ᠰᠢᠯᠢ ᠶᠢᠨ ᠭᠤᠤᠯ ᠠᠶᠢᠮᠠᠭ ᠤᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠬᠤᠶᠠᠳᠤᠭᠠᠷ ᠬᠢᠨᠠᠨ ᠰᠢᠯᠭᠠᠬᠤ ᠳᠤᠭᠤᠶᠢᠯᠠᠩ ᠮᠠᠨ ᠤ ᠬᠤᠰᠢᠭᠤᠨ  ᠤ 2021 ᠣᠨ ᠤ ᠠᠶᠤᠯᠭᠦᠶ  ᠦᠢᠯᠡᠳᠪᠦᠷᠢᠯᠡᠯ  ᠪᠠ ᠭᠠᠯ ᠰᠡᠷᠭᠡᠶᠢᠯᠡᠬᠦ ᠠᠵᠢᠯ ᠢ ᠬᠢᠨᠠᠨ ᠦᠨᠡᠯᠡᠵᠦ ᠲᠤᠭᠤᠷᠢᠨ ᠪᠠᠶᠢᠴᠠᠭᠠᠪᠠ
ᠨᠡᠶᠢᠲᠡᠯᠡᠭᠰᠡᠨ ᠴᠠᠭ᠄
2022/1/19
      ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 1 ᠰᠠᠷ᠎ᠠ ᠶᠢᠨ 16 ᠤ ᠡᠳᠦᠷ᠂ ᠠᠶᠢᠮᠠᠭ ᠤᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠠᠶᠤᠯᠭᠦᠶ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠵᠢᠯ ᠤᠨ ᠬᠤᠶᠠᠳᠤᠭᠠᠷ ᠬᠢᠨᠠᠨ ᠦᠨᠡᠯᠡᠬᠦ ᠳᠤᠭᠤᠶᠢᠯᠠᠩ ᠤᠨ ᠳᠠᠷᠤᠭ᠎ᠠ᠂ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠬᠠᠰᠲᠤᠩᠭᠠᠯᠠᠭ ᠨᠠᠷ ᠮᠠᠨ ᠤ ᠬᠤᠰᠢᠭᠤᠨ ᠳᠤ ᠢᠷᠡᠵᠦ 2021 ᠣᠨ ᠤ ᠠᠶᠤᠯᠭᠦᠶ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠵᠢᠯ ᠤᠨ ᠬᠢᠨᠠᠨ  ᠦᠨᠡᠯᠡᠬᠦ ᠰᠠᠭᠤᠳᠠᠯ ᠤᠨ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠰᠢᠤᠢ ᠶᠢᠩ ᠵᠢᠶᠠᠨ᠂ ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠤ ᠪᠠᠶᠢᠴᠠᠭᠠᠭᠰᠠᠨ ᠪᠦᠭᠡᠳ ᠰᠠᠭᠤᠳᠠᠯ ᠤᠨ ᠬᠤᠷᠠᠯ ᠳᠤ ᠣᠷᠣᠯᠴᠠᠪᠠ      ᠬᠤᠷᠠᠯ ᠳᠡᠭᠡᠷ᠎ᠡ᠂ ᠰᠢᠤᠢ ᠶᠢᠩ ᠵᠢᠶᠠᠨ ᠮᠠᠨ ᠤ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃ ᠬᠢᠨᠠᠨ ᠦᠨᠡᠯᠡᠵᠦ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ 2021 ᠣᠨ ᠤ ᠠᠶᠤᠯᠭᠦᠢ ᠦᠢᠯᠡᠳᠪᠦᠷᠢᠯᠡᠯ ᠪᠣᠯᠤᠨ ᠭᠠᠯ ᠤᠨᠲᠠᠷᠠᠭᠠᠬᠤ ᠠᠵᠢᠯ ᠢ ᠥᠷᠨᠢᠭᠦᠯᠦᠭᠰᠡᠨ ᠪᠠᠶᠢᠳᠠᠯ ᠳᠤ ᠨᠤᠲᠠᠯᠠᠯᠲᠠ ᠦᠭᠴᠦ ᠱᠠᠭᠠᠷᠳᠠᠬᠤ ᠳᠠᠭᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠰᠢᠰᠲ᠋ᠧᠮ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃      ᠬᠢᠨᠠᠨ ᠦᠨᠡᠯᠡᠵᠦ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠵᠢᠯ ᠤᠨ ᠬᠤᠯᠪᠣᠭᠳᠠᠯ ᠪᠥᠬᠦᠶ ᠮᠠᠲ᠋ᠧᠷᠢᠶᠠᠯ ᠤᠨ ᠡᠬᠡ ᠲᠠᠩᠰᠠ ᠶᠢ ᠪᠠᠶᠢᠴᠠᠭᠠᠨ ᠦᠵᠡᠬᠦ ᠶᠢᠨ ᠬᠠᠮᠲᠤ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ᠂ ᠭᠠᠯ ᠤᠨᠲᠠᠷᠠᠭᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ  ᠪᠠᠶᠢᠴᠠᠭᠠᠵᠠᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号