ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠬᠠᠶ ᠪᠦᠦ᠂ ᠳᠡᠳ᠋ ᠡᠷᠬᠢᠯᠡᠭᠴᠢ ᠴᠧᠨ ᠪᠠᠭᠠᠲᠤᠷ ᠨᠡᠷ ᠭᠠᠬᠢᠯ ᠰᠤᠮᠤᠨ ᠤ 2021 ᠣᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢ ᠬᠢᠨᠠᠨ ᠪᠠᠶᠢᠴᠠᠭᠠᠪᠠ
ᠨᠡᠶᠢᠲᠡᠯᠡᠭᠰᠡᠨ ᠴᠠᠭ᠄
2022/1/21
      1 ᠰᠠᠷ᠎ᠠ ᠶᠢᠨ 20  ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠬᠠᠶ ᠪᠦᠦ᠂ ᠳᠡᠳ᠋ ᠡᠷᠬᠢᠯᠡᠭᠴᠢ ᠴᠧᠨ ᠪᠠᠭᠠᠲᠤᠷ ᠨᠡᠷ ᠭᠠᠬᠢᠯ ᠰᠤᠮᠤᠨ ᠳᠤ ᠭᠦᠨᠵᠡᠭᠡᠶᠢᠷᠡᠨ 2021 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠬᠢᠨᠠᠨ ᠰᠢᠯᠭᠠᠯᠲᠠ ᠬᠢᠪᠠ᠃      ᠬᠢᠨᠠᠨ ᠰᠢᠯᠭᠠᠬᠤ ᠳᠤᠭᠤᠶᠢᠯᠠᠩ ᠤᠨ ᠬᠢᠨ ᠭᠠᠬᠢᠯ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 2021 ᠣᠨ ᠤ ᠠᠵᠢᠯ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠬᠠᠶ ᠶᠢᠨ ᠲᠠᠯᠠᠪᠠᠶ ᠳᠤ ᠲᠠᠩᠰᠠ ᠡᠪᠬᠡᠮᠡᠯ ᠢ ᠪᠠᠶᠢᠴᠠᠭᠠᠨ ᠦᠵᠡᠬᠦ ᠪᠠᠷ ᠳᠡᠮᠵᠢᠨ᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠥᠷᠦᠭᠡ︾ ᠪᠣᠯᠤᠨ ︽ᠲᠥᠯᠥᠭᠡᠯᠡᠭᠴᠢ ᠶᠢᠨ ᠬᠠᠷᠢᠯᠴᠠᠬᠤ ᠴᠡᠭ︾  ᠤᠨ ᠤᠶᠠᠯᠳᠤᠯ ᠢ ᠪᠠᠳᠠᠷᠠᠭᠤᠯᠤᠭᠰᠠᠨ ᠪᠠᠶᠢᠳᠠᠯ᠂ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠰᠤᠷᠤᠯᠴᠠᠯᠭ᠎ᠠ ᠪᠣᠯᠪᠠᠰᠤᠷᠠᠯ ᠥᠷᠨᠢᠭᠦᠯᠦᠭᠰᠡᠨ᠂ ᠪᠠᠶᠢᠴᠠᠭᠠᠨ ᠰᠤᠳᠤᠯᠤᠯᠲᠠ ᠬᠢᠭᠰᠡᠨ ᠪᠠᠶᠢᠳᠠᠯ᠂ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠰᠢᠢᠳᠪᠦᠷᠢᠯᠡᠭᠰᠡᠨ ᠪᠠᠶᠢᠳᠠᠯ᠂ ᠲᠥᠯᠥᠭᠡᠯᠡᠭᠴᠢ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠭᠰᠡᠨ ᠪᠠᠶᠢᠳᠠᠯ᠂ ᠠᠵᠢᠯ ᠤᠨ ᠳᠠᠩᠰᠠ ᠡᠪᠬᠡᠮᠡᠯ ᠵᠢᠴᠢ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠭᠰᠡᠨ  ᠪᠠᠶᠢᠳᠠᠯ᠂ ᠰᠤᠮᠤᠨ ᠤ ᠨᠠᠮ ᠤᠨ ᠬᠤᠷᠢᠶᠠᠨ ᠤ ᠠᠵᠢᠯ ᠳᠤ ᠢᠳᠡᠪᠬᠢᠲᠡᠶ ᠣᠷᠣᠯᠴᠠᠭᠰᠠᠨ ᠪᠠᠶᠢᠳᠠᠯ᠂ ᠠᠵᠢᠯ ᠤᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ᠂ ᠰᠤᠷᠠᠭ ᠵᠠᠩᠭᠢ᠂ ᠠᠵᠢᠯ ᠤᠨ ᠲᠥᠯᠥᠪᠯᠡᠭᠡ ᠪᠠ ᠳ᠋ᠦᠩᠨᠡᠯᠲᠡ ᠵᠡᠷᠭᠡ ᠳᠤ ᠬᠢᠨᠠᠨ ᠰᠢᠯᠭᠠᠯᠲᠠ ᠬᠢᠵᠦ ᠬᠤᠪᠢ ᠥᠭᠪᠡ᠃      ᠬᠢᠨᠠᠨ ᠰᠢᠯᠭᠠᠬᠤ ᠳᠤᠭᠤᠶᠢᠯᠠᠩ ᠤᠨ ᠬᠢᠨ ᠭᠠᠬᠢᠯ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡ ᠵᠢᠯ ᠤᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠨᠤᠲᠠᠯᠠᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠵᠢᠭᠠᠵᠤ ᠭᠠᠷᠭᠠᠭᠰᠠᠨ ᠪᠥᠭᠡᠳ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠢᠰᠢᠳᠠ ᠶᠢᠨ ᠠᠵᠢᠯ ᠢ ᠨᠠᠷᠢᠨ ᠨᠢᠮᠪᠠᠢ ᠵᠢᠯᠣᠭᠤᠳᠴᠤ᠂ ᠲᠤᠰᠢᠶᠠᠯ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠲᠥᠯᠥᠭᠡᠯᠡᠭᠴᠢ ᠶᠢᠨ ᠡᠭᠦᠷᠭᠡ ᠴᠢᠳᠠᠪᠬᠢ ᠪᠠᠨ ᠰᠠᠶᠢᠲᠤᠷ ᠭᠦᠢᠴᠡᠳᠬᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠣᠭᠤᠷᠢᠨ ᠪᠠᠶᠢᠴᠠᠭᠠᠯᠲᠠ᠂ ᠪᠠᠶᠢᠴᠠᠭᠠᠨ ᠰᠤᠳᠤᠯᠤᠯᠲᠠ᠂ ᠰᠤᠷᠪᠤᠯᠵᠢᠯᠠᠭ᠎ᠠ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠲᠠᠩᠰᠠ ᠡᠪᠬᠡᠮᠡᠯ᠂ ᠲᠥᠯᠥᠭᠡᠯᠡᠭᠴᠢ ᠶᠢᠨ ᠲᠤᠰᠢᠶᠠᠯ ᠤᠨ ᠮᠡᠳᠡᠭᠦᠯᠦᠯᠲᠡ ᠶᠢ ᠬᠢᠨᠠᠨ ᠰᠢᠯᠭᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠥᠷᠨᠢᠭᠦᠯᠵᠦ᠂ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢ ᠢᠳᠡᠪᠬᠢᠲᠡᠢ ᠰᠢᠨᠡᠴᠢᠯᠡᠵᠦ᠂ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠷᠭ᠎ᠠ ᠬᠡᠯᠪᠡᠷᠢ ᠶᠢ ᠥᠷᠭᠡᠳᠬᠡᠵᠦ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠠᠭ ᠲᠤᠬᠠᠢ ᠳᠤᠨᠢ ᠪᠦᠲᠦᠮᠵᠢᠲᠡᠢ ᠤᠬᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号