ᠵᠠᠩ ᠶᠢᠨ ᠯᠢᠶᠠᠩ ᠨᠠᠷ ᠵᠡᠭᠦᠨ ᠬᠠᠲᠠᠪᠴᠢ ᠪᠣᠭᠤᠮᠲᠠ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠱᠠᠭᠠᠷᠳᠠᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2022/1/13
      ᠰᠢᠨ᠎ᠡ ᠵᠢᠯ ᠤᠨ ᠡᠬᠢᠨ ᠳᠤ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠴᠢᠩᠭᠠᠳᠬᠠᠵᠤ ᠂ ︽ ᠭᠠᠳᠠᠨ᠎ᠠ ᠠᠴᠠ ᠬᠠᠯᠳᠠᠪᠦᠷᠢᠯᠠᠬᠤ ᠶᠢ  ᠴᠢᠩᠭ᠎ᠠ ᠰᠡᠷᠭᠡᠶᠢᠯᠡᠬᠦ︾ ᠶᠢᠨ ᠲᠥᠯᠦᠭᠡ  ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠵᠠᠩ ᠶᠢᠨ ᠯᠢᠶᠠᠩ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠠᠯᠲᠠᠨᠪᠠᠭᠠᠨ᠎ᠠ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠺᠧ ᠰᠢᠶᠤᠤ ᠮᠢᠩ ᠨᠡᠷ ᠵᠡᠭᠦᠨ ᠬᠠᠲᠠᠪᠴᠢ ᠪᠣᠭᠤᠮᠲᠠ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠴᠤ᠂ ᠵᠡᠭᠦᠨ ᠦᠵᠦᠮᠦᠴᠢᠨ ᠪᠣᠭᠤᠮᠲᠠ᠂ ᠬᠢᠯᠢ ᠶᠢᠨ ᠪᠠᠶᠢᠴᠠᠭᠠᠬᠤ ᠥᠷᠲᠡᠭᠡ᠂ ᠪᠣᠭᠤᠮᠲᠠ ᠶᠢᠨ ᠨᠠᠮ ᠤᠨ ᠬᠤᠷᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠪᠠ᠃       ᠲᠡᠳᠡ ᠤᠷᠢᠳ ᠬᠤᠵᠢᠳ ᠪᠣᠭᠤᠮᠲᠠ ᠶᠢᠨ ᠬᠠᠮᠲᠤᠷᠠᠨ ᠪᠠᠶᠢᠴᠠᠭᠠᠬᠤ ᠭᠠᠵᠠᠷ᠂ ᠰᠣᠯᠢᠵᠤ ᠠᠴᠢᠶᠠᠯᠠᠬᠤ ᠲᠠᠯᠠᠪᠤᠷ᠂ ᠬᠦᠮᠦᠨ ᠬᠠᠷ᠎ᠠ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠣᠷᠣᠨ᠂ ᠪᠣᠭᠤᠮᠲᠠ ᠳᠤ ᠮᠡᠳᠡᠭᠦᠯᠦᠨ ᠪᠠᠶᠢᠴᠠᠭᠠᠯᠭᠠᠬᠤ ᠠᠰᠠᠷ᠂ ᠬᠢᠨᠠᠨ ᠡᠵᠡᠮᠳᠡᠬᠦ ᠵᠢᠯᠣᠭᠤᠳᠬᠤ ᠲᠥᠪ ᠲᠤ ᠬᠦᠷᠴᠦ᠂ ᠠᠯᠬᠤᠮ ᠲᠠᠷᠠᠭ᠎ᠠ ᠶᠢ ᠨᠢ ᠤᠶᠢᠯᠠᠭᠠᠵᠤ᠂ ᠪᠠᠶᠢᠳᠠᠯ ᠢ ᠨᠢ ᠠᠰᠠᠭᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠰᠠᠭᠤᠷᠢ ᠲᠥᠬᠦᠭᠡᠷᠦᠮᠵᠢ ᠶᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠭᠰᠠᠨ ᠪᠥᠭᠡᠳ ᠪᠣᠭᠤᠮᠲᠠ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠠᠵᠢᠯ ᠳᠤ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃      ᠵᠠᠩ ᠶᠢᠨ ᠯᠢᠶᠠᠩ ᠵᠢᠭᠠᠵᠤ ᠭᠠᠷᠭᠠᠭᠰᠠᠨ ᠨᠢ᠂ ᠰᠢᠨ᠎ᠡ ᠵᠢᠯ᠂ ᠴᠠᠭᠠᠨ ᠰᠠᠷ᠎ᠠ ᠬᠦᠷᠴᠦ ᠢᠷᠡᠬᠦ ᠦᠶ᠎ᠡ ᠳᠤ ᠬᠢᠵᠢᠭ ᠤᠨ ᠪᠠᠶᠢᠳᠠᠯ ᠤᠨ ︽ᠭᠠᠳᠠᠨ᠎ᠠ ᠠᠴᠠ ᠬᠠᠯᠳᠠᠪᠦᠷᠢᠯᠠᠬᠤ ᠠᠴᠠ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠡᠭᠦᠰᠬᠦ ᠶᠢ ᠰᠡᠷᠭᠡᠶᠢᠯᠡᠬᠦ︾ ᠠᠵᠢᠯ ᠢ ᠰᠠᠶᠢᠲᠤᠷ ᠬᠢᠬᠦ ᠡᠭᠦᠷᠭᠡ ᠬᠠᠲᠠᠭᠤ ᠪᠡᠷᠬᠡ᠂ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ ᠵᠡᠭᠦᠨ ᠬᠠᠲᠠᠪᠴᠢ ᠪᠣᠭᠤᠮᠲᠠ ᠨᠢ ︽ᠭᠠᠳᠠᠨ᠎ᠠ ᠠᠴᠠ ᠬᠠᠯᠳᠠᠪᠦᠷᠢᠯᠠᠬᠤ ᠠᠴᠠ ᠰᠡᠷᠭᠡᠶᠢᠯᠡᠬᠦ︾ ᠨᠢᠭᠡᠳᠦᠭᠡᠷ ᠪᠣᠭᠤᠮᠲᠠ ᠪᠣᠯᠤᠭᠰᠠᠨ ᠤ ᠬᠤᠪᠢ ᠳᠤ᠂ ᠪᠣᠭᠤᠮᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂  ᠳᠡᠭᠡᠷ᠎ᠡ ᠱᠠᠲᠤ ᠵᠢᠴᠢ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠬᠠᠮᠤᠭ ᠤᠨ ᠰᠢᠨ᠎ᠡ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠶᠢᠷᠭᠤᠰᠢᠬᠤ ᠦᠵᠡᠯ ᠰᠠᠨᠠᠭ᠎ᠠ᠂ ᠵᠠᠪᠰᠢᠬᠤ ᠪᠤᠳᠤᠯ᠂ ᠬᠦᠩᠭᠡᠨ ᠬᠠᠭᠤᠳᠠᠮ ᠣᠪᠣᠷ ᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠤᠪᠴᠢᠲᠠᠢ᠂ ᠬᠦᠴᠦᠲᠡᠶ ᠪᠥᠭᠡᠳ ᠪᠦᠲᠦᠮᠵᠢᠲᠡᠶ ᠪᠠᠷ ᠰᠠᠶᠢᠲᠤᠷ ᠬᠢᠬᠦ ᠬᠡᠷᠡᠭᠲᠡᠶ᠃      ᠲᠡᠷᠡ᠂ ᠹᠢᠽᠢᠺ ᠤᠨ ᠲᠤᠰᠠᠭᠠᠷᠯᠠᠯ ᠪᠣᠯᠤᠨ ᠮᠡᠷᠭᠡᠵᠢᠯ ᠤᠨ ᠠᠷᠭ᠎ᠠ ᠪᠠᠷᠢᠯ ᠢ ᠵᠣᠬᠢᠰᠲᠠᠢ ᠬᠡᠷᠡᠭᠯᠡᠵᠦ᠂ ᠲᠥᠪᠯᠡᠷᠡᠭᠦᠯᠦᠨ ᠲᠤᠰᠠᠭᠠᠷᠯᠠᠬᠤ ᠣᠷᠣᠨ ᠰᠠᠭᠤᠴᠠ ᠶᠢᠨ ᠲᠠᠯᠠᠪᠤᠷ ᠤᠨ ᠠᠵᠢᠯ ᠤᠨ ᠱᠠᠭᠠᠷᠳᠠᠯᠭ᠎ᠠ ᠪᠣᠯᠤᠨ ᠠᠵᠢᠯᠯᠠᠭᠠᠨ ᠤ ᠶᠠᠪᠤᠴᠠ ᠶᠢ ᠴᠢᠩᠭ᠎ᠠ ᠵᠢᠷᠤᠮᠯᠠᠨ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ᠂ ᠡᠷᠡᠭᠦᠯ ᠮᠡᠨᠳᠦ ᠶᠢ ᠬᠢᠨᠠᠨ ᠬᠡᠮᠵᠢᠬᠦ᠂ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠵᠡᠷᠭᠡ ᠡᠯ᠎ᠡ ᠭᠤᠭᠴᠤᠭ᠎ᠠ ᠶᠢᠨ ᠠᠵᠢᠯ ᠢ ᠰᠠᠶᠢᠲᠤᠷ ᠬᠢᠵᠦ᠂ ᠲᠤᠰᠠᠭᠠᠷᠯᠠᠬᠤ ᠴᠡᠭ ᠤᠨ ᠠᠵᠢᠯ ᠤᠨ ᠠᠮᠤᠷ ᠲᠦᠪᠰᠢᠨ ᠡᠮᠬᠢ ᠳᠢᠭᠯᠢᠮ ᠲᠠᠢ᠂ ᠨᠢᠭᠲᠠ ᠴᠢᠩᠭ᠎ᠠ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠠᠬᠢᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠨ᠂ ᠠᠵᠢᠯ ᠤᠨ ᠠᠷᠭ᠎ᠠ ᠬᠡᠮᠵᠢᠶ᠎ᠡ᠂ ᠪᠠᠴᠢᠮ ᠪᠠᠶᠢᠳᠠᠯ ᠢ ᠠᠷᠭᠠᠴᠠᠬᠤ ᠶᠠᠪᠤᠴᠠ᠂ ᠪᠣᠳᠠᠲᠠᠶ ᠬᠠᠷᠢᠭᠤᠴᠠᠬᠤ ᠬᠥᠮᠦᠰ ᠵᠢᠴᠢ ᠬᠠᠮᠢᠶ᠎ᠠ ᠪᠥᠬᠦᠶ ᠡᠭᠦᠷᠭᠡ ᠴᠢᠳᠠᠪᠬᠢ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃ ᠪᠢᠲᠡᠭᠦᠮᠵᠢᠯᠡᠭᠰᠡᠨ ᠣᠷᠣᠨ ᠪᠦᠰᠡ ᠶᠢᠨ ᠳᠣᠲᠣᠷᠠᠬᠢ ᠠᠵᠢᠯᠳᠠᠨ ᠤ ᠠᠵᠢᠯᠯᠠᠬᠤ ᠴᠠᠭ ᠢ ᠵᠦᠢ ᠵᠣᠬᠢᠰᠲᠠᠢ ᠲᠣᠭᠲᠠᠭᠠᠵᠤ᠂  ᠳᠣᠰᠠᠭᠠᠷᠯᠠᠵᠤ ᠪᠠᠶᠢᠭ᠎ᠠ ᠬᠥᠮᠦᠰ ᠤᠨ ᠠᠮᠢᠳᠤᠷᠠᠯ ᠢ ᠪᠠᠲᠤᠯᠠᠬᠤ᠂ ᠰᠡᠳᠭᠢᠯ ᠢ ᠨᠢ ᠲᠠᠶᠢᠳᠬᠤᠷᠠᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠬᠥᠮᠦᠯᠢᠭ ᠬᠠᠯᠠᠮᠵᠢᠯᠠᠯ ᠢ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠡᠷᠴᠢᠮ ᠲᠠᠢ ᠶᠠᠪᠣᠭᠳᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号