1 ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤ ᠨᠠᠮ ᠤᠨ ᠬᠤᠷᠢᠶᠠᠨ ᠤ ᠱᠦᠵᠢ | ᠬᠢᠩᠭᠠᠨ ᠰᠢᠨ᠎ᠡ ᠨᠢᠭᠡ ᠬᠤᠭᠤᠴᠠᠭᠠᠨ ᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠳᠡᠳ᠋ ᠡᠷᠬᠢᠯᠡᠭᠴᠢ ᠶᠢᠨ ᠵᠢᠱᠢᠭᠳᠡᠭᠴᠢ᠂ ᠠᠷᠠᠳ ᠤᠨ ᠵᠠᠰᠠᠭ ᠤᠨ | ᠣᠷᠳᠣᠨ ᠤ ᠬᠤᠰᠢᠭᠤ ᠳᠠᠷᠤᠭ᠎ᠠ᠂ ᠳᠡᠳ᠋ ᠬᠤᠰᠢᠭᠤ ᠳᠠᠷᠤᠭ᠎ᠠ ᠶᠢᠨ ᠵᠢᠱᠢᠭᠳᠡᠭᠴᠢ᠂ ᠬᠤᠰᠢᠭᠤ ᠬᠢᠨᠠᠨ ᠪᠠᠶᠢᠴᠠᠭᠠᠬᠤ | ᠵᠥᠪᠯᠡᠯ ᠤᠨ ᠡᠷᠬᠢᠯᠡᠭᠴᠢ ᠶᠢᠨ ᠵᠢᠱᠢᠭᠳᠡᠭᠴᠢ᠂ ᠬᠤᠰᠢᠭᠤ ᠠᠷᠠᠳ ᠤᠨ ᠰᠢᠭᠦᠬᠦ ᠬᠤᠷᠢᠶᠠᠨ ᠤ ᠬᠤᠷᠢᠶᠠᠨ ᠳᠠᠷᠤᠭ᠎ᠠ | ᠶᠢᠨ ᠵᠢᠱᠢᠭᠳᠡᠭᠴᠢ᠂ ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠶᠢᠨ ᠵᠢᠱᠢᠭᠳᠡᠭᠴᠢ | ᠶᠢ ᠳᠠᠭᠠᠭᠤᠯᠤᠨ᠂ ᠡᠯ᠎ᠡ ᠲᠥᠯᠥᠭᠡᠯᠡᠭᠴᠢᠳ ᠤᠨ ᠪᠦᠯᠬᠦᠮ ᠳᠤ ᠬᠦᠷᠴᠦ ᠲᠥᠯᠥᠭᠡᠯᠡᠭᠴᠢᠳ ᠲᠡᠶᠠᠭᠤᠯᠵᠠᠵᠠᠢ᠃ | ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ | ᠪᠠᠲᠤᠮᠥ᠋ᠩᠬᠡ ᠠᠭᠤᠯᠵᠠᠯᠲᠠ ᠶᠢᠨ ᠠᠵᠢᠯᠯᠠᠭ᠎ᠠ ᠳᠤ ᠣᠷᠣᠯᠴᠠᠪᠠ ᠃ | ᠡᠯ᠎ᠡ ᠲᠥᠯᠥᠭᠡᠯᠡᠭᠴᠢᠳ ᠤᠨ ᠪᠦᠯᠬᠦᠮ ᠤᠨ ᠬᠤᠷᠠᠯ ᠤᠨ ᠲᠠᠯᠠᠪᠠᠶ ᠳᠤ᠂ ᠵᠢᠱᠢᠭᠳᠡᠭᠰᠡᠳ ᠴᠤᠭ ᠵᠢᠪᠬᠤᠭ᠎ᠠ | ᠪᠠᠳᠠᠷᠠᠩᠭᠤᠶ ᠪᠠᠶᠢᠵᠤ᠂ ᠬᠢᠩᠭᠠᠨ ᠱᠦᠵᠢ ᠶᠢᠨ ᠳᠠᠭᠠᠭᠤᠯᠭ᠎ᠠ ᠳᠣᠤᠷ᠎ᠠ ᠬᠤᠷᠠᠯ ᠤᠨ ᠲᠠᠯᠠᠪᠠᠶ ᠳᠤ ᠣᠷᠣᠵᠤ᠂ | ᠲᠥᠯᠥᠭᠡᠯᠡᠭᠴᠢᠳ ᠢ ᠳᠣᠲᠣᠨᠣ ᠪᠠᠷ ᠪᠤᠯᠭᠤᠭᠠᠨ ᠲᠣᠬᠤᠨᠢᠭᠤᠯᠵᠤ᠂ ᠬᠢᠩᠭᠠᠨ ᠠᠴᠠ ᠤᠯᠠᠨ ᠳᠤ ᠵᠢᠱᠢᠭᠳᠡᠭᠰᠡᠳ ᠤᠨ | ᠬᠤᠯᠪᠣᠭᠳᠠᠯ ᠪᠥᠬᠦᠶ ᠪᠠᠶᠢᠳᠠᠯ ᠢ ᠨᠢᠭᠡᠳ ᠨᠢᠭᠡ ᠪᠠᠷ ᠲᠠᠨᠢᠯᠴᠠᠭᠤᠯᠵᠠᠢ᠃ ᠬᠢᠩᠭᠠᠨ᠂ ᠠᠷᠠᠳ ᠤᠨ ᠲᠥᠯᠥᠭᠡᠯᠡᠭᠴᠢ | ᠪᠠᠷ ᠰᠣᠩᠭᠤᠭᠳᠠᠭᠰᠠᠨ ᠨᠢ ᠨᠢᠭᠡ ᠵᠦᠢᠯ ᠤᠨ ᠢᠷᠠᠭᠤ ᠠᠯᠳᠠᠷ ᠪᠣᠯᠬᠤ ᠪᠥᠭᠡᠳ ᠪᠠᠰᠠ ᠨᠢᠭᠡ ᠵᠦᠢᠯ ᠤᠨ | ᠬᠠᠷᠢᠭᠤᠴᠠᠯᠭ᠎ᠠ ᠪᠣᠯᠤᠨ᠎ᠠ᠂ ᠲᠥᠯᠥᠭᠡᠯᠡᠭᠴᠢᠳ ᠬᠤᠷᠠᠯ ᠤᠨ ᠬᠤᠭᠤᠴᠠᠭᠠᠨ ᠳᠤ ᠢᠳᠡᠪᠬᠢᠲᠡᠢ ᠪᠠᠷ ᠵᠠᠰᠠᠭ ᠤᠨ | ᠶᠠᠪᠤᠳᠠᠯ ᠳᠤ ᠣᠷᠣᠯᠴᠠᠵᠤ ᠵᠠᠰᠠᠭ ᠤᠨ ᠶᠠᠪᠤᠳᠠᠯ ᠢ ᠵᠥᠪᠯᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ | ᠬᠠᠤᠯᠢ ᠳᠤ ᠲᠣᠭᠲᠠᠭᠠᠭᠰᠠᠨ ᠲᠡᠰ ᠳᠠᠷᠠᠭᠠᠯᠠᠯ ᠢ ᠴᠢᠩᠭ᠎ᠠ ᠵᠢᠷᠤᠮᠯᠠᠵᠤ᠂ ᠠᠷᠠᠳᠴᠢᠯᠠᠯ ᠤᠨ ᠡᠷᠬᠡ ᠪᠠᠨ ᠨᠠᠷᠢᠨ | ᠬᠢᠨᠠᠮᠠᠭᠠᠢ ᠬᠡᠷᠡᠭᠵᠢᠭᠦᠯᠵᠦ᠂ ᠠᠷᠠᠳᠴᠢᠯᠠᠯ ᠤᠨ ᠬᠦᠰᠡᠯ ᠰᠠᠨᠠᠭ᠎ᠠ ᠪᠠᠨ ᠢᠯᠡᠳᠬᠡᠵᠦ᠂ ᠲᠥᠪ ᠴᠢᠩᠭ᠎ᠠ ᠡᠷᠬᠢᠮ ᠨᠠᠨᠳᠢᠨ | ᠰᠠᠨᠠᠯ ᠢᠶᠠᠨ ᠥᠭᠴᠦ᠂ ᠨᠠᠮ ᠤᠨ ᠵᠣᠷᠢᠯᠲᠠ ᠪᠣᠯᠤᠨ ᠠᠷᠠᠳ ᠲᠦᠮᠡᠨ ᠤ ᠬᠦᠰᠡᠯ ᠵᠣᠷᠢᠯᠲᠠ ᠶᠢᠨ ᠣᠷᠭᠠᠨᠢᠭ | ᠨᠢᠭᠡᠳᠦᠯ ᠢ ᠭᠦᠢᠴᠡᠳ ᠢᠯᠡᠷᠡᠭᠦᠯᠵᠦ᠂ ᠲᠤᠰ ᠤᠳᠠᠭ᠎ᠠ ᠶᠢᠨ ᠶᠡᠭᠡ ᠬᠤᠷᠠᠯ ᠤᠨ ᠰᠣᠩᠭᠤᠭᠤᠯᠢ ᠶᠢᠨ ᠡᠭᠦᠷᠭᠡ ᠶᠢ | ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ ᠃ | ᠲᠥᠯᠥᠭᠡᠯᠡᠭᠴᠢᠳ ᠬᠠᠯᠠᠭᠤᠨ ᠠᠯᠠᠭᠠᠲ᠋ᠠᠰᠢᠯᠲᠠ ᠪᠠᠷ ᠵᠢᠱᠢᠭᠳᠡᠭᠰᠡᠳ ᠢ ᠪᠠᠶᠠᠷᠯᠠᠨ ᠤᠭᠲᠤᠵᠤ ᠪᠠᠶᠢᠬᠤ ᠪᠠᠨ | ᠢᠯᠡᠳᠬᠡᠭᠰᠡᠨ ᠪᠥᠭᠡᠳ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠠᠷᠢᠭᠤᠨ ᠲᠠᠷᠬᠠᠨ ᠡᠭᠦᠷᠭᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠠᠮ ᠪᠠ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ | ᠬᠠᠷᠢᠭᠤᠴᠠᠬᠤ ᠣᠪᠣᠷ ᠢᠶᠠᠷ ᠡᠷᠬᠢᠮ ᠨᠠᠨᠳᠢᠨ ᠰᠠᠨᠠᠯ ᠢᠶᠠᠨ ᠥᠭᠴᠦ᠂ ᠪᠦᠬᠦ ᠬᠤᠰᠢᠭᠤᠨ ᠤ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠷᠭᠡᠳᠬᠡᠵᠦ ᠳᠡᠶᠢᠯᠬᠦ ᠰᠢᠨ᠎ᠡ ᠨᠢᠭᠡ | ᠬᠤᠭᠤᠴᠠᠭᠠᠨ ᠤ ᠪᠠᠲᠤ ᠴᠢᠩᠭ᠎ᠠ ᠤᠳᠤᠷᠢᠳᠬᠤ ᠪᠠᠭ ᠢ ᠬᠠᠤᠯᠢ ᠶᠣᠰᠣᠭᠠᠷ ᠰᠣᠩᠭᠤᠨ ᠭᠠᠷᠭᠠᠨ᠎ᠠ ᠭᠡᠵᠦ | ᠢᠯᠡᠳᠬᠡᠵᠡᠭᠡᠪᠡ ᠃ |