ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠶᠢᠨ ᠲᠠᠰᠢᠷᠠᠮ ᠳᠤ᠂ | ᠲᠡᠷᠢᠭᠦᠨ ᠤ ᠬᠢ ᠶᠢ ᠵᠣᠷᠢᠭᠵᠢᠭᠤᠯᠵᠤ᠂ ᠨᠠᠮ ᠤᠨ ᠭᠡᠰᠢᠭᠦᠨ ᠣᠯᠠᠨ ᠲᠦᠮᠡᠨ ᠤ ᠨᠢᠭᠲᠠᠷᠠᠯ ᠤᠨ ᠬᠦᠴᠦᠨ ᠢ | ᠴᠢᠩᠭᠠᠳᠬᠠᠬᠤ ᠶᠢᠨ ᠲᠥᠯᠥᠭᠡ᠂ 2021 ᠣᠨ ᠤ 12 ᠰᠠᠷ᠎ᠠ ᠶᠢᠨ 26 ᠤ ᠡᠳᠦᠷ᠂ ᠵᠡᠭᠦᠨ ᠦᠵᠦᠮᠦᠴᠢᠨ | ᠬᠤᠰᠢᠭᠤᠨ ᠤ ᠭᠠᠬᠢᠯ ᠰᠤᠮᠤᠨ ᠤ ᠬᠠᠳᠠᠲᠤ ᠭᠠᠴᠠᠭ᠎ᠠ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠶᠢ ᠪᠡᠯᠭᠡᠯᠡᠬᠦ | ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠢᠪᠠ᠃ ᠬᠤᠷᠠᠯ ᠢ ᠭᠠᠴᠠᠭᠠᠨ ᠤ ᠨᠠᠮ ᠤᠨ ᠡᠭᠦᠷ ᠤᠨ ᠱᠦᠵᠢ᠂ | ᠭᠠᠴᠠᠭᠠᠨ ᠳᠠᠷᠤᠭ᠎ᠠ ᠴᠢᠮᠡᠳᠳᠣᠷᠵᠢ ᠡᠷᠭᠢᠯᠡᠵᠦ᠂ ᠰᠤᠮᠤᠨ ᠤ ᠭᠠᠴᠠᠭ᠎ᠠ ᠳᠠᠭᠠᠭᠠᠴᠢᠯᠠᠭᠰᠠᠨ ᠤᠳᠤᠷᠢᠳᠤᠯᠭ᠎ᠠ ᠺᠠᠳ᠋ᠷ | ᠂ ᠭᠠᠴᠠᠭᠠᠨ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ᠂ ᠨᠠᠮ ᠤᠨ ᠭᠡᠰᠢᠭᠦᠨ ᠤᠯᠠᠨ ᠲᠦᠮᠡᠨ᠂ | ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠤᠪᠢ ᠬᠥᠮᠦᠨ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠳᠠᠷᠤᠭ᠎ᠠ ᠴᠢᠮᠡᠳᠳᠣᠷᠵᠢ ᠡᠩ | ᠲᠡᠷᠢᠭᠦᠨ ᠳᠤ ᠨᠢᠭᠡ ᠵᠢᠯ ᠤᠨ ᠠᠵᠢᠯ ᠢᠶᠠᠨ ᠳᠥᠭᠦᠮᠬᠡᠨ ᠡᠷᠭᠢᠴᠡᠭᠦᠯᠵᠦ᠂ ᠲᠤᠷᠰᠢᠯᠭ᠎ᠠ ᠪᠠᠨ ᠳ᠋ᠦᠩᠨᠡᠭᠰᠡᠨ ᠪᠥᠭᠡᠳ | ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠪᠠᠨ ᠲᠣᠬᠢᠷᠠᠭᠤᠯᠪᠠ᠃ ᠳᠠᠷᠠᠭ᠎ᠠ ᠨᠢ᠂ ᠭᠠᠴᠠᠭᠠᠨ ᠤ ︽ | ᠭᠤᠷᠪᠠᠨ ᠶᠠᠪᠤᠳᠠᠯ︾ ︽ᠭᠤᠷᠪᠠᠨ ᠪᠠᠯᠠ︾ ᠶᠢᠨ ᠬᠠᠮᠢᠶᠠᠷᠤᠯᠲᠠ ᠪᠠ ᠬᠡᠷᠡᠭᠯᠡᠯᠲᠡ ᠶᠢᠨ ᠪᠠᠶᠢᠳᠠᠯ ᠢ ᠢᠯᠡ ᠪᠣᠯᠭᠠᠪᠠ᠃ | ᠬᠠᠮᠤᠭ ᠰᠡᠬᠦᠯ ᠳᠤ᠂ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠵᠠᠯᠠᠭᠤᠴᠤᠳ᠂ ᠡᠮᠡᠭᠲᠡᠶᠢᠴᠦᠳ ᠵᠢᠴᠢ ︽ | 3·8︾ ᠤ ᠤᠯᠠᠭᠠᠨ ᠲᠤᠭᠴᠢ ᠵᠡᠷᠭᠡ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠭᠰᠠᠨ ᠪᠥᠭᠡᠳ | ᠢᠷᠠᠭᠤ ᠠᠯᠳᠠᠷ ᠤᠨ ᠦᠨᠡᠮᠯᠡᠯ ᠪᠠ ᠱᠠᠩᠨᠠᠯ ᠤᠨ ᠪᠣᠳᠠᠰ ᠤᠯᠭᠤᠵᠤ᠂ ᠪᠦᠬᠦ ᠨᠠᠮ ᠤᠨ ᠭᠡᠰᠢᠭᠦᠨ ᠤᠯᠠᠨ ᠲᠦᠮᠡᠨ ᠢ | ᠲᠡᠷᠢᠭᠦᠨ ᠤ ᠬᠢ ᠪᠠᠷ ᠵᠢᠱᠢᠶᠡᠴᠢ ᠪᠣᠯᠭᠠᠵᠤ᠂ ᠨᠡᠶᠢᠲᠡᠯᠢᠭ ᠵᠢᠱᠢᠶᠡᠴᠢ ᠪᠠᠷ ᠳᠠᠭᠤᠷᠢᠶᠠᠯ ᠪᠣᠯᠭᠠᠵᠤ᠂ ᠬᠠᠳᠠᠲᠤ | ᠭᠠᠴᠠᠭᠠᠨ ᠤ ᠡᠯ᠎ᠡ ᠵᠦᠢᠯ ᠤᠨ ᠠᠵᠢᠯ ᠦᠢᠯᠡᠰ ᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠭᠡᠷᠡᠢ ᠭᠡᠵᠦ | ᠤᠷᠢᠶᠠᠯᠠᠪᠠ᠃ | ᠬᠤᠷᠠᠯ ᠳᠡᠭᠡᠷ᠎ᠡ᠂ ᠭᠠᠬᠢᠯ ᠰᠤᠮᠤᠨ ᠤ ᠳᠡᠳ᠋ ᠰᠤᠮᠤᠨ ᠳᠠᠷᠤᠭ᠎ᠠ ᠪᠠᠶᠢᠭᠠᠯᠢᠬᠦᠦ ᠠᠴᠠ ᠡᠯ᠎ᠡ | ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠤᠪᠢ ᠬᠥᠮᠦᠨ ᠳᠤ ᠬᠠᠯᠠᠭᠤᠨ ᠪᠠᠶᠠᠷ ᠬᠦᠷᠭᠡᠵᠦ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠦ ᠦᠨᠳᠦᠰᠦᠨ ᠱᠠᠲᠤᠨ ᠤ ᠥᠷᠭᠡᠨ ᠤᠯᠠᠨ ᠨᠠᠮ ᠤᠨ | ᠭᠡᠰᠢᠭᠦᠨ ᠤᠯᠠᠨ ᠲᠦᠮᠡᠨ ᠳᠤ ᠬᠥᠬᠢᠭᠦᠯᠦᠨ ᠰᠠᠶᠢᠰᠢᠶᠠᠭᠳᠠᠭᠰᠠᠨ ᠬᠤᠪᠢ ᠬᠥᠮᠦᠨ ᠠᠴᠠ ᠲᠠᠭᠠᠨ ᠰᠤᠷᠤᠯᠴᠠᠬᠤ ᠶᠢ | ᠤᠷᠢᠶᠡᠯᠠᠨ᠂ ᠡᠷᠬᠡᠪᠰᠢ ᠲᠡᠷᠢᠭᠦᠨ ᠤ ᠬᠢ ᠪᠠᠷ ᠳᠠᠭᠤᠷᠢᠶᠠᠯ ᠪᠤᠯᠭᠠᠨ᠂ ᠲᠡᠷᠢᠭᠦᠨ ᠤ ᠬᠢ ᠠᠴᠠ ᠰᠤᠷᠤᠯᠴᠠᠨ᠂ | ᠲᠡᠷᠢᠭᠦᠨ ᠤ ᠬᠢ ᠶᠢ ᠲᠠᠪᠠᠵᠦ᠂ ᠦᠷᠭᠦᠯᠵᠢᠯᠡᠨ ᠨᠠᠩ ᠡᠷᠡᠰ ᠴᠢᠩᠭ᠎ᠠ ᠨᠠᠮᠴᠢ ᠴᠢᠨᠠᠷ ᠂ ᠨᠡᠩ ᠢᠯᠡᠭᠦᠦ ᠴᠢᠯᠥᠭᠡᠯᠡᠬᠦ | ᠦᠵᠡᠯ ᠰᠠᠨᠠᠭ᠎ᠠ᠂ ᠨᠠᠩ ᠪᠣᠳᠠᠲᠠᠶ ᠶᠢ ᠡᠷᠬᠢᠮᠯᠡᠬᠦ ᠰᠤᠷᠲᠠᠯ᠂ ᠨᠠᠩ ᠴᠤᠭ ᠵᠢᠪᠬᠤᠭ᠎ᠠ ᠲᠠᠢ᠂ ᠨᠠᠩ ᠴᠢᠩᠭ᠎ᠠ ᠡᠭᠦᠷᠭᠡᠲᠦ | ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠷ ᠬᠤᠰᠢᠭᠤᠴᠢ ᠵᠢᠱᠢᠶᠡᠴᠢ ᠳᠠᠭᠠᠭᠤᠯᠬᠤ ᠦᠢᠯᠡᠳᠦᠯ ᠢ | ᠪᠠᠳᠠᠷᠠᠭᠤᠯᠬᠤ ᠬᠡᠷᠡᠭᠲᠡᠶ᠂ ᠡᠷᠬᠡᠪᠰᠢ ᠨᠠᠮ ᠤᠨ ᠭᠡᠰᠢᠭᠦᠨ ᠤ ᠴᠤᠭ ᠵᠢᠪᠬᠤᠭ᠎ᠠ ᠶᠢ ᠢᠯᠡᠷᠡᠭᠦᠯᠬᠦ᠂ ᠥᠷᠭᠡᠨ ᠣᠯᠠᠨ | ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠬᠦ᠂ ᠴᠠᠭ ᠲᠣᠬᠢᠶᠠᠯ ᠢ | ᠠᠮᠵᠢᠬᠤ᠂ ᠰᠠᠯᠬᠢ ᠬᠥᠯᠥᠭᠯᠡᠨ ᠳᠠᠪᠠᠯᠭᠠᠨ ᠵᠦᠰᠦᠬᠦ᠂ ᠡᠷᠡᠰ ᠰᠢᠭᠤᠷᠬᠠᠶ ᠪᠠᠷ ᠤᠷᠤᠭᠰᠢᠯᠠᠬᠤ᠂ ᠡᠷᠡᠮᠡᠬᠡᠶᠢᠯᠡᠨ | ᠲᠠᠪᠰᠢᠵᠦ᠂ ᠭᠡᠷᠡᠯ ᠰᠠᠴᠤᠷᠠᠩᠭᠤᠶ ᠠᠮᠵᠢᠯᠲᠠ ᠶᠢ ᠳᠠᠬᠢᠨ ᠡᠭᠦᠳᠬᠦ ᠭᠡᠷᠡᠭᠳᠡᠢ ᠬᠡᠪᠡ᠃ ᠡᠭᠦᠨ ᠤ ᠬᠠᠮᠲᠤ᠂ ᠲᠡᠷᠡ | ᠴᠢᠬᠤᠯᠠᠴᠢᠯᠠᠬᠤ ᠳᠠᠭᠠᠨ᠂ ︽ᠭᠤᠷᠪᠠᠨ ᠶᠠᠪᠤᠳᠠᠯ ᠢ ᠢᠯᠡ ᠪᠣᠯᠭᠠᠬᠤ︾ ᠠᠵᠢᠯ ᠪᠣᠯ ᠦᠨᠳᠦᠰᠦᠨ ᠱᠠᠲᠤᠨ ᠤ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠠᠵᠢᠯ ᠤᠨ ᠴᠢᠬᠤᠯᠠ | ᠪᠦᠷᠢᠯᠳᠦᠬᠦᠨ ᠬᠡᠰᠡᠭ ᠪᠣᠯᠤᠨ᠎ᠠ᠂ ᠡᠷᠬᠡᠪᠰᠢ ᠠᠷᠠᠳ ᠲᠦᠮᠡᠨ ᠤ ︽ᠭᠤᠷᠪᠠᠨ ᠶᠠᠪᠤᠳᠠᠯ ᠢ ᠢᠯᠡ ᠪᠣᠯᠭᠠᠬᠤ︾ | ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ ᠪᠣᠯᠤᠨ ᠬᠢᠨᠠᠯᠲᠠ ᠲᠠᠯᠪᠢᠬᠤ ᠡᠷᠬᠡ ᠶᠢ ᠪᠠᠲᠤᠯᠠᠵᠤ᠂ ᠠᠷᠠᠳ | ᠲᠦᠮᠡᠨ ᠤ ᠮᠡᠳᠡᠬᠦ ᠨᠣᠷᠮ᠎ᠠ ᠪᠣᠯᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠡᠷᠬᠡ ᠶᠢ ᠢᠯᠡ ᠪᠠᠷ | ᠬᠡᠷᠡᠭᠵᠢᠭᠦᠯᠵᠦ᠂ ︽ᠭᠤᠷᠪᠠᠨ ᠶᠠᠪᠤᠳᠠᠯ ᠢ ᠢᠯᠡ ᠪᠣᠯᠭᠠᠬᠤ︾ ᠪᠣᠯᠤᠨ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢ ᠨᠢᠭᠲᠠ ᠤᠶᠠᠯᠳᠤᠭᠤᠯᠵᠤ᠂ ᠬᠠᠮᠲᠤ ᠪᠠᠷ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ | ᠬᠡᠷᠡᠭᠲᠡᠶ ᠭᠡᠵᠡᠢ᠃ |