︽12·9︾ ᠤ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠬᠥᠳᠡᠯᠭᠡᠭᠡᠨ ᠢ ᠳᠤᠷᠠᠰᠬᠠᠵᠤ᠂ ᠥᠷᠭᠡᠨ ᠣᠯᠠᠨ | ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠤᠷᠮ᠎ᠠ ᠰᠡᠳᠬᠢᠯᠭᠡ ᠶᠢ ᠤᠯᠠᠮ ᠨᠢᠭᠡ ᠠᠯᠬᠤᠮ ᠬᠦᠭᠵᠢᠭᠡᠨ᠂ | ᠰᠤᠷᠭᠠᠭᠤᠯᠢ ᠶᠢᠨ ᠨᠡᠷᠡᠨ ᠭᠡᠷᠡᠯᠲᠦ ᠪᠡᠶ᠎ᠡ ᠲᠠᠮᠢᠷ ᠤᠨ ᠡᠪᠦᠯ ᠤᠨ ᠤᠯᠠᠷᠢᠯ ᠤᠨ ᠬᠤᠯᠠ ᠭᠦᠶᠦᠬᠦ ᠬᠥᠳᠡᠯᠭᠡᠭᠡᠨ ᠢ | ᠥᠷᠭᠡᠨ ᠢᠶᠠᠷ ᠥᠷᠨᠢᠭᠦᠯᠵᠦ᠂ ᠰᠤᠷᠤᠭᠴᠢᠳ ᠤᠨ ᠪᠡᠶ᠎ᠡ ᠮᠠᠬᠠᠪᠣᠳ ᠢ ᠴᠢᠭᠢᠷᠠᠭᠵᠢᠭᠤᠯᠬᠤ ᠶᠢᠨ ᠲᠥᠯᠥᠭᠡ᠂ 11 ᠰᠠᠷ᠎ᠠ ᠶᠢᠨ | 23 ᠤ ᠡᠳᠦᠷ ᠤᠨ ᠦᠳᠡ ᠶᠢᠨ ᠬᠤᠶᠢᠨ᠎ᠠ᠂ ᠮᠠᠨ ᠤ ᠬᠤᠰᠢᠭᠤᠨ ᠤ ᠶᠡᠷᠦᠩᠬᠡᠶᠢᠯᠡᠭᠰᠡᠨ ᠳᠡᠭᠡᠳᠤ ᠵᠡᠷᠭᠡ ᠶᠢᠨ ᠳᠤᠮᠳᠠᠳᠤ | ᠰᠤᠷᠭᠠᠭᠤᠯᠢ ᠨᠢ ︽12·9︾ ᠤ ᠬᠥᠳᠡᠯᠭᠡᠭᠡᠨ ᠢ ᠳᠤᠷᠠᠰᠬᠠᠬᠤ ᠬᠡᠭᠡᠷᠯᠡᠨ ᠭᠦᠶᠦᠬᠦ ᠤᠷᠤᠯᠳᠤᠭᠠᠨ ᠦᠷᠨᠢᠭᠦᠯᠵᠡᠢ᠃ | | | | | | ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠳᠤ ᠡᠷᠡᠭᠲᠡᠶ ᠶᠢᠨ ᠳᠤᠭᠤᠶᠢᠯᠠᠩ ᠤᠨ 284 ᠰᠣᠷᠣᠭᠴᠢ | ᠪᠠ ᠡᠮᠡᠭᠲᠡᠶ ᠶᠢᠨ ᠳᠤᠭᠤᠶᠢᠯᠠᠩ ᠤᠨ 272 ᠰᠣᠷᠣᠭᠴᠢ ᠣᠷᠣᠯᠴᠠᠵᠤ᠂ ᠡᠷᠡᠭᠲᠡᠶ ᠶᠢᠨ ᠳᠤᠭᠤᠶᠢᠯᠠᠩ ᠤᠨ ᠭᠦᠶᠦᠬᠦ ᠪᠥᠬᠦ | ᠣᠷᠳᠣ ᠨᠢ 5000 ᠮᠧᠲᠷ᠂ ᠡᠮᠡᠭᠲᠡᠶ ᠶᠢᠨ ᠳᠤᠭᠤᠶᠢᠯᠠᠩ ᠤᠨ ᠭᠦᠶᠦᠬᠦ ᠪᠥᠬᠦ ᠣᠷᠳᠣ ᠨᠢ 4000 ᠮᠧᠲᠷ ᠪᠣᠯᠤᠨ᠎ᠠ᠃ | ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠦᠨᠳᠦᠷ ᠬᠤᠶᠠᠷ ᠤᠨ ᠰᠣᠶᠣᠯ ᠤᠷᠠᠯᠢᠭ ᠤᠨ ᠠᠩᠭᠢ ᠶᠢᠨ ᠴᠦᠨ | ᠬᠤᠸᠠ ᠡᠮᠡᠭᠲᠡᠶ ᠶᠢᠨ ᠳᠤᠭᠤᠶᠢᠯᠠᠩ ᠳᠤ ᠲᠡᠷᠢᠭᠦᠯᠡᠵᠦ᠂ ᠦᠨᠳᠦᠷ ᠨᠢᠭᠡ ᠶᠢᠨ ᠳᠥᠷᠪᠡᠳᠦᠭᠡᠷ ᠠᠩᠭᠢ ᠶᠢᠨ ᠰᠤᠷᠢᠶ᠎ᠠ | ᠡᠷᠡᠭᠲᠡᠶ ᠶᠢᠨ ᠳᠤᠭᠤᠶᠢᠯᠠᠩ ᠳᠤ ᠲᠡᠷᠢᠭᠦᠯᠡᠵᠡᠢ᠃ | | | | | | | ᠲᠣᠰ ᠤᠳᠠᠭᠠᠨ ᠤ ᠬᠡᠭᠡᠷᠯᠡᠨ ᠬᠦᠶᠦᠬᠦ ᠤᠷᠤᠯᠳᠤᠭᠠᠨ ᠨᠢ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ᠂ | ᠪᠦᠯᠬᠦᠮᠳᠡᠨ ᠲᠡᠮᠡᠴᠡᠬᠦ ᠵᠣᠷᠢᠭ ᠰᠠᠨᠠᠭ᠎ᠠ ᠶᠢ ᠠᠬᠢᠭᠤᠯᠤᠭᠰᠠᠨ ᠢᠶᠠᠷ ᠪᠠᠷᠠᠬᠤ ᠥᠬᠡᠶ᠂ ᠬᠤᠰᠢᠭᠤ ᠶᠡᠷᠦᠩᠬᠡᠶᠢᠯᠡᠭᠰᠡᠨ ᠳᠡᠭᠡᠳᠤ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠴᠤᠭ ᠵᠢᠪᠬᠤᠭ᠎ᠠ ᠪᠠᠳᠠᠷᠠᠩᠭᠤᠶ᠂ ᠢᠳᠡᠪᠬᠢᠲᠡᠶ ᠥᠭᠡᠳᠡᠯᠡᠨ ᠳᠠᠪᠰᠢᠬᠤ ᠵᠣᠷᠢᠭ | ᠰᠠᠨᠠᠭ᠎ᠠ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃ | | |