ᠵᠡᠭᠦᠨ ᠦᠵᠦᠮᠦᠴᠢᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠨᠢ1979 ᠣᠨ ᠳᠤ ᠠᠩᠬ᠎ᠠ | ᠪᠠᠶᠢᠭᠤᠯᠤᠭᠳᠠᠵᠤ᠂ ᠮᠣᠩᠭᠤᠯ ᠡᠮ ᠡᠮᠨᠡᠯᠭᠡ ᠶᠢᠨ ᠡᠮᠴᠢᠯᠡᠭᠡ᠂ ᠵᠢᠭᠠᠨ ᠰᠤᠷᠭᠠᠯᠲᠠ᠂ ᠡᠷᠳᠡᠮ ᠰᠢᠨᠵᠢᠯᠡᠭᠡᠨ ᠢ ᠨᠢᠭᠡ | ᠴᠣᠭᠴᠠᠵᠢᠭᠤᠯᠤᠭᠰᠠᠨ ᠦᠨᠳᠦᠰᠦᠲᠡᠨ ᠤ ᠲᠤᠰᠬᠠᠶ ᠡᠮᠨᠡᠯᠭᠡ ᠶᠢᠨ ᠬᠤᠷᠢᠶ᠎ᠠ ᠪᠠᠶᠢᠵᠦ᠂ ᠪᠥᠬᠦ ᠬᠤᠰᠢᠭᠤᠨ ᠤ 5 | ᠪᠠᠯᠭᠠᠰᠤ᠂ 2 ᠰᠤᠮᠤ᠂ 57 ᠭᠠᠴᠠᠭᠠᠨ ᠤ ᠦᠷᠭᠡᠨ ᠣᠯᠠᠨᠠᠷᠠᠳ ᠲᠦᠮᠡᠨ ᠤ ᠮᠣᠩᠭᠤᠯ ᠡᠮ ᠡᠮᠨᠡᠯᠭᠡ ᠶᠢᠨ | ᠡᠮᠴᠢᠯᠡᠭᠡ ᠪᠠ ᠰᠤᠪᠢᠯᠠᠯᠲᠠ᠂ ᠤᠷᠢᠳᠴᠢᠯᠠᠨ ᠰᠡᠷᠭᠡᠶᠢᠯᠡᠬᠦ ᠪᠠ ᠡᠷᠡᠭᠦᠯ ᠮᠡᠨᠳᠦ ᠶᠢ ᠬᠠᠮᠠᠭᠠᠯᠠᠬᠤ ᠠᠵᠢᠯ ᠢ ᠡᠭᠦᠷᠭᠡᠯᠡᠵᠦ | ᠂ ᠣᠷᠣᠨ ᠨᠤᠲᠤᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠳᠤ ᠮᠣᠩᠭᠤᠯ ᠡᠮ ᠡᠮᠨᠡᠯᠭᠡ ᠶᠢᠨ ᠥᠪᠡᠷᠮᠢᠴᠡ | ᠳᠠᠪᠠᠭᠤᠯᠢᠭ ᠢ ᠪᠠᠳᠠᠷᠠᠭᠤᠯᠤᠭᠰᠠᠭᠠᠷ ᠢᠷᠡᠵᠡᠢ᠃ | | | | ᠣᠯᠠᠨ ᠲᠦᠮᠡᠨ ᠤ ᠡᠪᠡᠳᠴᠢᠨ ᠦᠵᠡᠭᠦᠯᠬᠦ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ | ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠦᠴᠦᠲᠡᠶ | ᠳᠡᠮᠵᠢᠯᠭᠡ ᠳᠤᠤᠷ᠎ᠠ᠂ 2021ᠣᠨ ᠤ 12 ᠰᠠᠷ᠎ᠠ ᠶᠢᠨ ᠰᠡᠭᠦᠯᠴᠢ ᠪᠠᠷ᠂ ᠵᠡᠭᠦᠨ ᠦᠵᠦᠮᠦᠴᠢᠨ ᠬᠤᠰᠢᠭᠤᠨ ᠤ | ᠮᠣᠩᠭᠤᠯ ᠡᠮᠨᠡᠯᠭᠡ ᠶᠢᠨ ᠬᠤᠷᠢᠶ᠎ᠠ ᠨᠢ ᠪᠦᠬᠦᠯᠢ ᠴᠣᠭᠴᠠ ᠪᠠᠷ ᠢᠶᠠᠨ ᠤᠯᠢᠶᠠᠰᠤᠲᠠᠢ ᠪᠠᠯᠭᠠᠰᠤᠨ ᠤ ᠵᠢᠶᠠ ᠾᠧ ᠯᠢᠦᠶ | ᠶᠤᠸᠠᠨ ᠰᠠᠭᠤᠭᠠᠯᠢ ᠠᠷᠠᠳ ᠤᠨ ᠲᠣᠭᠤᠷᠢᠭ ᠤᠨ ᠪᠠᠷᠠᠭᠤᠨ ᠲᠠᠯ᠎ᠠ ᠳᠠᠬᠢ ᠰᠢᠨ᠎ᠡ ᠪᠠᠷ ᠪᠠᠶᠢᠭᠤᠯᠤᠭᠰᠠᠨᠠᠯᠪᠠᠨ | ᠠᠰᠠᠷ ᠲᠤ ᠪᠠᠨ ᠨᠡᠭᠦᠨ ᠣᠷᠤᠵᠠᠢ᠃ ᠰᠢᠨ᠎ᠡ ᠡᠮᠨᠡᠯᠭᠡ ᠶᠢᠨ ᠬᠤᠷᠢᠶ᠎ᠠ ᠶᠢᠨ ᠲᠠᠯᠠᠪᠠᠶ ᠨᠢ 30000 ᠲᠡᠭᠰᠢ | ᠳᠦᠷᠪᠡᠯᠵᠢᠨ ᠮᠧᠲᠷ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ11855 ᠲᠡᠭᠰᠢ ᠳᠦᠷᠪᠡᠯᠵᠢᠨ ᠮᠧᠲᠷ ᠪᠠᠶᠢᠵᠦ᠂ | 650 ᠲᠦᠮᠡᠨ ᠲᠥᠭᠦᠷᠢᠭ ᠤᠨ ᠡᠮᠴᠢᠯᠡᠭᠡᠨ ᠤ ᠪᠠᠭᠠᠵᠢ ᠬᠡᠷᠡᠭᠰᠡᠯ ᠲᠤᠨᠤᠭ ᠲᠦᠭᠦᠭᠡᠷᠮᠵᠢ ᠲᠠᠢ᠂ ᠮᠣᠩᠭᠤᠯ ᠡᠮᠨᠡᠯᠭᠡ᠂ | ᠡᠮᠴᠢᠯᠡᠭᠡ᠂ ᠴᠢᠳᠠᠪᠬᠢᠲᠦ ᠰᠠᠯᠠᠭ᠎ᠠ ᠵᠡᠷᠭᠡ12 ᠰᠠᠯᠠᠭ᠎ᠠ ᠲᠠᠰᠤᠭ ᠵᠢᠴᠢ 100 ᠡᠪᠳᠴᠢᠲᠠᠨ ᠤ ᠣᠷᠣ ᠲᠠᠢ | ᠪᠠᠶᠢᠵᠤ᠂ ᠡᠪᠡᠳᠴᠢᠨ ᠦᠵᠡᠭᠦᠯᠬᠦ ᠶᠠᠪᠤᠴᠠ ᠨᠢ ᠨᠠᠩ ᠵᠢᠷᠤᠮᠵᠢᠭᠤᠨ ᠳᠥᠭᠦᠮ ᠳᠥᠲᠡ ᠪᠣᠯᠵᠣ᠂ ᠪᠦᠬᠦᠯᠢ | ᠴᠣᠭᠴᠠ ᠶᠢᠨ ᠦᠢᠯᠡᠴᠢᠯᠡᠭᠡᠨ ᠤ ᠴᠢᠳᠠᠮᠵᠢ ᠨᠢ ᠤᠯᠠᠮ ᠨᠢᠭᠡ ᠠᠯᠬᠤᠮ ᠲᠡᠭᠦᠯᠳᠡᠷᠵᠢᠪᠡ᠃ | | | | ᠵᠡᠭᠦᠨ ᠦᠵᠦᠮᠦᠴᠢᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠨᠢ ︽ᠮᠣᠩᠭᠤᠯ ᠡᠮ ᠡᠮᠨᠡᠯᠭᠡ ᠶᠢᠨ | ᠣᠨᠴᠠᠯᠢᠭ ᠢ ᠳᠣᠪᠤᠶᠢᠯᠭᠠᠵᠤ᠂ ᠡᠶ᠎ᠡ ᠵᠣᠬᠢᠴᠠᠯᠳᠤ ᠡᠮᠴᠢ ᠡᠪᠳᠴᠢᠲᠠᠨ ᠤ ᠬᠠᠷᠢᠴᠠᠭ᠎ᠠ ᠶᠢ ᠪᠠᠶᠢᠭᠤᠯᠬᠤ︾ ᠡᠮᠨᠡᠯᠭᠡ | ᠶᠢᠨ ᠬᠤᠷᠢᠶ᠎ᠠ ᠡᠷᠬᠢᠯᠡᠬᠦ ᠦᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠮᠣᠩᠭᠤᠯ ᠡᠮ ᠡᠮᠨᠡᠯᠭᠡ ᠶᠢᠨ ᠤᠯᠠᠮᠵᠢᠯᠠᠯᠲᠤ | ᠡᠮᠨᠡᠨ ᠵᠠᠰᠠᠬᠤ ᠮᠡᠷᠭᠡᠵᠢᠯ ᠢ ᠤᠯᠠᠮ ᠨᠢᠭᠡ ᠠᠯᠬᠤᠮ ᠥᠷᠭᠡᠳᠬᠡᠵᠦ᠂ ᠠᠯᠳᠠᠭᠳᠠᠬᠤ ᠰᠢᠬᠠᠭᠰᠠᠨ ᠮᠣᠩᠭᠤᠯ ᠡᠮᠨᠡᠯᠭᠡ | ᠶᠢᠨ ᠤᠯᠠᠮᠵᠢᠯᠠᠯᠲᠤ ᠡᠮᠨᠡᠨ ᠵᠠᠰᠠᠬᠤ ᠮᠡᠷᠭᠡᠵᠢᠯ ᠢ ᠦᠷᠭᠦᠯᠵᠢᠯᠡᠨ ᠪᠠᠳᠠᠷᠠᠭᠤᠯᠤᠭᠰᠠᠨ ᠪᠠᠶᠢᠨ᠎ᠠ᠃ ᠮᠣᠩᠭᠤᠯ ᠡᠮᠨᠡᠯᠭᠡ | ᠶᠢᠨ ᠶᠠᠰᠤ ᠪᠠᠷᠢᠵᠤ ᠡᠷᠡᠭᠦᠯᠵᠢᠭᠦᠯᠬᠦ ᠡᠮᠴᠢᠯᠡᠭᠡᠨ ᠤ ᠰᠠᠯᠠᠭ᠎ᠠ᠂ ᠮᠣᠩᠭᠤᠯ ᠡᠮᠨᠡᠯᠭᠡ ᠶᠢᠨ ᠬᠤᠷᠠᠬᠤ ᠡᠪᠡᠳᠴᠢᠨ ᠤ | ᠡᠮᠴᠢᠯᠡᠭᠡᠨ ᠤ ᠰᠠᠯᠠᠭ᠎ᠠ᠂ ᠮᠣᠩᠭᠤᠯ ᠡᠮᠨᠡᠯᠭᠡ ᠶᠢᠨ ᠲᠠᠪᠤᠨ ᠵᠠᠰᠠᠯ ᠤᠨ ᠰᠠᠯᠠᠭ᠎ᠠ ᠵᠡᠷᠭᠡ 3 ᠤᠯᠠᠮᠵᠢᠯᠠᠯᠲᠤ | ᠡᠮᠴᠢᠯᠡᠭᠡᠨ ᠤ ᠮᠡᠷᠭᠡᠵᠢᠯ ᠤᠨ ᠰᠠᠯᠠᠭ᠎ᠠ ᠪᠣᠯᠤᠨ ᠮᠣᠩᠭᠤᠯ ᠡᠮᠨᠡᠯᠭᠡ ᠶᠢᠨ ᠵᠢᠷᠦᠬᠡ ᠴᠢᠰᠤᠨ ᠰᠤᠳᠠᠯ ᠤᠨ ᠰᠠᠯᠠᠭ᠎ᠠ᠂ | ᠮᠣᠩᠭᠤᠯ ᠡᠮᠨᠡᠯᠭᠡ ᠶᠢᠨ ᠳᠡᠯᠢᠭᠦᠦ ᠬᠤᠳᠣᠭᠤᠲᠣᠨ ᠡᠪᠡᠳᠴᠢᠨ ᠤ ᠰᠠᠯᠠᠭ᠎ᠠ ᠶᠢ ᠠᠮᠵᠢᠯᠲᠠ ᠲᠠᠢ ᠨᠡᠭᠡᠭᠡᠨ | ᠠᠵᠢᠯᠯᠠᠭᠤᠯᠵᠠᠢ᠃ | | | | | | ᠮᠣᠩᠭᠤᠯ ᠡᠮᠨᠡᠯᠭᠡ ᠶᠢᠨ ᠶᠠᠰᠤ ᠪᠠᠷᠢᠵᠤ ᠡᠷᠡᠭᠦᠯᠵᠢᠭᠦᠯᠬᠦ ᠡᠮᠴᠢᠯᠡᠭᠡ ᠨᠢ ᠠᠷᠭ᠎ᠠ ᠪᠠᠷᠢᠯ ᠨᠢ ᠳᠦᠭᠦᠮ᠂ | ᠲᠥᠬᠦᠭᠡᠷᠦᠮᠵᠢ ᠨᠢ ᠠᠪᠰᠷᠠᠬᠠᠨ᠂ ᠵᠠᠷᠤᠳᠠᠯ ᠪᠠᠭ᠎ᠠ᠂ ᠡᠳᠡᠭᠡᠷᠡᠬᠦ ᠨᠢ ᠲᠦᠷᠭᠡᠨ ᠵᠡᠷᠭᠡ ᠣᠨᠴᠠᠯᠢᠭ ᠲᠠᠢ ᠪᠠᠶᠢᠵᠤ᠂ ᠵᠢᠯ | ᠪᠦᠷᠢ 700 ᠭᠠᠷᠤᠶ ᠬᠥᠮᠦᠨ ᠢ ᠡᠮᠨᠡᠨ ᠵᠠᠰᠠᠳᠠᠭ᠃ ᠤᠯᠠᠮᠵᠢᠯᠠᠯᠲᠤ ᠡᠮᠴᠢᠯᠡᠭᠡᠨ ᠤ ᠰᠠᠯᠠᠭ᠎ᠠ ᠶᠢᠨ ᠡᠯ᠎ᠡ ᠵᠦᠢᠯ ᠤᠨ | ᠡᠮᠴᠢᠯᠡᠭᠡᠨ ᠤ ᠲᠥᠬᠦᠭᠡᠷᠦᠮᠵᠢ ᠨᠢ ᠵᠢᠯ ᠪᠦᠷᠢ 7000 ᠭᠠᠷᠤᠢ ᠬᠥᠮᠦᠨ ᠢ ᠡᠮᠨᠡᠨ ᠵᠠᠰᠠᠵᠦ᠂ 4000 ᠭᠠᠷᠤᠢ ᠵᠢᠩ | ᠴᠡᠭᠡ ᠪᠣᠷᠣᠯᠠᠭᠤᠯᠵᠤ᠂ ᠡᠪᠡᠳᠴᠢᠲᠡᠨ ᠳᠤ ᠤᠨᠴᠠᠯᠢᠬᠳᠤ ᠡᠷᠡᠭᠦᠯᠵᠢᠯ ᠤᠨ ᠡᠮᠴᠢᠯᠡᠭᠡ ᠬᠠᠩᠭᠠᠭᠰᠠᠨ ᠢᠶᠠᠷ ᠪᠠᠷᠠᠬᠤ | ᠦᠭᠡᠢ ᠮᠠᠯᠵᠢᠬᠤ ᠡᠷᠦᠬᠡ ᠳᠤ 35000 ᠲᠥᠭᠦᠷᠢᠭ ᠤᠨ ᠣᠷᠣᠯᠭ᠎ᠠ ᠣᠯᠭᠤᠪᠠ᠃ 2015 ᠣᠨ ᠳᠤ᠂ ᠮᠣᠩᠭᠤᠯ | ᠡᠮᠨᠡᠯᠭᠡ ᠶᠢᠨ ᠶᠠᠰᠤ ᠪᠠᠷᠢᠵᠤ ᠡᠷᠡᠭᠦᠯᠵᠢᠭᠦᠯᠬᠦ ᠡᠮᠴᠢᠯᠡᠭᠡᠨ ᠤ ᠰᠠᠯᠠᠭ᠎ᠠ ᠪᠠ ᠮᠣᠩᠭᠤᠯ ᠡᠮᠨᠡᠯᠭᠡ ᠶᠢᠨ ᠵᠢᠷᠦᠬᠡ ᠴᠢᠰᠤᠨ | ᠰᠤᠳᠠᠯ ᠤᠨ ᠰᠠᠯᠠᠭ᠎ᠠ ᠨᠢ ᠠᠶᠢᠮᠠᠭ ᠤᠨ ᠲᠠᠰ ᠤᠨ ᠭᠤᠤᠯᠳᠠᠯᠭ᠎ᠠ ᠲᠠᠢ ᠲᠤᠰᠬᠠᠶ ᠰᠠᠯᠠᠭ᠎ᠠ ᠪᠠᠷ ᠦᠨᠡᠯᠡᠭᠳᠡᠪᠡ᠃ | ᠡᠭᠦᠨ ᠠᠴᠠ ᠭᠠᠳᠠᠨ᠎ᠠ ᠪᠠᠰᠠ ᠥᠪᠡᠷᠲᠡᠭᠡᠨ ᠵᠠᠰᠠᠬᠤ ᠣᠷᠣᠨ ᠤ ᠲᠠᠰ ᠤᠨ ︽3 .15︾ ᠦᠨᠡᠨᠴᠢ ᠢᠲᠡᠭᠡᠮᠵᠢᠲᠦ | ᠨᠢᠭᠡᠴᠡ᠂ ︽ᠰᠢᠯᠢ ᠶᠢᠨ ᠭᠤᠤᠯ ᠠᠶᠢᠮᠠᠭ ᠤᠨ ᠡᠷᠡᠭᠦᠯ ᠬᠠᠮᠠᠭᠠᠯᠠᠯ ᠤᠨ ᠰᠢᠰᠲ᠋ᠧᠮ ᠤᠨ ᠲᠡᠷᠢᠭᠦᠨ ᠤ ᠬᠠᠮᠲᠤ ᠨᠡᠶᠢᠲᠡ | ︾᠂ ᠠᠶᠢᠮᠠᠭ ᠤᠨ ᠲᠠᠰ ᠤᠨ ︽ᠣᠶᠤᠨ ᠤ ᠪᠣᠯᠪᠠᠰᠤᠨ ᠤ ᠨᠢᠭᠡᠴᠡ︾᠂ ︽ᠰᠢᠯᠢ ᠶᠢᠨ ᠭᠤᠤᠯ ᠠᠶᠢᠮᠠᠭ ᠤᠨ | ᠨᠡᠶᠢᠲᠡᠯᠢᠭ ᠪᠤᠰᠤ ᠠᠭᠤᠰᠬᠢᠨ ᠦᠷᠪᠢᠰᠦᠯ ᠲᠠᠢ ᠲᠡᠮᠡᠴᠡᠭᠰᠡᠨ ᠲᠡᠷᠢᠭᠦᠨ ᠤ ᠬᠠᠮᠲᠦ ᠨᠡᠶᠢᠲᠡ︾᠂ ᠬᠤᠰᠢᠭᠤ | ᠲᠠᠰ ᠤᠨ ︽ᠣᠶᠤᠨ ᠤ ᠪᠣᠯᠪᠠᠰᠤᠨ ᠨᠢᠭᠡᠴᠡ︾᠂ ᠪᠥᠬᠦ ᠬᠤᠰᠢᠭᠤᠨ ᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ | ᠲᠡᠷᠢᠭᠦᠨ ᠤ ᠨᠢᠭᠡᠴᠡ ᠵᠡᠷᠭᠡ ᠣᠯᠠᠨ ᠢᠷᠠᠭᠤ ᠠᠯᠳᠠᠷ ᠢ ᠬᠦᠷᠲᠡᠭᠰᠡᠨ ᠪᠠᠶᠢᠨ᠎ᠠ᠃ | | | | | ᠵᠡᠭᠦᠨ ᠦᠵᠦᠮᠦᠴᠢᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠳᠤ ᠣᠳᠣᠬᠠᠨ ᠳᠤ ᠨᠡᠷᠡᠲᠦ | ᠠᠬᠠᠮᠠᠳ ᠮᠣᠩᠭᠤᠯ ᠡᠮᠴᠢ ᠶᠢᠨ ᠠᠵᠢᠯᠯᠠᠬᠤ ᠲᠠᠰᠤᠭ 2 ᠪᠣᠢ᠃ ᠣᠯᠠᠨ ᠵᠢᠯ ᠤᠨ ᠲᠤᠷᠰᠢ᠂ ᠨᠡᠷᠡᠲᠦ ᠠᠬᠠᠮᠠᠳ | ᠮᠣᠩᠭᠤᠯ ᠡᠮᠴᠢ ᠶᠢᠨ ᠠᠵᠢᠯᠯᠠᠬᠤ ᠲᠠᠰᠤᠭ ᠨᠢ ᠡᠮᠨᠡᠯᠭᠡ ᠶᠢᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠢ | ᠵᠢᠷᠤᠮᠯᠠᠨ ᠡᠮᠴᠢ ᠰᠤᠪᠢᠯᠠᠭᠴᠢᠳ ᠢ ᠳᠠᠭᠠᠭᠤᠯᠤᠨ ᠨᠡᠶᠢᠭᠡᠮ ᠲᠣᠭᠤᠷᠢᠭ᠂ ᠨᠠᠰᠤᠲᠠᠨ ᠢ ᠠᠰᠠᠷᠠᠬᠤ ᠬᠦᠷᠢᠶᠡᠯᠡᠩ᠂ | ᠰᠤᠷᠭᠠᠭᠤᠯᠢ᠂ ᠠᠭᠤᠳᠠᠮ ᠲᠠᠯᠠᠪᠠᠶ᠂ ᠰᠤᠮᠤ ᠪᠠᠯᠭᠠᠰᠤ ᠮᠠᠯᠵᠢᠬᠤ ᠣᠷᠣᠨ ᠵᠡᠷᠭᠡ ᠭᠠᠵᠠᠷ ᠲᠤ ᠭᠦᠨᠵᠡᠭᠡᠶᠢᠷᠡᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠤᠬᠠᠭᠤᠯᠭ᠎ᠠ ᠵᠢᠴᠢ ᠠᠯᠪᠠᠨ ᠵᠢᠷᠤᠮ ᠤᠨ ᠡᠮᠴᠢᠯᠡᠭᠡᠨ ᠤ ᠠᠵᠢᠯ ᠥᠷᠨᠢᠭᠦᠯᠦᠭᠰᠡᠨ | ᠪᠥᠭᠡᠳ ᠮᠠᠨ ᠤ ᠬᠤᠰᠢᠭᠤᠨ ᠤ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠤᠨ ᠡᠮᠴᠢ ᠵᠢᠴᠢ ᠮᠣᠩᠭᠤᠯ | ᠡᠮᠨᠡᠯᠭᠡ ᠶᠢᠨ ᠬᠤᠪᠢ ᠶᠢᠨ ᠡᠭᠦᠳᠡᠨ ᠡᠮᠨᠡᠯᠭᠡ ᠶᠢᠨ ᠡᠮᠴᠢ ᠳᠤ ᠣᠯᠠᠨ ᠤᠳᠠᠭ᠎ᠠ ᠮᠣᠩᠭᠤᠯ ᠡᠮᠨᠡᠯᠭᠡ ᠶᠢᠨ | ᠡᠮᠴᠢᠯᠡᠭᠡᠨ ᠤ ᠪᠤᠯᠪᠠᠰᠣᠷᠠᠯ ᠬᠠᠩᠭᠠᠪᠠ᠃ | | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ᠂ ᠵᠡᠭᠦᠨ ᠦᠵᠦᠮᠦᠴᠢᠨ ᠬᠤᠰᠢᠭᠤᠨ ᠤ | ᠮᠣᠩᠭᠤᠯ ᠡᠮᠨᠡᠯᠭᠡ ᠶᠢᠨ ᠬᠤᠷᠢᠶᠠᠨ ᠤ ᠪᠥᠬᠦ ᠡᠮᠴᠢ ᠰᠤᠪᠢᠯᠠᠭᠴᠢ ᠠᠵᠢᠯ ᠤᠨ ᠪᠠᠶᠢᠷᠢ ᠪᠠᠨ ᠪᠠᠲᠤ ᠰᠠᠬᠢᠵᠤ᠂ ᠪᠣᠳᠠᠲᠤ | ᠦᠢᠯᠡᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠡᠭᠦᠷᠭᠡᠯᠡᠯ ᠢᠶᠠᠨ ᠦᠢᠯᠡᠳᠦᠯᠭᠡᠵᠢᠭᠦᠯᠦᠭᠰᠡᠭᠡᠷ ᠢᠷᠡᠵᠡᠢ᠃ ᠲᠠᠳᠠ ᠪᠣᠯ | ᠲᠤᠰᠠᠭᠠᠷᠯᠠᠬᠤ ᠴᠡᠭ ᠤᠨ ︽ᠣᠯᠠᠨ ᠴᠢᠳᠠᠮᠵᠢᠳᠤ︾ ᠡᠮᠴᠢ ᠮᠥᠨ᠂ ᠲᠤᠰᠠᠭᠠᠷᠯᠠᠬᠤ ᠬᠥᠮᠦᠰ ᠢ ᠭᠥᠯᠢᠶᠡᠨ ᠠᠪᠬᠤ᠂ | ᠮᠡᠳᠡᠭᠡ ᠵᠠᠩᠭᠢ ᠶᠢ ᠳᠠᠩᠰᠠᠯᠠᠬᠤ᠂ ᠰᠡᠳᠬᠢᠴᠡ ᠵᠢᠯᠤᠭᠤᠳᠤᠯᠭ᠎ᠠ ᠬᠢᠬᠦ᠂ ᠠᠮᠢᠳᠤᠷᠠᠯ ᠢ ᠨᠢ ᠪᠠᠲᠤᠯᠠᠬᠤ ᠂ | ᠲᠤᠰᠠᠭᠠᠷᠯᠠᠬᠤ ᠴᠡᠭ ᠤᠨ ᠬᠦᠮᠦᠰ ᠦᠨᠡᠳᠦᠷ ᠪᠦᠷᠢ ᠶᠢᠨ ᠪᠡᠶ᠎ᠡ ᠶᠢᠨ ᠳᠤᠯᠠᠭᠠᠨ ᠢ ᠬᠢᠨᠠᠨ ᠬᠡᠮᠵᠢᠬᠦ᠂ ᠪᠥᠭᠡᠮ | ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠠᠴᠠ ᠭᠠᠳᠠᠨ᠎ᠠ᠂ ᠠᠷᠢᠭᠤᠳᠬᠠᠨ ᠴᠡᠪᠡᠷᠯᠡᠬᠦ ᠠᠵᠢᠯ ᠵᠡᠷᠭᠡ ᠡᠯ᠎ᠡ | ᠵᠦᠢᠯ ᠤᠨ ᠰᠠᠭᠤᠷᠢ ᠠᠵᠢᠯ ᠳᠤ ᠵᠢᠯᠤᠭᠤᠳᠤᠯᠭ᠎ᠠ ᠬᠠᠩᠭᠠᠳᠠᠭ ᠂ 24 ᠴᠠᠭ ᠦᠷᠬᠦᠯᠵᠢᠯᠡᠨ ᠠᠵᠢᠯᠯᠠᠬᠤ ᠪᠣᠯ | ᠲᠡᠳᠡᠨ ᠤ ᠠᠵᠢᠯ ᠤᠨ ᠬᠡᠪ ᠤᠨ ᠪᠠᠶᠢᠳᠠᠯ ᠪᠣᠯᠤᠨ᠎ᠠ᠃ | | | | ᠰᠢᠨ᠎ᠡ ᠣᠷᠴᠢᠨ ᠲᠣᠭᠤᠷᠢᠨ᠂ ᠰᠢᠨ᠎ᠡ ᠪᠠᠶᠢᠳᠠᠯ ᠳᠤᠤᠷ᠎ᠠ᠂ ᠵᠡᠭᠦᠨ ᠦᠵᠦᠮᠦᠴᠢᠨ ᠬᠤᠰᠢᠭᠤᠨ ᠤ ᠮᠣᠩᠭᠤᠯ | ᠡᠮᠨᠡᠯᠭᠡ ᠶᠢᠨ ᠬᠤᠷᠢᠶ᠎ᠠ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠵᠤ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ | ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠦᠢᠯᠡᠴᠢᠯᠡᠭᠡᠨ ᠤ ᠵᠣᠷᠢᠯᠲᠠ ᠶᠢ ᠪᠠᠷᠢᠮᠲᠠᠯᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠡᠮᠨᠡᠯᠭᠡ ᠶᠢᠨ ᠬᠤᠷᠢᠶᠠᠨ ᠤ ᠡᠯ᠎ᠡ ᠵᠦᠢᠯ ᠤᠨ | ᠠᠵᠢᠯ ᠢᠶᠠᠨ ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠵᠦ᠂ ᠠᠷᠠᠳ ᠣᠯᠠᠨ ᠳᠤ ᠨᠡᠩ ᠴᠢᠨᠠᠷ ᠰᠠᠶᠢᠲᠠᠶ | ᠦᠢᠯᠡᠴᠢᠯᠡᠭᠡ ᠬᠠᠩᠭᠠᠬᠤ ᠶᠢ ᠤᠯᠠᠮ ᠨᠢᠭᠡ ᠠᠯᠬᠤᠮ ᠪᠠᠲᠤᠯᠠᠬᠤ ᠪᠤᠯᠤᠨ᠎ᠠ᠃ | | |