ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠠᠨ ᠰᠢᠯᠭᠠᠬᠤ ᠳᠤᠭᠤᠶᠢᠯᠠᠩ ᠤᠯᠢᠶᠠᠰᠤᠲᠠᠢ ᠪᠠᠯᠭᠠᠰᠤᠨ ᠤ 2021 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ  ᠢ  ᠬᠢᠨᠠᠨ ᠰᠢᠯᠭᠠᠪᠠ
ᠨᠡᠶᠢᠲᠡᠯᠡᠭᠰᠡᠨ ᠴᠠᠭ᠄
2022/1/19
      1 ᠰᠠᠷ᠎ᠠ ᠶᠢᠨ 17 ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ ᠨᠠᠷ ᠤᠯᠢᠶᠠᠰᠤᠲᠠᠢ ᠪᠠᠯᠭᠠᠰᠤᠨ ᠳᠤ ᠭᠦᠨᠵᠡᠭᠡᠶᠢᠷᠡᠵᠦ᠂ 2021 ᠣᠨ ᠤ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠬᠢᠨᠠᠨ ᠰᠢᠯᠭᠠᠯᠲᠠ ᠬᠢᠪᠠ᠃      ᠬᠢᠨᠠᠨ ᠰᠢᠯᠭᠠᠬᠤ ᠳᠤᠭᠤᠶᠢᠯᠠᠩ ᠤᠨ ᠬᠢᠨ ᠤᠯᠢᠶᠠᠰᠤᠲᠠᠢ ᠪᠠᠯᠭᠠᠰᠤᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠠᠯᠭᠠᠰᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠠᠷᠢᠭᠤᠴᠠᠯᠭᠠᠲᠠᠨ ᠬᠠᠷᠢᠭᠤ ᠮᠡᠳᠡᠭᠦᠯᠦᠯᠲᠡ ᠶᠢᠨ ᠬᠤᠷᠠᠯ ᠳᠤ ᠤᠷᠤᠯᠴᠠᠵᠠᠢ᠃      ᠪᠠᠭᠠᠲᠤᠷ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠤᠯᠠᠮ ᠨᠢᠭᠡ ᠠᠯᠬᠤᠮ ᠰᠠᠶᠢᠲᠦᠷ ᠬᠢᠬᠦ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠴᠠᠶ᠃ ᠲᠡᠷᠡ ᠴᠢᠬᠤᠯᠠᠴᠢᠯᠠᠬᠤ ᠳᠠᠭᠠᠨ᠂ ᠵᠢᠷᠤᠮᠵᠢᠭᠰᠠᠨ ᠪᠠᠶᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠰᠠᠭᠤᠷᠢ ᠠᠵᠢᠯ ᠢ  ᠤᠯᠠᠮ ᠨᠢᠭᠡ ᠠᠯᠬᠤᠮ ᠴᠢᠩᠭᠠᠳᠬᠠᠵᠤ᠂ ᠮᠠᠲ᠋ᠧᠷᠢᠶᠠᠯ ᠤᠨ ᠡᠬᠡ ᠲᠠᠩᠰᠠ ᠶᠢ ᠵᠢᠷᠤᠮᠵᠢᠭᠤᠯᠵᠤ᠂ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠬᠠᠭᠤᠯᠭ᠎ᠠ ᠶᠢᠨ ᠠᠵᠢᠯ ᠢ ᠴᠢᠩᠭᠠᠳᠬᠠᠬᠤ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠠᠢ ᠢᠳᠡᠪᠬᠢᠲᠡᠢ ᠪᠦᠯᠬᠦᠮᠳᠡᠵᠦ᠂ ᠲᠥᠯᠥᠭᠡᠯᠡᠭᠴᠢᠳ ᠤᠨ ᠪᠡᠶᠡᠴᠢ ᠴᠣᠭᠴᠠ ᠶᠢᠨ ᠦᠢᠯᠡᠳᠦᠯ ᠢ ᠪᠠᠳᠠᠷᠠᠭᠤᠯᠤᠨ᠂ ᠲᠥᠯᠥᠭᠡᠯᠡᠭᠴᠢᠳ ᠤᠨ ᠠᠮᠢᠳᠤᠷᠠᠯ ᠢ ᠬᠠᠯᠠᠮᠵᠢᠯᠠᠵᠤ᠂ ᠲᠥᠯᠥᠭᠡᠯᠡᠭᠴᠢᠳ ᠢ ᠰᠡᠳᠬᠢᠯ ᠠᠮᠤᠷ ᠢᠶᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠂ ᠡᠯ᠎ᠡ ᠵᠦᠢᠯ ᠤᠨ ᠠᠵᠢᠯ ᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠢ᠃ ᠬᠢᠨᠠᠨ ᠰᠢᠯᠭᠠᠬᠤ ᠠᠵᠢᠯ ᠳᠤ ᠴᠢᠩᠭ᠎ᠠ ᠪᠠᠷᠢᠮᠵᠢᠶ᠎ᠠ ᠪᠠᠷ ᠬᠤᠪᠢ ᠲᠣᠭᠲᠠᠭᠠᠬᠤ ᠨᠠᠷᠢᠨ ᠳᠦᠷᠢᠮ ᠢ ᠴᠢᠩᠳᠠᠯᠠᠵᠤ᠂ ᠡᠷᠬᠡ ᠲᠡᠭᠰᠢ ᠲᠥᠪ ᠭᠤᠣᠯᠴᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃      ᠬᠢᠨᠠᠨ ᠰᠢᠯᠭᠠᠬᠤ ᠳᠤᠭᠤᠶᠢᠯᠠᠩ ᠤᠨ ᠬᠢᠨ ᠪᠠᠰᠠ ᠠᠬᠤᠢ ᠲᠠᠯᠠᠪᠠᠢ ᠶᠢ ᠪᠠᠶᠢᠴᠠᠭᠠᠨ ᠦᠵᠡᠬᠦ᠂ ᠮᠠᠲ᠋ᠧᠷᠢᠶᠠᠯ ᠢ ᠬᠢᠨᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠤᠯᠢᠶᠠᠰᠤᠲᠠᠢ ᠪᠠᠯᠭᠠᠰᠤᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠠᠵᠢᠯ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠬᠠᠮᠢᠶᠠᠷᠤᠯᠲᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠬᠠᠭᠤᠯᠭ᠎ᠠ ᠶᠢᠨ ᠠᠵᠢᠯ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠡᠭᠦᠨ ᠤ ᠬᠠᠮᠲᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠳᠤᠭᠤᠶᠢᠯᠠᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ  ᠠᠮᠢᠳᠤᠷᠠᠯ ᠤᠨ ᠬᠤᠷᠠᠯ ᠠᠴᠠ ᠡᠮᠦᠨᠡᠬᠢ ᠰᠠᠨᠠᠯ  ᠬᠤᠷᠢᠶᠠᠵᠠᠢ᠃      ᠪᠠᠭᠠᠲᠤᠷ ᠨᠠᠷ ᠪᠠᠰᠠ ᠬᠤᠰᠢᠭᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠢᠯᠢᠭᠦᠨ ᠤ ᠬᠡᠷ ᠲᠤ ᠬᠦᠷᠴᠦ ᠪᠣᠯᠭᠤᠭᠠᠨ ᠲᠣᠬᠤᠨᠢᠭᠤᠯᠵᠤ᠂ ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠭ᠎ᠠ ᠦᠷᠨᠢᠭᠦᠯᠦᠨ ᠰᠢᠨ᠎ᠡ ᠵᠢᠯ ᠤᠨ ᠵᠥᠩᠨᠡᠯ ᠳᠡᠪᠰᠢᠭᠦᠯᠪᠡ᠃      ᠣᠶᠢᠯᠠᠭᠠᠭᠰᠠᠨ ᠢᠶᠠᠷ᠂ 1 ᠰᠠᠷ᠎ᠠ ᠶᠢᠨ 17 ᠤ ᠡᠳᠦᠷ ᠠᠴᠠ ᠡᠬᠢᠯᠡᠨ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ‌ᠨᠢ 5 ᠬᠢᠨᠠᠨ ᠰᠢᠯᠭᠠᠬᠤ ᠳᠤᠭᠤᠶᠢᠯᠠᠩ ᠪᠠᠶᠢᠭᠤᠯᠵᠤ᠂ ᠪᠥᠬᠦ ᠬᠤᠰᠢᠭᠤᠨ ᠤ ᠡᠯ᠎ᠡ ᠰᠤᠮᠤ ᠪᠠᠯᠭᠠᠰᠤᠨ ᠳᠤ  ᠭᠦᠨᠵᠡᠭᠡᠶᠢᠷᠡᠨ 2021 ᠣᠨ ᠤ ᠪᠥᠬᠦ ᠬᠤᠰᠢᠭᠤᠨ ᠤ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠢᠨᠠᠨ ᠰᠢᠯᠭᠠᠯᠲᠠ ᠶᠢ ᠥᠷᠨᠢᠭᠦᠯᠦᠨ᠎ᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号