ᠵᠡᠭᠦᠨ ᠦᠵᠦᠮᠦᠴᠢᠨ ᠬᠤᠰᠢᠭᠤᠨ ᠤ ᠬᠠᠳᠠᠪᠴᠢ ᠪᠠᠯᠭᠠᠰᠤ ᠪᠠᠶᠠᠷ ᠤᠨ ᠡᠳᠦᠷ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠭᠦᠨᠵᠡᠭᠡᠶ ᠥᠷᠨᠢᠭᠦᠯᠪᠡ
ᠨᠡᠶᠢᠲᠡᠯᠡᠭᠰᠡᠨ ᠴᠠᠭ᠄
2022/10/19
      ᠪᠦᠬᠦ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ ᠲᠥᠯᠥᠭᠡ᠂ 9 ᠰᠠᠷ᠎ᠠ ᠶᠢᠨ 29 ᠤ ᠡᠳᠦᠷ᠂ ᠬᠠᠲᠠᠪᠴᠢ ᠪᠠᠯᠭᠠᠰᠤ ᠶᠢᠨ ᠬᠢᠨ ᠪᠠᠯᠭᠠᠰᠤᠨ ᠤ ᠲᠣᠭᠤᠷᠢᠭ ᠤᠨ ᠵᠣᠴᠢᠳ ᠤᠨ ᠪᠠᠭᠤᠳᠠᠯ ᠂ ᠪᠠᠭᠤᠳᠠᠯ᠂ ᠠᠵᠤ ᠠᠬᠤᠶᠢᠯᠠᠯ ᠵᠡᠷᠭᠡ ᠭᠤᠣᠯᠳᠠᠯᠭ᠎ᠠ ᠲᠠᠢ ᠲᠠᠯᠠᠪᠤᠷ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠳᠤ ᠪᠠᠶᠢᠴᠠᠭᠠᠯᠲᠠ ᠬᠢᠵᠡᠢ᠃      ᠪᠠᠶᠢᠴᠠᠭᠠᠬᠤ ᠳᠤᠭᠤᠶᠢᠯᠠᠩ ᠤᠨ ᠬᠢᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠵᠣᠴᠢᠳ ᠤᠨ ᠪᠠᠭᠤᠳᠠᠯ᠂ ᠪᠠᠷᠢᠯᠭ᠎ᠠ ᠶᠢᠨ ᠭᠠᠵᠠᠷ ᠵᠡᠷᠭᠡ ᠬᠥᠮᠦᠨ ᠤᠯᠠᠨ ᠴᠤᠭᠯᠠᠷᠠᠳᠠᠭ ᠭᠠᠵᠠᠷ ᠲᠤ ᠭᠦᠨᠵᠡᠭᠡᠶᠢᠷᠡᠨ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠬᠢᠵᠦ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠲᠤᠬᠢᠷᠠᠭᠤᠯᠤᠯᠳᠠ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ᠂ ᠭᠠᠯ ᠴᠠᠬᠢᠯᠭᠠᠨ ᠬᠡᠷᠡᠭᠯᠡᠬᠦ ᠠᠮᠤᠷ ᠲᠦᠪᠰᠢᠨ᠂ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠪᠠ᠃ ᠣᠷᠣᠰᠢᠵᠤ ᠪᠠᠶᠢᠭ᠎ᠠ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠮᠥᠷᠳᠡᠨ ᠬᠢᠨᠠᠨ ᠬᠠᠮᠢᠶᠠᠷᠴᠤ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠣᠯᠠᠪᠠ᠃ ᠡᠭᠦᠨ ᠤ ᠬᠠᠮᠲᠤ᠂ ᠡᠯ᠎ᠡ ᠠᠵᠤ ᠠᠬᠤᠶᠢᠯᠠᠯ᠂ ᠬᠤᠳᠠᠯᠳᠤᠭᠠᠨ ᠤ ᠡᠷᠦᠬᠡ ᠶᠢ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠰᠠᠶᠢᠲᠤᠷ ᠬᠢᠵᠦ᠂ ︽ᠭᠠᠳᠠᠨ᠎ᠠ ᠠᠴᠠ ᠬᠠᠯᠳᠠᠪᠦᠷᠢᠯᠠᠬᠤ ᠶᠢ ᠰᠡᠷᠭᠡᠶᠢᠯᠡᠬᠦ︾ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠬᠤ ᠬᠡᠷᠡᠭᠲᠡᠶ ᠭᠡᠵᠦ ᠱᠠᠭᠠᠷᠳᠠᠪᠠ      ᠲᠣᠰ ᠤᠳᠠᠭᠠᠨ ᠤ ᠠᠶᠤᠯᠭᠦᠶ ᠦᠶ᠋ᠯᠡᠳᠪᠦᠷᠢᠯᠡᠯ ᠤᠨ ᠶᠡᠭᠡ ᠪᠠᠶᠢᠴᠠᠭᠠᠯᠲᠠ ᠪᠠᠷ ᠳᠡᠮᠵᠢᠨ᠂ ︽ᠠᠮᠤᠷ ᠲᠦᠪᠰᠢᠨ ᠳᠤ ᠪᠠᠭ᠎ᠠ ᠶᠠᠪᠤᠳᠠᠯ ᠥᠬᠡᠶ︾ ᠭᠡᠬᠦ ᠣᠶᠢᠯᠠᠭᠠᠭᠳᠠᠬᠤᠨ ᠢ ᠤᠯᠠᠮ ᠨᠢᠭᠡ ᠠᠯᠬᠤᠮ ᠪᠣᠶ ᠪᠣᠯᠭᠠᠵᠤ᠂ ᠬᠠᠷᠢᠶᠠᠲᠤ ᠣᠷᠣᠨ ᠤ ᠠᠵᠤ ᠠᠬᠤᠶᠢᠯᠠᠯ᠂ ᠬᠤᠳᠠᠯᠳᠤᠭᠠᠨ ᠤ ᠡᠷᠦᠬᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠦᠨ᠂ ᠨᠢᠭᠡ ᠪᠦᠯᠦᠭ ᠨᠢᠭᠤᠭᠳᠠᠮᠠᠯ ᠠᠮᠤᠷ ᠲᠦᠪᠰᠢᠨ ᠤ ᠬᠡᠮ ᠰᠣᠭᠤᠭ ᠢ ᠪᠦᠲᠦᠮᠵᠢᠲᠡᠶ ᠠᠷᠢᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠳᠤ ᠠᠮᠤᠷ ᠲᠦᠪᠰᠢᠨ ᠲᠣᠭᠲᠠᠭᠤᠨ ᠤ ᠪᠠᠲᠤᠯᠠᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号