︽ᠵᠡᠭᠦᠨ ᠦᠵᠦᠮᠦᠴᠢᠨ ᠬᠤᠰᠢᠭᠤᠨ ᠤ ᠵᠠᠰᠠᠮᠠᠯ ᠵᠠᠮ ᠤᠨ ᠭᠠᠮᠰᠢᠭ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠬᠤ ᠳᠤ ᠬᠠᠮᠲᠤᠷᠠᠨ ᠠᠵᠢᠯᠯᠠᠬᠤ ᠬᠡᠷᠡᠭᠵᠢᠭᠦᠯᠬᠦ ᠲᠥᠰᠦᠯ︾ ᠤᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2022/11/22
    ᠮᠠᠨ ᠤ ᠬᠤᠰᠢᠭᠤᠨ ᠤ ᠵᠠᠰᠠᠮᠠᠯ ᠵᠠᠮ ᠤᠨ ᠡᠪᠦᠯ ᠤᠨ ᠤᠯᠠᠷᠢᠯ ᠤᠨ ᠴᠠᠰᠤ ᠠᠷᠢᠯᠭᠠᠵᠤ ᠵᠠᠮ ᠨᠡᠪᠲᠡᠷᠡᠭᠦᠯᠭᠡ ᠶᠢ ᠪᠠᠲᠤᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠵᠠᠰᠠᠮᠠᠯ ᠵᠠᠮ ᠳᠠᠭᠠᠤ ᠶᠢᠨ ᠨᠡᠶᠢᠭᠡᠮ ᠤᠨ ᠬᠦᠴᠦᠨ ᠢ ᠭᠦᠢᠴᠡᠳ ᠠᠰᠢᠭᠯᠠᠵᠤ᠂ ᠵᠠᠮ ᠳᠡᠭᠡᠷᠡᠬᠢ ᠮᠥᠰᠥ ᠴᠠᠰᠤ ᠶᠢ ᠴᠡᠪᠡᠷᠯᠡᠬᠦ ᠬᠤᠷᠳᠤᠴᠠ ᠶᠢ ᠲᠦᠷᠭᠡᠳᠬᠡᠵᠦ᠂ ᠮᠥᠰᠥ ᠴᠠᠰᠤᠨ ᠤ ᠭᠠᠮᠰᠢᠭ ᠠᠴᠠ ᠪᠣᠯᠤᠭᠰᠠᠨ ᠨᠡᠶᠢᠭᠡᠮ ᠤᠨ ᠪᠠ ᠠᠵᠤ ᠠᠬᠤᠶ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠣᠯᠠᠨ ᠨᠡᠶᠢᠲᠡ ᠶᠢᠨ ᠶᠠᠪᠤᠵᠤ ᠰᠠᠭᠤᠬᠤ ᠳᠤ ᠨᠠᠩ ᠰᠠᠶᠢᠨ ᠦᠢᠯᠡᠴᠢᠯᠡᠭᠡ ᠬᠠᠩᠭᠠᠨ᠎ᠠ᠂ ︽ᠰᠢᠯᠢ ᠶᠢᠨ ᠭᠤᠤᠯ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ︿ᠰᠢᠯᠢ ᠶᠢᠨ ᠭᠤᠤᠯ ᠠᠶᠢᠮᠠᠭ ᠤᠨ ᠵᠠᠰᠠᠮᠠᠯ ᠵᠠᠮ ᠤᠨ ᠭᠠᠮᠰᠢᠭ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠨ ᠬᠠᠮᠲᠤᠷᠠᠨ ᠠᠵᠢᠯᠯᠠᠬᠤ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠰᠢᠯᠢ ᠵᠠᠮ ᠬᠠᠷᠢᠯᠴᠠᠭ᠎ᠠ ᠠᠯᠪᠠᠨ︹ 2022 ︺ 4 ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃    ᠨᠢᠭᠡ᠂ ᠲᠣᠭᠲᠠᠭᠠᠬᠤ ᠶᠢᠨ ᠴᠢᠬᠤᠯᠠ ᠴᠢᠨᠠᠷ    ᠵᠠᠰᠠᠮᠠᠯ ᠵᠠᠮ ᠤᠨ ᠨᠡᠪᠲᠡᠷᠡᠬᠦ ᠶᠢ ᠪᠠᠲᠤᠯᠠᠬᠤ ᠪᠠᠷ ᠵᠣᠷᠢᠯᠭ᠎ᠠ ᠪᠣᠯᠭᠠᠵᠤ᠂ ᠪᠠᠴᠢᠮ ᠪᠠᠶᠢᠳᠠᠯ ᠢ ᠠᠷᠭᠠᠴᠠᠵᠤ ᠰᠠᠭᠠᠳ ᠦᠭᠡᠶ ᠨᠡᠪᠲᠡᠷᠡᠬᠦ ᠶᠢ ᠪᠠᠲᠤᠯᠠᠬᠤ ᠴᠢᠳᠠᠪᠤᠷᠢ ᠪᠣᠯᠤᠨ ᠨᠡᠶᠢᠳᠡᠮ ᠨᠡᠪᠲᠡᠷᠡᠬᠦ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠤᠣᠯ ᠪᠣᠯᠭᠠᠵᠤ᠂ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠬᠦ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ᠂ ᠬᠡᠰᠡᠭ ᠬᠤᠪᠢᠶᠠᠨ ᠬᠠᠷᠢᠭᠤᠴᠠᠬᠤ︾ ᠵᠠᠷᠴᠢᠮ ᠢ ᠪᠠᠷᠢᠮᠲᠠᠯᠠᠵᠤ᠂ ᠬᠥᠮᠦᠨ ᠢᠶᠠᠷ ᠦᠨᠳᠦᠰᠦ ᠪᠣᠯᠭᠠᠬᠤ ᠦᠢᠯᠡᠴᠢᠯᠡᠭᠡᠨ ᠤ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠨᠠᠷᠢᠨ ᠨᠢᠮᠪᠠᠶ ᠪᠠᠶᠢᠷᠢᠯᠠᠭᠤᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠤᠨ᠂ ᠵᠠᠮ ᠳᠠᠭᠠᠤ ᠶᠢᠨ ᠨᠡᠶᠢᠭᠡᠮ ᠤᠨ ᠬᠦᠴᠦᠨ ᠢ ᠭᠦᠢᠴᠡᠳ ᠳᠠᠶᠢᠴᠢᠯᠠᠵᠤ᠂ ᠴᠠᠰᠤᠨ ᠤ ᠪᠠᠶᠢᠳᠠᠯ ᠢᠶᠠᠷ ᠵᠠᠷᠯᠢᠭ ᠪᠣᠯᠭᠠᠨ᠂ ᠨᠢᠭᠡᠳᠦᠯᠲᠡᠶ ᠵᠢᠯᠣᠭᠤᠳᠬᠤ᠂ ᠲᠦᠷᠭᠡᠨ ᠲᠤᠰᠬᠠᠬᠤ᠂ ᠡᠷᠡᠰ ᠰᠢᠭᠤᠷᠬᠠᠶ ᠰᠢᠢᠳᠪᠦᠷᠢᠯᠡᠬᠦ ᠵᠠᠰᠠᠮᠠᠯ ᠵᠠᠮ ᠤᠨ ᠪᠠᠴᠢᠮ ᠪᠠᠶᠢᠳᠠᠯ ᠢ ᠠᠷᠭᠠᠴᠠᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠠᠵᠢᠯ ᠤᠨ ᠦᠷ᠎ᠡ ᠪᠦᠲᠦᠮᠵᠢ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠵᠠᠰᠠᠮᠠᠯ ᠵᠠᠮ ᠤᠨ ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠨ᠎ᠠ᠃    ᠬᠤᠶᠠᠷ᠂ ᠭᠤᠣᠯ ᠠᠭᠤᠯᠭ᠎ᠠ    ᠭᠡᠨᠡᠳᠲᠡ ᠶᠢᠨ ᠪᠠᠶᠢᠭᠠᠯᠢ ᠶᠢᠨ ᠭᠠᠮᠰᠢᠭ ᠪᠤᠶᠤ ᠳᠣᠭᠰᠢᠨ ᠰᠢᠭᠤᠷᠭ᠎ᠠ ᠵᠡᠷᠭᠡ ᠮᠠᠭᠤ ᠠᠭᠤᠷ ᠠᠮᠢᠰᠬᠤᠯ ᠤᠨ ᠦᠶ᠎ᠡ ᠳᠤ᠂ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠨᠢᠭᠡᠴᠡ ᠶᠢᠨ ᠣᠳᠣ ᠶᠢᠨ ᠪᠠᠶᠢᠭ᠎ᠠ ᠭᠠᠮᠰᠢᠭ ᠢ ᠡᠰᠡᠷᠭᠦᠴᠡᠬᠦ ᠬᠦᠴᠦᠨ ᠴᠠᠭ ᠲᠤᠬᠠᠶ ᠳᠤᠨᠢ ᠵᠠᠪᠳᠤᠨ ᠨᠡᠪᠲᠡᠷᠡᠭᠦᠯᠬᠦ ᠠᠵᠢᠯ ᠤᠨ ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠭᠡᠶ ᠦᠶ᠎ᠡ ᠳᠤ᠂ ᠵᠠᠰᠠᠮᠠᠯ ᠵᠠᠮ ᠤᠨ ᠪᠠᠴᠢᠮ ᠪᠠᠶᠢᠳᠠᠯ ᠢ ᠠᠷᠭᠠᠴᠠᠬᠤ ᠬᠠᠮᠲᠤᠷᠠᠭᠰᠠᠨ ᠵᠢᠯᠣᠭᠤᠳᠬᠤ ᠲᠥᠪ ᠲᠤ ᠴᠠᠭ ᠲᠤᠬᠠᠶ ᠳᠤᠨᠢ ᠮᠡᠳᠡᠭᠦᠯᠵᠦ ᠲᠤᠰᠠᠯᠠᠭᠤᠯᠬᠤ ᠪᠠᠷ ᠭᠤᠶᠤᠴᠢᠯᠠᠵᠤ᠂ ᠵᠢᠯᠣᠭᠤᠳᠬᠤ ᠲᠥᠪ ᠠᠴᠠ ᠬᠤᠰᠢᠭᠤ ᠭᠠᠮᠰᠢᠭ ᠲᠠᠢ ᠲᠡᠮᠡᠴᠡᠬᠦ ᠪᠣᠳᠠᠲᠠᠶ ᠪᠠᠶᠢᠳᠠᠯ ᠢ ᠦᠨᠳᠦᠰᠦᠯᠡᠨ᠂ ᠬᠤᠷᠰᠢᠭᠰᠠᠨ ᠠᠵᠤ ᠠᠬᠤᠶᠢᠯᠠᠯ ᠢ ᠳᠣᠭᠢᠷᠠᠭᠤᠯᠤᠨ ᠵᠠᠮ ᠬᠠᠷᠢᠯᠴᠠᠭᠠᠨ ᠤ ᠰᠠᠯᠠᠭ᠎ᠠ ᠮᠥᠴᠢᠷ ᠤᠨ ᠭᠠᠮᠰᠢᠭ ᠲᠠᠢ ᠲᠡᠮᠡᠴᠡᠵᠦ ᠠᠶᠤᠯ ᠠᠴᠠ ᠠᠪᠤᠷᠠᠬᠤ ᠶᠢ ᠳᠡᠮᠵᠢᠵᠦ᠂ ᠬᠤᠷᠰᠢᠭᠰᠠᠨ ᠠᠵᠤ ᠠᠬᠤᠶᠢᠯᠠᠯ ᠤᠨ ᠪᠡᠯᠡᠳᠬᠡᠯ ᠠᠩᠭᠢ ᠪᠤᠶᠤ ᠮᠠᠰᠢᠨ ᠲᠥᠬᠦᠭᠡᠷᠦᠮᠵᠢ ᠶᠢ ᠲᠠᠲᠠᠵᠤ᠂ ᠵᠠᠰᠠᠮᠠᠯ ᠵᠠᠮ ᠤᠨ ᠡᠪᠦᠯ ᠤᠨ ᠤᠯᠠᠷᠢᠯ ᠤᠨ ᠪᠠᠴᠢᠮ ᠪᠠᠶᠢᠳᠠᠯ ᠢ ᠠᠷᠭᠠᠴᠠᠨ ᠴᠠᠰᠤ ᠠᠷᠢᠯᠭᠠᠵᠤ ᠵᠠᠮ ᠨᠡᠪᠲᠡᠷᠡᠭᠦᠯᠭᠡ ᠶᠢ ᠪᠠᠲᠤᠯᠠᠬᠤ ᠡᠭᠦᠷᠭᠡ ᠶᠢ ᠬᠠᠮᠲᠤ ᠪᠠᠷ ᠪᠡᠶᠡᠯᠡᠭᠦᠯᠦᠨ᠎ᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号