ᠱᠠᠭᠠᠨ ᠰᠤᠶᠤᠯ
ᠨᠡᠶᠢᠲᠡᠯᠡᠭᠰᠡᠨ ᠴᠠᠭ᠄
2022/11/24
      ᠱᠠᠭᠠᠨ ᠰᠤᠶᠤᠯ      ᠱᠠᠭ᠎ᠠ ᠲᠤᠭᠯᠠᠭᠠᠮ ᠤᠨ ᠡᠬᠦᠰᠦᠯ ᠤᠨ ᠲᠤᠬᠠᠢ ᠮᠠᠨ ᠤ ᠮᠤᠩᠭᠤᠯ ᠦᠨᠳᠦᠰᠦᠳᠡᠨ ᠤ ᠮᠠᠯ ᠤᠨ ᠱᠠᠭ᠎ᠠ ᠪᠠ ᠬᠡᠬᠡᠷ᠎ᠡ ᠶᠢᠨ ᠵᠡᠷᠯᠢᠭ ᠠᠷᠢᠶᠠᠳᠠᠨ — ᠵᠡᠬᠡᠷ᠎ᠡ ᠬᠦᠷᠦᠬᠡᠰᠦ᠂ ᠪᠤᠭᠤ ᠰᠤᠭᠤ᠂ ᠠᠷᠭᠠᠯᠢ ᠤᠭᠠᠯᠵᠠ᠂ ᠴᠢᠨ᠋ᠸ᠎ᠠ᠂ ᠢᠷᠪᠢᠰ ᠤᠨ ᠱᠠᠭ᠎ᠠ ᠶᠢ ᠠᠪᠴᠦ ᠴᠤᠭᠯᠠᠭᠤᠯᠤᠨ ᠬᠠᠳᠠᠭᠠᠯᠠᠵᠦ᠂ ᠵᠠᠰᠠᠵᠦ ᠶᠠᠩᠵᠤᠯᠠᠨ ᠤᠯᠠᠨ ᠲᠦᠷᠦᠯ ᠤᠨ ᠨᠠᠭᠠᠳᠤᠮ ᠲᠤᠭᠯᠠᠭᠠᠮ — ᠱᠠᠭ᠎ᠠ ᠨᠠᠭᠠᠳᠤᠮ ᠨᠢ ᠡᠷᠳᠡᠨ ᠤ ᠠᠪᠠ ᠠᠩᠨᠠᠯ᠂ ᠮᠠᠯ ᠮᠠᠯᠵᠢᠯ ᠤᠨ ᠰᠤᠶᠤᠯ ᠤᠨ ᠪᠦᠷᠢᠯᠳᠦᠬᠦᠨ ᠬᠡᠰᠡᠭ ᠪᠤᠯᠬᠤ ᠪᠦᠬᠡᠳ ᠴᠢᠬᠤᠯᠠ ᠨᠢᠬᠡ ᠠᠭᠤᠯᠭ᠎ᠠ ᠪᠤᠯᠬᠤ ᠶᠢ ᠬᠡᠨ ᠴᠤ ᠪᠦᠷ ᠵᠦᠪᠰᠢᠶᠡᠷᠡᠵᠦ ᠪᠠᠶᠢᠨ᠎ᠠ᠃ ᠬᠡᠭᠦ ᠳᠤ ᠮᠤᠩᠭᠤᠯ ᠦᠨᠳᠦᠰᠦᠳᠡᠨ ᠤ ᠢᠵᠠᠭᠤᠷ ᠲᠤᠭᠯᠠᠭᠠᠮ — ᠱᠠᠭ᠎ᠠ ᠨᠠᠭᠠᠳᠤᠮ ᠤᠨ ᠡᠬᠢ ᠡᠬᠦᠰᠦᠯ ᠤᠨ ᠲᠤᠬᠠᠢ ᠲᠤᠳᠤᠷᠬᠠᠢ ᠡᠰᠢ ᠪᠠᠷᠢᠮᠳᠠ ᠪᠠᠷ ᠨᠤᠳᠠᠯᠠᠭᠰᠠᠨ ᠮᠠᠲ᠋ᠧᠷᠢᠶᠠᠯ ᠤᠳᠤᠬᠠᠨ ᠳᠤ ᠬᠦᠷᠳᠡᠯ᠎ᠡ ᠬᠤᠪᠤᠷᠬᠠᠨ ᠬᠠᠷᠠᠭᠳᠠᠨ᠎ᠠ᠃      ᠮᠤᠩᠭᠤᠯ ᠬᠦᠮᠦᠨ ᠤ ᠢᠵᠠᠭᠤᠷ ᠲᠤᠭᠯᠠᠭᠠᠮ — ᠱᠠᠭ᠎ᠠ ᠨᠠᠭᠠᠳᠤᠮ ᠨᠢ ᠡᠷᠳᠡᠨ ᠤ ᠮᠤᠩᠭᠤᠯ ᠡᠪᠦᠭᠡ ᠲᠡᠭᠡᠳᠦᠰ ᠤᠨ ᠠᠪᠠ ᠠᠩᠨᠠᠯ᠂ ᠮᠠᠯ ᠮᠠᠯᠵᠢᠯ ᠠᠴᠠ ᠡᠬᠢ ᠡᠬᠦᠰᠦᠯ ᠲᠠᠢ ᠪᠦᠬᠡᠳ ᠠᠩᠨᠠᠯ ᠮᠠᠯᠵᠢᠯ ᠤᠨ ᠠᠮᠢᠳᠤᠷᠠᠯ ᠢᠶᠠᠷ ᠵᠠᠭᠪᠤᠷ ᠪᠤᠯᠭᠠᠵᠦ ᠡᠬᠦᠰᠴᠦ ᠬᠦᠭᠵᠢᠭᠰᠡᠨ ᠤᠶᠤᠨ ᠤ ᠲᠤᠭᠯᠠᠭᠠᠮ ᠪᠤᠯᠬᠤ ᠨᠢ ᠮᠠᠷᠭᠤᠰᠢ ᠦᠬᠡᠢ ᠬᠡᠳᠡᠭ ᠢ ᠤᠭᠰᠠᠭᠠᠳᠠᠨ ᠤ ᠵᠦᠢ ᠰᠤᠳᠤᠯᠤᠭᠴᠢᠳ ᠵᠦᠢ ᠶᠤᠰᠤ ᠪᠠᠷ ᠮᠡᠳᠡᠷᠡᠵᠦ ᠪᠠᠶᠢᠨ᠎ᠠ᠃ ᠨᠠᠭᠠᠳᠤᠮ ᠲᠤᠭᠯᠠᠭᠠᠮ  ᠨᠢ ᠬᠦᠮᠦᠰ ᠤᠨ ᠬᠦᠳᠡᠯᠮᠦᠷᠢ ᠶᠢᠨ ᠪᠦᠳᠦᠬᠡᠯ ᠮᠦᠨ᠂ ᠨᠢᠬᠡ ᠬᠡᠯᠪᠡᠷᠢ ᠶᠢᠨ ᠨᠠᠭᠠᠳᠤᠮ ᠲᠤᠭᠯᠠᠭᠠᠮ ᠨᠢ ᠶᠠᠮᠠᠷ ᠨᠢᠬᠡᠨ ᠴᠢᠩᠭ᠎ᠠ ᠨᠢᠮᠪᠠᠢ ᠠᠵᠢᠯ ᠢᠶᠠᠷ ᠬᠡᠪ ᠵᠠᠭᠪᠤᠷ ᠪᠤᠯᠭᠠᠬᠤ ᠪᠤᠢ ᠪᠤᠯᠬᠤ ᠬᠡᠵᠦ ᠦᠬᠡᠢ ᠶᠤᠮ᠃ ᠴᠠᠭ ᠤᠨ ᠲᠠᠯ᠎ᠠ ᠪᠠᠷ ᠠᠪᠴᠦ ᠬᠡᠯᠡᠪᠡᠯ᠂ ᠠᠵᠢᠯ ︵ᠡᠯ᠎ᠡ ᠵᠦᠢᠯ ᠤᠨ ᠦᠢᠯᠡᠳᠪᠦᠷᠢᠯᠡᠯ ᠤᠨ ᠠᠵᠢᠯ ᠬᠦᠳᠡᠯᠮᠦᠷᠢ︶ ᠨᠢ ᠨᠠᠭᠠᠳᠤᠮ ᠲᠤᠭᠯᠠᠭᠠᠮ ᠪᠤᠢ ᠪᠤᠯᠬᠤ ᠠᠴᠠ ᠡᠮᠦᠨ᠎ᠡ ᠪᠠᠶᠢᠭᠰᠠᠨ ᠨᠢ ᠶᠠᠷᠢᠶᠠᠨ ᠦᠬᠡᠢ᠂ ᠤᠴᠢᠷ ᠨᠢ ᠠᠮᠢᠳᠤᠷᠠᠯ ᠤᠨ ᠦᠨᠳᠦᠰᠦᠨ ᠬᠡᠷᠡᠭᠴᠡᠭᠡ ᠠᠴᠠ ᠪᠤᠯᠵᠦ ᠬᠦᠮᠦᠰ ᠵᠠᠪᠠᠯ ᠬᠦᠳᠡᠯᠮᠦᠷᠢᠯᠡᠬᠦ ᠬᠡᠷᠡᠭᠳᠡᠢ᠃ ᠡᠶᠢᠮᠦ ᠬᠦᠳᠡᠯᠮᠦᠷᠢ ᠶᠢᠨ ᠲᠤᠮᠳᠠ ᠬᠦᠮᠦᠰ ᠠᠭᠠᠵᠢᠮ ᠢᠶᠠᠷ ᠦᠪᠡᠷ ᠤᠨ ᠬᠦᠴᠦ ᠴᠢᠳᠠᠯ᠂ ᠤᠶᠤᠨ ᠤᠬᠠᠭᠠᠨ ᠢᠶᠠᠨ ᠬᠡᠷᠡᠭᠯᠡᠬᠦ ᠠᠴᠠ ᠡᠬᠦᠰᠦᠭᠰᠡᠨ ᠬᠠᠪᠤ ᠴᠡᠩᠭᠡᠯ ᠢᠶᠠᠨ ᠲᠠᠬᠢᠨ ᠨᠢᠬᠡ ᠤᠳᠠᠭ᠎ᠠ ᠲᠤᠷᠰᠢᠵᠦ ᠦᠵᠡᠬᠦ ᠰᠡᠳᠬᠢᠯ ᠤᠨ ᠬᠦᠳᠦᠯᠦᠯ ᠠᠴᠠ ᠪᠤᠢ ᠪᠤᠯᠤᠭᠰᠠᠨ ᠤᠶᠤᠨ ᠤ ᠲᠤᠭᠯᠠᠭᠠᠮ ᠪᠤᠯᠬᠤ ᠨᠢ ᠢᠯᠡᠷᠬᠡᠢ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号