︽2022 ᠣᠨ ᠤ ᠵᠡᠭᠦᠨ ᠦᠵᠦᠮᠦᠴᠢᠨ ᠬᠤᠰᠢᠭᠤᠨ ᠤ ᠠᠯᠠᠰᠢᠨ ᠦᠬᠡᠷ ᠤᠨ ᠰᠢᠯᠢᠳᠡᠭ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠶᠢ ᠲᠤᠰᠬᠠᠶ ᠲᠦᠷᠦᠯ ᠢᠶᠠᠷ ᠳᠥᠯᠭᠢᠨ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ᠤᠨ ᠲᠤᠬᠠᠶ ᠲᠠᠶᠢᠯᠤᠮᠵᠢ ᠲᠣᠳᠣᠷᠬᠠᠶᠢᠯᠠᠯᠲᠠ
ᠨᠡᠶᠢᠲᠡᠯᠡᠭᠰᠡᠨ ᠴᠠᠭ᠄
2022/11/22
    ᠨᠢᠭᠡ᠂ ᠲᠣᠭᠲᠠᠭᠠᠬᠤ ᠶᠢᠨ ᠴᠢᠬᠤᠯᠠ ᠴᠢᠨᠠᠷ    ᠮᠠᠨ ᠤ ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠣᠷᠣᠨ ᠪᠦᠰᠡ ᠶᠢᠨ ᠪᠠᠶᠢᠷᠢᠰᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠮᠠᠯ ᠠᠵᠤ ᠠᠬᠤᠶ ᠶᠢᠨ ᠠᠵᠤ ᠦᠢᠯᠡᠰ ᠤᠨ ᠪᠦᠲᠦᠴᠡ ᠶᠢ ᠶᠡᠭᠡ ᠪᠠᠷ ᠳᠣᠭᠢᠷᠠᠭᠤᠯᠤᠨ᠂ ᠰᠢᠯᠢᠳᠡᠭ ᠡᠭᠦᠯᠳᠡᠷ ᠤᠨ ᠠᠯᠠᠰᠢᠨ ᠦᠬᠡᠷ ᠤᠨ ᠠᠵᠤ ᠦᠢᠯᠡᠰ ᠢ ᠬᠥᠭᠵᠢᠭᠦᠯᠵᠦ᠂ ᠡᠭᠦᠯᠳᠡᠷ ᠪᠤᠶᠢᠵᠢᠭᠤᠯᠬᠤ ᠬᠠᠷᠠᠯᠲᠠ ᠪᠠ ᠡᠭᠦᠯᠳᠡᠷ ᠪᠤᠶᠢᠵᠢᠭᠤᠯᠬᠤ ᠠᠷᠭ᠎ᠠ ᠶᠢ ᠲᠣᠳᠣᠷᠬᠠᠶᠢᠯᠠᠨ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠰᠢᠯᠢ ᠶᠢᠨ ᠭᠤᠤᠯ ᠠᠶᠢᠮᠠᠭ ᠤᠨ ᠠᠯᠠᠰᠢᠨ ᠦᠬᠡᠷ ᠤᠨ ᠰᠢᠯᠢᠳᠡᠭ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠶᠢ ᠲᠤᠰᠬᠠᠶ ᠲᠦᠷᠦᠯ ᠢᠶᠠᠷ ᠳᠥᠯᠭᠢᠨ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ︵ᠰᠢᠯᠢ ᠠᠯᠠᠰᠢᠨ ᠦᠬᠡᠷ ᠦᠷᠡᠵᠢᠭᠦᠯᠦᠨ ᠪᠤᠶᠢᠵᠢᠭᠤᠯᠬᠤ ᠥᠰᠥᠭ ︹ 2022 ︺ 1 ᠲᠣᠭᠠᠲᠤ︶ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠣᠨᠴᠠᠭᠠᠶᠢᠯᠠᠨ ᠲᠣᠭᠲᠠᠭᠠᠪᠠ᠃    ᠬᠤᠶᠠᠷ᠂ ᠭᠤᠣᠯ ᠠᠭᠤᠯᠭ᠎ᠠ    ︵ᠨᠢᠭᠡ︶ ᠪᠣᠳᠠᠲᠠᠶ ᠡᠭᠦᠷᠭᠡ᠄ 1.1 ᠲᠦᠮᠡᠨ ᠲᠣᠯᠣᠭᠠᠶ ᠦᠬᠡᠷ ᠢ ᠢᠴᠡᠭᠡᠯ ᠦᠷ᠎ᠡ ᠪᠠᠷ ᠬᠡᠭᠡᠯᠲᠦᠭᠦᠯᠵᠦ᠂ ᠰᠢᠯᠢᠳᠡᠭ ᠡᠭᠦᠯᠳᠡᠷ ᠤᠨ ᠦᠷᠡᠵᠢᠯ ᠤᠨ ᠡᠬᠡ ᠮᠠᠯ ᠤᠨ ᠬᠠᠷᠢᠴᠠᠯ ᠢ 35% ᠳᠤ ᠭᠥᠷᠭᠡᠵᠤ᠂ ᠦᠷᠡᠵᠢᠯ ᠤᠨ ᠣᠨᠳᠣᠷᠣᠯᠲᠠ ᠶᠢᠨ ᠨᠣᠷᠮ᠎ᠠ ᠶᠢ 80% ᠳᠤ ᠬᠥᠷᠭᠡᠨ᠎ᠡ︔ 29 ᠠᠯᠠᠰᠢᠨ ᠦᠬᠡᠷ ᠤᠨ ᠭᠤᠣᠯᠳᠠᠯᠭᠠᠲᠤ ᠰᠦᠷᠦᠭ ᠢ ᠪᠠᠬᠢᠵᠢᠭᠦᠯᠦᠨ ᠳᠡᠭᠡᠭᠰᠢᠯᠡᠭᠦᠯᠵᠦ᠂ 4 ᠠᠯᠠᠰᠢᠨ ᠦᠬᠡᠷ ᠤᠨ ᠭᠤᠣᠯᠳᠠᠯᠭᠠᠲᠤ ᠰᠦᠷᠦᠭ ᠢ ᠰᠢᠨ᠎ᠡ ᠪᠠᠷ ᠪᠠᠶᠢᠭᠤᠯᠵᠤ᠂ 50 ᠠᠴᠠ ᠳᠡᠭᠡᠭᠰᠢ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠥᠷᠲᠡᠭᠡ ᠶᠢ  ᠰᠢᠨ᠎ᠡ ᠪᠠᠷ ᠪᠠᠶᠢᠭᠤᠯᠤᠨ᠎ᠠ︔ 5 ᠡᠷᠦᠬᠡ ᠶᠢᠨ ᠠᠯᠠᠰᠢᠨ ᠦᠬᠡᠷ ᠤᠨ ᠦᠢᠯᠡᠳᠪᠦᠷᠢᠯᠡᠯ ᠤᠨ ᠴᠢᠨᠠᠷ ᠴᠢᠨᠰᠠᠭ᠎ᠠ ᠶᠢ ᠬᠡᠮᠵᠢᠨ ᠲᠣᠭᠲᠠᠭᠠᠵᠤ᠂ ᠨᠡᠶᠢᠲᠡ 175 ᠦᠬᠡᠷ ᠪᠣᠶᠢᠵᠢᠭᠤᠯᠬᠤ ᠠᠵᠢᠯ ᠢ ᠪᠡᠶᠡᠯᠡᠭᠦᠯᠦᠨ᠎ᠡ︔ 3 ᠡᠷᠦᠬᠡ ᠲᠡᠵᠢᠭᠡᠨ ᠠᠷᠠᠴᠢᠯᠠᠬᠤ ᠬᠠᠮᠢᠶᠠᠷᠤᠯᠲᠠ ᠶᠢᠨ ᠨᠡᠶᠢᠲᠡᠯᠢᠭ ᠡᠷᠦᠬᠡ ᠶᠢ ᠪᠣᠶᠢᠵᠢᠭᠤᠯᠵᠤ᠂ ᠵᠢᠯ ᠤᠨ ᠳᠣᠲᠣᠷ᠎ᠠ 300 — 500 ᠲᠣᠯᠣᠭᠠᠶ ᠬᠡᠪᠴᠢᠶᠡᠵᠢᠭᠰᠡᠨ 2 ᠰᠢᠯᠢᠳᠡᠭ ᠡᠭᠦᠯᠳᠡᠷ ᠤᠨ ᠠᠯᠠᠰᠢᠨ ᠦᠬᠡᠷ ᠤᠨ ᠪᠣᠷᠳᠣᠵᠤ ᠲᠠᠷᠭᠤᠯᠠᠭᠤᠯᠬᠤ ᠲᠠᠯᠠᠪᠠᠶ ᠶᠢ ᠪᠤᠶᠢᠵᠢᠭᠤᠯᠬᠤ ᠪᠠᠷ ᠴᠢᠷᠮᠠᠶᠢᠨ᠎ᠠ᠃ 150 ᠬᠥᠮᠦᠨ ᠤᠳᠠᠭ᠎ᠠ ᠮᠡᠷᠭᠡᠵᠢᠯ ᠤᠨ ᠪᠣᠯᠪᠠᠰᠤᠷᠠᠯ ᠬᠦᠷᠲᠡᠭᠡᠪᠡ᠃    ︵ᠬᠤᠶᠠᠷ︶ ᠠᠵᠢᠯ ᠤᠨ ᠱᠠᠭᠠᠷᠳᠠᠯᠭ᠎ᠠ᠄ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠪᠠᠯᠠ ᠣᠷᠣᠭᠤᠯᠤᠯᠲᠠ᠂ ᠤᠬᠠᠭᠤᠯᠭ᠎ᠠ ᠪᠣᠯᠪᠠᠰᠤᠷᠠᠭᠤᠯᠤᠯ᠂ ᠠᠵᠢᠯ ᠤᠨ ᠡᠭᠦᠷᠭᠡ᠂ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠪᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号