ᠣᠶᠢᠷ᠎ᠠ ᠳᠤ᠂ ᠬᠤᠰᠢᠭᠤ ᠭᠠᠳᠠᠭᠠᠳᠤ ᠶᠠᠪᠤᠳᠠᠯ ᠤᠨ ᠠᠯᠪᠠᠨ ᠬᠡᠷ 2022 ᠣᠨ ᠤ ᠳᠥᠷᠪᠡᠳᠦᠭᠡᠷ | ᠤᠳᠠᠭ᠎ᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠢᠵᠦ᠂ ᠭᠠᠳᠠᠭᠠᠳᠤ ᠶᠠᠪᠤᠳᠠᠯ ᠤᠨ ᠶᠠᠮᠤᠨ ᠤ | ᠠᠽᠢᠶ᠎ᠠ ᠲᠢᠪ ᠤᠨ ᠵᠤᠷᠭᠠᠨ ᠤ ᠳᠠᠷᠤᠭ᠎ᠠ ᠯᠢᠦ ᠶᠢᠨ ᠰᠥᠩ ᠳᠤᠮᠳᠠᠳᠤ ᠤᠯᠤᠰ ᠤᠨ ᠣᠯᠠᠨ ᠤᠯᠤᠰ ᠤᠨ ᠰᠣᠨᠢᠨ | ᠮᠡᠳᠡᠭᠡᠨ ᠤ ᠰᠣᠯᠢᠯᠴᠠᠭᠠᠨ ᠤ ᠲᠥᠪ ᠤᠨ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠬᠤᠪᠢᠶᠠᠷᠢ ᠲᠥᠪ ᠤᠨ | ᠰᠣᠷᠪᠣᠯᠵᠢᠯᠠᠭᠴᠢᠳ ᠲᠠᠢ ᠶᠠᠷᠢᠯᠴᠠᠵᠤ ᠰᠣᠯᠢᠯᠴᠠᠬᠤ ᠦᠶ᠎ᠡ ᠶᠢᠨ ᠶᠠᠷᠢᠶᠠᠨ ᠤ ᠠᠭᠤᠯᠭ᠎ᠠ ᠶᠢ ᠰᠤᠷᠤᠯᠴᠠᠪᠠ᠃ | ᠬᠤᠷᠠᠯ ᠳᠡᠭᠡᠷ᠎ᠡ᠂ ᠭᠠᠳᠠᠭᠠᠳᠤ ᠶᠠᠪᠤᠳᠠᠯ ᠤᠨ ᠶᠠᠮᠤᠨ ᠤ ᠠᠽᠢᠶ᠎ᠠ ᠲᠢᠪ ᠤᠨ ᠵᠤᠷᠭᠠᠨ ᠤ ᠳᠠᠷᠤᠭ᠎ᠠ ᠯᠢᠦ ᠶᠢᠨ | ᠰᠦᠩ ᠠᠽᠢᠶ᠎ᠠ ᠲᠢᠪ ᠤᠨ ᠡᠷᠬᠢᠨ ᠲᠣᠭᠤᠷᠢᠨ ᠤ ᠤᠯᠤᠰ ᠤᠨ ᠰᠤᠷᠪᠤᠯᠵᠢᠯᠠᠭᠴᠢ ᠳᠤ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠪᠣᠯᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠭᠤᠯᠭ᠎ᠠ ᠶᠢ | ᠤᠬᠠᠭᠤᠯᠤᠨ ᠲᠠᠨᠢᠯᠴᠠᠭᠤᠯᠤᠭᠰᠠᠨ ᠲᠤᠬᠠᠢ ᠲᠠᠶᠢᠯᠤᠮᠵᠢ ᠬᠢᠵᠡᠢ᠃ ᠯᠢᠦ ᠶᠢᠨ ᠰᠦᠩ ᠳᠤᠮᠳᠠᠳᠤ ᠤᠯᠤᠰ ᠤᠨ ᠡᠪ | ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠴᠢᠬᠤᠯᠠ ᠶᠡᠭᠡ ᠠᠴᠢ ᠬᠤᠯᠪᠣᠭᠳᠠᠯ ᠢ ᠲᠠᠨᠢᠯᠴᠠᠭᠤᠯᠵᠤ᠂ ᠡᠨᠡ ᠤᠳᠠᠭ᠎ᠠ ᠶᠢᠨ ᠶᠡᠭᠡ ᠬᠤᠷᠠᠯ ᠤᠨ ᠬᠠᠮᠤᠭ ᠤᠨ | ᠴᠢᠬᠤᠯᠠ ᠦᠷ᠎ᠡ ᠪᠦᠲᠦᠭᠡᠯ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠰᠢᠨ᠎ᠡ ᠨᠢᠭᠡ ᠬᠤᠭᠤᠴᠠᠭᠠᠨ ᠤ | ᠲᠥᠪ ᠬᠤᠷᠢᠶᠠᠨ ᠤ ᠤᠳᠤᠷᠢᠳᠬᠤ ᠬᠠᠮᠲᠤ ᠶᠢ ᠰᠣᠩᠭᠤᠨ ᠭᠠᠷᠭᠠᠵᠤ᠂ ᠪᠦᠬᠦ ᠨᠠᠮ ᠪᠦᠬᠦ ᠤᠯᠤᠰ ᠤᠨ ᠠᠷᠠᠳ | ᠲᠦᠮᠡᠨ ᠤ ᠳᠡᠭᠡᠳᠦ ᠬᠡᠮᠵᠢᠶᠡᠨ ᠤ ᠬᠠᠮᠲᠤ ᠶᠢᠨ ᠲᠠᠨᠢᠯᠲᠠ ᠶᠢ ᠢᠯᠡᠷᠡᠭᠦᠯᠵᠡᠢ ᠭᠡᠵᠦ ᠢᠯᠡᠳᠬᠡᠪᠡ᠃ ᠳᠤᠮᠳᠠᠳᠤ ᠤᠯᠤᠰ | ᠥᠪᠡᠷ ᠤᠨ ᠲᠣᠭᠲᠠᠭᠠᠯᠲᠤ ᠴᠢᠨᠠᠷ ᠢᠶᠠᠷ ᠢᠶᠠᠨ ᠭᠠᠳᠠᠭᠠᠳᠤ ᠣᠷᠴᠢᠨ ᠲᠣᠭᠤᠷᠢᠨ ᠢᠯᠠᠩᠭᠤᠶ᠎ᠠ ᠠᠽᠢᠶ᠎ᠠ ᠲᠢᠪ | ᠨᠣᠮᠣᠬᠠᠨ ᠳᠠᠯᠠᠶ ᠶᠢᠨ ᠣᠷᠣᠨ ᠤ ᠣᠷᠴᠢᠨ ᠲᠣᠭᠤᠷᠢᠨ ᠤ ᠲᠣᠭᠲᠠᠭᠠᠯᠲᠤ ᠪᠤᠰᠤ ᠴᠢᠨᠠᠷ ᠢ ᠠᠷᠭᠠᠴᠠᠵᠤ᠂ ᠳᠣᠲᠣᠭᠠᠳᠤ | ᠭᠠᠳᠠᠭᠠᠳᠤ ᠶᠢᠨ ᠲᠦᠷᠦ ᠶᠢᠨ ᠪᠤᠳᠤᠯᠭ᠎ᠠ ᠶᠢᠨ ᠲᠣᠭᠲᠠᠭᠤᠨ ᠴᠢᠨᠠᠷ ᠢᠶᠠᠷ ᠡᠷᠬᠢᠨ ᠲᠣᠭᠤᠷᠢᠨ ᠢ ᠪᠠᠭᠲᠠᠭᠠᠭᠰᠠᠨ | ᠳᠡᠯᠡᠬᠡᠶ ᠶᠢᠨ ᠪᠠᠶᠢᠳᠠᠯ ᠤᠨ ᠲᠣᠭᠲᠠᠭᠤᠨ ᠪᠤᠰᠤ ᠴᠢᠨᠠᠷ ᠢ ᠲᠤᠯᠭᠠᠵᠤ᠂ ᠴᠢᠨᠠᠷ ᠰᠠᠶᠢᠲᠠᠶ ᠬᠥᠭᠵᠢᠯᠲᠡ ᠪᠠ ᠥᠨᠳᠥᠷ | ᠬᠢᠷᠢ ᠲᠦᠪᠰᠢᠨ ᠪᠦᠬᠦᠢ ᠨᠡᠭᠡᠭᠡᠯᠳᠡ ᠪᠠᠷ ᠳᠡᠯᠡᠬᠡᠶ ᠶᠢᠨ ᠪᠠ ᠡᠷᠬᠢᠨ ᠲᠣᠭᠤᠷᠢᠨ ᠤ ᠠᠵᠤ ᠠᠬᠤᠶ ᠶᠢᠨ ᠰᠡᠷᠭᠦᠯᠲᠡ ᠳᠤ | ᠬᠦᠴᠦᠲᠡᠶ ᠪᠥᠭᠡᠳ ᠤᠳᠠᠭᠠᠨ ᠳᠠᠭᠠᠭᠠᠮᠠᠭᠠᠶ ᠬᠥᠳᠡᠯᠭᠡᠬᠦ ᠬᠦᠴᠦᠨ ᠬᠠᠩᠭᠠᠵᠤ᠂ ᠬᠠᠷᠢᠭᠤᠴᠠᠯᠭᠠᠲᠤ ᠣᠪᠣᠷ ᠢᠶᠠᠷ | ᠠᠽᠢᠶ᠎ᠠ ᠲᠢᠪ ᠤᠨ ᠡᠩᠭᠡ ᠲᠠᠶᠢᠪᠤᠩ ᠬᠥᠭᠵᠢᠯᠲᠡ ᠳᠤ ᠴᠥᠬᠦᠷᠡᠰᠢ ᠦᠭᠡᠢ ᠴᠢᠷᠮᠠᠶᠢᠯᠭ᠎ᠠ ᠭᠠᠷᠭᠠᠬᠤ ᠨᠢ ᠡᠷᠬᠢᠨ | ᠲᠣᠭᠤᠷᠢᠨ ᠤ ᠤᠯᠤᠰ ᠤᠳ ᠲᠤ ᠴᠢᠬᠤᠯᠠ ᠶᠡᠭᠡ ᠠᠰᠢᠭᠲᠠᠶ ᠶᠤᠮ᠃ ᠯᠢᠦ ᠶᠢᠨ ᠰᠦᠩ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠠᠰᠠᠭᠤᠳᠠᠯ ᠢ ᠬᠠᠷᠢᠭᠤᠯᠬᠤ ᠳᠠᠭᠠᠨ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠲᠠᠪᠤᠨ ᠶᠡᠭᠡ ᠣᠨᠴᠠᠯᠢᠭ ᠪᠠ ᠮᠥᠨ ᠴᠢᠨᠠᠷ ᠤᠨ ᠱᠠᠭᠠᠷᠳᠠᠯᠭ᠎ᠠ ᠶᠢ ᠲᠣᠳᠣᠷᠬᠠᠶᠢᠯᠠᠨ | ᠥᠭᠦᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠳᠤᠮᠳᠠᠳᠤ ᠤᠯᠤᠰ ᠤᠨ ᠤᠯᠤᠰ ᠤᠨ | ᠪᠠᠶᠢᠳᠠᠯ ᠪᠠ ᠠᠷᠠᠳ ᠲᠦᠮᠡᠨ ᠤ ᠬᠦᠰᠡᠯ ᠡᠷᠡᠮᠡᠯᠵᠡᠯ ᠳᠤ ᠰᠠᠭᠤᠷᠢᠯᠠᠭᠰᠠᠨ ᠮᠥᠷᠲᠡᠭᠡᠨ ᠪᠠᠰᠠ ᠠᠽᠢᠶ᠎ᠠ ᠲᠢᠪ ᠤᠨ ᠡᠯ᠎ᠡ | ᠤᠯᠤᠰ ᠤᠨ ᠣᠳᠣᠬᠢᠴᠢᠯᠠᠯᠲᠠ ᠲᠠᠢ ᠴᠥᠭᠡᠨ ᠪᠤᠰᠤ ᠨᠡᠶᠢᠲᠡᠯᠢᠭ ᠴᠢᠨᠠᠷ ᠲᠠᠢ ᠪᠠᠶᠢᠵᠤ᠂ ᠠᠽᠢᠶ᠎ᠠ ᠲᠢᠪ ᠤᠨ | ᠬᠥᠭᠵᠢᠯᠲᠡ ᠲᠠᠪᠰᠢᠯᠳᠠ ᠶᠢᠨ ᠲᠡᠦᠬᠡᠨ ᠤᠷᠤᠰᠬᠠᠯ ᠲᠠᠢ ᠨᠡᠶᠢᠴᠡᠵᠦ ᠪᠠᠶᠢᠨ᠎ᠠ ᠭᠡᠵᠦ ᠴᠢᠬᠤᠯᠠᠴᠢᠯᠠᠪᠠ᠃ ᠳᠤᠮᠳᠠᠳᠤ | ᠤᠯᠤᠰ ᠳᠤᠷᠠᠲᠠᠶ᠎ᠠ ᠠᠽᠢᠶ᠎ᠠ ᠲᠢᠪ ᠤᠨ ᠡᠷᠬᠢᠨ ᠲᠣᠭᠤᠷᠢᠨ ᠤ ᠤᠯᠤᠰ ᠤᠳ ᠲᠠᠢ ᠲᠤᠰ ᠲᠤᠰ ᠤᠨ ᠢᠶᠠᠨ | ᠣᠳᠣᠬᠢᠴᠢᠯᠠᠯᠲᠠ ᠶᠢᠨ ᠣᠶᠢᠯᠠᠭᠠᠭᠳᠠᠬᠤᠨ᠂ ᠲᠤᠷᠰᠢᠯᠭ᠎ᠠ ᠪᠠ ᠠᠷᠭ᠎ᠠ ᠬᠡᠮᠵᠢᠶ᠎ᠡ ᠶᠢᠨ ᠲᠠᠯ᠎ᠠ ᠪᠠᠷ ᠰᠣᠯᠢᠯᠴᠠᠭ᠎ᠠ ᠬᠢᠵᠦ | ᠬᠠᠷᠢᠯᠴᠠᠨ ᠯᠠᠪᠯᠠᠯᠲᠠ ᠪᠣᠯᠭᠠᠬᠤ ᠪᠠᠨ ᠴᠢᠩᠭᠠᠳᠬᠠᠵᠤ᠂ ᠬᠠᠮᠲᠤ ᠶᠢᠨ ᠬᠥᠭᠵᠢᠯ ᠴᠡᠴᠡᠭᠯᠡᠯ ᠢ ᠪᠡᠶᠡᠯᠡᠭᠦᠯᠵᠦ᠂ | ᠬᠠᠮᠲᠤ ᠪᠠᠷ ᠣᠳᠣᠬᠢᠴᠢᠯᠠᠯᠲᠠ ᠲᠡᠶᠢᠰᠢ ᠤᠷᠤᠭᠰᠢᠯᠠᠨ᠎ᠠ᠃ | ᠬᠤᠷᠠᠯ ᠠᠴᠠ᠂ ᠪᠣᠯᠪᠠᠰᠤᠷᠠᠯ ᠰᠤᠷᠤᠯᠴᠠᠯᠭ᠎ᠠ ᠶᠢ ᠴᠢᠩᠭᠠᠳᠬᠠᠵᠤ᠂ ᠭᠠᠳᠠᠭᠠᠳᠤ ᠶᠠᠪᠤᠳᠠᠯ ᠤᠨ | ᠦᠢᠯᠡᠴᠢᠯᠡᠭᠡᠨ ᠤ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠵᠦ᠂ ᠣᠷᠴᠢᠭᠤᠯᠭ᠎ᠠ᠂ ᠭᠠᠳᠠᠭᠠᠳᠤ ᠶᠠᠪᠤᠳᠠᠯ ᠤᠨ | ᠶᠣᠰᠣᠯᠠᠯ ᠤᠨ ᠮᠡᠳᠡᠯᠭᠡ ᠶᠢ ᠴᠢᠷᠮᠠᠶᠢᠨ ᠰᠤᠷᠤᠯᠴᠠᠵᠤ᠂ ᠭᠠᠳᠠᠭᠠᠳᠤ ᠶᠠᠪᠤᠳᠠᠯ ᠤᠨ ᠬᠦᠯᠢᠶᠡᠨ ᠠᠪᠬᠤ ᠪᠠ | ᠣᠷᠴᠢᠭᠤᠯᠬᠤ ᠠᠵᠢᠯ ᠢ ᠰᠠᠶᠢᠲᠤᠷ ᠬᠢᠵᠦ᠂ ᠲᠤᠰ ᠪᠡᠶ᠎ᠡ ᠶᠢᠨ ᠶᠡᠷᠦᠩᠬᠡᠶᠢᠯᠡᠭᠰᠡᠨ ᠬᠡᠪ ᠴᠢᠨᠠᠷ ᠴᠢᠳᠠᠪᠤᠷᠢ ᠪᠠᠨ | ᠭᠠᠳᠠᠭᠠᠳᠤ ᠶᠠᠪᠤᠳᠠᠯ ᠤᠨ ᠠᠵᠢᠯ ᠤᠨ ᠱᠠᠭᠠᠷᠳᠠᠯᠭ᠎ᠠ ᠳᠤ ᠬᠦᠷᠭᠡᠬᠦ ᠶᠢ ᠪᠠᠲᠤᠯᠠᠵᠤ᠂ ᠴᠢᠳᠠᠪᠤᠷᠢ ᠰᠤᠷᠲᠠᠯ ᠤᠨ | ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠭᠠᠳᠠᠭᠠᠳᠤ ᠶᠠᠪᠤᠳᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠠᠵᠢᠯ ᠤᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ |