ᠵᠡᠭᠦᠨ ᠦᠵᠦᠮᠦᠴᠢᠨ ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠬᠡᠷ ᠬᠤᠰᠢᠭᠤᠨ ᠳᠤ ᠪᠠᠶᠢᠭ᠎ᠠ ᠭᠠᠳᠠᠭᠠᠳᠤ ᠶᠢᠨ ᠬᠠᠷᠢᠶᠠᠲᠤ ᠶᠢ ᠵᠣᠬᠢᠶᠠᠨ ᠪᠠᠶᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠣᠷᠢᠯᠲᠠ ᠬᠢᠪᠠ
ᠨᠡᠶᠢᠲᠡᠯᠡᠭᠰᠡᠨ ᠴᠠᠭ᠄
2022/11/9
      ᠮᠠᠨ ᠤ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠤᠭᠤᠴᠠᠭᠠᠨ ᠳᠠᠬᠢ ᠭᠠᠳᠠᠭᠠᠳᠤ ᠳᠤ ᠬᠤᠯᠪᠣᠭᠳᠠᠬᠤ ᠵᠢᠴᠢ ᠰᠢᠶᠠᠩᠭᠠᠩ ᠣᠣᠮᠧᠨ ᠲᠠᠶᠢᠸᠠᠨ ᠤ ᠠᠵᠢᠯ ᠤᠨ ᠳᠤᠭᠤᠶᠢᠯᠠᠩ ᠤᠨ ᠪᠣᠯᠪᠠᠰᠤᠷᠠᠯ ᠰᠣᠷᠢᠯᠲᠠ ᠶᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠤᠰᠢᠭᠤᠨ ᠳᠤ ᠪᠠᠶᠢᠭ᠎ᠠ ᠭᠠᠳᠠᠭᠠᠳᠤ ᠶᠢᠨ ᠬᠠᠷᠢᠶᠠᠲᠤ ᠶᠢᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 10 ᠰᠠᠷ᠎ᠠ ᠶᠢᠨ 27 ᠤ ᠡᠳᠦᠷ᠂ ᠬᠤᠰᠢᠭᠤ ᠭᠠᠳᠠᠭᠠᠳᠤ ᠶᠠᠪᠤᠳᠠᠯ ᠤᠨ ᠠᠯᠪᠠᠨ ᠬᠡᠷ ᠠᠴᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠬᠤᠰᠢᠭᠤᠨ ᠳᠤ ᠪᠠᠶᠢᠭ᠎ᠠ ᠭᠠᠳᠠᠭᠠᠳᠤ ᠶᠢᠨ ᠬᠠᠷᠢᠶᠠᠲᠤ ᠳᠤ ᠪᠣᠯᠪᠠᠰᠤᠷᠠᠯ ᠰᠣᠷᠢᠯᠲᠠ ᠬᠢᠪᠡ᠃      ᠲᠣᠰ ᠤᠳᠠᠭᠠᠨ ᠤ ᠰᠣᠷᠢᠯᠲᠠ ᠳᠤ᠂ ᠡᠪᠡᠳᠴᠢᠨ ᠤ ᠢᠯᠡᠷᠡᠯ᠂ ᠰᠢᠯᠵᠢᠭᠦᠯᠦᠨ ᠵᠥᠭᠡᠭᠡᠪᠦᠷᠢᠯᠡᠬᠦ ᠵᠡᠷᠭᠡ ᠪᠠᠶᠢᠳᠠᠯ ᠳᠤ ᠰᠣᠷᠢᠯᠲᠠ ᠬᠢᠪᠡ᠃ ᠠᠪᠤᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠪᠠᠴᠢᠮ ᠪᠠᠶᠢᠳᠠᠯ ᠢ ᠠᠷᠭᠠᠴᠠᠬᠤ ᠶᠢ ᠵᠣᠭᠰᠣᠭᠠᠬᠤ ᠪᠥᠬᠦ ᠶᠠᠪᠤᠴᠠ ᠳᠤ ᠲᠠᠶᠢᠯᠤᠮᠵᠢ ᠬᠢᠪᠡ᠃ ᠡᠭᠦᠨ ᠤ ᠬᠠᠮᠲᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠳᠣᠤᠷ᠎ᠠ ᠬᠤᠰᠢᠭᠤᠨ ᠤ ᠭᠠᠳᠠᠭᠠᠳᠤ ᠶᠢᠨ ᠬᠠᠷᠢᠶᠠᠲᠤ ᠶᠢᠨ ᠬᠠᠮᠢᠶᠠᠷᠤᠯᠲᠠ ᠪᠠ ᠦᠢᠯᠡᠴᠢᠯᠡᠭᠡ᠂ ᠬᠤᠪᠢ ᠬᠥᠮᠦᠨ ᠤ ᠬᠠᠮᠠᠭᠠᠯᠠᠯᠲᠠ᠂ ᠡᠮᠴᠢᠯᠡᠭᠡᠨ ᠳᠤ ᠬᠡᠷᠡᠭᠯᠡᠬᠦ ᠠᠮᠠᠪᠴᠢ᠂ ᠪᠡᠭᠡᠯᠡᠶ᠂ ᠠᠷᠢᠭᠤᠳᠬᠠᠬᠤ ᠰᠢᠩᠭᠡᠨ ᠢ ᠵᠥᠪ ᠬᠡᠷᠡᠭᠯᠡᠬᠦ᠂ ᠭᠠᠷ ᠢᠶᠠᠨ ᠤᠬᠢᠶᠠᠬᠤ ᠪᠠ ᠰᠢᠨᠵᠢᠯᠡᠬᠦ ᠤᠬᠠᠭᠠᠨᠴᠢ ᠪᠠᠷ ᠳᠦᠷᠢᠮᠵᠢᠭᠦᠯᠦᠨ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠪᠦᠭᠡᠮᠨᠡᠷᠡᠬᠦ ᠥᠬᠡᠶ᠂ ᠴᠤᠭᠯᠠᠷᠠᠬᠤ ᠥᠬᠡᠶ ᠵᠡᠷᠭᠡ ᠠᠩᠬᠠᠷᠬᠤ ᠵᠦᠢᠯᠡᠰ ᠢ ᠭᠤᠤᠯᠳᠠᠯᠭ᠎ᠠ ᠲᠠᠢ ᠤᠬᠠᠭᠤᠯᠪᠠ᠃ ᠡᠭᠦᠨ ᠤ ᠬᠠᠮᠲᠤ ︽ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠠᠬᠢ ᠡᠷᠬᠡᠪᠰᠢ ᠮᠡᠳᠡᠬᠦ ᠵᠦᠢᠯ︾ ︽ᠬᠤᠰᠢᠭᠤᠨ ᠳᠤ ᠪᠠᠶᠢᠭ᠎ᠠ ᠭᠠᠳᠠᠭᠠᠳᠤ ᠶᠢᠨ ᠬᠠᠷᠢᠶᠠᠲᠤ ᠳᠤ ᠥᠭᠭᠦᠭᠰᠡᠨ ᠨᠢᠭᠡ ᠬᠤᠪᠢ ᠵᠠᠬᠢᠳᠠᠯ︾ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ︾ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠢᠷᠦ᠋ᠰ ᠤᠨ ᠸᠠᠺᠼᠢᠨ ᠤ ᠮᠡᠳᠡᠯᠭᠡ ᠶᠢᠨ ᠭᠠᠷ ᠳᠡᠪᠲᠡᠷ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠪᠠ᠃      ᠡᠨᠡ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠭᠠᠳᠠᠭᠠᠳᠤ ᠶᠢᠨ ᠬᠠᠷᠢᠶᠠᠲᠤ ᠶᠢᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠤᠯᠠᠮ  ᠨᠢᠭᠡ ᠠᠯᠬᠤᠮ ᠡᠵᠡᠮᠳᠡᠪᠡ᠃ ᠡᠭᠦᠨ ᠤ ᠬᠠᠮᠲᠤ ᠲᠡᠳᠡᠨ ᠤ ᠫᠠᠰᠫᠣᠷᠲ᠂ ᠸᠢᠰᠠ ᠪᠣᠯᠤᠨ ᠣᠷᠣᠰᠢᠨ ᠰᠠᠭᠤᠬᠤ ᠵᠥᠪᠰᠢᠶᠡᠷᠡᠯ ᠤᠨ ᠦᠨᠡᠮᠯᠡᠯ ᠵᠡᠷᠭᠡ ᠶᠢ ᠪᠣᠳᠠᠲᠠᠶ ᠬᠡᠷᠡᠭᠯᠡᠭᠰᠡᠨ ᠪᠠᠶᠢᠳᠠᠯ ᠢ ᠬᠠᠷᠭᠤᠭᠤᠯᠤᠨ ᠪᠠᠶᠢᠴᠠᠭᠠᠪᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号