2021 ᠣᠨ ᠤ 12 ᠰᠠᠷ᠎ᠠ ᠶᠢᠨ 31 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠭᠠᠬᠢᠯ | ᠰᠤᠮᠤ ᠨᠢ 2021 ᠣᠨ ᠤ ᠠᠵᠢᠯ ᠤᠨ ᠳ᠋ᠦᠩᠨᠡᠯᠲᠡ ᠵᠢᠴᠢ 2022 ᠣᠨ ᠤ ᠠᠵᠢᠯ ᠤᠨ ᠪᠠᠶᠢᠷᠢᠯᠠᠭᠤᠯᠤᠯᠲᠠ ᠶᠢᠨ | ᠬᠤᠷᠠᠯ ᠬᠤᠷᠠᠯᠳᠤᠭᠤᠯᠪᠠ᠃ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠠᠶᠠᠩᠭᠤᠤᠯ | ᠭᠠᠴᠠᠭ᠎ᠠ᠂ ᠬᠠᠳᠠᠲᠤ ᠭᠠᠴᠠᠭᠠᠨ ᠤ ︽ᠨᠢᠭᠡᠳᠦᠭᠡᠷ ᠱᠦᠵᠢ︾᠂ ᠪᠦᠬᠦ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠰᠤᠮᠤᠨ ᠤ ᠨᠠᠮ ᠤᠨ ᠬᠤᠷᠢᠶᠠᠨ ᠤ ᠱᠦᠵᠢ ᠴᠡᠩᠭᠡᠯᠳᠦ ᠨᠥᠬᠦᠷ ᠠᠴᠠ ᠮᠠᠨ ᠤ | ᠰᠤᠮᠤᠨ ᠤ 2021 ᠣᠨ ᠤ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠳ᠋ᠦᠩᠨᠡᠨ ᠡᠷᠭᠢᠴᠡᠭᠦᠯᠦᠭᠰᠡᠨ ᠪᠥᠭᠡᠳ | 2022 ᠣᠨ ᠤ ᠡᠯ᠎ᠡ ᠵᠦᠢᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠰᠤᠮᠤ ᠶᠢᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ ᠴᠧᠨ ᠯᠠᠢ ᠰᠢᠶᠤᠤ | ᠨᠥᠬᠦᠷ ᠠᠴᠠ ︽ᠬᠤᠶᠠᠷ ᠪᠠᠶᠠᠷ︾ ᠤᠨ ᠬᠤᠭᠤᠴᠠᠭᠠᠨ ᠳᠤ ᠨᠠᠮ ᠤᠨ ᠭᠡᠰᠢᠭᠦᠨ ᠺᠠᠳ᠋ᠷ ᠤᠨ ᠠᠷᠢᠭᠤᠨ ᠴᠢᠬᠡᠴᠢ ᠪᠠᠷ | ᠪᠠᠶᠠᠷ ᠤᠨ ᠡᠳᠦᠷ ᠢᠶᠠᠨ ᠪᠡᠯᠭᠡᠯᠡᠬᠦ ᠲᠤᠬᠠᠢ ᠰᠠᠬᠢᠯᠭ᠎ᠠ ᠪᠠᠲᠤ ᠶᠢᠨ ᠰᠠᠨᠠᠭᠤᠯᠭ᠎ᠠ ᠳᠤᠷᠠᠳᠤᠭᠰᠠᠨ ᠪᠥᠭᠡᠳ ᠤᠯᠠᠨ ᠢ | ᠤᠬᠠᠮᠰᠠᠷ ᠠᠴᠠ ᠪᠠᠨ ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠶᠢ ᠵᠢᠷᠤᠮᠯᠠᠵᠤ᠂ ᠤᠬᠠᠮᠰᠠᠷ ᠠᠴᠠ ᠪᠠᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠠᠯ ᠢ ᠵᠢᠷᠤᠮᠯᠠᠵᠤ᠂ ᠤᠬᠠᠮᠰᠠᠷ ᠠᠴᠠ ᠪᠠᠨ ᠵᠠᠮ ᠬᠠᠷᠢᠯᠴᠠᠭᠠᠨ ᠤ ᠬᠠᠤᠯᠢ | ᠲᠣᠭᠲᠠᠭᠠᠯ ᠢ ᠵᠢᠷᠤᠮᠯᠠᠵᠤ᠂ ᠤᠬᠠᠮᠰᠠᠷ ᠠᠴᠠ ᠪᠠᠨ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠠᠵᠢᠯᠯᠠᠭ᠎ᠠ ᠶᠢ | ᠬᠤᠷᠢᠭᠯᠠᠵᠤ᠂ ᠠᠷᠪᠢᠴᠢ ᠭᠠᠮᠲᠠᠢ ᠪᠠᠷ ᠪᠠᠶᠠᠷ ᠤᠨ ᠡᠳᠦᠷ ᠢᠶᠠᠨ ᠥᠩᠭᠡᠷᠡᠭᠦᠯᠵᠦ᠂ ᠪᠣᠯᠪᠠᠰᠤᠨ ᠢᠶᠠᠷ ᠪᠠᠶᠠᠷ ᠤᠨ | ᠡᠳᠦᠷ ᠢᠶᠠᠨ ᠥᠩᠭᠡᠷᠡᠭᠦᠯᠵᠦ᠂ ᠠᠷᠢᠭᠤᠨ ᠴᠢᠬᠡᠴᠢ ᠪᠠᠷ ᠪᠠᠶᠠᠷ ᠤᠨ ᠡᠳᠦᠷ ᠢᠶᠠᠨ ᠥᠩᠭᠡᠷᠡᠭᠦᠯᠵᠦ᠂ ︽ᠠᠷᠪᠠ ᠶᠢ | ᠴᠢᠩᠭ᠎ᠠ ᠴᠠᠭᠠᠵᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠳᠡᠭᠡᠷ᠎ᠡ᠂ 2021 ᠣᠨ ᠤ ᠠᠵᠢᠯ ᠳᠠᠭᠠᠨ ᠲᠣᠪᠤᠶᠢᠮ᠎ᠠ 10 ᠺᠠᠳ᠋ᠷ ᠠᠵᠢᠯᠲᠠᠨ ᠢ ᠬᠥᠬᠢᠭᠦᠯᠦᠨ | ᠰᠠᠶᠢᠰᠢᠶᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠨᠢᠭᠡ ᠵᠢᠯ ᠳᠤ ᠣᠯᠠᠨ ᠢᠶᠠᠷ ᠢᠶᠠᠨ ᠦᠨᠳᠦᠰᠦᠨ ᠱᠠᠲᠤᠨ ᠤ | ᠠᠵᠢᠯ ᠢᠶᠠᠨ ᠪᠣᠳᠠᠲᠠᠶ ᠲᠠᠢ ᠪᠠᠨ ᠤᠶᠠᠯᠳᠤᠭᠤᠯᠤᠨ᠂ ᠠᠵᠢᠯ ᠢᠶᠠᠨ ᠰᠠᠶᠢᠲᠤᠷ ᠲᠥᠯᠥᠪᠵᠢᠭᠦᠯᠵᠦ᠂ ᠰᠠᠶᠢᠲᠤᠷ | ᠪᠠᠶᠢᠷᠢᠯᠠᠭᠤᠯᠵᠤ᠂ ᠰᠠᠶᠢᠲᠤᠷ ᠡᠬᠢᠯᠡᠭᠦᠯᠵᠦ ᠂ ᠦᠵᠡᠯ ᠰᠠᠨᠠᠭ᠎ᠠ ᠪᠣᠯᠤᠨ ᠣᠶᠤᠨ ᠴᠢᠳᠠᠯ ᠢᠶᠠᠨ ᠰᠢᠨ᠎ᠡ ᠨᠢᠭᠡ ᠵᠢᠯ ᠤᠨ | ᠠᠵᠢᠯ ᠦᠢᠯᠡᠰ ᠤᠨ ᠬᠥᠭᠵᠢᠯᠲᠡ ᠪᠣᠯᠤᠨ ᠠᠵᠢᠯ ᠤᠨ ᠨᠠᠶᠢᠳᠠᠪᠤᠷᠢᠵᠢᠭᠤᠯᠤᠯᠲᠠ ᠳᠡᠭᠡᠷ᠎ᠡ ᠰᠢᠯᠵᠢᠭᠦᠯᠵᠦ᠂ ᠠᠵᠢᠯ | ᠪᠣᠯᠭᠠᠨ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠪᠣᠯᠤᠨ ᠰᠤᠮᠤᠨ ᠤ | ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠤᠰᠢᠶᠠᠭᠰᠠᠨ ᠡᠯ᠎ᠡ ᠵᠦᠢᠯ ᠤᠨ ᠠᠵᠢᠯ ᠤᠨ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠬᠦ ᠬᠡᠷᠡᠭᠲᠡᠶ ᠭᠡᠵᠡᠶ᠃ |