ᠬᠤᠰᠢᠭᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢ  ᠭᠠᠬᠢᠯ ᠰᠤᠮᠤᠨ ᠳᠤ ᠭᠦᠨᠵᠡᠭᠡᠶᠢᠷᠡᠨ ᠠᠵᠢᠯ  ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢᠨ ᠲᠤᠬᠠᠢ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/1/4
      12 ᠰᠠᠷ᠎ᠠ ᠶᠢᠨ 13 ᠤ ᠡᠳᠦᠷ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠭᠠᠬᠢᠯ  ᠰᠤᠮᠤᠨ ᠳᠤ ᠭᠦᠨᠵᠡᠭᠡᠶᠢᠷᠡᠨ ᠠᠵᠢᠯ  ᠦᠢᠯᠡᠰ  ᠤᠨ ᠨᠢᠭᠡᠴᠡ ᠶᠢᠨ ᠥᠭᠡᠷᠡᠴᠢᠯᠡᠯᠲᠡ ᠶᠢᠨ ᠠᠵᠢᠯ ᠢ ᠪᠠᠶᠢᠴᠠᠭᠠᠨ ᠰᠤᠳᠤᠯᠪᠠ᠃      ᠪᠠᠶᠢᠴᠠᠭᠠᠨ ᠰᠤᠳᠤᠯᠬᠤ ᠳᠤᠭᠤᠶᠢᠯᠠᠩ   ᠨᠢ  ᠰᠠᠭᠤᠳᠠᠯ ᠤᠨ ᠬᠤᠷᠠᠯ  ᠢᠶᠠᠷ ᠳᠡᠮᠵᠢᠨ ᠮᠠᠨ ᠤ ᠰᠤᠮᠤ ᠶᠢᠨ ᠠᠵᠢᠯ  ᠦᠢᠯᠡᠰ ᠤᠨ ᠳᠣᠲᠣᠭᠠᠳᠤ ᠶᠢᠨ ᠪᠠᠶᠢᠭᠤᠯᠤᠮᠵᠢ᠂ ᠲᠤᠰᠢᠶᠠᠯ ᠬᠠᠷᠢᠭᠤᠴᠠᠯᠭ᠎ᠠ ᠶᠢ ᠵᠥᠪᠰᠢᠶᠡᠷᠡᠨ ᠣᠷᠣᠭᠤᠯᠬᠤ ᠨᠠᠷᠢᠨ ᠲᠠᠩᠰᠠ ᠵᠢᠴᠢ ᠬᠠᠮᠢᠶᠠᠷᠤᠯᠲᠠ ᠶᠢᠨ ᠲᠣᠭᠲᠠᠴᠠ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠬᠠᠨᠳᠤᠯᠭᠠᠲᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠪᠠ᠃      ᠪᠠᠶᠢᠴᠠᠭᠠᠨ ᠰᠤᠳᠤᠯᠬᠤ ᠳᠤᠭᠤᠶᠢᠯᠠᠩ ᠴᠢᠬᠤᠯᠠᠴᠢᠯᠠᠭᠰᠠᠨ ᠨᠢ  ᠡᠷᠬᠡᠪᠰᠢ ᠬᠠᠮᠢᠶᠠᠷᠤᠯᠲᠠ ᠶᠢᠨ ᠠᠷᠭ᠎ᠠ ᠬᠡᠯᠪᠡᠷᠢ ᠪᠣᠯᠤᠨ ᠠᠵᠢᠯ ᠤᠨ ᠲᠣᠭᠲᠠᠴᠠ  ᠪᠠᠨ ᠲᠡᠭᠦᠯᠳᠡᠷᠵᠢᠭᠦᠯᠵᠦ᠂ ᠪᠠᠶᠢᠭᠤᠯᠤᠮᠵᠢ ᠣᠷᠣᠨ ᠲᠤᠭ᠎ᠠ ᠶᠢᠨ ᠠᠵᠢᠯ ᠤᠨ ᠤᠯᠤᠰ ᠲᠦᠷᠦᠴᠢ ᠴᠢᠨᠠᠷ᠂ ᠰᠠᠭᠤᠷᠢ ᠴᠢᠨᠠᠷ᠂ ᠵᠢᠷᠤᠮᠵᠢᠯᠳᠤ ᠴᠢᠨᠠᠷ᠂ ᠵᠣᠬᠢᠴᠠᠩᠭᠤᠢ ᠴᠢᠨᠠᠷ  ᠢᠶᠠᠨ ᠴᠢᠩᠭᠠᠳᠬᠠᠵᠤ᠂ ᠨᠡᠶᠢᠭᠡᠮ ᠤᠨ ᠬᠠᠮᠢᠶᠠᠷᠤᠯᠲᠠ ᠪᠣᠯᠤᠨ ᠤᠯᠠᠨ ᠨᠡᠶᠢᠲᠡ ᠶᠢᠨ ᠦᠢᠯᠡᠴᠢᠯᠡᠭᠡᠨ ᠤ ᠡᠭᠦᠷᠭᠡ ᠴᠢᠳᠠᠪᠬᠢ ᠶᠢ ᠴᠢᠩᠭᠠᠳᠬᠠᠵᠤ᠂ ᠠᠷᠠᠳ ᠲᠦᠮᠡᠨ ᠳᠤ ᠠᠰᠢᠭ ᠬᠦᠷᠲᠡᠭᠡᠬᠦ ᠠᠷᠠᠳ ᠲᠤ ᠲᠦᠬᠦᠮ ᠦᠵᠡᠭᠦᠯᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠴᠢᠨᠠᠷ ᠰᠠᠶᠢᠲᠠᠢ ᠬᠠᠮᠵᠢᠯᠴᠠᠭᠰᠠᠨ ᠥᠨᠳᠥᠷ ᠪᠦᠲᠦᠮᠵᠢᠲᠡᠢ ᠠᠵᠢᠯᠯᠠᠭᠠᠨ ᠤ ᠲᠣᠭᠲᠠᠴᠠ ᠶᠢ ᠪᠠᠶᠢᠭᠤᠯᠬᠤ ᠳᠤ ᠴᠢᠷᠮᠠᠶᠢᠯᠭ᠎ᠠ ᠭᠠᠷᠭᠠᠬᠤ ᠬᠡᠷᠡᠭᠲᠡᠢ  ᠭᠡᠵᠡᠢ᠃      ᠬᠤᠶᠢᠰᠢᠳᠠ ᠪᠠᠨ᠂  ᠭᠠᠬᠢᠯ ᠰᠤᠮᠤ ᠨᠢ ᠦᠨᠳᠦᠰᠦᠨ ᠱᠠᠲᠤᠨ ᠤ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠬᠤ ᠠᠴᠠ ᠡᠭᠦᠰᠴᠦ᠂ ᠦᠨᠳᠦᠰᠦᠨ ᠱᠠᠲᠤᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠴᠢᠳᠠᠪᠬᠢ ᠪᠠᠨ ᠲᠡᠭᠦᠯᠳᠡᠷᠵᠢᠭᠦᠯᠵᠦ᠂ ᠨᠡᠶᠢᠭᠡᠮ ᠤᠨ ᠬᠠᠮᠢᠶᠠᠷᠤᠯᠲᠠ ᠪᠠ ᠣᠯᠠᠨ ᠲᠦᠮᠡᠨ ᠳᠤ  ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠂ ᠺᠠᠳ᠋ᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ  ᠵᠡᠷᠭᠡ‌ᠣᠯᠠᠨ  ᠵᠦᠢᠯ ᠤᠨ ᠠᠷᠭ᠎ᠠ ᠶᠢ ᠵᠡᠷᠭᠡ ᠪᠠᠷ ᠬᠡᠷᠡᠭᠯᠡᠨ ᠡᠯ᠎ᠡ ᠲᠥᠷᠥᠯ ᠤᠨ ᠣᠷᠣᠨ ᠲᠣᠭᠠᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠬᠡᠷᠡᠭᠯᠡᠵᠦ᠂ ᠥᠭᠡᠷᠡᠴᠢᠯᠡᠯᠲᠡ ᠪᠠ ᠬᠥᠭᠵᠢᠯᠲᠡ ᠶᠢᠨ ᠳᠤᠮᠳᠠᠬᠢ ᠡᠯ᠎ᠡ ᠲᠥᠷᠥᠯ ᠤᠨ ᠬᠦᠴᠢᠷ ᠠᠰᠠᠭᠤᠳᠠᠯ ᠢ ᠰᠢᠢᠳᠪᠦᠷᠢᠯᠡᠨ᠂ ᠠᠵᠢᠯ  ᠦᠢᠯᠡᠰ ᠤᠨ ᠨᠢᠭᠡᠴᠡ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠳᠤ ᠨᠠᠩ ᠶᠡᠭᠡ ᠬᠤᠪᠢ ᠨᠡᠮᠡᠷᠢ  ᠦᠵᠡᠭᠦᠯᠦᠨ᠎ᠡ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号