ᠭᠠᠬᠢᠯ  ᠰᠤᠮᠤ  ᠨᠢ  ᠨᠠᠮ ᠤᠨ ᠬᠤᠷᠢᠶᠠᠨ ᠤ ᠣᠨᠣᠯ  ᠤᠨ ᠰᠤᠷᠤᠯᠴᠠᠯᠭ᠎ᠠ  ᠶᠢᠨ  ᠭᠤᠤᠯᠯᠠᠬᠤ ᠳᠤᠭᠤᠶᠢᠯᠠᠩ ᠤᠨ 2021 ᠣᠨ ᠤ  ᠠᠷᠪᠠᠨ‌‍ᠲ᠋ᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ  ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/4
      ᠤᠶᠢᠷ᠎ᠠ ᠶᠢᠨ ᠡᠳᠦᠷ᠂ ᠵᠡᠭᠦᠨ ᠦᠵᠦᠮᠦᠴᠢᠨ ᠬᠤᠰᠢᠭᠤᠨ ᠤ  ᠭᠠᠬᠢᠯ ᠰᠤᠮᠤ   ᠨᠢ ᠨᠠᠮ ᠤᠨ ᠬᠤᠷᠢᠶᠠᠨ ᠤ ᠣᠨᠣᠯ  ᠤᠨ ᠰᠤᠷᠤᠯᠴᠠᠯᠭ᠎ᠠ ᠶᠢᠨ  ᠭᠤᠤᠯᠯᠠᠬᠤ ᠳᠤᠭᠤᠶᠢᠯᠠᠩ ᠤᠨ 2021 ᠣᠨ ᠤ  ᠠᠷᠪᠠᠨ  ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠵᠢᠴᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ  ᠠᠷᠪᠠᠨ ᠨᠢᠭᠡᠳᠦᠭᠡᠷ  ᠤᠳᠠᠭᠠᠨ ᠤ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃  ᠰᠤᠮᠤᠨ ᠤ ᠨᠠᠮ ᠤᠨ ᠬᠤᠷᠢᠶᠠᠨ ᠤ ᠱᠦᠵᠢ ᠴᠡᠩᠭᠡᠯᠳᠦ ᠨᠥᠬᠦᠷ ᠬᠤᠷᠠᠯ ᠢ ᠡᠷᠬᠢᠯᠡᠵᠦ᠂ ᠰᠤᠮᠤᠨ ᠤ ᠨᠠᠮ ᠤᠨ ᠬᠤᠷᠢᠶᠠᠨ ᠤ  ᠤᠨᠤᠯ ᠤᠨ  ᠰᠤᠷᠤᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ   ᠭᠡᠰᠢᠭᠦᠳ  ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂  ᠭᠤᠤᠯᠯᠠᠬᠤ ᠳᠤᠭᠤᠶᠢᠯᠠᠩ ᠤᠨ ᠭᠡᠰᠢᠭᠦᠳ ᠨᠢ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠠᠷᠪᠠᠨ ᠨᠢᠭᠡᠳᠦᠭᠡᠷ ᠶᠡᠭᠡ ᠬᠤᠷᠠᠯ ᠂ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ ᠤᠨ ᠠᠷᠪᠠᠨ ᠶᠡᠭᠡ ᠡᠬᠢᠯᠡᠬᠦ ᠶᠣᠰᠣᠯᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ —— ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠤᠴᠢᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠨᠡᠩ ᠰᠠᠶᠢᠲᠤᠷ ᠠᠬᠢᠭᠤᠯᠬᠤ ᠬᠡᠷᠡᠭᠲᠡᠢ︾ ᠭᠡᠬᠦ ᠶᠠᠷᠢᠶ᠎ᠠ᠂ ︽ᠰᠢ ᠶᠢᠨ ᠫᠢᠩ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠲᠤᠬᠠᠢ ᠥᠭᠦᠯᠡᠬᠦ ᠨᠢ︾ ︽ᠶᠡᠷᠦᠩᠬᠡᠢ ᠱᠦᠵᠢ ᠰᠢ ᠶᠢᠨ ᠫᠢᠩ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠠᠵᠢᠯᠯᠠᠭ᠎ᠠ ᠶᠢ ᠬᠤᠷᠢᠭᠯᠠᠬᠤ ᠲᠤᠬᠠᠢ ᠴᠢᠬᠤᠯᠠ ᠵᠢᠭᠠᠪᠤᠷᠢ︾᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ᠂ ︽ᠰᠢᠯᠢ ᠶᠢᠨ ᠭᠤᠤᠯ ᠠᠶᠢᠮᠠᠭ ᠤᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︽ᠰᠢᠯᠢ ᠶᠢᠨ ᠭᠤᠤᠯ ᠠᠶᠢᠮᠠᠭ ᠤᠨ ᠡᠪᠡᠰᠦ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠠᠵᠢᠯ ᠤᠨ ᠬᠡᠷᠡᠭᠵᠢᠭᠦᠯᠬᠦ ᠰᠠᠨᠠᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︽ᠰᠢᠯᠢ ᠶᠢᠨ ᠭᠤᠤᠯ ᠠᠶᠢᠮᠠᠭ ᠤᠨ 2022 ᠣᠨ ᠤ ᠬᠠᠪᠤᠷ ᠤᠨ ᠤᠯᠠᠷᠢᠯ ᠤᠨ ᠪᠡᠯᠴᠢᠭᠡᠷ ᠡᠪᠡᠰᠦ ᠨᠣᠭᠤᠭᠠᠷᠠᠵᠤ ᠰᠡᠯᠭᠦᠨ ᠮᠠᠯᠵᠢᠬᠤ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠤᠷᠤᠯᠴᠠᠵᠠᠢ᠃      ᠬᠤᠷᠠᠯ ᠳᠡᠭᠡᠷ᠎ᠡ᠂ ᠨᠠᠮ ᠤᠨ ᠬᠤᠷᠢᠶᠠᠨ ᠤ ᠱᠦᠵᠢ ᠴᠡᠩᠭᠡᠯᠳᠦ  ᠨᠦᠬᠦᠷ ᠠᠴᠠ  ᠴᠢᠬᠤᠯᠠᠴᠢᠯᠠᠬᠤ ᠳᠠᠭᠠᠨ᠂  ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠳᠤ ᠳᠤᠷᠠᠳᠤᠭᠰᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠡᠵᠡᠮᠰᠢᠬᠦ ᠶᠢᠨ ᠬᠠᠮᠲᠤ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠴᠢᠩᠭ᠎ᠠ ᠠᠳᠬᠤᠵᠤ ᠰᠠᠶᠢᠲᠤᠷ ᠠᠳᠬᠤᠬᠤ ᠬᠡᠷᠡᠭᠲᠡᠢ᠃  ᠡᠷᠬᠡᠪᠰᠢ ᠬᠠᠤᠯᠢᠵᠢᠯ ᠤᠨ ᠤᠬᠠᠮᠰᠠᠷ ᠢᠶᠠᠨ ᠴᠢᠩᠭᠠᠳᠬᠠᠵᠤ᠂ ᠬᠠᠤᠯᠢᠵᠢᠯ ᠤᠨ ᠪᠠᠶᠢᠭᠤᠯᠤᠯᠲᠠ ᠶᠢᠨ ︽ᠵᠦᠭᠯᠡᠭᠦᠷ︾ ᠢ ᠰᠠᠶᠢᠲᠤᠷ ᠡᠵᠡᠮᠳᠡᠵᠦ᠂ ᠨᠠᠮ ᠤᠨ ᠬᠠᠤᠯᠢᠵᠢᠯ ᠤᠨ ᠪᠠᠶᠢᠭᠤᠯᠤᠯᠲᠠ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠬᠠᠤᠯᠢᠵᠢᠯ ᠤᠨ ᠪᠠᠶᠢᠭᠤᠯᠤᠯᠲᠠ ᠶᠢᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ︔  ᠡᠷᠬᠡᠪᠰᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠠᠵᠢᠯ ᠳᠤ ᠠᠭᠤᠰᠬᠠᠨ ᠣᠷᠣᠭᠤᠯᠵᠤ᠂ ᠪᠡᠶᠡᠴᠢ ᠴᠣᠭᠴᠠ ᠶᠢᠨ ᠲᠤᠰᠢᠶᠠᠯ ᠬᠠᠷᠢᠭᠤᠴᠠᠯᠭ᠎ᠠ ᠶᠢ ᠰᠡᠳᠬᠢᠯ ᠳᠡᠭᠡᠨ ᠪᠤᠳᠤᠵᠤ᠂ ᠮᠥᠷᠥᠨ ᠳᠡᠭᠡᠨ ᠡᠭᠦᠷᠭᠡᠯᠡᠨ᠂ ᠭᠠᠷ ᠲᠠᠭᠠᠨ ᠠᠳᠬᠤᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ  ᠭᠡᠵᠡᠢ᠃      ᠬᠠᠮᠤᠭ ᠡᠴᠦᠰ ᠲᠤ᠂  ᠭᠤᠤᠯᠯᠠᠬᠤ ᠳᠤᠭᠤᠶᠢᠯᠠᠩ ᠤᠨ ᠪᠦᠬᠦ  ᠭᠡᠰᠢᠭᠦᠳ ᠨᠢ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠵᠤ ᠲᠦᠷᠦ ᠲᠦᠪᠰᠢᠨ ᠲᠦᠮᠡᠨ ᠠᠮᠤᠭᠤᠯᠠᠩ ᠪᠠᠶᠢᠬᠤ ᠶᠢᠨ ᠲᠥᠯᠥᠭᠡ︾ ᠭᠡᠬᠦ ᠲᠤᠰᠬᠠᠢ ᠰᠡᠳᠦᠪᠲᠦ ᠹᠢᠯᠢᠮ ᠢ ᠰᠣᠨᠢᠷᠬᠠᠪᠠ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号