ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠣᠳᠠᠭᠠᠨ ᠤ ᠬᠤᠷᠠᠯᠳᠤᠭᠠᠨ ᠵᠢᠴᠢ ᠤᠯᠤᠰ ᠲᠥᠷᠥ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠣᠳᠠᠭᠠᠨ ᠤ ᠬᠤᠷᠠᠯᠳᠤᠭᠠᠨ ᠨᠠᠮ ᠤᠨ ᠭᠡᠰᠢᠭᠦᠨ ᠲᠥᠯᠥᠭᠡᠯᠡᠭᠴᠢ ᠭᠡᠰᠢᠭᠦᠳ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/1/11
      1 ᠰᠠᠷ᠎ᠠ ᠶᠢᠨ 4 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ  ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠣᠳᠠᠭᠠᠨ ᠤ ᠬᠤᠷᠠᠯᠳᠤᠭᠠᠨ ᠵᠢᠴᠢ ᠤᠯᠤᠰ ᠲᠥᠷᠥ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ  ᠶᠢᠨ ᠠᠩᠬᠠᠳᠤᠭᠠᠷ ᠣᠳᠠᠭᠠᠨ ᠤ ᠬᠤᠷᠠᠯᠳᠤᠭᠠᠨ ᠨᠢ ᠨᠠᠮ ᠤᠨ ᠭᠡᠰᠢᠭᠦᠨ ᠲᠥᠯᠥᠭᠡᠯᠡᠭᠴᠢ ᠭᠡᠰᠢᠭᠦᠳ ᠬᠤᠷᠠᠯ  ᠬᠤᠷᠠᠯᠳᠤᠵᠠᠢ᠃        ᠪᠦᠬᠦ ᠠᠶᠢᠮᠠᠭ ᠤᠨ ᠬᠤᠰᠢᠭᠤ ᠰᠢᠶᠠᠨ ᠬᠤᠳᠠ ᠶᠢᠨ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠷᠪᠠᠨ ᠨᠢᠭᠡᠳᠦᠭᠡᠷ ᠠᠵᠢᠯ ᠤᠨ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ᠂ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠤᠤ ᠱᠧᠩ᠂ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ ᠰᠢᠤᠢ ᠭᠦᠸᠧ ᠵᠢᠶᠦ᠋ᠨ᠂ ᠪᠦᠬᠦ ᠠᠶᠢᠮᠠᠭ  ᠤᠨ ᠬᠤᠰᠢᠭᠤ ᠰᠢᠶᠠᠨ ᠬᠤᠳᠠ᠂ ᠰᠤᠮᠤ ᠰᠢᠶᠠᠩ ᠪᠠᠯᠭᠠᠰᠤᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠵᠢᠷᠭᠤᠳᠤᠭᠠᠷ  ᠱᠠᠭᠠᠷᠳᠠᠨ ᠪᠠᠶᠢᠴᠠᠭᠠᠵᠤ  ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠠᠶᠢᠮᠠᠭ ᠤᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ ᠤᠨ ᠳᠡᠳ᠋ ᠡᠷᠬᠢᠯᠡᠭᠴᠢ ᠰᠦᠨ ᠲᠤᠤ᠂  ᠱᠠᠭᠠᠷᠳᠠᠨ ᠪᠠᠶᠢᠴᠠᠭᠠᠵᠤ  ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ ᠸᠠᠩ ᠴᠢᠩ ᠶᠦᠨ ᠨᠠᠷ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ  ᠃        ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠬᠤᠷᠠᠯ ᠢ ᠡᠷᠭᠢᠯᠡᠪᠡ᠃      ᠬᠢᠩᠭᠠᠨ ᠶᠠᠷᠢᠶᠠᠨ ᠳ᠋ᠠᠭᠠᠨ‌ᠵᠢᠭᠠᠭᠰᠠᠨ ᠨᠢ᠂ ᠲᠤᠰ ᠤᠳᠠᠭ᠎ᠠ ᠵᠨ ᠨᠠᠮ ᠤᠨ ᠭᠡᠰᠢᠭᠦᠨ ᠤ ᠶᠡᠭᠡ ᠬᠤᠷᠠᠯ ᠢ ᠬᠤᠷᠠᠯᠳᠤᠭᠤᠯᠤᠭᠰᠠᠨ ᠵᠣᠷᠢᠯᠭ᠎ᠠ ᠪᠣᠯ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠱᠠᠭᠠᠷᠳᠠᠯᠭ᠎ᠠ ᠪᠠᠨ ᠲᠣᠳᠣᠷᠬᠠᠶᠢᠯᠠᠵᠤ᠂ ᠰᠠᠬᠢᠯᠭ᠎ᠠ ᠪᠠᠲᠤ ᠶᠢ ᠴᠢᠩᠳᠠᠯᠠᠬᠤ ᠶᠠᠪᠤᠳᠠᠯ ᠪᠣᠯᠤᠨ᠎ᠠ᠂ ᠬᠤᠷᠠᠯ ᠳᠤ ᠣᠷᠣᠯᠴᠠᠭᠰᠠᠳ ᠨᠠᠮ ᠤᠨ ᠭᠡᠰᠢᠭᠦᠨ ᠲᠥᠯᠥᠭᠡᠯᠡᠭᠴᠢ᠂ ᠭᠡᠰᠢᠭᠦᠨ ᠤ ᠬᠤᠰᠢᠭᠤᠴᠢ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠤᠷᠠᠯ ᠳᠤ ᠣᠷᠣᠯᠴᠠᠭᠰᠠᠨ ᠪᠦᠬᠦ ᠲᠥᠯᠥᠭᠡᠯᠡᠭᠴᠢ᠂ ᠭᠡᠰᠢᠭᠦᠳ ᠢ ᠪᠦᠯᠬᠦᠮᠳᠡᠭᠦᠯᠦᠨ ᠲᠠᠶᠢᠴᠢᠯᠠᠵᠥ᠂ ᠨᠢᠭᠡ ᠰᠡᠳᠬᠢᠯ ᠨᠢᠭᠡ ᠵᠣᠷᠢᠭ ᠢᠶᠠᠷ ᠶᠡᠭᠡ ᠪᠤᠳᠤᠯᠭ᠎ᠠ ᠶᠢ ᠬᠠᠮᠲᠤᠪᠠᠷ ᠵᠥᠪᠯᠡᠵᠦ᠂ ᠶᠡᠭᠡ ᠬᠤᠷᠠᠯ ᠤᠨ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠶᠢ ᠠᠮᠵᠢᠯᠲᠠ ᠲᠠᠢ ᠪᠡᠶᠡᠯᠡᠭᠦᠯᠵᠦ᠂ ᠶᠡᠭᠡ ᠬᠤᠷᠠᠯ ᠤᠨ ᠰᠤᠷᠲᠠᠯ ᠴᠢᠬᠡᠴᠢ ᠣᠪᠣᠷ ᠲᠥᠪ᠂ ᠲᠡᠭᠦᠰ ᠠᠮᠵᠢᠯᠲᠠ ᠤᠯᠬᠤ ᠶᠢ ᠪᠠᠲᠤᠯᠠᠬᠤ ᠶᠢ ᠬᠦᠰᠡᠵᠦ ᠪᠠᠶᠢᠨ᠎ᠠ ᠭᠡᠵᠡᠢ᠃      ᠬᠢᠩᠭᠠᠨ ᠱᠠᠭᠠᠷᠳᠠᠬᠤ ᠳᠠᠭᠠᠨ᠂ ᠨᠠᠮ ᠤᠨ ᠭᠡᠰᠢᠭᠦᠨ ᠲᠥᠯᠦᠭᠡᠯᠡᠭᠴᠢ᠂ ᠭᠡᠰᠢᠭᠦᠳ ᠶᠡᠭᠡ ᠬᠤᠷᠠᠯ ᠢ ᠰᠠᠶᠢᠲᠤᠷ ᠬᠤᠷᠠᠯᠳᠤᠭᠤᠯᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠲᠦᠷᠦᠭᠦᠯᠡᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ‌ᠵᠦ᠋ᠢᠯ ᠤᠨ ᠠᠵᠢᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠤᠳᠤᠯᠤᠨ ᠬᠢᠨᠠᠨ ᠵᠥᠪᠯᠡᠵᠦ᠂ ᠢᠳᠡᠪᠬᠢᠲᠡᠶ ᠪᠠᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ‌ᠤᠬᠠᠭᠠᠨ ᠭᠠᠷᠭᠠᠵᠤ᠂ ᠶᠡᠭᠡ ᠬᠤᠷᠠᠯ ᠢ ᠦᠨᠡᠨ ᠬᠦ ᠴᠤᠭ ᠰᠦᠯᠳᠡ ᠲᠠᠢ ᠬᠤᠷᠠᠯᠳᠤᠭᠤᠯᠵᠤ᠂ ᠳᠠᠶᠢᠴᠢᠨ ᠬᠦᠴᠦᠨ ᠢ ᠰᠣᠩᠭᠤᠨ ᠭᠠᠷᠭᠠᠵᠤ᠂ ᠨᠢᠭᠡ‌‍ᠰᠡᠳᠬᠢᠯ ᠨᠢᠭᠡ‌ᠵᠣᠷᠢᠭ ᠢᠶᠠᠷ ᠪᠦᠯᠬᠦᠮᠳᠡᠬᠦ᠂ ᠬᠥᠭᠵᠢᠯᠲᠡ ᠶᠢ ᠡᠷᠢᠯᠬᠢᠯᠡᠬᠦ᠂ ᠶᠡᠭᠡ‌‍ᠶᠠᠪᠤᠳᠠᠯ ᠢ ᠵᠥᠪᠳᠡᠯᠴᠡᠬᠦ ᠭᠦᠨ ᠵᠤᠵᠠᠭᠠᠨ ᠠᠭᠤᠷ ᠠᠮᠢᠰᠬᠤᠯ ᠪᠠ ᠬᠦᠴᠦᠷᠬᠡᠭ ᠶᠡᠭᠡ  ᠬᠠᠮᠲᠦᠷᠠᠭᠰᠠᠨ ᠬᠦᠴᠦᠨ ᠢ ᠪᠦᠷᠢᠯᠳᠦᠭᠦᠯᠬᠦ ᠬᠡᠷᠡᠭᠲᠡᠶ᠃ ᠪᠦᠬᠦ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ‌‍ᠶᠢᠨ ᠦᠨᠳᠦᠷᠴᠡ ᠠᠴᠠ ᠠᠷᠠᠳᠴᠢᠯᠠᠯ ᠪᠠ ᠲᠥᠪᠯᠡᠷᠡᠯ᠂ ᠡᠷᠬᠡ ᠪᠠ ᠡᠭᠦᠷᠭᠡ ᠶᠢ ᠵᠥᠪ ᠣᠨᠣᠪᠴᠢᠲᠠᠢ ᠰᠢᠢᠳᠪᠦᠷᠢᠯᠡᠵᠦ᠂ ᠵᠣᠬᠢᠶᠠᠨ ᠪᠠᠶᠢᠭᠤᠯᠤᠯᠲᠠ ᠶᠢᠨ ᠵᠣᠷᠢᠯᠲᠠ ᠪᠠ ᠬᠤᠪᠢ ᠬᠥᠮᠦᠨ ᠤ ᠬᠦᠰᠡᠯ ᠵᠣᠷᠢᠯᠲᠠ ᠶᠢᠨ ᠬᠠᠷᠢᠴᠠᠭ᠎ᠠ‌‍ᠶᠢ ᠲᠤᠤᠱᠯᠠᠭᠤᠯᠤᠨ᠂ ᠤᠬᠠᠮᠰᠠᠷ ᠠᠴᠠ ᠪᠠᠨ ᠨᠠᠮᠴᠢ ᠴᠢᠨᠠᠷ ᠤᠨ ᠦᠵᠡᠯᠲᠡ ᠪᠠᠨ ᠴᠢᠩᠭᠠᠳᠬᠠᠵᠤ᠂ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠨ᠂ ᠦᠵᠡᠯ ᠰᠠᠨᠠᠭ᠎ᠠ᠂ ᠤᠯᠤᠰ ᠲᠥᠷᠥ᠂ ᠦᠢᠯᠡ‌ᠠᠵᠢᠯᠯᠠᠭ᠎ᠠ ᠳᠡᠭᠡᠷ᠎ᠡ ᠪᠠᠨ ᠬᠤᠰᠢᠭᠤ ᠨᠠᠮ ᠤᠨ ᠬᠤᠷᠢᠶ᠎ᠠ ᠲᠠᠢ ᠳᠡᠭᠡᠳᠤ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠵᠣᠬᠢᠶᠠᠨ ᠪᠠᠶᠢᠭᠤᠯᠤᠯᠲᠠ ᠶᠢᠨ ᠵᠣᠷᠢᠯᠲᠠ ᠪᠠᠨ ᠤᠷᠤᠭᠰᠢᠲᠠᠢ ᠪᠡᠶᠡᠯᠡᠭᠦᠯᠦᠨ᠂ ᠰᠣᠩᠭᠤᠭᠤᠯᠢ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ᠃ ᠨᠠᠮ ᠤᠨ ᠤᠳᠤᠷᠢᠳᠤᠯᠭ᠎ᠠ‌‍ᠶᠢ ᠪᠠᠷᠢᠮᠲᠠᠯᠠᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠠᠵᠢᠯ ᠵᠢᠴᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠥᠲᠥᠯᠪᠦᠷᠢ ᠲᠠᠢ ᠨᠢᠭᠲᠠ ᠤᠶᠠᠯᠳᠤᠭᠤᠯᠤᠨ᠂ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠤᠨ ᠲᠣᠭᠤᠷᠢᠨ ᠳᠤ᠂ ᠵᠡᠭᠦᠨ ᠦᠵᠦᠮᠦᠴᠢᠨ ᠬᠤᠰᠢᠭᠤᠨ ᠤ ᠬᠤᠶᠢᠰᠢᠳᠠ ᠶᠢᠨ ᠠᠵᠢᠯ᠂ ᠢᠷᠡᠭᠡᠳᠦᠶ ᠶᠢᠨ ᠬᠥᠭᠵᠢᠯᠲᠡ‌‍ᠳᠤ ᠦᠨᠡᠨ ᠮᠡᠳᠡᠯᠭᠡ ᠨᠡᠪᠲᠡᠷᠬᠡᠶ ᠦᠵᠡᠯᠲᠡ ᠳᠤᠷᠠᠳᠴᠤ᠂ ᠬᠢᠨᠠᠨ ᠵᠥᠪᠯᠡᠬᠦ ᠶᠢ ᠣᠯᠠᠨ ᠤ ᠣᠶᠤᠨ ᠤᠬᠠᠭᠠᠨ ᠢ ᠲᠥᠪᠯᠡᠷᠡᠭᠦᠯᠬᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠳᠦ ᠪᠣᠳᠣᠯᠭ᠎ᠠ ᠲᠣᠭᠲᠠᠭᠠᠬᠤ ᠶᠠᠪᠤᠴᠠ ᠪᠣᠯᠭᠠᠬᠤ ᠬᠡᠷᠡᠭᠲᠡᠶ᠃ ᠬᠤᠷᠠᠯ ᠳᠤ ᠣᠷᠣᠯᠴᠠᠭᠰᠠᠨ ᠲᠥᠯᠦᠭᠡᠯᠡᠭᠴᠢ᠂ ᠭᠡᠰᠢᠭᠦᠳ ᠤᠯᠤᠰ ᠲᠦᠷᠦ ᠶᠢᠨ ᠰᠠᠬᠢᠯᠭ᠎ᠠ ᠪᠠᠲᠤ᠂ ᠬᠤᠷᠠᠯ ᠤᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠶᠡᠭᠡ ᠬᠤᠷᠠᠯ ᠤᠨ ᠨᠢᠭᠡᠳᠦᠯᠲᠡᠢ ᠲᠤᠬᠢᠷᠠᠭᠤᠯᠤᠯᠲᠠ ᠶᠢ ᠲᠦᠷᠦᠭᠦᠯᠡᠨ ᠳᠠᠭᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭ᠎ᠠ᠂ ᠲᠥᠪ ᠴᠢᠩᠭ᠎ᠠ ᠨᠠᠷᠢᠨ ᠬᠢᠨᠠᠮᠠᠭᠠᠢ ᠣᠪᠣᠷ ᠢᠶᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠢ ᠭᠡᠵᠡᠢ᠃      ᠵᠤᠤ ᠱᠧᠩ ᠴᠢᠬᠤᠯᠴᠢᠯᠠᠭᠰᠠᠨ ᠨᠢ᠂ ᠨᠠᠮ ᠤᠨ ᠭᠡᠰᠢᠭᠦᠨ ᠲᠥᠯᠥᠭᠡᠯᠡᠭᠴᠢ᠂ ᠭᠡᠰᠢᠭᠦᠳ ᠲᠦᠷᠦᠭᠦᠯᠡᠨ ᠤᠯᠤᠰ ᠲᠦᠷᠦ ᠶᠢ ᠡᠷᠬᠢᠮᠯᠡᠵᠦ᠂ ᠶᠡᠭᠡ ᠲᠠᠯ᠎ᠠ ᠶᠢ ᠬᠠᠷᠠᠭᠠᠯᠵᠠᠵᠤ᠂《 ᠬᠤᠶᠠᠷ ᠬᠤᠷᠠᠯ 》 ᠢ ᠰᠠᠶᠢᠲᠤᠷ ᠬᠤᠷᠠᠯᠳᠤᠭᠤᠯᠬᠤ ᠤᠯᠤᠰ ᠲᠦᠷᠦ ᠶᠢᠨ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠢ  ᠃ ᠲᠦᠷᠦᠭᠦᠯᠡᠨ ᠬᠠᠷᠢᠭᠤᠴᠠᠯᠭ᠎ᠠ ᠡᠭᠦᠷᠭᠡᠯᠡᠬᠦ ᠶᠢ ᠡᠷᠬᠢᠮᠯᠡᠵᠦ᠂ ᠦᠯᠢᠭᠡᠷ ᠳᠠᠭᠤᠷᠢᠶᠠᠯ ᠪᠤᠯᠵᠤ᠂ ᠶᠡᠭᠡ ᠬᠤᠷᠠᠯ ᠤᠨ ᠡᠯ᠎ᠡ ᠵᠦᠢᠯ ᠤᠨ ᠰᠣᠩᠭᠤᠭᠤᠯᠢ ᠶᠢᠨ ᠡᠭᠦᠷᠭᠡ ᠶᠢ ᠰᠠᠶᠢᠲᠤᠷ ᠪᠡᠶᠡᠯᠡᠭᠦᠯᠬᠦ ᠬᠡᠷᠡᠭᠲᠡᠢ᠃ ᠲᠦᠷᠦᠭᠦᠯᠡᠨ ᠶᠣᠰᠣ ᠲᠦᠷᠢᠮ ᠢ ᠡᠷᠬᠢᠮᠯᠡᠵᠦ᠂ ᠰᠠᠬᠢᠯᠭ᠎ᠠ ᠪᠠᠲᠤ ᠶᠢ ᠰᠠᠬᠢᠵᠤ᠂ ᠤᠶᠤᠨ ᠤᠬᠠᠭᠠᠨ ᠢᠶᠠᠨ ᠲᠥᠪᠯᠡᠷᠡᠭᠦᠯᠦᠨ ᠬᠤᠷᠠᠯ  ᠢ ᠰᠠᠶᠢᠲᠤᠷ ᠬᠤᠷᠠᠯᠳᠤᠭᠤᠯᠬᠤ ᠬᠡᠷᠡᠭᠲᠡᠢ ᠭᠡᠵᠡᠢ  ᠃      ᠬᠤᠷᠠᠯ  ᠳᠤ᠂  ᠠᠯᠮᠠᠰ《 ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯᠳᠤᠭᠠᠨ ᠪᠠ ᠤᠯᠤᠰ ᠲᠥᠷᠥ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ  ᠬᠤᠷᠢᠶ᠎ᠠ ᠶᠢᠨ ᠠᠩᠬᠠᠳᠤᠭᠠᠷ ᠤᠳᠠᠭᠠᠨ ᠤ ᠬᠤᠷᠠᠯᠳᠤᠭᠠᠨ ᠤ ᠲᠦᠷ ᠴᠠᠭ ᠤᠨ ᠨᠠᠮ ᠤᠨ ᠬᠤᠷᠢᠶ᠎ᠠ᠂  ᠨᠠᠮ ᠤᠨ ᠡᠭᠦᠷ ᠢ ᠪᠠᠶᠢᠭᠤᠯᠬᠤ ᠲᠤᠬᠠᠶ ᠮᠡᠳᠡᠭᠳᠡᠯ 》 ᠢ ᠨᠡᠶᠢᠲᠡᠯᠡᠪᠡ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号