢᠨ ᠢᠬᠢᠷᠡᠯᠡᠬᠦ ᠣᠳᠣᠮᠰᠢᠯ ᠲᠠᠢ ᠦᠵᠦᠮᠦᠴᠢᠨ ᠬᠤᠨᠢᠨ ᠤ ᠵᠢᠱᠢᠶ᠎ᠡ ᠦᠵᠡᠭᠦᠯᠦᠨ | ᠳᠡᠯᠭᠡᠷᠡᠭᠦᠯᠬᠦ ᠲᠥᠷᠥᠯ ᠵᠦᠢᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ ᠲᠤᠰᠬᠠᠶ ᠲᠦᠷᠦᠯ | ᠵᠦᠢᠯ ᠢᠶᠠᠷ ᠡᠷᠡᠮᠡᠯᠵᠡᠯᠡᠬᠦ ᠶᠢ ᠠᠬᠢᠭᠤᠯᠤᠨ᠎ᠠ᠃ ᠦᠬᠡᠷ ᠤᠨ ᠠᠵᠤ ᠦᠢᠯᠡᠰ ᠤᠨ ᠲᠠᠯ᠎ᠠ ᠪᠠᠷ᠂ ᠦᠷ᠎ᠡ ᠶᠢᠨ ᠮᠠᠯ ᠤᠨ | ᠲᠠᠯᠠᠪᠠᠶ᠂ ᠮᠢᠬᠠᠨ ᠦᠬᠡᠷ ᠤᠨ ᠭᠤᠣᠯᠳᠠᠯᠭᠠᠳᠣ ᠰᠦᠷᠦᠭ ᠤᠨ ᠪᠠᠶᠢᠭᠤᠯᠤᠯᠲᠠ ᠶᠢ ᠭᠤᠤᠯᠳᠠᠯᠭ᠎ᠠ ᠲᠠᠢ ᠰᠠᠶᠢᠲᠤᠷ | ᠠᠳᠬᠤᠵᠤ᠂ ᠵᠢᠯ ᠳᠤ ᠰᠠᠶᠢᠨ ᠡᠭᠦᠯᠳᠡᠷ ᠤᠨ ᠮᠢᠬᠠᠨ ᠦᠬᠡᠷ ᠤᠨ ᠭᠤᠣᠯᠳᠠᠯᠭᠠᠳᠣ ᠰᠦᠷᠦᠭ 4 ᠶᠢ ᠪᠤᠶᠢᠵᠢᠭᠤᠯᠵᠤ᠂ | ᠦᠷ᠎ᠡ ᠶᠢᠨ ᠮᠠᠯ ᠤᠨ ᠲᠠᠯᠠᠪᠠᠶ 1 ᠶᠢ ᠭᠤᠤᠯᠳᠠᠯᠭ᠎ᠠ ᠲᠠᠢ ᠳᠡᠮᠵᠢᠨ᠂ 600 ᠲᠣᠯᠣᠭᠠᠢ ᠠᠴᠠ ᠳᠡᠭᠡᠭᠰᠢ ᠰᠠᠶᠢᠨ | ᠡᠭᠦᠯᠳᠡᠷ ᠤᠨ ᠮᠢᠬᠠᠨ ᠦᠬᠡᠷ ᠣᠷᠣᠭᠤᠯᠵᠤ᠂ ᠭᠤᠣᠯᠳᠠᠯᠭᠠᠳᠣ ᠰᠦᠷᠦᠭ ᠢ ᠨᠠᠶᠢᠳᠡ 32 ᠪᠣᠯᠭᠠᠨ᠂ ᠰᠠᠭᠤᠷᠢ ᠡᠬᠡ | ᠮᠠᠯ ᠢ 3500 ᠲᠣᠯᠣᠭᠠᠢ ᠠᠴᠠ ᠳᠠᠪᠠᠭᠤᠯᠵᠣ᠂ ᠰᠠᠶᠢᠨ ᠡᠭᠦᠯᠳᠡᠷ ᠤᠨ ᠮᠢᠬᠠᠨ ᠦᠬᠡᠷ ᠤᠨ ᠬᠠᠩᠭᠠᠯᠭ᠎ᠠ ᠶᠢ ᠦᠨᠡᠨᠬᠦ | ᠳᠡᠭᠡᠭᠰᠢᠯᠡᠭᠦᠯᠦᠨ᠎ᠡ᠃ ᠰᠠᠶᠢᠨ ᠡᠭᠦᠯᠳᠡᠷ ᠤᠨ ᠮᠢᠬᠠᠨ ᠦᠬᠡᠷ ᠤᠨ ᠬᠡᠪᠴᠢᠶᠡᠵᠢᠭᠰᠡᠨ ᠪᠣᠷᠳᠣᠨ ᠲᠠᠷᠭᠤᠯᠠᠭᠤᠯᠬᠤ | ᠲᠠᠯᠠᠪᠠᠶ ᠶᠢ ᠢᠳᠡᠪᠬᠢᠲᠡᠶ ᠪᠠᠷ ᠳᠡᠮᠵᠢᠵᠦ᠂ ᠵᠢᠯ ᠳᠤ 300 — 500 ᠲᠣᠯᠣᠭᠠᠶ ᠰᠠᠶᠢᠨ ᠡᠭᠦᠯᠳᠡᠷ ᠤᠨ | ᠬᠡᠪᠴᠢᠶᠡᠵᠢᠭᠰᠡᠨ ᠮᠢᠬᠠᠨ ᠦᠬᠡᠷ ᠤᠨ ᠪᠣᠷᠳᠣᠨ ᠲᠠᠷᠭᠤᠯᠠᠭᠤᠯᠬᠤ ᠲᠠᠯᠠᠪᠠᠶ 2 ᠢ ᠪᠤᠶᠢᠵᠢᠭᠤᠯᠬᠤ ᠪᠠᠷ ᠴᠢᠷᠮᠠᠶᠢᠨ᠎ᠠ᠃ | ᠲᠡᠵᠢᠭᠡᠯ ᠡᠪᠡᠰᠦᠨ ᠤ ᠠᠵᠤ ᠦᠢᠯᠡᠰ ᠤᠨ ᠲᠠᠯ᠎ᠠ ᠪᠠᠷ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ | ᠱᠠᠲᠤᠨ ᠤ ᠡᠪᠡᠰᠦ ᠨᠦᠭᠡᠴᠡᠯᠡᠬᠦ ᠲᠣᠭᠳᠠᠯᠴᠠᠭ᠎ᠠ ᠶᠢ ᠲᠡᠭᠦᠯᠳᠡᠷᠵᠢᠭᠦᠯᠵᠦ᠂ ᠡᠪᠡᠰᠦ ᠪᠣᠷᠳᠣᠭᠠᠨ ᠤ ᠲᠣᠰᠬᠠᠢ | ᠦᠢᠯᠡᠳᠪᠦᠷᠢᠯᠡᠯ ᠢ ᠠᠬᠢᠭᠤᠯᠤᠨ᠂ 1 ᠮᠦᠬᠦᠯᠢᠭᠲᠦ ᠪᠣᠷᠳᠤᠭ᠎ᠠ ᠡᠳ᠋ᠰᠢᠭᠦᠯᠬᠦ ᠠᠵᠤ ᠠᠬᠤᠶᠢᠯᠠᠯ ᠢ ᠤᠷᠢᠨ | ᠣᠷᠣᠭᠤᠯᠬᠤ ᠪᠠᠷ ᠴᠢᠷᠮᠠᠶᠢᠵᠤ᠂ ᠲᠡᠵᠢᠭᠡᠯ ᠡᠪᠡᠰᠦᠨ ᠤ ᠰᠢᠨᠵᠢᠯᠡᠬᠦ ᠣᠬᠠᠭᠠᠨᠴᠢᠯᠠᠭᠰᠠᠨ᠂ ᠡᠷᠴᠢᠮᠵᠢᠭᠰᠡᠨ᠂ ᠪᠣᠬᠢᠷᠲᠤᠯ | ᠥᠬᠡᠶ ᠬᠥᠭᠵᠢᠯᠲᠡ ᠶᠢ ᠠᠬᠢᠭᠤᠯᠤᠨ᠎ᠠ᠃ ᠠᠳᠤᠭᠤᠨ ᠤ ᠠᠵᠤ ᠦᠢᠯᠡᠰ ᠤᠨ ᠲᠠᠯ᠎ᠠ ᠪᠠᠷ᠂ ᠳᠤᠮᠳᠠ᠂ ᠵᠢᠵᠢᠭ | ᠬᠡᠯᠪᠡᠷᠢ ᠶᠢᠨ ᠴᠡᠭᠡ ᠪᠣᠯᠪᠠᠰᠣᠷᠠᠭᠤᠯᠬᠤ ᠠᠵᠤ ᠠᠬᠤᠶᠢᠯᠠᠯ ᠢ 3 ᠪᠠᠶᠢᠭᠤᠯᠬᠤ ᠶᠢ ᠭᠤᠤᠯᠳᠠᠯᠭ᠎ᠠ ᠲᠠᠢ ᠳᠡᠮᠵᠢᠵᠦ᠂ | ᠬᠠᠲᠠᠪᠴᠢ ᠪᠠᠯᠭᠠᠰᠤᠨ ᠤ ᠪᠠᠶᠠᠨᠵᠢᠯᠠᠭ᠎ᠠ ᠭᠠᠴᠠᠭᠠᠨ ᠤ ︽ᠵᠠᠭᠠᠯᠲᠠᠢ ᠮᠣᠷᠢ︾ ᠶᠢᠨ ᠰᠢᠨ᠎ᠡ ᠡᠭᠦᠯᠳᠡᠷ ᠢ | ᠢᠳᠡᠪᠬᠢᠲᠡᠶ ᠪᠠᠷ ᠪᠤᠶᠢᠵᠢᠭᠤᠯᠤᠨ᠂ ᠴᠡᠭᠡ ᠶᠢᠨ ᠠᠵᠤ ᠦᠢᠯᠡᠰ ᠤᠨ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ | ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠲᠠᠯ᠎ᠠ ᠪᠠᠷ᠂ ᠳᠤᠮᠳᠠ ᠪᠠᠭ᠎ᠠ ᠬᠡᠪᠴᠢᠶᠡᠨ ᠤ ᠲᠡᠵᠢᠭᠡᠨ | ᠦᠷᠡᠵᠢᠭᠦᠯᠬᠦ ᠲᠠᠯᠠᠪᠠᠶ ᠪᠠᠶᠢᠭᠤᠯᠬᠤ ᠲᠥᠷᠥᠯ ᠵᠦᠢᠯ ᠢ ᠢᠳᠡᠪᠬᠢᠲᠡᠶ ᠲᠡᠮᠡᠴᠡᠨ ᠣᠯᠵᠤ᠂ ᠵᠢᠯ ᠳᠤ ᠳᠤᠮᠳᠠ ᠪᠠᠭ᠎ᠠ | ᠬᠡᠪᠴᠢᠶᠡᠨ ᠤ ᠲᠡᠵᠢᠭᠡᠨ ᠦᠷᠡᠵᠢᠭᠦᠯᠬᠦ ᠲᠠᠯᠠᠪᠠᠶ ᠪᠠ ᠡᠳ᠋ᠰᠢᠬᠦᠯᠦᠨ ᠪᠣᠯᠪᠠᠰᠣᠷᠠᠭᠤᠯᠬᠤ ᠶᠢ ᠨᠢᠭᠡ | ᠴᠣᠭᠴᠠᠵᠢᠭᠤᠯᠣᠭᠰᠠᠨ ᠵᠢᠱᠢᠶ᠎ᠡ ᠦᠵᠡᠬᠦᠯᠬᠦ ᠴᠡᠭ ᠢ 8 ᠡᠷᠦᠬᠡ ᠠᠴᠠ ᠳᠡᠭᠡᠭᠰᠢ ᠳᠡᠮᠵᠢᠵᠦ᠂ ᠪᠥᠬᠦ ᠬᠤᠰᠢᠭᠤᠨ ᠤ | ᠴᠠᠭᠠᠨ ᠢᠳᠡᠭᠡᠨ ᠤ ᠠᠵᠣ ᠦᠢᠯᠡᠰ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠡᠷᠦᠬᠡ ᠶᠢ 20 | ᠡᠷᠦᠬᠡ ᠳᠤ ᠬᠦᠷᠭᠡᠬᠦ ᠪᠠᠷ ᠴᠢᠷᠮᠠᠶᠢᠨ᠎ᠠ᠃ ᠦᠨᠳᠦᠰᠦᠲᠡᠨ ᠤ ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ ᠡᠭᠦᠳᠦᠨ | ᠦᠢᠯᠡᠰ ᠪᠣᠰᠬᠠᠬᠤ ᠬᠦᠷᠢᠶᠡᠯᠡᠩ ᠢ ᠵᠠᠬ᠎ᠠ ᠳᠡᠯᠭᠡᠭᠦᠷᠴᠢᠯᠡᠨ ᠠᠵᠢᠯᠯᠠᠭᠤᠯᠵᠦ᠂ ᠰᠦ ᠶᠢᠨ ᠤᠮᠳᠠᠭᠠᠨ᠂ ᠬᠦᠯᠳᠡᠭᠡᠭᠰᠡᠨ᠂ | ᠬᠠᠳᠠᠭᠠᠭᠰᠠᠨ ᠴᠡᠭᠡ ᠶᠢᠨ ᠰᠢᠬᠢᠷ ᠵᠡᠷᠭᠡ ᠰᠢᠨ᠎ᠡ ᠦᠢᠯᠡᠳᠬᠦᠨ ᠢ ᠰᠤᠳᠤᠯᠤᠨ ᠨᠡᠭᠡᠭᠡᠵᠦ᠂ ᠦᠨᠳᠦᠰᠦᠲᠡᠨ ᠤ | ᠤᠯᠠᠮᠵᠢᠯᠠᠯᠲᠤ ᠴᠠᠭᠠᠨ ᠢᠳᠡᠭᠡ ᠶᠢᠨ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ | ᠲᠣᠪᠴᠢᠶ᠎ᠠ ᠶᠢᠨ SC ᠭᠡᠷᠡᠴᠢᠯᠡᠯ ᠢ ᠣᠯᠬᠤ ᠶᠢ ᠠᠬᠢᠭᠤᠯᠤᠨ᠎ᠠ᠃ | ︵ᠬᠤᠶᠠᠷ︶ ᠠᠵᠤ ᠠᠬᠤᠶ ᠶᠢᠨ ︽ᠰᠢᠨ᠎ᠡ ᠬᠡᠪ ᠪᠠᠶᠢᠳᠠᠯ︾ ᠳᠤ ᠵᠣᠬᠢᠴᠠᠵᠤ᠂ ᠳᠠᠯᠳᠠ ᠬᠦᠴᠦᠨ ᠢ | ᠠᠭᠤᠳᠠᠯᠯᠠᠨ᠂ ᠦᠷ᠎ᠡ ᠪᠦᠲᠦᠮᠵᠢ ᠶᠢ ᠳᠡᠭᠡᠭᠰᠢᠯᠡᠬᠦᠯᠦᠨ᠎ᠡ᠃ ᠤᠯᠤᠰ ᠤᠨ ᠠᠵᠤ ᠦᠢᠯᠡᠰ ᠤᠨ ᠲᠥᠷᠥ ᠶᠢᠨ | ᠪᠣᠳᠣᠯᠭ᠎ᠠ ᠶᠢᠨ ᠤᠳᠤᠷᠢᠳᠤᠮᠵᠢ ᠪᠠ ᠡᠨᠧᠷᠭᠢ ᠶᠢᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ ᠡᠬᠢ | ᠪᠠᠶᠠᠯᠢᠭ ᠢ ᠨᠢᠭᠡᠳᠦᠬᠦᠯᠬᠦ᠂ ᠠᠵᠤ ᠠᠬᠤᠶᠢᠯᠠᠯ ᠢ ᠨᠢᠭᠡᠲᠦᠭᠦᠯᠬᠦ᠂ ᠭᠠᠳᠠᠭᠠᠳᠤ ᠪᠡᠯᠡ ᠣᠷᠣᠭᠤᠯᠣᠯᠲᠠ ᠶᠢ ᠨᠡᠮᠡᠭᠳᠡᠭᠦᠯᠬᠦ᠂ | ᠪᠡᠯᠡ ᠨᠡᠶᠢᠯᠡᠭᠦᠯᠦᠨ ᠡᠵᠡᠩᠨᠡᠬᠦ ᠵᠡᠷᠭᠡ ᠣᠯᠠᠨ ᠵᠦᠢᠯ ᠤᠨ ᠬᠡᠯᠪᠡᠷᠢ ᠪᠠᠷ᠂ ᠣᠳᠤᠬᠢ ᠦᠢᠯᠡᠳᠪᠦᠷᠢᠯᠡᠵᠦ ᠪᠠᠶᠢᠭ᠎ᠠ | ᠠᠭᠤᠷᠬᠠᠢ ᠳᠤ ᠭᠦᠨᠵᠡᠭᠡᠢ ᠪᠠᠶᠢᠴᠠᠭᠠᠯᠲᠠ ᠦᠷᠨᠢᠭᠦᠯᠤᠨ᠂ ᠡᠬᠢ ᠪᠠᠶᠠᠯᠢᠭ ᠤᠨ ᠳᠠᠯᠳᠠ ᠬᠦᠴᠦᠨ ᠢ ᠠᠭᠤᠳᠠᠯᠵᠤ᠂ | ᠲᠢᠶᠠᠨ ᠳ᠋ᠢ᠂ ᠰᠢᠯᠢᠨ᠂ ᠠᠮᠣᠭᠤᠯᠠᠩ ᠨᠡᠭᠦᠷᠡᠰᠦᠨ ᠠᠭᠤᠷᠬᠠᠶ ᠶᠢᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠵᠤ | ᠂ ᠴᠠᠭᠠᠨᠲᠣᠯᠣᠭᠠᠶ ᠨᠡᠬᠦᠷᠡᠰᠣᠨ ᠠᠭᠤᠷᠬᠠᠢ ᠶᠢᠨ ᠪᠡᠯᠡᠳᠭᠡᠯ ᠬᠤᠭᠤᠴᠠᠭᠠᠨ ᠤ ᠠᠵᠢᠯ ᠢᠶᠠᠨ ᠬᠠᠤᠯᠢ ᠳᠦᠷᠢᠮ | ᠶᠣᠰᠣᠭᠠᠷ ᠠᠬᠢᠭᠤᠯᠵᠤ᠂ ᠦᠩᠳᠦ ᠨᠡᠭᠦᠷᠡᠰᠦᠨ ᠠᠭᠤᠷᠬᠠᠶ ᠶᠢᠨ ᠡᠷᠭᠢᠨ ᠲᠣᠭᠤᠷᠢᠨ ᠤ ᠡᠬᠢ ᠪᠠᠶᠠᠯᠢᠭ ᠢ ᠨᠢᠭᠡᠳᠣᠬᠦᠯᠬᠦ | ᠪᠠ ᠠᠭᠤᠷᠬᠠᠶ ᠶᠢᠨ ᠡᠷᠬᠡ ᠶᠢ ᠳᠣᠭᠢᠷᠠᠭᠤᠯᠬᠤ ᠶᠢ ᠪᠡᠶᠡᠯᠡᠭᠦᠯᠤᠨ᠂ ᠵᠢᠯ ᠤᠨ ᠦᠢᠯᠡᠳᠪᠦᠷᠢᠯᠡᠯ ᠤᠨ ᠴᠢᠳᠠᠪᠬᠢ ᠶᠢ | 740 ᠲᠦᠮᠡᠨ ᠲᠣᠨ ᠳᠤ ᠬᠦᠷᠭᠡᠬᠦ ᠪᠠᠷ ᠴᠢᠷᠮᠠᠶᠢᠨ᠎ᠠ᠃ ᠡᠵᠢᠨᠠᠭᠤᠷ ᠳᠠᠪᠤᠰᠤᠨ ᠲᠠᠯᠠᠪᠠᠢ ᠪᠣᠯᠤᠨ ᠰᠠᠨ ᠾᠧ | ᠡᠾᠦ᠋ᠢ ᠶᠤᠸᠠᠨ ᠵᠡᠷᠭᠡ ᠠᠵᠤ ᠠᠬᠤᠶᠢᠯᠠᠯ ᠤᠨ ᠵᠢᠯ ᠤᠨ ᠳᠣᠲᠣᠷ᠎ᠠ ᠮᠡᠷᠭᠡᠵᠢᠯ ᠤᠨ ᠥᠭᠡᠷᠡᠴᠢᠯᠡᠯᠲᠡ ᠪᠠᠨ | ᠪᠡᠶᠡᠯᠡᠭᠦᠯᠵᠤ᠂ ᠤᠯᠠᠭᠠᠨᠲᠤᠯᠤᠭᠠᠢ ᠂ 1017 ᠦᠨᠳᠦᠷᠯᠢᠭ ᠪᠠ ᠬᠦᠪᠳᠦᠨᠲᠤᠯᠤᠭᠠᠢ ᠬᠠᠷ᠎ᠠ ᠲᠤᠭᠤᠯᠭ᠎ᠠ ᠴᠠᠶᠢᠷ ᠤᠨ | ᠠᠭᠤᠷᠬᠠᠶ ᠵᠡᠷᠭᠡ ᠲᠤᠮᠤ᠂ ᠳᠤᠮᠳᠠ ᠬᠡᠯᠪᠡᠷᠢ ᠶᠢᠨ ᠬᠠᠶᠢᠨ ᠪᠠᠶᠢᠴᠠᠭᠠᠬᠤ ᠲᠥᠷᠥᠯ ᠵᠦᠢᠯ ᠤᠨ ᠪᠡᠯᠡᠳᠭᠡᠯ | ᠬᠤᠭᠤᠴᠠᠭᠠᠨ ᠤ ᠠᠵᠢᠯ ᠢ ᠰᠠᠶᠢᠳᠣᠷ ᠠᠳᠬᠤᠨ᠎ᠠ᠃ ᠠᠵᠤ ᠠᠬᠤᠶᠢᠯᠠᠯ ᠢ ᠪᠤᠵᠠᠭᠠᠶᠢᠷᠠᠭᠤᠯᠬᠤ ᠶᠢ ᠴᠢᠩᠭ᠎ᠠ | ᠠᠳᠬᠤᠵᠤ᠂ ᠵᠢᠯ ᠳᠤ ᠨᠠᠭᠠᠳᠤ ᠵᠠᠬ᠎ᠠ ᠳᠠᠭᠠᠨ 1 ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠢ ᠬᠡᠪᠴᠢᠶᠡᠵᠢᠬᠦᠯᠦᠨ ᠪᠦᠷᠢᠳᠬᠡᠯ ᠳᠤ ᠣᠷᠣᠭᠤᠯᠤᠨ᠂ ᠠᠵᠤ ᠠᠬᠤᠶ ᠶᠢᠨ ᠰᠢᠨ᠎ᠡ ᠨᠡᠮᠡᠭᠳᠡᠯ ᠴᠡᠭ ᠢ | ᠪᠤᠶᠢᠵᠢᠭᠤᠯᠤᠨ᠎ᠠ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠪᠡᠭᠡᠵᠢᠩ ᠲᠢᠶᠠᠨᠵᠢᠨ ᠾᠧᠪᠸᠢ ᠱᠠᠨᠳᠦ᠋ᠩ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ | ᠭᠤᠷᠪᠠᠯᠵᠢᠨ ᠬᠤᠶᠢᠭ᠂ ᠪᠦᠸᠧᠬᠠᠶ ᠲᠠᠩᠭᠢᠰ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠬᠠᠨᠳᠣᠭᠤᠯᠣᠨ᠂ | ᠪᠣᠬᠢᠷᠲᠤᠯ ᠥᠬᠡᠶ ᠮᠠᠯ ᠠᠵᠤ ᠠᠬᠤᠢ ᠶᠢᠨ ᠠᠰᠢᠭ ᠰᠢᠮ᠎ᠡ ᠶᠢᠨ ᠪᠦᠲᠦᠭᠡᠭᠳᠡᠬᠦᠨ᠂ ᠣᠲᠣ ᠦᠶ᠎ᠡ ᠶᠢᠨ ᠡᠨᠧᠷᠭᠢ ᠶᠢᠨ | ᠡᠯᠳᠡᠪ ᠬᠤᠶᠠᠷ ᠢᠶᠠᠷ ᠪᠠᠶᠠᠯᠢᠭ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠣᠭᠰᠠᠨ ᠠᠵᠤ ᠦᠢᠯᠡᠰ | ᠵᠡᠷᠭᠡ ᠶᠢᠨ ᠲᠣᠭᠤᠷᠢᠨ ᠳᠤ᠂ ᠲᠤᠰᠬᠠᠶ ᠠᠩᠬᠢ ᠵᠣᠬᠢᠶᠠᠨ ᠪᠠᠶᠢᠭᠤᠯᠵᠣ᠂ ᠨᠠᠷᠢᠯᠢᠭ ᠣᠨᠣᠪᠴᠢᠳᠠᠢ ᠪᠠᠷ ᠠᠷᠠᠯᠵᠢᠶᠠᠴᠢᠨ | ᠤᠷᠢᠬᠤ ᠠᠵᠢᠯᠯᠠᠭ᠎ᠠ ᠶᠢ ᠪᠠᠶᠢᠩᠭᠤ ᠥᠷᠨᠢᠭᠦᠯᠤᠨ᠂ ᠵᠢᠯ ᠳᠤ 2 — 3 ᠭᠤᠤᠯᠳᠠᠯᠭ᠎ᠠ ᠲᠠᠢ ᠠᠷᠠᠯᠵᠢᠶᠠᠴᠢᠨ | ᠤᠷᠢᠬᠤ ᠲᠥᠷᠥᠯ ᠵᠦᠢᠯ ᠢ ᠲᠡᠮᠡᠴᠡᠨ ᠣᠯᠵᠤ᠂ 6 ᠳ᠋ᠦᠩᠰᠢᠭᠤᠷ ᠲᠥᠭᠦᠷᠢᠭ ᠤᠨ ᠪᠡᠯᠡ ᠮᠦᠩᠭᠦ ᠶᠢ | ᠨᠠᠶᠢᠳᠠᠪᠣᠷᠢᠵᠢᠭᠤᠯᠬᠤ ᠪᠠᠷ ᠴᠢᠷᠮᠠᠶᠢᠨ᠎ᠠ᠃ | ︵ᠭᠤᠷᠪᠠ︶ ᠭᠤᠷᠪᠠᠳᠤᠭᠠᠷ ᠠᠵᠤ ᠦᠢᠯᠡᠰ ᠤᠨ ︽ᠰᠢᠨ᠎ᠡ ᠬᠠᠭᠤᠳᠠᠰᠤ︾ ᠶᠢ ᠪᠢᠴᠢᠭᠯᠡᠵᠦ᠂ ᠠᠵᠤ | ᠦᠢᠯᠡᠰ ᠤᠨ ᠡᠬᠢᠯᠡᠯᠲᠡ ᠪᠠ ᠬᠦᠭᠵᠢᠯᠲᠡ ᠶᠢ ᠲᠦᠷᠭᠡᠳᠬᠡᠨ᠎ᠡ᠃ ᠰᠣᠶᠣᠯ ᠵᠢᠭᠤᠯᠴᠢᠯᠠᠯ ᠤᠨ ᠦᠢᠯᠡᠰ᠂ ᠠᠷᠠᠯᠵᠢᠶ᠎ᠠ | ᠬᠤᠳᠠᠯᠳᠤᠭ᠎ᠠ ᠪᠣᠳᠠᠰ ᠤᠨ ᠭᠦᠢᠯᠭᠡᠭᠡᠨ ᠤ ᠠᠵᠤ ᠦᠢᠯᠡᠰ ᠢᠶᠠᠷ ᠭᠤᠤᠯᠳᠠᠯᠭ᠎ᠠ ᠪᠣᠯᠭᠠᠬᠤ ᠶᠢ ᠪᠠᠷᠢᠮᠲᠠᠯᠠᠵᠤ᠂ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠬᠦ᠂ ᠡᠵᠡᠯᠡᠬᠦ ᠬᠠᠷᠢᠴᠠᠯ ᠪᠠ ᠶᠠᠰᠤ ᠴᠢᠨᠠᠷ ᠢ | ᠳᠡᠭᠡᠭᠰᠢᠯᠡᠭᠦᠯᠬᠦ ᠶᠢ ᠠᠬᠢᠭᠤᠯᠤᠨ᠎ᠠ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ | ᠠᠬᠢᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ ᠶᠢ ᠳᠣᠭᠳᠠᠭᠠᠵᠣ᠂ ᠵᠢᠭᠤᠯᠴᠢᠯᠠᠯ ᠤᠨ ᠡᠬᠢ ᠪᠠᠶᠠᠯᠢᠭ ᠤᠨ ᠨᠡᠶᠢᠳᠡᠮ | ᠪᠠᠶᠢᠴᠠᠭᠠᠯᠲᠠ ᠪᠠ ᠡᠯᠧᠺᠲᠷᠣᠨ ᠳ᠋ᠠᠶᠢᠲ᠋ᠠ ᠬᠥᠮᠥᠷᠭᠡ ᠶᠢᠨ ᠪᠠᠶᠢᠭᠤᠯᠤᠯᠲᠠ ᠶᠢ ᠠᠬᠢᠭᠤᠯᠤᠨ᠂ ᠠᠷᠠᠳ ᠤᠨ ᠵᠠᠩ | ᠦᠢᠯᠡ ᠶᠢᠨ ᠤᠨᠴᠠᠯᠢᠭᠳᠤ ᠵᠤᠭᠠᠴᠠᠯ᠂ ᠲᠠᠯ᠎ᠠ ᠨᠤᠲᠤᠭ ᠤᠨ ᠠᠮᠢ ᠠᠬᠤᠢ ᠶᠢᠨ ᠵᠤᠭᠠᠴᠠᠯ᠂ ᠵᠢᠷᠣᠭᠯᠠᠨ ᠰᠡᠬᠦᠳᠡᠷᠯᠡᠬᠦ | ᠵᠤᠭᠠᠴᠠᠯ᠂ ᠬᠠᠷᠢ ᠣᠯᠣᠰ ᠤᠨ ᠵᠤᠭᠠᠴᠠᠯ᠂ ᠮᠥᠰᠥ ᠴᠠᠰᠣᠨ ᠤ ᠵᠤᠭᠠᠴᠠᠯ ᠢ ᠨᠢᠭᠡ ᠴᠤᠬᠴᠠᠵᠢᠭᠤᠯᠤᠬᠰᠠᠨ ᠲᠠᠯ᠎ᠠ | ᠨᠤᠲᠤᠭ ᠤᠨ ᠰᠣᠶᠣᠯ ᠵᠢᠭᠤᠯᠴᠢᠯᠠᠯ ᠢ ᠬᠦᠭᠵᠢᠭᠦᠯᠦᠨ᠎ᠡ᠃ ᠤᠯᠢᠶᠠᠰᠤᠲᠠᠶ ᠠᠭᠤᠯᠠ ᠶᠢ ᠥᠷᠭᠡᠳᠬᠡᠨ ᠪᠠᠶᠢᠭᠤᠯᠬᠤ | ᠲᠥᠷᠥᠯ ᠵᠦᠢᠯ ᠢ ᠡᠬᠢᠯᠡᠬᠦᠯᠵᠣ᠂ ᠪᠣᠭᠳ᠋ᠬᠠᠭᠤᠯᠠ ᠤᠯᠤᠰ ᠤᠨ ᠳᠡᠰ ᠤᠨ ᠣᠶ ᠰᠢᠭᠤᠶ ᠶᠢᠨ ᠴᠡᠴᠡᠷᠯᠢᠭ ᠤᠨ ᠵᠠᠭᠠᠭ | ᠬᠢᠵᠠᠭᠠᠷ ᠲᠤ ᠲᠣᠬᠢᠷᠠᠭᠤᠯᠣᠯᠲᠠ ᠬᠢᠬᠦ ᠪᠠ ᠶᠡᠷᠦᠩᠬᠡᠶ ᠲᠦᠯᠦᠪᠵᠢᠬᠦᠯᠭᠡ ᠶᠢ ᠮᠡᠳᠡᠬᠦᠯᠦᠨ ᠵᠦᠪᠰᠢᠶᠡᠷᠡᠬᠦᠯᠵᠣ᠂ | ᠡᠵᠢᠨᠠᠭᠤᠷ ᠳᠠᠪᠤᠰᠤᠨ ᠲᠠᠯᠠᠪᠠᠢ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠵᠢᠭᠤᠯᠴᠢᠯᠠᠯ | ᠤᠨ ᠬᠦᠭᠵᠢᠯᠲᠡ ᠶᠢ ᠰᠦᠪᠡᠭᠴᠢᠯᠡᠨ᠂ ︽ᠳᠥᠷᠪᠡᠨ ᠴᠠᠭ ᠤᠨ ᠦᠵᠦᠮᠦᠴᠢᠨ︾ ᠰᠤᠶᠤᠯ ᠵᠢᠭᠤᠯᠴᠢᠯᠠᠯ ᠤᠨ ᠨᠠᠷᠠᠲᠤ | ᠳᠡᠮᠳᠡᠭ ᠢ ᠪᠠᠬᠢᠵᠢᠭᠦᠯᠦᠨ᠎ᠡ᠃ 331᠂ 306 ᠤᠯᠤᠰ ᠤᠨ ᠳᠡᠰ ᠤᠨ ᠵᠠᠰᠠᠮᠠᠯ ᠵᠠᠮ ᠳᠠᠭᠠᠣ ᠳᠤ ᠬᠤᠪᠢ ᠶᠢᠨ | ᠲᠡᠷᠭᠡ ᠪᠠᠷ ᠵᠢᠭᠤᠯᠴᠢᠯᠠᠬᠤ᠂ ᠪᠡᠶᠡᠴᠢᠯᠡᠨ ᠣᠶᠢᠯᠠᠭᠠᠬᠤ ᠵᠢᠭᠤᠯᠴᠢᠯᠠᠯ ᠵᠡᠷᠭᠡ ᠰᠣᠳᠣᠨ ᠵᠢᠭᠤᠯᠴᠢᠯᠠᠯ ᠤᠨ ᠱᠤᠭᠤᠮ | ᠪᠠ ᠤᠨᠴᠠᠯᠢᠭᠳᠤ ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ᠂ ᠪᠡᠭᠡᠵᠢᠩ ᠲᠢᠶᠠᠨᠵᠢᠨ ᠡᠾᠧᠪᠸᠢ ᠳᠤ | ᠬᠠᠨᠲᠤᠭᠤᠯᠤᠭᠰᠠᠨ᠂ ᠤᠮᠠᠷᠠᠰᠢ ᠨᠡᠭᠡᠭᠡᠯᠲᠡ ᠶᠢᠨ ᠱᠣᠭᠤᠮ ᠢ ᠬᠤᠯᠪᠣᠭᠰᠠᠨ ᠬᠢᠯᠢ ᠶᠢᠨ ᠵᠢᠭᠤᠯᠴᠢᠯᠠᠯ ᠤᠨ | ᠬᠤᠩᠬᠢᠶᠠᠯ ᠤᠨ ᠴᠢᠬᠤᠯᠠ ᠵᠢᠭᠤᠯᠴᠢᠯᠠᠯ ᠤᠨ ᠴᠡᠭ ᠢ ᠪᠠᠶᠢᠭᠤᠯᠣᠨ᠎ᠠ᠃ ᠥᠪᠥᠷ ᠮᠣᠩᠭᠤᠯ ᠤᠨ ᠵᠡᠭᠦᠨ ᠬᠡᠰᠡᠭ ᠤᠨ | ᠵᠢᠷᠭᠤᠭᠠᠨ ᠬᠤᠰᠢᠭᠤ ᠬᠤᠲᠠ ᠲᠣᠭᠤᠷᠢᠭ ᠤᠨ ᠵᠢᠭᠤᠯᠴᠢᠯᠠᠯ ᠤᠨ ᠲᠠᠨᠢᠯᠴᠠᠭᠤᠯᠬᠤ ᠬᠤᠷᠠᠯ ᠢ ᠢᠳᠡᠪᠬᠢᠲᠡᠶ ᠪᠠᠷ | ᠳᠠᠭᠠᠭᠠᠴᠢᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠬᠢᠨᠠᠨ | ᠬᠡᠮᠵᠢᠯᠲᠡ ᠶᠢᠨ ᠬᠦᠷᠢᠶᠡᠯᠡᠩ ᠲᠠᠢ ᠢᠳᠡᠪᠬᠢᠲᠡᠶ ᠬᠠᠮᠵᠢᠯᠴᠠᠨ᠂ ᠠᠪᠤᠷᠭᠤ ᠭᠦᠷᠪᠡᠯ ᠤᠨ ᠴᠢᠯᠠᠭᠤᠵᠢᠮᠠᠯ ᠢ ᠠᠪᠣᠷᠠᠨ | ᠬᠠᠮᠠᠭᠠᠯᠠᠬᠤ᠂ ᠲᠤᠷᠰᠢᠯᠲᠠ ᠬᠢᠵᠦ ᠰᠢᠯᠭᠠᠨ ᠬᠡᠮᠵᠢᠬᠦ᠂ ᠵᠢᠩᠰᠡᠳᠠᠢ ᠠᠭᠤᠶ ᠶᠢ ᠠᠪᠣᠷᠠᠨ ᠬᠠᠮᠠᠭᠠᠯᠠᠵᠤ ᠮᠠᠯᠲᠠᠬᠤ | ᠠᠵᠢᠯ ᠢ ᠰᠠᠶᠢᠲᠤᠷ ᠬᠢᠵᠦ᠂ 2022 ᠣᠨ ᠤ ᠪᠦᠬᠦ ᠤᠯᠤᠰ ᠤᠨ ᠠᠷᠪᠠᠨ ᠶᠡᠭᠡ ᠬᠠᠭᠤᠴᠢ ᠰᠤᠳᠤᠯᠤᠯ ᠤᠨ | ᠢᠯᠡᠷᠡᠭᠦᠯᠦᠯᠲᠡ ᠪᠠᠷ ᠮᠡᠳᠡᠭᠦᠯᠤᠨ᠎ᠠ᠃ ᠡᠯᠧᠺᠲᠷᠣᠨ ᠬᠤᠳᠠᠯᠳᠤᠭ᠎ᠠ ᠪᠣᠳᠠᠰ ᠤᠨ ᠭᠦᠢᠯᠭᠡᠭᠡᠨ ᠤ ᠴᠡᠴᠡᠭᠯᠡᠨ ᠬᠦᠭᠵᠢᠬᠦ | ᠶᠢ ᠠᠬᠢᠭᠤᠯᠣᠨ᠎ᠠ᠃ ᠬᠡᠷᠡᠭᠯᠡᠭᠡ ᠶᠢᠨ ᠳᠠᠯᠳᠠ ᠬᠦᠴᠦᠨ ᠢ ᠠᠭᠤᠳᠠᠯᠤᠨ ᠲᠠᠰ ᠳᠡᠪᠰᠢᠭᠦᠯᠵᠤ᠂ ᠬᠡᠷᠡᠭᠯᠡᠭᠡ ᠶᠢ | ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠵᠢᠯ ᠤᠨ ᠪᠣᠷᠣᠯᠠᠭᠤᠯᠭ᠎ᠠ ᠶᠢᠨ ᠨᠣᠷᠮ᠎ᠠ ᠶᠢ 1200 ᠲᠦᠮᠡᠨ | ᠲᠥᠭᠦᠷᠢᠭ ᠲᠤ ᠬᠦᠷᠭᠡᠨ᠎ᠠ᠃ ︽ᠲᠦᠷᠭᠡᠨ ᠬᠦᠷᠭᠡᠯᠲᠡ ᠶᠢ ᠭᠠᠴᠠᠭᠠᠨ ᠳᠤ ᠣᠷᠣᠭᠤᠯᠬᠤ︾ ᠪᠠᠶᠢᠭᠤᠯᠤᠯᠲᠠ ᠶᠢ | ᠯᠠᠪᠳᠠᠭᠤᠨ ᠢᠶᠠᠷ ᠠᠬᠢᠭᠤᠯᠵᠣ᠂ ᠵᠢᠯ ᠳᠤ 80 ᠦᠨᠳᠦᠰᠦᠨ ᠱᠠᠲᠤᠨ ᠤ ᠦᠢᠯᠡᠴᠢᠯᠡᠭᠡᠨ ᠤ ᠥᠷᠲᠡᠭᠡ ᠶᠢ ᠳᠡᠰ | ᠳᠡᠪᠰᠢᠭᠦᠯᠦᠨ᠎ᠡ᠃ ᠡᠯᠧᠺᠲᠷᠤᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠢ ᠳᠡᠰ ᠳᠡᠪᠰᠢᠭᠦᠯᠵᠦ᠂ | ᠳᠠᠭᠠᠭᠤᠯᠣᠭᠴᠢ ᠠᠵᠤ ᠠᠬᠤᠶᠢᠯᠠᠯ ᠢ ᠢᠳᠡᠪᠬᠢᠲᠡᠶ ᠪᠠᠷ ᠪᠤᠶᠢᠵᠢᠭᠤᠯᠵᠣ᠂ ᠡᠯᠧᠺᠲᠷᠣᠨ ᠬᠤᠳᠠᠯᠳᠤᠭᠠᠨ ᠤ ᠰᠢᠭᠤᠳ | ᠨᠡᠪᠲᠡᠷᠡᠭᠦᠯᠭᠡ᠂ ᠰᠦᠯᠵᠢᠶᠡᠨ ᠣᠳᠣᠨ ᠤ ᠠᠵᠣ ᠠᠬᠤᠢ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠵᠦ | ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠭᠡᠷᠡᠭᠯᠡᠭᠡ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ | ᠭᠠᠶᠢᠯᠢ ᠰᠦᠢᠳᠬᠡᠯ ᠢ ᠪᠠᠭᠠᠰᠬᠠᠬᠤ᠂ ᠠᠵᠤ ᠠᠬᠤᠶᠢᠯᠠᠯ ᠢ ᠳᠡᠮᠵᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ | ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ | ᠦᠢᠯᠡᠴᠢᠯᠡᠭᠡᠨ ᠤ ᠠᠵᠣ ᠦᠢᠯᠡᠰ ᠳᠠᠬᠢ ᠮᠦᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠵᠣ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢ ᠴᠢᠯᠣᠭᠡᠳᠡᠢ ᠪᠣᠯᠭᠠᠨ᠎ᠠ᠃ | ︵ᠳᠥᠷᠪᠡ︶ ᠠᠮᠢ ᠠᠬᠤᠶ ᠶᠢᠨ ︽ᠰᠢᠨ᠎ᠡ ᠳᠠᠪᠠᠭᠤᠯᠢᠭ︾ ᠢ ᠪᠠᠬᠢᠵᠢᠭᠦᠯᠵᠦ᠂ ᠪᠦᠲᠦᠭᠡᠨ ᠪᠠᠶᠢᠭᠤᠯᠣᠯᠲᠠ | ᠪᠠ ᠬᠠᠮᠠᠭᠠᠯᠠᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ | ᠭᠦᠨᠵᠡᠭᠡᠶ ᠲᠤᠤᠱᠯᠠᠭᠤᠯᠵᠤ᠂ ᠬᠠᠮᠤᠭ ᠤᠨ ᠴᠢᠩᠭ᠎ᠠ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠥᠷᠢᠮ ᠢ ᠨᠠᠶᠢᠳᠠᠪᠤᠷᠢᠵᠢᠭᠤᠯᠤᠨ᠂ ᠠᠮᠢ ᠠᠬᠤᠶ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ | ᠪᠠᠲᠤᠯᠠᠨ᠎ᠠ᠃ ᠨᠢᠭᠡ ᠳᠤ᠂ ᠠᠮᠢ ᠠᠬᠤᠶ ᠶᠢᠨ ᠬᠠᠮᠠᠭᠠᠯᠠᠯᠲᠠ ᠶᠢᠨ ᠲᠦᠷᠢᠮ ᠢ ᠰᠠᠶᠢᠲᠤᠷ ᠨᠠᠶᠢᠳᠠᠪᠤᠷᠢᠵᠢᠭᠤᠯᠤᠨ᠎ᠠ᠃ | ᠮᠠᠯ ᠪᠡᠯᠴᠢᠭᠡᠷ ᠤᠨ ᠳᠡᠩᠴᠡᠬᠦᠷᠢ ᠶᠢ ᠪᠠᠳᠣᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ᠂ ᠰᠡᠯᠭᠦᠨ ᠮᠠᠯᠵᠢᠬᠤ | ᠲᠦᠷᠢᠮ ᠢ ᠬᠡᠷᠡᠭᠵᠢᠭᠦᠯᠵᠦ᠂ ᠬᠠᠪᠤᠷ ᠤᠨ ᠤᠯᠠᠷᠢᠯ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ᠂ ᠬᠠᠳᠤᠯᠠᠩ ᠤᠨ | ᠬᠠᠮᠢᠶᠠᠷᠤᠯᠲᠠ ᠵᠡᠷᠭᠡ ᠠᠵᠢᠯ ᠢ ᠪᠠᠶᠢᠩᠭᠤᠵᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ | ᠲᠣᠭᠤᠷᠢᠨ ᠢ ᠰᠠᠶᠢᠳᠣᠷ ᠬᠠᠮᠠᠭᠠᠯᠠᠨ᠎ᠠ᠃ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠤᠯᠤᠰ ᠤᠨ ᠭᠠᠵᠠᠷ | ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠵᠢᠴᠢ ᠢᠵᠢ ᠪᠦᠷᠢᠳᠦᠭᠰᠡᠨ ᠲᠥᠯᠥᠪᠵᠢᠭᠦᠯᠭᠡ ᠶᠢ ᠲᠤᠭᠲᠠᠭᠠᠬᠤ | ᠠᠵᠢᠯ ᠢ ᠴᠢᠨᠠᠷ ᠰᠠᠶᠢᠲᠠᠶ ᠪᠡᠶᠡᠯᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠶᠢᠨ ᠲᠤᠭᠲᠠᠯᠴᠠᠭ᠎ᠠ | ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠭᠤᠷᠪᠠᠨ | ᠣᠷᠣᠨ ᠬᠤᠶᠠᠷ ᠱᠤᠭᠤᠮ︾ ᠤᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ | ᠭᠤᠷᠪᠠᠨ ᠱᠤᠭᠤᠮ ᠨᠢᠭᠡ ᠨᠠᠷᠢᠨ ᠳᠠᠩᠰᠠ︾ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠨ᠂ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠨᠠᠷᠢᠯᠢᠭᠵᠢᠭᠰᠠᠨ | ᠬᠠᠮᠢᠶᠠᠷᠣᠯᠲᠠ ᠶᠢᠨ ᠴᠢᠳᠠᠪᠦᠷᠢ ᠶᠢ ᠪᠦᠳᠦᠮᠵᠢᠲᠡᠢ ᠳᠡᠭᠡᠭᠰᠢᠯᠡᠭᠦᠯᠦᠨ᠎ᠡ᠃ ᠤᠯᠤᠰ ᠤᠨ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠶᠢᠨ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠬᠤ ᠲᠣᠬᠢᠶᠠᠯ ᠢᠶᠠᠷ᠂ ᠨᠢᠭᠡ ᠪᠦᠯᠦᠭ | ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠦᠰᠦᠪᠯᠡᠵᠦ᠂ ᠪᠣᠬᠢᠷᠲᠤᠯ ᠥᠬᠡᠶ ᠬᠥᠭᠵᠢᠯᠲᠡ | ᠶᠢ ᠠᠬᠢᠭᠤᠯᠣᠨ᠎ᠠ᠃ ᠬᠤᠶᠠᠷ ᠲᠤ᠂ ᠠᠮᠢ ᠠᠬᠤᠶ ᠶᠢ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠰᠠᠶᠢᠲᠤᠷ | ᠬᠡᠷᠡᠭᠵᠢᠭᠦᠯᠦᠨ᠎ᠡ᠃ 2.5 ᠲᠦᠮᠡᠨ ᠮᠦ ᠣᠯᠣᠰ ᠤᠨ ᠲᠠᠯ᠎ᠠ ᠨᠣᠲᠤᠭ ᠤᠨ ᠪᠠᠶᠢᠭᠠᠯᠢ ᠶᠢᠨ ᠴᠡᠴᠡᠷᠯᠢᠭ ᠤᠨ | ᠲᠣᠷᠰᠢᠯᠲᠡ ᠶᠢᠨ ᠴᠡᠭ ᠤᠨ ᠶᠡᠷᠦᠩᠬᠡᠢ ᠲᠥᠯᠥᠪᠵᠢᠭᠦᠯᠭᠡ ᠶᠢ ᠲᠤᠭᠲᠠᠭᠠᠵᠦ᠂ ᠤᠯᠤᠰ᠂ ᠥᠪᠡᠷᠲᠡᠭᠡᠨ ᠵᠠᠰᠠᠬᠤ | ᠣᠷᠣᠨ ᠤ ᠲᠠᠰ ᠤᠨ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠲᠤᠷᠰᠢᠯᠲᠠ ᠶᠢᠨ ᠴᠡᠭ ᠤᠨ | ᠲᠥᠷᠥᠯ ᠵᠦᠢᠯ ᠤᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ 24 | ᠲᠦᠮᠡᠨ ᠮᠥ ᠥᠪᠡᠷᠲᠡᠭᠡᠨ ᠵᠠᠰᠠᠬᠤ ᠣᠷᠣᠨ ᠤ ᠳᠡᠰ ᠤᠨ ᠠᠮᠢ ᠠᠬᠤᠶ ᠶᠢ ᠰᠡᠷᠭᠦᠭᠡᠬᠦ ᠲᠥᠷᠥᠯ ᠵᠦᠢᠯ ᠢ | ᠬᠡᠷᠡᠭᠵᠢᠭᠦᠯᠤᠨ᠂ ᠵᠢᠯ ᠳᠤ 1000 ᠮᠥ ᠡᠯᠡᠰᠦ ᠶᠢ ᠲᠣᠭᠲᠠᠪᠤᠷᠢᠵᠢᠭᠤᠯᠬᠤ ᠢᠨᠵᠧᠨᠧᠷᠢᠩ᠂ 1500 ᠮᠥ | ᠣᠶᠢᠵᠢᠭᠤᠯᠬᠤ ᠲᠦᠷᠦᠯ ᠵᠦᠢᠯ᠂ 6.58 ᠲᠦᠮᠡᠨ ᠮᠥ ᠪᠢᠳᠡᠬᠦᠮᠵᠢᠯᠡᠨ ᠣᠷᠭᠤᠭᠤᠯᠬᠤ ᠲᠦᠷᠦᠯ ᠵᠦᠢᠯ ᠢ | ᠪᠡᠶᠡᠯᠡᠭᠦᠯᠦᠨ᠎ᠡ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠳᠣᠷᠠᠪᠡᠷ︾ ᠢ ᠴᠡᠭᠴᠡᠯᠡᠬᠦ ᠲᠤᠰᠬᠠᠢ | ᠠᠵᠢᠯᠯᠠᠭ᠎ᠠ ᠶᠢ ᠶᠡᠬᠡᠪᠡᠷ ᠶᠠᠪᠣᠭᠳᠠᠭᠤᠯᠤᠨ᠂ ᠭᠤᠣᠯ ᠮᠥᠷᠡᠨ ᠳᠤ ᠬᠤᠯᠪᠣᠭᠳᠠᠭᠰᠠᠨ ᠬᠠᠤᠯᠢ ᠲᠣᠭᠲᠠᠭᠠᠯ ᠠᠴᠠ | ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠢᠯ ᠳᠤ ᠤᠯᠠᠭᠠᠢ ᠭᠤᠣᠯ ᠤᠨ ᠣᠷᠣᠰᠬᠠᠯ ᠢ | ᠰᠡᠷᠬᠦᠭᠡᠬᠦ ᠢᠨᠵᠧᠨᠧᠷᠢᠩ ᠢ ᠪᠡᠶᠡᠯᠡᠭᠦᠯᠤᠨ᠂ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠢ ᠲᠠᠰᠤᠷᠠᠯᠳᠡ | ᠦᠭᠡᠢ ᠰᠠᠶᠢᠵᠢᠷᠠᠭᠤᠯᠤᠨ᠎ᠠ᠃ ᠭᠤᠷᠪᠠ ᠳᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ | ᠳᠥᠯᠭᠢᠨ ᠠᠬᠢᠭᠤᠯᠤᠨ᠎ᠠ᠃ ᠠᠭᠤᠷᠬᠠᠶ ᠶᠢᠨ ᠠᠮᠢ ᠠᠬᠤᠶ ᠶᠢ ᠰᠡᠷᠬᠦᠭᠡᠬᠦ ᠪᠠ ᠪᠣᠬᠢᠷᠲᠤᠯ ᠥᠬᠡᠶ ᠠᠭᠤᠷᠬᠠᠶ ᠶᠢ | ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠵᠢᠯ ᠳᠤ 6842 ᠲᠦᠮᠡᠨ ᠲᠥᠭᠦᠷᠢᠭ ᠤᠨ ᠪᠡᠯᠡ ᠣᠷᠣᠭᠤᠯᠵᠣ | ᠂ 2880 ᠮᠦ ᠶᠢ ᠵᠠᠰᠠᠨ ᠰᠠᠶᠢᠵᠢᠷᠠᠭᠤᠯᠬᠤ ᠪᠠᠷ ᠲᠦᠯᠦᠪᠯᠡᠵᠣ ᠪᠠᠶᠢᠨ᠎ᠠ᠃ ᠪᠠᠷᠢᠯᠭ᠎ᠠ ᠳᠤ ᠬᠡᠷᠡᠭᠯᠡᠬᠦ ᠬᠠᠶᠢᠷ ᠴᠢᠯᠠᠭᠤ | ᠂ ᠠᠭᠤᠷᠬᠠᠶ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠢ | ᠪᠡᠶᠡᠯᠡᠭᠦᠯᠵᠦ᠂ ᠵᠢᠯ ᠳᠤ ᠱᠤᠸᠠᠩ ᠯᠢ ᠴᠢᠯᠠᠭᠤ ᠭᠠᠷᠭᠠᠬᠤ ᠲᠠᠯᠠᠪᠣᠷ᠂ ᠵᠥᠩ ᠮᠢᠨ ᠬᠤᠵᠢᠷ ᠤᠨ ᠠᠭᠤᠷᠬᠠᠢ᠂ ᠨᠠᠨ | ᠱᠠᠨ ᠴᠢᠯᠠᠭᠤ ᠮᠠᠯᠳᠠᠬᠤ ᠲᠠᠯᠠᠪᠣᠷ 3 ᠠᠵᠤ ᠠᠬᠤᠶᠢᠯᠠᠯ ᠤᠨ ᠪᠣᠬᠢᠷᠲᠤᠯ ᠥᠬᠡᠶ ᠠᠭᠤᠷᠬᠠᠶ ᠶᠢ ᠡᠭᠦᠳᠦᠨ | ᠪᠠᠶᠢᠭᠤᠯᠦᠨ᠎ᠡ᠃ ᠡᠨᠧᠷᠭᠢ ᠠᠷᠪᠢᠯᠠᠬᠤ ᠳᠠᠯᠳᠠ ᠬᠦᠴᠦᠨ ᠢ ᠠᠭᠤᠳᠠᠯᠯᠠᠵᠤ᠂ ᠴᠢᠨᠠᠷ ᠰᠠᠶᠢᠲᠠᠶ ᠲᠥᠷᠥᠯ ᠵᠦᠢᠯ ᠤᠨ | ᠡᠨᠧᠷᠭᠢ ᠬᠡᠷᠡᠭᠯᠡᠬᠦ ᠬᠡᠷᠡᠭᠴᠡᠭᠡ ᠶᠢ ᠪᠠᠲᠤᠯᠠᠨ᠂ ᠭᠤᠣᠯᠳᠠᠯᠭᠠᠳᠣ ᠡᠨᠧᠷᠭᠢ ᠶᠢᠨ ᠬᠤᠷᠣᠭᠳᠠᠭᠤᠯᠤᠯ ᠶᠡᠭᠡ ᠠᠵᠤ | ᠠᠬᠤᠶᠢᠯᠠᠯ ᠤᠨ ᠡᠨᠧᠷᠭᠢ ᠠᠷᠪᠢᠯᠠᠵᠤ ᠬᠤᠷᠣᠭᠳᠠᠭᠤᠯᠤᠯ ᠢ ᠪᠠᠭᠠᠰᠬᠠᠬᠤ ᠮᠡᠷᠭᠡᠵᠢᠯ ᠤᠨ ᠥᠭᠡᠷᠡᠴᠢᠯᠡᠯᠲᠡ ᠶᠢ | ᠵᠣᠷᠢᠭᠵᠢᠭᠤᠯᠵᠣ᠂ ᠬᠤᠴᠣᠷᠤᠩᠭᠤᠶ ᠦᠢᠯᠡᠳᠪᠦᠷᠢᠯᠡᠯ ᠤᠨ ᠴᠢᠳᠠᠪᠬᠢ ᠶᠢ ᠰᠢᠭᠰᠢᠭᠳᠡᠭᠦᠯᠤᠨ᠂ ᠡᠨᠧᠷᠭᠢ ᠠᠷᠪᠢᠯᠠᠵᠤ | ᠬᠤᠷᠣᠭᠳᠠᠭᠤᠯᠤᠯ ᠢ ᠪᠠᠭᠠᠰᠬᠠᠬᠤ ᠪᠠ ᠭᠦᠭᠵᠢᠯᠲᠡ ᠶᠢᠨ ᠬᠠᠷᠢᠴᠠᠭ᠎ᠠ ᠶᠢ ᠲᠡᠩᠴᠡᠭᠦᠷᠢᠰᠢᠭᠦᠯᠵᠦ᠂ ᠳᠡᠭᠡᠷ᠎ᠡ ᠱᠠᠲᠤᠨ ᠤ | ᠡᠨᠧᠷᠭᠢ ᠶᠢᠨ ᠬᠤᠷᠣᠭᠳᠠᠭᠤᠯᠤᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠦᠨ᠎ᠡ᠃ | ︵ᠲᠠᠪᠤ︶ ᠬᠤᠲᠠ ᠬᠦᠳᠡᠭᠡ ᠶᠢᠨ ︽ᠰᠢᠨ᠎ᠡ ᠳᠦᠷᠢ ᠲᠥᠷᠬᠦ︾ ᠶᠢ ᠡᠭᠦᠳᠴᠦ᠂ ᠣᠷᠣᠰᠢᠨ ᠰᠠᠭᠤᠷᠢᠰᠢᠬᠤ | ᠪᠠ ᠠᠵᠢᠯ ᠦᠢᠯᠡᠰ ᠡᠷᠬᠢᠯᠡᠬᠦ ᠳᠤ ᠨᠡᠩ ᠲᠣᠬᠢᠷᠠᠮᠵᠢᠳᠠᠢ ᠪᠣᠯᠭᠠᠨ᠎ᠠ᠃ᠶᠠᠳᠠᠭᠤ ᠠᠴᠠ ᠠᠩᠬᠢᠵᠢᠷᠠᠭᠤᠯᠵᠣ ᠪᠣᠭᠤᠮᠲᠠ | ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠭᠡᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠤᠨ᠎ᠠ᠃ ︽ᠳᠥᠷᠪᠡ ᠶᠢ ᠬᠤᠪᠢᠷᠠᠭᠤᠯᠬᠤ ᠥᠬᠡᠶ︾ ᠶᠢ ᠴᠢᠩᠭ᠎ᠠ | ᠨᠠᠶᠢᠳᠠᠪᠤᠷᠢᠵᠢᠭᠤᠯᠵᠤ᠂ ᠭᠤᠤᠯ ᠪᠣᠯᠬᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠶᠡᠷᠦᠩᠬᠡᠶ ᠳᠡᠭᠡᠨ | ᠲᠣᠭᠲᠠᠭᠤᠨ ᠪᠠᠶᠢᠯᠭᠠᠨ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠪᠠ ᠬᠠᠪᠰᠤᠷᠤᠨ | ᠲᠡᠳᠬᠦᠬᠦ ᠲᠣᠭᠲᠠᠴᠠ ᠶᠢ ᠪᠦᠷᠢᠨᠰᠢᠬᠦᠯᠵᠦ᠂ ᠣᠷᠣᠯᠭ᠎ᠠ ᠶᠢᠨ ᠬᠤᠪᠢᠷᠠᠯᠲᠠ᠂ ︽ᠬᠤᠶᠠᠷ ᠲᠤ ᠵᠣᠪᠠᠭ᠋ᠤ ᠥᠬᠡᠶ | ᠭᠤᠷᠪᠠ ᠶᠢ ᠪᠠᠲᠤᠯᠠᠬᠤ︾ ᠪᠠ ᠠᠶᠣᠯᠬᠦᠢ ᠣᠣᠭᠤᠬᠤ ᠣᠰᠣᠨ ᠤ ᠪᠠᠶᠢᠳᠠᠯ ᠢ ᠭᠤᠤᠯᠳᠠᠯᠭ᠎ᠠ ᠲᠠᠢ ᠬᠢᠨᠠᠨ ᠬᠡᠮᠵᠢᠵᠦ᠂ | ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠬᠤ ᠶᠢ ᠰᠡᠷᠭᠡᠶᠢᠯᠡᠨ᠎ᠡ᠃ ︽ᠬᠢᠯᠢ ᠬᠢᠵᠠᠭᠠᠷ ᠣᠷᠣᠨ ᠢ ᠬᠥᠭᠵᠢᠭᠦᠯᠦᠨ | ᠠᠷᠠᠳ ᠢ ᠪᠠᠶᠠᠵᠢᠭᠤᠯᠬᠤ︾ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠨᠢᠭᠡ ᠪᠦᠯᠦᠭ ᠶᠠᠳᠠᠭᠤ ᠠᠴᠠ | ᠠᠩᠬᠢᠵᠢᠷᠠᠭᠤᠯᠵᠣ ᠪᠣᠭᠤᠮᠳᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠭᠡᠬᠦ ᠶᠢ ᠬᠥᠳᠡᠭᠡ | ᠲᠣᠰᠬᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠣᠭᠰᠠᠨ ᠲᠥᠷᠥᠯ | ᠵᠦᠢᠯ ᠢ ᠨᠥᠭᠡᠴᠡᠯᠡᠵᠦ᠂ ᠳᠡᠭᠡᠷ᠎ᠡ ᠱᠠᠲᠤᠨ ᠤ ᠪᠠᠯᠠ ᠮᠥᠩᠭᠦ ᠶᠢ ᠢᠳᠡᠪᠬᠢᠲᠡᠶ ᠲᠡᠮᠡᠴᠡᠨ ᠣᠯᠵᠤ᠂ ᠵᠢᠯ ᠳᠤ ᠪᠥᠬᠦ | ᠤᠯᠤᠰ ᠤᠨ ︽ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠲᠥᠪ ᠬᠤᠲᠠ | ᠪᠠᠯᠭᠠᠰᠤ︾ ᠶᠢ ᠪᠥᠲᠥᠭᠡᠨ ᠪᠠᠶᠢᠭᠤᠯᠬᠤ ᠲᠤᠷᠰᠢᠯᠲᠠ ᠶᠢᠨ ᠴᠡᠭ ᠢ ᠡᠷᠡᠮᠡᠯᠵᠡᠯᠡᠨ ᠣᠯᠬᠤ ᠪᠠᠷ ᠴᠢᠷᠮᠠᠶᠢᠨ᠎ᠠ᠃ | ᠮᠠᠯᠵᠢᠬᠤ ᠣᠷᠣᠨ ᠤ ᠡᠵᠡᠩᠨᠡᠯᠲᠡ ᠶᠢᠨ ᠭᠤᠣᠯ ᠴᠣᠭᠴᠠ ᠶᠢᠨ ᠪᠠᠶᠢᠭᠤᠯᠤᠯᠲᠠ ᠶᠢ ᠠᠬᠢᠭᠤᠯᠣᠨ᠎ᠠ᠃ ᠣᠶᠣᠨᠴᠢ ᠬᠡᠷ | ᠪᠦᠯᠢ ᠶᠢᠨ ᠮᠠᠯᠵᠢᠯ ᠤᠨ ᠲᠠᠯᠠᠪᠠᠶ ᠶᠢ ᠶᠡᠬᠡᠪᠡᠷ ᠪᠤᠶᠢᠵᠢᠭᠤᠯᠵᠤ᠂ ᠮᠠᠯᠴᠢᠳ ᠤᠨ ᠬᠤᠷᠰᠢᠶ᠎ᠠ ᠶᠢᠨ ᠶᠠᠰᠤ ᠴᠢᠨᠠᠷ ᠢ | ᠳᠡᠭᠡᠭᠰᠢᠯᠡᠭᠦᠯᠦᠨ᠂ ᠨᠠᠩ ᠨᠠᠷᠢᠯᠢᠭ ᠠᠰᠢᠭ ᠲᠤᠰᠠ ᠶᠢᠨ ᠬᠤᠯᠪᠣᠭᠠᠳᠣ ᠲᠣᠭᠲᠠᠴᠠ ᠶᠢ ᠪᠠᠶᠢᠭᠤᠯᠵᠤ᠂ ᠵᠢᠯ ᠳᠤ | 100 ᠡᠷᠦᠬᠡ ᠣᠶᠣᠨᠴᠢ ᠬᠡᠷ ᠪᠦᠯᠢ ᠶᠢᠨ ᠮᠠᠯᠵᠢᠯ ᠤᠨ ᠲᠠᠯᠠᠪᠠᠶ ᠶᠢ ᠰᠢᠨ᠎ᠡ ᠪᠠᠷ ᠪᠤᠶᠢᠵᠢᠭᠤᠯᠤᠨ᠎ᠠ᠃ ᠡᠬᠢ ᠪᠠᠶᠠᠯᠢᠭ | ᠪᠠ ᠬᠦᠴᠦᠨ ᠴᠢᠳᠠᠯ ᠢᠶᠠᠨ ᠲᠥᠪᠯᠡᠷᠡᠭᠦᠯᠦᠨ ᠳᠠᠭᠠᠭᠤᠯᠣᠭᠴᠢ ᠠᠵᠤ ᠠᠬᠤᠶᠢᠯᠠᠯ ᠢ ᠪᠣᠵᠠᠭᠠᠶᠢᠷᠠᠭᠤᠯᠵᠣ᠂ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠬᠤ ᠪᠠ ᠠᠷᠠᠯᠵᠢᠶᠠᠴᠢᠨ ᠤᠷᠢᠬᠤ ᠠᠵᠢᠯ ᠢ ᠰᠠᠶᠢᠲᠤᠷ ᠠᠳᠬᠤᠵᠣ᠂ ᠠᠵᠤ | ᠦᠢᠯᠡᠰ ᠤᠨ ᠰᠦᠷᠦᠭᠵᠢᠯ ᠤᠨ ᠬᠥᠭᠵᠢᠯᠲᠡ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ᠃ | ᠰᠠᠭᠤᠷᠢ ᠲᠦᠬᠦᠭᠡᠷᠦᠮᠵᠢ ᠶᠢᠨ ᠠᠴᠢᠶᠠᠯᠠᠬᠤ ᠴᠢᠳᠠᠪᠦᠷᠢ ᠶᠢ ᠳᠡᠭᠡᠭᠰᠢᠯᠡᠭᠦᠯᠦᠨ᠎ᠡ᠃ ᠵᠠᠮ ᠬᠠᠷᠢᠯᠴᠠᠭᠠᠨ ᠤ | ᠲᠣᠭᠲᠠᠯᠴᠠᠭ᠎ᠠ ᠶᠢᠨ ᠪᠠᠶᠢᠭᠤᠯᠣᠯᠲᠠ ᠶᠢ ᠪᠦᠬᠦ ᠬᠦᠴᠦᠨ ᠢᠶᠠᠷ ᠠᠬᠢᠭᠤᠯᠵᠤ᠂ 331 ᠤᠯᠤᠰ ᠤᠨ ᠳᠡᠰ ᠤᠨ ᠵᠠᠰᠠᠮᠠᠯ | ᠵᠠᠮ ᠤᠨ ᠠᠷᠤ ᠨᠠᠭᠤᠷ ᠤᠨ ᠪᠦᠳᠦᠭᠦᠨ ᠠᠴᠠ ᠤᠯᠢᠶᠠᠰᠤᠲᠠᠶ ᠬᠥᠷᠬᠦ ᠬᠡᠰᠡᠭ᠂ 306 ᠤᠯᠤᠰ ᠤᠨ ᠳᠡᠰ ᠤᠨ ᠵᠠᠰᠠᠮᠠᠯ | ᠵᠠᠮ ᠤᠨ ᠤᠯᠢᠶᠠᠰᠤᠲᠠᠶ ᠠᠴᠠ ᠪᠠᠯᠭᠠᠷᠭᠤᠣᠯ ᠬᠥᠷᠬᠦ ᠬᠡᠰᠡᠭ ᠢ ᠵᠢᠯ ᠳᠤ ᠠᠵᠢᠯ ᠡᠬᠢᠯᠡᠬᠦᠯᠵᠣ᠂ ᠮᠠᠯᠵᠢᠬᠤ ᠣᠷᠣᠨ ᠤ | ᠵᠠᠰᠠᠮᠠᠯ ᠵᠠᠮ᠂ ᠡᠬᠢ ᠪᠠᠶᠠᠯᠢᠭ ᠤᠨ ᠵᠠᠮ ᠢ 22.8 ᠺᠢᠯᠣᠮᠧᠲᠷ ᠵᠠᠰᠠᠵᠤ᠂ ᠰᠢᠨ᠎ᠡ ᠪᠠᠷ ᠪᠠᠶᠢᠭᠤᠯᠬᠤ ᠠᠷᠠᠳ ᠤᠨ | ᠬᠡᠷᠡᠭᠯᠡᠭᠡᠨ ᠤ ᠲᠡᠭᠡᠭᠡᠪᠦᠷᠢ ᠶᠢᠨ ᠨᠢᠰᠬᠡᠯ ᠤᠨ ᠲᠠᠯᠠᠪᠣᠷ ᠤᠨ ᠲᠥᠷᠥᠯ ᠵᠦᠢᠯ ᠤᠨ ᠪᠣᠯᠣᠮᠵᠢᠲᠤ ᠰᠣᠳᠣᠯᠭᠠᠨ ᠤ | ᠮᠡᠳᠡᠬᠦᠯᠦᠯᠲᠡ ᠶᠢ ᠮᠡᠳᠡᠭᠦᠯᠦᠨ ᠵᠦᠪᠰᠢᠶᠡᠷᠡᠭᠦᠯᠦᠨ᠎ᠡ᠃ ᠣᠯᠠᠨ ᠲᠦᠮᠡᠨ ᠤ ᠠᠮᠢᠳᠤᠷᠠᠯ ᠤᠨ ᠶᠠᠰᠤ ᠴᠢᠨᠠᠷ ᠢ | ᠳᠡᠭᠡᠭᠰᠢᠯᠡᠭᠦᠯᠬᠦ ᠲᠠᠯ᠎ᠠ ᠪᠠᠷ᠂ ᠬᠤᠲᠠ ᠶᠢᠨ ᠶᠠᠪᠤᠳᠠᠯ ᠤᠨ ᠰᠠᠭᠤᠷᠢ ᠲᠦᠬᠦᠭᠡᠷᠦᠮᠵᠢ᠂ ᠮᠠᠯᠵᠢᠬᠤ ᠣᠷᠣᠨ ᠤ ᠠᠶᠣᠯᠬᠦᠢ | ᠤᠤᠭᠤᠬᠤ ᠤᠰᠤ᠂ ᠰᠢᠨ᠎ᠡ ᠡᠨᠧᠷᠭᠢ ᠶᠢᠨ ᠴᠠᠬᠢᠯᠭᠠᠨ ᠲᠣᠤᠷ᠂ ᠤᠶᠤᠨᠴᠢ ᠷᠠᠳᠢᠣ᠋ ᠲᠧᠯᠸᠢᠰ ᠢ ᠡᠷᠦᠬᠡ ᠳᠤ | ᠣᠷᠣᠭᠤᠯᠬᠤ ᠵᠡᠷᠭᠡ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠵᠢᠯ ᠳᠤ 12 ᠬᠠᠭᠤᠴᠢᠨ ᠰᠠᠭᠤᠭᠠᠯᠢ | ᠲᠣᠭᠤᠷᠢᠭ᠂ 488 ᠡᠷᠦᠬᠡ ᠶᠢᠨ ᠬᠠᠭᠤᠴᠢᠨ ᠣᠷᠣᠨ ᠰᠠᠭᠤᠴᠠ ᠶᠢ ᠦᠭᠡᠷᠡᠴᠢᠯᠡᠨ ᠰᠢᠨᠡᠳᠭᠡᠵᠦ᠂ 6.6 | ᠺᠢᠯᠣᠮᠧᠲᠷ ᠪᠠᠯᠭᠠᠰᠤᠨ ᠲᠣᠭᠤᠷᠢᠭ ᠤᠨ ᠵᠠᠮ᠂ ᠭᠠᠵᠠᠷ ᠳᠣᠣᠷᠠᠬᠢ ᠬᠤᠭᠤᠯᠠᠶ ᠶᠢ ᠰᠢᠨ᠎ᠡ ᠪᠠᠷ ᠵᠠᠰᠠᠨ᠂ 41 ᠲᠦᠮᠡᠨ | ᠲᠡᠭᠰᠢ ᠳᠥᠷᠪᠡᠯᠵᠢᠨ ᠮᠧᠲᠷ ᠢ ᠨᠣᠭᠤᠭᠠᠷᠠᠭᠤᠯᠤᠨ ᠬᠠᠲᠠᠭᠤᠷᠠᠭᠤᠯᠵᠤ᠂ ᠮᠠᠯᠵᠢᠬᠤ ᠣᠷᠣᠨ ᠳᠤ 150 ᠬᠤᠳᠳᠤᠭ | ᠮᠠᠯᠲᠠᠵᠤ᠂ 17 ᠴᠠᠬᠢᠯᠭᠠᠨ ᠬᠤᠯᠪᠣᠭᠠᠨ ᠤ ᠰᠠᠭᠤᠷᠢ ᠥᠷᠲᠡᠭᠡ ᠶᠢ ᠪᠠᠶᠢᠭᠤᠯᠣᠨ᠂ 54.6 ᠺᠢᠯᠣᠮᠧᠲᠷ ᠴᠠᠬᠢᠯᠭᠠᠨ | ᠲᠣᠤᠷ ᠲᠠᠲᠠᠵᠤ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠨ ᠬᠠᠩᠭᠠᠨ᠎ᠠ᠃ | ᠲᠤᠬᠠᠶ ᠶᠢᠨ ᠭᠠᠵᠠᠷ ᠣᠷᠣᠨ ᠤ ᠪᠠᠨ ᠪᠠᠶᠢᠳᠠᠯ ᠳᠤᠨᠢ ᠳᠣᠭᠢᠷᠠᠭᠤᠯᠤᠨ ᠠᠮᠢᠳᠤᠷᠠᠯ ᠤᠨ ᠬᠤᠭ ᠨᠣᠪᠰᠢ ᠪᠠ ᠪᠣᠬᠢᠷ | ᠤᠰᠤ ᠶᠢ ᠰᠢᠢᠳᠪᠦᠷᠢᠯᠡᠵᠦ᠂ ᠮᠠᠯᠵᠢᠬᠤ ᠣᠷᠣᠨ ᠤ ᠵᠣᠷᠯᠣᠩ ᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ | ᠠᠬᠢᠭᠤᠯᠵᠤ᠂ 4 ᠰᠠᠷ᠎ᠠ ᠶᠢᠨ ᠰᠡᠭᠦᠯᠴᠢ ᠠᠴᠠ ᠡᠮᠦᠨ᠎ᠡ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠦᠬᠦᠨ ᠢ | ᠪᠡᠶᠡᠯᠡᠭᠦᠯᠦᠨ᠎ᠡ᠃ ᠬᠤᠲᠠ ᠪᠠᠯᠭᠠᠰᠣᠨ ᠤ ᠨᠠᠷᠢᠯᠢᠭᠵᠢᠭᠰᠠᠨ ᠬᠠᠮᠢᠶᠠᠷᠤᠯᠲᠠ ᠶᠢᠨ ᠬᠢᠷᠢ ᠲᠥᠪᠰᠢᠨ ᠢ | ᠳᠡᠭᠡᠭᠰᠢᠯᠡᠭᠦᠯᠦᠨ᠎ᠡ᠃ ᠠᠳᠠᠯ ᠠᠬᠤᠶ ᠶᠢᠨ ᠨᠠᠷᠢᠯᠢᠭᠵᠢᠭᠰᠠᠨ ᠬᠠᠮᠢᠶᠠᠷᠤᠯᠲᠠ ᠶᠢ ᠴᠢᠩᠭᠠᠳᠬᠠᠵᠣ᠂ ᠵᠢᠯ ᠳᠤ ᠪᠦᠬᠦ | ᠬᠤᠰᠢᠭᠤᠨ ᠤ ᠰᠠᠭᠤᠭᠠᠯᠢ ᠲᠤᠭᠤᠷᠢᠭ ᠲᠤ ᠠᠳᠠᠯ ᠠᠬᠤᠢ ᠶᠢ ᠪᠦᠬᠦᠨ ᠢ ᠪᠦᠷᠬᠦᠭᠦᠯᠬᠦ ᠶᠢ ᠪᠠᠲᠣᠯᠠᠨ᠎ᠠ᠃ ᠬᠠᠣᠯᠢ | ᠪᠣᠰᠣ ᠪᠠᠷᠢᠯᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢ ᠴᠢᠩᠭᠠᠷᠠᠭᠤᠯᠤᠨ᠂ ᠵᠠᠮ ᠬᠠᠷᠢᠯᠴᠠᠭᠠᠨ ᠤ ᠡᠮᠬᠢ | ᠳᠢᠭᠯᠢᠮ ᠢ ᠴᠡᠭᠴᠡᠯᠡᠨ᠂ ᠬᠤᠲᠠ ᠶᠢᠨ ᠲᠦᠷᠢ ᠳᠦᠷᠬᠦ ᠪᠠ ᠰᠠᠭᠤᠭᠠᠯᠢ ᠠᠷᠠᠳ ᠤᠨ ᠬᠡᠪ ᠴᠢᠨᠠᠷ ᠢ ᠳᠡᠭᠡᠭᠰᠢᠯᠡᠭᠦᠯᠵᠤ᠂ | ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ | ᠡᠭᠦᠳᠦᠨ ᠪᠠᠶᠢᠭᠤᠯᠣᠭᠰᠠᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ᠎ᠡ᠃ ᠦᠵᠡᠰᠬᠦᠯᠡᠩᠲᠦ ᠰᠠᠶᠢᠬᠠᠨ | ᠮᠠᠯᠵᠢᠬᠤ ᠣᠷᠣᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ | ᠲᠣᠭᠤᠷᠢᠨ ᠰᠦᠯᠵᠢᠶᠡᠵᠢᠭᠰᠡᠨ ᠵᠠᠰᠠᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠣᠷᠴᠢᠨ ᠲᠣᠭᠤᠷᠢᠨ ᠢ | ᠶᠡᠷᠦᠩᠬᠡᠶᠢᠯᠡᠨ ᠴᠡᠭᠴᠡᠯᠡᠨ ᠵᠠᠰᠠᠬᠤ ᠪᠠᠶᠢᠩᠭᠤ ᠶᠢᠨ ᠪᠦᠳᠦᠮᠵᠢᠳᠣ ᠲᠣᠭᠲᠠᠴᠠ ᠶᠢ ᠪᠦᠷᠢᠨᠰᠢᠬᠦᠯᠦᠨ᠂ ᠬᠤᠲᠠ | ᠪᠠᠯᠭᠠᠰᠤ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠮᠠᠯᠵᠢᠬᠤ ᠣᠷᠣᠨ ᠤ | ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠤᠴᠣᠷᠣᠩᠭᠤᠢ ᠬᠡᠪ ᠵᠠᠩᠰᠢᠯ ᠢᠶᠠᠨ | ᠦᠭᠡᠷᠡᠴᠢᠯᠡᠵᠣ᠂ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠰᠣᠷᠲᠠᠬᠤᠨ ᠢᠶᠠᠷ ᠵᠠᠰᠠᠬᠤ ︽ᠭᠤᠷᠪᠠᠨ | ᠵᠠᠰᠠᠯᠲᠠ ᠶᠢ ᠤᠶᠠᠯᠳᠤᠭᠤᠯᠬᠤ︾ ᠶᠢ ᠠᠬᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠬᠢᠷᠢ | ᠲᠦᠪᠰᠢᠨ ᠪᠠ ᠨᠡᠶᠢᠭᠡᠮ ᠤᠨ ᠪᠣᠯᠪᠠᠰᠤᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠮᠠᠯᠵᠢᠬᠤ | ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠵᠤ᠂ ᠮᠠᠯ ᠡᠮᠨᠡᠯᠭᠡ ᠶᠢᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠵᠢᠯ ᠳᠤ ᠠᠰᠢᠭᠯᠠᠯᠲᠠ ᠳᠤ ᠣᠷᠣᠭᠤᠯᠤᠨ᠂ ᠣᠲᠣ ᠦᠶ᠎ᠡ ᠶᠢᠨ ᠬᠡᠷ | ᠪᠦᠯᠢ ᠶᠢᠨ ᠮᠠᠯᠵᠢᠯ ᠤᠨ ᠲᠠᠯᠠᠪᠠᠶ ᠶᠢ ᠪᠠᠶᠢᠭᠤᠯᠬᠤ᠂ ᠨᠣᠳᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ | ᠰᠢᠯᠵᠢᠭᠦᠯᠬᠦ᠂ ᠡᠪᠡᠰᠦ ᠪᠣᠷᠳᠤᠭ᠎ᠠ ᠨᠥᠭᠡᠴᠡᠯᠡᠬᠦ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ | ᠨᠡᠶᠢᠭᠡᠮᠴᠢᠯᠡᠭᠰᠡᠨ ᠦᠢᠯᠡᠴᠢᠯᠡᠭᠡᠨ ᠤ ᠲᠣᠭᠳᠠᠯᠴᠠᠭ᠎ᠠ ᠶᠢ ᠪᠠᠶᠢᠭᠤᠯᠵᠣ᠂ ᠪᠥᠬᠦ ᠬᠤᠰᠢᠭᠤᠨ ᠤ ᠮᠠᠯᠵᠢᠬᠤ ᠣᠷᠣᠨ ᠤ | ᠣᠳᠣᠬᠢᠴᠢᠯᠠᠯᠲᠠ ᠶᠢᠨ ᠠᠵᠢᠯ ᠢ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠭᠠᠨ᠎ᠠ᠃ | ︵ᠵᠢᠷᠭᠤᠭ᠎ᠠ︶ ᠥᠭᠡᠷᠡᠴᠢᠯᠡᠯᠲᠡ ᠶᠢᠨ ︽ᠰᠢᠨ᠎ᠡ ᠬᠥᠳᠡᠯᠭᠡᠭᠴᠢ ᠡᠨᠧᠷᠭᠢ︾ ᠶᠢ ᠬᠥᠭᠵᠢᠭᠡᠵᠦ᠂ ᠨᠡᠭᠡᠭᠡᠨ | ᠬᠥᠭᠵᠢᠭᠦᠯᠵᠦ ᠨᠡᠭᠡᠭᠡᠯᠳᠡ ᠬᠢᠬᠦ ᠶᠢ ᠭᠦᠨᠵᠡᠭᠡᠶᠢᠷᠡᠭᠦᠯᠦᠨ᠎ᠡ᠃ ᠨᠡᠭᠡᠭᠡᠯᠳᠡᠳᠣ ᠤᠬᠠᠮᠰᠠᠷ ᠢ ᠪᠠᠲᠤ ᠪᠤᠢ ᠪᠣᠯᠭᠠᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠪᠠ ᠣᠷᠣᠨ ᠪᠦᠰᠡ ᠶᠢᠨ ᠬᠠᠮᠵᠢᠯᠴᠠᠨ ᠬᠥᠭᠵᠢᠬᠦ ᠪᠠᠶᠢᠯᠳᠤᠬᠤ ᠪᠤᠳᠤᠯᠭ᠎ᠠ ᠳᠤ | ᠢᠳᠡᠪᠬᠢᠲᠡᠢ ᠠᠭᠤᠰᠤᠯᠴᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ | ᠨᠡᠮᠡᠭᠳᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠦᠨ᠎ᠡ᠃ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠪᠥᠬᠦ ᠠᠶᠢᠮᠠᠭ ᠤᠨ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠤᠳᠠᠯᠳᠤᠭ᠎ᠠ ᠡᠷᠬᠢᠯᠡᠬᠦ ᠣᠷᠴᠢᠨ | ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠦᠨᠡᠮᠯᠡᠯ | ᠪᠠ ᠭᠡᠷᠡᠴᠢ ᠶᠢ ᠰᠠᠯᠭᠠᠬᠤ︾᠂ ︽ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠬᠢᠨᠠᠨ ᠵᠥᠪᠰᠢᠶᠡᠷᠡᠬᠦ ᠲᠦᠷᠢᠮ︾ | ᠤᠨ ᠦᠭᠡᠷᠡᠴᠢᠯᠡᠯᠲᠡ ᠪᠠ ︽ᠶᠡᠷᠦᠩᠬᠡᠶᠢᠯᠡᠭᠰᠡᠨ ᠨᠢᠭᠡ ᠴᠣᠩᠬᠤᠪᠴᠢ︾᠂ ︽ᠨᠢᠭᠡ ᠳᠠᠪᠴᠠᠩ︾ ᠤᠨ | ᠬᠡᠷᠡᠭᠯᠡᠯᠲᠡ ᠶᠢ ᠠᠬᠢᠭᠤᠯᠵᠤ᠂ ᠵᠢᠯ ᠳᠤ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ 84 ᠵᠦᠢᠯ ᠤᠨ | ᠵᠥᠪᠰᠢᠶᠡᠷᠡᠯ ᠤᠨ ᠵᠦᠢᠯᠡᠰ ᠢ ᠪᠣᠳᠠᠲᠠᠶ ᠳᠤ ᠨᠠᠶᠢᠳᠠᠪᠣᠷᠢᠵᠢᠭᠤᠯᠬᠤ ᠶᠢ ᠪᠠᠲᠤᠯᠠᠵᠤ᠂ ︽ᠨᠢᠭᠡ ᠴᠣᠩᠬᠤᠪᠴᠢ︾ ᠶᠢᠨ | ᠲᠥᠷᠥᠯ ᠠᠩᠬᠢᠯᠡᠨ ᠰᠢᠢᠳᠪᠦᠷᠢᠯᠡᠬᠦ ᠨᠣᠷᠮ᠎ᠠ ᠶᠢ 70% ᠳᠤ ᠬᠦᠷᠭᠡᠨ᠎ᠡ᠃ ︽ᠬᠤᠶᠠᠷ ᠢ ᠰᠣᠭᠤᠴᠢᠨ ᠪᠠᠶᠢᠴᠠᠭᠠᠵᠣ | ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ | ᠦᠨᠡᠯᠡᠯᠲᠡ ᠬᠢᠬᠦ︾ ᠲᠦᠷᠢᠮ ᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠨᠡᠶᠢᠭᠡᠮ ᠤᠨ ᠢᠲᠡᠭᠡᠮᠵᠢ ᠶᠢᠨ | ᠲᠣᠭᠳᠠᠯᠴᠠᠭ᠎ᠠ ᠶᠢ ᠪᠦᠷᠢᠨᠰᠢᠬᠦᠯᠦᠨ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠡᠷᠴᠢᠮ ᠢ ᠴᠢᠩᠭᠠᠷᠠᠭᠤᠯᠵᠤ᠂ | ᠡᠷᠬᠡ ᠲᠡᠭᠰᠢ ᠲᠥᠪ ᠭᠤᠤᠯᠴᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠠᠶᠢᠭᠤᠯᠤᠨ᠎ᠠ᠃ ᠵᠣᠬᠢᠴᠠᠩᠭᠤᠶ ᠪᠠᠷ | ᠬᠥᠭᠵᠢᠭᠦᠯᠬᠦ ᠪᠠ ᠤᠮᠠᠷᠠᠰᠢ ᠨᠡᠭᠡᠭᠡᠯᠳᠡ ᠬᠢᠬᠦ ᠶᠢ ᠴᠢᠩᠭᠠᠳᠬᠠᠨ᠎ᠠ᠃ ᠲᠡᠮᠦᠷ ᠵᠠᠮ ᠤᠨ ᠪᠣᠭᠤᠮᠲᠠ ᠪᠠᠷ ᠡᠷᠡᠮᠡᠯᠵᠡᠯᠡᠬᠦ | ᠪᠠ ᠣᠯᠠᠨ ᠤᠯᠤᠰ ᠤᠨ ᠪᠣᠳᠠᠰ ᠤᠨ ᠭᠦᠢᠯᠭᠡᠭᠡᠨ ᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ | ᠪᠠᠷᠠᠭᠠᠨ ᠤ ᠲᠡᠷᠭᠡ ᠶᠢᠨ ᠰᠢᠰᠲ᠋ᠧᠮ ︵H986︶᠂ ᠣᠶᠤᠨᠲᠤ ᠪᠠᠶᠢᠴᠠᠭᠠᠯᠲᠠ ᠶᠢᠨ ᠭᠠᠵᠠᠷ᠂ ᠪᠠᠷᠠᠭ᠎ᠠ | ᠲᠡᠭᠡᠭᠡᠪᠦᠷᠢᠯᠡᠬᠦ ᠵᠠᠮ᠂ ᠠᠶᠠᠨᠴᠢᠳ ᠤᠨ ᠲᠡᠭᠡᠭᠡᠪᠦᠷᠢ ᠶᠢᠨ ᠬᠠᠮᠲᠤᠷᠠᠨ ᠪᠠᠶᠢᠴᠠᠭᠠᠬᠤ ᠲᠣᠭᠤᠷᠢᠭ ᠢ ᠥᠭᠡᠷᠡᠴᠢᠯᠡᠨ ᠲᠠᠰ | ᠳᠡᠪᠰᠢᠭᠦᠯᠬᠦ ᠶᠢᠨ ᠬᠠᠮᠲᠤ ᠠᠰᠢᠭᠯᠠᠯᠲᠠ ᠳᠤ ᠣᠷᠣᠭᠤᠯᠵᠤ᠂ ᠠᠶᠠᠨᠴᠢᠳ ᠪᠠ ᠪᠠᠷᠠᠭ᠎ᠠ ᠶᠢ ᠰᠠᠯᠭᠠᠨ ᠨᠡᠪᠳᠡᠷᠡᠬᠦᠯᠬᠦ ᠶᠢ | ᠳᠡᠰ ᠳᠡᠪᠰᠢᠭᠦᠯᠵᠦ᠂ ᠪᠦᠬᠦ ᠲᠠᠯ᠎ᠠ ᠪᠠᠷ᠂ ᠣᠶᠤᠨᠴᠢ ᠪᠠᠷ ᠪᠣᠭᠤᠮᠲᠠ ᠥᠩᠭᠡᠷᠡᠬᠦ ᠶᠢ ᠪᠡᠶᠡᠯᠡᠭᠦᠯᠦᠨ᠎ᠡ᠃ ᠮᠣᠩᠭᠤᠯ | ᠤᠯᠤᠰ ᠤᠨ ᠬᠦᠷᠰᠢ ᠵᠡᠷᠭᠡᠯᠡᠳᠡᠭᠡ ᠠᠶᠢᠮᠠᠭ ᠬᠤᠲᠠ ᠲᠠᠢ ᠬᠠᠮᠲᠤᠷᠠᠯᠴᠠᠭ᠎ᠠ ᠪᠠᠨ ᠴᠢᠩᠭᠠᠳᠬᠠᠨ᠂ ᠵᠢᠯ ᠳᠤ ᠮᠣᠩᠭᠤᠯ | ᠤᠯᠤᠰ ᠤᠨ ᠰᠦᠬᠡᠪᠠᠭᠠᠲᠤᠷ ᠠᠶᠢᠮᠠᠭ ᠤᠨ ᠪᠠᠷᠠᠭᠤᠨ ᠣᠷᠳᠦ ᠬᠤᠲᠠ ᠲᠠᠢ ᠣᠯᠠᠨ ᠤᠯᠤᠰ ᠤᠨ ᠨᠥᠬᠦᠷᠰᠡᠭ | ᠬᠤᠲᠠ ᠶᠢ ᠪᠠᠶᠢᠭᠤᠯᠵᠤ᠂ ᠬᠤᠶᠠᠷ ᠲᠠᠯ᠎ᠠ ᠶᠢᠨ ᠶᠠᠪᠤᠯᠴᠠᠭ᠎ᠠ ᠪᠠᠨ ᠨᠠᠩ ᠥᠨᠳᠥᠷ ᠲᠦᠪᠰᠢᠨ ᠳᠤ ᠬᠦᠷᠭᠡᠨ᠎ᠡ᠃ | ︵ᠳᠣᠯᠤᠭ᠎ᠠ︶ ᠠᠷᠠᠳ ᠤᠨ ᠠᠮᠢᠳᠤᠷᠠᠯ ᠤᠨ ︽ᠰᠢᠨ᠎ᠡ ᠬᠦᠰᠡᠯ ᠡᠷᠡᠮᠡᠯᠵᠡᠯ︾ ᠢ ᠬᠠᠩᠭᠠᠵᠤ᠂ ᠨᠡᠶᠢᠳᠡᠮ | ᠠᠰᠢᠭ ᠬᠦᠷᠲᠡᠭᠡᠬᠦ ᠶᠢ ᠪᠣᠳᠠᠳᠠᠶᠢᠵᠢᠭᠤᠯᠣᠨ᠎ᠠ᠃ ᠠᠷᠠᠳ ᠤᠨ ᠠᠮᠢᠳᠤᠷᠠᠯ ᠤᠨ ᠦᠨᠳᠦᠰᠦᠨ ᠬᠤᠷᠢᠭ᠎ᠠ ᠱᠤᠭᠤᠮ ᠢ | ᠢᠮᠠᠭᠲᠠ ᠪᠠᠲᠤ ᠰᠠᠬᠢᠵᠤ᠂ ᠠᠷᠠᠳ ᠤᠯᠠᠨ ᠳᠤ ᠪᠦᠬᠦ ᠲᠠᠯ᠎ᠠ ᠶᠢᠨ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠨ᠎ᠠ᠃ | ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ᠎ᠡ᠃ ᠠᠵᠤ ᠦᠢᠯᠡᠰ ᠢᠶᠠᠷ ᠠᠵᠢᠯ | ᠣᠯᠭᠤᠯᠲᠠ ᠶᠢ ᠳᠠᠶᠢᠴᠢᠯᠠᠬᠤ᠂ ᠦᠢᠯᠡᠰ ᠪᠣᠰᠬᠠᠬᠤ ᠪᠠᠷ ᠠᠵᠢᠯ ᠣᠯᠭᠤᠯᠲᠠ ᠶᠢ ᠬᠥᠲᠥᠯᠦᠨ ᠳᠠᠭᠠᠭᠤᠯᠬᠤ᠂ ᠠᠵᠢᠯ | ᠣᠯᠭᠤᠯᠲᠠ ᠶᠢ ᠳᠣᠭᠳᠠᠪᠣᠷᠢᠵᠢᠭᠤᠯᠬᠤ ᠳᠤ ᠨᠠᠷᠢᠯᠢᠭ ᠣᠨᠣᠪᠴᠢᠳᠠᠢ ᠦᠢᠯᠡᠴᠢᠯᠡᠬᠦ ᠶᠢ ᠪᠠᠷᠢᠮᠳᠠᠯᠠᠵᠣ᠂ ᠶᠡᠭᠡ ᠳᠡᠭᠡᠳᠦ | ᠰᠤᠷᠭᠠᠭᠤᠯᠢ ᠳᠡᠬᠦᠰᠦᠭᠰᠡᠨ ᠰᠣᠷᠣᠭᠴᠢ᠂ ᠬᠤᠲᠠ ᠣᠷᠣᠭᠰᠠᠨ ᠮᠠᠯᠴᠢᠨ ᠵᠢᠴᠢ ᠬᠦᠴᠢᠷᠳᠡᠯᠲᠡᠶ ᠣᠯᠠᠨ ᠲᠦᠮᠡᠨ | ᠵᠡᠷᠭᠡ ᠭᠤᠤᠯᠳᠠᠯᠭ᠎ᠠ ᠲᠠᠢ ᠬᠦᠮᠦᠰ ᠲᠤ ᠠᠵᠢᠯ ᠣᠯᠭᠤᠬᠤ ᠠᠵᠢᠯ ᠢ ᠯᠠᠪᠳᠠᠭᠤᠨ ᠪᠠᠲᠤᠲᠠᠶ ᠬᠢᠵᠦ᠂ ᠵᠢᠯ ᠳᠤ ᠦᠢᠯᠡᠰ | ᠪᠣᠰᠬᠠᠬᠤ ᠳᠠᠭᠠᠭᠠᠯᠲᠠᠲᠣ ᠵᠢᠭᠡᠯᠡᠯᠭᠡ 1000 ᠲᠥᠮᠡᠨ ᠲᠥᠭᠦᠷᠢᠭ ᠲᠠᠷᠬᠠᠭᠠᠬᠤ ᠪᠠᠷ ᠲᠥᠯᠥᠪᠯᠡᠵᠦ᠂ 6000 | ᠠᠵᠢᠯ ᠤᠨ ᠪᠠᠶᠢᠷᠢ ᠴᠣᠭᠯᠠᠭᠤᠯᠵᠣ᠂ 600 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠮᠠᠯᠵᠢᠬᠤ ᠣᠷᠣᠨ ᠤ | 600 ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠣᠨ ᠤ ᠳᠠᠩᠰᠠᠯᠠᠭᠤᠯᠤᠭᠰᠠᠨ | ᠠᠵᠢᠯ ᠠᠯᠳᠠᠯᠲᠠ ᠶᠢᠨ ᠨᠣᠷᠮ᠎ᠠ ᠶᠢ 4.5% ᠶᠢᠨ ᠳᠣᠲᠣᠷ᠎ᠠ ᠬᠢᠵᠠᠭᠠᠷᠯᠠᠨ᠎ᠠ᠃ ᠨᠡᠶᠢᠭᠡᠮ ᠤᠨ ᠪᠠᠲᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠬᠦᠯᠦᠨ᠎ᠡ᠃ ᠭᠠᠳᠠᠨ᠎ᠠ ᠣᠷᠣᠨ ᠳᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ | ᠬᠠᠮᠤᠷᠬᠤ ᠬᠡᠪᠴᠢᠶ᠎ᠡ ᠶᠢ ᠥᠷᠭᠡᠳᠬᠡᠨ᠂ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠨᠣᠷᠮ᠎ᠠ ᠶᠢ | 95% ᠠᠴᠠ ᠳᠠᠪᠠᠭᠤᠯᠵᠣ᠂ ᠣᠨᠴᠠᠭᠠᠢ ᠬᠥᠮᠦᠰ ᠤᠨ ᠳᠠᠭᠠᠳᠬᠠᠯ ᠳᠤ ᠣᠷᠣᠯᠴᠠᠬᠤ ᠨᠣᠷᠮ᠎ᠠ ᠶᠢ 100% ᠳᠤ | ᠬᠦᠷᠭᠡᠨ᠎ᠡ᠃ ᠪᠥᠬᠦ ᠤᠯᠤᠰ ᠤᠨ ᠵᠢᠱᠢᠶ᠎ᠡ ᠦᠵᠡᠭᠦᠯᠬᠦ ᠬᠡᠯᠪᠡᠷᠢ ᠶᠢᠨ ᠴᠡᠷᠢᠭ ᠠᠴᠠ ᠬᠠᠯᠠᠭᠳᠠᠭᠰᠠᠳ ᠤᠨ | ᠦᠢᠯᠡᠴᠢᠯᠡᠭᠡᠨ ᠤ ᠲᠥᠪ ︵ᠥᠷᠲᠡᠭᠡ︶ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠵᠢᠯ ᠳᠤ | ᠵᠥᠭᠡᠯᠡᠨ ᠬᠠᠲᠠᠭᠤ ᠲᠣᠨᠤᠭ ᠤᠨ ᠪᠠᠶᠢᠭᠤᠯᠤᠯᠲᠠ ᠶᠢ ᠪᠦᠬᠦᠨ ᠢ ᠪᠠᠷᠢᠮᠵᠢᠶ᠎ᠠ ᠳᠤ ᠬᠦᠷᠭᠡᠬᠦ ᠶᠢ ᠪᠠᠲᠤᠯᠠᠨ᠂ ︽ | ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ | ᠠᠶᠠᠨ ᠨᠠᠰᠣᠳᠠᠶᠢᠴᠣᠳ ᠢ ᠠᠰᠠᠷᠠᠬᠤ ᠬᠦᠷᠢᠶᠠᠯᠠᠩ ᠢᠶᠠᠷ ᠭᠤᠣᠯ ᠪᠣᠯᠭᠠᠵᠤ᠂ ᠭᠡᠷ ᠲᠡᠭᠡᠨ ᠰᠠᠭᠤᠬᠤ᠂ ᠨᠡᠶᠢᠭᠡᠮ | ᠲᠣᠭᠤᠷᠢᠭ ᠲᠤ᠂ ᠣᠶᠣᠨᠴᠢ ᠨᠠᠰᠣᠲᠠᠶᠢᠴᠣᠳ ᠢ ᠠᠰᠠᠷᠠᠬᠤ ᠶᠢ ᠣᠶᠠᠯᠳᠣᠭᠤᠯᠵᠤ᠂ ︽ᠢᠨᠲ᠋ᠧᠷ ᠰᠦᠯᠵᠢᠶ᠎ᠡ + | ᠨᠠᠰᠣᠵᠢᠯ ᠤᠨ ᠠᠰᠠᠷᠠᠮᠵᠢ ᠶᠢᠨ ᠦᠢᠯᠡᠴᠢᠯᠡᠭᠡ︾ ᠶᠢᠨ ᠵᠠᠭᠪᠤᠷ ᠢ ᠬᠠᠶᠢᠨ ᠰᠦᠪᠡᠭᠴᠢᠯᠡᠨ᠎ᠡ᠃ ᠣᠷᠣᠰᠢᠭᠤᠯᠭ᠎ᠠ ᠶᠢᠨ | ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠣᠰᠢᠭᠤᠯᠭ᠎ᠠ ᠶᠢᠨ ᠭᠠᠵᠠᠷ ᠢ ᠰᠢᠨ᠎ᠡ ᠪᠠᠷ ᠪᠠᠶᠢᠭᠤᠯᠬᠤ | ᠲᠥᠷᠥᠯ ᠵᠦᠢᠯ ᠢ ᠪᠡᠶᠡᠯᠡᠬᠦᠯᠤᠨ᠂ ᠵᠢᠯ ᠳᠤ ᠴᠠᠭᠠᠨ ᠰᠤᠪᠤᠷᠭ᠎ᠠ ᠶᠢᠨ ᠨᠡᠶᠢᠲᠡ ᠶᠢᠨ ᠣᠩᠭᠤᠨ ᠢ ᠰᠢᠨ᠎ᠡ ᠪᠠᠷ | ᠪᠠᠶᠢᠭᠤᠯᠬᠤ ᠠᠵᠢᠯ ᠢ ᠡᠬᠢᠯᠡᠬᠦᠯᠵᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠯᠠᠪᠳᠠᠭᠤᠨ ᠢᠶᠠᠷ | ᠳᠡᠭᠡᠭᠰᠢᠯᠡᠭᠦᠯᠦᠨ᠎ᠡ᠃ ᠡᠶ᠎ᠡ ᠵᠣᠬᠢᠴᠠᠩᠭᠤᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠵᠤ᠂ ᠴᠠᠯᠢᠩ ᠥᠷᠢᠲᠦᠬᠦ | ᠠᠰᠠᠭᠤᠳᠠᠯ ᠢ ᠦᠨᠳᠦᠰᠦᠨ ᠠᠴᠠ ᠨᠢ ᠵᠠᠰᠠᠨ᠂ ᠵᠢᠯ ᠳᠤ ᠠᠶᠢᠮᠠᠭ ᠳᠡᠰ ᠤᠨ ᠴᠠᠯᠢᠩ ᠥᠷᠢᠲᠦᠬᠦ ᠠᠰᠠᠭᠤᠳᠠᠯ ᠢ | ᠦᠨᠳᠦᠰᠦᠨ ᠠᠴᠠ ᠨᠢ ᠵᠠᠰᠠᠬᠤ ᠠᠬᠤᠢ ᠲᠠᠯᠠᠪᠠᠢ ᠶᠢᠨ ᠬᠤᠷᠠᠯ ᠢ ᠳᠠᠭᠠᠭᠠᠴᠢᠯᠠᠨ ᠡᠷᠬᠢᠯᠡᠨ᠎ᠡ᠃ ᠰᠤᠷᠭᠠᠨ | ᠬᠥᠮᠦᠵᠢᠯ ᠤᠨ ᠴᠢᠨᠡᠷ ᠰᠠᠶᠢᠲᠠᠢ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠬᠦᠯᠦᠨ᠎ᠡ᠃ ᠰᠤᠷᠭᠠᠨ ᠬᠥᠮᠦᠵᠢᠯ ᠤᠨ | ᠣᠳᠣᠬᠢᠴᠢᠯᠠᠯᠲᠠ ᠶᠢ ᠲᠦᠷᠭᠡᠳᠭᠡᠬᠦ ᠪᠠᠷ ᠭᠤᠤᠯ ᠰᠢᠵᠢᠮ ᠪᠣᠯᠭᠠᠵᠤ᠂ ᠬᠤᠯᠪᠣᠭᠠᠲᠤ ᠰᠤᠷᠭᠠᠭᠤᠯᠢ ᠶᠢᠨ ᠳᠠᠪᠠᠭᠤᠯᠢᠭ ᠢ | ᠭᠦᠢᠴᠡᠳ ᠪᠠᠳᠠᠷᠠᠭᠤᠯᠤᠨ᠂ ᠳᠡᠭᠡᠳᠦ ᠰᠤᠷᠭᠠᠭᠤᠯᠢ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠣ᠂ ᠰᠣᠷᠭᠠᠭᠤᠯᠢ ᠶᠢᠨ | ᠬᠦᠷᠢᠶᠡᠨ ᠤ ᠰᠠᠭᠤᠷᠢ ᠲᠦᠬᠦᠭᠡᠷᠦᠮᠵᠢ ᠶᠢ ᠳᠡᠰ ᠳᠡᠪᠰᠢᠭᠦᠯᠤᠨ᠂ ᠵᠢᠯ ᠳᠤ ᠳᠤᠮᠳᠠᠳᠤ ᠪᠠᠭ᠎ᠠ ᠰᠤᠷᠭᠠᠭᠤᠯᠢ᠂ | ᠬᠡᠤᠬᠡᠳ ᠤᠨ ᠴᠡᠴᠡᠷᠯᠢᠭ ᠤᠨ ᠰᠤᠷᠭᠠᠭᠤᠯᠢ ᠶᠢᠨ ᠬᠦᠷᠢᠶ᠎ᠡ ᠶᠢ ᠬᠠᠲᠠᠭᠤᠷᠠᠭᠤᠯᠬᠤ ᠢᠨᠵᠧᠨᠧᠷᠢᠩ ᠢ ᠪᠡᠶᠡᠯᠡᠭᠦᠯᠵᠦ᠂ | ᠤᠯᠢᠶᠠᠰᠤᠲᠠᠶ ᠬᠡᠤᠬᠡᠳ ᠤᠨ ᠴᠡᠴᠡᠷᠯᠢᠭ ᠢ 6 ᠰᠠᠷ᠎ᠠ ᠳᠤ ᠠᠰᠢᠭᠯᠠᠯᠲᠠ ᠳᠤ ᠣᠷᠣᠭᠤᠯᠵᠤ᠂ ᠰᠤᠷᠭᠠᠨ ᠬᠥᠮᠦᠵᠢᠯ | ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠰᠢᠯᠢᠳᠡᠭᠵᠢᠭᠦᠯᠦᠨ᠎ᠡ᠃ ︽ᠭᠤᠷᠪᠠᠨ ᠬᠢᠴᠢᠶᠡᠯ ᠲᠥᠷᠥᠯ︾ ᠤᠨ | ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ︽ᠨᠠᠷᠠᠲᠤ ᠪᠠᠭᠰᠢ︾ ᠶᠢᠨ ᠬᠠᠮᠲᠤ ᠶᠢᠨ ᠴᠣᠭᠴᠠ ᠶᠢᠨ | ᠠᠵᠢᠯᠯᠠᠬᠤ ᠥᠷᠦᠭᠡ ᠶᠢ ᠪᠠᠶᠢᠭᠤᠯᠵᠤ᠂ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠵᠢᠭᠠᠨ | ᠰᠤᠷᠭᠠᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠦᠨ᠎ᠡ᠃ ︽ᠬᠤᠶᠠᠷ ᠢ ᠬᠦᠩᠭᠡᠷᠡᠬᠦᠯᠬᠦ ᠲᠥᠷᠥ ᠶᠢᠨ ᠪᠣᠳᠣᠯᠭ᠎ᠠ︾ | ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢ ᠴᠢᠩᠭ᠎ᠠ ᠬᠠᠮᠢᠶᠠᠷᠤᠨ᠂ ᠪᠣᠯᠪᠠᠰᠤᠷᠠᠭᠤᠯᠤᠯ ᠤᠨ ᠠᠵᠢᠯᠯᠠᠭ᠎ᠠ ᠶᠢ ᠵᠢᠷᠤᠮᠵᠢᠭᠤᠯᠵᠤ᠂ | ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠤᠨ ᠬᠥᠭᠵᠢᠯᠲᠡ ᠶᠢ ᠠᠬᠢᠭᠤᠯᠤᠨ᠎ᠠ᠃ ᠰᠤᠷᠭᠠᠭᠤᠯᠢ ᠶᠢᠨ | ᠬᠦᠷᠢᠶᠡᠨ ᠤ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠤᠷ ᠳᠠᠶᠢᠪᠣᠩ ᠡᠶ᠎ᠡ ᠵᠣᠬᠢᠴᠠᠩᠭᠤᠢ | ᠰᠤᠷᠭᠠᠭᠤᠯᠢ ᠶᠢᠨ ᠣᠷᠴᠢᠨ ᠲᠣᠭᠤᠷᠢᠨ ᠢ ᠪᠠᠶᠢᠭᠤᠯᠣᠨ᠎ᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠵᠢᠯ ᠳᠤ ᠡᠵᠢᠨᠠᠭᠤᠷ ᠪᠠᠯᠭᠠᠰᠤ ᠶᠢᠨ ᠬᠡᠭᠡᠷ᠎ᠡ ᠶᠢᠨ ᠬᠢᠨᠠᠨ ᠬᠡᠮᠵᠢᠯᠲᠡ ᠶᠢᠨ ᠲᠤᠷᠰᠢᠯᠲᠠ ᠶᠢᠨ | ᠲᠠᠰᠤᠭ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠴᠥᠮ᠎ᠡ ᠶᠢᠨ | ᠰᠣᠷᠢᠨᠵᠢᠨ ᠳᠠᠷᠪᠢᠯᠲᠠ ᠶᠢᠨ ᠲᠥᠬᠦᠭᠡᠷᠦᠮᠵᠢ ᠵᠡᠷᠭᠡ ᠡᠮᠴᠢᠯᠡᠭᠡᠨ ᠤ ᠲᠥᠬᠦᠭᠡᠷᠦᠮᠵᠢ ᠵᠢᠴᠢ ᠢᠵᠢ ᠪᠦᠷᠢᠳᠦᠭᠰᠡᠨ | ᠲᠦᠭᠦᠭᠡᠷᠣᠮᠵᠢ ᠶᠢᠨ ᠲᠥᠷᠥᠯ ᠵᠦᠢᠯ ᠢ ᠪᠡᠶᠡᠯᠡᠭᠦᠯᠤᠨ᠂ ᠬᠤᠰᠢᠭᠤ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ | ᠡᠪᠡᠳᠴᠢᠨ ᠤ ᠲᠣᠭᠤᠷᠢᠭ᠂ ᠴᠢᠰᠤ ᠨᠡᠪᠴᠢᠭᠦᠯᠦᠨ ᠢᠯᠭᠠᠷᠠᠭᠤᠯᠬᠤ ᠲᠥᠪ ᠵᠢᠴᠢ ᠡᠪᠡᠳᠴᠢᠨ ᠡᠮᠭᠡᠭ ᠢ ᠰᠡᠷᠭᠡᠶᠢᠯᠡᠨ | ᠬᠢᠵᠠᠭᠠᠷᠯᠠᠬᠤ ᠲᠥᠪ ᠤᠨ ᠲᠥᠷᠥᠯ ᠵᠦᠢᠯ ᠢ ᠡᠷᠡᠮᠡᠯᠵᠡᠯᠡᠵᠣ᠂ ᠬᠤᠰᠢᠭᠤ ᠡᠮᠨᠡᠯᠭᠡ ᠶᠢᠨ ᠬᠤᠷᠢᠶ᠎ᠠ ᠶᠢᠨ ︽ | ᠬᠤᠶᠠᠳᠤᠭᠠᠷ ᠳᠡᠰ ᠤᠨ ᠬᠥᠬᠡ ᠳᠡᠰ︾ ᠤᠨ ᠡᠮᠨᠡᠯᠭᠡ ᠶᠢᠨ ᠬᠤᠷᠢᠶ᠎ᠠ ᠶᠢ ᠡᠭᠦᠳᠦᠨ ᠪᠠᠶᠢᠭᠤᠯᠬᠤ ᠠᠵᠢᠯ ᠢ | ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠣᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ | ᠂ ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ | ᠳᠠᠪᠰᠢᠭᠰᠠᠨ ᠭᠠᠵᠠᠷ ᠣᠷᠣᠨ ᠤ ᠡᠮᠨᠡᠯᠭᠡ ᠶᠢᠨ ᠬᠤᠷᠢᠶ᠎ᠠ ᠲᠠᠢ ᠬᠠᠮᠵᠢᠯᠴᠠᠭ᠎ᠠ ᠪᠠᠨ ᠴᠢᠩᠭᠠᠳᠬᠠᠨ᠂ ᠲᠤᠰᠬᠠᠶ | ᠮᠡᠷᠭᠡᠵᠢᠯᠲᠡᠨ ᠠᠴᠠ ᠡᠮᠴᠢᠯᠡᠬᠦ᠂ ᠠᠯᠤᠰ ᠠᠴᠠ ᠣᠨᠣᠰᠢᠯᠠᠬᠤ᠂ ᠲᠤᠬᠠᠶ ᠶᠢᠨ ᠲᠠᠯᠠᠪᠤᠷ ᠲᠤ ᠣᠨᠣᠰᠢᠯᠠᠨ ᠡᠮᠨᠡᠬᠦ ᠶᠢ | ᠢᠳᠡᠪᠬᠢᠲᠡᠶ ᠠᠬᠢᠭᠤᠯᠵᠤ᠂ ᠵᠢᠯ ᠳᠤ ᠳᠡᠭᠡᠳᠦ ᠲᠠᠰ ᠤᠨ ᠡᠮᠨᠡᠯᠭᠡ ᠶᠢᠨ ᠬᠤᠷᠢᠶ᠎ᠠ ᠶᠢᠨ ᠲᠤᠰᠬᠠᠶ ᠰᠠᠯᠠᠭᠠᠨ ᠤ 2 — | 3 ᠲᠤᠰᠬᠠᠶ ᠮᠡᠷᠭᠡᠵᠢᠯᠲᠡᠨ ᠲᠠᠢ ᠬᠠᠷᠢᠯᠴᠠᠵᠤ ᠬᠤᠰᠢᠭᠤᠨ ᠳᠤ ᠢᠷᠡᠭᠦᠯᠵᠦ ᠡᠮᠴᠢᠯᠡᠭᠡ ᠬᠢᠯᠭᠡᠨ᠎ᠡ᠃ ᠬᠢᠲᠠᠳ | ᠮᠣᠩᠭᠤᠯ ᠡᠮ ᠡᠮᠨᠡᠯᠭᠡ ᠶᠢᠨ ᠦᠢᠯᠡᠴᠢᠯᠡᠭᠡᠨ ᠤ ᠲᠣᠭᠳᠠᠯᠴᠠᠭ᠎ᠠ ᠶᠢᠨ ᠪᠠᠶᠢᠭᠤᠯᠤᠯᠲᠠ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠣᠯᠤᠨ ᠰᠤᠮᠤ | ᠪᠠᠯᠭᠠᠰᠣᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ︽ᠮᠣᠩᠭᠤᠯ ᠡᠮᠨᠡᠯᠭᠡ ᠶᠢᠨ ᠦᠷᠬᠦᠭᠡ︾ ᠶᠢᠨ | ᠪᠠᠶᠢᠭᠤᠯᠤᠯᠲᠠ ᠶᠢ ᠪᠠᠬᠢᠵᠢᠭᠦᠯᠵᠦ᠂ ᠬᠢᠲᠠᠳ ᠮᠣᠩᠭᠤᠯ ᠡᠮ ᠡᠮᠨᠡᠯᠭᠡ ᠦᠪᠡᠷᠮᠢᠴᠡ ᠬᠥᠭᠵᠢᠯᠲᠡ ᠶᠢ ᠠᠬᠢᠭᠤᠯᠤᠨ᠎ᠠ᠃ | ︽ᠡᠷᠡᠭᠦᠯ ᠡᠩᠬᠡ ᠵᠡᠬᠦᠨ ᠦᠵᠦᠮᠦᠴᠢᠨ︾ ᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ︽ᠨᠠᠰᠣᠳᠠᠶᠢᠴᠣᠳ ᠪᠠ | ᠨᠢᠯᠬᠠᠰ︾ ᠤᠨ ᠡᠷᠡᠭᠦᠯ ᠮᠠᠨᠳᠦ ᠶᠢᠨ ᠦᠢᠯᠡᠴᠢᠯᠡᠭᠡ ᠶᠢ ᠢᠳᠡᠪᠬᠢᠲᠡᠶ ᠰᠠᠶᠢᠲᠤᠷ ᠬᠢᠨ᠎ᠠ᠃ ᠤᠯᠠᠨ ᠲᠦᠮᠡᠨ ᠤ ᠣᠶᠤᠨ | ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠨᠣᠮ ᠤᠨ ᠰᠠᠩ ᠢ ᠲᠠᠰ ᠳᠡᠪᠰᠢᠭᠦᠯᠵᠦ ᠪᠠᠷᠢᠮᠵᠢᠶ᠎ᠠ ᠳᠤ | ᠬᠦᠷᠭᠡᠬᠦ ᠪᠠ ᠣᠶᠣᠨᠴᠢᠯᠠᠬᠤ ᠪᠠᠶᠢᠭᠤᠯᠤᠯᠲᠠ ᠶᠢ ᠴᠢᠩᠭᠠᠳᠬᠠᠵᠤ᠂ ᠵᠢᠯ ᠳᠤ ᠬᠤᠶᠠᠳᠤᠭᠠᠷ ᠳᠡᠰ ᠤᠨ ᠨᠣᠮ ᠤᠨ | ᠰᠠᠩ ᠢᠶᠠᠷ ᠡᠷᠡᠮᠡᠯᠵᠡᠯᠡᠵᠦ᠂ ᠪᠣᠰᠤᠭ᠎ᠠ ᠴᠣᠭᠴᠠᠲᠤ ᠣᠩᠰᠢᠯᠭ᠎ᠠ ᠶᠢᠨ ᠲᠢᠩᠬᠢᠮ ᠢ ᠪᠠᠶᠢᠭᠤᠯᠵᠤ᠂ ᠪᠦᠬᠦ ᠠᠶᠢᠮᠠᠭ ᠤᠨ | ᠨᠣᠮ ᠤᠨ ᠰᠠᠩ ᠤᠨ ᠠᠬᠤᠢ ᠲᠠᠯᠠᠪᠠᠢ ᠶᠢᠨ ᠬᠤᠷᠠᠯ ᠢ ᠳᠠᠭᠠᠭᠠᠴᠢᠯᠠᠨ ᠡᠷᠬᠢᠯᠡᠨ᠎ᠡ᠃ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢ ᠬᠦᠨᠵᠡᠭᠡᠢ ᠠᠭᠤᠰᠣᠯᠴᠠᠭᠤᠯᠵᠣ᠂ ᠪᠠᠷᠢᠮᠵᠢᠶᠠᠲᠤ ᠬᠥᠯ | ᠪᠥᠮᠪᠦᠭᠡ ᠶᠢᠨ ᠲᠠᠯᠠᠪᠤᠷ ᠵᠢᠴᠢ ᠢᠵᠢ ᠪᠦᠷᠢᠳᠦᠭᠰᠡᠨ ᠲᠦᠭᠦᠭᠡᠷᠣᠮᠵᠢ ᠵᠡᠷᠭᠡ ᠬᠡᠷ ᠤᠨ ᠭᠠᠳᠠᠨᠠᠬᠢ ᠪᠡᠶ᠎ᠡ ᠲᠠᠮᠢᠷ ᠤᠨ | ᠲᠠᠯᠠᠪᠤᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠡᠶᠡᠯᠡᠭᠦᠯᠵᠦ᠂ ᠪᠡᠶ᠎ᠡ ᠲᠠᠮᠢᠷ ᠤᠨ ᠲᠠᠯᠠᠪᠤᠷ ᠢ | ᠬᠠᠮᠲᠤᠪᠠᠷ ᠪᠠᠶᠢᠭᠤᠯᠤᠨ ᠬᠠᠮᠲᠤᠪᠠᠷ ᠡᠳ᠋ᠯᠡᠬᠦ ᠶᠢ ᠴᠢᠩᠭᠠᠳᠬᠠᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ | ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ | ᠦᠨᠳᠦᠰᠦᠯᠡᠨ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠰᠣᠶᠣᠯ ᠣᠷᠠᠯᠢᠭ ᠤᠨ ᠠᠵᠢᠯᠯᠠᠭ᠎ᠠ ᠶᠢ | ᠵᠣᠬᠢᠶᠠᠨ ᠪᠠᠶᠢᠭᠤᠯᠵᠦ᠂ ᠦᠨᠳᠦᠰᠦᠨ ᠱᠠᠲᠤᠨ ᠤ ᠰᠣᠶᠣᠯ ᠤᠨ ᠥᠷᠲᠡᠭᠡ ᠪᠠ ᠤᠯᠠᠭᠠᠨᠮᠥ᠋ᠴᠢᠷ ᠤᠨ | ᠪᠠᠶᠢᠭᠤᠯᠤᠯᠲᠠ ᠶᠢ ᠴᠢᠩᠭᠠᠳᠬᠠᠨ᠂ ︽ᠬᠠᠤᠯᠢ ᠪᠠᠷ ᠵᠠᠰᠠᠬᠤ ᠤᠯᠠᠭᠠᠨᠮᠥ᠋ᠴᠢᠷ︾᠂ ᠠᠵᠢᠯ ᠤᠨ ᠴᠢᠯᠥᠭᠡᠨ ᠤ | ᠤᠯᠠᠭᠠᠨᠮᠥ᠋ᠴᠢᠷ ᠤᠨ ᠲᠣᠭᠯᠠᠯᠲᠠ ᠶᠢ ᠥᠷᠨᠢᠭᠦᠯᠵᠦ᠂ ᠵᠢᠯ ᠳᠤ 100 ᠲᠠᠯᠠᠪᠤᠷ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠲᠣᠭᠯᠠᠯᠲᠠ ᠭᠠᠷᠭᠠᠵᠣ᠂ ᠣᠯᠠᠨ ᠲᠦᠮᠡᠨ ᠤ ᠦᠵᠡᠯ ᠰᠠᠨᠠᠭ᠎ᠠ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠣᠨ᠎ᠠ᠃ | ︵ᠨᠠᠢᠮᠠ︶ ᠠᠮᠤᠷ ᠲᠦᠪᠰᠢᠨ ᠤ ︽ᠰᠢᠨ᠎ᠡ ᠱᠠᠭᠠᠷᠳᠠᠯᠭ᠎ᠠ︾ ᠶᠢ ᠨᠢᠭᠡᠳᠦᠯᠲᠡᠶ ᠲᠦᠯᠦᠪᠵᠢᠬᠦᠯᠵᠣ᠂ ᠠᠮᠤᠷ | ᠲᠣᠭᠲᠠᠭᠤᠨ ᠢ ᠪᠠᠳᠣᠯᠠᠨ᠎ᠠ᠃ ᠠᠷᠠᠳ ᠤᠯᠠᠨ ᠤ ᠠᠮᠢ ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠪᠠᠳᠣ ᠪᠠᠬᠢ ᠪᠠᠶᠢᠭᠤᠯᠣᠨ᠎ᠠ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠴᠦᠰ ᠲᠤᠨᠢ ᠲᠤᠯᠲᠠᠯ᠎ᠠ ᠰᠠᠶᠢᠲᠤᠷ ᠠᠳᠬᠤᠵᠤ᠂ | ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠬᠠᠷᠢᠯᠴᠠᠨ | ᠤᠶᠠᠯᠳᠤᠭᠤᠯᠬᠤ ᠶᠢ ᠪᠠᠷᠢᠮᠲᠠᠯᠠᠵᠤ᠂ ︽ᠲᠠᠪᠤᠨ ᠲᠠᠯ᠎ᠠ ᠶᠢᠨ ᠬᠠᠷᠢᠭᠤᠴᠠᠯᠭ᠎ᠠ︾ ᠶᠢ ᠤᠯᠠᠮ ᠪᠠᠲᠤᠳᠬᠠᠨ᠂ ︽ | ᠲᠦᠷᠪᠡᠨ ᠡᠯᠧᠮᠧᠨ᠋ᠲ ᠢ ᠬᠠᠮᠲᠤᠪᠠᠷ ᠰᠡᠷᠭᠡᠶᠢᠯᠡᠬᠦ︾ ᠶᠢ ᠴᠢᠩᠭᠠᠳᠬᠠᠵᠤ᠂ ᠪᠣᠭᠤᠮᠲᠠ ᠶᠢᠨ ᠪᠢᠳᠡᠬᠦᠮᠵᠢᠯᠡᠭᠰᠡᠨ | ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠦᠨ᠂ ᠪᠥᠭᠡᠮ ᠬᠦᠴᠢᠯ ᠤᠨ ᠪᠠᠶᠢᠴᠠᠭᠠᠯᠲᠠ ᠬᠢᠬᠦ᠂ ᠪᠠᠴᠢᠮ ᠪᠠᠶᠢᠳᠠᠯ ᠢ | ᠠᠷᠭᠠᠴᠠᠬᠤ ᠰᠣᠷᠢᠯᠲᠠ ᠬᠢᠬᠦ᠂ ᠸᠠᠺᠼᠢᠨ ᠤ ᠲᠠᠷᠢᠯᠭ᠎ᠠ ᠲᠠᠷᠢᠬᠤ ᠵᠡᠷᠭᠡ ᠠᠵᠢᠯ ᠢ ᠡᠮᠬᠢ ᠵᠢᠷᠤᠮ ᠲᠠᠢ ᠰᠠᠶᠢᠲᠤᠷ ᠬᠢᠵᠦ | ᠂ ᠬᠢᠵᠢᠭ ᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ ᠬᠢᠵᠢᠭ ᠡᠪᠡᠳᠴᠢᠨ ᠢ ᠰᠡᠷᠭᠡᠶᠢᠯᠡᠨ | ᠡᠵᠡᠮᠳᠡᠬᠦ ᠶᠢ ᠪᠠᠶᠢᠩᠭᠤ ᠶᠢᠨ ᠴᠢᠨᠡᠷᠲᠡᠢ ᠦᠷᠨᠢᠭᠦᠯᠵᠦ᠂ ᠵᠢᠯ ᠳᠤ 160 ᠲᠦᠮᠡᠨ ᠮᠥ ᠨᠤᠲᠤᠭ ᠪᠡᠯᠴᠢᠭᠡᠷ ᠤᠨ | ᠬᠤᠯᠤᠭᠠᠨ᠎ᠠ ᠶᠢᠨ ᠬᠥᠨᠥᠭᠡᠯ᠂ 85 ᠲᠦᠮᠡᠨ ᠮᠥ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠪᠠᠷ | ᠲᠥᠯᠥᠪᠯᠡᠵᠦ ᠪᠠᠶᠢᠨ᠎ᠠ᠃ ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠬᠢᠵᠢᠭ ᠰᠡᠷᠭᠡᠶᠢᠯᠡᠭᠴᠢ ᠶᠢ | ᠬᠢᠨᠠᠨ ᠰᠢᠯᠭᠠᠬᠤ᠂ ᠱᠠᠩᠨᠠᠵᠤ ᠲᠣᠷᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠬᠠᠪᠤᠷ ᠨᠠᠮᠤᠷ ᠤᠨ ᠤᠯᠠᠷᠢᠯ ᠳᠤ | ᠲᠥᠪᠯᠡᠷᠡᠭᠦᠯᠦᠨ ᠲᠠᠷᠢᠯᠭ᠎ᠠ ᠲᠠᠷᠢᠵᠣ᠂ ᠲᠠᠷᠢᠬᠤ ᠶᠣᠰᠣᠳᠠᠢ ᠶᠢ ᠨᠢ ᠪᠦᠬᠦᠨ ᠢ ᠳᠠᠷᠢᠬᠤ ᠶᠢ ᠪᠠᠲᠤᠯᠠᠨ᠎ᠠ᠃ ᠠᠶᠤᠯᠭᠦᠶ | ᠦᠢᠯᠡᠳᠪᠦᠷᠢᠯᠡᠯ ᠤᠨ ᠲᠣᠭᠲᠠᠭᠤᠨ ᠪᠠᠶᠢᠳᠠᠯ ᠢ ᠪᠠᠬᠢᠵᠢᠭᠦᠯᠦᠨ᠎ᠡ᠃ ᠠᠶᠤᠯᠭᠦᠶ ᠦᠢᠯᠡᠳᠪᠦᠷᠢᠯᠡᠯ ᠤᠨ ᠭᠤᠷᠪᠠᠨ | ᠵᠢᠯ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ︽ᠳᠠᠬᠢᠨ ᠪᠠᠶᠢᠴᠠᠭᠠᠯᠲᠠ︾ ᠶᠢ ᠭᠦᠨᠵᠡᠭᠡᠶ ᠥᠷᠨᠢᠭᠦᠯᠵᠦ᠂ | ᠨᠡᠭᠦᠷᠡᠰᠦᠨ ᠠᠭᠤᠷᠬᠠᠶ᠂ ᠨᠡᠭᠦᠷᠡᠰᠦᠨ ᠤ ᠪᠤᠰᠤ ᠠᠭᠤᠷᠬᠠᠶ᠂ ᠲᠡᠮᠦᠷᠯᠢᠭ ᠪᠣᠯᠪᠠᠰᠤᠷᠠᠭᠤᠯᠬᠤ ᠠᠵᠤ ᠦᠢᠯᠡᠳᠪᠦᠷᠢ | ᠠᠷᠠᠯᠵᠢᠶ᠎ᠠ᠂ ᠠᠶᠤᠯᠲᠠᠶ ᠬᠢᠮᠢ ᠶᠢᠨ ᠪᠣᠳᠠᠰ᠂ ᠢᠳᠡᠭᠡᠨ ᠪᠠ ᠡᠮ ᠤᠨ ᠵᠦᠢᠯᠡᠰ ᠵᠡᠷᠭᠡ ᠭᠤᠣᠯᠳᠠᠯᠭ᠎ᠠ ᠲᠠᠢ | ᠬᠦᠷᠢᠶᠡᠨ ᠳᠠᠬᠢ ᠲᠠᠯᠳᠠ ᠭᠡᠮ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠵᠦ᠂ | ᠡᠯ᠎ᠡ ᠲᠦᠷᠦᠯ ᠤᠨ ᠠᠶᠤᠯᠭᠦᠶ ᠦᠢᠯᠡᠳᠪᠦᠷᠢᠯᠡᠯ ᠤᠨ ᠡ᠊ᠨᠳᠡᠯ ᠭᠠᠷᠬᠤ ᠶᠢ ᠴᠢᠩᠭ᠎ᠠ ᠰᠡᠷᠭᠡᠶᠢᠯᠡᠨ᠎ᠡ᠃ ᠭᠠᠯ ᠤᠨ | ᠠᠶᠣᠯ ᠢ ᠰᠡᠷᠭᠡᠶᠢᠯᠡᠬᠦ᠂ ᠦᠶᠡᠷ ᠢ ᠰᠡᠷᠭᠡᠶᠢᠯᠡᠬᠦ ᠪᠠ ᠭᠠᠮᠰᠢᠭ ᠢ ᠰᠡᠷᠭᠡᠶᠢᠯᠡᠵᠦ ᠭᠠᠮᠰᠢᠭ ᠤᠨ ᠬᠤᠬᠢᠷᠠᠯ ᠢ ᠪᠠᠭᠠᠰᠬᠠᠬᠤ | ᠠᠵᠢᠯ ᠢ ᠰᠠᠶᠢᠲᠤᠷ ᠬᠢᠵᠦ᠂ 630 ᠺᠢᠯᠣᠮᠧᠲᠷ ᠤᠨ ᠬᠢᠯᠢ ᠳᠠᠭᠠᠣ ᠶᠢᠨ ᠴᠠᠷᠠᠭ᠎ᠠ ᠪᠠᠶᠢᠭᠤᠯᠬᠤ ᠡᠭᠦᠷᠭᠡ ᠶᠢ | ᠪᠡᠶᠡᠯᠡᠭᠦᠯᠵᠦ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ | ᠪᠠᠶᠢᠴᠠᠭᠠᠯᠲᠠ ᠶᠢ ᠪᠡᠶᠡᠯᠡᠭᠦᠯᠬᠦ ᠶᠢᠨ ᠬᠠᠮᠲᠤ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠤᠯᠢᠶᠠᠰᠤᠲᠠᠶ | ᠠᠵᠤ ᠦᠢᠯᠡᠳᠪᠦᠷᠢ ᠶᠢᠨ ᠲᠣᠭᠤᠷᠢᠭ ᠤᠨ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠠᠵᠢᠯ ᠢ ᠳᠠᠭᠤᠰᠬᠠᠬᠤ ᠪᠠᠷ | ᠴᠢᠷᠮᠠᠶᠢᠨ᠎ᠠ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ ᠪᠦᠬᠦ ᠲᠠᠯ᠎ᠠ ᠪᠠᠷ ᠰᠡᠷᠭᠡᠶᠢᠯᠡᠨ᠎ᠡ᠃ ᠮᠥᠩᠭᠦᠨ | ᠭᠦᠢᠯᠭᠡᠭᠡᠨ ᠤ ᠲᠦᠭᠰᠢᠭᠦᠷᠢ ᠶᠢ ᠠᠷᠢᠯᠭᠠᠬᠤ ᠪᠠ ᠨᠡᠮᠡᠭᠳᠡᠬᠦ ᠠᠴᠠ ᠰᠡᠷᠭᠡᠶᠢᠯᠡᠬᠦ ᠶᠢ ᠦᠷᠭᠦᠯᠵᠢᠯᠡᠨ ᠰᠠᠶᠢᠲᠤᠷ | ᠠᠳᠬᠤᠵᠤ᠂ ᠥᠷᠢ ᠥᠭᠴᠡᠭᠡ ᠶᠢᠨ ᠰᠢᠨ᠎ᠡ ᠪᠠᠷ ᠨᠡᠮᠡᠭᠳᠡᠬᠦ ᠶᠢ ᠴᠢᠩᠭ᠎ᠠ ᠰᠡᠷᠭᠡᠶᠢᠯᠡᠵᠦ᠂ ᠵᠢᠯ ᠳᠤ ᠵᠠᠰᠠᠭ ᠤᠨ | ᠣᠷᠳᠤᠨ ᠤ ᠦᠷ᠎ᠡ ᠦᠭᠴᠡᠭᠡ ᠶᠢ 2.9 ᠳ᠋ᠦᠩᠰᠢᠭᠤᠷ ᠲᠥᠭᠦᠷᠢᠭ ᠠᠷᠢᠯᠭᠠᠨ᠎ᠠ᠃ ᠢᠨᠲ᠋ᠧᠷ ᠰᠦᠯᠵᠢᠶᠡᠨ ᠤ | ᠮᠥᠩᠭᠦᠨ ᠭᠦᠢᠯᠭᠡᠭᠡ᠂ ᠰᠦᠯᠵᠢᠶᠡᠨ ᠤ ᠵᠢᠭᠡᠯᠡᠯᠭᠡ ᠵᠡᠷᠭᠡ ᠰᠢᠨ᠎ᠡ ᠬᠦᠷᠢᠶᠡᠨ ᠳᠠᠬᠢ ᠬᠠᠤᠯᠢ ᠪᠤᠰᠤ ᠪᠠᠷ ᠪᠡᠯᠡ | ᠴᠤᠭᠯᠠᠭᠤᠯᠬᠤ ᠠᠵᠢᠯᠯᠠᠭ᠎ᠠ ᠶᠢ ᠨᠢᠭᠲᠠ ᠰᠡᠷᠭᠡᠶᠢᠯᠡᠵᠦ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢᠨ | ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ᠶᠡᠷᠦᠩᠬᠡᠶᠢᠯᠡᠨ ᠵᠠᠰᠠᠬᠤ ᠲᠣᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠢᠩᠭᠠᠳᠬᠠᠵᠤ᠂ ᠰᠦᠯᠵᠢᠶᠡᠨ ᠤ ᠠᠮᠤᠷ ᠲᠦᠪᠰᠢᠨ ᠤ | ᠪᠠᠶᠢᠭᠤᠯᠤᠯᠲᠠ ᠶᠢ ᠠᠬᠢᠭᠤᠯᠵᠤ᠂ ᠠᠷᠢᠭᠤᠨ ᠴᠡᠪᠡᠷ ᠰᠦᠯᠵᠢᠶᠡᠨ ᠤ ᠣᠷᠣᠨ ᠵᠠᠢ ᠶᠢ ᠪᠤᠢ ᠪᠣᠯᠭᠠᠨ᠎ᠠ᠃ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠦᠨᠳᠦᠰᠦᠨ ᠱᠠᠲᠤᠨ ᠤ ᠰᠠᠭᠤᠷᠢ ᠠᠵᠢᠯ ᠢ ᠴᠢᠩᠭᠠᠳᠬᠠᠵᠤ᠂ ᠮᠡᠳᠡᠭᠡ | ᠵᠠᠩᠬᠢᠵᠢᠭᠰᠡᠨ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠳᠠᠯᠴᠠᠭ᠎ᠠ ᠶᠢ ᠲᠡᠭᠦᠯᠳᠡᠷᠵᠢᠭᠦᠯᠵᠦ᠂ | ᠫᠣᠣ ᠵᠡᠪᠰᠡᠭ ᠬᠤᠷᠢᠶᠠᠵᠣ᠂ ᠲᠡᠰᠣᠷᠡᠬᠦ ᠡᠳ᠋ ᠶᠢ ᠴᠡᠭᠴᠡᠯᠡᠬᠦ᠂ ᠱᠠᠯᠢᠭ ᠵᠠᠪᠬᠠᠶ᠂ ᠬᠠᠣᠯᠢ ᠪᠣᠰᠣ ᠠᠵᠢᠯᠯᠠᠭ᠎ᠠ ᠳᠤ | ᠴᠣᠬᠢᠯᠲᠠ ᠥᠭᠬᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠠᠵᠢᠯᠯᠠᠭ᠎ᠠ ᠶᠢ | ᠪᠠᠶᠢᠩᠭᠤᠵᠢᠭᠤᠯᠤᠨ ᠥᠷᠨᠢᠭᠦᠯᠵᠦ᠂ ᠠᠷᠠᠳ ᠤᠨ ᠬᠤᠭᠤᠷᠣᠨᠳᠣᠬᠢ ᠵᠢᠭᠡᠯᠡᠯᠭᠡ ᠶᠢ ᠴᠢᠩᠭ᠎ᠠ ᠴᠡᠭᠴᠡᠯᠡᠨ ᠵᠠᠰᠠᠵᠤ᠂ | ᠴᠠᠬᠢᠯᠭᠠᠨ ᠬᠤᠯᠪᠣᠭᠠᠨ ᠤ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ | ᠥᠭᠭᠦᠨ᠎ᠡ᠃ ᠨᠡᠶᠢᠭᠡᠮ ᠤᠨ ᠵᠤᠬᠢᠶᠠᠨ ᠪᠠᠶᠢᠭᠤᠯᠤᠯᠲᠠ᠂ ᠰᠠᠶᠢᠨ ᠳᠤᠷᠠᠴᠤᠳ ᠤᠨ ᠦᠢᠯᠡᠴᠢᠯᠡᠭᠡ᠂ | ᠨᠢᠭᠦᠯᠡᠰᠦᠩᠭᠦᠢ ᠶᠢᠨ ᠦᠢᠯᠡᠰ ᠤᠨ ᠡᠷᠡᠭᠦᠯ ᠢᠶᠠᠷ ᠬᠦᠭᠵᠢᠬᠦ ᠶᠢ ᠲᠠᠮᠵᠢᠵᠦ᠂ ᠱᠠᠰᠢᠨ ᠰᠣᠷᠲᠠᠬᠤᠨ᠂ ᠤᠯᠠᠨ ᠲᠦᠮᠡᠨᠴᠢ | ᠪᠦᠯᠬᠦᠮ ᠤᠨ ᠠᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠡᠮᠡᠭᠲᠡᠶᠢᠴᠦᠳ᠂ ᠬᠡᠤᠬᠡᠳ᠂ | ᠨᠠᠰᠣᠲᠠᠶᠢᠴᠣᠳ ᠪᠠ ᠵᠡᠮᠳᠡᠭᠴᠦᠳ ᠤᠨ ᠬᠠᠤᠯᠢ ᠶᠤᠰᠤᠨ ᠤ ᠡᠷᠬᠡ ᠠᠰᠢᠭ ᠢ ᠪᠠᠲᠤᠯᠠᠨ᠎ᠠ᠃ | ︵ᠶᠢᠰᠦ︶ ᠨᠠᠮ ᠤᠨ ᠪᠠᠶᠢᠭᠤᠯᠤᠯᠲᠠ ᠶᠢᠨ ︽ᠰᠢᠨ᠎ᠡ ᠣᠶᠢᠯᠠᠭᠠᠭᠳᠠᠬᠤᠨ︾ ᠢ ᠡᠵᠡᠮᠳᠡᠵᠦ᠂ ᠵᠠᠰᠠᠭ ᠤᠨ | ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢᠨ ᠰᠢᠨ᠎ᠡ ᠶᠢ ᠡᠬᠦᠳᠦᠨ᠎ᠡ᠃ ᠰᠢᠨ᠎ᠡ ᠴᠠᠭ ᠦᠶ᠎ᠡ ᠶᠢᠨ ᠨᠠᠮ ᠤᠨ | ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠴᠢᠩᠭ᠎ᠠ ᠡᠵᠡᠮᠳᠡᠵᠦ᠂ ᠠᠷᠠᠳ ᠲᠦᠮᠡᠨ ᠢ ᠳᠡᠭᠡᠳᠦᠯᠡᠬᠦ ᠠᠵᠢᠯ ᠤᠨ | ᠤᠳᠤᠷᠢᠳᠤᠮᠵᠢ᠂ ᠪᠣᠳᠠᠲᠠᠢ ᠠᠵᠢᠯᠯᠠᠬᠤ ᠶᠢ ᠴᠢᠬᠤᠯᠠᠴᠢᠯᠠᠬᠤ ᠠᠵᠢᠯ ᠤᠨ ᠰᠤᠷᠲᠠᠯ᠂ ᠠᠮᠵᠢᠯᠳᠠ ᠭᠠᠷᠭᠠᠬᠤ ᠪᠠᠷ | ᠴᠢᠷᠮᠠᠶᠢᠬᠤ ᠠᠵᠢᠯ ᠤᠨ ᠣᠪᠣᠷ᠂ ᠪᠦᠯᠬᠦᠮᠳᠡᠨ ᠨᠢᠭᠡᠳᠦᠭᠰᠡᠨ ᠠᠵᠢᠯ ᠤᠨ ᠤᠷᠴᠢᠨ ᠢ ᠪᠠᠷᠢᠮᠲᠠᠯᠠᠵᠤ᠂ ᠵᠠᠰᠠᠭ ᠤᠨ | ᠣᠷᠳᠣᠨ ᠤ ᠬᠡᠷᠡᠭᠵᠢᠬᠦᠯᠬᠦ ᠬᠦᠴᠦᠨ ᠢ ᠦᠨᠡᠨᠬᠦ ᠴᠢᠩᠭᠠᠳᠬᠠᠨ᠂ ᠤᠯᠠᠨ ᠨᠡᠶᠢᠲᠡ ᠶᠢᠨ ᠢᠳᠡᠭᠡᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠵᠦ᠂ ᠨᠠᠮ ᠪᠠ ᠠᠷᠠᠳ ᠲᠦᠮᠡᠨ ᠰᠡᠳᠬᠢᠯ ᠬᠠᠨᠤᠮᠵᠢᠲᠠᠢ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ | ᠣᠷᠳᠣᠨ ᠢ ᠪᠠᠶᠢᠭᠤᠯᠣᠨ᠎ᠠ᠃ ᠨᠠᠮ ᠤᠨ ᠤᠳᠤᠷᠢᠳᠤᠯᠭ᠎ᠠ ᠶᠢ ᠡᠷᠡᠰ ᠪᠠᠷᠢᠮᠲᠠᠯᠠᠨ᠎ᠠ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ | ᠲᠠᠯᠪᠢᠨ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠨ᠂ ︽ | ᠬᠤᠶᠠᠷ ᠢ ᠬᠠᠮᠠᠭᠠᠯᠠᠬᠤ︾ ᠶᠢ ᠴᠢᠩᠭᠠᠳᠬᠠᠵᠣ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠳᠡᠭᠡᠷ᠎ᠡ ᠱᠠᠲᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠵᠢᠴᠢ ᠬᠤᠰᠢᠭᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠰᠠᠶᠢᠳᠣᠷ | ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠦᠢᠯᠡᠰ ᠤᠨ ᠢᠮᠠᠭᠲᠠ ᠵᠥᠪ ᠣᠨᠣᠪᠴᠢᠲᠠᠶ ᠤᠯᠤᠰ ᠲᠥᠷᠥ ᠶᠢᠨ | ᠴᠢᠭᠯᠡᠯ ᠢᠶᠠᠷ ᠤᠷᠤᠭᠰᠢᠯᠠᠬᠤ ᠶᠢ ᠪᠠᠲᠤᠯᠠᠨ᠎ᠠ᠃ ᠦᠨᠳᠦᠰᠦᠲᠡᠨ ᠤ ᠪᠦᠯᠬᠦᠮᠳᠡᠯ ᠢ ᠡᠷᠡᠰ ᠪᠠᠷᠢᠮᠲᠠᠯᠠᠨ᠎ᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ | ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠴᠢᠩᠭᠠᠳᠬᠠᠨ᠂ ᠤᠯᠤᠰ ᠤᠨ | ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ | ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠤᠨ ᠬᠠᠮᠤᠷᠬᠤ | ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠨ᠂ ᠨᠢᠭᠡ ᠪᠦᠯᠦᠭ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠬᠦᠯᠦᠨ᠎ᠡ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠡᠷᠡᠰ | ᠪᠠᠷᠢᠮᠲᠠᠯᠠᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢ | ᠳᠣᠭᠳᠠᠭᠠᠬᠤ ᠳᠦᠷᠢᠮ︾ ᠢ ᠴᠢᠩᠭ᠎ᠠ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ | ᠵᠦᠢᠯ ᠤᠨ ᠲᠥᠷᠢᠮ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂《ᠨᠠᠢᠮᠠᠳᠣᠭᠠᠷ ᠲᠠᠪᠣᠨ ᠵᠢᠯ》 ᠤᠨ ᠬᠠᠤᠯᠢ | ᠲᠦᠭᠡᠮᠡᠯᠵᠢᠭᠦᠯᠬᠦ ᠠᠵᠢᠯ ᠢ ᠰᠠᠶᠢᠲᠤᠷ ᠬᠢᠵᠦ᠂ ᠬᠠᠤᠯᠢ ᠪᠠᠷ ᠵᠠᠰᠠᠬᠤ ᠰᠡᠳᠬᠢᠬᠦᠶ ᠪᠣᠯᠤᠨ ᠬᠠᠤᠯᠢ ᠪᠠᠷ ᠵᠠᠰᠠᠬᠤ ᠠᠷᠭ᠎ᠠ | ᠮᠠᠶ᠋ᠢᠭ ᠢᠶᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠥᠭᠵᠢᠯᠲᠡ ᠶᠢ ᠠᠬᠢᠭᠤᠯᠵᠤ᠂ ᠵᠥᠷᠢᠴᠡᠯ ᠢ ᠨᠠᠮᠳᠠᠭᠤᠯᠤᠨ᠂ | ᠲᠣᠭᠲᠠᠭᠤᠨ ᠢ ᠬᠠᠮᠠᠭᠠᠯᠠᠨ᠎ᠠ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠡᠷᠡᠰ ᠪᠠᠷᠢᠮᠲᠠᠯᠠᠨ᠎ᠠ᠃ | ︽ᠭᠤᠷᠪᠠᠨ ᠴᠢᠬᠤᠯᠠ ᠨᠢᠭᠡ ᠲᠣᠮᠣ︾ ᠭᠡᠷᠡᠭ ᠶᠠᠪᠣᠳᠠᠯ ᠳᠤ ᠰᠢᠢᠳᠪᠦᠷᠢ ᠲᠣᠭᠲᠠᠭᠠᠬᠤ ᠲᠦᠷᠢᠮ ᠢ ᠨᠠᠷᠢᠨ ᠬᠢᠨᠠᠮᠠᠭᠠᠶ | ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ᠂ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ ᠨᠠᠮ ᠤᠨ ᠰᠤᠷᠲᠠᠯ | ᠪᠠ ᠴᠢᠭᠡᠴᠢ ᠵᠠᠰᠠᠭ ᠤᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠲᠥᠪ ᠤᠨ ᠨᠠᠢᠮᠠᠨ | ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠦᠷᠢᠵᠢᠭᠤᠯᠤᠨ᠂ ︽ᠭᠤᠷᠪᠠᠨ ᠵᠦᠢᠯ ᠤᠨ | ᠠᠯᠪᠠᠨ ᠤ ᠵᠠᠷᠤᠳᠠᠯ︾ ᠢ ᠴᠢᠩᠭ᠎ᠠ ᠬᠢᠵᠠᠭᠠᠷᠯᠠᠵᠤ᠂ ᠵᠠᠰᠠᠭ ᠤᠨ ᠣᠷᠳᠣᠨ ︽ᠠᠷᠪᠢᠴᠢ ᠭᠠᠮᠲᠠᠶ ᠠᠮᠢᠳᠣᠷᠠᠬᠤ︾ ᠪᠠᠷ | ᠤᠯᠠᠨ ᠲᠦᠮᠡᠨ ᠳᠤ ︽ᠰᠠᠶᠢᠨ ᠰᠠᠶᠢᠬᠠᠨ ᠠᠮᠢᠳᠤᠷᠠᠯ︾ ᠢ ᠬᠦᠷᠳᠡᠭᠡᠨ᠎ᠡ᠃ ᠬᠡᠯᠪᠡᠷᠢᠴᠢ ᠦᠵᠡᠯ᠂ ᠨᠣᠶᠠᠨᠴᠢ | ᠰᠤᠷᠲᠠᠯ ᠢ ᠡᠷᠡᠰ ᠴᠡᠭᠴᠡᠯᠡᠨ ᠵᠠᠰᠠᠵᠤ᠂ ︽ᠥᠴᠦᠬᠡᠨ ᠴᠦ ᠢᠯᠳᠠᠷ ᠬᠠᠶᠠᠬᠤ ᠦᠭᠡᠢ︾ ᠣᠪᠣᠷ ᠢᠶᠠᠷ ᠢᠯᠵᠠᠷᠠᠯ ᠢ | ᠵᠠᠯᠬᠠᠭᠠᠨ ᠰᠢᠳᠬᠡᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠶ ᠶᠢ ᠪᠤᠢ ᠪᠣᠯᠭᠠᠨ᠎ᠠ᠃ | ᠯᠠᠪᠳᠠᠭᠤᠨ ᠪᠠᠲᠤᠲᠠᠢ ᠰᠢᠷᠭᠠᠭᠤ ᠠᠵᠢᠯᠯᠠᠬᠤ ᠶᠢ ᠪᠠᠷᠢᠮᠲᠠᠯᠠᠵᠤ᠂ ᠡᠷᠴᠢ ᠵᠣᠷᠢᠭ ᠢᠶᠠᠨ ᠴᠢᠩᠭᠠᠷᠠᠭᠤᠯᠣᠨ᠎ᠠ᠃ | ᠵᠠᠰᠠᠭ ᠤᠨ ᠣᠷᠳᠣᠨ ᠤ ᠠᠵᠢᠯ ᠤᠨ ᠨᠠᠷᠢᠨ ᠲᠠᠩᠰᠠᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠱᠠᠭᠠᠷᠳᠠᠨ | ᠪᠠᠶᠢᠴᠠᠭᠠᠵᠤ ᠭᠦᠢᠴᠡᠳᠬᠡᠬᠦ᠂ ᠬᠠᠷᠢᠭᠤᠴᠠᠯᠭ᠎ᠠ ᠨᠡᠬᠡᠮᠵᠢᠯᠡᠬᠦ ᠪᠠ ᠦᠷ᠎ᠡ ᠪᠦᠲᠦᠮᠵᠢ ᠶᠢ ᠠᠰᠠᠭᠤᠬᠤ ᠶᠢ ᠴᠢᠩᠭᠠᠳᠬᠠᠵᠤ | ᠂ ︽ᠬᠤᠸᠠᠷ ᠬᠠᠳᠬᠤᠬᠤ︾ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ | ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ᠂ ᠥᠩᠭᠡᠨ | ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠠᠵᠢᠯ ᠤᠨ ᠵᠠᠷᠴᠢᠮ ᠢ ᠪᠠᠷᠢᠮᠲᠠᠯᠠᠨ᠂ ᠬᠤᠶᠠᠳᠤᠭᠠᠷ | ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢ ᠤᠭᠲᠤᠬᠤ | ᠪᠡᠯᠡᠳᠬᠡᠯ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠡᠯ᠎ᠡ ᠲᠥᠷᠥᠯ ᠤᠨ ᠲᠤᠰᠬᠠᠶ ᠴᠡᠭᠴᠡᠯᠡᠨ ᠵᠠᠰᠠᠬᠤ | ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠣᠨ ᠤ ᠴᠡᠭᠴᠡᠯᠡᠨ ᠵᠠᠰᠠᠬᠤ ᠡᠭᠦᠷᠭᠡ ᠪᠠᠨ ᠴᠢᠨᠠᠷ ᠰᠠᠶᠢᠲᠠᠶ ᠥᠨᠳᠥᠷ | ᠪᠠᠷᠢᠮᠵᠢᠶ᠎ᠠ ᠪᠠᠷ ᠪᠡᠶᠡᠯᠡᠭᠦᠯᠬᠦ ᠶᠢ ᠪᠠᠲᠤᠯᠠᠨ᠂ ᠴᠡᠭᠴᠡᠯᠡᠨ ᠵᠠᠰᠠᠭᠰᠠᠨ ᠦᠷ᠎ᠡ ᠪᠦᠲᠦᠮᠵᠢ ᠪᠠᠨ ᠪᠠᠬᠢᠵᠢᠭᠦᠯᠦᠨ᠎ᠡ᠃ | ᠲᠥᠯᠥᠭᠡᠯᠡᠭᠴᠢᠳ ᠡ᠂ ᠰᠢᠨ᠎ᠡ ᠠᠶᠠᠨ ᠠᠶᠠᠨ ᠢ ᠪᠠᠷᠠᠯᠠᠬᠤᠶ᠎ᠠ ᠡᠭᠦᠷᠭᠡ ᠬᠦᠨᠳᠦ ᠢᠲᠡᠭᠡᠯ ᠲᠡᠭᠦᠯᠳᠡᠷ︔ | ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ | ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠣᠯᠤᠨ ᠬᠤᠰᠢᠭᠤ | ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠣᠣᠷ᠎ᠠ᠂ ᠤᠬ ᠰᠠᠨᠠᠭ᠎ᠠ ᠪᠠᠨ ᠦᠯᠦ ᠮᠠᠷᠲᠠᠨ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠵᠡᠭᠦᠨ ᠦᠵᠦᠮᠦᠴᠢᠨ ᠬᠤᠰᠢᠭᠤᠨ ᠤ ᠬᠥᠭᠵᠢᠯᠲᠡ ᠶᠢᠨ ᠰᠢᠨ᠎ᠡ | ᠬᠠᠭᠤᠳᠠᠰᠤ ᠶᠢ ᠪᠢᠴᠢᠭᠯᠡᠵᠡᠭᠡᠶ᠎ᠡ︕ | | |