︽2022 ᠣᠨ ᠤ ᠪᠥᠬᠦ ᠬᠤᠰᠢᠭᠤᠨ ᠤ ᠬᠠᠪᠣᠷ ᠤᠨ ᠤᠯᠠᠷᠢᠯ ᠤᠨ ᠤᠷᠭᠤᠯᠳᠠ ᠶᠢᠨ ᠬᠤᠭᠤᠴᠠᠭᠠᠠ ᠳᠤ ᠪᠠᠯᠴᠢᠬᠡᠷ ᠰᠠᠷᠬᠦᠬᠡᠬᠦ ᠬᠡᠷᠡᠭᠵᠢᠭᠦᠯᠬᠦ ᠲᠥᠰᠦᠯ︾ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/11/22
    ᠪᠦᠬᠦ ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠬᠢᠵᠢᠭᠦᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠠᠰᠢᠭᠯᠠᠵᠤ ᠬᠠᠮᠠᠭᠠᠯᠠᠬᠤ ᠶᠢᠨ ᠲᠥᠯᠦᠭᠡ᠂ ︽ᠰᠢᠯᠢ ᠶᠢᠨ ᠭᠤᠤᠯ ᠠᠶᠢᠮᠠᠭ ᠤᠨ 2022 ᠣᠨ ᠤ ᠪᠥᠬᠦ ᠠᠶᠢᠮᠠᠭ ᠤᠨ ᠬᠠᠪᠣᠷ ᠤᠨ ᠤᠯᠠᠷᠢᠯ ᠤᠨ ᠤᠷᠭᠤᠯᠳᠠ ᠶᠢᠨ ᠬᠤᠭᠤᠴᠠᠭᠠᠠ ᠳᠤ ᠪᠠᠯᠴᠢᠬᠡᠷ ᠰᠠᠷᠬᠦᠬᠡᠬᠦ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠮᠡᠳᠡᠭᠳᠡᠯ︾ ︵ᠰᠢᠯᠢ ᠵᠠᠬᠢᠷᠭ᠎ᠠ ᠠᠯᠪᠠᠨ ᠲᠠᠷᠬᠠᠭᠠᠭᠰᠠᠨ ︹ 2021 ︺ 97 ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤ ᠵᠠᠰᠠᠭ ᠤᠨ ᠣᠷᠳᠣᠨ ᠠᠴᠠ 2022 ᠣᠨ ᠳᠤ ᠪᠥᠬᠦ ᠬᠤᠰᠢᠭᠤᠨ ᠳᠤ ᠬᠠᠪᠣᠷ ᠤᠨ ᠤᠯᠠᠷᠢᠯ ᠤᠨ ᠤᠷᠭᠤᠯᠳᠠ ᠶᠢᠨ ᠬᠤᠭᠤᠴᠠᠭᠠᠠ ᠳᠤ ᠪᠠᠯᠴᠢᠬᠡᠷ ᠰᠠᠷᠬᠦᠬᠡᠬᠦ ᠠᠵᠢᠯ ᠢ ᠦᠷᠭᠦᠯᠵᠢᠯᠡᠨ ᠥᠷᠨᠢᠭᠦᠯᠬᠦ ᠪᠠᠷ ᠲᠣᠭᠲᠠᠪᠠ᠃ ᠪᠠᠯᠴᠢᠬᠡᠷ ᠰᠠᠷᠬᠦᠬᠡᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠦᠭᠡ᠂  ᠣᠨᠴᠠᠭᠠᠶᠢᠯᠠᠨ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃    ᠲᠥᠰᠦᠯ ᠳᠤ ᠵᠢᠭᠠᠵᠤ ᠭᠠᠷᠭᠠᠭᠰᠠᠨ ᠨᠢ᠂ ᠮᠠᠨ ᠤ ᠬᠤᠰᠢᠭᠤᠨ ᠤ ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠤᠨ ᠪᠡᠯᠴᠢᠭᠡᠷ ᠰᠡᠷᠭᠦᠭᠡᠬᠦ ᠬᠡᠪᠴᠢᠶ᠎ᠡ ᠶᠢ ᠪᠥᠬᠦ ᠬᠤᠰᠢᠭᠤᠨ ᠤ 9 ᠰᠤᠮᠤ ᠪᠠᠯᠭᠠᠰᠤᠨ ᠤ 62 ᠭᠠᠴᠠᠭᠠᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠣᠯᠠᠬᠤ ᠣᠷᠣᠨ ᠢᠶᠠᠷ ᠲᠣᠭᠲᠠᠭᠠᠵᠤ᠂ ᠪᠡᠯᠴᠢᠭᠡᠷ ᠰᠡᠷᠭᠦᠭᠡᠬᠦ ᠲᠠᠯᠠᠪᠠᠶ 5731.0145 ᠲᠦᠮᠡᠨ ᠮᠥ᠂  ᠡᠭᠦᠨ ᠳᠤ ᠦᠬᠡᠷ᠂ ᠬᠤᠨᠢ ︵ᠮᠣᠷᠢ᠂ ᠲᠡᠮᠡᠭᠡ ᠪᠡᠯᠴᠢᠭᠡᠷ ᠰᠡᠷᠭᠦᠭᠡᠬᠦ ᠬᠡᠪᠴᠢᠶᠡᠨ ᠳᠤ ᠪᠠᠶᠢᠬᠤ ᠥᠬᠡᠶ︶᠂ 4 ᠰᠠᠷ᠎ᠠ ᠶᠢᠨ 15 ᠤ ᠡᠳᠦᠷ ᠠᠴᠠ 5 ᠰᠠᠷ᠎ᠠ ᠶᠢᠨ 29 ᠤ ᠡᠳᠦᠷ ᠪᠣᠯᠲᠠᠯ᠎ᠠ᠂ 45 ᠡᠳᠦᠷ ᠤᠨ ᠬᠤᠭᠤᠴᠠᠭ᠎ᠠ ᠲᠠᠢ᠃ ᠪᠠᠯᠴᠢᠬᠡᠷ ᠰᠠᠷᠬᠦᠬᠡᠬᠦ ᠬᠤᠭᠤᠴᠠᠭᠠᠨ ᠳᠤ ᠪᠠᠯᠴᠢᠬᠡᠷ ᠰᠠᠷᠬᠦᠬᠡᠬᠦ ᠣᠷᠣᠨ ᠳᠤ ᠪᠡᠯᠴᠢᠭᠡᠷᠯᠡᠭᠦᠯᠬᠦ ᠶᠢ ᠪᠥᠬᠦ ᠲᠠᠯ᠎ᠠ ᠪᠠᠷ ᠴᠠᠭᠠᠵᠠᠯᠠᠵᠤ᠂ ᠮᠠᠯᠵᠢᠬᠤ ᠡᠷᠦᠬᠡ ᠳᠤ ᠬᠤᠯᠪᠣᠭᠳᠠᠬᠤ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠵᠦ᠂ ᠤᠰᠤ ᠤᠮᠳᠠ᠂ ᠲᠡᠵᠢᠭᠡᠯ ᠪᠣᠷᠳᠤᠭ᠎ᠠ᠂ ᠬᠤᠷᠠᠭ᠎ᠠ ᠢᠰᠢᠭᠡ ᠪᠠᠨ ᠬᠥᠬᠦᠭᠦᠯᠬᠦ ᠪᠠᠷ ᠰᠢᠯᠲᠠᠭ ᠪᠣᠯᠭᠠᠵᠤ ᠪᠡᠯᠴᠢᠭᠡᠷᠯᠡᠭᠦᠯᠬᠦ ᠶᠢ ᠴᠢᠩᠭ᠎ᠠ ᠴᠠᠭᠠᠵᠠᠯᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠰᠤᠮᠤ ᠪᠠᠯᠭᠠᠰᠤ᠂ ᠭᠠᠴᠠᠭ᠎ᠠ ᠶᠢᠨ ᠬᠢᠨᠠᠯᠲᠠ ᠬᠠᠮᠢᠶᠠᠷᠤᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠶ᠃    ᠨᠥᠬᠦᠪᠥᠷᠢ ᠶᠢᠨ ᠪᠠᠷᠢᠮᠵᠢᠶ᠎ᠠ ᠶᠢ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠨᠥᠬᠦᠪᠥᠷᠢ ᠵᠢᠯ ᠳᠤ ᠮᠦ ᠪᠦᠷᠢ ᠳᠤ 9 ᠲᠥᠭᠦᠷᠢᠭ ᠢᠶᠠᠷ ᠦᠨᠳᠦᠰᠦᠯᠡᠯ ᠪᠣᠯᠭᠠᠵᠤ᠂ 45 ᠡᠳᠦᠷ ᠢᠶᠠᠷ  ᠮᠦ ᠪᠦᠷᠢ ᠳᠤ 1.125 ᠲᠥᠭᠦᠷᠢᠭ ᠢᠶᠠᠷ ᠪᠤᠳᠤᠨ᠎ᠠ᠃ ᠪᠠᠯᠴᠢᠬᠡᠷ ᠰᠠᠷᠬᠦᠬᠡᠬᠦ ᠮᠠᠯᠵᠢᠬᠤ ᠡᠷᠦᠬᠡ ᠳᠤ᠂ ᠬᠤᠰᠢᠭᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠢᠯᠭᠠᠨ ᠠᠪᠬᠤ ᠪᠠᠷ ᠳᠡᠮᠵᠢᠨ ᠪᠠᠷᠢᠮᠵᠢᠶ᠎ᠠ ᠳᠤ ᠬᠦᠷᠦᠭᠰᠡᠨ ᠤ ᠳᠠᠷᠠᠭ᠎ᠠ᠂ ᠪᠠᠯᠴᠢᠬᠡᠷ ᠰᠠᠷᠬᠦᠬᠡᠬᠦ ᠲᠠᠯᠠᠪᠠᠶ ᠪᠠᠷ ᠨᠥᠬᠦᠪᠥᠷᠢ ᠣᠯᠭᠤᠨ᠎ᠠ᠂ ᠨᠥᠬᠦᠪᠥᠷᠢ ᠶᠢᠨ ᠪᠠᠷᠢᠮᠵᠢᠶ᠎ᠠ ᠨᠢ 1.125 ᠲᠥᠭᠦᠷᠢᠭ \ ᠮᠥ ᠪᠣᠯᠤᠨ᠎ᠠ᠃    ᠪᠣᠳᠠᠲᠠᠶ ᠪᠠᠷ ᠳᠣᠤᠷᠠᠬᠢ ᠠᠯᠬᠤᠮ ᠳᠠᠷᠠᠭ᠎ᠠ ᠪᠠᠷ ᠬᠡᠷᠡᠭᠵᠢᠭᠦᠯᠦᠨ᠎ᠡ᠄ ᠡᠮᠦᠨᠡᠬᠢ ᠬᠤᠭᠤᠴᠠᠭᠠᠨ ᠤ ᠪᠡᠯᠡᠳᠬᠡᠯ ᠱᠠᠲᠤ ︵2022 ᠣᠨ ᠤ 1 ᠰᠠᠷ᠎ᠠ ᠶᠢᠨ 27 ᠤ ᠡᠳᠦᠷ ᠠᠴᠠ 4 ᠰᠠᠷ᠎ᠠ ᠶᠢᠨ 14 ᠤ ᠡᠳᠦᠷ ᠪᠣᠯᠲᠠᠯ᠎ᠠ︶᠂ ᠪᠣᠳᠠᠲᠠᠶ ᠬᠡᠷᠡᠭᠵᠢᠭᠦᠯᠬᠦ ᠱᠠᠲᠤ ︵2022 ᠣᠨ ᠤ 4 ᠰᠠᠷ᠎ᠠ ᠶᠢᠨ 15 ᠤ ᠡᠳᠦᠷ ᠠᠴᠠ 5 ᠰᠠᠷ᠎ᠠ ᠶᠢᠨ 29 ᠤ ᠡᠳᠦᠷ ᠪᠣᠯᠲᠠᠯ᠎ᠠ︶᠂ ᠬᠢᠨᠠᠨ ᠬᠡᠮᠵᠢᠵᠦ ᠳ᠋ᠦᠩᠨᠡᠬᠦ ᠱᠠᠲᠤ ︵2022 ᠣᠨ ᠤ 6 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ ᠰᠡᠭᠦᠯᠴᠢ ᠪᠣᠯᠲᠠᠯ᠎ᠠ︶᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号