ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠣᠳᠠᠭᠠᠨ ᠤ ᠬᠤᠷᠠᠯᠳᠤᠭᠠᠨ ᠬᠤᠶᠠᠳᠤᠭᠠᠷ ᠣᠳᠠᠭᠠᠨ ᠤ ᠪᠥᠬᠦᠳᠡ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/1/12
      1 ᠰᠠᠷ᠎ᠠ‌‍ᠶᠢᠨ 6 ᠤ ᠦᠳᠡ ᠶᠢᠨ ᠡᠮᠦᠨ᠎ᠡ᠂ ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ‌ᠬᠤᠷᠠᠯ ᠤᠨ ᠠᠩᠬᠠᠳᠤᠭᠠᠷ ᠣᠳᠠᠭᠠᠨ ᠤ ᠬᠤᠷᠠᠯᠳᠤᠭᠠᠨ  ᠨᠢ ᠤᠯᠠᠭᠠᠨᠮᠥ᠋ᠴᠢᠷ ᠤᠨ ᠣᠯᠠᠨ ᠴᠢᠳᠠᠪᠬᠢᠳᠤ ᠮᠡᠳᠡᠭᠦᠯᠦᠯᠲᠡ ᠶᠢᠨ ᠲᠢᠩᠬᠢᠮ ᠳᠤ ᠬᠤᠶᠠᠳᠤᠭᠠᠷ ᠣᠳᠠᠭᠠᠨ ᠤ ᠪᠥᠬᠦᠳᠡ ᠬᠤᠷᠠᠯ ᠬᠤᠷᠠᠯᠳᠤᠵᠠᠢ᠃      ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠣᠣ ᠱᠧᠩ᠂ ᠪᠥᠬᠦ ᠠᠶᠢᠮᠠᠭ ᠤᠨ ᠬᠤᠰᠢᠭᠤ ᠰᠢᠶᠠᠨ ᠬᠤᠲᠠ ᠶᠢᠨ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠷᠪᠠᠨ ᠨᠢᠭᠡᠳᠦᠭᠡᠷ ᠠᠵᠢᠯ ᠤᠨ ᠵᠢᠭᠠᠨ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ ᠰᠢᠤᠢ ᠭᠦᠸᠧ ᠵᠢᠶᠦ᠋ᠨ᠂ ᠪᠥᠬᠦ ᠠᠶᠢᠮᠠᠭ  ᠤᠨ ᠬᠤᠰᠢᠭᠤ ᠰᠢᠶᠠᠨ ᠬᠤᠲᠠ᠂ ᠰᠤᠮᠤ ᠰᠢᠶᠠᠩ ᠪᠠᠯᠭᠠᠰᠤᠨ ᠤ ᠤᠳᠤᠷᠢᠳᠬᠤ ᠪᠠᠭ ᠤᠨ ᠬᠤᠭᠤᠴᠠᠭ᠎ᠠ‌‍ᠰᠣᠯᠢᠬᠤ ᠵᠢᠷᠭᠤᠳᠤᠭᠠᠷ ᠱᠠᠭᠠᠷᠳᠠᠨ ᠪᠠᠶᠢᠴᠠᠭᠠᠵᠤ ᠵᠢᠯᠣᠭᠤᠳᠬᠤ ᠳᠤᠭᠤᠶᠢᠯᠠᠩ‌‍ᠤᠨ ᠳᠠᠷᠤᠭ᠎ᠠ᠂ ᠠᠶᠢᠮᠠᠭ  ᠤᠨ ᠨᠠᠮ ᠤᠨ ᠬᠤᠷᠢᠶᠠᠨ ᠤ ᠣᠷᠣᠨ  ᠲᠤᠭ᠎ᠠ ᠶᠢᠨ ᠠᠯᠪᠠᠨ ᠬᠡᠷ ᠤᠨ ᠳᠡᠳ᠋ ᠡᠷᠬᠢᠯᠡᠭᠴᠢ ᠰᠦᠨ ᠲᠤᠤ᠂ ᠬᠢᠨᠠᠨ ᠪᠠᠶᠢᠴᠠᠭᠠᠵᠤ ᠵᠢᠭᠠᠨ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ ᠸᠠᠩ ᠴᠢᠩ ᠶᠦᠨ ᠨᠠᠷ ᠬᠤᠷᠠᠯ ᠳᠤ ᠣᠷᠣᠯᠴᠠᠨ ᠵᠢᠭᠠᠨ ᠵᠢᠯᠤᠭᠤᠳᠴᠠᠢ᠃      ᠶᠡᠭᠡ‌ᠬᠤᠷᠠᠯ ᠤᠨ ᠭᠦᠶᠴᠡᠳᠬᠡᠬᠦ ᠲᠡᠷᠢᠭᠦᠯᠡᠭᠴᠢ ᠪᠠᠭᠠᠲᠤᠷ᠂ ᠠᠯᠮᠠᠰ᠂ ᠬᠠᠶ ᠪᠤᠤ᠂ ᠯᠢᠦ ᠶᠠᠨ᠂ ᠰᠠᠷᠠᠨᠰᠦ᠋ᠬᠡ᠂ ᠬᠤᠰᠢᠭᠤ ᠳᠥᠷᠪᠡᠨ ᠶᠡᠭᠡ‌ᠤᠳᠤᠷᠢᠳᠬᠤ ᠪᠠᠭ ᠤᠨ ᠤᠳᠤᠷᠢᠳᠤᠯᠭ᠎ᠠ‌‍ᠬᠢᠩᠭᠠᠨ᠂ ᠵᠧᠦ ᠢᠦᠢ ᠯᠦᠩ᠂ ᠪᠠᠲᠤᠮᠥ᠋ᠩᠬᠡ‌ᠵᠡᠷᠭᠡ‌ᠤᠳᠤᠷᠢᠳᠬᠤ ᠨᠥᠬᠦᠳ ᠶᠡᠭᠡ‌ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠲᠠᠢ ᠬᠠᠮᠲᠦ ᠲᠡᠷᠢᠭᠦᠯᠡᠭᠴᠢ ᠶᠢᠨ ᠲᠠᠶᠢᠰᠠᠨ ᠳᠤ ᠰᠠᠭᠤᠯᠴᠠᠪᠠ  ᠃      ᠶᠡᠭᠡ ᠬᠤᠷᠠᠯ ᠤᠨ ᠭᠦᠶᠴᠡᠳᠬᠡᠬᠦ ᠲᠡᠷᠢᠭᠦᠯᠡᠭᠴᠢ ᠬᠠᠶ ᠪᠤᠤ ᠬᠤᠷᠠᠯ ᠢ ᠡᠷᠬᠢᠯᠡᠵᠡᠢ  ᠃      ᠲᠤᠰ ᠤᠳᠠᠭᠠᠨ ᠤ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 164 ᠬᠥᠮᠦᠨ᠂ ᠥᠨᠥᠳᠥᠷ ᠤᠨ ᠬᠤᠷᠠᠯ ᠳᠤ 162 ᠲᠥᠯᠥᠭᠡᠯᠡᠭᠴᠢ ᠤᠷᠤᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠵᠡᠢ  ᠃      ᠪᠠᠭᠠᠲᠤᠷ ᠬᠤᠰᠢᠭᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠤᠨ ᠶᠡᠭᠡ‌ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ‌‍ᠪᠠᠷ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠵᠡᠢ  ᠃      ᠪᠠᠭᠠᠲᠤᠷ  ᠂ 2018 ᠣᠨ ᠠᠴᠠ ᠨᠠᠰᠢ᠂ ᠵᠡᠭᠦᠨ ᠦᠵᠦᠮᠦᠴᠢᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ‌ᠬᠤᠷᠠᠯ ᠤᠨ ᠪᠠᠶᠢᠩᠭᠤ ᠶᠢᠨ ᠬᠤᠷᠢᠶ᠎ᠠ‌ᠨᠢ ᠬᠤᠰᠢᠭᠤ ᠨᠠᠮ  ᠤᠨ ᠬᠤᠷᠢᠶᠠᠨ ᠤ ᠪᠠᠲᠤ ᠴᠢᠩᠭ᠎ᠠ‌ᠤᠳᠤᠷᠢᠳᠤᠯᠭ᠎ᠠ‌‍ᠲ᠋ᠣᠤᠷ᠎ᠠ᠂ ᠰᠢ ᠶᠢᠨ ᠫᠢᠩ‌‍ᠦᠨ ᠰᠢᠨ᠎ᠡ‌‍ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ‌‍ᠪᠠᠷ ᠵᠢᠯᠣᠭᠤᠳᠣᠯᠭ᠎ᠠ‌‍ᠪᠤᠯᠭᠠᠨ᠂ ᠨᠠᠮ ᠤᠨ ᠤᠳᠤᠷᠢᠳᠤᠯᠭ᠎ᠠ‌‍ᠶᠢ ᠪᠠᠲᠤ ᠴᠢᠩᠭ᠎ᠠ ᠪᠠᠷᠢᠮᠲᠠᠯᠠᠬᠤ᠂ ᠠᠷᠠᠳ ᠲᠦᠮᠡᠨ ᠡᠷᠬᠡ‌ᠮᠡᠳᠡᠵᠦ ᠡᠵᠡᠨ ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠵᠦ᠂ ᠦᠨᠳᠦᠰᠦᠨ ᠬᠠᠤᠯᠢ ᠪᠠ‌ᠬᠠᠤᠯᠢ ᠴᠠᠭᠠᠵᠠ ᠠᠴᠠ ᠣᠯᠭᠤᠭᠰᠠᠨ ᠡᠭᠦᠷᠭᠡ‌ᠬᠠᠷᠢᠭᠤᠴᠠᠯᠭ᠎ᠠ‌‍ᠪᠠᠨ ᠦᠨᠡᠨᠴᠢ ᠪᠠᠷ  ᠭᠦᠢᠴᠡᠳᠬᠡᠵᠦ᠂  ᠬᠤᠰᠢᠭᠤ ᠨᠠᠮ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ‌‍ᠶᠢᠨ ᠪᠠᠶᠢᠷᠢᠯᠠᠭᠤᠯᠤᠯᠲᠠ ᠶᠢ ᠴᠢᠩᠭ᠌ ᠲᠠᠭᠠᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ‌‍ᠪᠠ‌‍ᠪᠦ᠋ᠬᠦ ᠬᠤᠰᠢᠭᠤᠨ ᠤ ᠭᠤᠤᠯ ᠠᠵᠢᠯ ᠤᠨ ᠲᠤᠭᠤᠷᠢᠨ ᠳᠤ᠂ ᠰᠠᠨᠠᠭᠠᠴᠢᠯᠠᠭ᠎ᠠ‌ᠡᠴᠠ ᠪᠠᠨ ᠬᠠᠷᠢᠭᠤᠴᠠᠯᠭ᠎ᠠ‌ᠡᠭᠦᠷᠭᠡᠯᠡᠨ‌ᠢᠳᠡᠪᠬᠢᠲᠡᠢ ᠠᠵᠢᠯᠯᠠᠵᠤ᠂ 27 ᠵᠦᠢᠯ ᠤᠨ ᠲᠤᠰᠬᠠᠢ‌ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠦᠪᠯᠡᠵᠦ᠂ 12 ᠵᠦᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠳᠤ ᠬᠠᠤᠯᠢ ᠬᠡᠷᠡᠭᠵᠢᠭᠦᠯᠦᠨ ᠪᠠᠶᠢᠴᠠᠭᠠᠯᠲᠠ ᠬᠢᠵᠦ᠂ 23 ᠬᠤᠪᠢ ᠳᠦᠷᠢᠮᠵᠢᠭᠰᠡᠨ ᠪᠢᠴᠢᠭ‌ᠮᠠᠲ᠋ᠧᠷᠢᠶᠠᠯ ᠢ ᠬᠠᠤᠯᠢ ᠶᠤᠰᠤᠭᠠᠷ ᠬᠢᠨᠠᠨ ᠪᠠᠶᠢᠴᠠᠭᠠᠵᠤ᠂ 24 ᠵᠦᠢᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠨ ᠰᠤᠳᠤᠯᠤᠯᠲᠠ ᠪᠠ‌‍ᠲ᠋ᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠦᠷᠨᠢᠭᠦᠯᠵᠦ᠂ 392 ᠬᠤᠪᠢ ᠲᠦᠯᠦᠭᠡᠯᠡᠭᠴᠢᠳ ᠤᠨ ᠰᠠᠨᠠᠯ ᠰᠠᠨᠠᠭᠤᠯᠭ᠎ᠠ‌‍ᠶᠢ ᠨᠠᠷᠢᠨ ᠬᠢᠨᠠᠮᠠᠭᠠᠢ ᠰᠢᠢᠳᠪᠦᠷᠢᠯᠡᠵᠦ᠂ ᠪᠦᠬᠦᠨ ᠢ ᠰᠢᠢᠳᠪᠦᠷᠢᠯᠡᠵᠦ ᠳᠠᠭᠤᠰᠬᠠᠭᠰᠠᠨ ᠪᠥᠭᠡᠳ ᠲᠥᠯᠥᠭᠡᠯᠡᠭᠴᠢᠳ ᠲᠤ ᠬᠠᠷᠢᠭᠤᠯᠲᠠ ᠦᠭᠴᠦ᠂ ᠲᠦᠷᠦ ᠶᠢᠨ ᠪᠠᠶᠢᠭᠤᠯᠭ᠎ᠠ‌‍ᠶᠢᠨ ᠠᠵᠢᠯᠳᠠᠨ ᠢ 147 ᠬᠥᠮᠦᠨ ᠤᠳᠠᠭ᠎ᠠ‌ᠬᠠᠤᠯᠢ ᠶᠣᠰᠣᠭᠠᠷ ᠲᠣᠮᠢᠯᠠᠵᠤ ᠪᠠᠭᠤᠯᠭᠠᠪᠠ ᠭᠡᠵᠡᠢ  ᠃      ᠪᠠᠭᠠᠲᠤᠷ᠂ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠢ ᠡᠷᠭᠢᠴᠡᠭᠦᠯᠪᠡᠯ᠂ ᠪᠢᠳᠡ‌ᠠᠷᠠᠳ ‍ᠤᠨ‌‍ᠲ᠋ᠥ᠋ᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠰᠢᠨ᠎ᠡ‌‍ᠴᠠᠭ ᠦᠶ᠎ᠡ‌‍ᠶᠢᠨ ᠣᠷᠣᠨ ᠨᠤᠲᠤᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠳᠤ ᠨᠠᠩ ᠭᠦᠨᠵᠡᠭᠡᠶ ᠣᠶᠢᠯᠠᠭᠠᠯᠲᠠ ᠲᠠᠢ ᠪᠤᠯᠤᠭᠰᠠᠨ ᠪᠠᠶᠢᠨ᠎ᠠ᠃ ᠡᠷᠬᠡᠪᠰᠢ ᠨᠠᠮ ᠤᠨ ᠤᠳᠤᠷᠢᠳᠤᠯᠭ᠎ᠠ‌‍ᠶᠢ ᠪᠠᠷᠢᠮᠲᠠᠯᠠᠨ᠂ ᠠᠷᠠᠳ ᠲᠦᠮᠡᠨ ᠡᠵᠡᠨ ᠰᠠᠭᠤᠵᠤ ᠡᠷᠬᠡ‌ᠮᠡᠳᠡᠬᠦ ᠶᠢ ᠪᠠᠷᠢᠮᠲᠠᠯᠠᠵᠤ᠂ ᠡᠷᠬᠡᠪᠰᠢ ᠬᠠᠤᠯᠢ ᠪᠠᠷ ᠤᠯᠤᠰ ᠵᠶ᠋ᠠᠨ‌ᠵᠠᠰᠠᠬᠤ ᠶᠢ ᠪᠠᠷᠢᠮᠲᠠᠯᠠᠵᠤ᠂ ᠡᠷᠬᠡᠪᠰᠢ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠲᠤᠪᠤᠶᠢᠯᠭᠠᠬᠤ ᠶᠢ ᠪᠠᠷᠢᠮᠲᠠᠯᠠᠵᠤ᠂ ᠡᠷᠬᠡᠪᠰᠢ ᠬᠠᠷᠢᠭᠤᠴᠠᠯᠭ᠎ᠠ‌ᠡᠭᠦᠷᠭᠡᠯᠡᠨ‌ᠵᠢᠳᠬᠦᠯ ᠴᠢᠷᠮᠠᠶᠢᠯᠭ᠎ᠠ‌ᠭᠠᠷᠭᠠᠬᠤ ᠶᠢ ᠴᠢᠩᠭᠠᠳᠬᠠᠵᠤ᠂ ᠡᠷᠬᠡᠪᠰᠢ ᠳᠡᠭᠡᠷ᠎ᠡ‌‍ᠲ᠋ᠤᠤᠷ᠎ᠠ‌‍ᠱᠠᠲᠤ ᠬᠠᠮᠳᠤᠷᠠᠯᠴᠠᠨ ᠨᠢᠭᠡᠲᠦᠮᠡᠯ ᠬᠦᠴᠦᠨ ᠢᠶᠠᠨ  ᠴᠢᠩᠭᠠᠳᠬᠠᠨ᠎ᠠ‌‍ᠭᠡᠵᠡᠢ  ᠃      ᠪᠠᠭᠠᠲᠤᠷ ᠮᠡᠳᠡᠭᠦᠯᠦᠯᠳᠡ ᠳᠡᠭᠡᠨ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠬᠤᠶᠢᠰᠢᠳᠠ ᠶᠢᠨ ᠠᠵᠢᠯ ᠳᠤ ᠳᠥᠷᠪᠡᠨ ᠲᠠᠯ᠎ᠠ ᠶᠢᠨ ᠰᠠᠨᠠᠭᠤᠯᠭ᠎ᠠ ᠳᠤᠷᠠᠳᠴᠠᠶ᠃ ᠨᠢᠭᠡ᠂ ᠠᠷᠠᠳ  ᠤᠨ ᠲᠥᠯᠥᠭᠡᠯᠡᠭᠴᠢᠳ ᠤᠨ ᠶᠡᠭᠡ‌ᠬᠤᠷᠠᠯ ᠤᠨ ︿︿ᠤᠯᠤᠰ ᠲᠥᠷᠥ ᠶᠢᠨ ᠪᠠᠶᠢᠭᠤᠯᠭ᠎ᠠ﹀﹀ ᠶᠢᠨ ᠪᠠᠶᠢᠷᠢ ᠲᠣᠭᠲᠠᠭᠠᠯᠲᠠ  ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ︿︿ᠳᠥᠷᠪᠡᠨ ᠤᠬᠠᠮᠰᠠᠷ﹀﹀ ᠢ ᠪᠠᠲᠤ ᠪᠣᠶ ᠪᠣᠯᠭᠠᠵᠤ᠂ ︿︿ᠳᠥᠷᠪᠡᠨ ᠢᠲᠡᠭᠡᠯ﹀﹀ ᠢᠶᠠᠨ ᠴᠢᠩᠭᠠᠳᠬᠠᠵᠤ᠂ ︿︿ᠬᠤᠶᠠᠷ ᠢ ᠬᠠᠮᠠᠭᠠᠯᠠᠬᠤ﹀﹀ ᠶᠢ ᠪᠡᠶᠡᠯᠡᠭᠦᠯᠵᠦ᠂ ᠨᠠᠮ ᠤᠨ ᠤᠳᠤᠷᠢᠳᠤᠯᠭ᠎ᠠ  ᠶᠢ ᠢᠮᠠᠭᠲᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ‌‍ᠲ᠋ᠤᠰᠢᠶᠠᠯ ᠢᠶᠠᠨ ᠭᠦᠶᠴᠡᠳᠬᠡᠬᠦ ᠪᠥᠬᠦ ᠶᠠᠪᠤᠴᠠ᠂ ᠡᠯ᠎ᠡ‌‍ᠲ᠋ᠠᠯ᠎ᠠ‌‍ᠳᠤ ᠲᠤᠤᠱᠯᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ‌ᠬᠤᠷᠠᠯ ᠤᠨ ᠠᠵᠢᠯ ᠤᠨ ᠵᠥᠪ‌ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠦᠨᠡᠨ ᠬᠦ  ᠪᠠᠲᠤᠯᠠᠬᠤ ᠬᠡᠷᠡᠭᠲᠡᠢ᠃ ᠬᠤᠶᠠᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ︿︿ᠡᠷᠬᠡᠲᠦ ᠪᠠᠶᠢᠭᠤᠯᠭ᠎ᠠ﹀﹀ ᠶᠢᠨ ᠪᠠᠶᠢᠷᠢ ᠲᠣᠭᠲᠠᠭᠠᠯᠲᠠ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠨᠠᠮ ᠤᠨ ᠵᠣᠷᠢᠯᠲᠠ ᠪᠠ‌ᠠᠷᠠᠳ ᠲᠦᠮᠡᠨ ᠤ ᠬᠦᠰᠡᠯ ᠰᠠᠨᠠᠭ᠎ᠠ‌‍ᠶᠢ ᠨᠢᠭᠡᠳᠬᠡᠬᠦ ᠶᠢ ᠪᠠᠷᠢᠮᠲᠠᠯᠠᠵᠤ᠂ ᠠᠷᠠᠳᠴᠢᠯᠠᠯ ᠪᠠ‌‍ᠲ᠋ᠥ᠋ᠪᠯᠡᠷᠡᠯ ᠢ ᠤᠶᠠᠯᠳᠤᠭᠤᠯᠬᠤ ᠶᠢ ᠪᠠᠷᠢᠮᠲᠠᠯᠠᠵᠤ᠂ ᠬᠠᠤᠯᠢ ᠲᠣᠭᠲᠠᠭᠠᠯ ᠶᠣᠰᠣᠭᠠᠷ ᠡᠯ᠎ᠡ‌ᠵᠦ᠋ᠶᠯ ᠤᠨ ᠡᠷᠬᠡ‌‍ᠲ᠋ᠤᠰᠢᠶᠠᠯ ᠢᠶᠠᠨ ᠬᠡᠷᠡᠭᠵᠢᠭᠦᠯᠬᠦ ᠶᠢ ᠪᠠᠷᠢᠮᠲᠠᠯᠠᠵᠤ᠂ ᠴᠠᠭ ᠲᠤᠬᠠᠶ ᠳᠤᠨᠢ ᠰᠢᠶᠳᠪᠦᠷᠢ ᠲᠣᠭᠲᠠᠭᠠᠯ ᠭᠠᠷᠭᠠᠵᠤ᠂ ︿︿ᠨᠢᠭᠡ‌ᠵᠠᠰᠠᠭ ‍ᠤᠨ‌ᠣᠷᠳᠣᠨ ᠨᠢᠭᠡ‌ᠵᠥ᠋ᠪᠯᠡᠯ ᠬᠤᠶᠠᠷ ᠬᠤᠷᠢᠶ᠎ᠠ﹀﹀ ᠶᠢᠨ ᠬᠠᠤᠯᠢ ᠶᠣᠰᠣᠭᠠᠷ ᠡᠯ᠎ᠡ‌ᠵᠦ᠋ᠶᠯ ‍ᠦᠨ‌ᠠᠵᠢᠯ ᠢᠶᠠᠨ ᠠᠬᠢᠭᠤᠯᠬᠤ ᠶᠢ ᠪᠠᠲᠤᠯᠠᠬᠤ ᠬᠡᠷᠡᠭᠲᠡᠢ᠃ ᠭᠤᠷᠪᠠ᠂ ᠠᠷᠠᠳ ᠤᠨ ᠲᠥᠯᠥᠭᠡᠯᠡᠭᠴᠢᠳ ᠤᠨ ᠶᠡᠭᠡ‌ᠬᠤᠷᠠᠯ  ᠤᠨ ︿︿ᠠᠵᠢᠯ ᠤᠨ ᠪᠠᠶᠢᠭᠤᠯᠭ᠎ᠠ﹀﹀ ᠶᠢᠨ ᠪᠠᠶᠢᠷᠢ ᠲᠣᠭᠲᠠᠭᠠᠯᠲᠠ ᠶᠢᠨ ᠱᠠᠭᠠᠷᠳᠠᠯᠭ᠎ᠠ‌‍ᠶᠢ ᠪᠠᠲᠤ ᠡᠵᠡᠮᠳᠡᠵᠦ᠂ ᠪᠦᠬᠦ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠴᠢᠬᠤᠯᠠ ᠡᠭᠦᠷᠭᠡ‌‍ᠳᠦ ᠠᠩᠬᠠᠷᠤᠯ ᠢᠶᠠᠨ ᠲᠥᠪᠯᠡᠷᠡᠭᠦᠯᠵᠦ᠂ ᠵᠥᠪ ᠣᠨᠣᠪᠴᠢᠲᠠᠢ ᠪᠦᠲᠦᠮᠵᠢᠲᠡᠢ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠢᠨᠠᠯᠲᠠ ᠲᠠᠯᠪᠢᠬᠤ ᠪᠠ ᠳᠡᠮᠵᠢᠬᠦ ᠶᠢ ᠬᠠᠷᠢᠯᠴᠠᠨ ᠤᠶᠠᠯᠳᠤᠭᠤᠯᠬᠤ ᠶᠢ ᠴᠢᠬᠤᠯᠠᠴᠢᠯᠠᠵᠤ᠂ ︿︿ᠣᠨᠣᠪᠴᠢᠲᠠᠢ᠂ ᠰᠢᠨ᠎ᠡ᠂ ᠪᠣᠳᠠᠲᠠᠢ﹀﹀ ᠪᠠᠶᠬᠤ ᠳᠡᠭᠡᠷ᠎ᠡ ᠬᠦᠴᠦ ᠲᠠᠯᠪᠢᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠲᠦᠷᠪᠡ᠂ ᠠᠷᠠᠳ ᠤᠨ ᠲᠥᠯᠥᠭᠡᠯᠡᠭᠴᠢᠳ ᠤᠨ ᠶᠡᠭᠡ‌ᠬᠤᠷᠠᠯ ᠤᠨ ︿︿ᠲᠥᠯᠥᠭᠡᠯᠡᠭᠴᠢᠳ ᠤᠨ ᠪᠠᠶᠢᠭᠤᠯᠭ᠎ᠠ﹀﹀ ᠶᠢᠨ ᠪᠠᠶᠢᠷᠢ ᠲᠣᠭᠲᠠᠭᠠᠯᠲᠠ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠲᠥᠯᠥᠭᠡᠯᠡᠭᠴᠢᠳ ᠤᠨ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠲᠣᠪᠤᠶᠢᠯᠭᠠᠨ᠂ ᠰᠢᠨ᠎ᠡ‌‍ᠪᠠᠶᠢᠳᠠᠯ ᠤᠨ ᠳᠣᠣᠷ᠎ᠠ‌‍ᠲ᠋ᠥ᠋ᠯᠥᠭᠡᠯᠡᠭᠴᠢᠳ ᠤᠨ ᠠᠵᠢᠯ ᠢ ᠥᠷᠨᠢᠭᠦᠯᠬᠦ ᠰᠢᠨ᠎ᠡ‌‍ᠲ᠋ᠣᠭᠲᠠᠴᠠ᠂ ᠰᠢᠨ᠎ᠡ‌ᠠᠷᠭ᠎ᠠ‌ᠵᠠᠮ ᠢ ᠢᠳᠡᠪᠬᠢᠲᠡᠢ ᠬᠠᠶᠢᠨ ᠰᠦᠪᠡᠭᠴᠢᠯᠡᠵᠦ᠂ ᠦᠢᠯᠡᠴᠢᠯᠡᠭᠡ‌‍ᠪᠠ ᠬᠠᠮᠢᠶᠠᠷᠤᠯᠲᠠ ᠪᠠᠨ ᠲᠠᠰᠤᠷᠠᠯᠲᠠ ᠦᠭᠡᠢ ᠴᠢᠩᠭᠠᠳᠬᠠᠨ᠂ ᠲᠥᠯᠥᠭᠡᠯᠡᠭᠴᠢᠳ  ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ‌‍ᠪᠠᠨ ᠭᠦᠢᠴᠡᠳᠬᠡᠬᠦ᠂ ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠨ ᠪᠠᠲᠤᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ‌ᠬᠤᠷᠠᠯ ᠤᠨ ᠲᠥᠯᠥᠭᠡᠯᠡᠭᠴᠢ ᠶᠢᠨ ᠠᠷᠠᠳ ᠲᠦᠮᠡᠨ ᠤ ᠳᠤᠮᠳᠠ ᠠᠴᠠ ᠢᠷᠡᠵᠦ᠂ ᠠᠷᠠᠳ ᠲᠦᠮᠡᠨ ᠳᠤ ᠪᠠᠨ ᠰᠠᠭᠤᠷᠢᠯᠠᠬᠤ ᠣᠨᠴᠠᠯᠢᠭ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠦᠬᠦ ᠶᠠᠪᠤᠴᠠ ᠳᠠᠬᠢ ᠠᠷᠠᠳ  ᠤᠨ ᠠᠷᠠᠳᠴᠢᠯᠠᠯ ᠢ ᠬᠥᠭᠵᠢᠭᠦᠯᠦᠨ ᠲᠡᠭᠦᠯᠳᠡᠷᠵᠢᠭᠦᠯᠦᠨ᠎ᠡ᠃      ᠪᠠᠭᠠᠲᠤᠷ ᠮᠡᠳᠡᠭᠦᠯᠦᠯᠲᠡ ᠳᠡᠭᠡᠨ ᠵᠢᠭᠠᠭᠰᠠᠨ ᠨᠢ᠂ 2022 ᠣᠨ ᠪᠣᠯ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠭᠦᠷᠭᠡ‌‍ᠲ᠋ᠤᠰᠢᠶᠠᠯ ᠢᠶᠠᠨ ᠭᠦᠶᠴᠡᠳᠬᠡᠬᠦ ᠡᠬᠢᠯᠡᠯᠲᠡ ᠶᠢᠨ ᠵᠢᠯ᠂ ᠮᠥᠨᠴᠦ ᠮᠠᠨ ᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ‌ᠬᠤᠷᠠᠯ ᠤᠨ ᠠᠵᠢᠯ ᠤᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠴᠢᠬᠤᠯᠠ ᠨᠢᠭᠡ‌ᠵᠢᠯ ᠪᠣᠯᠬᠤᠷ ᠳᠣᠤᠷᠠᠬᠢ ᠬᠡᠳᠦᠨ ᠲᠠᠯ᠎ᠠ‌‍ᠶᠢᠨ ᠠᠵᠢᠯ ᠢ ᠭᠤᠤᠯᠳᠠᠯᠭ᠎ᠠ‌‍ᠲ᠋ᠠᠶ ᠰᠠᠶᠢᠲᠤᠷ ᠬᠢᠬᠦ ᠶᠢ ᠰᠠᠨᠠᠭᠤᠯᠵᠤ ᠪᠠᠶᠢᠨ᠎ᠠ᠃ ᠨᠢᠭᠡ‌‍ᠳᠦ᠂ ᠠᠷᠠᠳ ᠤᠨ ᠲᠥᠯᠥᠭᠡᠯᠡᠭᠴᠢᠳ ᠤᠨ ᠶᠡᠭᠡ‌ᠬᠤᠷᠠᠯ ᠤᠨ ᠠᠵᠢᠯ ᠢ ᠤᠬᠠᠮᠰᠠᠷ ᠠᠴᠠ  ᠪᠠᠨ ᠬᠤᠰᠢᠭᠤ ᠨᠠᠮ ᠤᠨ ᠬᠤᠷᠢᠶᠠᠨ ᠤ ᠠᠵᠢᠯ ᠤᠨ ᠶᠡᠷᠦᠩᠬᠡᠶ ᠪᠠᠶᠢᠷᠢᠯᠠᠭᠤᠯᠤᠯᠲᠠ ᠳᠤ ᠠᠭᠤᠰᠬᠠᠨ ᠲᠣᠬᠢᠷᠠᠭᠤᠯᠵᠤ᠂ ᠬᠤᠰᠢᠭᠤ ᠠᠷᠪᠠᠨ ᠳᠥᠷᠪᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ‌‍ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ᠃ ᠤᠯᠤᠰ ᠲᠦᠷᠦ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠲᠦᠷᠦ ᠵᠢᠨ‌ᠡᠭᠦᠷᠭᠡᠯᠡᠯ ᠢᠶᠠᠨ ᠴᠢᠩᠭᠠᠳᠬᠠᠵᠤ᠂ ᠨᠠᠮ ᠤᠨ ᠬᠤᠷᠢᠶ᠎ᠠ ᠤᠷᠢᠶᠠᠯᠠᠭ᠎ᠠ‌‍ᠲ᠋ᠠᠶ᠂ ᠠᠷᠠᠳ ᠤᠨ ᠲᠥᠯᠥᠭᠡᠯᠡᠭᠴᠢᠳ ᠤᠨ ᠶᠡᠭᠡ‌ᠬᠤᠷᠠᠯ ᠠᠵᠢᠯᠯᠠᠭ᠎ᠠ‌‍ᠲ᠋ᠠᠶ᠂ ᠠᠵᠢᠯ ᠨᠠᠶᠢᠳᠠᠪᠤᠷᠢᠵᠢᠭᠤᠯᠤᠯᠲᠠ ᠲᠠᠢ ᠪᠠᠶᠢᠬᠤ ᠵᠢ‌ᠡᠷᠡᠰ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠵᠥᠪ ᠬᠢᠨᠠᠯᠲᠠ ᠲᠠᠯᠪᠢᠬᠤ᠂ ᠬᠠᠤᠯᠢ ᠶᠣᠰᠣᠭᠠᠷ ᠬᠢᠨᠠᠯᠲᠠ ᠲᠠᠯᠪᠢᠬᠤ᠂ ᠪᠦᠲᠦᠮᠵᠢᠲᠡᠢ ᠬᠢᠨᠠᠯᠲᠠ ᠲᠠᠯᠪᠢᠬᠤ ᠶᠢ ᠪᠠᠷᠢᠮᠲᠠᠯᠠᠵᠤ᠂ 《 ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ ᠬᠤᠷᠢᠶ᠎ᠠ 》 ᠶᠢᠨ ᠭᠤᠣᠯᠳᠠᠯᠭ᠎ᠠ ᠲᠠᠢ ᠠᠵᠢᠯ᠂ ᠵᠠᠩᠭᠢᠯᠠᠭ᠎ᠠ ᠶᠢᠨ ᠭᠤᠭᠴᠤᠭ᠎ᠠ ᠳᠤ ᠬᠢᠨᠠᠯᠲᠠ ᠲᠠᠯᠪᠢᠬᠤ ᠶᠢ ᠪᠦᠬᠦ ᠲᠠᠯ᠎ᠠ‌‍ᠪᠠᠷ᠂ ᠤᠯᠠᠨ ᠠᠷᠭ᠎ᠠ‌ᠵᠠᠮ ᠢᠶᠠᠷ ᠴᠢᠩᠭᠠᠳᠬᠠᠨ᠎ᠠ᠃ ᠰᠢᠨ᠎ᠡ‌‍ᠬᠥ᠋ᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠤᠱᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠭᠤᠷᠪᠠ‌‍ᠳᠤ᠂ ᠲᠥᠯᠥᠭᠡᠯᠡᠭᠴᠢᠳ ᠤᠨ ᠠᠵᠢᠯ ᠢ ᠭᠦᠨᠵᠡᠭᠡᠶᠢᠷᠡᠭᠦᠯᠦᠨ ᠥᠷᠭᠡᠳᠬᠡᠵᠦ᠂ ᠲᠥᠯᠥᠭᠡᠯᠡᠭᠴᠢᠳ ᠤᠨ ᠪᠣᠯᠪᠠᠰᠤᠷᠠᠯ ᠢ ᠦᠷᠭᠦᠯᠵᠢᠯᠡᠨ ᠴᠢᠩᠭᠠᠳᠬᠠᠬᠤ  ᠶᠢᠨ ᠬᠠᠮᠲᠤ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ‌‍ᠪᠠᠨ ᠭᠦᠢᠴᠡᠳᠬᠡᠬᠦ ᠠᠵᠢᠯᠯᠠᠭ᠎ᠠ‌‍ᠶᠢ ᠪᠠᠶᠠᠯᠢᠭᠵᠢᠭᠤᠯᠵᠤ ᠂ ᠰᠢᠯᠢᠳᠡᠭ‌‍ᠪᠠ‌‍ᠲ᠋ᠡᠷᠢᠭᠦᠨ ᠤ ᠬᠢ ᠶᠢ ᠰᠢᠯᠭᠠᠷᠠᠭᠤᠯᠬᠤ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠰᠢᠯᠢᠳᠡᠭ‌ᠠᠷᠠᠳ ‍ᠤᠨ‌‍ᠲ᠋ᠥ᠋ᠯᠥᠭᠡᠯᠡᠭᠴᠢᠳ ᠤᠨ ᠶᠡᠭᠡ‌ᠬᠤᠷᠠᠯ ᠤᠨ ᠲᠥᠯᠥᠭᠡᠯᠡᠭᠴᠢ ᠶᠢ ᠰᠣᠩᠭᠤᠨ ᠬᠥᠬᠢᠭᠦᠯᠵᠦ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ‌‍ᠪᠠᠨ ᠭᠦᠢᠴᠡᠳᠬᠡᠬᠦ ᠢᠳᠡᠪᠬᠢᠵᠢᠯ ᠢ ᠬᠥᠭᠵᠢᠭᠡᠨ᠂ ᠨᠡᠩ ᠪᠣᠳᠠᠲᠠᠢ‌ᠠᠷᠭ᠎ᠠ‌‍ᠬᠡᠮᠵᠢᠶ᠎ᠡ ᠪᠠᠷ ᠠᠷᠠᠳ ᠲᠦᠮᠡᠨ ᠤ ᠡᠵᠡᠨ ᠰᠠᠭᠤᠵᠤ ᠡᠷᠬᠡ‌ᠮᠡᠳᠡᠬᠦ ᠶᠢ ᠪᠠᠲᠤᠯᠠᠨ᠎ᠠ᠃ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ ᠵᠦᠶᠯ ᠢ ᠠᠷᠠᠳ ᠤᠨ ᠲᠥᠯᠥᠭᠡᠯᠡᠭᠴᠢ ᠪᠢᠯᠧᠲ ᠢᠶᠠᠷ ᠰᠢᠶᠳᠪᠦᠷᠢ ᠭᠠᠷᠭᠠᠬᠤ ᠲᠦᠷᠢᠮ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠢᠨᠵᠧᠨᠧᠷᠢᠩ‌ᠢ ᠦᠨᠡᠨᠬᠦ 《 ᠠᠷᠠᠳ ᠤᠨ ᠰᠡᠳᠬᠢᠯ ᠤᠨ ᠢᠨᠵᠧᠨᠧᠷᠢᠩ 》ᠪᠣᠯᠭᠠᠨ ᠪᠥᠲᠥᠭᠡᠨ  ᠪᠠᠶᠢᠭᠤᠯᠬᠤ ᠬᠡᠷᠡᠭᠲᠡᠢ᠃ ᠳᠥᠷᠪᠡ‌‍ᠳᠦ᠂ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠢᠯᠣᠭᠤᠳᠣᠯᠭ᠎ᠠ‌‍ᠶᠢ ᠪᠥᠬᠦ ᠲᠠᠯ᠎ᠠ‌‍ᠪᠠᠷ ᠴᠢᠩᠭᠠᠳᠬᠠᠵᠤ᠂ ᠪᠠᠬᠢᠵᠢᠭᠦᠯᠦᠨ ᠳᠡᠭᠡᠭᠰᠢᠯᠡᠭᠦᠯᠬᠦ᠂ ᠰᠢᠨ᠎ᠡ ᠶᠢ ᠡᠭᠦᠳᠦᠨ ᠬᠥᠭᠵᠢᠭᠦᠯᠬᠦ ᠬᠤᠶᠠᠷ ᠬᠦᠴᠦᠯᠡᠴᠡ ᠶᠢ ᠪᠠᠲᠤ ᠡᠵᠡᠮᠳᠡᠵᠦ᠂ 《 ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ‌ᠬᠤᠷᠠᠯ ᠤᠨ ᠠᠵᠢᠯ ᠪᠠ ᠪᠥᠲᠥᠭᠡᠨ ᠪᠠᠶᠢᠭᠤᠯᠤᠯᠲᠠ ᠶᠢ ᠪᠠᠬᠢᠵᠢᠭᠦᠯᠦᠨ ᠳᠡᠭᠡᠭᠰᠢᠯᠡᠭᠦᠯᠬᠦ ᠣᠨ ᠤ ᠠᠵᠢᠯᠯᠠᠭ᠎ᠠ﹀﹀ ᠶᠢᠨ ᠦᠷ᠎ᠡ ᠪᠦᠲᠦᠮᠵᠢ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠳᠣᠨ ᠲᠠᠰ ᠤᠨ ︿︿ᠠᠷᠠᠳ ᠤᠨ ᠲᠥᠯᠥᠭᠡᠯᠡᠭᠴᠢᠳ ᠤᠨ ᠬᠡᠷ ᠪᠦᠯᠢ﹀﹀ ᠶᠢ ᠡᠭᠦᠳᠦᠨ ᠪᠠᠶᠢᠭᠤᠯᠬᠤ ᠶᠢ ᠥᠨᠳᠥᠷ ᠪᠦᠲᠦᠮᠵᠢᠲᠡᠶ ᠪᠠᠷ ᠠᠬᠢᠭᠤᠯᠤᠨ᠎ᠠ᠃ ︿︿ᠲᠣᠭᠠᠴᠢᠯᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ﹀﹀ ᠤᠨ ᠪᠠᠶᠢᠭᠤᠯᠤᠯᠲᠠ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠶᠯ ᠳᠡᠭᠡᠨ ᠣᠷᠣᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ‌ᠬᠤᠷᠠᠯ ᠤᠨ ᠡᠭᠦᠷᠭᠡ‌‍ᠲ᠋ᠤᠰᠢᠶᠠᠯ ᠢᠶᠠᠨ ᠭᠦᠶᠴᠡᠳᠬᠡᠬᠦ ᠰᠦᠯᠵᠢᠶᠡᠨ ᠤ ᠲᠠᠪᠴᠠᠩ‌ᠢ ᠪᠠᠶᠢᠭᠤᠯᠤᠨ ᠠᠵᠢᠯᠯᠠᠭᠤᠯᠵᠤ᠂ ᠣᠲᠣ ᠦᠶ᠎ᠡ‌‍ᠶᠢᠨ ᠮᠡᠳᠡᠭᠡ‌ᠵᠠᠩᠭᠢ ᠶᠢᠨ ᠮᠡᠷᠭᠡᠵᠢᠯ ᠢ ᠠᠰᠢᠭᠯᠠᠨ᠂ ᠦᠶᠯᠡᠴᠢᠯᠡᠭᠡ‌‍ᠪᠠᠲᠤᠯᠠᠭ᠎ᠠ‌‍ᠶᠢᠨ ᠬᠢᠷᠢ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠲᠠᠪᠤ ᠳᠤ᠂ ᠲᠣᠰ ᠪᠡᠶ᠎ᠡ‌‍ᠶᠢᠨ ᠪᠠᠶᠢᠭᠤᠯᠤᠯᠲᠠ ᠪᠠᠨ ᠬᠦᠴᠦᠯᠡᠨ ᠴᠢᠩᠭᠠᠳᠬᠠᠵᠤ᠂ ᠰᠢᠨ᠎ᠡ‌ᠨᠢᠭᠡ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠡᠷ ᠤᠨ ᠤᠯᠤᠰ ᠲᠥᠷᠥ ᠶᠢᠨ ᠣᠨᠣᠯ ᠢᠶᠠᠷ ᠵᠡᠪᠰᠡᠭᠯᠡᠬᠦ ᠶᠢ ᠰᠠᠶᠢᠲᠤᠷ ᠠᠳᠬᠤᠵᠤ᠂ ᠨᠠᠮ ᠤᠨ ᠠᠷᠪᠠ‌‍ᠶ᠋ᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ‌‍ᠪᠠ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ‌ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ‌‍ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠤᠷᠤᠯᠴᠠᠯᠭ᠎ᠠ‌‍ᠶᠢᠨ ᠦᠷ᠎ᠡ‌‍ᠪᠦ᠋ᠲᠦᠮᠵᠢ ᠶᠢ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠲᠠᠰᠤᠷᠠᠯᠲᠠ ᠥᠬᠡᠶ ᠪᠠᠶᠠᠯᠢᠭᠵᠢᠭᠤᠯᠬᠤ ᠦᠨᠳᠦᠰᠦᠨ ᠱᠠᠲᠤᠨ ᠤ ᠦᠶᠯᠡᠳᠦᠯᠭᠡ ᠪᠣᠯᠭᠠᠨ ᠬᠤᠪᠢᠷᠠᠭᠤᠯᠤᠨ᠎ᠠ᠃ ︿︿ᠳᠥᠷᠪᠡᠨ ᠪᠠᠶᠢᠭᠤᠯᠭ᠎ᠠ﹀﹀ ᠶᠢ ᠪᠦᠲᠦᠭᠡᠨ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠠᠷᠠᠳ ᠤᠨ ᠲᠥᠯᠥᠭᠡᠯᠡᠭᠴᠢᠳ  ᠤᠨ ᠶᠡᠭᠡ‌ᠬᠤᠷᠠᠯ ᠤᠨ ᠪᠠᠶᠢᠭᠤᠯᠭ᠎ᠠ‌‍ᠶᠢᠨ ᠳᠦᠷᠢᠮᠵᠢᠯᠲᠡ᠂ ᠵᠢᠷᠤᠮᠵᠢᠯᠲᠠ᠂ ᠬᠠᠤᠯᠢ ᠳᠦᠷᠢᠮᠵᠢᠯᠲᠡ ᠶᠢᠨ ᠪᠠᠢᠭᠤᠯᠤᠯᠲᠠ  ᠶᠢ ᠪᠦᠬᠦ ᠲᠠᠯ᠎ᠠ‌‍ᠪᠠᠷ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ‌ᠬᠤᠷᠠᠯ ᠤᠨ ᠠᠵᠢᠯ ᠤᠨ ᠣᠯᠠᠨ ᠲᠦᠮᠡᠨ ᠲᠠᠢ ᠣᠶᠢᠷᠠᠲᠤᠵᠤ᠂ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠭᠢᠯᠠᠰ ᠴᠡᠭ‌ᠭᠠᠷᠭᠠᠬᠤ ᠶᠢ ᠠᠬᠢᠭᠤᠯᠬᠤ ᠬᠡᠷᠡᠭᠲᠡᠢ᠃      ᠬᠤᠷᠠᠯ ᠠᠴᠠ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠣᠷᠣᠯᠠᠭᠴᠢ ᠳᠠᠷᠤᠭ᠎ᠠ‌‍ᠭᠧᠩ ᠸᠧᠶ ᠫᠢᠩ ᠤᠨ ᠬᠢᠭᠰᠡᠨ ᠬᠤᠰᠢᠭᠤ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠪᠠ‌ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ‌‍ᠪᠠᠶᠠᠷ ᠤᠨ ᠬᠢᠭᠰᠡᠨ ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠴᠠᠢ  ᠃      ᠬᠤᠷᠠᠯ ᠳᠤ᠂ ᠶᠡᠭᠡ‌ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠠᠯᠮᠠᠰ ᠠᠴᠠ ᠡᠯ᠎ᠡ ᠲᠤᠰᠢᠶᠠᠯ ᠤᠨ ᠵᠢᠱᠢᠭᠳᠡᠭᠰᠡᠳ ᠤᠨ ᠨᠡᠷᠡᠰ ᠤᠨ ᠲᠥᠰᠦᠯ ᠢ ᠶᠡᠭᠡ‌ᠬᠤᠷᠠᠯ ᠳᠤ ᠲᠡᠪᠰᠢᠭᠦᠯᠵᠦ᠂ ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠰᠠᠷᠠᠨᠰᠦ᠋ᠬᠡ‌ᠡᠴᠡ ᠲᠡᠷᠢᠭᠦᠯᠡᠭᠴᠢᠳ ᠤᠨ ᠪᠦᠯᠬᠦᠮ ᠠᠴᠠ ᠨᠡᠷ᠎ᠡ ᠳᠤᠷᠠᠳᠤᠭᠰᠠᠨ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ‌ᠬᠤᠷᠠᠯ ᠤᠨ ᠠᠵᠤ ᠠᠬᠤᠶ‌ᠡᠳ᠋ ‍ᠦᠨ‌ᠵᠠᠰᠠᠭ  ᠤᠨ ᠵᠥᠪᠯᠡᠯ ᠤᠨ ᠪᠦᠷᠢᠯᠳᠦᠭᠦᠨ‌‍ᠦ ᠵᠢᠱᠢᠭᠳᠡᠭᠰᠡᠳ ᠤᠨ ᠨᠡᠷᠡᠰ ᠤᠨ ᠲᠥᠰᠦᠯ ᠢ ᠶᠡᠭᠡ‌ᠬᠤᠷᠠᠯ ᠳᠤ ᠲᠡᠪᠰᠢᠭᠦᠯᠵᠦ᠂ ᠶᠡᠭᠡ‌ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠯᠢᠦ ᠶᠠᠨ ᠠᠴᠠ ᠲᠡᠷᠢᠭᠦᠯᠡᠭᠴᠢᠳ ᠤᠨ ᠪᠦᠯᠬᠦᠮ ᠠᠴᠠ ᠳᠤᠷᠠᠳᠤᠭᠰᠠᠨ ᠶᠡᠭᠡ‌ᠬᠤᠷᠠᠯ ᠤᠨ ᠰᠣᠩᠭᠤᠭᠤᠯᠢ ᠶᠢᠨ ᠫᠢᠶᠤᠤ ᠬᠢᠨᠠᠭᠴᠢ᠂ ᠫᠢᠶᠤᠤ ᠪᠦᠷᠢᠳᠬᠡᠭᠴᠢ ᠶᠢᠨ ᠨᠡᠷᠡᠰ ᠤᠨ ᠲᠥᠰᠦᠯ ᠢ ᠶᠡᠭᠡ ᠬᠤᠷᠠᠯ ᠳᠤ ᠲᠡᠪᠰᠢᠭᠦᠯᠵᠡᠢ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号