ᠪᠥᠬᠦ ᠬᠤᠰᠢᠭᠤᠨ ᠤ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠭᠰᠠᠨ ᠪᠠ ᠳᠣᠭᠢᠷᠠᠭᠤᠯᠤᠭᠰᠠᠨ ᠪᠠᠶᠢᠳᠠᠯ ᠤᠨ ᠲᠤᠬᠠᠶ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/11/23
      ᠨᠤᠲᠤᠭ ᠪᠡᠯᠴᠢᠭᠡᠷ ᠤᠨ ᠡᠬᠢ ᠪᠠᠶᠠᠯᠢᠭ ᠢ ᠵᠣᠬᠢᠰᠲᠠᠶ ᠠᠰᠢᠭᠯᠠᠬᠤ ᠶᠢᠨ ᠲᠥᠯᠥᠭᠡ᠂ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠠᠬᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠬᠤ ᠪᠠ ᠲᠣᠬᠢᠷᠠᠭᠤᠯᠬᠤ ᠠᠵᠢᠯ ᠤᠨ ᠲᠥᠰᠦᠯ︾ ︵ᠥᠪᠥᠷ ᠵᠠᠰᠠᠭ ᠠᠯᠪᠠᠨ ᠦᠰᠦᠭ ︵2022︶ 39 ᠲᠣᠭᠠᠲᠤ︶᠎ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠤᠤᠯ ᠤᠨ ᠪᠠᠶᠢᠭᠰᠠᠨ ᠦᠨᠳᠦᠰᠦᠨ ᠨᠤᠲᠤᠭ ᠪᠡᠯᠴᠢᠭᠡᠷ ᠤᠨ ᠲᠠᠷᠬᠠᠯᠲᠠ ᠶᠢ ᠰᠢᠯᠢᠳᠡᠭᠵᠢᠭᠦᠯᠦᠨ ᠳᠣᠭᠢᠷᠠᠭᠤᠯᠵᠤ᠂ ᠪᠥᠬᠦ ᠬᠤᠰᠢᠭᠤᠨ ᠤ ᠬᠡᠪᠴᠢᠶᠡᠨ ᠳᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠦᠷᠢᠮ ᠢ ᠬᠡᠷᠡᠭᠵᠢᠭᠦᠯᠦᠨ᠎ᠡ᠂ ᠣᠳᠤ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ  ᠲᠣᠭᠲᠠᠭᠠᠭᠰᠠᠨ ᠪᠠ ᠳᠣᠭᠢᠷᠠᠭᠤᠯᠤᠭᠰᠠᠨ ᠪᠠᠶᠢᠳᠠᠯ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠨᠤᠲᠤᠭ ᠪᠡᠯᠴᠢᠭᠡᠷ ᠤᠨ ᠡᠯ᠎ᠡ ᠲᠥᠷᠥᠯ ᠬᠡᠯᠪᠡᠷᠢ ᠵᠢᠴᠢ ᠲᠠᠯᠠᠪᠠᠶ      ᠪᠥᠬᠦ ᠬᠤᠰᠢᠭᠤᠨ ᠤ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠶ 5362.58 ᠲᠦᠮᠡᠨ ᠮᠥ ᠪᠠᠶᠢᠵᠤ᠂ ᠡᠭᠦᠨ ᠳᠤ ᠦᠨᠳᠦᠰᠦᠨ ᠨᠤᠲᠤᠭ ᠪᠡᠯᠴᠢᠭᠡᠷ 4702.57 ᠲᠦᠮᠡᠨ ᠮᠥ᠂ ᠦᠨᠳᠦᠰᠦᠨ ᠪᠤᠰᠤ ᠨᠤᠲᠤᠭ ᠪᠡᠯᠴᠢᠭᠡᠷ 430.92 ᠲᠦᠮᠡᠨ ᠮᠥ᠂ ᠦᠨᠳᠦᠰᠦᠨ ᠨᠤᠲᠤᠭ ᠪᠡᠯᠴᠢᠭᠡᠷ ᠤᠨ ᠨᠥᠭᠡᠴᠡ ᠶᠢᠨ ᠣᠷᠣᠨ 229.09 ᠲᠦᠮᠡᠨ ᠮᠥ ᠪᠠᠶᠢᠨ᠎ᠠ᠃      ⒈ᠠᠯᠲᠠᠨᠬᠢᠯᠢ ᠰᠤᠮᠤ᠄ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠶ 393.3 ᠲᠦᠮᠡᠨ ᠮᠥ᠂ ᠡᠭᠦᠨ ᠳᠤ ᠦᠨᠳᠦᠰᠦᠨ ᠨᠤᠲᠤᠭ ᠪᠡᠯᠴᠢᠭᠡᠷ 368.77 ᠲᠦᠮᠡᠨ ᠮᠥ᠂ ᠦᠨᠳᠦᠰᠦᠨ ᠪᠤᠰᠤ ᠨᠤᠲᠤᠭ ᠪᠡᠯᠴᠢᠭᠡᠷ 12.75 ᠲᠦᠮᠡᠨ ᠮᠥ᠂ ᠦᠨᠳᠦᠰᠦᠨ ᠨᠤᠲᠤᠭ ᠪᠡᠯᠴᠢᠭᠡᠷ ᠤᠨ ᠨᠥᠭᠡᠴᠡ ᠶᠢᠨ ᠣᠷᠣᠨ 11.78 ᠲᠦᠮᠡᠨ ᠮᠥ ᠪᠠᠶᠢᠨ᠎ᠠ᠃      ⒉ ᠳᠠᠭᠤᠲᠤᠨᠠᠭᠤᠷ ᠪᠠᠯᠭᠠᠰᠤ᠄ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠢ 337%08 ᠲᠦᠮᠡᠨ ᠮᠦ᠂ ᠡᠭᠦᠨ ᠳᠤ ᠦᠨᠳᠦᠰᠦᠨ ᠨᠤᠲᠤᠭ ᠪᠡᠯᠴᠢᠭᠡᠷ 332 .75 ᠲᠦᠮᠡᠨ ᠮᠦ᠂ ᠦᠨᠳᠦᠰᠦᠨ ᠪᠤᠰᠤ ᠨᠤᠲᠤᠭ ᠪᠡᠯᠴᠢᠭᠡᠷ 4%33 ᠲᠦᠮᠡᠨ ᠮᠦ᠃      ⒊ ᠡᠵᠢᠨᠠᠭᠤᠷ ᠪᠠᠯᠭᠠᠰᠤ᠄ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠶ 544.91 ᠲᠦᠮᠡᠨ ᠮᠥ᠂ ᠡᠭᠦᠨ ᠳᠤ ᠦᠨᠳᠦᠰᠦᠨ ᠨᠤᠲᠤᠭ ᠪᠡᠯᠴᠢᠭᠡᠷ 329.51 ᠲᠦᠮᠡᠨ ᠮᠥ᠂ ᠦᠨᠳᠦᠰᠦᠨ ᠪᠤᠰᠤ ᠨᠤᠲᠤᠭ ᠪᠡᠯᠴᠢᠭᠡᠷ 55.66 ᠲᠦᠮᠡᠨ ᠮᠥ᠂ ᠦᠨᠳᠦᠰᠦᠨ ᠨᠤᠲᠤᠭ ᠪᠡᠯᠴᠢᠭᠡᠷ ᠤᠨ ᠨᠥᠭᠡᠴᠡ ᠶᠢᠨ ᠣᠷᠣᠨ 159.74 ᠲᠦᠮᠡᠨ ᠮᠥ ᠪᠠᠶᠢᠨ᠎ᠠ᠃      ⒋ ᠬᠠᠳᠠᠪᠴᠢ ᠪᠠᠯᠭᠠᠰᠤ᠄ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠶ 505.52 ᠲᠦᠮᠡᠨ ᠮᠥ ᠪᠠᠶᠢᠵᠤ᠂ ᠡᠭᠦᠨ ᠳᠤ ᠦᠨᠳᠦᠰᠦᠨ ᠨᠤᠲᠤᠭ ᠪᠡᠯᠴᠢᠭᠡᠷ 453.89 ᠲᠦᠮᠡᠨ ᠮᠥ᠂ ᠦᠨᠳᠦᠰᠦᠨ ᠪᠤᠰᠤ ᠨᠤᠲᠤᠭ ᠪᠡᠯᠴᠢᠭᠡᠷ 44.58 ᠲᠦᠮᠡᠨ ᠮᠥ᠂ ᠦᠨᠳᠦᠰᠦᠨ ᠨᠤᠲᠤᠭ ᠪᠡᠯᠴᠢᠭᠡᠷ ᠤᠨ ᠨᠥᠭᠡᠴᠡ ᠶᠢᠨ ᠣᠷᠣᠨ 7.05 ᠲᠦᠮᠡᠨ ᠮᠥ ᠪᠠᠶᠢᠨ᠎ᠠ᠃      ⒌ ᠭᠠᠬᠢᠯ ᠰᠤᠮᠤ᠄ ᠨᠤᠲᠤᠭ ᠪᠡᠯᠴᠢᠭᠡᠷ ᠤᠨ ᠶᠡᠷᠦᠩᠬᠡᠢ ᠲᠠᠯᠠᠪᠠᠢ 693.56 ᠲᠦᠮᠡᠨ ᠮᠦ᠂ ᠡᠭᠦᠨ ᠳᠤ ᠦᠨᠳᠦᠰᠦᠨ ᠨᠤᠲᠤᠭ ᠪᠡᠯᠴᠢᠭᠡᠷ 670.91 ᠲᠦᠮᠡᠨ ᠮᠦ᠂ ᠦᠨᠳᠦᠰᠦᠨ ᠪᠤᠰᠤ ᠨᠤᠲᠤᠭ ᠪᠡᠯᠴᠢᠭᠡᠷ 17.22 ᠲᠦᠮᠡᠨ ᠮᠦ᠂ ᠦᠨᠳᠦᠰᠦᠨ ᠨᠤᠲᠤᠭ ᠪᠡᠯᠴᠢᠭᠡᠷ ᠤᠨ ᠨᠥᠭᠡᠴᠡ ᠶᠢᠨ ᠣᠷᠣᠨ 5.43 ᠲᠦᠮᠡᠨ ᠮᠦ᠃      ⒍ ᠬᠦᠷᠢᠶᠡᠳᠦᠨᠠᠭᠤᠷ ᠰᠤᠮᠤ᠄ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠶ 678.09 ᠲᠦᠮᠡᠨ ᠮᠥ ᠪᠠᠶᠢᠵᠤ᠂ ᠡᠭᠦᠨ ᠳᠤ ᠦᠨᠳᠦᠰᠦᠨ ᠨᠤᠲᠤᠭ ᠪᠡᠯᠴᠢᠭᠡᠷ 550.79 ᠲᠦᠮᠡᠨ ᠮᠥ᠂ ᠦᠨᠳᠦᠰᠦᠨ ᠪᠤᠰᠤ ᠨᠤᠲᠤᠭ ᠪᠡᠯᠴᠢᠭᠡᠷ 127.3 ᠲᠦᠮᠡᠨ ᠮᠥ ᠪᠠᠶᠢᠨ᠎ᠠ᠃      ⒎ ᠮᠠᠨᠳᠤᠬᠤᠪᠤᠯᠠᠭ ᠪᠠᠯᠭᠠᠰᠤ᠄ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠶ 680.37 ᠲᠦᠮᠡᠨ ᠮᠥ ᠪᠠᠶᠢᠵᠤ᠂ ᠡᠭᠦᠨ ᠳᠤ ᠦᠨᠳᠦᠰᠦᠨ ᠨᠤᠲᠤᠭ ᠪᠡᠯᠴᠢᠭᠡᠷ 658.2 ᠲᠦᠮᠡᠨ ᠮᠥ᠂ ᠦᠨᠳᠦᠰᠦᠨ ᠪᠤᠰᠤ ᠨᠤᠲᠤᠭ ᠪᠡᠯᠴᠢᠭᠡᠷ 22.17 ᠲᠦᠮᠡᠨ ᠮᠥ ᠪᠠᠶᠢᠨ᠎ᠠ᠃      ⒏ᠰᠠᠮᠠᠢ ᠰᠤᠮᠤ᠄ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠶ 859.08 ᠲᠦᠮᠡᠨ ᠮᠥ ᠪᠠᠶᠢᠵᠤ᠂ ᠡᠭᠦᠨ ᠳᠤ ᠦᠨᠳᠦᠰᠦᠨ ᠨᠤᠲᠤᠭ ᠪᠡᠯᠴᠢᠭᠡᠷ 817.21 ᠲᠦᠮᠡᠨ ᠮᠥ᠂ ᠦᠨᠳᠦᠰᠦᠨ ᠪᠤᠰᠤ ᠨᠤᠲᠤᠭ ᠪᠡᠯᠴᠢᠭᠡᠷ 12.28 ᠲᠦᠮᠡᠨ ᠮᠥ᠂ ᠦᠨᠳᠦᠰᠦᠨ ᠨᠤᠲᠤᠭ ᠪᠡᠯᠴᠢᠭᠡᠷ ᠤᠨ ᠨᠥᠭᠡᠴᠡ ᠶᠢᠨ ᠣᠷᠣᠨ 29.59 ᠲᠦᠮᠡᠨ ᠮᠥ ᠪᠠᠶᠢᠨ᠎ᠠ᠃      ⒐ᠤᠯᠢᠶᠠᠰᠤᠲᠠᠶ ᠪᠠᠯᠭᠠᠰᠤ᠄ ᠨᠤᠲᠤᠭ ᠪᠡᠯᠴᠢᠭᠡᠷ ᠤᠨ ᠶᠡᠷᠦᠩᠬᠡᠶ ᠲᠠᠯᠠᠪᠠᠶ 670.67 ᠲᠦᠮᠡᠨ ᠮᠥ ᠪᠠᠶᠢᠵᠤ ᠂ ᠡᠭᠦᠨ ᠳᠤ ᠦᠨᠳᠦᠰᠦᠨ ᠨᠤᠲᠤᠭ ᠪᠡᠯᠴᠢᠭᠡᠷ 520.54 ᠲᠦᠮᠡᠨ ᠮᠥ᠂ ᠦᠨᠳᠦᠰᠦᠨ ᠪᠤᠰᠤ ᠨᠤᠲᠤᠭ ᠪᠡᠯᠴᠢᠭᠡᠷ 134.63 ᠲᠦᠮᠡᠨ ᠮᠥ᠂ ᠦᠨᠳᠦᠰᠦᠨ ᠨᠤᠲᠤᠭ ᠪᠡᠯᠴᠢᠭᠡᠷ ᠤᠨ ᠨᠥᠭᠡᠴᠡ ᠶᠢᠨ ᠣᠷᠣᠨ 15.5 ᠲᠦᠮᠡᠨ ᠮᠥ ᠪᠠᠶᠢᠨ᠎ᠠ᠃      ᠬᠤᠶᠠᠷ᠂ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠭᠤᠣᠯ ᠠᠷᠭ᠎ᠠ ᠬᠡᠮᠵᠢᠶ᠎ᠡ      ︵ᠨᠢᠭᠡ︶ ᠬᠤᠰᠢᠭᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠥᠬᠦ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠦᠨᠳᠦᠰᠦᠨ ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠨ᠎ᠠ᠃      ︵ᠬᠤᠶᠠᠷ︶ ᠦᠨᠳᠦᠰᠦᠨ ᠬᠠᠳᠤᠯᠠᠩ ᠪᠡᠯᠴᠢᠭᠡᠷ ᠢ ᠬᠡᠷᠡᠭᠯᠡᠭᠴᠢᠳ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠳᠠᠭᠠᠭᠠᠴᠢᠯᠠᠯᠲᠠ ᠶᠢᠨ ᠭᠡᠷ᠎ᠡ ᠶᠢᠨ ᠪᠢᠴᠢᠭ ᠤᠨ ᠲᠣᠭᠲᠠᠭᠠᠯ ᠶᠣᠰᠣᠭᠠᠷ ᠦᠨᠳᠦᠰᠦᠨ ᠬᠠᠳᠤᠯᠠᠩ ᠪᠡᠯᠴᠢᠭᠡᠷ ᠢ ᠬᠠᠮᠠᠭᠠᠯᠠᠬᠤ᠂ ᠬᠠᠮᠢᠶᠠᠷᠬᠤ᠂ ᠪᠥᠳᠥᠭᠡᠨ ᠪᠠᠶᠢᠭᠤᠯᠬᠤ ᠪᠠ ᠵᠦᠢ ᠵᠣᠬᠢᠰᠲᠠᠶ ᠠᠰᠢᠭᠯᠠᠬᠤ ᠡᠭᠦᠷᠭᠡ ᠪᠠᠨ ᠭᠦᠢᠴᠡᠳᠬᠡᠵᠦ ᠂ ᠪᠡᠯᠴᠢᠭᠡᠷ ᠢᠶᠠᠷ ᠮᠠᠯ ᠤᠨ ᠲᠤᠭ᠎ᠠ ᠶᠢ ᠲᠣᠭᠲᠠᠭᠠᠬᠤ ᠵᠠᠷᠴᠢᠮ ᠢ ᠪᠠᠷᠢᠮᠲᠠᠯᠠᠨ᠎ᠠ︔ ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠡᠯᠴᠢᠭᠡᠷ ᠥᠨᠵᠢᠭᠦᠯᠬᠦ᠂ ᠰᠡᠯᠭᠦᠨ ᠮᠠᠯᠵᠢᠬᠤ ᠵᠦᠢ ᠵᠣᠬᠢᠰᠲᠠᠶ ᠲᠥᠷᠢᠮ ᠢ ᠪᠠᠶᠢᠭᠤᠯᠤᠨ᠂ ᠦᠨᠳᠦᠰᠦᠨ ᠬᠠᠳᠤᠯᠠᠩ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠬᠦ ᠪᠠ ᠮᠠᠭᠤᠳᠠᠬᠤ᠂ ᠡᠯᠡᠰᠦᠷᠬᠡᠭᠵᠢᠬᠦ᠂ ᠬᠤᠵᠢᠷᠰᠢᠬᠤ ᠶᠢ ᠴᠢᠩᠭ᠎ᠠ ᠰᠡᠷᠭᠡᠶᠢᠯᠡᠨ᠎ᠠ᠃      ︵ᠭᠤᠷᠪᠠ︶ ᠦᠨᠳᠦᠰᠦᠨ ᠬᠠᠳᠤᠯᠠᠩ ᠪᠡᠯᠴᠢᠭᠡᠷ ᠤᠨ ᠬᠡᠷᠡᠭᠯᠡᠭᠴᠢᠳ ᠤᠨ ᠤᠯᠠᠨ ᠨᠠᠰᠤᠲᠤ ᠪᠡᠯᠴᠢᠭᠡᠷ ᠡᠪᠡᠰᠦ ᠲᠠᠷᠢᠬᠤ᠂ ᠪᠡᠯᠴᠢᠭᠡᠷ ᠢ ᠰᠠᠶᠢᠵᠢᠷᠠᠭᠤᠯᠬᠤ᠂ ᠪᠢᠲᠡᠭᠦᠮᠵᠢᠯᠡᠨ ᠪᠤᠶᠢᠵᠢᠭᠤᠯᠬᠤ ᠵᠡᠷᠭᠡ ᠡᠯ᠎ᠡ ᠵᠦᠢᠯ ᠤᠨ ᠠᠷᠭ᠎ᠠ ᠵᠠᠮ ᠪᠣᠯᠤᠨ ᠠᠷᠭ᠎ᠠ ᠮᠠᠶ᠋ᠢᠭ ᠢ ᠵᠣᠷᠢᠭᠵᠢᠭᠤᠯᠤᠨ ᠲᠡᠮᠵᠢᠵᠤ ᠦᠨᠳᠦᠰᠦᠨ ᠬᠠᠳᠤᠯᠠᠩ ᠪᠡᠯᠴᠢᠭᠡᠷ ᠤᠨ ᠪᠥᠳᠥᠭᠡᠨ ᠪᠠᠶᠢᠭᠤᠯᠤᠯᠲᠠ ᠬᠢᠯᠭᠡᠨ᠎ᠡ᠃      ︵ᠳᠥᠷᠪᠡ︶  ᠬᠤᠰᠢᠭᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠦᠨᠳᠦᠰᠦᠨ ᠨᠤᠲᠤᠭ ᠪᠡᠯᠴᠢᠭᠡᠷ ᠲᠤ ᠬᠥᠳᠡᠯᠦᠩᠭᠦᠶ ᠬᠢᠨᠠᠨ ᠬᠡᠮᠵᠢᠯᠲᠡ ᠬᠢᠵᠦ᠂ ᠵᠢᠯ ᠪᠦᠷᠢ ᠬᠤᠰᠢᠭᠤ ᠠᠷᠠᠳ ᠤᠨ ᠵᠠᠰᠠᠭ ᠤᠨ ᠣᠷᠳᠣᠨ ᠳᠤ ᠦᠨᠳᠦᠰᠦᠨ ᠨᠤᠲᠤᠭ ᠪᠡᠯᠴᠢᠭᠡᠷ ᠤᠨ ᠦᠢᠯᠡᠳᠪᠦᠷᠢᠯᠡᠯ ᠤᠨ ᠬᠦᠴᠦᠨ ᠤ ᠬᠥᠳᠡᠯᠦᠩᠭᠦᠶ ᠬᠢᠨᠠᠨ ᠬᠡᠮᠵᠢᠯᠲᠡ ᠶᠢᠨ ᠮᠡᠳᠡᠭᠦᠯᠦᠯᠲᠡ ᠵᠢᠴᠢ ᠦᠢᠯᠡᠳᠪᠦᠷᠢᠯᠡᠯ ᠤᠨ ᠬᠦᠴᠦᠨ ᠢ ᠬᠠᠮᠠᠭᠠᠯᠠᠬᠤ ᠪᠠ ᠳᠡᠭᠡᠭᠰᠢᠯᠡᠭᠦᠯᠬᠦ ᠬᠠᠷᠠᠭᠠᠯᠵᠠᠭᠰᠠᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠎ᠠ᠃      ︵ᠲᠠᠪᠤ︶ ᠦᠨᠳᠦᠰᠦᠨ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠭᠰᠡᠨ᠂ ᠬᠡᠷᠡᠭᠯᠡᠭᠰᠡᠨ ᠪᠠᠶᠢᠪᠠᠯ᠂ ᠬᠢᠨᠠᠨ ᠵᠥᠪᠰᠢᠶᠡᠷᠡᠬᠦ ᠭᠠᠷᠳᠠᠮ ᠢ ᠴᠢᠩᠭ᠎ᠠ ᠭᠦᠢᠴᠡᠳᠭᠡᠨ᠎ᠡ︔ ᠦᠨᠳᠦᠰᠦᠨ ᠨᠤᠲᠤᠭ ᠪᠡᠯᠴᠢᠭᠡᠷ ᠳᠡᠭᠡᠷ᠎ᠡ ᠬᠡᠭᠡᠷ᠎ᠡ ᠶᠢᠨ ᠡᠮ ᠤᠨ ᠮᠠᠲ᠋ᠧᠷᠢᠶᠠᠯ ᠤᠨ ᠡᠬᠢ ᠪᠠᠶᠠᠯᠢᠭ ᠪᠠ ᠠᠭᠤᠷᠬᠠᠶ ᠶᠢᠨ ᠪᠤᠯᠠᠭᠳᠠᠴᠠ ᠶᠢᠨ ᠡᠬᠢ ᠪᠠᠶᠠᠯᠢᠭ ᠢ ᠳᠤᠷ᠎ᠠ ᠪᠠᠷ ᠢᠶᠠᠨ ᠮᠠᠯᠲᠠᠬᠤ ᠵᠡᠷᠭᠡ ᠨᠤᠲᠤᠭ ᠪᠡᠯᠴᠢᠭᠡᠷ ᠢ ᠡᠪᠳᠡᠬᠦ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃      ︵ᠵᠢᠷᠭᠤᠭ᠎ᠠ︶ ᠦᠨᠳᠦᠰᠦᠨ ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ ᠬᠠᠭᠠᠯᠪᠤᠷᠢᠯᠠᠬᠤ ᠶᠢ ᠴᠢᠩᠭ᠎ᠠ ᠴᠠᠭᠠᠵᠠᠯᠠᠵᠤ᠂ ᠬᠠᠤᠯᠢ ᠪᠤᠰᠤ ᠪᠠᠷ ᠬᠠᠭᠠᠯᠪᠤᠷᠢᠯᠠᠭᠰᠠᠳ ᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号