ᠪᠦᠬᠦ ᠠᠶᠢᠮᠠᠭ ᠤᠨ ᠳᠦᠷᠪᠡᠳᠦᠭᠡᠷ ᠤᠳᠠᠭᠠᠨ ᠤ ︽ᠬᠦᠰᠡᠯ ᠤᠨ ᠵᠢᠭᠦᠷ︾ ᠬᠤᠨᠳᠠᠭᠠᠳᠤ ᠪᠠᠭᠠᠴᠤᠳ ᠤᠨ ᠮᠤᠩᠭᠤᠯ ᠰᠢᠲᠠᠷ᠎ᠡ ᠶᠢᠨ ᠤᠷᠤᠯᠳᠤᠭᠠᠨ ᠮᠠᠨ ᠤ ᠬᠤᠰᠢᠭᠤᠨ ᠳᠤ ᠶᠠᠪᠣᠭᠳᠠᠪᠠ
ᠨᠡᠶᠢᠲᠡᠯᠡᠭᠰᠡᠨ ᠴᠠᠭ᠄
2022/11/30
      ᠮᠠᠨ ᠤ ᠬᠤᠰᠢᠭᠤᠨ ᠤ ︿︿ᠬᠦᠰᠡᠯ ᠤᠨ ᠵᠢᠭᠦᠷ﹀﹀ ᠰᠢᠲᠠᠷ᠎ᠠ ᠶᠢᠨ ᠺᠯᠦ᠋ᠪ ᠠᠴᠠ ᠭᠤᠤᠯᠯᠠᠨ ᠡᠷᠬᠢᠯᠡᠭᠰᠡᠨ ᠪᠦᠬᠦ ᠠᠶᠢᠮᠠᠭ ᠤᠨ ᠳᠦᠷᠪᠡᠳᠦᠭᠡᠷ ᠤᠳᠠᠭᠠᠨ ᠤ ︽ᠬᠦᠰᠡᠯ ᠤᠨ ᠵᠢᠭᠦᠷ︾ ᠬᠤᠨᠳᠠᠭᠠᠳᠤ ᠪᠠᠭᠠᠴᠤᠳ ᠤᠨ ᠮᠤᠩᠭᠤᠯ ᠰᠢᠲᠠᠷ᠎ᠡ ᠶᠢᠨ ᠤᠷᠤᠯᠳᠤᠭᠠᠨ 11 ᠰᠠᠷ᠎ᠠ ᠶᠢᠨ 13᠎ ᠤ ᠡᠳᠦᠷ ᠂ ᠬᠦᠰᠡᠯ ᠤᠨ ᠵᠢᠭᠦᠷ ᠰᠢᠲᠠᠷ᠎ᠠ ᠶᠢᠨ ᠠᠩᠭᠢ ᠳᠤ ᠶᠠᠪᠤᠭᠳᠠᠵᠤ᠂ ᠵᠢᠷᠠᠨ ᠳᠦᠷᠪᠡᠨ ᠬᠡᠤᠬᠡᠳ ᠤᠷᠤᠯᠴᠠᠨ᠂ ᠦᠪᠡᠷ ᠦᠪᠡᠷ ᠤᠨ ᠤᠷ᠎ᠠ ᠮᠡᠷᠭᠡᠵᠢᠯ ᠢᠶᠠᠨ ᠰᠢᠯᠭᠠᠵᠤ᠂ ᠤᠶᠤᠨ ᠪᠢᠯᠢᠭ ᠢᠶᠠᠨ ᠬᠤᠷᠴᠠᠯᠠᠭᠰᠠᠨ ᠪᠠᠶᠢᠨ᠎ᠠ᠃
     ᠲᠤᠰ ᠣᠳᠠᠭᠠᠨ ᠤ ᠤᠷᠤᠯᠳᠤᠭᠠᠨ ᠢ ᠰᠠᠮᠠᠢ ᠰᠤᠮᠤᠨ ᠤ ᠬᠦᠭᠡᠷᠴᠡᠭ ᠭᠠᠴᠠᠭ᠎ᠠ ᠪᠠᠷ ᠨᠤᠲᠤᠭ ᠲᠠᠢ ᠠᠬᠠᠮᠠᠳ ᠮᠤᠩᠭᠤᠯ ᠡᠮᠴᠢ ᠰᠤᠳᠤᠭᠡᠷᠡᠯ ᠠᠴᠠ ᠢᠪᠡᠭᠡᠨ ᠲᠡᠳᠬᠦᠵᠡᠢ᠃
     ᠤᠷᠤᠯᠳᠤᠭᠠᠨ ᠳᠤ ᠤᠷᠤᠯᠴᠠᠭᠰᠠᠨ ᠰᠢᠲᠠᠷᠴᠢᠳ ᠢ ᠨᠠᠰᠤᠨ ᠤ ᠬᠢᠵᠠᠭᠠᠷᠯᠠᠯ ᠢᠶᠠᠷ A ︵2011.1.1—2014.12.31︶᠂ B ︵2015.1.1᠎ ᠠᠴᠠ ᠬᠤᠶᠢᠰᠢ ᠲᠦᠷᠦᠭᠰᠡᠨ ᠬᠡᠤᠬᠡᠳ︶ ᠬᠤᠶᠠᠷ ᠳᠤᠭᠤᠶᠢᠯᠠᠩ ᠬᠤᠪᠢᠶᠠᠵᠤ᠂ ᠮᠤᠩᠭᠤᠯ ᠰᠢᠲᠠᠷ᠎ᠠ ᠶᠢᠨ ᠳᠦᠷᠢᠮ ᠶᠤᠰᠤᠭᠠᠷ ᠰᠸᠢᠰ ᠮᠠᠶ᠋ᠢᠭ ᠤᠨ ᠬᠤᠪᠢ ᠲᠡᠮᠲᠡᠭᠯᠡᠬᠦ ᠠᠷᠭ᠎ᠠ ᠪᠠᠷ᠂ A ᠳᠤᠭᠤᠶᠢᠯᠠᠩ ᠲᠠᠪᠤᠨ ᠲᠠᠯᠠᠪᠠᠢ ᠤᠷᠤᠯᠳᠤᠵᠤ᠂ B ᠳᠣᠭᠤᠶᠢᠯᠠᠩ ᠳᠤᠯᠤᠭᠠᠨ ᠲᠠᠯᠠᠪᠠᠢ ᠤᠷᠤᠯᠳᠤᠵᠠᠢ᠃
     ᠬᠤᠷᠴᠠ ᠰᠢᠷᠦᠭᠦᠨ ᠦᠷᠢᠰᠦᠯᠳᠦᠭᠡᠨ ᠢᠶᠠᠷ ᠳᠠᠮᠵᠢᠨ᠂ ᠮᠠᠨ ᠤ ᠬᠤᠰᠢᠭᠤᠨ ᠤ ᠬᠦᠰᠡᠯ ᠤᠨ ᠵᠢᠭᠦᠷ ᠰᠢᠲᠠᠷ᠎ᠠ ᠎ ᠶᠢᠨ ᠠᠩᠭᠢ ᠶᠢᠨ ᠠᠯᠲᠠᠨᠲᠤᠭᠤᠯᠠᠭ᠎ᠠ᠂ ᠬᠠᠨᠢᠲᠠᠢ ᠲᠤᠰ ᠲᠤᠰ AB ᠳᠤᠭᠤᠶᠢᠯᠠᠩ ᠤᠨ ᠲᠡᠷᠢᠭᠦᠨ ᠳᠤ ᠲᠤᠳᠤᠷᠠᠵᠤ᠂ ᠦᠨᠳᠦᠰᠦ ᠪᠤᠯᠤᠨ ᠬᠠᠰᠬᠦᠦ ᠲᠤᠰ ᠲᠤᠰ ᠳᠡᠳ᠋ᠯᠡᠵᠡᠢ᠃ ᠤᠷᠤᠯᠳᠤᠭᠠᠨ ᠨᠢ ᠪᠠᠰᠠ ᠳᠡᠭᠡᠳᠤ ᠠᠷᠪᠠᠨ ᠵᠢᠷᠭᠤᠭ᠎ᠠ ᠳᠤ ᠤᠷᠤᠭᠰᠠᠨ ᠰᠢᠲᠠᠷᠴᠢᠳ ᠢᠶᠠᠨ ᠱᠠᠩᠨᠠᠨ ᠬᠦᠬᠢᠭᠦᠯᠵᠡᠢ᠃
     ᠲᠤᠰ ᠣᠳᠠᠭᠠᠨ ᠤ ᠤᠷᠤᠯᠳᠤᠭᠠᠨ ᠨᠢ ᠪᠢᠴᠢᠬᠠᠨ ᠰᠢᠳᠠᠷᠴᠢᠳ ᠤᠨ ᠤᠷ᠎ᠠ ᠮᠡᠷᠭᠡᠵᠢᠯ ᠢᠶᠠᠨ ᠰᠤᠷᠢᠬᠤ ᠳᠤ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂ ᠬᠡᠤᠬᠡᠳ ᠤᠨ ᠤᠢ ᠪᠢᠯᠢᠭ ᠢ ᠬᠦᠭᠵᠢᠭᠦᠯᠦᠨ᠂ ᠤᠬᠠᠭᠠᠨ ᠪᠤᠳᠤᠯᠭ᠎ᠠ ᠎ ᠶᠢ ᠰᠡᠷᠭᠦᠭᠡᠵᠦ᠂ ᠬᠡᠤᠬᠡᠳ ᠤᠨ ᠦᠷᠢᠰᠦᠯᠳᠦᠬᠦ ᠴᠢᠳᠠᠪᠤᠷᠢ᠂ ᠤᠷ᠎ᠠ ᠮᠡᠷᠭᠡᠵᠢᠯ ᠤᠨ ᠴᠢᠳᠠᠪᠤᠷᠢ᠂ ᠲᠡᠰᠪᠦᠷᠢ ᠳᠠᠭᠠᠭᠠᠴᠠ ᠵᠡᠷᠭᠡ ᠶᠢ ᠰᠤᠷᠢᠨ ᠰᠢᠯᠭᠠᠬᠤ ᠳᠤ ᠦᠵᠡᠭᠦᠯᠬᠦ ᠮᠤᠩᠭᠤᠯ ᠰᠢᠲᠠᠷ᠎ᠠ ᠶᠢᠨ  ᠴᠢᠬᠤᠯᠠ ᠦᠢᠯᠡᠳᠦᠯ ᠢ ᠭᠦᠢᠴᠡᠳ ᠬᠠᠷᠠᠭᠤᠯᠵᠠᠢ᠃
 
ᠢᠷᠡᠯᠲᠡ᠄ ᠲᠥᠷᠪᠡᠨ ᠴᠠᠭ ᠤᠨ ᠦᠵᠦᠮᠦᠴᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号