ᠵᠡᠭᠦᠨ ᠦᠵᠦᠮᠦᠴᠢᠨ ᠬᠤᠰᠢᠭᠤᠨ ᠤ ᠬᠠᠳᠠᠪᠴᠢ ᠪᠠᠯᠭᠠᠰᠤ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠦᠷᠦᠯ ᠤᠨ ᠪᠠᠶᠢᠴᠠᠭᠠᠯᠲᠠ ᠶᠢ ᠢᠳᠡᠪᠬᠢᠲᠡᠢ ᠥᠷᠨᠢᠭᠦᠯᠪᠡ
ᠨᠡᠶᠢᠲᠡᠯᠡᠭᠰᠡᠨ ᠴᠠᠭ᠄
2022/11/9
      ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠬᠠᠷᠢᠶ᠎ᠠ ᠣᠷᠣᠨ ᠳᠠᠬᠢ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠰᠡᠷᠭᠡᠶᠢᠯᠡᠬᠦ ᠶᠢᠨ ᠲᠥᠯᠥᠭᠡ᠂ ᠤᠢᠢᠷ᠎ᠠ ᠶᠢᠨ ᠡᠳᠦᠷ᠂ ᠬᠠᠲᠠᠪᠴᠢ ᠪᠠᠯᠭᠠᠰᠤᠨ ᠤ ᠵᠠᠰᠠᠭ ᠤᠨ ᠣᠷᠳᠣᠨ ᠭᠠᠯ ᠤᠨᠲᠠᠷᠠᠭᠠᠬᠤ ᠳᠤᠮᠳᠠ ᠠᠩᠬᠢ᠂ ᠲᠣᠮᠢᠯᠠᠭᠰᠠᠨ ᠰᠠᠯᠪᠤᠷᠢ ᠲᠠᠢ ᠬᠠᠮᠲᠤᠷᠠᠨ ᠠᠶᠤᠯᠭᠦᠢ ᠦᠢᠯᠡᠳᠪᠦᠷᠢᠯᠡᠯ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠢ ᠦᠷᠨᠢᠭᠦᠯᠪᠡ᠃      ᠪᠠᠶᠢᠴᠠᠭᠠᠬᠤ ᠳᠤᠭᠤᠶᠢᠯᠠᠩ ᠤᠨ ᠬᠢᠨ ᠬᠠᠷᠢᠶ᠎ᠠ ᠣᠷᠣᠨ ᠤ ᠪᠠᠨ ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠪᠣᠯᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠭᠦᠨᠵᠡᠭᠡᠶᠢᠷᠡᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠪᠣᠳᠠᠲᠠᠶᠢᠵᠢᠭᠤᠯᠤᠭᠰᠠᠨ ᠡᠰᠡᠬᠦ᠂ ᠠᠮᠤᠷ ᠲᠦᠪᠰᠢᠨ ᠨᠡᠪᠲᠡᠷᠡᠬᠦ ᠵᠠᠮ ᠳᠤ ᠵᠠᠮ ᠡᠵᠡᠯᠡᠨ ᠪᠢᠲᠡᠭᠦᠮᠵᠢᠯᠡᠨ ᠪᠥᠭᠯᠡᠭᠰᠡᠨ ᠡᠰᠡᠬᠦ᠂ ᠠᠮᠤᠷ ᠲᠦᠪᠰᠢᠨ ᠤ ᠲᠦᠬᠦᠭᠡᠷᠦᠮᠵᠢ ᠶᠢ ᠬᠡᠪ ᠢᠶᠠᠷ ᠬᠡᠷᠡᠭᠯᠡᠭᠰᠡᠨ ᠡᠰᠡᠬᠦ ᠂ ᠪᠠᠴᠢᠮ ᠪᠠᠶᠢᠳᠠᠯ ᠢ ᠠᠷᠭᠠᠴᠠᠬᠤ ᠲᠦᠬᠦᠭᠡᠷᠦᠮᠵᠢ ᠶᠢ ᠳᠣᠭᠢᠷᠠᠭᠤᠯᠤᠭᠰᠠᠨ ᠡᠰᠡᠬᠦ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠡᠰᠡᠬᠦ ᠵᠡᠷᠭᠡ ᠪᠠᠶᠢᠳᠠᠯ ᠳᠤ ᠭᠤᠤᠯᠳᠠᠯᠭ᠎ᠠ ᠲᠠᠢ ᠪᠠᠷ ᠨᠠᠷᠢᠨ ᠨᠢᠮᠪᠠᠶ ᠪᠠᠶᠢᠴᠠᠭᠠᠯᠲᠠ ᠬᠢᠵᠦ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠠᠶᠤᠯ ᠥᠬᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠪᠠ᠃      ᠲᠠᠷᠠᠭᠠᠴᠢ ᠶᠢᠨ ᠠᠯᠬᠤᠮ ᠳᠤ᠂ ᠬᠠᠳᠠᠪᠴᠢ ᠪᠠᠯᠭᠠᠰᠤ ᠬᠠᠷᠢᠶᠠᠲᠤ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠦᠷᠭᠦᠯᠵᠢᠯᠡᠨ ᠰᠠᠶᠢᠲᠤᠷ ᠬᠢᠵᠦ᠂ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠡᠭᠦᠯᠳᠡᠷᠵᠢᠭᠦᠯᠦᠨ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠴᠠᠭ ᠲᠤᠬᠠᠶ ᠳᠤᠨᠢ ᠪᠠᠶᠢᠴᠠᠭᠠᠵᠤ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠠᠵᠢᠯ ᠢ ᠴᠢᠩᠭᠠᠳᠬᠠᠵᠤ᠂ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号