2022 ᠣᠨ ᠤ ᠪᠡᠭᠡᠵᠢᠩ ᠤᠨ ᠡᠪᠦᠯ ᠤᠨ ᠣᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠡᠪᠦᠯ ᠤᠨ ᠣᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠬᠤᠭᠤᠴᠠᠭᠠᠨ ᠳᠤ ᠪᠥᠬᠦ ᠬᠤᠰᠢᠭᠤᠨ ᠤ ᠬᠡᠪᠴᠢᠶᠡᠨ ᠳᠤ ᠫᠤᠤᠵᠢᠩ ᠪᠣᠷᠣᠯᠠᠭᠤᠯᠬᠤ ᠪᠠ ᠲᠠᠯᠪᠢᠬᠤ ᠶᠢ ᠴᠠᠭᠠᠵᠠᠯᠠᠬᠤ ᠲᠣᠬᠠᠢ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2022/1/6
      ᠤᠯᠤᠰ᠂ ᠥᠪᠡᠷᠲᠡᠭᠡᠨ ᠵᠠᠰᠠᠬᠤ ᠣᠷᠣᠨ᠂ ᠰᠢᠯᠢ ᠶᠢᠨ ᠭᠤᠤᠯ ᠠᠶᠢᠮᠠᠭ ᠤᠨ 2022 ᠣᠨ ᠤ ᠪᠡᠭᠡᠵᠢᠩ ᠤᠨ ᠡᠪᠦᠯ ᠤᠨ ᠣᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠣᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠬᠤᠭᠤᠴᠠᠭᠠᠨ ᠳᠤ ᠠᠭᠠᠷ ᠤᠨ ᠶᠠᠰᠤ ᠴᠢᠨᠠᠷ ᠢ ᠪᠠᠲᠤᠯᠠᠬᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠪᠥᠬᠦ ᠬᠤᠰᠢᠭᠤᠨ ᠤ ᠬᠡᠪᠴᠢᠶᠡᠨ ᠳᠤ ᠫᠤᠤᠵᠢᠩ ᠪᠣᠷᠣᠯᠠᠭᠤᠯᠬᠤ ᠪᠠ ᠲᠠᠯᠪᠢᠬᠤ ᠶᠢ ᠴᠠᠭᠠᠵᠠᠯᠠᠬᠤ ᠲᠣᠬᠠᠢ ᠬᠠᠮᠢᠶ᠎ᠠ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠪᠣᠷᠣᠯᠠᠭᠤᠯᠬᠤ ᠪᠠ ᠲᠠᠯᠪᠢᠬᠤ ᠶᠢ ᠴᠠᠭᠠᠵᠠᠯᠠᠬᠤ ᠬᠦᠷᠢᠶ᠎ᠡ ᠬᠡᠪᠴᠢᠶ᠎ᠡ      ᠵᠡᠭᠦᠨ ᠦᠵᠦᠮᠦᠴᠢᠨ ᠬᠤᠰᠢᠭᠤᠨ ᠤ ᠵᠠᠰᠠᠭ ᠵᠠᠬᠢᠷᠭᠠᠨ ᠤ ᠪᠦᠬᠦ ᠣᠷᠣᠨ ᠬᠡᠪᠴᠢᠶ᠎ᠡ      ᠬᠤᠶᠠᠷ᠂ ᠪᠣᠷᠣᠯᠠᠭᠤᠯᠬᠤ ᠪᠠ ᠲᠠᠯᠪᠢᠬᠤ ᠶᠢ ᠴᠠᠭᠠᠵᠠᠯᠠᠬᠤ ᠴᠠᠭ ᠬᠤᠭᠤᠴᠠᠭ᠎ᠠ        2022 ᠣᠨ ᠤ 1 ᠰᠠᠷ᠎ᠠ ᠶᠢᠨ 1 ᠤ ᠡᠳᠦᠷ ᠠᠴᠠ 3 ᠰᠠᠷ᠎ᠠ ᠶᠢᠨ 13 ᠤ ᠡᠳᠦᠷ ᠪᠣᠯᠲᠠᠯ᠎ᠠ ᠫᠣᠣᠵᠢᠩ ᠪᠣᠷᠣᠯᠠᠭᠤᠯᠬᠤ ᠶᠢ ᠴᠠᠭᠠᠵᠠᠯᠠᠨ᠎ᠠ︔      2022 ᠣᠨ ᠤ 1 ᠰᠠᠷ᠎ᠠ ᠶᠢᠨ 30 ᠤ ᠡᠳᠦᠷ ᠠᠴᠠ 2 ᠰᠠᠷ᠎ᠠ ᠶᠢᠨ 20 ᠤ ᠡᠳᠦᠷ ᠪᠣᠯᠲᠠᠯ᠎ᠠ᠂ 3 ᠰᠠᠷ᠎ᠠ ᠶᠢᠨ 1 ᠤ ᠡᠳᠦᠷ ᠠᠴᠠ 3 ᠰᠠᠷ᠎ᠠ ᠶᠢᠨ 13 ᠤ ᠡᠳᠣᠷ ᠪᠣᠯᠳᠠᠯ᠎ᠠ ᠫᠣᠣᠵᠢᠩ ᠲᠠᠯᠪᠢᠬᠤ ᠶᠢ ᠴᠠᠭᠠᠵᠠᠯᠠᠨ᠎ᠠ᠃      ᠭᠤᠷᠪᠠ᠂ ᠬᠠᠮᠢᠶ᠎ᠠ ᠪᠦᠬᠦᠢ ᠱᠠᠭᠠᠷᠳᠠᠯᠭ᠎ᠠ      ︵ᠨᠢᠭᠡ︶ ᠪᠥᠬᠦ ᠬᠤᠰᠢᠭᠤᠨ ᠤ ᠨᠠᠮ ᠵᠠᠰᠠᠭ ᠤᠨ ᠪᠠᠶᠢᠭᠤᠯᠭ᠎ᠠ᠂ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠠᠮ ᠤᠨ ᠭᠡᠰᠢᠭᠦᠨ ᠺᠠᠳ᠋ᠷᠴᠤᠳ ᠲᠣᠰ ᠲᠣᠭᠲᠠᠭᠠᠯ ᠢ ᠲᠦᠷᠦᠭᠦᠯᠡᠨ ᠬᠡᠷᠡᠭᠵᠢᠭᠦᠯᠵᠦ᠂ ᠰᠤᠮᠤ ᠪᠠᠯᠭᠠᠰᠤ ︵ᠵᠡᠭᠡᠯᠢ ᠭᠤᠳᠤᠮᠵᠢ︶᠂ ᠭᠠᠴᠠᠭᠠᠨ ︵ᠨᠡᠶᠢᠭᠡᠮ ᠲᠣᠭᠤᠷᠢᠭ︶ ᠤ  ᠺᠠᠳ᠋ᠷ ᠠᠵᠢᠯᠲᠠᠳ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠫᠣᠣᠵᠢᠩ ᠲᠠᠯᠪᠢᠬᠤ ᠶᠢ ᠢᠳᠬᠠᠨ ᠬᠤᠷᠢᠭᠯᠠᠬᠤ ᠬᠡᠷᠡᠭᠲᠡᠶ᠃ ᠥᠷᠭᠡᠨ ᠤᠯᠠᠨ ᠲᠦᠮᠡᠨ ᠬᠡᠪ ᠵᠠᠩᠰᠢᠯ ᠢᠶᠠᠨ ᠥᠭᠡᠷᠡᠴᠢᠯᠡᠵᠦ᠂ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠠᠭᠠᠷ ᠮᠠᠨᠳᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠬᠦᠯᠬᠦ ᠬᠡᠷᠡᠭᠲᠡᠶ᠃      ︵ᠬᠤᠶᠠᠷ︶ ᠡᠯ᠎ᠡ ᠰᠤᠮᠤ ᠪᠠᠯᠭᠠᠰᠣᠨ ︵ᠲᠠᠯᠠᠪᠠᠶ︶ ᠤ ᠠᠷᠠᠳ ᠤᠨ ᠵᠠᠰᠠᠭ ᠤᠨ ᠣᠷᠳᠣᠨ ᠫᠤᠤᠵᠢᠩ ᠪᠣᠷᠣᠯᠠᠭᠤᠯᠬᠤ ᠪᠠ ᠲᠠᠯᠪᠢᠬᠤ ᠶᠢ ᠴᠠᠭᠠᠵᠠᠯᠠᠬᠤ ᠬᠠᠷᠢᠶ᠎ᠠ ᠣᠷᠣᠨ ᠤ ᠬᠠᠷᠢᠭᠤᠴᠠᠯᠭ᠎ᠠ ᠪᠠᠨ ᠰᠠᠶᠢᠳᠣᠷ ᠭᠦᠢᠴᠡᠳᠬᠡᠵᠣ᠂ ᠡᠯ᠎ᠡ ᠵᠦᠢᠯ ᠤᠨ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠰᠢᠭᠤ ᠳᠣᠲᠣᠭᠠᠳᠤ ᠶᠢ ᠬᠠᠮᠠᠭᠠᠯᠠᠬᠤ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ᠂ ᠬᠤᠲᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠰᠣᠨᠢᠨ ᠮᠡᠳᠡᠭᠡ ᠵᠠᠭᠤᠴᠢᠯᠠᠭᠤᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠰᠤᠷᠭᠠᠨ ᠬᠥᠮᠦᠵᠢᠯ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ᠂ ᠬᠤᠳᠠᠯᠳᠤᠭᠠᠨ ᠤ ᠶᠠᠪᠤᠳᠠᠯ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠤᠳ ᠬᠠᠮᠵᠢᠯᠴᠠᠭ᠎ᠠ ᠪᠠᠨ ᠴᠢᠩᠭᠠᠳᠬᠠᠵᠤ᠂ ᠫᠤᠤᠵᠢᠩ ᠪᠣᠷᠣᠯᠠᠭᠤᠯᠬᠤ ᠶᠢ ᠴᠠᠭᠠᠵᠠᠯᠠᠬᠤ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠳᠬᠠᠬᠤ ᠭᠡᠷᠡᠭᠲᠠᠢ᠃      ᠳᠥᠷᠪᠡ᠂ ᠬᠠᠷᠢᠭᠤᠴᠠᠯᠭ᠎ᠠ ᠨᠡᠬᠡᠮᠵᠢᠯᠡᠬᠦ      ︵ᠨᠢᠭᠡ︶ ᠲᠣᠭᠲᠠᠭᠠᠯ ᠠᠴᠠ ᠵᠥᠷᠢᠴᠡᠨ ᠫᠣᠣᠵᠢᠩ ᠦᠢᠯᠡᠳᠪᠦᠷᠢᠯᠡᠵᠦ᠂ ᠡᠵᠡᠩᠨᠡᠭᠰᠡᠳ ᠢ ︽ᠫᠤᠤᠵᠢᠩ ᠤᠨ ᠠᠶᠣᠯᠬᠦᠢ ᠶᠢᠨ ᠬᠠᠮᠢᠶᠠᠷᠤᠯᠲᠠ ᠶᠢᠨ ᠲᠥᠷᠢᠮ︾ ᠤᠨ ᠭᠤᠴᠢᠨ ᠵᠢᠷᠭᠤᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠶᠣᠰᠣᠭᠠᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ 2 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠶᠢᠨ ᠬᠠᠮᠲᠤ ᠬᠠᠤᠯᠢ ᠪᠤᠰᠤ ᠪᠠᠷ ᠦᠢᠯᠡᠳᠪᠦᠷᠢᠯᠡᠵᠣ᠂ ᠡᠵᠡᠩᠨᠡᠭᠰᠡᠨ ᠡᠳ᠋ ᠪᠣᠳᠠᠰ ᠵᠢᠴᠢ ᠬᠠᠣᠯᠢ ᠪᠣᠰᠣ ᠣᠷᠣᠯᠭ᠎ᠠ ᠶᠢ ᠨᠢ ᠬᠤᠷᠢᠶᠠᠵᠤ ᠠᠪᠤᠨ᠎ᠠ᠃ ᠬᠠᠤᠯᠢ ᠪᠤᠰᠤ ᠪᠠᠷ ᠫᠣᠣᠵᠢᠩ ᠦᠢᠯᠡᠳᠪᠦᠷᠢᠯᠡᠵᠦ᠂ ᠡᠵᠡᠩᠨᠡᠵᠦ᠂ ᠵᠦᠭᠡᠭᠡᠪᠦᠷᠢᠯᠡᠭᠰᠡᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠣᠯᠭᠤᠨ᠎ᠠ︔ ᠶᠠᠯᠠᠳᠣ ᠠᠵᠢᠯᠯᠠᠭ᠎ᠠ ᠪᠦᠷᠢᠯᠳᠣᠪᠡᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ︵ᠬᠤᠶᠠᠷ︶ ᠲᠣᠭᠲᠠᠭᠠᠯ ᠠᠴᠠ ᠵᠥᠷᠢᠴᠡᠨ ᠫᠤᠤᠵᠢᠩ ᠲᠠᠯᠪᠢᠪᠠᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠫᠤᠤᠵᠢᠩ ᠲᠠᠯᠪᠢᠬᠤ ᠶᠢ ᠨᠢ ᠵᠠᠷᠯᠢᠭᠳᠠᠨ ᠵᠣᠭᠰᠣᠭᠠᠵᠤ᠂ ︽ᠫᠤᠤᠵᠢᠩ ᠤᠨ ᠠᠶᠣᠯᠬᠦᠢ ᠶᠢᠨ ᠬᠠᠮᠢᠶᠠᠷᠤᠯᠲᠠ ᠶᠢᠨ ᠲᠦᠷᠢᠮ︾ ᠤᠨ ᠳᠥᠴᠢᠨ ᠬᠤᠶᠠᠳᠤᠭᠠᠷ ᠵᠦᠢᠯ ᠤᠨ ᠬᠤᠶᠠᠳᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ 100 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠷᠣᠭᠰᠢ ᠲᠣᠷᠭᠠᠨ᠎ᠡ᠃ ᠵᠥᠪᠰᠢᠶᠡᠷᠡᠯ ᠦᠭᠡᠢ ᠪᠠᠷ ᠬᠤᠸᠠᠷ ᠫᠤᠤᠵᠢᠩ ᠤᠨ ᠦᠳᠡᠰᠢᠯᠡᠭᠡ ᠵᠢᠴᠢ ᠪᠤᠰᠤᠳ ᠲᠤᠮᠤ ᠬᠡᠯᠪᠡᠷᠢ ᠶᠢᠨ ᠬᠤᠸᠠᠷ ᠫᠤᠤᠵᠢᠩ ᠲᠠᠯᠪᠢᠬᠤ ᠠᠵᠢᠯᠯᠠᠭ᠎ᠠ ᠡᠷᠬᠢᠯᠡᠪᠠᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠫᠤᠤᠵᠢᠩ ᠲᠠᠯᠪᠢᠬᠤ ᠶᠢ ᠨᠢ ᠵᠠᠷᠯᠢᠭᠳᠠᠨ ᠵᠣᠭᠰᠣᠭᠠᠵᠤ᠂ ︽ᠫᠤᠤᠵᠢᠩ ᠤᠨ ᠠᠶᠣᠯᠬᠦᠢ ᠶᠢᠨ ᠬᠠᠮᠢᠶᠠᠷᠤᠯᠲᠠ ᠶᠢᠨ ᠲᠦᠷᠢᠮ︾ ᠤᠨ ᠳᠥᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ ᠬᠠᠷᠢᠭᠤᠴᠠᠯᠭᠠᠲᠤ ᠨᠢᠭᠡᠴᠡ ᠶᠢ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠷᠣᠭᠰᠢ ᠲᠣᠷᠭᠠᠨ᠎ᠡ᠃ ᠵᠢᠯᠤᠭᠤᠳᠤᠯᠭ᠎ᠠ ᠶᠢ ᠳᠠᠭᠠᠬᠤ ᠦᠭᠡᠢ᠂ ᠢᠳᠬᠠᠬᠤ ᠶᠢ ᠰᠣᠨᠣᠰᠬᠤ ᠦᠭᠡᠢ᠂ ᠠᠯᠪᠠᠨ ᠠᠵᠢᠯ ᠭᠦᠢᠴᠡᠳᠬᠡᠬᠦ ᠶᠢ ᠬᠠᠷᠰᠢᠯᠠᠭᠰᠠᠳ ᠲᠤ ᠬᠠᠤᠯᠢ ᠶᠣᠰᠣᠭᠠᠷ ᠵᠠᠰᠠᠭ ᠵᠠᠬᠢᠷᠭᠠᠨ ᠤ ᠲᠦᠷ ᠬᠤᠷᠢᠬᠤ ᠰᠢᠳᠬᠡᠯ ᠦᠭᠴᠣ᠂ ᠶᠠᠯᠠᠳᠣ ᠠᠵᠢᠯᠯᠠᠭ᠎ᠠ ᠪᠦᠷᠢᠯᠳᠦᠪᠡᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ︵ᠭᠤᠷᠪᠠ︶ ᠶᠠᠮᠠᠷᠪᠠ ᠨᠢᠭᠡᠴᠡ ᠪᠠ ᠬᠤᠪᠢ ᠬᠥᠮᠦᠨ ᠲᠣᠭᠲᠠᠭᠠᠯ ᠠᠴᠠ ᠵᠥᠷᠢᠴᠡᠨ ᠫᠤᠤᠵᠢᠩ ᠲᠠᠯᠪᠢᠬᠤ ᠥᠢᠯᠡ ᠠᠵᠢᠯᠯᠠᠭ᠎ᠠ ᠶᠢ ᠢᠳᠬᠠᠨ ᠵᠣᠭᠰᠣᠭᠠᠬᠤ ᠡᠷᠬᠡ ᠲᠠᠢ ᠪᠠᠶᠢᠵᠣ᠂ ᠡᠯ᠎ᠡ ᠡᠲᠡᠭᠡᠳ ᠤᠨ ᠬᠢᠨ ᠤ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠳᠤ ᠢᠳᠡᠪᠬᠢᠲᠡᠶ ᠬᠠᠮᠵᠢᠯᠴᠠᠵᠣ᠂ ᠬᠢᠨᠠᠯᠳᠠ ᠲᠠᠯᠪᠢᠵᠣ᠂ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠬᠦᠰᠡᠵᠣ ᠪᠠᠶᠢᠨ᠎ᠠ᠃      ᠢᠯᠡᠴᠢᠯᠡᠨ ᠮᠡᠳᠡᠭᠦᠯᠬᠦ ᠤᠲᠠᠰᠤ᠄ 110      ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠢᠯᠡᠴᠢᠯᠡᠨ ᠮᠡᠳᠡᠭᠦᠯᠬᠦ ᠨᠢ ᠬᠠᠤᠯᠢ  ᠶᠢᠨ ᠬᠠᠮᠠᠭᠠᠯᠠᠯᠲᠠ ᠶᠢ ᠬᠦᠯᠢᠶᠡᠨ᠎ᠡ᠃      ᠲᠤᠰ ᠵᠠᠷᠯᠠᠯ ᠢ 2022 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃             ᠵᠡᠬᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ            2022 ᠣᠨ ᠤ 1 ᠰᠠᠷ᠎ᠠ ᠶᠢᠨ 1 ᠤ ᠡᠳᠣᠷ
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号