9 ᠳ᠋ᠣᠭᠡᠷ ᠰᠠᠷ᠎ᠠ ᠶᠢᠨ ᠵᠡᠭᠦᠨ ᠦᠵᠦᠮᠦᠴᠢᠨ ᠬᠤᠰᠢᠭᠤᠨ ᠤ ᠪᠥᠬᠦ ᠬᠤᠰᠢᠭᠤᠨ ᠤ ᠴᠢᠬᠤᠯᠠ ᠵᠠᠰᠠᠭ ᠤᠨ ᠶᠠᠪᠤᠳᠠᠯ ᠤᠨ ᠠᠵᠢᠯᠯᠠᠭ᠎ᠠ
ᠨᠡᠶᠢᠲᠡᠯᠡᠭᠰᠡᠨ ᠴᠠᠭ᠄
2022/11/28
    9 ᠰᠠᠷ᠎ᠠ ᠶᠢᠨ 1 ᠤ ᠡᠳᠦᠷ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠪᠦᠬᠡ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ ᠠᠩᠬᠠᠳᠤᠭᠠᠷ ᠤᠳᠠᠭᠠᠨ ᠤ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ᠂ ᠡᠯ᠎ᠡ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃ ᠬᠤᠷᠠᠯ ᠠᠴᠠ ᠴᠢᠬᠤᠯᠠᠴᠢᠯᠠᠭᠰᠠᠨ ᠨᠢ᠂ ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠤᠷᠠᠬᠢ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠠᠬᠢ ᠨᠠᠮ ᠤᠨ ᠤᠳᠤᠷᠢᠳᠤᠯᠭ᠎ᠠ ᠶᠢ ᠲᠠᠰᠤᠷᠠᠯᠲᠠ ᠥᠬᠡᠶ ᠴᠢᠩᠭᠠᠳᠬᠠᠵᠤ᠂ ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠤᠳᠤᠷᠢᠳᠬᠤ ᠡᠷᠬᠡ᠂ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠶ᠃    ★ 9 ᠰᠠᠷ᠎ᠠ ᠶᠢᠨ 2 ᠤᠨ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠠᠳᠠᠪᠴᠢ ᠪᠠᠯᠭᠠᠰᠤᠨ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠮᠠᠯᠵᠢᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠤ ᠢᠦᠶ ᠯᠦᠩ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠰᠢᠤᠢ ᠶᠢᠩ ᠵᠢᠶᠠᠨ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠧᠤ ᠸᠧ ᠮᠢᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠴᠠᠩ ᠵᠧᠩ᠂ ᠶᠣᠣ ᠬᠠᠶ ᠰᠢᠶᠠ᠂ ᠺᠧ ᠰᠢᠶᠤᠤ ᠮᠢᠩ ᠵᠢᠴᠢ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ ᠬᠢᠩᠭᠠᠨ ᠴᠢᠬᠤᠯᠠᠴᠢᠯᠠᠭᠰᠠᠨ ᠨᠢ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶ᠎ᠠ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠶ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠬᠠᠯᠳᠠᠪᠦᠷᠢᠯᠠᠬᠤ ᠶᠢ ᠴᠢᠩᠭ᠎ᠠ ᠰᠡᠷᠭᠡᠶᠢᠯᠡᠬᠦ ᠶᠢ ᠣᠳᠣᠬᠠᠨ ᠤ ᠴᠢᠬᠤᠯᠠ ᠶᠡᠭᠡ ᠡᠭᠦᠷᠭᠡ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠬᠢᠩᠭᠠᠨ ᠱᠠᠭᠠᠷᠳᠠᠭᠰᠠᠨ ᠨᠢ᠂ ︽ᠨᠠᠮ ᠤᠨ ᠪᠠᠶᠢᠭᠤᠯᠤᠯᠲᠠ ᠶᠢᠨ ᠲᠣᠤᠷ ᠰᠦᠯᠵᠢᠶ᠎ᠡ ᠶᠢ ᠨᠠᠷᠢᠯᠢᠬᠵᠢᠭᠤᠯᠵᠤ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠪᠤᠴᠠ ᠳᠠᠬᠢ ︽ᠳᠠᠭᠠᠭᠤᠯᠤᠭᠴᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠪᠠ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃     ᠲᠣᠰ ᠡᠳᠦᠷ ᠲᠤ ᠪᠦᠭᠦ ᠬᠤᠰᠢᠭᠤᠨ ᠤ ᠨᠠᠮ ᠵᠠᠰᠠᠭ ᠤᠨ ᠪᠠᠶᠢᠭᠤᠯᠤᠯᠭ᠎ᠠ ᠶᠢᠨ ︽ᠭᠠᠴᠠᠭ᠎ᠠ ᠲᠣᠰᠬᠤᠨ ᠨᠡᠶᠢᠭᠡᠮ ᠲᠣᠭᠤᠷᠢᠭ ᠲᠤ ᠬᠦᠷᠴᠦ ᠠᠵᠤ ᠠᠬᠤᠶᠢᠯᠠᠯ ᠢᠶᠠᠷ ᠶᠠᠪᠤᠵᠤ ᠤᠯᠠᠨ ᠲᠦᠮᠡᠨ ᠢ ᠰᠤᠷᠪᠤᠯᠵᠢᠯᠠᠬᠤ︾ ᠶᠡᠭᠡ ᠰᠤᠷᠪᠤᠯᠵᠢᠯᠠᠬᠤ ᠠᠵᠢᠯᠯᠠᠭ᠎ᠠ ᠶᠢ ᠠᠬᠢᠭᠤᠯᠬᠤ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠪᠦᠬᠡ ᠬᠤᠷᠠᠯ ᠳᠤ ᠣᠷᠣᠯᠴᠠᠵᠤ᠂ ᠡᠯ᠎ᠡ ᠰᠤᠮᠤ ᠪᠠᠯᠭᠠᠰᠤ ︵ᠲᠠᠯᠠᠪᠠᠢ︶᠂ ᠪᠦᠭᠦ ᠬᠤᠰᠢᠭᠤᠨ ᠤ ᠨᠠᠮ ᠵᠠᠰᠠᠭ ᠤᠨ ᠪᠠᠶᠢᠭᠤᠯᠤᠯᠭ᠎ᠠ ᠶᠢᠨ ᠭᠤᠣᠯ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃ ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠠᠴᠠ ᠨᠠᠰᠢ᠂ ᠪᠥᠬᠦ ᠬᠤᠰᠢᠭᠤᠨ ᠤ ᠡᠯ᠎ᠡ ᠹᠷᠣᠨᠲ ᠤᠨ ᠨᠥᠬᠦᠳ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠣᠯᠤᠨ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠮᠦᠨᠡᠬᠢ ᠱᠠᠲᠤᠨ ᠤ ᠠᠮᠤᠷ ᠲᠣᠭᠲᠠᠭᠤᠨ ᠢ ᠬᠠᠮᠠᠭᠠᠯᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠥᠮᠦᠰ ᠢ ᠪᠠᠶᠠᠷᠯᠠᠭᠤᠯᠤᠮ᠎ᠠ ᠠᠮᠵᠢᠯᠲᠠ ᠣᠯᠵᠠᠶ᠃    ★ 9 ᠰᠠᠷ᠎ᠠ ᠶᠢᠨ 4 ᠤ ᠡᠳᠦᠷ ᠵᠡᠭᠦᠨ ᠦᠵᠦᠮᠦᠴᠢᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠶ ᠶᠢᠨ ᠲᠠᠯᠠᠪᠤᠷ ᠤᠨ ᠬᠤᠷᠠᠯ ᠵᠢᠴᠢ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠲᠠᠪᠴᠠᠩ ᠤᠨ ᠮᠦᠷᠦᠶᠢᠴᠡᠭᠡᠨ︾ ᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠤᠯᠢᠶᠠᠰᠤᠲᠠᠶ ᠪᠠᠯᠭᠠᠰᠤᠨ ᠤ ᠡᠩᠬᠡᠵᠢᠷᠭᠠᠯᠠᠩ ᠭᠠᠴᠠᠭᠠᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠶᠠᠪᠤᠭᠳᠠᠪᠠ᠃ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠠᠵᠢᠯᠯᠠᠭ᠎ᠠ ᠡᠬᠢᠯᠡᠭᠰᠡᠨ ᠢ ᠵᠠᠷᠯᠠᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠧᠦ ᠢᠦᠢ ᠯᠦᠩ ᠪᠠᠶᠠᠷ ᠤᠨ ᠦᠭᠡ ᠬᠡᠯᠡᠵᠡᠶ᠃    ★ 9 ᠰᠠᠷ᠎ᠠ ᠶᠢᠨ 5 ᠤ ᠡᠳᠦᠷ ᠵᠡᠭᠦᠨ ᠦᠵᠦᠮᠦᠴᠢᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠶ ᠶᠢᠨ ᠲᠠᠯᠠᠪᠤᠷ ᠤᠨ ᠬᠤᠷᠠᠯ ᠵᠢᠴᠢ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠲᠠᠪᠴᠠᠩ ᠤᠨ ᠮᠦᠷᠦᠶᠢᠴᠡᠭᠡᠨ︾ ᠤ ᠠᠵᠢᠯᠯᠠᠭ᠎ᠠ ᠨᠢ ᠤᠯᠠᠭᠠᠨᠮᠥ᠋ᠴᠢᠷ ᠤᠨ ᠮᠡᠳᠡᠭᠦᠯᠦᠯᠲᠡ ᠶᠢᠨ ᠲᠢᠩᠬᠢᠮ ᠳᠤ ᠲᠡᠭᠦᠰ ᠠᠮᠵᠢᠯᠲᠠ ᠲᠠᠢ ᠲᠡᠭᠦᠰᠪᠡ᠃ ᠬᠤᠰᠢᠭᠤ ᠨᠠᠮ ᠤᠨ ᠬᠤᠷᠢᠶ᠎ᠠ ᠶᠢᠨ ᠱᠦᠵᠢ ᠬᠢᠩᠭᠠᠨ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠤ ᠢᠦᠶ ᠯᠦᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠭᠠᠲᠤᠷ ᠵᠡᠷᠭᠡ ᠳᠥᠷᠪᠡᠨ ᠶᠡᠭᠡ ᠪᠠᠭ ᠤᠨ ᠬᠤᠰᠢᠭᠤᠨ ᠳᠤ ᠪᠠᠶᠢᠭ᠎ᠠ ᠪᠦᠷᠢᠯᠳᠦᠬᠦᠨ ᠪᠠ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠭᠤᠤᠯ ᠬᠠᠷᠢᠭᠤᠴᠠᠯᠭᠠᠲᠠᠳ ᠠᠵᠢᠯᠯᠠᠭ᠎ᠠ ᠳᠤ ᠣᠷᠣᠯᠴᠠᠵᠤ᠂ ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ᠂ ᠨᠠᠮ ᠤᠨ ᠬᠤᠷᠢᠶ᠎ᠠ ᠶᠢᠨ ᠳᠡᠳ᠋ ᠱᠦᠵᠢ᠂ ᠵᠣᠬᠢᠶᠠᠨ ᠪᠠᠶᠢᠭᠤᠯᠬᠤ ᠭᠡᠰᠢᠭᠦᠨ᠂ ᠤᠬᠠᠭᠤᠯᠬᠤ ᠭᠡᠰᠢᠭᠦᠨ᠂ ᠳᠡᠳ᠋ ᠰᠤᠮᠤ ᠪᠠᠯᠭᠠᠰᠤᠨ ᠤ ᠳᠠᠷᠤᠭ᠎ᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠠᠷᠤᠭ᠎ᠠ︔ ᠬᠤᠰᠢᠭᠤ ᠨᠠᠮ ᠤᠨ ᠬᠤᠷᠢᠶ᠎ᠠ ᠶᠢᠨ ᠡᠯ᠎ᠡ ᠶᠠᠮᠤᠨ ᠵᠥᠪᠯᠡᠯ ᠠᠯᠪᠠᠨ ᠬᠡᠷ ᠲᠣᠪᠴᠢᠶ᠎ᠠ᠂ ᠬᠤᠰᠢᠭᠤ ᠰᠢᠭᠤᠳ ᠬᠠᠷᠢᠶ᠎ᠠ᠂ ᠬᠤᠰᠢᠭᠤᠨ ᠳᠤ ᠰᠠᠭᠤᠭ᠎ᠠ ᠡᠯ᠎ᠡ ᠬᠠᠮᠢᠶ᠎ᠠ ᠪᠥᠬᠦᠶ ᠨᠢᠭᠡᠴᠡ᠂ ᠡᠯ᠎ᠡ ᠠᠷᠠᠳ ᠤᠨ ᠪᠦᠯᠬᠦᠮ᠂ ᠡᠯ᠎ᠡ ᠬᠠᠮᠢᠶ᠎ᠠ ᠪᠥᠬᠦᠶ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ︔ ᠡᠯ᠎ᠡ ᠭᠠᠴᠠᠭ᠎ᠠ᠂ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠪᠣᠯᠤᠨ 2022 ᠣᠨ ᠤ ᠮᠠᠯᠵᠢᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠰᠢᠯᠭᠠᠷᠠᠭᠤᠯᠬᠤ ᠠᠵᠢᠯᠯᠠᠭ᠎ᠠ ᠶᠢᠨ ᠱᠠᠩᠨᠠᠯ ᠭᠥᠷᠳᠡᠭᠰᠡᠨ ᠭᠠᠴᠠᠭ᠎ᠠ᠂ ᠮᠠᠯᠴᠢᠳ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠵᠠᠶ᠃    ᠮᠥᠨ ᠡᠳᠦᠷ ᠲᠤ ᠵᠡᠭᠦᠨ ᠦᠵᠦᠮᠦᠴᠢᠨ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶᠠᠨ ᠤ ᠬᠤᠯᠪᠣᠭᠠᠲᠤ ᠬᠤᠷᠰᠢᠶᠠᠨ ᠤ ᠳᠣᠯᠣᠳᠤᠭᠠᠷ ᠬᠤᠭᠤᠴᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠠᠮᠵᠢᠯᠲᠠ ᠲᠠᠢ ᠬᠤᠷᠠᠯᠳᠤᠪᠠ᠃ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠠᠯᠲᠠᠨᠪᠠᠭᠠᠨ᠎ᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠠᠯᠲᠠᠨᠪᠠᠭᠠᠨ᠎ᠠ᠂ ᠪᠦᠬᠦ ᠬᠤᠰᠢᠭᠤᠨ ᠤ ᠬᠠᠩᠭᠠᠨ ᠪᠣᠷᠣᠯᠠᠭᠤᠯᠬᠤ ᠰᠢᠰᠲ᠋ᠧᠮ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠩᠨᠡᠭᠡᠨ ᠤ ᠪᠠᠶᠢᠭᠤᠯᠤᠯᠲᠠ ᠪᠣᠯᠤᠨ ᠰᠤᠷᠲᠠᠯ ᠤᠨ ᠪᠠᠶᠢᠭᠤᠯᠤᠯᠲᠠ ᠪᠠᠨ ᠴᠢᠩᠭᠠᠳᠬᠠᠵᠤ᠂ ᠠᠵᠢᠯ ᠲᠦᠷᠦᠯ ᠤᠨ ᠰᠢᠨ᠎ᠡ ᠰᠤᠷᠲᠠᠯ ᠢ ᠪᠤᠢ ᠪᠣᠯᠭᠠᠵᠤ᠂ ᠲᠦᠷᠢᠮ ᠢ ᠵᠢᠷᠤᠮᠯᠠᠵᠤ ᠰᠠᠬᠢᠯᠭ᠎ᠠ ᠪᠠᠲᠤ ᠶᠢ ᠰᠠᠬᠢᠬᠤ᠂ ᠳᠦᠷᠢᠮᠵᠢᠭᠦᠨ ᠢᠶᠠᠷ ᠤᠴᠢᠷ ᠶᠠᠪᠤᠳᠠᠯ ᠢ ᠭᠦᠢᠴᠡᠳᠭᠡᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ★ 9 ᠰᠠᠷ᠎ᠠ ᠶᠢᠨ 10 ᠤ ᠡᠳᠦᠷ ᠪᠣᠯ ᠶᠠᠭ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠪᠣᠯᠤᠨ᠎ᠠ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠬᠢᠩᠭᠠᠨ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠤ ᠢᠦᠶ ᠯᠦᠩ ᠵᠡᠭᠦᠨ ᠬᠠᠲᠠᠪᠴᠢ ᠪᠣᠭᠤᠮᠲᠠ᠂ ᠤᠯᠢᠶᠠᠰᠤᠲᠠᠶ ᠪᠠᠯᠭᠠᠰᠤᠨ ᠤ ᠡᠮᠦᠨ᠎ᠡ  ᠪᠠᠶᠢᠴᠠᠭᠠᠯᠲᠠ ᠶᠢᠨ ᠥᠷᠲᠡᠭᠡ ᠵᠢᠴᠢ ᠡᠯ᠎ᠡ ᠲᠥᠪᠯᠡᠷᠡᠭᠦᠯᠦᠨ ᠲᠤᠰᠠᠭᠠᠷᠯᠠᠭᠰᠠᠨ ᠠᠨᠠᠭᠠᠬᠤ ᠤᠬᠠᠭᠠᠨ ᠤ ᠠᠵᠢᠭᠯᠠᠯᠲᠠ ᠶᠢᠨ ᠴᠡᠭ ᠲᠤ ᠭᠦᠨᠵᠡᠭᠡᠶᠢᠷᠡᠨ᠂ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠬᠢᠵᠢᠭ ᠰᠡᠷᠭᠡᠶᠢᠯᠡᠬᠦ ᠪᠥᠬᠦ ᠬᠥᠮᠦᠰ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠪᠦᠬᠡ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠸᠠᠩ ᠬᠤᠩ ᠶᠠᠨ ᠬᠠᠮᠲᠤ ᠪᠠᠷ ᠲᠣᠬᠤᠨᠢᠭᠤᠯᠪᠠ᠃    9 ᠰᠠᠷ᠎ᠠ ᠶᠢᠨ 13 ᠤ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠤ ᠢᠦᠶ ᠯᠦᠩ ᠵᠡᠭᠦᠨ ᠬᠠᠲᠠᠪᠴᠢ ᠪᠣᠭᠤᠮᠲᠠ ᠳᠤ ᠭᠦᠨᠵᠡᠭᠡᠶᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠵᠤ᠂ ᠳᠠᠬᠢᠨ ᠲᠣᠬᠢᠷᠠᠭᠤᠯᠵᠤ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠳᠠᠬᠢᠨ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢ ᠳᠠᠬᠢᠨ ᠨᠠᠷᠢᠯᠢᠬᠵᠢᠭᠤᠯᠬᠤ ᠶᠢ ᠠᠬᠢᠭᠤᠯᠪᠠ᠃ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠰᠢᠤᠢ ᠶᠢᠩ ᠵᠢᠶᠠᠨ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠸᠠᠩ ᠬᠤᠩ ᠶᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠰᠠᠷᠠᠨᠰᠦ᠋ᠬᠡ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠶᠣᠣ ᠬᠠᠶ ᠰᠢᠶᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠬᠢᠩᠭᠠᠨ ᠴᠢᠬᠤᠯᠠᠴᠢᠯᠠᠭᠰᠠᠨ ᠨᠢ᠂ ᠪᠣᠭᠤᠮᠲᠠ ᠶᠢᠨ ᠰᠡᠷᠭᠡᠶᠢᠯᠡᠨ ᠡᠵᠡᠮᠳᠡᠬᠦ ᠪᠣᠯ ︽ᠭᠠᠳᠠᠭᠠᠳᠤ ᠠᠴᠠ ᠬᠠᠯᠳᠠᠪᠦᠷᠢᠯᠠᠬᠤ ᠶᠢ ᠰᠡᠷᠭᠡᠶᠢᠯᠡᠬᠦ︾ ᠶᠢᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠮᠥᠨ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠪᠤᠳᠤᠯᠢᠶᠠᠨᠲᠤ ᠴᠢᠨᠠᠷ᠂ ᠬᠦᠨᠳᠦ ᠨᠣᠴᠢᠲᠠᠶ ᠴᠢᠨᠠᠷ ᠢ ᠭᠦᠨᠵᠡᠭᠡᠶ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠠᠪᠤᠳᠠᠯ ᠢ ᠣᠳᠣᠬᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠰᠤᠯᠠᠷᠠᠨ ᠬᠤᠶᠢᠷᠭᠤᠰᠢᠬᠤ ᠦᠵᠡᠯ ᠰᠠᠨᠠᠭ᠎ᠠ ᠶᠢ ᠡᠷᠡᠰ ᠬᠠᠯᠬᠠᠯᠠᠵᠤ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠤᠷ ᠢ ᠨᠢᠭᠲᠠ ᠪᠥᠭᠡᠳ ᠪᠠᠲᠤ ᠰᠦᠯᠵᠢᠬᠦ ᠬᠡᠷᠡᠭᠲᠡᠶ᠃    9 ᠰᠠᠷ᠎ᠠ ᠶᠢᠨ 15 ᠤ ᠡᠳᠦᠷ ᠳᠡᠭᠡᠷ᠎ᠡ ᠭᠤᠷᠪᠠᠨ ᠱᠠᠲᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠢᠷᠢᠰ ᠬᠤᠷᠠᠯ ᠤᠨ ᠵᠣᠷᠢᠭ ᠰᠠᠨᠠᠭ᠎ᠠ ᠪᠠ ᠬᠤᠯᠪᠣᠭᠳᠠᠯ ᠪᠥᠬᠦᠶ ᠤᠳᠤᠷᠢᠳᠤᠯᠭ᠎ᠠ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 9 ᠰᠠᠷ᠎ᠠ ᠶᠢᠨ 15 ᠤ ᠡᠳᠦᠷ᠂ ᠵᠡᠭᠦᠨ ᠦᠵᠦᠮᠦᠴᠢᠨ ᠬᠤᠰᠢᠭᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠥᠬᠦ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠴᠢᠬᠤᠯᠠᠴᠢᠯᠠᠵᠤ᠂ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠤ ᠢᠦᠶ ᠯᠦᠩ ᠬᠤᠷᠠᠯ ᠢ ᠡᠷᠭᠢᠯᠡᠵᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠭᠠᠲᠤᠷ ᠵᠢᠴᠢ ᠬᠤᠰᠢᠭᠤ ᠳᠥᠷᠪᠡᠨ ᠶᠡᠭᠡ ᠪᠠᠭ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠬᠤᠰᠢᠭᠤᠨ ᠳᠤ ᠪᠠᠶᠢᠭ᠎ᠠ ᠭᠠᠵᠠᠷ ᠤᠨ ᠲᠠᠰ ᠤᠨ ᠤᠳᠤᠷᠢᠳᠬᠤ ᠺᠠᠳ᠋ᠷ ᠪᠣᠯᠤᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠭᠠᠵᠠᠷ ᠣᠷᠣᠨ ᠤ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃    9 ᠰᠠᠷ᠎ᠠ ᠶᠢᠨ 16 ᠤ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯ ᠵᠢᠴᠢ ᠬᠤᠰᠢᠭᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ 2022 ᠣᠨ ᠤ 8 ᠳ᠋ᠤᠭᠠᠷ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠣᠭᠲᠠᠮᠠᠯ ᠬᠤᠷᠠᠯ ᠢ ᠡᠷᠭᠢᠯᠡᠨ ᠬᠤᠷᠠᠯᠳᠤᠭᠤᠯᠵᠤ᠂ ᠳᠡᠭᠡᠷ᠎ᠡ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠡᠯ᠎ᠡ ᠬᠦᠷᠢᠶᠡᠨ ᠤ ᠠᠮᠤᠷ ᠲᠦᠪᠰᠢᠨ ᠲᠣᠭᠲᠠᠭᠤᠨ ᠤ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠷᠠᠯ ᠠᠴᠠ᠂ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠨᠢᠮᠪᠠᠢ ᠲᠤᠬᠢᠷᠠᠭᠤᠯᠤᠨ ᠪᠠᠶᠢᠷᠢᠯᠠᠭᠤᠯᠵᠤ᠂ ᠡᠯ᠎ᠡ ᠵᠦᠢᠯ ᠤᠨ ᠠᠷᠭ᠎ᠠ  ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡ ᠶᠢ ᠦᠯᠦ ᠡᠭᠦᠰᠭᠡᠬᠦ︾ ᠬᠤᠷᠢᠭ᠎ᠠ ᠱᠤᠭᠤᠮ ᠢ ᠡᠷᠡᠰ ᠰᠠᠬᠢᠵᠤ᠂ ᠡᠯ᠎ᠡ ᠵᠦᠢᠯ ᠤᠨ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠡᠮ ᠰᠣᠭᠤᠭ ᠤᠨ ᠠᠰᠠᠭᠤᠳᠠᠯ ᠢ ᠲᠤᠤᠱᠲᠠᠢ ᠪᠠᠶᠢᠴᠠᠭᠠᠵᠤ᠂ ᠲᠤᠤᠱᠲᠠᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ★ 9 ᠰᠠᠷ᠎ᠠ ᠶᠢᠨ 24 ᠤ ᠡᠳᠦᠷ ᠵᠡᠭᠦᠨ ᠦᠵᠦᠮᠦᠴᠢᠨ ᠬᠤᠰᠢᠭᠤᠨ ᠤ ᠬᠢᠨ ᠤᠯᠢᠶᠠᠰᠤᠲᠠᠶ ᠪᠠᠯᠭᠠᠰᠤᠨ ᠤ ᠪᠥᠬᠦ ᠰᠠᠭᠤᠭᠠᠯᠢ ᠠᠷᠠᠳ ᠲᠤ ᠤᠷᠢᠳᠴᠢᠯᠠᠨ ᠰᠡᠷᠭᠡᠶᠢᠯᠡᠬᠦ ᠴᠢᠨᠠᠷᠲᠠᠶ ᠪᠥᠭᠡᠮ ᠬᠦᠴᠢᠯ ᠤᠨ ᠥᠯᠢᠭᠡᠷ ᠠᠪᠬᠤ ᠪᠣᠳᠠᠲᠤ ᠪᠠᠶᠢᠯᠳᠤᠭᠠᠨ ᠤ ᠰᠣᠷᠢᠯᠲᠠ ᠬᠢᠬᠦ ᠶᠢᠨ ᠬᠠᠮᠲᠤ ᠪᠥᠬᠦ ᠪᠠᠯᠭᠠᠰᠤ ᠪᠠᠷ ᠢᠶᠠᠨ ᠨᠠᠮ ᠵᠢᠮ ᠪᠠᠶᠢᠳᠠᠯ ᠳᠤ ᠣᠷᠣᠵᠤ᠂ ᠬᠢᠩᠭᠠᠨ᠂ ᠵᠧᠤ ᠢᠦᠶ ᠯᠦᠩ ᠵᠡᠷᠭᠡ ᠤᠳᠤᠷᠢᠳᠤᠯᠭ᠎ᠠ ᠲᠤᠬᠠᠶ ᠶᠢᠨ ᠲᠠᠯᠠᠪᠤᠷ ᠲᠤ ᠪᠠᠶᠢᠴᠠᠭᠠᠯᠲᠠ ᠬᠢᠵᠦ ᠰᠣᠷᠢᠯᠲᠠ ᠶᠢ ᠵᠢᠭᠠᠨ ᠵᠢᠯᠣᠭᠤᠳᠪᠠ᠃    ★ 9 ᠰᠠᠷ᠎ᠠ ᠶᠢᠨ 25 ᠤ ᠡᠳᠦᠷ ᠵᠡᠭᠦᠨ ᠦᠵᠦᠮᠦᠴᠢᠨ ᠬᠤᠰᠢᠭᠤᠨ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠠᠵᠢᠯ ᠤᠨ ᠪᠣᠯᠪᠠᠰᠤᠷᠠᠯ ᠤᠨ ᠬᠤᠷᠠᠯ ᠡᠷᠭᠢᠯᠡᠪᠡ᠃ ᠠᠶᠢᠮᠠᠭ ᠤᠨ ᠵᠠᠬᠢᠷᠭ᠎ᠠ ᠶᠢᠨ ᠠᠶᠢᠮᠠᠭ ᠤᠨ ᠳᠡᠳ᠋ ᠳᠠᠷᠤᠭ᠎ᠠ᠂ ᠠᠶᠢᠮᠠᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠲᠤᠰᠬᠠᠶ ᠠᠩᠭᠢ ᠶᠢᠨ ᠶᠡᠷᠦᠩᠬᠡᠶ ᠵᠢᠯᠣᠭᠤᠳᠣᠭᠴᠢ ᠶᠠᠩ ᠯᠢ ᠲᠤᠰᠬᠠᠶ ᠰᠡᠳᠦᠪᠲᠦ ᠪᠣᠯᠪᠠᠰᠤᠷᠠᠭᠤᠯᠤᠯ ᠬᠢᠵᠦ᠂ ᠬᠤᠰᠢᠭᠤ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠺᠧ ᠰᠢᠶᠤᠤ ᠮᠢᠩ ᠬᠤᠷᠠᠯ ᠢ ᠡᠷᠭᠢᠯᠡᠪᠡ᠃ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠰᠡᠴᠡᠨ᠂ ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠲᠤᠰᠬᠠᠶ ᠠᠩᠭᠢ ᠶᠢᠨ ᠪᠥᠬᠦ ᠭᠡᠰᠢᠭᠦᠨ᠂ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠵᠢᠴᠢ ᠤᠯᠢᠶᠠᠰᠤᠲᠠᠶ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠬᠤᠷᠠᠯ ᠠᠴᠠ ᠱᠠᠭᠠᠷᠳᠠᠭᠰᠠᠨ ᠨᠢ᠂ ᠬᠤᠷᠠᠯ ᠳᠤ ᠣᠷᠣᠯᠴᠠᠭᠰᠠᠨ ᠡᠯ᠎ᠡ ᠨᠢᠭᠡᠴᠡ ᠭᠦᠨᠵᠡᠭᠡᠶ ᠰᠤᠷᠤᠯᠴᠠᠨ ᠣᠶᠢᠯᠠᠭᠠᠬᠤ ᠶᠢᠨ ᠬᠠᠮᠲᠤ ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠠᠵᠢᠯ ᠤᠨ ᠳᠤᠲᠠᠭᠳᠠᠯ ᠢᠶᠠᠨ ᠪᠠᠶᠢᠴᠠᠭᠠᠨ ᠨᠥᠬᠦᠪᠥᠷᠢᠯᠡᠵᠦ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠨᠡᠮᠡᠭᠳᠡᠭᠦᠯᠦᠨ᠂ ᠠᠶᠤᠯ ᠲᠦᠭᠰᠢᠭᠦᠷᠢ ᠶᠢᠨ ᠳᠤᠲᠠᠭᠳᠠᠯ ᠪᠠ ᠪᠠᠭᠤᠷᠠᠶ ᠭᠤᠭᠴᠤᠭ᠎ᠠ ᠶᠢ ᠬᠢᠨᠠᠨ ᠦᠵᠡᠵᠦ᠂ ᠦᠯᠦ ᠬᠠᠮᠤᠷᠴᠤ ᠴᠢᠳᠠᠬᠤ ᠴᠡᠭ ᠢ ᠲᠣᠳᠣᠷᠬᠠᠶᠢᠯᠠᠨ᠂ ᠳᠤᠲᠠᠭᠳᠠᠯ ᠢᠶᠠᠨ ᠨᠥᠬᠦᠪᠥᠷᠢᠯᠡᠵᠦ᠂ ᠪᠠᠭᠤᠷᠠᠶ ᠲᠠᠯ᠎ᠠ ᠪᠠᠨ ᠪᠠᠭᠤᠷᠠᠭᠤᠯᠤᠨ᠂ ᠠᠶᠤᠯ ᠲᠦᠭᠰᠢᠭᠦᠷᠢ ᠶᠢ ᠦᠨᠳᠦᠰᠦᠨ ᠠᠴᠠ ᠨᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠠᠰᠬᠠᠵᠤ᠂ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠰᠠᠶᠢᠲᠤᠷ ᠰᠠᠬᠢᠬᠤ ᠬᠡᠷᠡᠭᠲᠡᠶ᠃ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠵᠤ᠂ ᠬᠢᠨᠠᠨ ᠵᠢᠯᠣᠭᠤᠳᠴᠤ ᠪᠠᠶᠢᠴᠠᠭᠠᠬᠤ ᠶᠢ ᠴᠢᠩᠭᠠᠳᠬᠠᠵᠤ᠂ ᠬᠠᠮᠢᠶᠠᠷᠤᠨ ᠡᠵᠡᠮᠳᠡᠬᠦ ᠲᠣᠭᠲᠠᠴᠠ ᠶᠢ ᠲᠣᠭᠲᠠᠭᠠᠵᠤ᠂ ᠲᠤᠰᠬᠠᠢ ᠬᠥᠮᠦᠨ ᠢᠶᠠᠷ ᠬᠠᠮᠢᠶᠠᠷᠤᠭᠤᠯᠵᠤ᠂ ᠵᠢᠭᠰᠠᠭᠠᠨ ᠪᠠᠶᠢᠴᠠᠭᠠᠬᠤ ᠲᠣᠣᠷ ᠢ ᠤᠯᠠᠮ ᠨᠢᠭᠡ ᠠᠯᠬᠤᠮ ᠨᠢᠭᠲᠠ ᠰᠦᠯᠵᠢᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠡᠭᠦᠳᠡ ᠪᠠᠨ ᠰᠠᠶᠢᠲᠤᠷ ᠰᠠᠬᠢᠵᠤ᠂ ᠬᠥᠮᠦᠨ ᠢᠶᠠᠨ ᠰᠠᠶᠢᠲᠤᠷ ᠬᠠᠷᠠᠭᠠᠯᠵᠠᠵᠤ᠂ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃    ★ 9 ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ᠂ ᠬᠥᠪᠡᠭᠡᠲᠦ ᠰᠢᠷ᠎ᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠣᠷᠢᠭᠲᠤ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠳᠡᠳ᠋ ᠡᠷᠬᠢᠯᠡᠭᠴᠢ ᠵᠢᠴᠢ ᠠᠯᠪᠠᠨ ᠭᠡᠷ᠂ ᠠᠵᠢᠯᠲᠠᠨ ᠤ ᠶᠠᠪᠤᠳᠠᠯ ᠤᠨ ᠲᠥᠯᠥᠭᠡᠯᠡᠭᠴᠢ ᠶᠢᠨ ᠠᠵᠢᠯ ᠤᠨ ᠺᠣᠮᠢᠰ ᠤᠨ ᠬᠠᠷᠢᠭᠤᠴᠠᠯᠭᠠᠲᠠᠳ᠂ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢ ᠳᠠᠭᠠᠭᠤᠯᠤᠨ ᠵᠡᠭᠦᠨ ᠦᠵᠦᠮᠦᠴᠢᠨ ᠬᠤᠰᠢᠭᠤᠨ ᠳᠤ ᠬᠦᠷᠴᠦ ᠰᠢᠨᠵᠢᠯᠡᠨ ᠪᠠᠶᠢᠴᠠᠭᠠᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠬᠠᠶ ᠪᠦᠦ᠂ ᠰᠠᠷᠠᠨᠰᠦ᠋ᠬᠡ᠂ ᠪᠠᠶᠢᠩᠭᠤ ᠶᠢᠨ ᠬᠤᠷᠢᠶ᠎ᠠ ᠶᠢᠨ ᠠᠯᠪᠠᠨ ᠬᠡᠷ᠂ ᠠᠵᠢᠯᠲᠠᠨ ᠤ ᠶᠠᠪᠤᠳᠠᠯ ᠤᠨ ᠲᠥᠯᠥᠭᠡᠯᠡᠭᠴᠢ ᠶᠢᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠳ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃    ★ 9 ᠰᠠᠷ᠎ᠠ ᠶᠢᠨ 26 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠢᠩᠭᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠪᠦᠭᠦ ᠲᠠᠯ᠎ᠠ ᠪᠠᠷ ᠬᠠᠤᠯᠢ ᠶᠣᠰᠣᠭᠠᠷ ᠬᠤᠰᠢᠭᠤ ᠶᠢ ᠵᠠᠰᠠᠬᠤ ᠬᠤᠷᠢᠶᠠᠨ ᠤ ᠳᠥᠷᠪᠡᠳᠦᠭᠡᠷ ᠤᠳᠠᠭᠠᠨ ᠤ ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ︽11 ᠶᠢ ᠪᠠᠷᠢᠮᠲᠠᠯᠠᠬᠤ︾ ᠱᠠᠭᠠᠷᠳᠠᠯᠭ᠎ᠠ ᠶᠢ ᠣᠨᠣᠪᠴᠢᠲᠠᠢ ᠤᠢᠢᠯᠠᠭᠠᠨ ᠡᠵᠡᠮᠰᠢᠵᠦ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠬᠠᠤᠯᠢᠵᠢᠯ ᠤᠨ ᠵᠡᠭᠦᠨ ᠦᠵᠦᠮᠦᠴᠢᠨ ᠤ ᠪᠠᠶᠢᠭᠤᠯᠤᠯᠲᠠ ᠶᠢᠨ ᠪᠦᠬᠦ ᠶᠠᠪᠤᠴᠠ᠂ ᠡᠯ᠎ᠡ ᠬᠦᠷᠢᠶᠡᠨ ᠳᠤ ᠦᠨᠡᠨᠬᠦ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃    9 ᠰᠠᠷ᠎ᠠ ᠶᠢᠨ 27 ᠤ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠪᠥᠬᠦ ᠬᠤᠰᠢᠭᠤᠨ ᠤ ︽ᠪᠥᠬᠦ ᠠᠶᠢᠮᠠᠭ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ︾ ᠶᠢ ᠳᠥᠯᠭᠢᠨ ᠠᠬᠢᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠬᠢᠨ ᠬᠡᠷ ᠲᠡᠭᠡᠨ ᠤᠳᠤᠷᠢᠳᠬᠤ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠭᠤᠤᠯ ᠬᠠᠷᠢᠭᠤᠴᠠᠯᠭᠠᠲᠠᠳ ᠬᠤᠷᠠᠯ ᠳᠤ ᠣᠷᠣᠯᠴᠠᠵᠤ᠂ ᠨᠢᠭᠡᠳᠦᠮᠡᠯ ᠹᠷᠣᠨᠲ ᠤᠨ ᠬᠡᠯᠲᠡᠰ ᠪᠣᠯᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠤᠳᠤᠷᠢᠳᠬᠤ ᠪᠠᠭ ᠤᠨ ᠭᠡᠰᠢᠭᠦᠨ᠂ ᠬᠤᠰᠢᠭᠤ ᠰᠢᠭᠤᠳ ᠬᠠᠷᠢᠶ᠎ᠠ᠂ ᠬᠤᠰᠢᠭᠤᠨ ᠳᠤ ᠰᠠᠭᠤᠭ᠎ᠠ ᠡᠯ᠎ᠡ ᠨᠢᠭᠡᠴᠡ ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠤᠨ ᠱᠦᠵᠢ᠂ ᠡᠯ᠎ᠡ ᠠᠷᠠᠳ ᠤᠨ ᠪᠦᠯᠬᠦᠮ ᠤᠨ ᠭᠤᠤᠯ ᠬᠠᠷᠢᠭᠤᠴᠠᠯᠭᠠᠲᠠᠳ ᠵᠢᠴᠢ ᠬᠤᠰᠢᠭᠤ ᠨᠠᠮ ᠤᠨ ᠬᠤᠷᠢᠶᠠᠨ ᠤ ᠡᠯ᠎ᠡ ᠶᠠᠮᠤᠨ ᠵᠥᠪᠯᠡᠯ ᠤᠨ ᠠᠯᠪᠠᠨ ᠬᠡᠷ ᠤᠨ ᠪᠠᠶᠢᠩᠭᠤ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃ ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠪᠥᠬᠦ ᠠᠶᠢᠮᠠᠭ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ︾ ᠠᠵᠢᠯ ᠢ ᠠᠬᠢᠭᠤᠯᠬᠤ ᠪᠠᠷ ᠠᠵᠠ ᠲᠣᠬᠢᠶᠠᠯ ᠪᠣᠯᠭᠠᠨ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠦᠨᠡᠨᠬᠦ ᠠᠳᠬᠤᠨ ᠪᠣᠳᠠᠲᠠᠶ ᠪᠠᠷ ᠠᠵᠢᠯᠯᠠᠵᠤ᠂ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠳᠡᠭᠲᠡᠷ ᠲᠤ ᠭᠠᠷᠴᠤ᠂ ᠬᠢᠷᠢ ᠲᠦᠪᠰᠢᠨ ᠳᠤ ᠬᠦᠷᠬᠦ ᠶᠢ ᠳᠥᠯᠭᠢᠨ ᠠᠬᠢᠭᠤᠯᠵᠤ᠂ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ᠃          ★ 9 ᠰᠠᠷ᠎ᠠ ᠶᠢᠨ 28 ᠤ ᠡᠳᠦᠷ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠧᠦ ᠢᠦᠢ ᠯᠦᠩ ᠪᠦᠭᠦ ᠬᠤᠰᠢᠭᠤᠨ ᠤ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠤᠨ ᠬᠤᠷᠠᠯ ᠵᠢᠴᠢ ᠬᠤᠰᠢᠭᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ 2022 ᠣᠨ ᠤ ᠶᠢᠰᠦᠳᠦᠭᠡᠷ ᠤᠳᠠᠭ᠎ᠠ ᠶᠢᠨ ᠠᠵᠢᠯ ᠤᠨ ᠡᠭᠡᠯᠵᠢᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠣᠶᠢᠷ᠎ᠠ ᠶᠢᠨ ᠬᠤᠭᠤᠴᠠᠭᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠪᠠ ︽12345︾ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠤᠯᠤᠰ ᠤᠨ ᠪᠠᠶᠠᠷ ᠤᠨ ᠠᠮᠠᠷᠠᠯᠲᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠭᠤᠴᠠᠭᠠᠨ ᠳᠠᠬᠢ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃    ★ 9 ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠭᠠᠬᠢᠯ ᠰᠤᠮᠤ ᠪᠠ ᠳᠠᠭᠤᠳᠤᠨᠠᠭᠤᠷ ᠪᠠᠯᠭᠠᠰᠤᠨ ᠳᠤ ᠭᠦᠨᠵᠡᠭᠡᠶᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠶ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ᠂ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ᠂ ᠨᠠᠮᠤᠷ ᠤᠨ ᠤᠯᠠᠷᠢᠯ ᠤᠨ ᠮᠠᠯ ᠠᠵᠤ ᠠᠬᠤᠶ ᠶᠢᠨ ᠦᠢᠯᠡᠳᠪᠦᠷᠢᠯᠡᠯ᠂ ᠬᠠᠮᠲᠤ ᠶᠢᠨ ᠠᠵᠤ ᠠᠬᠤᠶ ᠶᠢᠨ ᠬᠥᠭᠵᠢᠯᠲᠡ ᠵᠢᠴᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ᠃ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠰᠡᠴᠡᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ★ 9 ᠰᠠᠷ᠎ᠠ ᠶᠢᠨ 29 ᠤ ᠡᠳᠦᠷ ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠬᠤᠷᠠᠯᠳᠤᠵᠤ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠭᠠᠲᠤᠷ ᠬᠤᠷᠠᠯ ᠡᠷᠭᠢᠯᠡᠪᠡ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠯ᠎ᠡ ᠬᠤᠰᠢᠭᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠬᠤᠰᠢᠭᠤ ᠳᠠᠷᠤᠭ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠭᠦᠬᠦ ᠬᠤᠷᠢᠶ᠎ᠠ ᠵᠢᠴᠢ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠣᠲᠣᠭᠠᠳᠤ ᠶᠠᠪᠤᠳᠠᠯ ᠬᠠᠤᠯᠢ ᠴᠠᠭᠠᠵᠠ ᠶᠢᠨ ᠠᠵᠢᠯ ᠤᠨ ᠵᠥᠪᠯᠡᠯ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠦᠨᠳᠦᠰᠦᠲᠡᠨ ᠤ ᠬᠠᠮᠠᠭᠠᠯᠠᠯᠲᠠ ᠬᠠᠷᠢᠶᠠᠲᠤ ᠨᠠᠷ ᠤᠨ ᠠᠵᠢᠯ ᠤᠨ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠳ ᠵᠢᠴᠢ ᠬᠡᠰᠡᠭ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠶ᠃  
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号