ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠵᠡᠭᠦᠨ ᠦᠵᠦᠮᠦᠴᠢᠨ ᠬᠤᠰᠢᠭᠤᠨ ᠳᠤ ᠶᠠᠪᠣᠭᠳᠠᠪᠠ
ᠨᠡᠶᠢᠲᠡᠯᠡᠭᠰᠡᠨ ᠴᠠᠭ᠄
2022/11/30
      11 ᠰᠠᠷ᠎ᠠ ᠶᠢᠨ22 ᠤᠨ ᠡᠳᠦᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ   ᠤᠨ ᠮᠡᠳᠡᠭᠦᠯᠦᠯᠲᠡ ᠶᠢᠨ ᠬᠤᠷᠠᠯ ᠵᠡᠭᠦᠨ ᠦᠵᠦᠮᠦᠴᠢᠨ ᠬᠤᠰᠢᠭᠤᠨ‌‍ᠳᠤ ᠶᠠᠪᠤᠭᠳᠠᠵᠤ᠂ ᠠᠶᠢᠮᠠᠭ ᠤᠨ ᠨᠠᠮ ᠤᠨ ᠬᠤᠷᠢᠶᠠᠨ  ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠳᠤ ᠰᠠᠭᠤᠭ᠎ᠠ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠭᠡᠰᠢᠭᠦᠨ ᠡᠦ ᠯᠢᠨ‌ᠵᠦ᠋ᠩ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠡ᠃      ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠢᠩᠭᠠᠨ ᠮᠡᠳᠡᠭᠦᠯᠦᠯᠲᠡ ᠶᠢᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠥᠬᠦ ᠪᠦᠷᠢᠯᠳᠦᠬᠦᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ᠂ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠺᠠᠳ᠋ᠷ ᠪᠣᠯᠤᠨ ᠡᠯ᠎ᠡ ᠰᠤᠷᠭᠠᠭᠤᠯᠢ ᠶᠢᠨ ᠪᠠᠭᠰᠢ ᠰᠤᠷᠤᠭᠴᠢᠳ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃          ᠮᠡᠳᠡᠭᠦᠯᠦᠯᠲᠡ ᠶᠢᠨ ᠬᠤᠷᠠᠯ ᠳᠤ᠂ ᠡᠦ ᠯᠢᠨ ᠵᠦᠩ ︽ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ ᠲᠡᠦᠬᠡ ᠶᠢᠨ ᠢᠯᠠᠯᠲᠠ ᠶᠢ ᠣᠯᠵᠤ ᠰᠠᠨᠠᠭᠠᠴᠢᠯᠠᠭ᠎ᠠ ᠠᠴᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠶ᠎ᠠ︾ ᠭᠡᠬᠦ ᠰᠡᠳᠦᠪ ᠢᠶᠠᠷ᠂ ᠰᠢᠨ᠎ᠡ ᠴᠠᠭ ᠦᠶ᠎ᠡ ᠰᠢᠨ᠎ᠡ ᠬᠤᠪᠢᠰᠤᠯᠲᠠ᠂ ᠰᠢᠨ᠎ᠡ ᠠᠶᠠᠨ ᠵᠠᠮ ᠤᠨ ᠵᠠᠮᠴᠢᠯᠠᠭᠴᠢ᠂ ᠰᠢᠨ᠎ᠡ ᠡᠭᠦᠷᠭᠡ ᠰᠢᠨ᠎ᠡ ᠢᠷᠠᠭᠤ ᠠᠯᠳᠠᠷ᠂ ᠰᠢᠨ᠎ᠡ ᠠᠶᠠᠨ ᠵᠠᠮ ᠤᠨ ᠰᠢᠯᠭᠠᠯᠲᠠ ᠳᠤ ᠣᠷᠣᠯᠴᠠᠭᠰᠠᠳ ᠵᠢᠴᠢ ᠰᠢᠨ᠎ᠡ ᠠᠶᠠᠨ ᠵᠠᠮ ᠤᠨ ᠲᠠᠪᠤᠨ ᠵᠢᠯ ᠤᠨ ᠲᠥᠪ ᠬᠤᠷᠢᠶᠠᠨ ᠤ ᠬᠤᠶᠠᠷ ᠵᠥᠪᠯᠡᠯ ᠤᠨ ᠮᠡᠨᠳᠦᠯᠡᠭᠰᠡᠨ ᠲᠡᠮᠳᠡᠭᠯᠡᠯ᠂ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠥᠪᠥᠷ ᠮᠣᠩᠭᠤᠯ ᠤᠨ ᠬᠥᠭᠵᠢᠯᠲᠡ ᠶᠢᠨ ᠲᠡᠮᠳᠡᠭᠯᠡᠯ᠂ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠢᠯᠵᠠᠷᠠᠯ ᠢ ᠡᠰᠡᠷᠭᠦᠴᠡᠭᠰᠡᠨ ᠲᠡᠮᠡᠴᠡᠯ ᠤᠨ ᠲᠡᠮᠳᠡᠭᠯᠡᠯ᠂ ᠰᠢᠨ᠎ᠡ ᠴᠠᠭ ᠦᠶ᠎ᠡ ᠶᠢᠨ ᠵᠠᠯᠠᠭᠤ ᠺᠠᠳ᠋ᠷᠴᠤᠳ ᠤᠨ ᠦᠰᠦᠨ ᠪᠤᠶᠢᠵᠢᠭᠰᠠᠨ ᠲᠡᠮᠳᠡᠭᠯᠡᠯ ᠵᠡᠷᠭᠡ ᠲᠠᠯ᠎ᠠ  ᠠᠴᠠ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠠᠤᠭ᠎ᠠ ᠬᠠᠷᠠᠯᠲᠠ᠂ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠪᠡ᠃      ᠬᠢᠩᠭᠠᠨ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠮᠥᠨ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠣᠨᠣᠯ ᠤᠨ ᠰᠤᠷᠤᠯᠴᠠᠯᠭ᠎ᠠ᠂ ᠲᠥᠪᠯᠡᠷᠡᠭᠦᠯᠦᠨ ᠰᠤᠳᠤᠯᠤᠨ ᠶᠠᠷᠢᠯᠴᠠᠬᠤ᠂ ᠲᠤᠰᠬᠠᠶ ᠰᠡᠳᠦᠪ  ᠢᠶᠠᠷ ᠬᠠᠪᠰᠤᠷᠤᠨ ᠵᠢᠯᠣᠭᠤᠳᠬᠤ ᠵᠡᠷᠭᠡ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠵᠣᠷᠢᠭ ᠰᠠᠨᠠᠭᠠᠨ ᠤ ᠮᠥᠨ ᠴᠢᠨᠠᠷ ᠢ ᠣᠨᠣᠪᠴᠢᠲᠠᠶ ᠡᠵᠡᠮᠰᠢᠨ᠂ ᠪᠠᠶᠠᠯᠢᠭ ᠠᠭᠤᠯᠤᠭᠳᠠᠬᠤᠨ ᠢ ᠭᠦᠨᠵᠡᠭᠡᠶ ᠣᠶᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠤᠬᠠᠮᠰᠠᠷ ᠠᠴᠠ ᠪᠠᠨ‌ᠨᠢᠭᠡᠳᠬᠡᠨ᠂ ᠤᠶᠤᠨ ᠤᠬᠠᠭᠠᠨ ᠪᠠ ᠬᠦᠴᠦᠨ ᠴᠢᠳᠠᠯ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠴᠢᠬᠤᠯᠠ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠳᠡᠭᠡᠷ᠎ᠡ ᠨᠢᠭᠲᠠᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠲᠠᠷᠢᠬᠢ ᠲᠣᠯᠣᠭᠠᠢ ᠪᠠᠨ ᠦᠨᠡᠨ ᠬᠦ ᠵᠡᠪᠰᠡᠭᠯᠡᠵᠦ᠂ ᠦᠢᠯᠡᠳᠦᠯᠭᠡ ᠶᠢ ᠵᠢᠯᠤᠭᠤᠳᠤᠭᠤᠯᠤᠨ᠂ ᠠᠵᠢᠯ ᠢᠶᠠᠨ ᠠᠬᠢᠭᠤᠯᠬᠤ ᠭᠡᠷᠡᠭᠲᠡᠢ᠃ ᠤᠬᠠᠭᠤᠯᠤᠨ ᠲᠠᠶᠢᠯᠪᠤᠷᠢᠯᠠᠬᠤ ᠶᠢ ᠰᠠᠶᠢᠲᠤᠷ ᠠᠳᠬᠤᠵᠤ᠂ ᠤᠯᠤᠰ ᠲᠦᠷᠦ ᠶᠢᠨ ᠬᠡᠪ ᠪᠣᠯᠪᠠᠰᠤᠷᠠᠯ ᠴᠢᠩᠭ᠎ᠠ᠂ ᠤᠨᠤᠯ ᠤᠨ ᠲᠦᠪᠰᠢᠨ ᠥᠨᠳᠥᠷ ᠰᠢᠯᠢᠳᠡᠭ ᠬᠦᠴᠦᠨ ᠢᠶᠠᠷ ᠤᠬᠠᠭᠤᠯᠤᠨ ᠲᠠᠶᠢᠯᠪᠤᠷᠢᠯᠠᠬᠤ ᠪᠦᠯᠬᠦᠮ ᠪᠠᠶᠢᠭᠤᠯᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠲᠤ ᠭᠦᠨᠵᠡᠭᠡᠶᠢᠷᠡᠨ ᠲᠣᠭᠤᠷᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ‍ᠤᠨ‌ᠵᠣᠷᠢᠭ ᠰᠠᠨᠠᠭ᠎ᠠ ᠶᠢ ᠬᠤᠲᠠ ᠪᠠᠯᠭᠠᠰᠤ᠂ ᠮᠠᠯᠵᠢᠬᠤ ᠣᠷᠣᠨ᠂ ᠭᠠᠴᠠᠭ᠎ᠠ᠂ ᠨᠡᠶᠢᠭᠡᠮ ᠲᠣᠭᠤᠷᠢᠭ᠂ ᠪᠠᠶᠢᠭᠤᠯᠭ᠎ᠠ ᠨᠢᠭᠡᠴᠢ᠂ ᠠᠵᠤ ᠠᠬᠤᠶᠢᠯᠠᠯ᠂ ᠰᠤᠷᠭᠠᠭᠤᠯᠢ᠂ᠴᠡᠷᠢᠭ ᠤᠨ ᠬᠤᠸᠠᠷᠠᠨ ᠬᠠᠷᠠᠭᠤᠯ ᠤᠨ ᠭᠠᠵᠠᠷ ᠲᠤ ᠤᠬᠠᠭᠤᠯᠬᠤ ᠶᠢ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠥᠷᠨᠢᠯᠲᠡ ᠶᠢ ᠦᠨᠡᠨ ᠬᠦ ᠪᠤᠢ ᠪᠣᠯᠭᠠᠬᠤ ᠬᠡᠷᠡᠭᠲᠡᠢ᠃ ᠰᠣᠷᠣᠭᠰᠠᠨ ᠢᠶᠠᠨ ᠬᠡᠷᠡᠭᠯᠡᠬᠦ ᠶᠢ ᠪᠡᠶᠡᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ  ᠲᠠᠢ ᠨᠠᠷᠢᠨ ᠬᠢᠨᠠᠮᠠᠭᠠᠶ ᠪᠠᠷᠢᠮᠵᠢᠶᠠᠯᠠᠨ ᠬᠠᠷᠭᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ  ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠭᠰᠠᠨ ᠥᠭᠡᠷᠡᠴᠢᠯᠡᠯᠲᠡ᠂ ᠬᠥᠭᠵᠢᠯᠲᠡ᠂ ᠲᠣᠭᠲᠠᠭᠤᠨ ᠤ ᠡᠯ᠎ᠡ ᠵᠦᠢᠯ ᠤᠨ ᠠᠵᠢᠯ ᠲᠠᠢ ᠨᠡᠪᠲᠡᠷᠡᠯᠴᠡᠭᠦᠯᠵᠦ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠪᠣᠳᠣᠯ ᠢᠶᠠᠨ ᠦᠷᠭᠦᠯᠵᠢᠯᠡᠨ ᠴᠢᠩᠭᠠᠳᠬᠠᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨ ᠬᠦ ᠡᠯ᠎ᠡ ᠵᠦᠢᠯ ᠤᠨ ᠠᠵᠢᠯ ᠦᠢᠯᠡᠰ ᠤᠨ ᠳᠠᠬᠢᠨ ᠰᠢᠨ᠎ᠡ‌‍ᠲ᠋ᠡᠭᠲᠡᠷ ᠲᠤ ᠭᠠᠷᠬᠤ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ ᠭᠡᠵᠡᠢ᠃      ᠲᠤᠬᠠᠢ ᠶᠢᠨ ᠡᠳᠦᠷ ᠤᠨ ᠦᠳᠡ ᠶᠢᠨ ᠬᠤᠶᠢᠨ᠎ᠠ᠂ ᠡᠦ ᠯᠢᠨ ᠵᠦᠩ ᠤᠯᠢᠶᠠᠰᠤᠲᠠᠢ ᠪᠠᠯᠭᠠᠰᠤᠨ ᠳᠠᠬᠢ ᠲᠣᠮᠢᠯᠠᠭᠰᠠᠨ ᠰᠠᠯᠪᠤᠷᠢ ᠳᠤ ᠭᠦᠨᠵᠡᠭᠡᠶᠢᠷᠡᠵᠦ᠂ ᠲᠣᠮᠢᠯᠠᠭᠰᠠᠨ ᠰᠠᠯᠪᠤᠷᠢ ᠶᠢᠨ ᠪᠦᠬᠦ ᠺᠠᠳ᠋ᠷ ᠴᠠᠭᠳᠠᠭ᠎ᠠ ᠲᠠᠢ ᠰᠠᠨᠠᠯ ᠢᠶᠠᠨ ᠰᠣᠯᠢᠯᠴᠠᠵᠤ ᠤᠬᠠᠭᠤᠯᠤᠨ ᠲᠠᠶᠢᠯᠪᠤᠷᠢᠯᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号