︽ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2022 ᠣᠨ ᠤ ᠡᠪᠡᠰᠦ ᠬᠠᠳᠤᠵᠤ ᠬᠠᠳᠠᠭᠠᠯᠠᠬᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠠᠯᠪᠠᠨ ᠵᠠᠷᠯᠠᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2022/11/22
   ⒈ ᠬᠠᠳᠤᠬᠤ ᠴᠠᠭ ᠬᠤᠭᠤᠴᠠᠭ᠎ᠠ ᠶᠢ ᠲᠣᠳᠣᠷᠬᠠᠶ ᠲᠣᠭᠲᠠᠭᠠᠪᠠ᠃ ᠡᠨᠡ ᠵᠢᠯ ᠮᠠᠨ ᠤ ᠬᠤᠰᠢᠭᠤᠨ ᠤ ᠪᠠᠶᠢᠭᠠᠯᠢ ᠶᠢᠨ ᠬᠠᠳᠤᠯᠠᠩ ᠬᠠᠳᠤᠬᠤ ᠴᠠᠭ ᠢ 2022 ᠣᠨ ᠤ 8 ᠰᠠᠷ᠎ᠠ ᠶᠢᠨ 20 ᠤ ᠡᠳᠦᠷ ᠠᠴᠠ 2022 ᠣᠨ ᠤ 10 ᠰᠠᠷ᠎ᠠ ᠶᠢᠨ 10 ᠤ ᠡᠳᠦᠷ ᠢᠶᠠᠷ ᠲᠣᠭᠲᠠᠭᠠᠪᠠ᠃    ⒉ ᠭᠤᠶᠤᠴᠢᠯᠠᠨ ᠳᠠᠩᠰᠠᠯᠠᠭᠤᠯᠬᠤ ᠲᠦᠷᠢᠮ ᠢ ᠵᠢᠷᠤᠮᠵᠢᠭᠤᠯᠤᠨ᠎ᠠ᠃ ᠡᠪᠡᠰᠦ ᠬᠠᠳᠤᠵᠤ ᠠᠵᠢᠯᠯᠠᠬᠤ ᠠᠴᠠ ᠡᠮᠦᠨ᠎ᠡ᠂ ᠮᠠᠯᠵᠢᠬᠤ ᠡᠷᠥᠭᠡ ︵ᠨᠢᠭᠡᠴᠡ︶ ᠨᠢ ᠪᠠᠶᠢᠭ᠎ᠠ ᠰᠤᠮᠤ ᠪᠠᠯᠭᠠᠰᠤ ᠶᠢᠨ ᠢᠶᠠᠨ ᠠᠷᠠᠳ ᠤᠨ ᠵᠠᠰᠠᠭ ᠤᠨ ᠣᠷᠳᠣᠨ ᠳᠤ ᠭᠤᠶᠤᠴᠢᠯᠠᠯ ᠢᠶᠠᠨ ᠤᠷᠢᠳᠴᠢᠯᠠᠨ ᠳᠤᠷᠠᠳᠴᠤ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠢᠶᠠᠷ ᠳᠠᠮᠵᠢᠭᠤᠯᠤᠨ ︽ᠡᠪᠡᠰᠦ ᠬᠠᠳᠤᠵᠤ ᠠᠵᠢᠯᠯᠠᠬᠤ ᠦᠨᠡᠮᠯᠡᠯ︾ ᠪᠣᠯᠤᠨ ︽ᠬᠡᠭᠡᠷ᠎ᠡ ᠭᠠᠳᠠᠨ᠎ᠠ ᠭᠠᠯ ᠬᠡᠷᠡᠭᠯᠡᠬᠦ ᠵᠥᠪᠰᠢᠶᠡᠷᠡᠯ ᠤᠨ ᠦᠨᠡᠮᠯᠡᠯ︾ ᠢ ᠭᠦᠢᠴᠡᠳᠬᠡᠯᠭᠡᠬᠦ ᠶᠢᠨ ᠬᠠᠮᠲᠤ ᠭᠠᠯ ᠰᠡᠷᠭᠡᠶᠢᠯᠡᠨ ᠭᠠᠯ ᠤᠨᠲᠠᠷᠠᠭᠠᠬᠤ ᠲᠥᠬᠦᠭᠡᠷᠦᠮᠵᠢ ᠶᠢ ᠲᠣᠬᠢᠷᠠᠭᠤᠯᠤᠭᠰᠠᠨ ᠤ ᠲᠠᠷᠠᠭ᠎ᠠ ᠰᠠᠶ᠋ᠢ ᠡᠪᠡᠰᠦ ᠬᠠᠳᠤᠵᠤ ᠪᠣᠯᠤᠨ᠎ᠠ᠃ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠳᠠᠩᠰᠠᠯᠠᠭᠤᠯᠤᠭᠰᠠᠨ ᠡᠪᠡᠰᠦ ᠬᠠᠳᠤᠵᠤ ᠮᠠᠯᠵᠢᠬᠤ ᠡᠷᠦᠬᠡ ︵ᠨᠢᠭᠡᠴᠡ︶ ᠶᠢ ᠲᠠᠩᠰᠠ ᠡᠪᠬᠡᠮᠡᠯ ᠪᠠᠶᠢᠭᠤᠯᠤᠨ ᠬᠤᠷᠢᠶᠠᠩᠭᠤᠶᠢᠯᠠᠭᠰᠠᠨ ᠤ ᠳᠠᠷᠠᠭ᠎ᠠ ᠨᠢᠭᠡᠳᠦᠯᠲᠡᠶ ᠪᠠᠷ ᠬᠤᠰᠢᠭᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠃    ⒊ ᠡᠭᠡᠯᠵᠢᠯᠡᠨ ᠬᠠᠳᠤᠬᠤ ᠳᠦᠷᠢᠮ᠂ ᠭᠤᠤᠷᠰᠤ ᠦᠯᠡᠳᠡᠭᠡᠬᠦ ᠥᠨᠳᠥᠷ ᠤᠨ ᠬᠡᠮᠵᠢᠶ᠎ᠡ᠂ ᠬᠠᠳᠤᠵᠤ ᠬᠠᠮᠤᠬᠤ ᠱᠠᠭᠠᠷᠳᠠᠯᠭ᠎ᠠ᠂ ᠬᠠᠳᠤᠬᠤ ᠨᠥᠬᠦᠴᠡᠯ᠂ ᠴᠠᠭᠠᠵᠠᠯᠠᠬᠤ ᠦᠢᠯᠡ ᠠᠵᠢᠯᠯᠠᠭ᠎ᠠ ᠵᠡᠷᠭᠡ ᠳᠦᠷᠢᠮ ᠢ ᠴᠢᠩᠭ᠎ᠠ ᠬᠡᠷᠡᠭᠵᠢᠭᠦᠯᠤᠨ᠎ᠠ᠃    ⒋ᠬᠠᠳᠤᠯᠠᠩ ᠪᠡᠯᠴᠢᠭᠡᠷ ᠢ ᠡᠭᠡᠯᠵᠢᠯᠡᠨ ᠬᠠᠲᠤᠵᠤ ᠮᠠᠯᠵᠢᠬᠤ ᠶᠢ ᠴᠠᠭᠠᠵᠠᠯᠠᠬᠤ ᠬᠠᠮᠢᠶᠠᠷᠤᠯᠲᠠ ᠳᠤ ᠣᠷᠣᠭᠤᠯᠵᠤ ᠂ ᠬᠠᠳᠤᠯᠠᠩ ᠪᠡᠯᠴᠢᠭᠡᠷ ᠲᠤ ᠪᠡᠯᠴᠢᠭᠡᠷᠯᠡᠭᠦᠯᠬᠦ ᠶᠢ ᠴᠠᠭᠠᠵᠠᠯᠠᠨ᠎ᠠ ᠭᠡᠳᠡᠭ ᠢ ᠲᠣᠳᠣᠷᠬᠠᠶ ᠲᠤᠭᠲᠠᠭᠠᠪᠠ᠃      ⒌ ᠬᠠᠮᠢᠶᠠᠷᠬᠤ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃      ⒍ ᠬᠡᠭᠡᠷ᠎ᠡ ᠭᠠᠳᠠᠭ᠎ᠠ ᠭᠠᠯ ᠤᠨ ᠢᠷᠡᠯᠲᠡ ᠶᠢᠨ ᠬᠠᠮᠢᠶᠠᠷᠤᠯᠲᠠ ᠶᠢ ᠴᠢᠩᠭᠠᠳᠬᠠᠨ᠎ᠠ᠃      ⒎ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢ ᠰᠠᠶᠢᠲᠤᠷ ᠬᠢᠨ᠎ᠠ᠃      ⒏ ᠬᠢᠨᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠡᠯ᠎ᠡ ᠭᠠᠵᠠᠷ ᠣᠷᠣᠨ ᠤ ᠢᠯᠡᠴᠢᠯᠡᠨ ᠮᠡᠳᠡᠭᠦᠯᠬᠦ ᠤᠲᠠᠰᠤ ᠶᠢ ᠨᠡᠶᠢᠲᠡᠯᠡᠪᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号