10 ᠳ᠋ᠤᠭᠠᠷ ᠰᠠᠷ᠎ᠠ ᠶᠢᠨ ᠵᠡᠭᠦᠨ ᠦᠵᠦᠮᠦᠴᠢᠨ ᠬᠤᠰᠢᠭᠤᠨ ᠤ ᠪᠥᠬᠦ ᠬᠤᠰᠢᠭᠤᠨ ᠤ ᠴᠢᠬᠤᠯᠠ ᠵᠠᠰᠠᠭ ᠤᠨ ᠶᠠᠪᠤᠳᠠᠯ ᠤᠨ ᠠᠵᠢᠯᠯᠠᠭ᠎ᠠ
ᠨᠡᠶᠢᠲᠡᠯᠡᠭᠰᠡᠨ ᠴᠠᠭ᠄
2022/11/28
    ★ 10 ᠰᠠᠷ᠎ᠠ ᠶᠢᠨ 1 ᠤ ᠡᠳᠦᠷ ᠠᠴᠠ 7 ᠤ ᠡᠳᠦᠷ ᠪᠣᠯᠲᠠᠯᠠᠬᠢ ᠤᠯᠤᠰ ᠤᠨ ᠪᠠᠶᠠᠷ    ★ 10 ᠰᠠᠷ᠎ᠠ ᠶᠢᠨ 11 ᠤ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠰᠢᠭᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 10 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠬᠢᠩᠭᠠᠨ᠂ ᠵᠧᠦ ᠢᠦᠢ ᠯᠦᠩ᠂ ᠪᠠᠭᠠᠲᠤᠷ᠂ ᠪᠠᠲᠤᠮᠦ᠋ᠩᠬᠡ ᠶᠡᠷᠦᠩᠬᠡᠢ ᠱᠦᠵᠢ ᠰᠢ ᠶᠢᠨ ᠫᠢᠩ ᠤᠨ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠳᠤ ᠬᠦᠷᠭᠡᠬᠦ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠲᠤᠬᠠᠢ ᠴᠢᠬᠤᠯᠠ ᠥᠭᠦᠯᠡᠯᠲᠡ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠭᠤᠣᠯ ᠳᠤᠭᠤᠶᠢᠯᠠᠩ ᠤᠨ ᠪᠤᠰᠤᠳ ᠪᠦᠷᠢᠯᠳᠦᠬᠦᠨ ᠪᠢᠴᠢᠭ ᠤᠨ ᠰᠣᠯᠢᠯᠴᠠᠭᠠᠨ ᠤ ᠮᠠᠲ᠋ᠧᠷᠢᠶᠠᠯ ᠢᠶᠠᠨ ᠳᠡᠪᠰᠢᠭᠦᠯᠵᠡᠢ᠃    10 ᠰᠠᠷ᠎ᠠ ᠶᠢᠨ 16 ᠤ ᠡᠳᠦᠷ ᠳᠡᠯᠡᠬᠡᠶ ᠳ᠋ᠠᠬᠢᠨ ᠤ ᠠᠩᠬᠠᠷᠤᠯ ᠢ ᠲᠠᠲᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠬᠤᠷᠠᠯᠳᠣᠭᠤᠯᠪᠠ᠃ ᠰᠢ ᠶᠢᠨ ᠫᠢᠩ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠡᠶ᠎ᠡ ᠳᠡᠭᠡᠨ ᠢᠲᠡᠭᠡᠯ ᠲᠠᠢ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠭᠤᠣᠯᠴᠢ ᠪᠠᠷ ᠰᠢᠨ᠎ᠡ ᠶᠢ ᠡᠭᠦᠳᠴᠦ᠂ ᠡᠷᠡᠯᠬᠡᠭᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠶ᠎ᠡ︾ ᠭᠡᠬᠦ ᠢᠯᠡᠳᠬᠡᠯ ᠢ ᠬᠢᠵᠡᠢ᠃ ᠵᠡᠭᠦᠨ ᠦᠵᠦᠮᠦᠴᠢᠨ ᠬᠤᠰᠢᠭᠤᠨ ᠤ ᠥᠷᠭᠡᠨ ᠤᠯᠠᠨ ᠺᠠᠳ᠋ᠷ ᠤᠯᠠᠨ ᠲᠦᠮᠡᠨ ᠬᠡᠬᠦᠳᠡᠭ ᠳᠦᠭᠦᠷᠡᠩ ᠪᠠᠶᠠᠷ ᠪᠠᠭ᠋ᠠᠳᠤᠯᠳᠤ ᠰᠡᠳᠬᠢᠯᠭᠡ ᠪᠠᠷ ᠶᠡᠭᠡ ᠬᠤᠷᠠᠯ ᠤᠨ ᠦᠪᠡᠳᠡᠭᠰᠢ ᠪᠠᠶᠢᠳᠠᠯ ᠢ ᠨᠠᠷᠢᠨ ᠬᠢᠨᠠᠮᠠᠭᠠᠢ ᠰᠣᠨᠣᠰᠴᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠨᠢ ᠵᠡᠭᠦᠨ ᠦᠵᠦᠮᠦᠴᠢᠨ ᠬᠤᠰᠢᠭᠤᠨ ᠤ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠳᠤᠮᠳᠠ ᠴᠢᠩᠭ᠎ᠠ ᠲᠤᠰᠬᠠᠯ ᠭᠠᠷᠴᠠᠢ᠃    ★ 10 ᠰᠠᠷ᠎ᠠ ᠶᠢᠨ 18 ᠤ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠬᠤᠷᠢᠨ ᠳᠣᠯᠣᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠤ ᠢᠦᠶ ᠯᠦᠩ ᠵᠢᠴᠢ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ︔ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠭᠠᠲᠤᠷ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠮᠦ᠋ᠩᠬᠡ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠠᠩ ᠵᠧᠩ᠂ ᠶᠣᠣ ᠬᠠᠶ ᠰᠢᠶᠠ᠂ ᠰᠡᠴᠡᠨ᠂ ᠺᠧ ᠰᠢᠶᠤᠤ ᠮᠢᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃ ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠬᠢᠭᠰᠡᠨ ᠢᠯᠡᠳᠬᠡᠯ ᠤᠨ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠪᠠ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠢᠭᠰᠡᠨ ᠢᠯᠡᠳᠬᠡᠯ ᠨᠢ ᠨᠠᠮ ᠤᠨ ᠲᠤᠭ ᠢ ᠥᠨᠳᠥᠷ ᠮᠠᠨᠳᠤᠭᠤᠯᠵᠤ᠂ ᠭᠤᠣᠯ ᠰᠡᠳᠦᠪ ᠨᠢ ᠲᠣᠳᠣᠷᠬᠠᠢ᠂ ᠠᠭᠤᠯᠤᠭᠳᠠᠬᠤᠨ ᠨᠢ ᠪᠠᠶᠠᠯᠢᠭ᠂ ᠥᠷᠭᠡᠨ ᠳᠡᠯᠭᠡᠷ ᠭᠦᠨ ᠭᠦᠨᠵᠡᠭᠡᠢ ᠪᠠᠶᠢᠵᠤ᠂ ᠮᠠᠷᠺᠰ ᠤᠨ ᠦᠵᠡᠯ ᠤᠨ ᠦᠨᠡᠨ ᠶᠣᠰᠣᠨ ᠤ ᠬᠦᠴᠦᠨ ᠢᠶᠠᠷ ᠪᠢᠯᠬᠠᠮ᠎ᠠ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ ᠪᠣᠯᠤᠨ᠎ᠠ᠂ ᠮᠠᠨ ᠤ ᠤᠯᠤᠰ ᠤᠨ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠬᠥᠭᠵᠢᠯᠲᠡ ᠶᠢ ᠵᠢᠯᠣᠭᠤᠳᠬᠤ ᠠᠵᠢᠯᠯᠠᠭᠠᠨ ᠤ ᠬᠥᠲᠥᠯᠪᠦᠷᠢ ᠪᠣᠯᠤᠨ᠎ᠠ᠃ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠣᠶᠢᠯᠠᠭᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠪᠣᠳᠠᠲᠠᠶ ᠲᠠᠢ ᠪᠠᠨ ᠤᠶᠠᠯᠳᠤᠭᠤᠯᠤᠨ ᠠᠯᠢ ᠣᠯᠠᠨ ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ ᠥᠷᠨᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠣᠶ ᠪᠣᠯᠭᠠᠪᠠ᠃    10 ᠰᠠᠷ᠎ᠠ ᠶᠢᠨ 25 ᠤ ᠡᠳᠦᠷ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠲᠤᠰᠬᠠᠶ ᠪᠠᠶᠢᠴᠠᠭᠠᠨ ᠱᠠᠭᠠᠷᠳᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠤᠰᠢᠭᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠥᠷᠨᠢᠭᠦᠯᠦᠭᠰᠡᠨ ᠪᠠᠶᠢᠳᠠᠯ ᠳᠤ ᠲᠥᠪᠯᠡᠷᠡᠭᠦᠯᠦᠨ ᠪᠠᠶᠢᠴᠠᠭᠠᠨ ᠱᠠᠭᠠᠷᠳᠠᠨ ᠪᠠᠶᠢᠴᠠᠭᠠᠯᠲᠠ ᠬᠢᠵᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠠᠷᠠᠨᠰᠦ᠋ᠬᠡ ᠠᠵᠢᠯᠯᠠᠭ᠎ᠠ ᠳᠤ ᠣᠷᠣᠯᠴᠠᠵᠠᠶ᠃    10 ᠰᠠᠷ᠎ᠠ ᠶᠢᠨ 26 ᠤ ᠡᠳᠦᠷ ᠵᠡᠭᠦᠨ ᠦᠵᠦᠮᠦᠴᠢᠨ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠷᠠᠯ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠳᠥᠷᠪᠡᠳᠦᠭᠡᠷ ᠳᠠᠪᠬᠤᠷᠯᠢᠭ ᠤᠨ ᠬᠤᠷᠠᠯ ᠤᠨ ᠭᠡᠷ ᠲᠤ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ  ᠰᠠᠷᠠᠭᠤᠯᠳᠤᠶᠠᠭ᠎ᠠ ᠬᠤᠷᠠᠯ ᠢ ᠡᠷᠬᠢᠯᠡᠭᠰᠡᠨ ᠪᠥᠭᠡᠳ ᠰᠢ ᠶᠢᠨ ᠫᠢᠩ ᠨᠥᠬᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷᠡᠬᠢ ᠢᠯᠡᠳᠬᠡᠯ ᠢ ᠳᠠᠭᠠᠭᠤᠯᠤᠨ ᠰᠤᠷᠤᠯᠴᠠᠪᠠ᠃ ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠪᠣᠯ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠵᠠᠩᠭᠢᠯᠠᠭ᠎ᠠ ᠶᠢᠨ ᠴᠠᠭ ᠮᠥᠴᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠶᠡᠭᠡ ᠬᠤᠷᠠᠯ ᠪᠣᠯᠤᠨ᠎ᠠ᠃ ᠪᠥᠬᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠠᠨ ᠪᠣᠯᠭᠠᠵᠤ᠂ ᠠᠭᠤᠯᠭ᠎ᠠ ᠪᠠᠷ ᠪᠠᠶᠠᠯᠢᠭ᠂ ᠬᠡᠯᠪᠡᠷᠢ ᠪᠠᠷ ᠣᠯᠠᠨ ᠶᠠᠩᠵᠤ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠷᠦᠬᠡ ᠪᠣᠯᠭᠠᠨ ᠳᠤ ᠮᠡᠳᠡᠭᠦᠯᠵᠦ᠂ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨᠬᠦ ᠠᠬᠢᠭᠤᠯᠬᠤ ᠬᠡᠷᠡᠭᠲᠡᠶ ᠭᠡᠪᠡ᠃    10 ᠰᠠᠷ᠎ᠠ ᠶᠢᠨ 27 ᠤ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠬᠤᠷᠢᠨ ᠨᠠᠢᠮᠠᠳᠤᠭᠠᠷ ᠤᠳᠠᠭ᠎ᠠ ᠶᠢᠨ ᠪᠠᠶᠢᠩᠭᠤ ᠶᠢᠨ ᠭᠡᠰᠢᠭᠦᠳ ᠤᠨ ᠬᠤᠷᠠᠯ ᠢ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠤ ᠢᠦᠶ ᠯᠦᠩ ᠵᠢᠴᠢ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠭᠡᠰᠢᠭᠦᠳ ᠬᠤᠷᠠᠯ ᠳᠤ ᠣᠷᠣᠯᠴᠠᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠭᠠᠲᠤᠷ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠮᠦ᠋ᠩᠬᠡ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠠᠩ ᠵᠧᠩ᠂ ᠶᠣᠣ ᠬᠠᠶ ᠰᠢᠶᠠ᠂ ᠰᠡᠴᠡᠨ᠂ ᠵᠣᠣ ᠶᠠᠨ ᠵᠢᠶᠦ᠋ᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠵᠠᠶ᠃ ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠪᠣᠯ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠵᠠᠩᠭᠢᠯᠠᠭ᠎ᠠ ᠶᠢᠨ ᠴᠠᠭ ᠮᠥᠴᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠶᠡᠭᠡ ᠬᠤᠷᠠᠯ ᠪᠣᠯᠤᠨ᠎ᠠ᠃ ᠡᠯ᠎ᠡ ᠱᠠᠲᠤ᠂ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠤᠬᠠᠮᠰᠠᠷ ᠠᠴᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠦᠵᠡᠯ ᠰᠠᠨᠠᠭ᠎ᠠ ᠪᠠᠨ ᠨᠢᠭᠡᠳᠬᠡᠨ᠂ ᠪᠥᠬᠦ ᠲᠠᠯ᠎ᠠ ᠶᠢ ᠶᠡᠷᠦᠩᠬᠡᠶᠢᠯᠡᠨ ᠵᠢᠯᠣᠭᠤᠳᠴᠤ᠂ ᠠᠵᠢᠯ ᠢ ᠶᠡᠷᠦᠩᠬᠡᠶᠢᠯᠡᠨ ᠡᠵᠡᠮᠳᠡᠵᠦ᠂ ᠲᠡᠤᠬᠡ ᠶᠢᠨ ᠢᠲᠡᠭᠡᠯ ᠢᠶᠠᠨ ᠪᠠᠲᠤᠳᠬᠠᠨ᠂ ᠲᠡᠤᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠨᠴᠤᠶ ᠰᠢᠮᠠᠯᠠᠨ ᠴᠢᠷᠮᠠᠶᠢᠨ ᠠᠵᠢᠯᠯᠠᠵᠤ᠂ ᠵᠡᠭᠦᠨ ᠦᠵᠦᠮᠦᠴᠢᠨ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ ᠬᠡᠪᠡ᠃    ★ 10 ᠰᠠᠷ᠎ᠠ ᠶᠢᠨ 28 ᠤ ᠡᠳᠦᠷ ᠬᠤᠰᠢᠭᠤ ᠠᠶᠤᠯᠭᠦᠶ ᠦᠢᠯᠡᠳᠪᠦᠷᠢᠯᠡᠯ ᠤᠨ ᠵᠥᠪᠯᠡᠯ 2022 ᠣᠨ ᠤ ᠠᠷᠪᠠᠳᠤᠭᠠᠷ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠣᠭᠲᠠᠮᠠᠯ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠶ ᠱᠦᠵᠢ ᠶᠢᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠳᠡᠭᠡᠷ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ ᠴᠢᠬᠤᠯᠠ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠪᠦᠭᠦ ᠬᠤᠰᠢᠭᠤᠨ ᠤ ᠤᠶᠢᠷ᠎ᠠ ᠶᠢᠨ ᠬᠤᠭᠤᠴᠠᠭᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠰᠣᠨᠣᠰᠴᠤ᠂ ᠪᠦᠭᠦ ᠬᠤᠰᠢᠭᠤᠨ ᠤ ᠠᠶᠤᠯᠭᠦᠶ ᠦᠢᠯᠡᠳᠪᠦᠷᠢᠯᠡᠯ᠂ ᠤᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠶ ᠃ ᠬᠤᠰᠢᠭᠤ ᠨᠠᠮ ᠤᠨ ᠬᠤᠷᠢᠶᠠᠨ ᠤ  ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠧᠦ ᠢᠦᠢ ᠯᠦᠩ ᠪᠣᠯᠤᠨ ᠬᠤᠰᠢᠭᠤᠨ ᠳᠤ ᠪᠠᠶᠢᠭ᠎ᠠ ᠳᠡᠳ᠋ ᠳᠠᠷᠤᠭ᠎ᠠ ᠬᠤᠷᠠᠯ ᠳᠤ ᠣᠷᠣᠯᠴᠠᠪᠠ᠃    10 ᠰᠠᠷ᠎ᠠ ᠶᠢᠨ 29 ᠤ ᠡᠳᠦᠷ ᠵᠡᠭᠦᠨ ᠦᠵᠦᠮᠦᠴᠢᠨ ᠬᠤᠰᠢᠭᠤᠨ ᠳᠤ ᠨᠠᠮ ᠤᠨ ᠭᠠᠳᠠᠨᠠᠬᠢ ᠰᠡᠬᠡᠭᠡᠲᠡᠳ ᠤᠨ ᠬᠤᠯᠪᠣᠭᠠᠲᠤ ᠬᠤᠷᠠᠯ ᠤᠨ ᠠᠩᠬᠠᠳᠤᠭᠠᠷ ᠬᠤᠭᠤᠴᠠᠭᠠᠨ ᠤ ᠬᠤᠶᠠᠳᠤᠭᠠᠷ ᠤᠳᠠᠭᠠᠨ ᠤ ᠪᠥᠬᠦᠳᠡ ᠬᠡᠷᠡᠭ ᠡᠷᠬᠢᠯᠡᠭᠴᠢᠳ ᠤᠨ ᠬᠤᠷᠠᠯ ᠵᠢᠴᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠳᠡᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠭᠢᠯᠡᠭᠴᠢ᠂ ᠰᠡᠬᠡᠭᠡᠲᠡᠳ ᠤᠨ ᠬᠤᠯᠪᠣᠭᠠᠲᠤ ᠬᠤᠷᠠᠯ ᠤᠨ ᠳᠠᠷᠤᠭ᠎ᠠ ᠪᠦᠦ ᠸᠠᠨ ᠬᠤᠸᠠ᠂ ᠤᠯᠤᠰ ᠳᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠴᠢᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠪᠦᠬᠡᠨ᠋ᠣᠣᠳᠽᠷ ᠬᠤᠷᠠᠯ ᠳᠤ ᠣᠷᠣᠯᠴᠠᠪᠠ᠃ ᠬᠤᠷᠠᠯ ᠠᠴᠠ ᠱᠠᠭᠠᠷᠳᠠᠭᠰᠠᠨ ᠨᠢ᠂ ᠰᠡᠬᠡᠭᠡᠲᠡᠳ ᠤᠨ ᠬᠤᠯᠪᠣᠭᠠᠲᠤ ᠬᠤᠷᠠᠯ ᠪᠣᠯᠤᠨ ᠥᠷᠭᠡᠨ ᠣᠯᠠᠨ ᠨᠠᠮ ᠤᠨ ᠭᠠᠳᠠᠨᠠᠬᠢ ᠰᠡᠬᠡᠭᠡᠲᠡᠳ ᠤᠯᠤᠰ ᠲᠥᠷᠥ ᠶᠢᠨ ᠣᠨᠣᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠨ᠂ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠭᠤᠤᠯᠳᠠᠯᠭ᠎ᠠ ᠶᠢᠨ ᠲᠣᠭᠤᠷᠢᠨ ᠳᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠨ᠂ ᠲᠣᠰ ᠪᠡᠶ᠎ᠡ ᠶᠢᠨ ᠪᠠᠶᠢᠭᠤᠯᠤᠯᠲᠠ ᠪᠠᠨ ᠦᠨᠡᠨᠬᠦ ᠴᠢᠩᠭᠠᠳᠬᠠᠵᠤ᠂ ᠰᠡᠬᠡᠭᠡᠲᠡᠳ ᠤᠨ ᠬᠤᠯᠪᠣᠭᠠᠲᠤ ᠬᠤᠷᠠᠯ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠦᠨ ᠨᠡᠭᠡᠭᠡᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠪᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号