ᠮᠠᠨ ᠤ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠲᠤᠪᠴᠢᠶ᠎ᠠ ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠢ ᠦᠳᠡᠨ ᠮᠣᠷᠳᠠᠭᠤᠯᠬᠤ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2022/1/20
      1 ᠰᠠᠷ᠎ᠠ ᠶᠢᠨ 14 ᠤ ᠡᠳᠦᠷ᠂ ᠮᠠᠨ ᠤ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠲᠤᠪᠴᠢᠶ᠎ᠠ ᠨᠢ ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠢ ᠦᠳᠡᠨ ᠮᠣᠷᠳᠠᠭᠤᠯᠬᠤ ᠭᠤᠤᠯ ᠰᠡᠳᠦᠪᠲᠦ ᠬᠤᠷᠠᠯ ᠬᠢᠵᠦ᠂ ᠲᠡᠳᠡᠨ ᠤ ᠢᠷᠠᠭᠤ ᠠᠯᠳᠠᠷᠲᠠᠶ ᠪᠠᠷ ᠠᠵᠢᠯ ᠠᠴᠠ  ᠪᠠᠨ ᠠᠮᠠᠷᠠᠭᠰᠠᠨ ᠳᠤ ᠪᠠᠶᠠᠷ ᠬᠦᠷᠭᠡᠵᠡᠢ᠃      ᠦᠳᠡᠨ ᠮᠣᠷᠳᠠᠭᠤᠯᠬᠤ ᠬᠤᠷᠠᠯ ᠨᠢ ᠬᠢᠵᠢᠭ ᠲᠠᠢ ᠲᠡᠮᠡᠴᠡᠭᠰᠡᠨ ᠪᠠᠭᠠᠲᠤᠷ ᠵᠥᠩ ᠨᠠᠨ ᠱᠠᠨ ᠤ ᠪᠠᠷᠢᠮᠲᠠᠲᠤ ᠹᠢᠯᠢᠮ ᠢᠶᠠᠷ ᠵᠢᠯᠣᠭᠤᠳᠤᠮᠵᠢ ᠪᠣᠯᠭᠠᠵᠤ᠂ ᠵᠣᠷᠢᠭᠲᠠᠶ ᠪᠠᠷ ᠬᠠᠷᠢᠭᠤᠴᠠᠯᠭ᠎ᠠ‌ᠡᠭᠦᠷᠭᠡᠯᠡᠵᠦ᠂ ᠭᠤᠶᠠᠴᠢ ᠥᠬᠡᠶ ᠵᠢᠳᠬᠦᠭᠰᠡᠨ 8 ᠨᠡᠷ᠎ᠡ ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠢ ᠲᠠᠨᠢᠯᠴᠠᠭᠤᠯᠵᠤ᠂ ᠲᠡᠳᠡᠨ ᠤ ᠰᠢᠷᠭᠠᠭᠤ ᠬᠢᠴᠢᠶᠡᠩᠭᠦᠶ ᠠᠵᠢᠯ ᠠᠮᠢᠳᠤᠷᠠᠯ  ᠢ ᠤᠯᠠᠨ ᠳᠤ ᠲᠠᠨᠢᠯᠴᠠᠭᠤᠯᠵᠠᠢ᠃      ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠢ ᠦᠳᠡᠨ ᠮᠣᠷᠳᠠᠭᠤᠯᠬᠤ ᠬᠤᠷᠠᠯ ᠨᠢ ᠠᠵᠤ ᠠᠬᠤᠶᠢᠯᠠᠯ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠠᠵᠢᠯᠲᠠᠨ ᠠᠵᠢᠯᠴᠢᠨ ᠳᠤ ᠨᠤᠲᠠᠯᠠᠯᠲᠠ ᠦᠭᠭᠦᠭᠰᠡᠨ ᠢᠶᠠᠷ ᠪᠠᠷᠠᠬᠤ ᠥᠬᠡᠶ᠂ ᠨᠠᠩ ᠴᠤ ᠵᠠᠯᠠᠭᠤ ᠠᠵᠢᠯᠲᠠᠨ ᠠᠵᠢᠯᠴᠢᠨ ᠢ ᠵᠣᠷᠢᠭᠵᠢᠭᠤᠯᠬᠤ ᠶᠠᠪᠤᠳᠠᠯ ᠪᠣᠯᠤᠨ᠎ᠠ ᠃ ᠠᠵᠢᠯᠯᠠᠭᠠᠨ ᠳᠤ᠂ ᠠᠵᠢᠯ ᠠᠴᠠ ᠪᠠᠨ ᠠᠮᠠᠷᠠᠭᠰᠠᠨ ᠠᠬᠠᠮᠠᠳ  ᠠᠵᠢᠯᠲᠠᠨ ᠤ ᠲᠥᠯᠥᠭᠡᠯᠡᠭᠴᠢ ᠡᠴᠠ‌ᠠᠵᠢᠯ ᠠᠴᠠ ᠪᠠᠨ ᠠᠮᠠᠷᠠᠭᠰᠠᠨ ᠲᠥᠷᠥᠭᠳᠡᠯ ᠢᠶᠠᠨ  ᠬᠤᠪᠢᠶᠠᠯᠴᠠᠵᠤ᠂ ᠰᠢᠨ᠎ᠡ ᠪᠠᠷ ᠠᠵᠢᠯ ᠳᠤ ᠭᠠᠷᠤᠭᠰᠠᠨ ᠵᠠᠯᠠᠭᠤ ᠠᠵᠢᠯᠴᠢᠨ ᠤ ᠲᠦᠯᠦᠭᠡᠯᠡᠭᠴᠢ ᠳᠤ ᠠᠮᠤᠷ ᠲᠦᠪᠰᠢᠨ ᠤ ᠮᠠᠯᠠᠭᠠᠶ ᠵᠡᠭᠦᠯᠭᠡᠵᠦ᠂ ᠴᠠᠬᠢᠯᠭᠠᠨ ᠬᠦᠴᠦᠨ ᠤ ᠠᠵᠢᠯᠲᠠᠨ ᠤ ᠬᠠᠮᠤᠭ ᠤᠨ ᠴᠢᠬᠤᠯᠠ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠭᠤᠯᠪᠠᠯ ᠰᠠᠶ᠋ᠢ ᠠᠵᠢᠯᠲᠠᠨ ᠠᠵᠢᠯᠴᠢᠨ ᠨᠢᠭᠡᠪᠦᠷᠢ ᠳᠤ ᠵᠣᠯ ᠵᠢᠷᠭᠠᠯᠲᠤ ᠲᠥᠷᠥᠭᠳᠡᠯ ᠪᠠ ᠬᠠᠷᠢᠶᠠᠯᠠᠭᠳᠠᠬᠤ ᠲᠥᠷᠥᠭᠳᠡᠯ ᠢ ᠭᠦᠢᠴᠡᠳ ᠮᠡᠳᠡᠷᠡᠭᠦᠯᠵᠦ᠂ ᠵᠡᠭᠦᠨ ᠦᠵᠦᠮᠦᠴᠢᠨ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠪᠤᠵᠠᠭᠠᠶᠢᠷᠠᠨ ᠬᠥᠭᠵᠢᠬᠦ ᠳᠤ ᠦᠷᠭᠦᠯᠵᠢᠯᠡᠨ ᠬᠥᠳᠡᠯᠭᠡᠬᠦ ᠬᠦᠴᠦᠨ ᠨᠡᠮᠡᠷᠢᠯᠡᠵᠦ ᠴᠢᠳᠠᠨ᠎ᠠ ᠭᠡᠪᠡ᠃      ᠳᠠᠷᠠᠭ᠎ᠠ ᠨᠢ᠂ ᠰᠢᠨ᠎ᠡ ᠪᠠᠷ ᠠᠵᠢᠯ ᠳᠤ ᠭᠠᠷᠤᠭᠰᠠᠨ ᠵᠠᠯᠠᠭᠤ ᠠᠵᠢᠯᠴᠢᠨ ᠤ ᠲᠥᠯᠥᠭᠡᠯᠡᠭᠴᠢ ᠠᠴᠠ ᠥᠪᠡᠷ ᠤᠨ ᠲᠥᠷᠥᠭᠳᠡᠯ ᠢᠶᠠᠨ ᠢᠯᠡᠳᠬᠡᠵᠡᠢ᠃      ᠦᠳᠡᠨ ᠮᠣᠷᠳᠠᠭᠤᠯᠬᠤ ᠬᠤᠷᠠᠯ ᠳᠡᠭᠡᠷ᠎ᠡ᠂ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠤᠳᠤᠷᠢᠳᠤᠯᠭ᠎ᠠ ᠠᠴᠠ ᠪᠦᠬᠦ ᠠᠵᠢᠯᠳᠠᠨ ᠠᠵᠢᠯᠴᠢᠨ ᠢ ᠲᠥᠯᠥᠭᠡᠯᠡᠨ ᠠᠵᠢᠯ ᠠᠴᠠ ᠪᠠᠨ ᠠᠮᠠᠷᠠᠭᠰᠠᠨ ᠠᠬᠠᠮᠠᠳ ᠠᠵᠢᠯᠲᠠᠳ ᠲᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠲᠡᠳᠡᠨ ᠤ ᠠᠵᠤ ᠠᠬᠤᠶᠢᠯᠠᠯ ᠲᠠᠢ ᠬᠤᠪᠢ ᠵᠠᠶᠠᠭ᠎ᠠ ᠪᠠᠨ ᠬᠠᠮᠲᠤᠳᠬᠠᠵᠤ᠂ ᠰᠡᠳᠬᠢᠯ ᠵᠢᠷᠦᠬᠡ ᠪᠠᠨ ᠬᠤᠯᠪᠣᠵᠤ᠂ ᠰᠠᠯᠬᠢ ᠪᠣᠷᠣᠭᠠᠨ ᠢ ᠰᠦᠷᠦᠨ ᠴᠠᠬᠢᠯᠭᠠᠨ ᠬᠦᠴᠦᠨ ᠤ ᠠᠵᠢᠯ ᠤᠨ ᠪᠠᠶᠢᠷᠢ ᠶᠢᠨ ᠬᠠᠶᠢᠷ᠎ᠠ ᠰᠡᠳᠬᠢᠯᠭᠡ ᠶᠢ ᠤᠯᠠᠮᠵᠢᠯᠠᠭᠰᠠᠨ ᠪᠥᠭᠡᠳ ᠠᠵᠢᠯ ᠠᠴᠠ ᠪᠠᠨ ᠠᠮᠠᠷᠠᠭᠰᠠᠨ ᠠᠵᠢᠯᠳᠠᠨ ᠳᠤ ᠪᠡᠯᠡᠭ ᠬᠦᠷᠭᠡᠵᠦ᠂ ᠲᠡᠳᠡᠨ ᠳᠤ ᠴᠢᠩ ᠰᠡᠳᠬᠢᠯ ᠤᠨ ᠵᠥᠩᠨᠡᠯ ᠢᠶᠠᠨ  ᠲᠡᠪᠰᠢᠭᠦᠯᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号