ᠬᠢᠩᠭᠠᠨ ᠨᠠᠷ ᠬᠠᠳᠠᠪᠴᠢ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/11/24
          11 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠠᠳᠠᠪᠴᠢ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠰᠢᠤᠢ ᠶᠢᠩ ᠵᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠧᠤ ᠸᠤ᠋ ᠮᠢᠨ ᠵᠢᠴᠢ ᠵᠡᠭᠦᠨ ᠦᠵᠦᠮᠦᠴᠢᠨ ᠪᠣᠭᠤᠮᠲᠠ᠂ ᠵᠡᠭᠦᠨ ᠬᠠᠳᠠᠪᠴᠢ ᠬᠢᠯᠢ ᠶᠢᠨ ᠪᠠᠶᠢᠴᠠᠭᠠᠯᠲᠠ ᠶᠢᠨ ᠥᠷᠲᠡᠭᠡᠨ ᠤ ᠭᠤᠤᠯ ᠤᠳᠤᠷᠢᠳᠤᠯᠭ᠎ᠠ᠂ ᠬᠠᠳᠠᠪᠴᠢ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      ᠬᠢᠩᠭᠠᠨ ᠵᠡᠷᠭᠡ ᠬᠥᠮᠦᠰ ᠤᠷᠢᠳ ᠬᠤᠵᠢᠳ ᠬᠠᠲᠠᠪᠴᠢ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠪᠠᠶᠢᠴᠠᠭᠠᠯᠲᠠ ᠶᠢᠨ ᠦᠷᠲᠡᠭᠡ᠂ ᠱᠠᠩᠳᠤ ᠭᠠᠴᠠᠭ᠎ᠠ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠤᠰᠬᠠᠢ ᠡᠷᠦᠬᠡ ᠨᠠᠰᠤᠨᠪᠠᠶᠠᠷ᠂ ᠱᠠᠩᠳᠤ ᠭᠠᠴᠠᠭ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠡᠷᠦᠬᠡ ᠰᠠᠨᠢᠴᠢᠷ ᠤᠨ ᠭᠡᠷ ᠲᠤ ᠬᠦᠷᠴᠡᠢ᠃ ᠪᠥᠬᠦ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠪᠠ ᠠᠯᠠᠰᠢᠨ ᠦᠬᠡᠷ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠵᠡᠷᠭᠡ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠤ ᠬᠠᠲᠠᠪᠴᠢ ᠪᠠᠯᠭᠠᠰᠤᠨ ᠤ ᠭᠤᠤᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠢᠩᠭᠠᠨ ᠱᠠᠭᠠᠷᠳᠠᠭᠰᠠᠨ ᠨᠢ᠂ ᠨᠢᠭᠡ ᠳᠤ᠂ ᠪᠣᠭᠤᠮᠲᠠ ᠶᠢᠨ ᠬᠤᠲᠠ ᠪᠠᠯᠭᠠᠰᠤ ᠶᠢᠨ ᠪᠣᠳᠠᠲᠤ ᠪᠠᠶᠢᠳᠠᠯ ᠢ ᠦᠨᠳᠦᠰᠦᠯᠡᠵᠦ᠂ ︽ᠭᠠᠳᠠᠭᠠᠳᠤ ᠠᠴᠠ ᠬᠠᠯᠳᠠᠪᠦᠷᠢᠯᠠᠬᠤ ᠶᠢ ᠰᠡᠷᠭᠡᠶᠢᠯᠡᠬᠦ᠂ ᠳᠣᠲᠣᠭᠠᠳᠤ ᠠᠴᠠ ᠳᠠᠬᠢᠨ ᠡᠭᠦᠰᠬᠦ ᠶᠢ ᠰᠡᠷᠭᠡᠶᠢᠯᠡᠬᠦ︾ ᠶᠡᠷᠦᠩᠬᠡᠶ ᠠᠷᠭ᠎ᠠ ᠪᠣᠳᠣᠯᠭ᠎ᠠ ᠶᠢ ᠡᠷᠡᠰ ᠭᠤᠶᠢᠪᠢᠰᠢ ᠦᠭᠡᠶ ᠨᠠᠶᠢᠳᠠᠪᠤᠷᠢᠵᠢᠭᠤᠯᠵᠤ᠂ ᠤᠯᠤᠰ ᠲᠥᠷᠥ ᠶᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ ᠦᠨᠳᠦᠷᠴᠡ ᠠᠴᠠ ᠡᠭᠦᠰᠬᠦ ᠶᠢ ᠪᠠᠷᠢᠮᠲᠠᠯᠠᠵᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠦᠨᠳᠦ ᠨᠣᠴᠢᠲᠠᠶ ᠴᠢᠨᠠᠷ ᠪᠠ ᠪᠤᠳᠤᠯᠢᠶᠠᠨᠲᠤ ᠴᠢᠨᠠᠷ ᠢ ᠭᠦᠨᠵᠡᠭᠡᠶ ᠲᠠᠨᠢᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠂ ᠪᠣᠭᠤᠮᠲᠠ ᠶᠢᠨ ᠠᠵᠤ ᠠᠬᠤᠶᠢᠯᠠᠯ ᠠᠵᠢᠯ ᠦᠢᠯᠡᠰ ᠤᠨ  ᠨᠢᠭᠡᠴᠡ ᠶᠢᠨ ᠠᠵᠢᠯᠳᠠᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠴᠢᠩᠭ᠎ᠠ ᠡᠭᠦᠷᠭᠡᠯᠡᠵᠦ᠂ ᠮᠢᠨᠴᠦᠭᠦᠷᠡᠬᠦ ᠦᠵᠡᠯ ᠰᠠᠨᠠᠭ᠎ᠠ ᠶᠢ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠵᠤ᠂ ᠬᠢᠵᠢᠭ ᠤᠨ ᠪᠠᠶᠢᠳᠠᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠬᠤᠶᠠᠷ ᠲᠤ᠂ ᠤᠯᠤᠰ ᠲᠥᠷᠥ ᠶᠢᠨ ᠬᠥᠮᠦᠵᠢᠯ ᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠪᠠᠯᠭᠠᠰᠤᠨ ᠤ ᠤᠳᠤᠷᠢᠳᠬᠤ ᠪᠠᠭ ᠤᠨ ᠤᠯᠤᠰ ᠲᠥᠷᠥ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠨᠡᠶᠢᠭᠡᠮ ᠵᠢᠷᠤᠮᠲᠦ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠠᠭᠤᠷᠢ ᠶᠢ ᠪᠠᠲᠤᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠳᠡᠭᠡ ᠲᠣᠰᠬᠤᠨ ᠤ ᠦᠢᠯᠡᠰ ᠤᠨ ᠬᠥᠭᠵᠢᠯᠲᠡ ᠳᠠᠬᠢ ᠤᠳᠤᠷᠢᠳᠬᠤ ᠭᠤᠣᠯᠯᠠᠭᠴᠢ ᠦᠢᠯᠡᠳᠦᠯ ᠢ ᠪᠠᠳᠠᠷᠠᠭᠤᠯᠬᠤ ᠶᠢᠨ ᠬᠠᠮᠲᠤ ᠬᠥᠳᠡᠭᠡ ᠲᠣᠰᠬᠤᠨ ᠤ ᠬᠠᠮᠲᠤ ᠶᠢᠨ ᠪᠠ ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠲᠣᠰᠬᠤᠨ ᠤ ᠠᠷᠠᠳ ᠤᠨ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ ᠲᠡᠭᠦᠯᠳᠡᠷᠵᠢᠭᠦᠯᠦᠯᠲᠡ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠭᠤᠷᠪᠠ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ︽ᠠᠵᠤ ᠦᠢᠯᠡᠰ ᠬᠥᠭᠵᠢᠨ ᠮᠠᠨᠳᠤᠵᠤ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠬᠥᠳᠡᠭᠡ ᠲᠣᠰᠬᠤᠨ ᠤ ᠰᠤᠷᠲᠠᠯ ᠪᠣᠯᠪᠠᠰᠤᠨ᠂ ᠵᠠᠰᠠᠯᠲᠠ ᠦᠷ᠎ᠡ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ︾ ᠪᠠᠶᠢᠬᠤ ᠶᠡᠷᠦᠩᠬᠡᠢ ᠱᠠᠭᠠᠷᠳᠠᠯᠭ᠎ᠠ ᠶᠣᠰᠣᠭᠠᠷ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ  ᠤᠯᠠᠮ ᠨᠢᠭᠡ ᠠᠯᠬᠤᠮ ᠪᠠᠬᠢᠵᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠨᠠᠷᠢᠯᠢᠭ ᠣᠨᠣᠪᠴᠢᠲᠠᠢ ᠬᠦᠴᠦᠯᠡᠬᠦ ᠶᠢ ᠪᠠᠷᠢᠮᠲᠠᠯᠠᠵᠤ᠂ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠠᠴᠠ ᠪᠣᠳᠣᠯᠬᠢᠯᠠᠨ᠂ ᠤᠨᠴᠠᠯᠢᠬᠳᠤ ᠳᠠᠪᠠᠭᠤᠯᠢᠭ ᠠᠵᠤ ᠦᠢᠯᠡᠰ ᠢ ᠰᠢᠨᠵᠢᠯᠡᠬᠦ ᠤᠬᠠᠭᠠᠨᠴᠢ ᠪᠠᠷ ᠬᠥᠭᠵᠢᠭᠦᠯᠵᠦ᠂ ᠪᠠᠷᠢᠮᠵᠢᠶ᠎ᠠ᠂ ᠬᠦᠰᠦᠨᠦᠭᠲᠦ ᠪᠠᠷ ᠳᠣᠲᠠᠭᠳᠠᠯ ᠢ ᠨᠥᠬᠦᠪᠥᠷᠢᠯᠡᠵᠦ᠂ ᠳᠣᠲᠠᠭᠳᠠᠯ ᠢ ᠪᠦᠬᠦ ᠲᠠᠯ᠎ᠠ ᠪᠠᠷ ᠪᠠᠶᠢᠴᠠᠭᠠᠨ ᠨᠥᠬᠦᠪᠥᠷᠢᠯᠡᠵᠦ᠂ ᠡᠯ᠎ᠡ ᠲᠦᠷᠦᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠤ ᠬᠥᠳᠡᠯᠦᠩᠭᠦᠢ ᠪᠠᠷ ᠴᠡᠪᠡᠷᠯᠡᠬᠦ ᠶᠢ ᠪᠠᠲᠤᠯᠠᠵᠤ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃                                                                                                                              
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号