ᠠᠶᠢᠮᠠᠭ ᠲᠡᠰ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠤᠬᠠᠭᠤᠯᠤᠨ ᠲᠠᠶᠢᠯᠪᠤᠷᠢᠯᠠᠬᠤ ᠪᠦᠯᠬᠦᠮ ᠮᠠᠨ ᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠭᠦᠨᠵᠡᠭᠡᠶᠢᠷᠡᠨ ᠦᠨᠳᠦᠰᠦᠨ ᠱᠠᠲᠤᠨ ᠳᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2022/12/1
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ  ᠳᠣᠭᠤᠰᠢᠯᠠᠭᠤᠯᠵᠦ ᠂ ᠨᠠᠮ ᠤᠨ ᠲᠥᠪ ᠬᠤᠷᠢᠶ᠎ᠠ᠂ ᠥᠪᠡᠷᠲᠡᠭᠡᠨ‌ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠤᠯᠤᠨ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ‍ᠤᠨ‌ᠵᠣᠷᠢᠭ ᠰᠠᠨᠠᠭ᠎ᠠ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠦᠯᠦᠭᠡ᠂ 11 ᠰᠠᠷ᠎ᠠ ᠶᠢᠨ 22 ᠤᠨ ᠡᠳᠦᠷ᠂ ᠠᠶᠢᠮᠠᠭ ᠲᠡᠰ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠰᠢᠭᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠭᠦᠨᠵᠡᠭᠡᠶᠢᠷᠡᠨ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃      ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠺᠧ ᠰᠢᠶᠣᠤ ᠮᠢᠩ ᠪᠤᠯᠤᠨ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠤᠯᠢᠶᠠᠰᠤᠲᠠᠢ ᠪᠠᠯᠭᠠᠰᠤᠨ ᠤ ᠲᠣᠮᠢᠯᠠᠭᠰᠠᠨ ᠰᠠᠯᠪᠤᠷᠢ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭᠠᠨ ᠤ ᠶᠡᠭᠡ ᠠᠩᠭᠢ ᠶᠢᠨ ᠦᠨᠳᠦᠰᠦᠨ ᠱᠠᠲᠤᠨ ᠤ ᠠᠷᠠᠳ ᠤᠨ ᠴᠠᠭᠳᠠᠭ᠎ᠠ ᠲᠤᠰᠠᠯᠠᠬᠤ ᠴᠠᠭᠳᠠᠭ᠎ᠠ ᠶᠢᠨ ᠲᠥᠯᠥᠭᠡᠯᠡᠭᠴᠢ ᠣᠷᠣᠯᠴᠠᠪᠠ᠃      ᠠᠶᠢᠮᠠᠭ ᠲᠡᠰ ‍ᠦᠨ‌ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠣᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ ᠨᠠᠮ ᠤᠨ ᠬᠤᠷᠢᠶᠠᠨ ᠤ ᠭᠡᠰᠢᠭᠦᠨ ᠡᠦ ᠯᠢᠨ ᠵᠦᠩ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠣᠭᠤᠰᠢᠯᠠᠭᠤᠯᠵᠦ᠂ ᠥᠨᠢ ᠡᠭᠦᠷᠢᠳᠡ ᠨᠠᠮ ᠪᠠ ᠠᠷᠠᠳ ᠲᠦᠮᠡᠨ ᠤ ᠦᠨᠡᠨᠴᠢ ᠰᠢᠳᠤᠷᠭᠤ ᠬᠠᠮᠠᠭᠠᠯᠠᠭᠴᠢ ᠪᠣᠯᠤᠶ᠎ᠠ︾ ᠭᠡᠰᠡᠨ ᠰᠡᠳᠦᠪ ᠢᠶᠠᠷ᠂ ︽ᠨᠠᠢᠮᠠᠨ ᠨᠢᠭᠡ︾ ᠠᠴᠠ ᠭᠠᠷᠳᠠᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠭᠤᠣᠯ ᠰᠡᠳᠦᠪ᠂ ᠴᠢᠬᠤᠯᠠ ᠶᠡᠭᠡ ᠠᠴᠢ ᠬᠤᠯᠪᠣᠭᠳᠠᠯ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠᠴᠢᠯᠠᠭᠰᠠᠨ ︽ᠲᠠᠪᠤ ᠶᠢ ᠪᠠᠲᠤ ᠡᠵᠡᠮᠳᠡᠬᠦ︾ ᠵᠡᠷᠭᠡ ᠠᠭᠤᠯᠭ᠎ᠠ ᠶᠢᠨ ᠲᠣᠭᠤᠷᠢᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠢᠰᠲ᠋ᠧᠮ ᠲᠠᠢ  ᠲᠠᠶᠢᠯᠪᠦᠷᠢᠯᠠᠵᠠᠢ᠃ ᠡᠭᠦᠨ ᠤ ᠬᠠᠮᠲᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠰᠤᠷᠭᠠᠯ ᠦᠭᠡ ᠶᠢᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠳᠣᠲᠣᠭᠠᠳᠤ ᠶᠢ ᠬᠠᠮᠠᠭᠠᠯᠠᠬᠤ ᠡᠩᠨᠡᠭᠡ ᠪᠣᠯ ᠦᠷᠡᠭᠳᠡᠯ ᠢᠶᠠᠷ ᠬᠠᠮᠤᠭ ᠤᠨ ᠶᠡᠭᠡ᠂ ᠬᠤᠪᠢ ᠨᠡᠮᠡᠷᠢ ᠪᠠᠷ ᠬᠠᠮᠤᠭ ᠤᠨ ᠶᠡᠭᠡ ᠡᠩᠨᠡᠭᠡ ᠮᠥᠨ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠭᠠᠵᠠᠷ ᠠᠴᠠ ᠡᠬᠢᠯᠡᠨ ᠬᠢᠵᠦ᠂ ᠣᠯᠠᠨ ᠲᠦᠮᠡᠨ ᠤ ᠰᠡᠳᠬᠢᠯ ᠬᠠᠨᠤᠮᠵᠢ ᠥᠬᠡᠶ ᠭᠠᠵᠠᠷ ᠠᠴᠠ ᠡᠬᠢᠯᠡᠨ ᠥᠭᠡᠷᠡᠴᠢᠯᠡᠵᠦ᠂ ᠵᠠᠯᠠᠭᠤ ᠠᠷᠠᠳ ᠤᠨ ᠴᠠᠭᠳᠠᠭ᠎ᠠ ᠲᠤᠰᠠᠯᠠᠬᠤ ᠴᠠᠭᠳᠠᠭ᠎ᠠ ᠠᠵᠢᠯ ᠢᠶᠠᠨ ᠰᠠᠶᠢᠲᠤᠷ ᠬᠢᠬᠦ ᠶᠢ ᠬᠥᠲᠥᠯᠥᠨ ᠵᠢᠯᠤᠭᠤᠳᠬᠤ ᠵᠡᠷᠭᠡ ᠠᠭᠤᠯᠭ᠎ᠠ  ᠶᠢᠨ ᠲᠣᠭᠤᠷᠢᠨ ᠳᠤ ᠠᠷᠠᠳ ᠤᠨ ᠴᠠᠭᠳᠠᠭ᠎ᠠ ᠲᠤᠰᠠᠯᠠᠬᠤ ᠴᠠᠭᠳᠠᠭ᠎ᠠ ᠲᠠᠢ ᠬᠠᠮᠲᠤ ᠰᠤᠷᠤᠯᠴᠠᠨ᠂ ᠲᠥᠷᠥᠭᠳᠡᠯ ᠢᠶᠠᠨ ᠶᠠᠷᠢᠵᠦ᠂ ᠬᠥᠭᠵᠢᠯᠲᠡ ᠶᠢ ᠵᠦᠪᠯᠡᠨ᠂ ᠣᠯᠠᠨ ᠢ ᠰᠢᠨ᠎ᠡ ᠠᠶᠠᠨ ᠵᠠᠮ ᠳᠤ ᠪᠠᠨ ︽ᠨᠠᠮ ᠳᠠᠭᠠᠨ ᠦᠨᠡᠨᠴᠢ ᠰᠢᠳᠤᠷᠭᠤ  ᠂ ᠠᠷᠠᠳ ᠲᠦᠮᠡᠨ ᠳᠤ ᠦᠢᠯᠡᠴᠢᠯᠡᠬᠦ᠂ ᠲᠥᠪ ᠭᠤᠤᠯᠴᠢ ᠪᠠᠷ ᠬᠠᠤᠯᠢ ᠬᠡᠷᠡᠭᠵᠢᠭᠦᠯᠬᠦ᠂ ᠰᠠᠬᠢᠯᠭ᠎ᠠ ᠪᠠᠲᠤ ᠶᠢ ᠴᠢᠩᠳᠠᠯᠠᠬᠤ︾ ᠶᠡᠷᠦᠩᠬᠡᠶ ᠱᠠᠭᠠᠷᠳᠠᠯᠭ᠎ᠠ ᠶᠢ ᠴᠢᠷᠮᠠᠶᠢᠨ ᠦᠢᠯᠡᠳᠦᠯᠭᠡᠵᠢᠭᠦᠯᠵᠦ᠂ ᠬᠡᠷᠡᠭ ᠨᠢᠭᠡᠪᠦᠷᠢ ᠠᠴᠠ ᠠᠷᠠᠳ ᠣᠯᠠᠨ ᠳᠤ ᠲᠥᠪ ᠭᠤᠤᠯᠴᠢ ᠰᠢᠳᠤᠷᠭᠤ ᠶᠣᠰᠣ ᠶᠢ ᠮᠡᠳᠡᠷᠡᠭᠦᠯᠬᠦ ᠬᠡᠷᠡᠭᠲᠡᠶ ᠭᠡᠵᠦ ᠵᠤᠷᠢᠭᠵᠢᠭᠤᠯᠤᠬᠰᠠᠨ ᠪᠠᠶᠢᠨ᠎ᠠ᠃      ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠨᠢ ᠣᠨᠣᠯ ᠤᠨ ᠲᠠᠯ᠎ᠠ ᠪᠠᠷ ᠲᠦᠪ ᠴᠢᠩᠭ᠎ᠠ᠂ ᠪᠣᠳᠠᠲᠤ ᠵᠢᠱᠢᠶ᠎ᠡ ᠨᠢ ᠠᠮᠢᠳᠤᠯᠢᠭ ᠪᠠᠶᠢᠵᠤ᠂ ᠦᠵᠡᠯ ᠰᠠᠨᠠᠭᠠᠨ ᠤ ᠦᠨᠳᠦᠷᠴᠡ᠂ ᠣᠨᠣᠯ ᠤᠨ ᠭᠦᠨᠴᠡ ᠲᠠᠢ ᠮᠥᠷᠲᠡᠭᠡᠨ ᠪᠠᠰᠠ ᠨᠡᠯᠢᠶᠡᠳ ᠴᠢᠩᠭ᠎ᠠ ᠬᠠᠨᠳᠤᠯᠭᠠᠲᠤ ᠴᠢᠨᠠᠷ ᠪᠠ ᠤᠷᠢᠶᠠᠯᠠᠬᠤ ᠬᠦᠴᠦᠨ ᠲᠠᠢ ᠪᠠᠶᠢᠵᠤ᠂ ᠪᠥᠬᠦ ᠠᠷᠠᠳ ᠤᠨ ᠴᠠᠭᠳᠠᠭ᠎ᠠ ᠲᠤᠰᠠᠯᠠᠬᠤ ᠴᠠᠭᠳᠠᠭ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠭᠦᠨᠵᠡᠭᠡᠶ ᠰᠤᠷᠤᠯᠴᠠᠨ‌‍ᠲ᠋ᠣᠭᠤᠰᠢᠯᠠᠭᠤᠯᠬᠤ ᠳᠤ ᠬᠦᠴᠦᠲᠡᠶ ᠵᠢᠯᠣᠭᠤᠳᠣᠯᠭ᠎ᠠ ᠬᠠᠩᠭᠠᠪᠠ᠃      ᠤᠯᠠᠨ ᠢᠶᠠᠷ ᠢᠶᠠᠨ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ  ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ ᠳᠠᠷᠤᠢ ᠲᠦᠷᠭᠡᠨ ᠨᠢᠭᠡᠳᠬᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠳᠣᠲᠣᠭᠠᠳᠤ ᠶᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠨᠳᠥᠷ ᠲᠦᠪᠰᠢᠨ ᠲᠠᠢ ︽ᠠᠮᠤᠷ ᠠᠮᠤᠭᠤᠯᠠᠩ ᠵᠡᠭᠦᠨ ᠦᠵᠦᠮᠦᠴᠢᠨ︾ ᠢ ᠪᠦᠳᠦᠬᠡᠨ ᠪᠠᠶᠢᠭᠤᠯᠬᠤ ᠳᠤ ᠳᠣᠲᠣᠭᠠᠳᠤ ᠶᠢ ᠬᠠᠮᠠᠭᠠᠯᠠᠬᠤ ᠬᠦᠴᠦᠨ ᠨᠡᠮᠡᠷᠢᠯᠡᠨ᠎ᠡ ᠭᠡᠵᠡᠭᠡᠵᠦ ᠪᠠᠶᠢᠯ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号