ᠳᠦᠷᠪᠡᠳᠦᠭᠡᠷ ᠤᠳᠠᠭᠠᠨ ᠤ ︽ᠦᠵᠦᠮᠦᠴᠢᠨ ᠪᠦᠰᠡᠭᠦᠢ ᠶᠢᠨ ᠳᠠᠭᠤᠯᠠᠯ︾ ᠢᠷᠠᠭᠤ ᠨᠠᠶᠢᠷᠠᠭ ᠤᠨ ᠤᠷᠤᠯᠳᠤᠭᠠᠨ ᠲᠡᠭᠦᠰ ᠠᠮᠵᠢᠯᠲᠠᠲᠠᠢ ᠶᠠᠪᠣᠭᠳᠠᠪᠠ
ᠨᠡᠶᠢᠲᠡᠯᠡᠭᠰᠡᠨ ᠴᠠᠭ᠄
2022/11/30
      11 ᠰᠠᠷ᠎ᠠ ᠶᠢᠨ 22᠎ ᠤᠨ ᠡᠳᠦᠷ᠂ ᠮᠠᠨ ᠤ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ᠂ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶ᠎ᠠ ᠠᠴᠠ ᠭᠤᠤᠯᠯᠠᠨ ᠡᠷᠬᠢᠯᠡᠵᠦ᠂ ᠬᠤᠰᠢᠭᠤ ᠨᠤᠮ ᠤᠨ ᠰᠠᠩ ᠠᠴᠠ ᠳᠠᠭᠠᠭᠠᠴᠢᠯᠠᠨ ᠡᠷᠬᠢᠯᠡᠭᠰᠡᠨ ᠳᠦᠷᠪᠡᠳᠦᠭᠡᠷ ᠤᠳᠠᠭᠠᠨ ᠤ ︽ᠦᠵᠦᠮᠦᠴᠢᠨ ᠪᠦᠰᠡᠭᠦᠢ ᠶᠢᠨ ᠳᠠᠭᠤᠯᠠᠯ︾ ᠢᠷᠠᠭᠤ ᠨᠠᠶᠢᠷᠠᠭ ᠤᠨ ᠤᠷᠤᠯᠳᠤᠭᠠᠨ ᠬᠤᠰᠢᠭᠤ ᠤᠯᠠᠭᠠᠨᠮᠦ᠋ᠴᠢᠷ ᠤᠨ ᠤᠯᠠᠨ ᠴᠢᠳᠠᠮᠵᠢᠳᠤ ᠮᠡᠳᠡᠭᠦᠯᠦᠯᠲᠡ ᠶᠢᠨ ᠲᠢᠩᠬᠢᠮ ᠳᠤ ᠲᠡᠭᠦᠰ ᠠᠮᠵᠢᠯᠲᠠᠲᠠᠢ ᠶᠠᠪᠤᠭᠳᠠᠵᠠᠢ᠃
     ᠵᠡᠭᠦᠨ ᠦᠵᠦᠮᠦᠴᠢᠨ ᠬᠤᠰᠢᠭᠤ᠂ ᠪᠠᠷᠠᠭᠤᠨ ᠦᠵᠦᠮᠦᠴᠢᠨ ᠬᠤᠰᠢᠭᠤ ᠪᠤᠯᠤᠨ ᠤᠯᠠᠭᠠᠢ ᠬᠠᠮᠢᠶᠠᠷᠤᠯᠲᠠ ᠶᠢᠨ ᠤᠷᠤᠨ ᠤ 30 ᠭᠠᠷᠤᠢ ᠪᠦᠰᠡᠭᠦᠢ ᠢᠷᠠᠭᠤ ᠨᠠᠶᠢᠷᠠᠭᠴᠢ ᠤᠷᠤᠯᠴᠠᠵᠤ᠂ ᠪᠡᠯᠡᠳᠬᠡᠯ ᠤᠷᠤᠯᠳᠤᠭᠠᠨ ᠢᠶᠠᠷ ᠳᠠᠮᠵᠢᠨ᠂16 ᠤᠷᠤᠯᠴᠠᠭᠴᠢ ᠰᠢᠢᠳᠪᠤᠷᠢᠳᠤ ᠤᠷᠤᠯᠳᠤᠭᠠᠨ ᠳᠤ ᠳᠠᠪᠰᠢᠵᠠᠢ᠃ ᠰᠢᠢᠳᠪᠦᠷᠢᠲᠦ ᠤᠷᠤᠯᠳᠤᠭᠠᠨ ᠳᠤ ᠪᠦᠰᠡᠬᠦᠢ ᠢᠷᠠᠭᠤ ᠨᠠᠶᠢᠷᠠᠭᠴᠢᠳ ᠠᠴᠠ ᠨᠠᠮ᠂ ᠡᠬᠡ‌ᠤᠯᠤᠰ᠂ ᠰᠠᠶᠢᠨ ᠰᠠᠶᠢᠬᠠᠨ ᠠᠮᠢᠳᠤᠷᠠᠯ ᠢᠶᠠᠨ ᠮᠠᠭᠲᠠᠨ ᠳᠠᠭᠤᠯᠠᠭᠰᠠᠨ ᠦᠪᠡᠷ ᠤᠨ ᠪᠦᠲᠦᠭᠡᠯ  ᠢᠶᠠᠨ ᠦᠪᠡᠷ ᠦᠪᠡᠷ ᠤᠨ ᠦᠩᠭᠡ ᠪᠠᠷ ᠢᠶᠠᠨ ᠤᠶᠠᠩᠭᠠᠯᠠᠵᠤ᠂ ᠢᠷᠠᠭᠤ ᠨᠠᠶᠢᠷᠠᠭ ᠤᠨ ᠷᠢᠳᠢ ᠰᠢᠳᠢ ᠶᠢ ᠭᠠᠶᠢᠬᠠᠭᠤᠯᠵᠠᠢ᠃
     ᠬᠤᠷᠴᠠ ᠰᠢᠷᠦᠭᠦᠨ ᠦᠷᠢᠰᠤᠯᠳᠦᠭᠡᠨ᠂ ᠲᠦᠪ ᠭᠤᠤᠯᠴᠢ ᠬᠢᠨᠠᠯᠲᠠ ᠪᠠᠷ ᠳᠠᠮᠵᠢᠨ᠂ ᠵᠡᠭᠦᠨ ᠦᠵᠦᠮᠦᠴᠢᠨ ᠬᠤᠰᠢᠭᠤᠨ ᠤ ᠨᠠᠷᠠᠰᠤ ︽ᠬᠦᠲᠦᠯ ᠳᠡᠭᠡᠷ᠎ᠡ ᠨᠢᠳᠦ ᠪᠠᠨ ᠤᠷᠬᠢᠵᠦ︾ ᠭᠡᠬᠦ ᠦᠪᠡᠷ ᠤᠨ ᠪᠦᠲᠦᠭᠡᠯ ᠢᠶᠠᠷ ᠢᠶᠠᠨ ᠲᠡᠷᠢᠭᠦᠯᠡᠵᠦ᠂ ᠵᠡᠭᠦᠨ ᠦᠵᠦᠮᠦᠴᠢᠨ ᠬᠤᠰᠢᠭᠤᠨ ᠤ ᠪᠠ᠊᠂ ᠨᠠᠷᠠᠨᠴᠡᠴᠡᠭ ︽ᠴᠢᠮ᠎ᠠ ᠶᠢ ᠰᠠᠨᠠᠬᠤ ᠭᠡᠭᠴᠢ︾ ᠰᠢᠯᠦᠭ ᠎ ᠢᠶᠠᠷ ᠢᠶᠠᠨ᠂ ᠪᠠᠷᠠᠭᠤᠨ ᠦᠵᠦᠮᠦᠴᠢᠨ ᠬᠤᠰᠢᠭᠤᠨ ᠤ ᠵᠢᠷᠤᠭᠮ᠎ᠠ ︽ᠭᠡᠭᠡᠨ ᠠᠮᠢᠳᠤᠷᠠᠯ ᠤᠨ ᠵᠢᠷᠤᠭ︾ ᠭᠡᠬᠦ ᠦᠪᠡᠷ ᠤᠨ ᠪᠦᠲᠦᠭᠡᠯ ᠢᠶᠠᠷ ᠢᠶᠠᠨ ᠲᠤᠰ ᠲᠤᠰ ᠲᠡᠳ᠋ᠯᠡᠵᠦ᠂ ᠵᠡᠭᠦᠨ ᠦᠵᠦᠮᠦᠴᠢᠨ ᠬᠤᠰᠢᠭᠤᠨ ᠤ ᠰᠤᠨᠢᠨᠰᠤᠳᠤ ︽ᠨᠠᠮᠤᠷ— ᠬᠠᠶᠠᠭᠠᠨ ᠳᠤ ᠳᠡᠩᠳᠡᠭᠦᠦ ᠡᠷᠲᠡ ᠰᠠᠭᠠᠲᠠᠴᠢᠬᠠᠵᠠᠢ︾ ᠰᠢᠯᠦᠭ ᠢᠶᠠᠷ ᠢᠶᠠᠨ᠂ ᠬᠠᠰᠴᠡᠴᠡᠭ ︽ᠵᠢᠷᠤᠭᠠᠴᠢ ᠵᠢᠷᠤᠬᠡ︾ ᠰᠢᠯᠦᠭ ᠢᠶᠠᠷ ᠢᠶᠠᠨ  ᠂ ᠠᠯᠲᠠᠨᠨᠠᠬᠢᠶ᠎ᠠ ︽ᠪᠢ ᠪᠢᠴᠢᠬᠦ ᠦᠭᠡᠢ ᠶᠠᠭᠠᠬᠢᠬᠤ ᠶᠤᠮ ᠪᠤᠢ︾ ᠰᠢᠯᠦᠭ ᠎ ᠢᠶᠠᠷ ᠢᠶᠠᠨ ᠲᠤᠰ ᠲᠤᠰ ᠭᠤᠷᠪᠠᠳᠤᠭᠠᠷ ᠲᠡᠰ ᠲᠤ  ᠲᠤᠳᠤᠷᠠᠵᠤ᠂ ᠤᠯᠠᠨ ᠤ ᠰᠤᠨᠤᠷ ᠢ ᠮᠢᠯᠢᠶᠠᠵᠠᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号