ᠬᠤᠰᠢᠭᠤ ᠤᠯᠠᠭᠠᠨᠮᠥ᠋ᠴᠢᠷ ︽ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ ᠂ ᠰᠢᠨ᠎ᠡ ᠴᠠᠭ ᠦᠶ᠎ᠡ  ᠳᠤ ᠭᠠᠪᠢᠶ᠎ᠠ ᠪᠠᠶᠢᠭᠤᠯᠰᠤᠭᠠᠢ︾ ᠭᠤᠣᠯ ᠰᠡᠳᠣᠪᠲᠦ ᠲᠤᠰᠬᠠᠢ ᠲᠤᠭᠯᠠᠯᠲᠠ ᠭᠠᠷᠭᠠᠪᠠ
ᠨᠡᠶᠢᠲᠡᠯᠡᠭᠰᠡᠨ ᠴᠠᠭ᠄
2022/11/30
     
     2017 ᠣᠨ ᠤ 11 ᠰᠠᠷ᠎ᠠ ᠶᠢᠨ 21 ᠤ ᠡᠳᠦᠷ᠂ ᠤᠯᠠᠭᠠᠨᠮᠥ᠋ᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠲᠤ ᠢᠯᠡᠭᠡᠭᠰᠡᠨ ᠬᠠᠷᠢᠭᠤ ᠵᠠᠬᠢᠳᠠᠯ ᠢ ᠲᠣᠰᠤᠭᠰᠠᠨ ᠪᠢᠯᠡ᠃
     ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠶᠡᠭᠡ ᠪᠠᠷ ᠪᠠᠳᠠᠷᠠᠭᠤᠯᠵᠤ᠂ ᠤᠯᠠᠭᠠᠨᠮᠥ᠋ᠴᠢᠷ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠤᠭᠤᠰᠢᠯᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ 11 ᠰᠠᠷ᠎ᠠ ᠶᠢᠨ 21 ᠤ ᠡᠳᠦᠷ᠂  ᠬᠤᠰᠢᠭᠤ ᠤᠯᠠᠭᠠᠨᠮᠥ᠋ᠴᠢᠷ  ︽ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ  ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠰᠤᠭᠠᠢ︾ ᠭᠤᠣᠯ ᠰᠡᠳᠣᠪᠲᠦ ᠲᠤᠰᠬᠠᠢ ᠲᠤᠭᠯᠠᠯᠲᠠ ᠭᠠᠷᠭᠠᠪᠠ᠃
     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠠᠷᠠᠭᠤᠯᠲᠤᠶᠠᠭ᠎ᠠ ᠦᠨᠳᠦᠰᠦᠲᠡᠨ ᠨᠦᠭᠦᠳ ᠤᠨ ᠣᠯᠠᠨ ᠲᠦᠮᠡᠨ ᠲᠠᠢ ᠬᠠᠮᠲᠤ ᠲᠣᠭᠯᠠᠯᠲᠠ ᠶᠢ ᠰᠣᠨᠢᠷᠬᠠᠪᠠ᠃
     ᠲᠣᠭᠯᠠᠯᠲᠠ‌ᠨᠢ ︽ᠣᠰᠤ ᠨᠤᠲᠤᠭ ‍ᠤᠨ‌ᠮᠠᠭᠲᠠᠭᠤ︾ ︽ᠠᠶᠠᠯᠭᠤ ᠳᠠᠭᠤᠤ ᠪᠠᠨ ᠨᠠᠮ ᠳᠠᠭᠠᠨ ᠡᠷᠭᠦᠶ᠎ᠡ︾ ︽ᠬᠦᠩᠭᠡᠨ ᠮᠣᠷᠢᠲᠤ ᠴᠡᠷᠢᠭ ᠤᠨ ᠵᠢᠪᠬᠤᠭ᠎ᠠ︾ ᠭᠤᠷᠪᠠᠨ ᠬᠡᠰᠡᠭ ᠢᠶᠠᠷ ᠪᠦᠷᠢᠯᠳᠦᠵᠡᠢ᠃
     ᠲᠣᠭᠯᠠᠯᠲᠠ ᠨᠢ ︽ᠲᠦᠷᠪᠡᠨ ᠴᠠᠭ ᠤᠨ ᠦᠵᠦᠮᠦᠴᠢᠨ︾ ᠭᠡᠬᠦ ᠳᠠᠭᠤᠤ ᠪᠥᠵᠢᠭ ᠢᠶᠠᠷ ᠬᠥᠰᠢᠭᠡ ᠪᠠᠨ ᠰᠡᠬᠦᠵᠦ᠂ ᠤᠶᠠᠩᠭᠠᠲᠤ ᠳᠠᠭᠤᠤ ᠂ ᠤᠷᠠᠨ ᠪᠥᠵᠢᠭ ᠨᠢ ᠦᠵᠡᠭᠴᠢᠳ ᠤᠨ ᠲᠠᠭᠠᠰᠢᠶᠠᠯ ᠢ ᠣᠯᠵᠠᠢ᠃  ᠮᠣᠷᠢᠨ ᠬᠤᠭᠤᠷ ᠤᠨ ᠳᠥᠷᠪᠡᠯᠡᠯ ︽ᠦᠵᠦᠮᠦᠴᠢᠨ ᠨᠤᠲᠤᠭ︾ ᠨᠢ ᠬᠠᠷᠢ ᠨᠤᠲᠤᠭ ᠲᠤ ᠠᠵᠢᠯᠯᠠᠵᠦ ᠠᠮᠢᠳᠣᠷᠠᠵᠦ ᠶᠠᠪᠤᠭ᠎ᠠ ᠬᠦᠮᠦᠰ ᠲᠤ ᠲᠥᠷᠥᠭᠰᠡᠨ‌ᠥᠰᠥᠭᠰᠡᠨ ᠨᠤᠲᠤᠭ ᠤᠰᠤ ᠶᠢ ᠨᠢ ᠰᠠᠨᠠᠭᠳᠠᠭᠤᠯᠵᠤ᠂ ᠤᠷᠲᠤ ᠶᠢᠨ ᠳᠠᠭᠤᠤ ︽ᠬᠥᠳᠡᠭᠡ ᠰᠢᠯᠢ︾ ᠨᠢ ᠦᠨᠳᠦᠰᠦᠲᠡᠨ ᠤ ᠣᠶᠤᠨ ᠤᠬᠠᠭᠠᠨ ᠪᠣᠯᠤᠨ ᠰᠡᠳᠬᠢᠯ ᠤᠨ ᠭᠦᠨ ᠳᠠᠬᠢ ᠰᠡᠳᠬᠢᠭᠳᠡᠯ ᠢ ᠪᠦᠷᠢᠨ ᠭᠦᠢᠴᠡᠳ ᠢᠯᠡᠳᠭᠡᠵᠦ᠂  ᠬᠠᠮᠲᠦ ᠶᠢᠨ ᠪᠦᠵᠢᠭ ︽ᠰᠠᠬᠢᠨ ᠪᠠᠷᠠᠯᠠᠬᠤᠢ︾ ᠨᠢ ᠤᠮᠠᠷᠠᠲᠤ ᠬᠢᠯᠢ ᠶᠢᠨ ᠳᠠᠷᠤᠭ᠎ᠠ ᠪᠠᠶᠢᠯᠳᠤᠭᠴᠢᠳ ᠤᠨ ᠨᠠᠮ ᠳᠠᠭᠠᠨ ᠬᠢᠵᠠᠭᠠᠯᠠᠰᠢ ᠦᠭᠡᠢ ᠦᠨᠡᠨᠴᠢ ᠰᠢᠳᠤᠷᠭᠤ ᠪᠠᠶᠢᠭ᠎ᠠ ᠶᠢ ᠬᠠᠷᠠᠭᠤᠯᠤᠨ᠂ ᠬᠡᠬᠦᠳᠡᠭ ᠳᠦᠭᠦᠷᠡᠩ ᠬᠠᠶᠢᠷ᠎ᠠ ᠰᠡᠳᠬᠢᠯᠭᠡ ᠶᠢ ᠭᠦᠢᠴᠡᠳ ᠢᠯᠡᠳᠭᠡᠵᠦ᠂ ᠨᠠᠮ ᠤᠨ ᠲᠡᠤᠬᠡ ᠶᠢᠨ ᠰᠡᠳᠣᠪᠲᠦ ᠵᠦᠴᠦᠭᠡ ︽ᠶᠠᠨ ᠠᠨ ᠳᠤ  ᠣᠴᠢᠭᠰᠠᠨ ᠨᠢ︾ ᠬᠥᠮᠦᠰ ᠤᠨ ᠬᠤᠪᠢᠰᠬᠠᠯᠲᠤ ᠲᠡᠦᠬᠡ ᠶᠢᠨ ᠲᠤᠬᠠᠢ ᠳᠤᠷᠠᠳᠬᠠᠯ ᠢ ᠤᠷᠢᠶᠠᠯᠠᠵᠤ᠂ ᠲᠠᠯ᠎ᠠ ᠨᠤᠲᠤᠭ ᠤᠨ ᠠᠷᠠᠳ ᠲᠦᠮᠡᠨ ᠤ ᠨᠠᠮ ᠤᠨ ᠲᠡᠦᠬᠡ ᠶᠢ ᠰᠤᠷᠤᠯᠴᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠬᠤ᠂ ᠴᠥᠬᠦᠷᠡᠰᠢ ᠦᠭᠡᠢ ᠲᠡᠮᠡᠴᠡᠬᠦ ᠤᠷᠮ᠎ᠠ ᠰᠡᠳᠬᠢᠯᠭᠡ ᠶᠢ ᠲᠠᠰᠤᠷᠠᠯᠲᠠ ᠦᠭᠡᠢ ᠬᠥᠭᠵᠢᠭᠡᠪᠡ᠃ ᠡᠮᠡᠭᠲᠡᠶ ᠶᠢᠨ ᠭᠤᠷᠪᠠᠯᠠᠯ ᠳᠠᠭᠤᠣ ︽ᠮᠢᠨᠦ ᠤᠯᠠᠭᠠᠨᠮᠥ᠋ᠴᠢᠷ︾ ᠨᠢ ᠵᠡᠭᠦᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠤᠨ 60 ᠭᠠᠷᠤᠶ ᠵᠢᠯ ᠤᠨ ᠲᠤᠷᠰᠢ᠂ ᠬᠥᠬᠡ ᠲᠩᠷᠢ ᠪᠠᠷ ᠬᠥᠰᠢᠭᠡ ᠪᠠᠨ ᠪᠣᠯᠭᠠᠵᠤ᠂ ᠬᠦᠷᠦᠰᠦᠲᠦ ᠲᠠᠯ᠎ᠠ ᠪᠠᠷ  ᠲᠠᠶᠢᠰᠠ ᠪᠠᠨ ᠪᠣᠯᠭᠠᠨ᠂ ᠣᠯᠠᠨ ᠲᠦᠮᠡᠨ ᠳᠤ ᠲᠣᠭᠯᠠᠯᠲᠠ ᠭᠠᠷᠭᠠᠵᠤ᠂ ᠤᠬᠠᠭᠤᠯᠭ᠎ᠠ ᠬᠢᠵᠦ᠂ ᠬᠠᠪᠰᠤᠷᠤᠨ ᠵᠢᠯᠣᠭᠤᠳᠴᠤ᠂ ᠦᠢᠯᠡᠴᠢᠯᠡᠭᠡ ᠬᠠᠩᠭᠠᠵᠦ᠂ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠢᠷᠠᠭᠤ ᠠᠯᠳᠠᠷᠲᠤ ᠡᠭᠦᠷᠭᠡ ᠶᠢ ᠢᠮᠠᠭᠲᠠ ᠦᠢᠯᠡᠳᠦᠯᠭᠡᠵᠢᠭᠦᠯᠵᠦ᠂ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠤᠭᠰᠠᠭᠠᠷ ᠢᠷᠡᠭᠰᠡᠨ‌ᠥᠩᠭᠡᠷᠡᠯᠲᠡ ᠶᠢ ᠮᠠᠭᠲᠠᠨ ᠳᠠᠭᠤᠯᠠᠵᠠᠢ᠃  ᠲᠣᠭᠯᠠᠭᠴᠢᠳ‌ᠡᠴᠠ ᠠᠭᠤᠯᠭ᠎ᠠ ᠢᠶᠠᠷ ᠪᠠᠶᠠᠯᠢᠭ ᠭᠤᠴᠣ ᠰᠠᠶᠢᠬᠠᠨ ᠲᠣᠭᠯᠠᠯᠲᠠ ᠪᠠᠷ ᠢᠶᠠᠨ ᠨᠠᠮ ᠢᠶᠠᠨ ᠬᠠᠶᠢᠷᠠᠯᠠᠬᠤ᠂ ᠤᠯᠤᠰ ᠣᠷᠣᠨ ᠢᠶᠠᠨ ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠬᠤ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠨ ᠢᠯᠡᠳᠬᠡᠵᠦ᠂  ᠬᠠᠮᠲᠦ ᠶᠢᠨ ᠳᠠᠭᠤᠤ ︽ᠪᠢᠳᠡ ᠤᠯᠠᠭᠠᠨᠮᠥ᠋ᠴᠢᠷ ᠤᠨ  ᠬᠢᠨ︾ ᠤ ᠳᠤᠮᠳᠠ ᠲᠣᠭᠯᠠᠯᠲᠠ ᠨᠢ ᠠᠮᠵᠢᠯᠲᠠ ᠲᠠᠢ ᠥᠨᠳᠥᠷᠯᠡᠪᠡ᠃
     ᠶᠡᠷᠦᠩᠬᠡᠢ ᠱᠦᠵᠢ ᠰᠢ ᠶᠢᠨ ᠫᠢᠩ ᠤᠨ ᠬᠠᠷᠢᠭᠤ ᠵᠠᠬᠢᠳᠠᠯ ᠨᠢ ᠥᠷᠭᠡᠨ ᠤᠯᠠᠨ ᠤᠳᠬ᠎ᠠ ᠤᠷᠠᠯᠢᠭ ᠤᠨ ᠠᠵᠢᠯᠳᠠᠨ ᠤ ᠰᠡᠳᠬᠢᠯ ᠢ ᠬᠥᠭᠵᠢᠭᠡᠨ ᠤᠷᠮ᠎ᠠ ᠶᠢ ᠳᠡᠳᠬᠦᠭᠰᠡᠭᠡᠷ ᠢᠷᠡᠭᠰᠡᠨ ᠪᠢᠯᠡ᠂ ᠵᠡᠭᠦᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠨᠢ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠦᠷᠭᠦᠯᠵᠢᠯᠡᠨ ᠪᠠᠳᠠᠷᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠠᠵᠢᠯ ᠤᠨ ᠤᠳᠤᠷᠢᠳᠤᠮᠵᠢ ᠶᠢ ᠪᠠᠷᠢᠮᠲᠠᠯᠠᠨ᠂ ᠨᠡᠩ ᠤᠯᠠᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠥᠨᠢ ᠡᠭᠦᠷᠢᠳᠡ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠦᠩᠭᠡᠨ ᠮᠣᠷᠢᠲᠤ ᠴᠡᠷᠢᠭ︾  ᠪᠤᠯᠬᠤ ᠪᠠᠷ ᠴᠢᠷᠮᠠᠶᠢᠨ ᠠᠵᠢᠯᠯᠠᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号