︽ᠵᠡᠭᠦᠨ ᠦᠵᠦᠮᠦᠴᠢᠨ ᠬᠤᠰᠢᠭᠤᠨ ᠤ ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠬᠡᠷᠡᠭᠵᠢᠭᠦᠯᠬᠦ ᠲᠥᠰᠦᠯ︾ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/11/22
    ᠨᠢᠭᠡ᠂ ᠨᠡᠶᠢᠲᠡᠯᠡᠭᠰᠡᠨ ᠠᠬᠤᠶ ᠪᠠᠶᠢᠳᠠᠯ    ᠣᠶᠢᠷ᠎ᠠ ᠶᠢᠨ ᠵᠢᠯ ᠤᠨ ᠲᠤᠷᠰᠢ᠂ ᠮᠠᠨ ᠤ ᠬᠤᠰᠢᠭᠤ ᠨᠢᠭᠡᠳᠦᠯᠲᠡᠶ ᠲᠦᠯᠦᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠵᠠᠰᠠᠭ ᠤᠨ ᠣᠷᠳᠣᠨ ᠢᠶᠠᠷ ᠣᠳᠤᠷᠢᠳᠤᠮᠵᠢ ᠪᠣᠯᠭᠠᠭᠰᠠᠨ᠂ ᠠᠵᠢᠯ ᠬᠤᠪᠢᠶᠠᠷᠢᠯᠠᠨ ᠬᠠᠮᠵᠢᠯᠴᠠᠭᠰᠠᠨ ︽ᠶᠡᠬᠡᠪᠡᠷ ᠠᠪᠤᠷᠠᠨ ᠲᠤᠰᠠᠯᠠᠬᠤ︾ ᠲᠣᠭᠲᠠᠯᠴᠠᠭ᠎ᠠ ᠶᠢ ᠪᠠᠶᠢᠭᠤᠯᠤᠨ᠂ ᠦᠨᠳᠦᠰᠦᠨ ᠵᠦᠢᠯ ᠢ ᠪᠠᠲᠤᠯᠠᠨ ᠪᠠᠲᠤᠯᠠᠬᠤ᠂ ᠪᠠᠷᠢᠮᠵᠢᠶ᠎ᠠ ᠶᠢ ᠳᠡᠭᠡᠭᠰᠢᠯᠡᠭᠦᠯᠦᠨ ᠬᠦᠷᠢᠶ᠎ᠡ ᠬᠡᠪᠴᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠬᠦᠴᠦᠷᠬᠡᠭ ᠶᠡᠭᠡ ᠬᠠᠮᠲᠤ ᠶᠢᠨ ᠬᠦᠴᠦᠨ ᠢ ᠪᠦᠷᠢᠯᠳᠦᠭᠦᠯᠵᠦ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠵᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠪᠠ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠢ ᠪᠦᠲᠦᠮᠵᠢᠲᠡᠶ ᠪᠠᠲᠤᠯᠠᠪᠠ ᠃ 3 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠨᠢᠭᠤᠷᠯᠠᠯ 1618 ᠬᠥᠮᠦᠨ ᠪᠠᠶᠢᠵᠤ᠂ ᠰᠠᠷ᠎ᠠ ᠪᠦᠷᠢ ᠶᠢᠨ ᠬᠥᠮᠦᠨ ᠪᠦᠷᠢ ᠶᠢᠨ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠨᠢ 814 ᠲᠥᠭᠦᠷᠢᠭ ᠪᠣᠯᠤᠨ᠎ᠠ︔ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ 42 ᠬᠥᠮᠦᠨ ᠪᠠᠶᠢᠵᠤ᠂ ᠰᠠᠷ᠎ᠠ ᠶᠢᠨ ᠬᠥᠮᠦᠨ ᠪᠦᠷᠢ ᠶᠢᠨ ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠬᠥᠮᠦᠰ ᠤᠨ ᠦᠨᠳᠦᠰᠦᠨ ᠠᠮᠢᠳᠤᠷᠠᠯ ᠤᠨ ᠠᠰᠠᠷᠠᠨ ᠲᠡᠵᠢᠭᠡᠬᠦ ᠪᠠᠷᠢᠮᠵᠢᠶ᠎ᠠ ᠨᠢ 1700 ᠲᠥᠭᠦᠷᠢᠭ ᠪᠣᠯᠤᠨ᠎ᠠ᠃ ᠭᠡᠪᠡᠴᠦ ᠬᠦᠴᠢᠷᠳᠡᠯᠲᠡᠶ ᠣᠯᠠᠨ ᠲᠦᠮᠡᠨ ᠤ ᠰᠢᠨ᠎ᠡ ᠴᠠᠭ ᠦᠶ᠎ᠡ ᠶᠢᠨ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠲᠠᠢ ᠬᠠᠷᠢᠴᠠᠭᠤᠯᠪᠠᠯ᠂ ᠨᠡᠶᠢᠭᠡᠮ ᠤᠨ ᠠᠪᠤᠷᠠᠨ ᠲᠤᠰᠠᠯᠠᠬᠤ ᠬᠥᠭᠵᠢᠯᠲᠡ ᠳᠤ ᠪᠠᠰᠠ ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠴᠢᠬᠤᠯᠠᠲᠠᠶ ᠪᠠᠶᠢᠵᠤ᠂ ᠬᠦᠴᠢᠷᠳᠡᠯᠲᠡᠶ ᠣᠯᠠᠨ ᠲᠦᠮᠡᠨ ᠤ ︽ᠴᠢᠰᠤ ᠶᠡᠭᠦᠯᠡᠬᠦ︾ ᠠᠴᠠ ︽ᠴᠢᠰᠤ ᠪᠦᠲᠦᠭᠡᠬᠦ︾᠂ ︽ᠡᠳ᠋ ᠪᠣᠳᠠᠰ︾ ᠠᠴᠠ ︽ᠦᠢᠯᠡᠴᠢᠯᠡᠬᠦ︾ ᠬᠦᠷᠲᠡᠯᠡᠬᠢ ᠣᠯᠠᠨ ᠶᠠᠩᠵᠤ ᠶᠢᠨ ᠠᠪᠤᠷᠠᠨ ᠲᠤᠰᠠᠯᠠᠬᠤ ᠬᠡᠷᠡᠭᠴᠡᠭᠡ ᠶᠢ ᠬᠠᠩᠭᠠᠬᠤ ᠴᠢᠬᠤᠯᠠᠲᠠᠶ ᠪᠠᠶᠢᠨ᠎ᠠ᠃   ᠬᠤᠶᠠᠷ᠂ ᠭᠤᠣᠯ ᠠᠭᠤᠯᠭ᠎ᠠ    ︽ᠬᠡᠷᠡᠭᠵᠢᠭᠦᠯᠬᠦ ᠲᠥᠰᠦᠯ︾ ᠳᠤ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠦᠨᠳᠦᠰᠦᠨ ᠵᠦᠢᠯ ᠢ ᠪᠠᠲᠤᠯᠠᠬᠤ᠂ ᠬᠤᠷᠢᠭ᠎ᠠ ᠱᠤᠭᠤᠮ ᠢ ᠪᠠᠲᠤᠯᠠᠬᠤ᠂ ᠪᠠᠴᠢᠮ ᠪᠠ ᠬᠦᠴᠢᠷ ᠠᠴᠠ ᠠᠪᠤᠷᠬᠠᠤ᠂ ᠦᠷᠭᠦᠯᠵᠢᠯᠡᠬᠦᠶᠢᠴᠡ ᠬᠦᠭᠵᠢᠯᠲᠡ ᠶᠢᠨ ᠶᠡᠷᠦᠩᠬᠡᠶ ᠰᠡᠳᠬᠢᠮᠵᠢ ᠶᠣᠰᠣᠭᠠᠷ᠂ ᠭᠤᠤᠯᠳᠠᠭᠤ 7 ᠬᠡᠰᠡᠭ 24 ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠠᠭᠲᠠᠭᠠᠵᠤ᠂ ᠪᠥᠬᠦ ᠲᠠᠯ᠎ᠠ ᠶᠢᠨ᠂ ᠰᠠᠨᠠᠭᠠᠴᠢᠯᠠᠭ᠎ᠠ ᠲᠠᠢ᠂ ᠨᠠᠷᠢᠯᠢᠭ ᠣᠨᠣᠪᠴᠢᠲᠠᠢ᠂ ᠥᠨᠳᠥᠷ ᠪᠦᠲᠦᠮᠵᠢᠲᠡᠶ᠂ ᠬᠠᠯᠠᠭᠤᠨ ᠳᠤᠯᠠᠭᠠᠨ᠂ ᠴᠠᠭ ᠲᠤᠬᠠᠶ ᠳᠤᠨᠢ ︽ᠶᠡᠬᠡᠪᠡᠷ ᠠᠪᠤᠷᠠᠨ ᠲᠤᠰᠠᠯᠠᠬᠤ︾  ᠲᠣᠭᠲᠠᠯᠴᠠᠭ᠎ᠠ ᠶᠢ ᠬᠦᠴᠦᠯᠡᠨ ᠪᠠᠶᠢᠭᠤᠯᠤᠨ᠎ᠠ᠃    ᠨᠢᠭᠡ ᠳᠤ᠂ ᠨᠡᠶᠢᠭᠡᠮ ᠤᠨ ᠠᠪᠤᠷᠠᠨ ᠲᠤᠰᠠᠯᠠᠬᠤ ᠲᠣᠭᠲᠠᠯᠴᠠᠭ᠎ᠠ ᠶᠢ ᠨᠡᠩ ᠪᠦᠬᠦ ᠲᠠᠯ᠎ᠠ ᠪᠠᠷ ᠬᠠᠮᠣᠷᠠᠭᠤᠯᠤᠨ᠎ᠠ᠃    ᠬᠤᠶᠠᠷ ᠲᠤ᠂ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠠᠷᠭ᠎ᠠ ᠮᠠᠶ᠋ᠢᠭ ᠤᠨ ᠲᠠᠯ᠎ᠠ ᠪᠠᠷ ᠨᠡᠩ ᠰᠠᠨᠠᠭᠠᠴᠢᠯᠠᠭ᠎ᠠ ᠲᠠᠢ ᠪᠣᠯᠭᠠᠨ᠎ᠠ᠃    ᠭᠤᠷᠪᠠ ᠳᠤ᠂ ᠨᠡᠶᠢᠭᠡᠮ ᠤᠨ ᠬᠦᠴᠦᠨ ᠤ ᠣᠷᠣᠯᠴᠠᠯᠭ᠎ᠠ ᠶᠢ ᠨᠡᠩ ᠥᠨᠳᠥᠷ ᠪᠦᠲᠦᠮᠵᠢᠲᠡᠶ ᠪᠣᠯᠭᠠᠨ᠎ᠠ᠃    ᠳᠥᠷᠪᠡ ᠳᠤ᠂ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠦᠷ᠎ᠡ ᠪᠦᠲᠦᠮᠵᠢ ᠶᠢ ᠨᠠᠩ ᠬᠠᠯᠠᠭᠤᠨ ᠳᠤᠯᠠᠭᠠᠨ ᠪᠣᠯᠭᠠᠨ᠎ᠠ᠃    ᠲᠠᠪᠤ ᠳᠤ᠂ ᠨᠡᠶᠢᠭᠡᠮ ᠤᠨ ᠪᠠᠴᠢᠮ᠂ ᠬᠦᠴᠢᠷ ᠢ ᠠᠪᠤᠷᠠᠨ ᠲᠣᠰᠠᠯᠠᠬᠤ ᠶᠢ ᠨᠡᠩ ᠴᠠᠭ ᠲᠤᠬᠠᠶ ᠳᠤᠨᠢ ᠰᠢᠢᠳᠪᠦᠷᠢᠯᠡᠨ᠎ᠡ᠃    ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠣᠳᠤᠷᠢᠳᠤᠯᠭ᠎ᠠ ᠪᠠᠨ ᠴᠢᠩᠭᠠᠳᠬᠠᠨ᠎ᠠ᠃    ᠬᠤᠶᠠᠷ ᠲᠤ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠦᠨ᠎ᠡ᠃    ᠭᠤᠷᠪᠠ ᠳᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号