︽ᠰᠢᠯᠢ ᠶᠢᠨ ᠭᠤᠤᠯ ᠠᠶᠢᠮᠠᠭ ᠤᠨ ᠨᠡᠷᠡᠲᠦ ᠮᠣᠩᠭᠤᠯ ᠤᠷᠠᠨ ᠪᠢᠴᠢᠯᠭᠡᠲᠡᠨ ᠰᠢ ᠶᠢᠨᠵᠤᠤᠷ ᠤᠨ ᠠᠵᠢᠯᠯᠠᠬᠤ ᠦᠷᠦᠭᠡ︾ 2021 ᠣᠨ ᠤ ᠠᠵᠢᠯ ᠤᠨ ᠳ᠋ᠦᠩᠨᠡᠯᠲᠡ ᠪᠠ 2022 ᠣᠨ ᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/1/13
      1 ᠰᠠᠷ᠎ᠠ‌‍ᠶᠢᠨ 2 ᠤᠨ ᠡᠳᠦᠷ᠂ ︽ᠰᠢᠯᠢ ᠶᠢᠨ ᠭᠤᠤᠯ ᠠᠶᠢᠮᠠᠭ ᠤᠨ ᠨᠡᠷᠡᠲᠦ ᠮᠣᠩᠭᠤᠯ ᠤᠷᠠᠨ  ᠪᠢᠴᠢᠯᠭᠡᠲᠡᠨ ᠰᠢ ᠶᠢᠨᠵᠤᠤᠷ ᠤᠨ ᠠᠵᠢᠯᠯᠠᠬᠤ ᠦᠷᠦᠭᠡ︾ 2021 ᠣᠨ ᠤ ᠠᠵᠢᠯ ᠤᠨ ᠳ᠋ᠦᠩᠨᠡᠯᠲᠡ ᠪᠠ 2022 ᠣᠨ ᠤ ᠠᠵᠢᠯ ᠤᠨ ᠲᠣᠬᠢᠷᠠᠭᠤᠯᠤᠯᠲᠠ ᠶᠢᠨ ᠬᠤᠷᠠᠯ  ᠬᠤᠷᠠᠯᠳᠤᠵᠠᠢ᠃ ᠬᠤᠰᠢᠭᠤ ᠰᠣᠶᠣᠯ ᠤᠨ ᠣᠷᠳᠣᠨ ᠤ ᠬᠠᠮᠢᠶ᠎ᠠ ᠪᠦᠬᠦᠢ ᠬᠠᠷᠢᠭᠤᠴᠠᠯᠭᠠᠳᠠᠨ᠂ ᠠᠵᠢᠯᠯᠠᠬᠤ ᠦᠷᠦᠭᠡ ᠶᠢᠨ ᠳᠠᠭᠠᠭᠤᠯᠤᠭᠴᠢ ᠵᠢᠴᠢ ᠬᠡᠰᠢᠭᠦᠳ ᠬᠤᠷᠠᠯ ᠳᠤ ᠣᠷᠣᠯᠴᠠᠪᠠ      ᠬᠤᠷᠠᠯ  ᠳᠤ᠂ ᠠᠵᠢᠯᠯᠠᠬᠤ ᠦᠷᠦᠭᠡ‌‍ᠶᠢᠨ 2021 ᠣᠨ ᠳᠤ ᠥᠷᠨᠢᠭᠦᠯᠦᠭᠰᠡᠨ ᠡᠯ᠎ᠡ‌‍ᠲ᠋ᠥ᠋ᠷᠥᠯ ᠤᠨ ᠠᠵᠢᠯᠯᠠᠭ᠎ᠠ‌ᠵᠢᠴᠢ ᠤᠷᠤᠯᠳᠤᠭᠠᠨ‌‍ᠳᠦ ᠳ᠋ᠦᠩᠨᠡᠯᠲᠡ ᠬᠢᠵᠦ᠂  ᠠᠵᠢᠯᠯᠠᠬᠤ ᠦᠷᠦᠭᠡ ᠶᠢᠨ 2022 ᠣᠨ ᠤ ᠭᠤᠤᠯᠳᠠᠯᠭ᠎ᠠ‌‍ᠲ᠋ᠠᠢ ᠠᠵᠢᠯ ᠢ ᠪᠥᠬᠦ ᠲᠠᠯ᠎ᠠ‌‍ᠪᠠᠷ ᠨᠠᠷᠢᠨ ᠲᠣᠬᠢᠷᠠᠭᠤᠯᠪᠠ᠃ ᠠᠵᠢᠯᠯᠠᠬᠤ ᠦᠷᠦᠭᠡ ᠶᠢᠨ ᠬᠡᠰᠢᠭᠦᠳ ᠠᠴᠠ ᠪᠠᠰᠠ ᠰᠠᠨᠠᠯ ᠪᠤᠳᠤᠯ ᠢᠶᠠᠨ ᠶᠠᠷᠢᠵᠤ᠂ ᠥᠪᠡᠷ ᠤᠨ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ ᠵᠢᠴᠢ ᠰᠢᠨ᠎ᠡ‌ᠨᠢᠭᠡ‌ᠵᠢᠯ ᠤᠨ ᠠᠵᠢᠯ ᠤᠨ ᠲᠥᠯᠥᠪᠯᠡᠭᠡ‌‍ᠶᠢᠨ ᠢᠶᠠᠨ ᠲᠤᠬᠠᠶ ᠲᠣᠳᠣᠷᠬᠠᠶᠢᠯᠠᠯᠲᠠ ᠬᠢᠵᠦ᠂ ᠣᠯᠠᠨ ᠢᠶᠠᠷ ᠢᠶᠠᠨ ᠢᠳᠡᠪᠬᠢᠲᠡᠶ ᠪᠠᠷ ᠶᠠᠷᠢᠶ᠎ᠠ‌ᠥᠷᠨᠢᠭᠦᠯᠦᠨ᠂ ᠪᠥᠬᠦ ᠲᠠᠯ᠎ᠠ‌‍ᠪᠠᠷ ᠳ᠋ᠦᠩᠨᠡᠬᠦ ᠶᠢᠨ ᠬᠠᠮᠲᠤ 2022 ᠣᠨ ᠤ ᠠᠵᠢᠯᠯᠠᠬᠤ ᠦᠷᠦᠭᠡ ᠶᠢᠨ ᠠᠵᠢᠯ ᠤᠨ ᠲᠣᠬᠢᠷᠠᠭᠤᠯᠤᠯᠲᠠ ᠳᠤ ᠰᠠᠨᠠᠯ ᠰᠠᠨᠠᠭᠤᠯᠭ᠎ᠠ‌‍ᠲ᠋ᠤᠷᠠᠳᠴᠠᠶ᠃      ᠬᠤᠷᠠᠯ ᠳᠤ ᠪᠠᠰᠠ ᠠᠵᠢᠯᠯᠠᠬᠤ ᠦᠷᠦᠭᠡ‌‍ᠶᠢᠨ ᠬᠡᠰᠢᠭᠦᠳ ᠲᠤ ᠤᠷᠢᠯᠭ᠎ᠠ ᠶᠢᠨ ᠪᠢᠴᠢᠭ ᠭᠠᠷᠳᠠᠭᠤᠯᠤᠭᠰᠠᠨ ᠪᠥᠭᠡᠳ ᠲᠡᠳᠡᠨ ᠤ ᠥᠩᠭᠡᠷᠡᠭᠰᠡᠨ ᠨᠢᠭᠡ ᠵᠢᠯ ᠤᠨ ᠠᠵᠢᠯ ᠤᠨ ᠠᠮᠵᠢᠯᠲᠠ ᠶᠢ  ᠭᠦᠢᠴᠡᠳ ᠨᠤᠲᠠᠯᠠᠪᠠ᠃      ᠬᠤᠷᠠᠯ ᠤᠨ ᠳᠠᠷᠠᠭ᠎ᠠ ᠬᠤᠤᠰ ᠤᠶᠠᠩᠭ᠎ᠠ‌‍ᠪᠢᠴᠢᠵᠦ ᠬᠦᠷᠭᠡᠬᠦ ᠠᠵᠢᠯᠯᠠᠭ᠎ᠠ‌ᠥᠷᠨᠢᠭᠦᠯᠵᠦ᠂ ᠬᠡᠰᠢᠭᠦᠳ ᠠᠴᠠ ᠰᠢᠨ᠎ᠡ‌ᠵᠢᠯ ᠤᠨ ᠢᠷᠦᠭᠡᠯ ᠵᠥᠩᠨᠡᠯ᠂ ᠬᠦᠰᠡᠯ ᠡᠷᠡᠮᠡᠯᠵᠡᠯ ᠢᠶᠠᠨ ᠪᠢᠴᠢᠭᠯᠡᠵᠦ᠂ ᠠᠵᠢᠯᠯᠠᠭ᠎ᠠ‌ᠨᠢ ᠪᠠᠶᠠᠷ ᠪᠠᠶᠠᠰᠤᠯ ᠢᠶᠠᠷ ᠪᠢᠯᠬᠠᠵᠤ᠂ ᠬᠠᠮᠲᠤ ᠪᠠᠷ ᠬᠠᠭᠤᠴᠢᠨ ᠣᠨ ᠢᠶᠠᠨ ᠦᠳᠡᠵᠦ᠂  ᠰᠢᠨ᠎ᠡ‌ᠣᠨ ᠢᠶᠠᠨ ᠤᠭᠲᠤᠵᠠᠶ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号