ᠤᠯᠤᠰ ᠲᠥᠷᠥ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠣᠳᠠᠭᠠᠨ ᠤ ᠬᠤᠷᠠᠯᠳᠤᠭᠠᠨ ᠤ ᠳᠤᠭᠤᠶᠢᠯᠠᠩ ᠬᠤᠪᠢᠶᠠᠨ ᠶᠠᠷᠢᠯᠴᠠᠬᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/1/11
      1ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠤᠯᠤᠰ ᠲᠦᠷᠦ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ  ᠬᠤᠷᠢᠶ᠎ᠠ ᠶᠢᠨ ᠠᠩᠬᠠᠳᠤᠭᠠᠷ ᠣᠳᠠᠭᠠᠨ ᠤ ᠬᠤᠷᠠᠯᠳᠤᠭᠠᠨ ᠳᠤ ᠣᠷᠣᠯᠴᠠᠭᠰᠠᠨ ᠭᠡᠰᠢᠭᠦᠳ ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ᠂ ᠰᠠᠨᠠᠯ ᠳᠤᠷᠠᠳᠤᠯᠭ᠎ᠠ ᠶᠢᠨ ᠠᠵᠢᠯ ᠤᠨ ᠮᠡᠳᠡᠭᠦᠯᠦᠯᠳᠡ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠵᠢᠴᠢ ᠪᠤᠰᠤᠳ ᠢᠯᠡᠳᠬᠡᠯ ᠤᠨ ᠲᠣᠭᠤᠷᠢᠨ ᠳᠤ ᠳᠤᠭᠤᠶᠢᠯᠠᠩ ᠬᠤᠪᠢᠶᠠᠨ ᠶᠠᠷᠢᠯᠴᠠᠵᠠᠢ᠃      ᠬᠤᠰᠢᠭᠤ ᠤᠳᠤᠷᠢᠳᠤᠯᠭ᠎ᠠ ᠬᠢᠩᠭᠠᠨ᠂ ᠪᠠᠲᠤᠮᠥ᠋ᠩᠬᠡ‌‍ᠲ᠋ᠤᠭᠤᠶᠢᠯᠠᠩ ᠬᠤᠪᠢᠶᠠᠨ ᠶᠠᠷᠢᠯᠴᠠᠬᠤ ᠳᠤ ᠣᠷᠤᠯᠴᠠᠪᠠ  ᠃      ᠭᠡᠰᠢᠭᠦᠳ ᠥᠪᠡᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ᠂ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠲᠠᠯ᠎ᠠ ᠪᠠᠷ ᠥᠪᠡᠷ ᠥᠪᠡᠷ ᠤᠨ ᠦᠵᠡᠯ ᠪᠣᠳᠤᠯ ᠢᠶᠠᠨ ᠶᠠᠷᠢᠵᠤ᠂ ᠵᠡᠭᠦᠨ ᠦᠵᠦᠮᠦᠴᠢᠨ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠰᠦᠪᠡᠭᠴᠢᠯᠡᠵᠡᠢ᠃ ᠬᠡᠰᠢᠭᠦᠳ ᠠᠴᠠ  ᠵᠠᠰᠠᠭ ᠤᠨ ᠣᠷᠳᠣᠨ ᠤ ᠠᠵᠢᠯ ‍ᠤᠨ‌ᠢᠯᠡᠳᠬᠡᠯ ᠨᠢ ᠭᠤᠣᠯ ᠰᠡᠳᠦᠪ ᠢᠯᠡ ᠲᠣᠳᠣ᠂ ᠪᠤᠰᠤᠳᠴᠢ ᠪᠥᠭᠡᠳ ᠪᠦᠬᠦ ᠲᠠᠯ᠎ᠠ ᠶᠢᠨ᠂ ᠦᠨᠡᠨ ᠠᠴᠠ ᠵᠥᠪ ᠢ ᠡᠷᠢᠨ᠂ ᠥᠩᠭᠡᠷᠡᠭᠰᠡᠨ ᠲᠦᠷᠪᠡᠨ ᠵᠢᠯ  ᠤᠨ ᠠᠵᠢᠯ ᠤᠨ ᠠᠮᠵᠢᠯᠲᠠ ᠶᠢ ᠳ᠋ᠦᠩᠨᠡᠵᠦ᠂ ᠢᠷᠡᠭᠡᠳᠦᠢ ᠶᠢᠨ ᠲᠠᠪᠤᠨ ᠵᠢᠯ ᠤᠨ ᠠᠵᠢᠯ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠤᠨ ᠪᠠᠶᠢᠷᠢᠯᠠᠭᠤᠯᠵᠤ᠂ ᠬᠤᠶᠢᠰᠢᠳᠠ ᠶᠢᠨ ᠤᠯᠤᠰ ᠲᠦᠷᠦ ᠶᠢᠨ ᠵᠥᠪᠯᠡᠯᠭᠡᠨ  ᠤ ᠠᠵᠢᠯ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ ᠭᠡᠵᠡᠭᠡᠯ᠎ᠡ᠃ ᠭᠡᠰᠢᠭᠦᠳ ᠢᠯᠡᠷᠬᠡᠶᠢᠯᠡᠬᠦ ᠳᠡᠭᠡᠨ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠤᠯᠤᠰ ᠲᠥᠷᠥ ᠶᠢᠨ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠤᠷᠠᠯ ᠤᠨ ᠵᠣᠷᠢᠭ ᠰᠠᠨᠠᠭ᠎ᠠ ᠶᠢ ᠥᠪᠡᠷᠰᠡᠳ ᠤᠨ ᠠᠵᠢᠯ ᠲᠠᠢ ᠪᠠᠨ ᠤᠶᠠᠯᠳᠤᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠣᠨᠴᠠᠯᠢᠭ ᠪᠠ‌‍ᠲ᠋ᠠᠪᠠᠭᠤᠯᠢᠭ ᠢ ᠭᠦᠶᠴᠡᠳ ᠪᠠᠳᠠᠷᠠᠭᠤᠯᠬᠤ ᠶᠢᠨ ᠬᠠᠮᠲᠤ ᠲᠣᠰ ᠪᠡᠶ᠎ᠡ ᠶᠢᠨ ᠰᠤᠷᠤᠯᠴᠠᠯᠭ᠎ᠠ ᠪᠠ‌ᠦᠶᠯᠡᠳᠦᠯᠭᠡ ᠪᠠᠨ ᠲᠠᠰᠤᠷᠠᠯᠲᠠ ᠥᠬᠡᠶ ᠴᠢᠩᠭᠠᠳᠬᠠᠵᠤ᠂ ᠭᠡᠰᠢᠭᠦᠳ ᠲᠠᠢ ᠬᠠᠷᠢᠯᠴᠠᠭ᠎ᠠ ᠪᠠᠨ ᠴᠢᠩᠭᠠᠳᠬᠠᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠰᠣᠨᠣᠰᠴᠤ᠂ ᠭᠡᠰᠢᠭᠦᠳ ᠤᠨ ᠦᠨ᠎ᠡ ᠥᠷᠲᠡᠭ ᠢ‌ᠢᠯᠡᠷᠡᠭᠦᠯᠵᠦ᠂ ᠭᠡᠰᠢᠭᠦᠳ ᠤᠨ ᠴᠤᠭ ᠵᠢᠪᠬᠤᠭ᠎ᠠ ᠶᠢ ᠪᠠᠳᠠᠷᠠᠭᠤᠯᠤᠨ᠂ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠰᠢᠨ᠎ᠡ ᠪᠠᠶᠢᠳᠠᠯ ᠢ ᠪᠣᠶ ᠪᠣᠯᠭᠠᠬᠤ ᠪᠠ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠡᠶ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号