ᠭᠠᠬᠢᠯ ᠰᠤᠮᠤ  ᠨᠢ  ᠰᠢᠨ᠎ᠡ ᠵᠢᠯ ᠴᠠᠭᠠᠨ‌‍ᠰᠠᠷ᠎ᠠ ᠶᠢᠨ ᠡᠬᠢᠨ ᠤ ᠠᠶᠤᠯᠭᠦᠢ ᠦᠢᠯᠡᠳᠪᠦᠷᠢᠯᠡᠯ ᠤᠨ  ᠪᠠᠶᠢᠴᠠᠭᠠᠯᠲᠠ  ᠦᠷᠨᠢᠭᠦᠯᠪᠡ
ᠨᠡᠶᠢᠲᠡᠯᠡᠭᠰᠡᠨ ᠴᠠᠭ᠄
2022/1/21
      ᠰᠢᠨ᠎ᠡ ᠵᠢᠯ ᠴᠠᠭᠠᠨ ᠰᠠᠷ᠎ᠠ ᠶᠢᠨ  ᠡᠬᠢ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠴᠢᠩᠭᠠᠳᠬᠠᠵᠤ᠂ ᠡᠯ᠎ᠡ ᠲᠦᠷᠦᠯ ᠤᠨ ᠦᠢᠯᠡᠳᠪᠦᠷᠢᠯᠡᠯ ᠠᠮᠢᠳᠤᠷᠠᠯ ᠤᠨ ᠠᠮᠤᠷ ᠲᠦᠪᠰᠢᠨ ᠤ ᠠᠳᠡᠯ ᠢ ᠪᠦᠲᠦᠮᠵᠢᠲᠡᠢ ᠰᠡᠷᠭᠡᠶᠢᠯᠡᠵᠦ᠂ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ᠂ ᠤᠢᠢᠷ᠎ᠠ ᠶᠢᠨ ᠡᠳᠦᠷ᠂  ᠵᠡᠭᠦᠨ ᠦᠵᠦᠮᠦᠴᠢᠨ ᠬᠤᠰᠢᠭᠤᠨ ᠤ ᠭᠠᠬᠢᠯ ᠰᠤᠮᠤ ᠨᠢ ᠬᠠᠮᠢᠶ᠎ᠠ ᠪᠦᠬᠦᠢ ᠠᠵᠢᠯᠲᠠᠳ  ᠢᠶᠠᠨ ᠵᠣᠬᠢᠶᠠᠨ ᠪᠠᠶᠢᠭᠤᠯᠵᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠳᠤᠭᠤᠶᠢᠯᠠᠩ ᠪᠠᠶᠢᠭᠤᠯᠵᠤ᠂ ᠪᠦᠬᠦ  ᠰᠤᠮᠤᠨ ᠤ ᠬᠡᠪᠴᠢᠶᠡᠨ ᠳᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ  ᠥᠷᠨᠢᠭᠦᠯᠵᠡᠢ᠃      ᠪᠠᠶᠢᠴᠠᠭᠠᠬᠤ ᠳᠤᠭᠤᠶᠢᠯᠠᠩ ᠤᠨ ᠬᠢᠨ ᠤᠷᠢᠳ  ᠬᠤᠵᠢᠳ ᠲᠣᠰᠣ ᠨᠡᠮᠡᠬᠦ ᠥᠷᠲᠡᠭᠡ᠂ ᠬᠡᠲᠦ ᠳᠡᠯᠭᠡᠭᠦᠷ᠂ ᠡᠷᠡᠭᠦᠯ ᠬᠠᠮᠠᠭᠠᠯᠠᠯ ᠤᠨ ᠬᠤᠷᠢᠶ᠎ᠠ᠂ ᠰᠦᠮ᠎ᠡ ᠬᠡᠶᠢᠳ ᠵᠢᠴᠢ ᠬᠥᠮᠦᠨ ᠣᠯᠠᠨ ᠴᠤᠭᠯᠠᠷᠠᠳᠠᠭ ᠭᠠᠵᠠᠷ ᠲᠤ  ᠬᠦᠷᠴᠦ ᠪᠠᠶᠢᠴᠠᠭᠠᠯᠲᠠ ᠬᠢᠵᠡᠶ᠃  ᠭᠠᠵᠠᠷ ᠪᠣᠯᠭᠠᠨ ᠳᠤ᠂ ᠪᠠᠶᠢᠴᠠᠭᠠᠬᠤ ᠳᠤᠭᠤᠶᠢᠯᠠᠩ ᠨᠢ ᠯᠠᠪᠯᠠᠨ ᠠᠰᠠᠭᠤᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠯ ᠤᠨᠲᠠᠷᠠᠭᠠᠬᠤ ᠪᠡᠯᠡᠳᠬᠡᠮᠵᠢ ᠲᠥᠬᠦᠭᠡᠷᠦᠮᠵᠢ᠂ ᠠᠮᠤᠷ ᠲᠦᠪᠰᠢᠨ ᠢᠶᠠᠷ ᠭᠠᠯ ᠴᠠᠬᠢᠯᠭᠠᠨ ᠬᠡᠷᠡᠭᠯᠡᠬᠦ᠂ ᠰᠢᠲᠠᠮᠠᠬᠠᠶ ᠬᠡᠶ ᠬᠡᠷᠡᠭᠯᠡᠬᠦ ᠶᠢ ᠰᠢᠮᠳᠠᠭᠤᠯᠬᠤ᠂ ᠬᠤᠸᠠᠷ ᠫᠤᠤᠵᠢᠩ ᠪᠣᠷᠣᠯᠠᠭᠤᠯᠬᠤ ᠶᠢ ᠴᠠᠭᠠᠵᠠᠯᠠᠬᠤ ᠵᠡᠷᠭᠡ ᠳᠤ ᠪᠥᠬᠦ ᠲᠠᠯ᠎ᠠ ᠪᠠᠷ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠯᠲᠠ  ᠬᠢᠵᠡᠢ᠃ ᠪᠠᠶᠢᠴᠠᠭᠠᠬᠤ ᠶᠠᠪᠤᠴᠠ ᠳᠤ ᠡᠯ᠎ᠡ ᠨᠢᠭᠡᠴᠡ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠪᠠᠭᠤᠷᠠᠶ ᠭᠤᠭᠴᠤᠭ᠎ᠠ ᠳᠤ ᠴᠢᠭᠯᠡᠭᠦᠯᠦᠨ᠂ ᠴᠡᠭᠴᠡᠯᠡᠨ  ᠵᠠᠰᠠᠬᠤ ᠬᠤᠯᠪᠣᠭᠳᠠᠯ ᠪᠦᠬᠦᠢ ᠰᠠᠨᠠᠯ ᠪᠠ ᠠᠵᠢᠯ ᠤᠨ ᠱᠠᠭᠠᠷᠳᠠᠯᠭ᠎ᠠ ᠶᠢ ᠳᠤᠷᠠᠳᠴᠠᠢ᠃      ᠲᠣᠰ ᠤᠳᠠᠭᠠᠨ ᠤ ᠪᠠᠶᠢᠴᠠᠭᠠᠯᠲᠠ ᠪᠠᠷ ᠳᠡᠮᠵᠢᠨ᠂  ᠭᠠᠬᠢᠯ ᠰᠤᠮᠤᠨ ᠤ  ᠬᠠᠷᠢᠶᠠᠨ   ᠳᠠᠬᠢ ᠰᠠᠭᠤᠭᠠᠯᠢ ᠠᠷᠠᠳ ᠤᠨ ᠠᠶᠤᠯᠭᠦᠶ  ᠦᠢᠯᠡᠳᠪᠦᠷᠢᠯᠡᠯ ᠤᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ  ᠴᠢᠩᠭᠠᠷᠠᠭᠤᠯᠵᠠᠢ᠃  ᠳᠠᠷᠠᠭᠠᠴᠢ ᠶᠢᠨ ᠠᠯᠬᠤᠮ ᠳᠤ᠂ ᠭᠠᠬᠢᠯ ᠰᠤᠮᠤ ᠨᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠶ᠎ᠡ ᠵᠣᠬᠢᠴᠠᠯ ᠲᠠᠢ᠂ ᠠᠮᠤᠷ ᠲᠦᠪᠰᠢᠨ ᠦᠢᠯᠡᠳᠪᠦᠷᠢᠯᠡᠯ ᠠᠮᠢᠳᠤᠷᠠᠯ ᠤᠨ ᠣᠷᠴᠢᠨ ᠨᠥᠬᠦᠴᠡᠯ ᠢ ᠢᠳᠡᠪᠬᠢᠲᠡᠶ ᠪᠣᠶ ᠪᠣᠯᠭᠠᠵᠤ᠂ ᠪᠥᠬᠦ ᠰᠤᠮᠤᠨ ᠤ ᠥᠷᠭᠡᠨ ᠣᠯᠠᠨ ᠲᠦᠮᠡᠨ ᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠣᠯ ᠵᠢᠷᠭᠠᠯ ᠠᠮᠤᠷ ᠠᠮᠤᠭᠤᠯᠠᠩ ᠢ  ᠦᠨᠡᠨᠬᠦ ᠬᠠᠮᠠᠭᠠᠯᠠᠨ᠎ᠠ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号