73 ᠲᠠᠢ ᠨᠠᠰᠤᠲᠠᠨ ᠨᠠᠮ ᠳᠤ ᠣᠷᠤᠬᠤ ᠡᠷᠡᠮᠡᠯᠵᠡᠯ ᠤᠨ ᠪᠢᠴᠢᠭ ᠢᠶᠠᠨ ᠳᠡᠪᠰᠢᠭᠦᠯᠦᠯ᠎ᠡ
ᠨᠡᠶᠢᠲᠡᠯᠡᠭᠰᠡᠨ ᠴᠠᠭ᠄
2022/12/1
      ᠣᠶᠢᠷ᠎ᠠ ᠳᠤ᠂ ᠵᠡᠭᠦᠨ ᠦᠵᠦᠮᠦᠴᠢᠨ ᠬᠤᠰᠢᠭᠤᠨ ᠤ ᠤᠯᠢᠶᠠᠰᠤᠲᠠᠢ ᠪᠠᠯᠭᠠᠰᠤᠨ ᠤ ᠡᠷᠢᠶᠡᠨᠭᠤᠪᠢ ᠨᠡᠶᠢᠭᠡᠮ ᠲᠣᠭᠤᠷᠢᠭ ‍ᠤᠨ‌ᠨᠠᠮ ᠤᠨ ᠬᠤᠷᠢᠶ᠎ᠠ ᠨᠢᠭᠡ ᠬᠤᠪᠢ ᠣᠨᠴᠠᠭᠠᠶ ᠨᠠᠮ ᠳᠤ ᠣᠷᠣᠬᠤ ᠡᠷᠡᠮᠡᠯᠵᠡᠯ ᠤᠨ ᠪᠢᠴᠢᠭ ᠢ ᠬᠦᠯᠢᠶᠡᠨ ᠠᠪᠤᠭᠰᠠᠨ ᠪᠠᠶᠢᠨ᠎ᠠ᠃ ᠡᠨᠡᠬᠦ ᠨᠠᠮ ᠳᠤ ᠣᠷᠣᠬᠤ ᠡᠷᠡᠮᠡᠯᠵᠡᠯ ᠤᠨ ᠪᠢᠴᠢᠭ ᠢ ᠳᠡᠪᠰᠢᠭᠦᠯᠦᠭᠰᠡᠨ ᠨᠢ ᠵᠡᠭᠦᠨ ᠦᠵᠦᠮᠦᠴᠢᠨ ᠬᠤᠰᠢᠭᠤᠨ ᠤ ᠳᠠᠭᠤᠲᠤᠨᠠᠭᠤᠷ ᠪᠠᠯᠭᠠᠰᠤ ᠶᠢᠨ ᠪᠠᠶᠠᠨ᠋ᠠ᠋ᠭᠤᠯᠠ ᠭᠠᠴᠠᠭ᠎ᠠ ᠪᠠᠷ ᠨᠤᠲᠤᠭᠲᠠᠢ ᠪᠦ᠊ ᠠᠯᠲᠠᠨᠭᠡᠷᠡᠯ ᠨᠠᠰᠤᠲᠠᠨ ᠪᠠᠶᠢᠵᠦ᠂ ᠡᠨᠡ ᠵᠢᠯ 73 ᠨᠠᠰᠣᠲᠠᠢ᠃        ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡ ᠭᠡᠰᠢᠭᠦᠨ ᠪᠤᠯᠬᠤ ᠨᠢ ᠲᠡᠭᠦᠨ ᠤ ᠨᠢᠭᠡ ᠨᠠᠰᠤᠨ ᠤ ᠬᠦᠰᠡᠯ ᠡᠷᠡᠮᠡᠯᠵᠡᠯ ᠪᠠᠶᠢᠵᠦ᠂ 73  ᠨᠠᠰᠣᠨ ᠳᠤ ᠪᠠᠨ᠂ ᠵᠣᠷᠢᠭ ᠢᠶᠠᠨ ᠬᠥᠪᠴᠢᠯᠡᠨ ᠨᠠᠮ ᠳᠤ ᠣᠷᠣᠬᠤ ᠡᠷᠡᠮᠡᠯᠵᠡᠯ  ᠤᠨ ᠪᠢᠴᠢᠭ ᠢᠶᠠᠨ ᠳᠡᠪᠰᠢᠭᠦᠯᠦᠭᠰᠡᠨ ᠨᠢ ᠡᠨᠡ ᠪᠠᠶᠢᠵᠠᠢ᠃      ᠵᠠᠯᠠᠭᠤ ᠨᠠᠰᠣᠨ ᠳᠠᠭᠠᠨ ᠳᠤᠮᠳᠠᠳᠤ ᠤᠯᠤᠰ ᠤᠨ ᠡᠪ ᠬᠠᠮᠲᠦ ᠨᠠᠮ ᠳᠤ ᠣᠷᠣᠬᠤ ᠬᠦᠰᠡᠯ ᠲᠠᠢ ᠪᠠᠶᠢᠭᠰᠠᠨ ᠪᠦ᠊ ᠠᠯᠲᠠᠨᠭᠡᠷᠡᠯ ᠥᠪᠡᠷ ᠤᠨ ᠪᠡᠶ᠎ᠡ ᠪᠠᠨ ᠡᠪ ᠬᠠᠮᠲᠤ ᠨᠠᠮ ᠤᠨ ᠭᠡᠰᠢᠭᠦᠨ ᠤ ᠪᠠᠷᠢᠮᠵᠢᠶᠠᠨ ᠳᠤ ᠬᠦᠷᠬᠦ ᠦᠭᠡᠶ ᠠᠴᠠ ᠪᠠᠨ ᠠᠶᠤᠵᠤ ᠪᠠᠶᠢᠭᠰᠠᠨ ᠪᠣᠯᠪᠠᠴᠤ ᠤᠭ ᠰᠠᠨᠠᠭ᠎ᠠ ᠨᠢ ᠶᠡᠷᠦ ᠠᠴᠠ ᠬᠤᠪᠢᠷᠬᠠᠰᠠᠨ ᠦᠭᠡᠶ᠂ ᠬᠡᠳᠦᠨ ᠠᠷᠪᠠᠨ ᠵᠢᠯ ᠤᠨ ᠲᠤᠷᠰᠢ᠂ ᠰᠣᠨᠢᠨ ᠮᠡᠳᠡᠭᠡ ᠦᠵᠡᠨ᠂ ᠨᠠᠮ ᠤᠨ ᠲᠤᠬᠠᠢ ᠰᠣᠨᠢᠨ ᠤᠩᠰᠢᠬᠤ ᠶᠢ ᠪᠠᠷᠢᠮᠲᠠᠯᠠᠭᠰᠠᠭᠠᠷ ᠢᠷᠡᠵᠠᠢ᠃ ᠡᠪ ᠬᠠᠮᠲᠤ ᠨᠠᠮ ᠤᠨ ᠵᠦᠪ ᠣᠨᠣᠪᠴᠢᠲᠠᠢ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠴᠡᠴᠡᠭᠯᠡᠨ ᠬᠦᠴᠦᠷᠬᠡᠭᠵᠢᠵᠦ᠂ ᠠᠷᠠᠳ ᠤᠯᠠᠨ ᠠᠮᠤᠷ ᠵᠢᠷᠭᠠᠯ ᠲᠠᠢ ᠠᠵᠤ ᠲᠦᠷᠦᠵᠤ ᠪᠠᠶᠢᠨ᠎ᠠ᠂ ᠬᠢᠵᠢᠭ ᠤᠨ ᠬᠤᠭᠤᠴᠠᠭᠠᠨ ᠳᠤ ᠡᠪ ᠬᠠᠮᠲᠤ ᠨᠠᠮ ᠤᠨ ᠭᠡᠰᠢᠭᠦᠳ ᠡᠮᠦᠨ᠎ᠡ ᠹᠡᠷᠤᠲ ᠳᠤ ᠭᠠᠪᠰᠢᠭᠠᠶᠢᠯᠠᠵᠤ  ᠪᠠᠶᠢᠭ᠎ᠠ ᠶᠢ ᠣᠯᠵᠤ ᠬᠠᠷᠠᠭᠠᠳ᠂  ᠨᠠᠰᠣᠲᠠᠨ ᠤ ᠨᠠᠮ ᠳᠤ ᠣᠷᠣᠬᠤ  ᠪᠤᠳᠤᠯ ᠨᠢ ᠤᠯᠠᠮ ᠨᠡᠮᠡᠭᠳᠡᠵᠦ᠂ ᠣᠨᠴᠠᠭᠠᠶᠢᠯᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠰᠣᠨᠣᠰᠤᠭᠠᠳ᠂ ᠨᠠᠮ ᠳᠤ ᠣᠷᠣᠬᠤ ᠢᠲᠡᠭᠡᠯ ᠵᠣᠷᠢᠭ ᠨᠢ ᠤᠯᠠᠮ ᠬᠦᠪᠴᠢᠯᠡᠭᠳᠡᠵᠦ᠂ ᠳᠣᠭᠳᠣᠯᠤᠭᠰᠠᠨ ᠰᠡᠳᠬᠢᠯᠭᠡ ᠪᠠᠷ ᠨᠠᠮ ᠳᠤ ᠣᠷᠣᠬᠤ ᠡᠷᠡᠮᠡᠯᠵᠡᠯ ᠤᠨ ᠪᠢᠴᠢᠭ ᠢᠶᠠᠨ ᠪᠢᠴᠢᠵᠦ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠳᠤ ᠪᠠᠨ ᠳᠡᠪᠰᠢᠭᠦᠯᠪᠡ᠃      ᠵᠠᠷᠢᠮ ᠬᠥᠮᠦᠨ ᠨᠠᠰᠤᠲᠠᠨ ᠠᠴᠠ ᠦᠲᠡᠯᠦᠭᠡ ᠨᠠᠰᠣᠨ ᠳᠤ ᠪᠠᠨ ᠶᠠᠭᠤᠨ ᠳᠤ ᠪᠠᠰᠠ ᠨᠠᠮ ᠳᠤ ᠣᠷᠣᠬᠤ ᠶᠢ ᠪᠤᠳᠤᠳᠠᠭ ᠪᠤᠶ ᠭᠡᠵᠦ ᠠᠰᠠᠭᠤᠬᠤ ᠳᠤ᠂ ᠨᠠᠰᠣᠲᠠᠨ ᠡᠪ ᠬᠠᠮᠲᠤ ᠨᠠᠮ ᠠᠷᠠᠳ ᠲᠦᠮᠡᠨ ᠤ ᠠᠰᠢᠭ ᠲᠤᠰᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠢᠮᠠᠭᠲᠠ ᠪᠠᠷᠢᠮᠲᠠᠯᠠᠭᠰᠠᠭᠠᠷ ᠢᠷᠡᠵᠡᠢ᠂ ᠪᠢ ᠬᠡᠳᠦ᠋ᠢᠪᠡᠷ ᠥᠲᠡᠯᠦᠭᠰᠡᠨ ᠪᠣᠯᠪᠠᠴᠤ᠂ ᠨᠠᠮ᠂ ᠠᠷᠠᠳ ᠲᠦᠮᠡᠨ᠂ ᠡᠬᠡ ᠣᠷᠣᠨ ᠳᠠᠭᠠᠨ ᠦᠴᠦᠬᠡᠨ ᠴᠣ᠋ ᠭᠡᠰᠡᠨ ᠴᠢᠳᠠᠯ ᠢᠶᠠᠨ ᠡᠷᠭᠦᠨ᠎ᠡ ᠭᠡᠵᠦ ᠶᠠᠷᠢᠲᠠᠭ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号