2017 ᠣᠨ ᠤ 11 ᠰᠠᠷ᠎ᠠ ᠶᠢᠨ 21 ᠤ ᠡᠳᠦᠷ᠂ ᠤᠯᠠᠭᠠᠨᠮᠥ᠋ᠴᠢᠷ ᠤᠨ ᠬᠢᠨ ᠶᠡᠷᠦᠩᠬᠡᠶ ᠱᠦᠵᠢ ᠰᠢ ᠶᠢᠨ | ᠫᠢᠩ ᠤᠨ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠲᠤ ᠢᠯᠡᠭᠡᠭᠰᠡᠨ ᠬᠠᠷᠢᠭᠤ ᠵᠠᠬᠢᠳᠠᠯ ᠢ | ᠲᠣᠰᠤᠭᠰᠠᠨ ᠪᠢᠯᠡ᠃ | ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠶᠡᠭᠡ ᠪᠠᠷ ᠪᠠᠳᠠᠷᠠᠭᠤᠯᠵᠤ᠂ ᠤᠯᠠᠭᠠᠨᠮᠥ᠋ᠴᠢᠷ ᠤᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠤᠭᠤᠰᠢᠯᠠᠭᠤᠯᠬᠤ ᠦᠢᠯᠡᠳᠦᠯ ᠢ ᠭᠦᠢᠴᠡᠳ | ᠪᠠᠳᠠᠷᠠᠭᠤᠯᠬᠤ ᠶᠢᠨ ᠲᠥᠯᠥᠭᠡ᠂ 11 ᠰᠠᠷ᠎ᠠ ᠶᠢᠨ 21 ᠤ ᠡᠳᠦᠷ᠂ ᠬᠤᠰᠢᠭᠤ ᠤᠯᠠᠭᠠᠨᠮᠥ᠋ᠴᠢᠷ ︽ᠰᠢᠨ᠎ᠡ | ᠠᠶᠠᠨ ᠳᠤ ᠡᠷᠡᠯᠬᠡᠭᠯᠡᠨ ᠤᠷᠤᠭᠰᠢᠯᠠᠵᠤ ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠰᠤᠭᠠᠢ︾ ᠭᠤᠣᠯ ᠰᠡᠳᠣᠪᠲᠦ | ᠲᠤᠰᠬᠠᠢ ᠲᠤᠭᠯᠠᠯᠲᠠ ᠭᠠᠷᠭᠠᠪᠠ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ | ᠰᠠᠷᠠᠭᠤᠯᠲᠤᠶᠠᠭ᠎ᠠ ᠦᠨᠳᠦᠰᠦᠲᠡᠨ ᠨᠦᠭᠦᠳ ᠤᠨ ᠣᠯᠠᠨ ᠲᠦᠮᠡᠨ ᠲᠠᠢ ᠬᠠᠮᠲᠤ ᠲᠣᠭᠯᠠᠯᠲᠠ ᠶᠢ ᠰᠣᠨᠢᠷᠬᠠᠪᠠ᠃ | ᠲᠣᠭᠯᠠᠯᠲᠠ ᠨᠢ ︽ᠣᠰᠤ ᠨᠤᠲᠤᠭ ᠤᠨ ᠮᠠᠭᠲᠠᠭᠤ︾ ︽ᠠᠶᠠᠯᠭᠤ ᠳᠠᠭᠤᠤ ᠪᠠᠨ ᠨᠠᠮ ᠳᠠᠭᠠᠨ ᠡᠷᠭᠦᠶ᠎ᠡ︾ ︽ | ᠬᠦᠩᠭᠡᠨ ᠮᠣᠷᠢᠲᠤ ᠴᠡᠷᠢᠭ ᠤᠨ ᠵᠢᠪᠬᠤᠭ᠎ᠠ︾ ᠭᠤᠷᠪᠠᠨ ᠬᠡᠰᠡᠭ ᠢᠶᠠᠷ ᠪᠦᠷᠢᠯᠳᠦᠵᠡᠢ᠃ | ᠲᠣᠭᠯᠠᠯᠲᠠ ᠨᠢ ︽ᠲᠦᠷᠪᠡᠨ ᠴᠠᠭ ᠤᠨ ᠦᠵᠦᠮᠦᠴᠢᠨ︾ ᠭᠡᠬᠦ ᠳᠠᠭᠤᠤ ᠪᠥᠵᠢᠭ ᠢᠶᠠᠷ ᠬᠥᠰᠢᠭᠡ ᠪᠠᠨ | ᠰᠡᠬᠦᠵᠦ᠂ ᠤᠶᠠᠩᠭᠠᠲᠤ ᠳᠠᠭᠤᠤ ᠂ᠤᠷᠠᠨ ᠪᠥᠵᠢᠭ ᠨᠢ ᠦᠵᠡᠭᠴᠢᠳ ᠤᠨ ᠲᠠᠭᠠᠰᠢᠶᠠᠯ ᠢ ᠣᠯᠵᠠᠢ᠃ ᠮᠣᠷᠢᠨ | ᠬᠤᠭᠤᠷ ᠤᠨ ᠳᠥᠷᠪᠡᠯᠡᠯ ︽ᠦᠵᠦᠮᠦᠴᠢᠨ ᠨᠤᠲᠤᠭ︾ ᠨᠢ ᠬᠠᠷᠢ ᠨᠤᠲᠤᠭ ᠲᠤ ᠠᠵᠢᠯᠯᠠᠵᠦ ᠠᠮᠢᠳᠣᠷᠠᠵᠦ ᠶᠠᠪᠤᠭ᠎ᠠ | ᠬᠦᠮᠦᠰ ᠲᠤ ᠲᠥᠷᠥᠭᠰᠡᠨ ᠥᠰᠥᠭᠰᠡᠨ ᠨᠤᠲᠤᠭ ᠤᠰᠤ ᠶᠢ ᠨᠢ ᠰᠠᠨᠠᠭᠳᠠᠭᠤᠯᠵᠤ᠂ ᠤᠷᠲᠤ ᠶᠢᠨ ᠳᠠᠭᠤᠤ ︽ᠬᠥᠳᠡᠭᠡ | ᠰᠢᠯᠢ︾ ᠨᠢ ᠦᠨᠳᠦᠰᠦᠲᠡᠨ ᠤ ᠣᠶᠤᠨ ᠤᠬᠠᠭᠠᠨ ᠪᠣᠯᠤᠨ ᠰᠡᠳᠬᠢᠯ ᠤᠨ ᠭᠦᠨ ᠳᠠᠬᠢ ᠰᠡᠳᠬᠢᠭᠳᠡᠯ ᠢ ᠪᠦᠷᠢᠨ | ᠭᠦᠢᠴᠡᠳ ᠢᠯᠡᠳᠭᠡᠵᠦ᠂ ᠬᠠᠮᠲᠦ ᠶᠢᠨ ᠪᠦᠵᠢᠭ ︽ᠰᠠᠬᠢᠨ ᠪᠠᠷᠠᠯᠠᠬᠤᠢ︾ ᠨᠢ ᠤᠮᠠᠷᠠᠲᠤ ᠬᠢᠯᠢ ᠶᠢᠨ ᠳᠠᠷᠤᠭ᠎ᠠ | ᠪᠠᠶᠢᠯᠳᠤᠭᠴᠢᠳ ᠤᠨ ᠨᠠᠮ ᠳᠠᠭᠠᠨ ᠬᠢᠵᠠᠭᠠᠯᠠᠰᠢ ᠦᠭᠡᠢ ᠦᠨᠡᠨᠴᠢ ᠰᠢᠳᠤᠷᠭᠤ ᠪᠠᠶᠢᠭ᠎ᠠ ᠶᠢ ᠬᠠᠷᠠᠭᠤᠯᠤᠨ᠂ ᠬᠡᠬᠦᠳᠡᠭ | ᠳᠦᠭᠦᠷᠡᠩ ᠬᠠᠶᠢᠷ᠎ᠠ ᠰᠡᠳᠬᠢᠯᠭᠡ ᠶᠢ ᠭᠦᠢᠴᠡᠳ ᠢᠯᠡᠳᠭᠡᠵᠦ᠂ ᠨᠠᠮ ᠤᠨ ᠲᠡᠤᠬᠡ ᠶᠢᠨ ᠰᠡᠳᠣᠪᠲᠦ ᠵᠦᠴᠦᠭᠡ ︽ᠶᠠᠨ | ᠠᠨ ᠳᠤ ᠣᠴᠢᠭᠰᠠᠨ ᠨᠢ︾ ᠬᠥᠮᠦᠰ ᠤᠨ ᠬᠤᠪᠢᠰᠬᠠᠯᠲᠤ ᠲᠡᠦᠬᠡ ᠶᠢᠨ ᠲᠤᠬᠠᠢ ᠳᠤᠷᠠᠳᠬᠠᠯ ᠢ ᠤᠷᠢᠶᠠᠯᠠᠵᠤ᠂ ᠲᠠᠯ᠎ᠠ | ᠨᠤᠲᠤᠭ ᠤᠨ ᠠᠷᠠᠳ ᠲᠦᠮᠡᠨ ᠤ ᠨᠠᠮ ᠤᠨ ᠲᠡᠦᠬᠡ ᠶᠢ ᠰᠤᠷᠤᠯᠴᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ | ᠳᠠᠭᠠᠬᠤ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠬᠤ᠂ ᠴᠥᠬᠦᠷᠡᠰᠢ ᠦᠭᠡᠢ ᠲᠡᠮᠡᠴᠡᠬᠦ ᠤᠷᠮ᠎ᠠ ᠰᠡᠳᠬᠢᠯᠭᠡ ᠶᠢ | ᠲᠠᠰᠤᠷᠠᠯᠲᠠ ᠦᠭᠡᠢ ᠬᠥᠭᠵᠢᠭᠡᠪᠡ᠃ ᠡᠮᠡᠭᠲᠡᠶ ᠶᠢᠨ ᠭᠤᠷᠪᠠᠯᠠᠯ ᠳᠠᠭᠤᠣ ︽ᠮᠢᠨᠦ ᠤᠯᠠᠭᠠᠨᠮᠥ᠋ᠴᠢᠷ︾ ᠨᠢ ᠵᠡᠭᠦᠨ | ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠤᠨ 60 ᠭᠠᠷᠤᠶ ᠵᠢᠯ ᠤᠨ ᠲᠤᠷᠰᠢ᠂ ᠬᠥᠬᠡ ᠲᠩᠷᠢ ᠪᠠᠷ ᠬᠥᠰᠢᠭᠡ | ᠪᠠᠨ ᠪᠣᠯᠭᠠᠵᠤ᠂ ᠬᠦᠷᠦᠰᠦᠲᠦ ᠲᠠᠯ᠎ᠠ ᠪᠠᠷ ᠲᠠᠶᠢᠰᠠ ᠪᠠᠨ ᠪᠣᠯᠭᠠᠨ᠂ ᠣᠯᠠᠨ ᠲᠦᠮᠡᠨ ᠳᠤ ᠲᠣᠭᠯᠠᠯᠲᠠ ᠭᠠᠷᠭᠠᠵᠤ᠂ | ᠤᠬᠠᠭᠤᠯᠭ᠎ᠠ ᠬᠢᠵᠦ᠂ ᠬᠠᠪᠰᠤᠷᠤᠨ ᠵᠢᠯᠣᠭᠤᠳᠴᠤ᠂ ᠦᠢᠯᠡᠴᠢᠯᠡᠭᠡ ᠬᠠᠩᠭᠠᠵᠦ᠂ ︽ᠬᠤᠪᠢᠰᠬᠠᠯᠲᠤ ᠤᠳᠬ᠎ᠠ | ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠢᠷᠠᠭᠤ ᠠᠯᠳᠠᠷᠲᠤ ᠡᠭᠦᠷᠭᠡ ᠶᠢ ᠢᠮᠠᠭᠲᠠ ᠦᠢᠯᠡᠳᠦᠯᠭᠡᠵᠢᠭᠦᠯᠵᠦ᠂ | ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠤᠭᠰᠠᠭᠠᠷ ᠢᠷᠡᠭᠰᠡᠨ ᠥᠩᠭᠡᠷᠡᠯᠲᠡ ᠶᠢ ᠮᠠᠭᠲᠠᠨ ᠳᠠᠭᠤᠯᠠᠵᠠᠢ᠃ | ᠲᠣᠭᠯᠠᠭᠴᠢᠳᠡᠴᠠ ᠠᠭᠤᠯᠭ᠎ᠠ ᠢᠶᠠᠷ ᠪᠠᠶᠠᠯᠢᠭ ᠭᠤᠴᠣ ᠰᠠᠶᠢᠬᠠᠨ ᠲᠣᠭᠯᠠᠯᠲᠠ ᠪᠠᠷ ᠢᠶᠠᠨ ᠨᠠᠮ ᠢᠶᠠᠨ ᠬᠠᠶᠢᠷᠠᠯᠠᠬᠤ᠂ | ᠤᠯᠤᠰ ᠣᠷᠣᠨ ᠢᠶᠠᠨ ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠬᠤ ᠰᠠᠶᠢᠨ ᠰᠠᠶᠢᠬᠠᠨ ᠣᠶᠤᠨ ᠰᠠᠨᠠᠭᠠᠨ ᠤ | ᠳᠦᠷᠰᠦ ᠪᠠᠶᠢᠳᠠᠯ ᠢᠶᠠᠨ ᠢᠯᠡᠳᠬᠡᠵᠦ᠂ ᠬᠠᠮᠲᠦ ᠶᠢᠨ ᠳᠠᠭᠤᠤ ︽ᠪᠢᠳᠡ ᠤᠯᠠᠭᠠᠨᠮᠥ᠋ᠴᠢᠷ ᠤᠨ ᠬᠢᠨ︾ ᠤ ᠳᠤᠮᠳᠠ | ᠲᠣᠭᠯᠠᠯᠲᠠ ᠨᠢ ᠠᠮᠵᠢᠯᠲᠠ ᠲᠠᠢ ᠥᠨᠳᠥᠷᠯᠡᠪᠡ᠃ | ᠶᠡᠷᠦᠩᠬᠡᠢ ᠱᠦᠵᠢ ᠰᠢ ᠶᠢᠨ ᠫᠢᠩ ᠤᠨ ᠬᠠᠷᠢᠭᠤ ᠵᠠᠬᠢᠳᠠᠯ ᠨᠢ ᠥᠷᠭᠡᠨ ᠤᠯᠠᠨ ᠤᠳᠬ᠎ᠠ ᠤᠷᠠᠯᠢᠭ ᠤᠨ | ᠠᠵᠢᠯᠳᠠᠨ ᠤ ᠰᠡᠳᠬᠢᠯ ᠢ ᠬᠥᠭᠵᠢᠭᠡᠨ ᠤᠷᠮ᠎ᠠ ᠶᠢ ᠳᠡᠳᠬᠦᠭᠰᠡᠭᠡᠷ ᠢᠷᠡᠭᠰᠡᠨ ᠪᠢᠯᠡ᠂ ᠵᠡᠭᠦᠨ ᠦᠵᠦᠮᠦᠴᠢᠨ | ᠬᠤᠰᠢᠭᠤᠨ ᠤ ᠤᠯᠠᠭᠠᠨᠮᠥ᠋ᠴᠢᠷ ᠨᠢ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠦᠷᠭᠦᠯᠵᠢᠯᠡᠨ ᠪᠠᠳᠠᠷᠠᠭᠤᠯᠵᠤ᠂ | ᠠᠷᠠᠳ ᠲᠦᠮᠡᠨ ᠢᠶᠠᠷ ᠭᠤᠣᠯ ᠪᠣᠯᠭᠠᠬᠤ ᠠᠵᠢᠯ ᠤᠨ ᠤᠳᠤᠷᠢᠳᠤᠮᠵᠢ ᠶᠢ ᠪᠠᠷᠢᠮᠲᠠᠯᠠᠨ᠂ ᠨᠡᠩ ᠤᠯᠠᠨ ᠰᠣᠳᠣᠨ | ᠪᠦᠲᠦᠭᠡᠯ ᠢ ᠵᠣᠬᠢᠶᠠᠨ ᠪᠦᠲᠦᠭᠡᠵᠦ᠂ ᠥᠨᠢ ᠡᠭᠦᠷᠢᠳᠡ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ | ᠤᠷᠠᠯᠢᠭ ᠤᠨ ᠬᠦᠩᠭᠡᠨ ᠮᠣᠷᠢᠲᠤ ᠴᠡᠷᠢᠭ︾ ᠪᠤᠯᠬᠤ ᠪᠠᠷ ᠴᠢᠷᠮᠠᠶᠢᠨ ᠠᠵᠢᠯᠯᠠᠨ᠎ᠠ᠃ |