ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠣᠳᠠᠭᠠᠨ ᠤ ᠬᠤᠷᠠᠯᠳᠤᠭᠠᠨ ᠦᠪᠡᠳᠡᠭᠰᠢ ᠶᠡᠭᠡ  ᠪᠠᠷ ᠡᠬᠢᠯᠡᠪᠡ
ᠨᠡᠶᠢᠲᠡᠯᠡᠭᠰᠡᠨ ᠴᠠᠭ᠄
2022/1/12
      ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠬᠥᠭᠵᠢᠯᠲᠡ ᠶᠢ ᠰᠦᠪᠡᠭᠴᠢᠯᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ ᠰᠢᠨ᠎ᠡ ᠬᠠᠭᠤᠳᠠᠰᠤ ᠶᠢ ᠪᠢᠴᠢᠭᠯᠡᠨ᠎ᠡ᠃      1 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠣᠳᠠᠭᠠᠨ ᠤ ᠬᠤᠷᠠᠯᠳᠤᠭᠠᠨ ᠬᠤᠰᠢᠭᠤ ᠤᠯᠠᠭᠠᠨᠮᠥ᠋ᠴᠢᠷ ᠤᠨ ᠤᠯᠠᠨ ᠴᠢᠳᠠᠮᠵᠢᠳᠤ ᠮᠡᠳᠡᠭᠦᠯᠦᠯᠲᠡ ᠶᠢᠨ ᠲᠢᠩᠬᠢᠮ ᠳᠤ ᠦᠪᠡᠳᠡᠭᠰᠢ ᠶᠡᠭᠡ ᠪᠠᠷ ᠡᠬᠢᠯᠡᠪᠡ᠃      ᠪᠦᠬᠦ ᠬᠤᠰᠢᠭᠤᠨ ᠤ ᠡᠯ᠎ᠡ ᠭᠠᠵᠠᠷ᠂ ᠡᠯ᠎ᠡ ᠹᠷᠣᠨᠲ ᠠᠴᠠ ᠬᠦᠷᠦᠯᠴᠡᠨ ᠢᠷᠡᠭᠰᠡᠨ ᠠᠷᠠᠳ ᠤᠨ ᠲᠥᠯᠥᠭᠡᠯᠡᠭᠴᠢᠳ ᠠᠷᠠᠳ ᠲᠦᠮᠡᠨ ᠤ ᠢᠲᠡᠭᠡᠯ ᠨᠠᠶᠢᠳᠠᠯᠭ᠎ᠠ ᠶᠢ ᠡᠭᠦᠷᠭᠡᠯᠡᠵᠦ᠂ ᠣᠮᠤᠭ ᠵᠣᠷᠢᠭ ᠲᠡᠭᠦᠯᠳᠡᠷ ᠢᠶᠠᠷ ᠬᠤᠷᠠᠯ ᠤᠨ ᠲᠠᠯᠠᠪᠠᠢ ᠳᠤ ᠣᠷᠣᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠡᠭᠦᠨ ᠦᠵᠦᠮᠦᠴᠢᠨ ᠬᠤᠰᠢᠭᠤᠨ ᠤ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤᠪᠠᠷ ᠰᠦᠪᠡᠭᠴᠢᠯᠡᠵᠦ᠂ ᠢᠷᠡᠭᠡᠳᠦᠢ ᠶᠢᠨ ᠠᠤᠭ᠎ᠠ ᠲᠥᠰᠦᠪ ᠢ ᠬᠠᠮᠲᠤᠪᠠᠷ ᠵᠢᠷᠤᠭᠯᠠᠨ᠎ᠠ  ᠃      ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠪᠠᠭᠠᠲᠤᠷ ᠬᠤᠷᠠᠯ ᠢ ᠡᠷᠬᠢᠯᠡᠵᠡᠢ  ᠃      ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠣᠣ ᠱᠧᠩ᠂  ᠪᠥᠬᠦ ᠠᠶᠢᠮᠠᠭ ᠤᠨ ᠬᠤᠰᠢᠭᠤ ᠰᠢᠶᠠᠨ ᠬᠤᠲᠠ ᠶᠢᠨ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠷᠪᠠᠨ ᠨᠢᠭᠡᠳᠦᠭᠡᠷ ᠠᠵᠢᠯ ᠤᠨ ᠵᠢᠭᠠᠨ ᠵᠢᠯᠤᠭᠤᠳᠬᠤ ᠳᠤᠭᠤᠶᠢᠯᠩ ᠤᠨ ᠪᠦᠷᠢᠯᠳᠦᠬᠦᠨ ᠰᠢᠤᠢ ᠭᠦᠸᠧ ᠵᠢᠶᠦ᠋ᠨ᠂ ᠪᠥᠬᠦ ᠠᠶᠢᠮᠠᠭ  ᠤᠨ ᠬᠤᠰᠢᠭᠤ ᠰᠢᠶᠠᠨ ᠬᠤᠲᠠ᠂ ᠰᠤᠮᠤ ᠰᠢᠶᠠᠩ ᠪᠠᠯᠭᠠᠰᠤᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠵᠢᠷᠭᠤᠳᠤᠭᠠᠷ ᠱᠠᠭᠠᠷᠳᠠᠨ ᠪᠠᠶᠢᠴᠠᠭᠠᠵᠤ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠠᠶᠢᠮᠠᠭ ᠤᠨ ᠨᠠᠮ  ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ ᠤᠨ ᠳᠡᠳ᠋ ᠡᠷᠬᠢᠯᠡᠭᠴᠢ ᠰᠦᠨ ᠲᠤᠤ᠂ ᠬᠢᠨᠠᠨ ᠪᠠᠶᠢᠴᠠᠭᠠᠵᠤ ᠵᠢᠭᠠᠨ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ ᠸᠠᠩ ᠴᠢᠩ ᠶᠦᠨ ᠨᠠᠷ ᠬᠤᠷᠠᠯ ᠳᠤ ᠣᠷᠣᠯᠴᠠᠨ ᠵᠢᠭᠠᠨ ᠵᠢᠯᠤᠭᠤᠳᠴᠠᠢ᠃      ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠯᠢᠦ ᠶᠠᠨ᠂ ᠰᠠᠷᠠᠨᠰᠦ᠋ᠬᠡ᠂ ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠬᠢᠩᠭᠠᠨ᠂ ᠵᠧᠦ ᠢᠦᠢ ᠯᠥᠩ᠂ ᠪᠠᠲᠦᠮᠥ᠋ᠩᠬᠡ᠂ ᠠᠯᠮᠠᠰ ᠵᠡᠷᠭᠡ ᠤᠳᠤᠷᠢᠳᠬᠤ ᠨᠥᠬᠦᠳ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ  ᠪᠦᠷᠢᠯᠳᠦᠬᠦᠨ ᠲᠠᠢ ᠬᠠᠮᠲᠦ ᠲᠡᠷᠢᠭᠦᠯᠡᠭᠴᠢ ᠶᠢᠨ ᠲᠠᠶᠢᠰᠠᠨ ᠳᠤ ᠰᠠᠭᠤᠯᠴᠠᠪᠠ᠃      ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ164 ᠬᠥᠮᠦᠨ᠂ ᠥᠨᠥᠳᠥᠷ ᠤᠨ ᠬᠤᠷᠠᠯ ᠳᠤ 162 ᠲᠥᠯᠥᠭᠡᠯᠡᠭᠴᠢ ᠤᠷᠤᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ‌‍ᠳᠤ ᠨᠡᠶᠢᠴᠡᠵᠡᠢ  ᠃      ᠦᠳᠡ ᠶᠢᠨ ᠡᠮᠦᠨᠡᠬᠢ 8᠄ 30 ᠲᠤ ᠪᠠᠭᠠᠲᠤᠷ ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯᠳᠤᠭᠠᠨ ᠬᠤᠷᠠᠯ ᠡᠬᠢᠯᠡᠭᠰᠡᠨ ᠢ ᠵᠠᠷᠯᠠᠵᠤ᠂ ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠳᠠᠭᠤᠯᠠᠵᠠᠢ  ᠃      ᠬᠤᠰᠢᠭᠤ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠵᠧᠦ ᠢᠦᠢ ᠯᠦᠩ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠪᠠ᠃      ᠵᠧᠦ ᠢᠦᠢ ᠯᠦᠩ ᠢᠯᠡᠳᠬᠡᠯ ᠳᠡᠭᠡᠨ ᠵᠢᠭᠠᠬᠤ ᠳᠠᠭᠠᠨ᠂ ᠥᠩᠭᠡᠷᠡᠭᠰᠡᠨ ᠳᠥᠷᠪᠡᠨ ᠵᠢᠯ ᠳᠤ᠂ ᠪᠢᠳᠡ ᠳᠤᠮᠳᠠᠳᠤ ᠤᠯᠤᠰ ᠤᠨ ᠣᠨᠴᠠᠯᠢᠭ ᠲᠠᠢ‌ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ  ᠮᠠᠨᠳᠤᠭᠤᠯᠵᠤ᠂ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ   ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠨᠠᠶᠢᠲᠠᠪᠤᠷᠢᠵᠢᠭᠤᠯᠤᠨ᠂ ᠬᠤᠰᠢᠭᠤ ᠨᠠᠮ ᠤᠨ ᠬᠤᠷᠢᠶᠠᠨ ᠤ  ᠡᠷᠡᠰ ᠴᠢᠩᠭ᠎ᠠ ᠤᠳᠤᠷᠢᠳᠤᠯᠭ᠎ᠠ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠴᠦᠬᠦᠷᠡᠰᠢ ᠦᠭᠡᠢ ᠴᠢᠷᠮᠠᠶᠢᠨ ᠲᠡᠮᠡᠴᠡᠵᠦ᠂  ᠶᠡᠷᠦᠩᠬᠡᠶᠢᠯᠡᠭᠰᠡᠨ ᠪᠣᠳᠠᠲᠤ ᠬᠦᠴᠦᠨ ᠶᠡᠬᠡᠪᠡᠷ ᠳᠡᠭᠡᠭᠰᠢᠯᠡᠨ᠂ ᠪᠣᠬᠢᠷᠲᠤᠯ ᠦᠭᠡᠢ ᠬᠥᠭᠵᠢᠯᠲᠡ ᠶᠢᠨ ᠬᠠᠨᠳᠤᠰᠢ ᠰᠠᠶᠢᠵᠢᠷᠠᠵᠤ᠂ ᠠᠵᠤ ᠠᠬᠤᠢ ᠶᠢᠨ ᠪᠦᠲᠦᠴᠡ ᠦᠷᠭᠦᠯᠵᠢᠯᠡᠨ ᠰᠢᠯᠢᠳᠡᠭᠵᠢᠵᠦ᠂ ᠬᠤᠲᠠ ᠬᠥᠳᠡᠭᠡ ᠶᠢᠨ ᠳᠦᠷᠢ ᠲᠦᠷᠬᠦ ᠢᠯᠡᠳᠲᠡ ᠰᠠᠶᠢᠵᠢᠷᠠᠵᠤ᠂ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠰᠢᠨ᠎ᠡ ᠳᠡᠭᠲᠡᠷ ᠲᠤ ᠭᠠᠷᠪᠠ ᠭᠡᠵᠡᠢ  ᠃      ᠵᠧᠦ ᠢᠦᠢ ᠯᠦᠩ ᠵᠢᠭᠠᠬᠤ ᠳᠠᠭᠠᠨ᠂ ᠲᠦᠪᠰᠢᠨ ᠥᠶ᠎ᠡ ᠳᠤ ᠬᠦᠴᠦᠷᠬᠡᠭᠵᠢᠬᠦ ᠶᠢ ᠪᠣᠳᠣᠵᠤ᠂ ᠲᠦᠭᠰᠢᠭᠦᠷᠢ ᠶᠢᠨ ᠥᠶ᠎ᠡ ᠳᠤ ᠠᠯᠣᠰ ᠢ ᠬᠠᠷᠠᠨ᠎ᠠ᠃ ᠠᠮᠵᠢᠯᠲᠠ ᠪᠠᠨ ᠳ᠋ᠦᠩᠨᠡᠬᠦ ᠶᠢᠨ ᠬᠠᠮᠲᠤ ᠪᠢᠳᠡ ᠪᠠᠰᠠ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠰᠠ ᠴᠥᠭᠡᠨ ᠪᠤᠰᠤ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠨᠠᠩ ᠰᠡᠷᠭᠡᠭ ᠢᠶᠠᠷ ᠣᠯᠵᠤ ᠬᠠᠷᠠᠬᠤ ᠬᠡᠷᠡᠭᠲᠡᠶ᠃ ᠡᠳᠡᠭᠡᠷ ᠠᠰᠠᠭᠤᠳᠠᠯ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ ᠨᠠᠷᠢᠨ ᠬᠢᠨᠠᠮᠠᠭᠠᠶ ᠰᠢᠢᠳᠪᠦᠷᠢᠯᠡᠬᠦ ᠬᠡᠷᠡᠭᠲᠡᠢ ᠭᠡᠪᠡ  ᠃      ᠵᠧᠦ ᠢᠦᠢ ᠯᠦᠩ‌ᠢᠯᠡᠳᠬᠡᠯ ᠳᠡᠭᠡᠨ ᠬᠤᠶᠢᠰᠢᠳᠠ ᠶᠢᠨ ᠲᠠᠪᠤᠨ ᠵᠢᠯ ᠤᠨ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠡᠮᠡᠴᠡᠬᠦ ᠬᠠᠷᠠᠯᠲᠠ ᠶᠢ ᠳᠤᠷᠠᠳᠴᠠᠢ᠄ 2025 ᠣᠨ ᠪᠣᠯᠬᠤ ᠳᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ‌ᠢ 73 ᠳ᠋ᠦᠩᠰᠢᠭᠤᠷ ᠲᠥᠭᠦᠷᠢᠭ‌‍ᠲ᠋ᠤ ᠬᠦᠷᠭᠡᠵᠦ᠂ ᠵᠢᠯ ᠪᠦᠷᠢ ᠳᠤᠮᠳᠠᠴᠢ ᠪᠠᠷ 5% ᠣᠷᠴᠢᠮ ᠨᠡᠮᠡᠭᠳᠡᠭᠦᠯᠦᠨ᠎ᠡ᠃ ᠨᠡᠶᠢᠭᠡᠮ ᠤᠨ ᠬᠡᠷᠡᠭᠯᠡᠭᠡᠨ ᠤ ᠵᠦᠢᠯᠡᠰ ᠢ ᠵᠢᠵᠢᠭᠯᠡᠨ ᠪᠣᠷᠣᠯᠠᠭᠤᠯᠬᠤ ᠶᠡᠷᠦᠩᠬᠡᠢ ᠬᠡᠮᠵᠢᠶ᠎ᠡ‌‍ᠶᠢ 13 ᠳ᠋ᠦᠩᠰᠢᠭᠤᠷ ᠲᠥᠭᠦᠷᠢᠭ‌ᠣᠷᠴᠢᠮ ᠳᠤ ᠬᠦᠷᠭᠡᠵᠦ᠂ ᠵᠢᠯ ᠪᠦᠷᠢ ᠳᠤᠮᠳᠠᠴᠢ ᠪᠠᠷ 4.5% ᠣᠷᠴᠢᠮ ᠨᠡᠮᠡᠭᠳᠡᠭᠦᠯᠦᠨ᠎ᠡ᠃ ᠲᠣᠭᠲᠠᠮᠠᠯ ᠬᠦᠷᠦᠩᠭᠡ‌‍ᠶᠢᠨ ᠪᠡᠯᠡ ᠣᠷᠣᠭᠤᠯᠤᠯᠲᠠ ᠶᠢ 20 ᠳ᠋ᠦᠩᠰᠢᠭᠤᠷ ᠲᠥᠭᠦᠷᠢᠭ ᠣᠷᠴᠢᠮ ᠳᠤ ᠬᠦᠷᠭᠡᠵᠦ᠂ ᠵᠢᠯ ᠪᠦᠷᠢ ᠳᠤᠮᠳᠠᠴᠢ ᠪᠠᠷ 5.9% ᠠᠴᠠ ᠳᠡᠭᠡᠭᠰᠢ ᠨᠡᠮᠡᠭᠳᠡᠭᠦᠯᠦᠨ᠎ᠡ᠃ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ‌‍ᠶᠢ 7.4 ᠳ᠋ᠦᠩᠰᠢᠭᠤᠷ ᠲᠥᠭᠦᠷᠢᠭ‌ᠣᠷᠴᠢᠮ ᠳᠤ ᠬᠦᠷᠭᠡᠵᠦ᠂ ᠵᠢᠯ ᠪᠦᠷᠢ ᠳᠤᠮᠳᠠᠴᠢ ᠪᠠᠷ 2.6% ᠣᠷᠴᠢᠮ ᠨᠡᠮᠡᠭᠳᠡᠭᠦᠯᠦᠨ᠎ᠡ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠬᠤᠪᠢᠶᠠᠷᠢᠯᠠᠵᠤ ᠪᠤᠯᠬᠤᠶᠢᠴᠠ ᠣᠷᠣᠯᠭ᠎ᠠ ᠶᠢ ᠲᠣᠰ ᠲᠣᠰ 4.7 ᠲᠦᠮᠡᠨ ᠲᠥᠭᠦᠷᠢᠭ ᠪᠠ4 ᠲᠦᠮᠡᠨ ᠲᠥᠭᠦᠷᠢᠭ ᠲᠤ ᠭᠦᠷᠭᠡᠵᠦ᠂ ᠵᠢᠯ ᠪᠦᠷᠢ ᠳᠤᠮᠳᠠᠴᠢ ᠪᠠᠷ ᠲᠣᠰ ᠲᠣᠰ 2.1% ᠪᠠ 2.8% ᠣᠷᠴᠢᠮ ᠨᠡᠮᠡᠭᠳᠡᠭᠦᠯᠦᠨ᠎ᠡ᠃      ᠵᠧᠦ ᠢᠦᠢ‌ᠯᠦ᠋ᠩ‌ᠢᠯᠡᠳᠬᠡᠯ ᠳᠡᠭᠡᠨ ᠵᠢᠭᠠᠭᠰᠠᠨ ᠨᠢ᠂ ᠬᠤᠶᠢᠰᠢᠳᠠ ᠶᠢᠨ ᠲᠠᠪᠤᠨ ᠵᠢᠯ ᠳᠤ ᠪᠢᠳᠡ ᠬᠥᠳᠡᠭᠡ‌‍ᠲ᠋ᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠳᠠᠪᠠᠭᠤᠯᠢᠭ ᠠᠵᠤ ᠦᠶᠯᠡᠰ ᠢ ᠦᠷᠭᠦᠯᠵᠢᠯᠡᠨ ᠬᠦᠭᠵᠢᠭᠦᠯᠵᠦ᠂ ᠮᠠᠯᠵᠢᠬᠤ ᠣᠷᠣᠨ ᠤ ᠡᠵᠡᠩᠨᠡᠯᠲᠡ ᠶᠢᠨ ᠭᠤᠤᠯ ᠴᠣᠭᠴᠠ ᠶᠢ ᠴᠢᠩᠭᠠᠳᠬᠠᠵᠤ᠂ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠮᠠᠯᠵᠢᠬᠤ ᠣᠷᠣᠨ ᠤ ᠣᠳᠣᠬᠢᠴᠢᠯᠠᠭᠰᠠᠨ ᠦᠶᠯᠡᠳᠪᠦᠷᠢᠯᠡᠯ ᠢ ᠬᠦᠴᠦᠷᠬᠡᠭᠵᠢᠭᠦᠯᠵᠦ ᠰᠠᠭᠤᠷᠢ ᠶᠢ ᠪᠠᠬᠢᠵᠢᠭᠦᠯᠬᠦ ᠶᠢ ᠪᠥᠬᠦ ᠲᠠᠯ᠎ᠠ ᠪᠠᠷ ᠠᠬᠢᠭᠤᠯᠤᠨ᠎ᠠ᠃ ᠢᠳᠡᠪᠬᠢᠲᠡᠢ ᠪᠠᠷ ᠲᠦᠷᠦᠯ ᠵᠦᠢᠯ ᠡᠷᠡᠮᠡᠯᠵᠡᠯᠡᠨ᠂ ᠨᠠᠷᠢᠯᠢᠭ ᠤᠨᠤᠪᠴᠢᠲᠠᠢ ᠬᠡᠷᠡᠭᠵᠢᠭᠦᠯᠵᠦ ᠦᠷ᠎ᠡ ᠠᠰᠢᠭ ᠢ ᠳᠡᠭᠡᠭᠰᠢᠯᠡᠭᠦᠯᠵᠦ᠂ ᠢᠯᠠᠯᠲᠠ ᠶᠢᠨ ᠡᠷᠴᠢᠨ ᠳᠤ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂  ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠰᠣᠶᠣᠯ ᠵᠢᠭᠤᠯᠴᠢᠯᠠᠯ ᠤᠨ ᠲᠠᠲᠠᠬᠤ ᠬᠦᠴᠦᠨ ᠢ  ᠨᠡᠮᠡᠭᠳᠡᠭᠦᠯᠵᠦ᠂ ᠠᠷᠠᠯᠵᠢᠶ᠎ᠠ ᠬᠤᠳᠠᠯᠳᠤᠭ᠎ᠠ ᠪᠣᠳᠠᠰ ᠤᠨ ᠭᠦᠢᠯᠭᠡᠭᠡᠨ ᠤ ᠦᠷᠢᠰᠦᠯᠳᠣᠭᠡᠨ ᠤ ᠬᠦᠴᠦᠨ ᠢ ᠳᠡᠭᠡᠭᠰᠢᠯᠡᠭᠦᠯᠵᠦ᠂ ᠡᠳ᠋ ᠤᠨ ᠵᠠᠰᠠᠭ ᠭᠠᠶᠢᠯᠢ ᠶᠢᠨ ᠶᠠᠪᠣᠳᠠᠯ ᠮᠥᠩᠭᠦᠨ ᠭᠦᠢᠯᠭᠡᠭᠡᠨ ᠤ ᠲᠤᠯᠭᠠᠭᠤᠷᠢᠯᠠᠬᠤ ᠬᠦᠴᠦᠨ ᠢ ᠴᠢᠩᠭᠠᠷᠠᠭᠤᠯᠤᠨ᠂ ᠨᠠᠩ ᠠᠮᠢᠵᠢᠷᠠᠯ ᠤᠨ ᠬᠦᠴᠦᠨ ᠲᠠᠢ ᠣᠲᠣ ᠦᠶ᠎ᠡ  ᠶᠢᠨ ᠦᠢᠯᠡᠴᠢᠯᠡᠭᠡᠨ ᠤ ᠦᠢᠯᠡᠰ ᠢ ᠬᠥᠭᠵᠢᠭᠦᠯᠦᠨ᠎ᠡ᠃ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠡᠷᠴᠢᠮ ᠂ ᠠᠮᠢ ᠠᠬᠤᠶ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ᠂ ᠠᠮᠢ ᠠᠬᠤᠶ ᠶᠢ ᠬᠠᠮᠠᠭᠠᠯᠠᠬᠤ ᠢᠨᠵᠧᠨᠧᠷᠢᠩ ᠤᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠨᠠᠩ ᠦᠷᠭᠦᠯᠵᠢᠯᠡᠭᠰᠡᠨ ᠪᠣᠬᠢᠷᠲᠤᠯ ᠥᠬᠡᠶ ᠬᠥᠭᠵᠢᠯᠲᠡ ᠶᠢ ᠪᠡᠶᠡᠯᠡᠭᠦᠯᠦᠨ᠎ᠡ᠃ ᠦᠭᠡᠷᠡᠴᠢᠯᠡᠯᠲᠡ ᠬᠢᠵᠦ ᠴᠢᠯᠦᠭᠡᠲᠡᠢ ᠶᠠᠪᠣᠯᠴᠠᠬᠤ ᠶᠢ ᠳᠡᠰ ᠳᠡᠪᠰᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ︽ᠵᠠᠰᠠᠭ ᠢ ᠴᠣᠮᠬᠠᠳᠬᠠᠵᠣ᠂ ᠬᠠᠮᠢᠶᠠᠷᠣᠯᠲᠠ ᠦᠢᠯᠡᠴᠢᠯᠡᠭᠡ ᠶᠢ ᠣᠶᠠᠯᠳᠣᠭᠤᠯᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠩ‌ᠠᠮᠢᠳᠤᠯᠢᠭ ᠬᠥᠭᠵᠢᠯᠲᠡ ᠶᠢᠨ ᠬᠦᠳᠡᠯᠭᠡᠭᠴᠢ ᠡᠨᠧᠷᠬᠢ ᠶᠢ ᠨᠡᠮᠡᠭᠳᠡᠭᠦᠯᠦᠨ᠎ᠡ᠃ ᠣᠷᠣᠰᠢᠨ ᠰᠠᠭᠤᠷᠢᠰᠢᠬᠤ᠂ ᠠᠵᠢᠯ ᠦᠢᠯᠡᠰ ᠡᠷᠭᠢᠯᠡᠬᠦ ᠳᠤ ᠲᠣᠬᠢᠷᠠᠮᠵᠢᠲᠠᠶ ᠣᠳᠣᠬᠢᠴᠢᠯᠠᠭᠰᠠᠨ ᠪᠠᠯᠭᠠᠰᠤ ᠶᠢ ᠪᠥᠲᠥᠭᠡᠨ ᠪᠠᠶᠢᠭᠤᠯᠬᠤ ᠪᠠᠷ ᠬᠠᠷᠠᠯᠲᠠ ᠪᠣᠯᠭᠠᠨ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ‌‍ᠶᠢ ᠳᠡᠭᠡᠭᠰᠢᠯᠡᠭᠦᠯᠵᠦ᠂ ᠬᠤᠲᠠ ᠪᠠᠯᠭᠠᠰᠤᠨ ᠤ ᠬᠠᠮᠢᠶᠠᠷᠤᠯᠲᠠ ᠶᠢ ᠳᠡᠰ  ᠲᠡᠪᠰᠢᠭᠦᠯᠦᠨ᠂ ᠣᠯᠠᠨ ᠳᠤ ᠲᠠᠭᠠᠰᠢᠶᠠᠭᠳᠠᠭᠰᠠᠨ ᠣᠷᠣᠰᠢᠨ ᠰᠠᠭᠤᠷᠢᠰᠢᠬᠤ ᠳᠤ ᠲᠣᠬᠢᠷᠠᠮᠵᠢᠳᠠᠢ ᠬᠤᠲᠠ ᠪᠠᠯᠭᠠᠰᠤ ᠶᠢ ᠪᠥᠲᠥᠭᠡᠨ ᠪᠠᠶᠢᠭᠤᠯᠤᠨ᠎ᠠ᠃ ᠠᠷᠠᠳ ᠤᠨ ᠰᠡᠳᠬᠢᠯ ᠢ ᠪᠠᠶᠠᠰᠬᠠᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ ᠵᠡᠷᠭᠡ‌ᠠᠷᠠᠳ ᠤᠨ ᠠᠮᠢᠳᠤᠷᠠᠯ ᠤᠨ ᠦᠢᠯᠡᠰ ᠢ ᠶᠡᠬᠡᠪᠡᠷ ᠬᠥᠭᠵᠢᠭᠦᠯᠵᠦ᠂ ᠠᠷᠠᠳ ᠤᠨ ᠠᠮᠢᠳᠤᠷᠠᠯ ᠤᠨ ᠪᠠᠲᠣᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠮᠤᠷ ᠠᠮᠣᠭᠤᠯᠠᠩ‌ᠵᠡᠬᠦᠨ ᠦᠵᠦᠮᠦᠴᠢᠨ᠂ ᠬᠠᠤᠯᠢ ᠪᠠᠷ ᠵᠠᠰᠠᠬᠤ ᠵᠡᠬᠦᠨ ᠦᠵᠦᠮᠦᠴᠢᠨ᠂ ᠣᠶᠣᠨᠴᠢ ᠵᠡᠬᠦᠨ ᠦᠵᠦᠮᠦᠴᠢᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠰᠢᠨ᠎ᠡ‌‍ᠲ᠋ᠢᠳᠢᠮᠯᠢᠭ ᠠᠭᠤᠰᠬᠢᠨ ᠦᠷᠪᠢᠰᠦᠯ ᠪᠠ ᠬᠤᠯᠤᠭᠠᠨ᠎ᠠ ᠶᠢᠨ ᠬᠢᠵᠢᠭ ᠢ ᠪᠠᠶᠢᠩᠭᠤᠵᠢᠭᠤᠯᠣᠨ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ‌ᠠᠳᠬᠤᠵᠤ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠤᠨ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠪᠠ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠶᠢ ᠪᠠᠲᠤᠯᠠᠨ᠎ᠠ ᠭᠡᠵᠡᠢ᠃      ᠵᠧᠦ ᠢᠦᠢ ᠯᠦᠩ ᠢᠯᠡᠳᠬᠡᠯ ᠳᠡᠭᠡᠨ ᠳᠤᠷᠠᠳᠤᠭᠰᠠᠨ ᠨᠢ᠂ 2022 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄  ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ‌ᠢ 68.65 ᠳ᠋ᠦᠩᠰᠢᠭᠤᠷ ᠲᠥᠭᠦᠷᠢᠭ‌‍ᠲ᠋ᠤ ᠬᠦᠷᠭᠡᠵᠦ᠂ 6 % ᠣᠷᠴᠢᠮ ᠨᠡᠮᠡᠭᠳᠡᠭᠦᠯᠦᠨ᠎ᠡ᠃ 500 ᠲᠦᠮᠡᠨ ᠲᠥᠭᠦᠷᠢᠭ‌ᠡᠴᠠ ᠳᠡᠭᠡᠭᠰᠢᠬᠢ 46 ᠵᠦᠢᠯ ᠤᠨ ᠭᠤᠣᠯᠳᠠᠯᠭᠠᠲᠤ ᠲᠥᠷᠥᠯ ᠵᠦᠢᠯ ᠢ ᠬᠡᠷᠡᠭᠵᠢᠭᠦᠯᠤᠨ᠂ ᠲᠣᠭᠲᠠᠮᠠᠯ ᠬᠥᠷᠥᠩᠭᠡ‌‍ᠶᠢᠨ ᠪᠠᠯᠠ ᠣᠷᠣᠭᠤᠯᠤᠯᠲᠠ ᠶᠢ 17.33 ᠳ᠋ᠦᠩᠰᠢᠭᠤᠷ ᠲᠥᠭᠦᠷᠢᠭ ᠲᠤ ᠬᠦᠷᠭᠡᠵᠦ᠂ 5% ᠣᠷᠴᠢᠮ ᠨᠡᠮᠡᠭᠳᠡᠭᠦᠯᠦᠨ᠎ᠡ᠃ ᠡᠩ‌‍ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ‌‍ᠶᠢ 6.9 ᠳ᠋ᠦᠩᠰᠢᠭᠤᠷ ᠲᠥᠭᠦᠷᠢᠭ‌‍ᠲ᠋ᠤ ᠬᠦᠷᠭᠡᠵᠦ᠂ 3%ᠣᠷᠴᠢᠮ ᠨᠡᠮᠡᠭᠳᠡᠭᠦᠯᠦᠨ᠂ 7.1 ᠳ᠋ᠦᠩᠰᠢᠭᠤᠷ ᠲᠥᠭᠦᠷᠢᠭ‌‍ᠲ᠋ᠤ ᠬᠦᠷᠭᠡᠬᠦ ᠪᠠᠷ ᠴᠢᠷᠮᠠᠶᠢᠨ᠎ᠠ᠃ ᠨᠡᠶᠢᠭᠡᠮ  ᠤᠨ ᠬᠡᠷᠡᠭᠯᠡᠭᠡᠨ ᠤ ᠵᠦᠢᠯᠡᠰ ᠢ ᠵᠢᠵᠢᠭᠯᠡᠨ ᠪᠣᠷᠣᠯᠠᠭᠤᠯᠬᠤ ᠶᠡᠷᠦᠩᠬᠡᠢ ᠬᠡᠮᠵᠢᠶ᠎ᠡ ᠶᠢ 12.15 ᠳ᠋ᠦᠩᠰᠢᠭᠤᠷ ᠲᠥᠭᠦᠷᠢᠭ ᠲᠤ ᠬᠦᠷᠭᠡᠵᠦ᠂ 5%ᠣᠷᠴᠢᠮ ᠨᠡᠮᠡᠭᠳᠡᠭᠦᠯᠦᠨ᠎ᠡ᠃ ᠬᠤᠳᠠ ᠬᠥᠳᠡᠭᠡ‌‍ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠬᠤᠪᠢᠶᠠᠷᠢᠯᠠᠵᠣ ᠪᠣᠯᠬᠤᠶᠢᠴᠠ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ᠃      ᠵᠧᠦ ᠢᠦᠢ ᠯᠦᠩ ᠢᠯᠡᠳᠬᠡᠯ ᠳᠡᠭᠡᠨ ᠳᠤᠷᠠᠳᠤᠭᠰᠠᠨ ᠨᠢ᠂ 2022 ᠣᠨ ᠳᠤ ᠶᠢᠰᠦᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠡ᠄ ᠮᠠᠯ ᠠᠵᠤ ᠠᠬᠤᠶ ᠶᠢᠨ ︽ᠰᠢᠨ᠎ᠡ ᠨᠡᠷ᠎ᠡ ᠲᠡᠮᠳᠡᠭ︾ ᠢ ᠳᠡᠯᠭᠡᠷᠡᠬᠦᠯᠵᠣ᠂ ᠣᠷᠣᠯᠭ᠎ᠠ ᠶᠢ ᠨᠡᠮᠡᠭᠳᠡᠭᠦᠯᠦᠨ ᠦᠷ᠎ᠡ ᠠᠰᠢᠭ ᠢ ᠳᠡᠭᠡᠭᠰᠢᠯᠡᠬᠦᠯᠤᠨ᠂ ᠶᠠᠰᠤ ᠴᠢᠨᠠᠷ ᠢ ᠪᠠᠳᠣᠯᠠᠨ᠎ᠠ᠃ ᠠᠵᠤ ᠠᠬᠤᠶ ᠶᠢᠨ ︽ᠰᠢᠨ᠎ᠡ ᠬᠡᠪ ᠪᠠᠶᠢᠳᠠᠯ︾ ᠳᠤ ᠵᠣᠬᠢᠴᠠᠵᠤ᠂ ᠳᠠᠯᠳᠠ ᠬᠦᠴᠦᠨ ᠢ ᠠᠭᠤᠳᠠᠯᠯᠠᠨ᠂ ᠦᠷ᠎ᠡ ᠪᠦᠲᠦᠮᠵᠢ ᠶᠢ ᠳᠡᠭᠡᠭᠰᠢᠯᠡᠬᠦᠯᠦᠨ᠎ᠡ᠃ ᠭᠤᠷᠪᠠᠳᠤᠭᠠᠷ ᠠᠵᠤ ᠦᠢᠯᠡᠰ ᠤᠨ ︽ᠰᠢᠨ᠎ᠡ ᠬᠠᠭᠤᠳᠠᠰᠤ︾ ᠶᠢ ᠪᠢᠴᠢᠭᠯᠡᠵᠦ᠂  ᠠᠵᠤ ᠦᠢᠯᠡᠰ ᠤᠨ ᠡᠬᠢᠯᠡᠯᠲᠡ ᠪᠠ ᠬᠦᠭᠵᠢᠯᠲᠡ ᠶᠢ ᠲᠦᠷᠭᠡᠳᠬᠡᠨ᠎ᠡ᠃ ᠠᠮᠢ ᠠᠬᠤᠶ ᠶᠢᠨ ︽ᠰᠢᠨ᠎ᠡ ᠳᠠᠪᠠᠭᠤᠯᠢᠭ︾ ᠢ ᠪᠠᠬᠢᠵᠢᠭᠦᠯᠵᠦ᠂ ᠪᠦᠲᠦᠭᠡᠨ ᠪᠠᠶᠢᠭᠤᠯᠣᠯᠲᠠ ᠪᠠ ᠬᠠᠮᠠᠭᠠᠯᠠᠯᠲᠠ ᠶᠢ ᠴᠢᠩᠭᠠᠳᠬᠠᠨ᠎ᠠ᠃ ᠬᠤᠲᠠ ᠬᠦᠳᠡᠭᠡ ᠶᠢᠨ ︽ᠰᠢᠨ᠎ᠡ‌‍ᠲ᠋ᠦ᠋ᠷᠢ ᠲᠥᠷᠬᠦ︾ ᠶᠢ ᠡᠭᠦᠳᠴᠦ᠂ ᠣᠷᠣᠰᠢᠨ ᠰᠠᠭᠤᠷᠢᠰᠢᠬᠤ ᠪᠠ‌ᠠᠵᠢᠯ ᠦᠢᠯᠡᠰ ᠡᠷᠬᠢᠯᠡᠬᠦ ᠳᠤ ᠨᠡᠩ ᠲᠣᠬᠢᠷᠠᠮᠵᠢᠳᠠᠢ ᠪᠣᠯᠭᠠᠨ᠎ᠠ᠃ ᠥᠭᠡᠷᠡᠴᠢᠯᠡᠯᠲᠡ ᠶᠢᠨ ︽ᠰᠢᠨ᠎ᠡ ᠬᠥᠳᠡᠯᠭᠡᠭᠴᠢ ᠡᠨᠧᠷᠭᠢ︾ ᠶᠢ ᠬᠥᠭᠵᠢᠭᠡᠵᠦ᠂ ᠨᠡᠭᠡᠭᠡᠨ ᠬᠥᠭᠵᠢᠭᠦᠯᠵᠦ ᠨᠡᠭᠡᠭᠡᠯᠳᠡ ᠬᠢᠬᠦ ᠶᠢ ᠭᠦᠨᠵᠡᠭᠡᠶᠢᠷᠡᠭᠦᠯᠦᠨ᠎ᠡ᠃ ᠠᠷᠠᠳ ᠤᠨ ᠠᠮᠢᠳᠤᠷᠠᠯ ᠤᠨ︽ᠰᠢᠨ᠎ᠡ ᠬᠦᠰᠡᠯ ᠡᠷᠡᠮᠡᠯᠵᠡᠯ︾ ᠢ ᠬᠠᠩᠭᠠᠵᠤ᠂ ᠨᠡᠶᠢᠳᠡᠮ ᠠᠰᠢᠭ ᠬᠦᠷᠲᠡᠭᠡᠬᠦ ᠶᠢ ᠪᠣᠳᠠᠳᠠᠶᠢᠵᠢᠭᠤᠯᠣᠨ᠎ᠠ᠃ ᠠᠮᠤᠷ ᠲᠦᠪᠰᠢᠨ ᠤ ︽ᠰᠢᠨ᠎ᠡ ᠱᠠᠭᠠᠷᠳᠠᠯᠭ᠎ᠠ︾ ᠶᠢ ᠨᠢᠭᠡᠳᠦᠯᠲᠡᠶ ᠲᠦᠯᠦᠪᠵᠢᠬᠦᠯᠵᠣ᠂ ᠠᠮᠤᠷ ᠲᠣᠭᠲᠠᠭᠤᠨ ᠢ ᠪᠠᠳᠣᠯᠠᠨ᠎ᠠ᠃ ᠠᠷᠠᠳ ᠤᠯᠠᠨ ᠤ ᠠᠮᠢ ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠳᠣ ᠪᠠᠬᠢ ᠪᠠᠶᠢᠭᠤᠯᠣᠨ᠎ᠠ᠃ ᠨᠠᠮ ᠤᠨ ᠪᠠᠶᠢᠭᠤᠯᠤᠯᠲᠠ ᠶᠢᠨ ︽ᠰᠢᠨ᠎ᠡ‌ᠣᠶᠢᠯᠠᠭᠠᠭᠳᠠᠬᠤᠨ︾ ᠢ ᠡᠵᠡᠮᠳᠡᠵᠦ᠂ ᠵᠠᠰᠠᠭ ᠤᠨ ᠣᠷᠳᠣᠨ ᠤ  ᠲᠤᠰ ᠪᠡᠶ᠎ᠡ ᠶᠢᠨ ᠪᠠᠶᠢᠭᠤᠯᠤᠯᠲᠠ ᠶᠢᠨ ᠰᠢᠨ᠎ᠡ ᠶᠢ ᠡᠬᠦᠳᠦᠨ᠎ᠡ᠃      ᠵᠧᠦ ᠢᠦᠢ ᠯᠦᠩ᠂ ᠰᠢᠨ᠎ᠡ ᠠᠶᠠᠨ ᠢ ᠪᠠᠷᠠᠯᠠᠬᠤᠶ᠎ᠠ ᠡᠭᠦᠷᠭᠡ ᠬᠦᠨᠳᠦ ᠢᠲᠡᠭᠡᠯ ᠲᠡᠭᠦᠯᠳᠡᠷ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠤᠯᠠᠮ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠣᠯᠤᠨ ᠬᠤᠰᠢᠭᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠣᠣᠷ᠎ᠠ᠂ ᠤᠬ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ‌ᠠᠶᠠᠨ ᠳᠤ ᠵᠡᠭᠦᠨ ᠦᠵᠦᠮᠦᠴᠢᠨ ᠬᠤᠰᠢᠭᠤᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠡᠭᠡᠶ᠎ᠡ ᠭᠡᠪᠡ︕      ᠶᠡᠭᠡ ᠬᠤᠷᠠᠯ ᠠᠴᠠ ᠬᠤᠰᠢᠭᠤ ᠬᠦᠭᠵᠢᠭᠦᠯᠤᠯᠲᠠ ᠪᠠ ᠦᠭᠡᠷᠡᠴᠢᠯᠡᠯᠲᠠ ᠶᠢᠨ ᠵᠦᠪᠯᠡᠯ ᠤᠨ ᠡᠷᠬᠢᠯᠡᠭᠴᠢ ᠶᠥᠩ ᠭᠠᠨ ᠤ ᠬᠢᠭᠰᠡᠨ 2021 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ  ᠭᠦᠢᠴᠡᠳᠬᠡᠭᠰᠡᠨ ᠪᠠᠶᠢᠳᠠᠯ ᠵᠢᠴᠢ 2022 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠦᠰᠦᠯ︶ ᠶᠢᠨ ᠲᠤᠬᠠᠢ ᠮᠡᠳᠡᠭᠦᠯᠦᠯᠲᠡ᠂ ᠬᠤᠰᠢᠭᠤ ᠤᠯᠤᠰ ᠲᠦᠷᠤ ᠤᠨ ᠵᠦᠪᠯᠡᠯᠭᠡᠨ ᠤ ᠲᠡᠳ᠋ ᠲᠡᠷᠢᠭᠦᠯᠡᠭᠴᠢ᠂ ᠡᠳ᠋ ᠤᠨ ᠵᠠᠰᠠᠭ ᠤᠨ ᠲᠤᠪᠴᠢᠶᠠᠨ ᠤ ᠲᠠᠷᠤᠭ᠎ᠠ ᠰᠢᠶᠣᠣ ᠮᠢᠩ ᠤᠨ ᠬᠢᠭᠰᠡᠨ 2021ᠣᠨ ᠤ ᠡᠳ᠋ ᠤᠨ ᠵᠠᠰᠠᠭ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠪᠠ 2022 ᠣᠨ ᠤ ᠡᠳ᠋ ᠤᠨ ᠵᠠᠰᠠᠭ ᠤᠨ ᠲᠥᠰᠦᠪ ︵ᠲᠥᠰᠦᠯ︶ ᠤᠨ ᠮᠡᠳᠡᠭᠦᠯᠦᠯᠲᠡ ᠪᠠ ᠬᠤᠰᠢᠭᠤ ᠵᠠᠰᠠᠭ ᠤᠨ ᠤᠷᠳᠤᠨ ᠤ ᠪᠠᠶᠢᠩᠭᠤ ᠶᠢᠨ ᠲᠡᠳ᠋ ᠬᠤᠰᠢᠭᠤ ᠲᠠᠷᠤᠭ᠎ᠠ ᠰᠢᠦᠢ ᠶᠢᠨ ᠵᠢᠶᠠᠨ ᠤ ᠬᠢᠭᠰᠡᠨ 2022 ᠣᠨ ᠤ ᠠᠷᠠᠳ ᠤᠨ ᠠᠮᠢᠳᠤᠷᠠᠯ  ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠰᠤᠩᠭᠤᠨ ᠳᠣᠭᠲᠠᠭᠠᠭᠰᠠᠨ ᠲᠤᠬᠠᠢ ᠮᠡᠳᠡᠭᠦᠯᠦᠯᠳᠡ ᠶᠢ ᠰᠣᠨᠣᠰᠴᠠᠢ  ᠃      ᠬᠤᠷᠠᠯ ᠠᠴᠠ ᠪᠠᠰᠠ ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠣᠳᠠᠭᠠᠨ ᠤ ᠬᠤᠷᠠᠯᠳᠤᠭᠠᠨ ᠤ  ᠰᠣᠩᠭᠤᠭᠤᠯᠢ ᠶᠢᠨ ᠠᠷᠭ᠎ᠠ ᠶᠢᠨ ᠲᠥᠰᠦᠯ᠂ ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠪᠦᠷᠢᠯᠳᠦᠬᠦᠨ ᠢ ᠪᠠᠲᠤᠯᠠᠬᠤ ᠠᠷᠭ᠎ᠠ ᠶᠢᠨ ᠲᠥᠰᠦᠯ᠂ ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ‍ᠤᠨ‌ᠠᠩᠬᠠᠳᠤᠭᠠᠷ ᠣᠳᠠᠭᠠᠨ ᠤ ᠬᠤᠷᠠᠯᠳᠤᠭᠠᠨ ᠤ ᠰᠢᠢᠳᠪᠦᠷᠢ᠂ ᠰᠠᠨᠠᠯ ᠵᠥᠪᠯᠡᠯᠭᠡ ᠪᠣᠯᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠠᠲᠤᠯᠠᠨ ᠲᠤᠭᠲᠠᠭᠠᠬᠤ ᠠᠷᠭ᠎ᠠ ᠶᠢᠨ ᠲᠥᠰᠦᠯ ᠢ ᠪᠠᠲᠤᠯᠠᠪᠠ  ᠃      ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠯᠢᠦ ᠶᠠᠨ ᠠᠴᠠ ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠣᠳᠠᠭᠠᠨ ᠤ ᠬᠤᠷᠠᠯᠳᠤᠭᠠᠨ ᠤ ᠲᠥᠯᠥᠭᠡᠯᠡᠭᠴᠢᠳ ᠨᠡᠷ᠎ᠡ ᠬᠤᠯᠪᠣᠭᠠᠯᠠᠨ ᠵᠢᠱᠢᠭᠳᠡᠭᠴᠢ ᠶᠢ ᠲᠠᠨᠢᠯᠴᠠᠭᠤᠯᠬᠤ ᠬᠢᠵᠠᠭᠠᠷᠲᠦ ᠴᠠᠭ ᠤᠨ ᠲᠤᠬᠠᠢ ᠳᠣᠭᠲᠠᠭᠠᠯ ᠢ ᠨᠡᠶᠢᠲᠡᠯᠡᠵᠦ᠂ ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠰᠠᠷᠠᠨᠰᠦ᠋ᠬᠡ  ᠠᠴᠠ ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠠᠩᠬᠠᠳᠤᠭᠠᠷ ᠣᠳᠠᠭᠠᠨ ᠤ ᠬᠤᠷᠠᠯᠳᠤᠭᠠᠨ ᠤ ᠲᠥᠯᠥᠭᠡᠯᠡᠭᠴᠢᠳ ᠤᠨ ᠰᠠᠨᠠᠯ ᠵᠥᠪᠯᠡᠯᠭᠡ ᠲᠡᠪᠰᠢᠭᠦᠯᠬᠦ  ᠬᠢᠵᠠᠭᠠᠷᠲᠦ ᠴᠠᠭ ᠤᠨ ᠲᠤᠬᠠᠢ ᠳᠣᠭᠲᠠᠭᠠᠯ ᠢ ᠨᠡᠶᠢᠲᠡᠯᠡᠵᠡᠢ  ᠃      ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠤᠯᠤᠰ ᠲᠥᠷᠥ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠤᠳᠠᠭᠠᠨ ᠤ  ᠬᠤᠷᠠᠯᠳᠤᠭᠠᠨ ᠳᠤ ᠣᠷᠤᠯᠴᠠᠵᠤ ᠪᠠᠶᠢᠭ᠎ᠠ ᠪᠥᠬᠦ ᠭᠡᠰᠢᠭᠦᠨ᠂ ᠲᠥᠯᠥᠭᠡᠯᠡᠭᠴᠢ ᠪᠢᠰᠢ ᠬᠤᠰᠢᠭᠤ ᠠᠷᠠᠳ ᠤᠨ ᠵᠠᠰᠠᠭ  ᠤᠨ ᠣᠷᠳᠣᠨ ᠤ ᠪᠦᠷᠢᠯᠳᠦᠬᠦᠨ  ᠂ ᠬᠤᠰᠢᠭᠤ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠡᠯ᠎ᠡ ᠰᠤᠮᠤ ᠪᠠᠯᠭᠠᠰᠤ  ︵ᠲᠠᠯᠠᠪᠠᠢ︶ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号