ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠭᠠᠵᠠᠷ ᠵᠦᠢ ᠶᠢᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢᠨ ᠲᠥᠷᠥ ᠶᠢᠨ ᠪᠣᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/12/1
    ᠨᠢᠭᠡ᠂ ᠲᠥᠯᠥᠪᠵᠢᠭᠦᠯᠭᠡ ᠶᠢᠨ ᠵᠠᠷᠴᠢᠮ    ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠶᠢᠨ ᠲᠥᠯᠥᠭᠡ᠂ ᠰᠢ ᠶᠢᠨ ᠫᠢᠩ ᠶᠡᠷᠦᠩᠬᠡᠶ ᠱᠦᠵᠢ ᠶᠢᠨ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠲᠤᠬᠠᠶ ᠴᠢᠬᠤᠯᠠ ᠶᠠᠷᠢᠶ᠎ᠠ᠂ ᠭᠠᠮᠰᠢᠭ ᠢ ᠰᠡᠷᠭᠡᠶᠢᠯᠡᠬᠦ ᠭᠠᠮᠰᠢᠭ ᠤᠨ ᠬᠤᠬᠢᠷᠠᠯ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠶ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠤᠭᠤᠷᠢᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠦᠷᠢᠵᠢᠭᠤᠯᠤᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ ᠂ ᠰᠡᠷᠭᠡᠶᠢᠯᠡᠬᠦ ᠪᠠᠷ ᠭᠤᠤᠯ ᠪᠣᠯᠭᠠᠵᠤ᠂ ᠰᠡᠷᠭᠡᠶᠢᠯᠡᠬᠦ ᠡᠰᠡᠷᠭᠦᠴᠡᠬᠦ ᠠᠪᠤᠷᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠭᠠᠵᠠᠷ ᠵᠦᠢ ᠶᠢᠨ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠵᠡᠭᠦᠨ ᠦᠵᠦᠮᠦᠴᠢᠨ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠭᠠᠵᠠᠷ ᠵᠦᠢ ᠶᠢᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠵᠤ᠂ ᠭᠠᠵᠠᠷ ᠵᠦᠢ ᠶᠢᠨ ᠭᠠᠮᠰᠢᠭ ᠠᠴᠠ ᠪᠣᠯᠤᠭᠰᠠᠨ ᠬᠥᠮᠦᠨ ᠤ ᠦᠬᠦᠯ ᠰᠢᠷᠬᠠᠲᠤᠯ ᠪᠠ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠵᠤ ᠠᠬᠤᠶ ᠨᠡᠶᠢᠭᠡᠮ ᠤᠨ ᠪᠥᠬᠦ ᠲᠠᠯ᠎ᠠ ᠪᠠᠷ ᠵᠣᠬᠢᠴᠠᠩᠭᠤᠶ ᠪᠥᠭᠡᠳ ᠦᠷᠭᠦᠯᠵᠢᠯᠡᠨ ᠬᠥᠭᠵᠢᠬᠦ ᠶᠢ ᠪᠠᠲᠤᠯᠠᠨ᠎ᠠ᠃ ᠵᠡᠭᠦᠨ ᠦᠵᠦᠮᠦᠴᠢᠨ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠭᠠᠵᠠᠷ ᠵᠦᠢ ᠶᠢᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠳᠤ ᠦᠨᠳᠦᠰᠦᠯᠡᠯ ᠬᠠᠩᠭᠠᠵᠤ᠂ ᠵᠡᠭᠦᠨ ᠦᠵᠦᠮᠦᠴᠢᠨ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠭᠠᠵᠠᠷ ᠵᠦᠢ ᠶᠢᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ︵2021 — 2025 ᠣᠨ︶︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢ ᠲᠤᠭᠲᠠᠭᠠᠪᠠ᠃   ᠬᠤᠶᠠᠷ᠂ ᠲᠥᠯᠥᠪᠵᠢᠭᠦᠯᠭᠡ ᠶᠢᠨ ᠦᠨᠳᠦᠰᠦᠯᠡᠯ ᠵᠢᠴᠢ ᠪᠤᠰᠤᠳ ᠮᠠᠲ᠋ᠧᠷᠢᠶᠠᠯ    ︵ᠨᠢᠭᠡ︶ ᠲᠥᠯᠥᠪᠵᠢᠭᠦᠯᠭᠡ ᠶᠢᠨ ᠦᠨᠳᠦᠰᠦ ᠪᠠᠷᠢᠮᠲᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠵᠦᠢ ᠶᠢᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠳᠦᠷᠢᠮ》᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾︔ ︽ᠤᠯᠤᠰ ᠤᠨ ᠭᠠᠵᠠᠷ ᠵᠦᠢ ᠶᠢᠨ  ᠭᠡᠨᠡᠳᠲᠡ ᠶᠢᠨ ᠭᠠᠶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾︔ ︽ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︽ᠭᠠᠵᠠᠷ ᠵᠦᠢ ᠶᠢᠨ ᠭᠠᠮᠰᠢᠭ ᠢ ᠰᠡᠷᠭᠡᠶᠢᠯᠡᠨ ᠵᠠᠰᠠᠬᠤ ᠲᠦᠷᠢᠮ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠤ ᠶᠢᠨ ᠶᠠᠪᠤᠳᠠᠯ ᠤᠨ ᠬᠤᠷᠢᠶᠠᠨ ᠤ ᠵᠠᠷᠯᠢᠭ 394 ᠲᠣᠭᠠᠲᠤ︶︔ ︽ᠭᠠᠵᠠᠷ ᠵᠦᠢ ᠶᠢᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠲᠤᠬᠠᠶ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ︵ᠲᠦᠷᠦ ᠶᠢᠨ ᠶᠠᠪᠣᠳᠠᠯ ᠤᠨ ᠬᠤᠷᠢᠶ᠎ᠠ ᠲᠠᠷᠬᠠᠭᠠᠭᠰᠠᠨ ﹇2011﹈ 20 ᠲᠣᠭᠠᠲᠤ︶︔ ︽ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠨ〈ᠭᠠᠵᠠᠷ ᠵᠦᠢ ᠶᠢᠨ ᠭᠠᠮᠰᠢᠭ ᠢ ᠰᠡᠷᠭᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠬᠦ ᠬᠥᠲᠥᠯᠪᠦᠷᠢ〉 ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠪᠠᠶᠢᠭᠠᠯᠢ ᠶᠢᠨ ᠡᠬᠢ ᠪᠠᠶᠠᠯᠢᠭ ᠠᠯᠪᠠᠨ ᠲᠠᠷᠬᠠᠭᠠᠭᠰᠠᠨ ︹ 2020J16 ᠲᠣᠭᠠᠲᠤ︶︔《2021 ᠣᠨ ᠤ ᠭᠠᠵᠠᠷ ᠵᠦᠢ ᠶᠢᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ᠪᠠᠶᠢᠭᠠᠯᠢ ᠶᠢᠨ ᠡᠬᠢ ᠪᠠᠶᠠᠯᠢᠭ ᠲᠠᠷᠬᠠᠭᠠᠭᠰᠠᠨ ︹ 2021 ︺ 44 ᠲᠣᠭᠠᠲᠤ︶︔ ︽ᠳᠤᠮᠳᠠ ᠵᠢᠵᠢᠭ ᠭᠤᠤᠯ ᠮᠥᠷᠡᠨ ᠢ ᠵᠠᠰᠠᠬᠤ ᠪᠠ ᠠᠭᠤᠯᠠᠨ ᠦᠶᠡᠷ ᠭᠠᠵᠠᠷ ᠵᠦᠢ ᠶᠢᠨ ᠭᠠᠮᠰᠢᠭ ᠢ ᠰᠡᠷᠭᠡᠶᠢᠯᠡᠨ ᠵᠠᠰᠠᠬᠤ ᠶᠢ ᠦᠨᠡᠨᠬᠦ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ︵ᠲᠥᠷᠥ ᠶᠢᠨ ᠶᠠᠪᠣᠳᠠᠯ ᠤᠨ ᠬᠤᠷᠢᠶ᠎ᠠ ᠲᠠᠷᠬᠠᠭᠠᠭᠰᠠᠨ ︹ 2010 ︺ 31 ᠲᠣᠭᠠᠲᠤ︶︔    ︵ᠬᠤᠶᠠᠷ︶ ᠬᠠᠮᠢᠶ᠎ᠠ ᠪᠥᠬᠦᠶ ᠮᠠᠲ᠋ᠧᠷᠢᠶᠠᠯ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠵᠦᠢ ᠶᠢᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ︵2021 — 2025 ᠣᠨ︶︾︔ ︽ᠰᠢᠯᠢ ᠶᠢᠨ ᠭᠤᠤᠯ ᠠᠶᠢᠮᠠᠭ ᠤᠨ ᠭᠠᠵᠠᠷ ᠵᠦᠢ ᠶᠢᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ︵2021 — 2025 ᠣᠨ︶︾᠃ ︽ᠵᠡᠭᠦᠨ ᠦᠵᠦᠮᠦᠴᠢᠨ ᠬᠤᠰᠢᠭᠤᠨ ᠤ ᠦᠢᠯᠡᠳᠪᠦᠷᠢᠯᠡᠯ ᠤᠨ ᠬᠤᠭᠤᠴᠠᠭᠠᠨ ᠳᠤ ᠦᠢᠯᠡᠳᠪᠦᠷᠢᠯᠡᠯ ᠢᠶᠠᠨ ᠵᠣᠭᠰᠣᠭᠠᠭᠰᠠᠨ᠂ ᠬᠤᠭᠤᠴᠠᠭ᠎ᠠ ᠠᠴᠠ ᠪᠠᠨ ᠥᠩᠭᠡᠷᠡᠭᠰᠡᠨ ︵ᠨᠦᠬᠡ︶ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠤ ᠨᠠᠷᠢᠨ ᠪᠠᠶᠢᠴᠠᠭᠠᠯᠲᠠ ᠶᠢᠨ ᠮᠡᠳᠡᠭᠦᠯᠦᠯᠲᠡ︾᠃    ᠭᠤᠷᠪᠠ᠂ ᠲᠥᠯᠥᠪᠵᠢᠭᠦᠯᠭᠡ ᠶᠢᠨ ᠭᠤᠣᠯ ᠠᠭᠤᠯᠭ᠎ᠠ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ ᠬᠤᠰᠢᠭᠤᠨ ᠤ ᠭᠠᠵᠠᠷ ᠵᠦᠢ ᠶᠢᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢᠨ ᠠᠭᠤᠯᠭ᠎ᠠ ᠨᠢ᠄ ᠲᠥᠯᠥᠪᠵᠢᠭᠦᠯᠭᠡ ᠶᠢᠨ ᠲᠣᠪᠬᠢᠮᠠᠯ᠂ ᠳᠠᠭᠠᠯᠳᠤᠭᠤᠯᠤᠯ ᠵᠢᠷᠤᠭ᠂ ᠳᠠᠭᠠᠯᠳᠤᠭᠤᠯᠤᠯ ᠬᠦᠰᠦᠨᠦᠭᠲᠦ ᠵᠢᠴᠢ ᠳᠠᠭᠠᠯᠳᠤᠭᠤᠯᠤᠯ ᠳᠥᠷᠪᠡᠨ ᠬᠡᠰᠡᠭ ᠠᠴᠠ ᠪᠦᠷᠢᠯᠳᠦᠨ᠎ᠡ᠃    ᠳᠥᠷᠪᠡ᠂ ᠭᠠᠵᠠᠷ ᠵᠦᠢ ᠶᠢᠨ ᠭᠠᠮᠰᠢᠭ ᠬᠢᠯᠪᠠᠷᠬᠠᠨ ᠡᠭᠦᠰᠳᠡᠭ ᠣᠷᠣᠨ ᠢ ᠬᠤᠪᠢᠶᠠᠷᠢᠯᠠᠬᠤ ᠪᠠ ᠰᠡᠷᠭᠡᠶᠢᠯᠡᠨ ᠵᠠᠰᠠᠬᠤ ᠣᠷᠣᠨ ᠢ ᠬᠤᠪᠢᠶᠠᠷᠢᠯᠠᠬᠤ ᠦᠨᠳᠦᠰᠦᠯᠡᠯ    ︵ᠨᠢᠭᠡ︶ ᠬᠢᠯᠪᠠᠷᠬᠠᠨ ᠡᠭᠦᠰᠳᠡᠭ ᠣᠷᠣᠨ ᠢ ᠬᠤᠪᠢᠶᠠᠷᠢᠯᠠᠬᠤ ᠦᠨᠳᠦᠰᠦᠯᠡᠯ᠃ ᠵᠡᠭᠦᠨ ᠦᠵᠦᠮᠦᠴᠢᠨ ᠬᠤᠰᠢᠭᠤᠨ ᠤ ᠭᠠᠵᠠᠷ ᠵᠦᠢ ᠶᠢᠨ ᠭᠠᠮᠰᠢᠭ ᠤᠨ ᠡᠭᠦᠰᠬᠦ ᠪᠠᠶᠢᠳᠠᠯ᠂ ᠭᠠᠵᠠᠷ ᠵᠦᠢ ᠶᠢᠨ ᠣᠨᠴᠠᠯᠢᠭ ᠢ ᠦᠨᠳᠦᠰᠦᠯᠡᠵᠦ ᠂ ᠭᠠᠵᠠᠷ ᠤᠨ ᠪᠠᠶᠢᠴᠠ ᠭᠠᠵᠠᠷ ᠤᠨ ᠭᠠᠳᠠᠷᠭᠤ᠂ ᠴᠢᠯᠠᠭᠤᠯᠢᠭ ᠪᠡᠶ᠎ᠡ ᠶᠢᠨ ᠲᠥᠷᠥᠯ ᠬᠡᠯᠪᠡᠷᠢ ᠵᠡᠷᠭᠡ ᠭᠠᠵᠠᠷ ᠵᠦᠢ ᠶᠢᠨ ᠣᠷᠴᠢᠨ ᠲᠣᠭᠤᠷᠢᠨ ᠤ ᠨᠥᠬᠦᠴᠡᠯ ᠪᠣᠯᠤᠨ ᠬᠤᠷ᠎ᠠ ᠲᠤᠨᠳᠠᠰᠤ᠂ ᠬᠥᠮᠦᠨ ᠲᠥᠷᠥᠯᠬᠢᠲᠡᠨ ᠤ ᠠᠵᠢᠯᠯᠠᠭ᠎ᠠ᠂ ᠠᠭᠤᠷᠬᠠᠶ ᠨᠡᠭᠡᠭᠡᠨ ᠮᠠᠯᠲᠠᠬᠤ ᠠᠷᠭ᠎ᠠ ᠬᠡᠯᠪᠡᠷᠢ ᠪᠣᠯᠤᠨ ᠬᠦᠷᠢᠶ᠎ᠡ ᠬᠡᠪᠴᠢᠶ᠎ᠡ ᠵᠡᠷᠭᠡ ᠨᠥᠯᠥᠭᠡᠯᠡᠬᠦ ᠬᠦᠴᠦᠨ ᠵᠦᠢᠯ ᠲᠠᠢ ᠤᠶᠠᠯᠳᠤᠭᠤᠯᠤᠨ ᠣᠷᠣᠨ ᠪᠦᠰᠡ ᠶᠢᠨ ᠭᠠᠵᠠᠷ ᠵᠦᠢ ᠶᠢᠨ ᠭᠠᠮᠰᠢᠭ ᠬᠢᠯᠪᠠᠷᠬᠠᠨ ᠡᠭᠦᠰᠳᠡᠭ ᠣᠷᠣᠨ ᠳᠤ ᠶᠡᠷᠦᠩᠬᠡᠶᠢᠯᠡᠭᠰᠡᠨ ᠴᠢᠨᠠᠷᠲᠠᠶ ᠬᠤᠪᠢᠶᠠᠷᠢᠯᠠᠯ ᠬᠢᠵᠦ᠂ ᠪᠥᠬᠦ ᠬᠤᠰᠢᠭᠤᠨ ᠤ ᠭᠠᠵᠠᠷ ᠵᠦᠢ ᠶᠢᠨ ᠭᠠᠮᠰᠢᠭ ᠬᠢᠯᠪᠠᠷᠬᠠᠨ ᠡᠭᠦᠰᠳᠡᠭ ᠣᠷᠣᠨ ᠢ 2᠂ ᠳᠤᠮᠳᠠ ᠬᠡᠮᠵᠢᠶᠡᠨ ᠤ ᠬᠢᠯᠪᠠᠷᠬᠠᠨ ᠡᠭᠦᠰᠳᠡᠭ ᠣᠷᠣᠨ 1᠂ ᠳᠣᠤᠷ᠎ᠠ ᠬᠡᠮᠵᠢᠶᠡᠨ ᠤ ᠬᠢᠯᠪᠠᠷᠬᠠᠨ ᠡᠭᠦᠰᠳᠡᠭ ᠣᠷᠣᠨ ᠪᠠ ᠬᠢᠯᠪᠠᠷᠬᠠᠨ ᠡᠭᠦᠰᠳᠡᠭ ᠥᠬᠡᠶ ᠣᠷᠣᠨ 1 ᠶᠢ ᠬᠤᠪᠢᠶᠠᠷᠢᠯᠠᠪᠠ᠃    ︵ᠬᠤᠶᠠᠷ︶ ᠰᠡᠷᠭᠡᠶᠢᠯᠡᠨ ᠵᠠᠰᠠᠬᠤ ᠣᠷᠣᠨ ᠢ ᠬᠤᠪᠢᠶᠠᠷᠢᠯᠠᠬᠤ ᠦᠨᠳᠦᠰᠦᠯᠡᠯ᠃ ᠭᠠᠵᠠᠷ ᠵᠦᠢ ᠶᠢᠨ ᠭᠠᠮᠰᠢᠭ ᠢ ᠰᠡᠷᠭᠡᠶᠢᠯᠡᠨ ᠵᠠᠰᠠᠬᠤ ᠤᠷᠣᠨ ᠢ ᠬᠤᠪᠢᠶᠠᠷᠢᠯᠠᠬᠤ ᠳᠤ ᠭᠠᠵᠠᠷ ᠵᠦᠢ ᠶᠢᠨ ᠭᠠᠮᠰᠢᠭ ᠬᠢᠯᠪᠠᠷᠬᠠᠨ ᠡᠭᠦᠰᠳᠡᠭ ᠣᠷᠤᠨ ᠢ ᠬᠤᠪᠢᠶᠠᠷᠢᠯᠠᠬᠤ ᠰᠠᠭᠤᠷᠢᠨ ᠳᠡᠭᠡᠷ᠎ᠡ ᠶᠠᠪᠤᠭᠳᠠᠭᠤᠯᠳᠠᠭ᠂ ᠵᠠᠷᠴᠢᠮ ᠳᠡᠭᠡᠷ᠎ᠡ ᠪᠠᠨ ᠭᠠᠵᠠᠷ ᠵᠦᠢ ᠶᠢᠨ ᠭᠠᠮᠰᠢᠭ ᠳᠤᠮᠳᠠ ᠬᠡᠮᠵᠢᠶᠡᠨ ᠤ ᠬᠢᠯᠪᠠᠷᠬᠠᠨ ᠡᠭᠦᠰᠳᠡᠭ ᠣᠷᠣᠨ ᠤ ᠬᠤᠪᠢᠶᠠᠷᠢᠯᠠᠯ ᠢ ᠭᠤᠤᠯᠳᠠᠯᠭ᠎ᠠ ᠲᠠᠢ ᠰᠡᠷᠭᠡᠶᠢᠯᠡᠨ ᠵᠠᠰᠠᠬᠤ ᠣᠷᠣᠨ ᠪᠣᠯᠭᠠᠨ ᠬᠤᠪᠢᠶᠠᠵᠤ᠂ ᠭᠠᠵᠠᠷ ᠵᠦᠢ ᠶᠢᠨ ᠭᠠᠮᠰᠢᠭ ᠳᠤᠤᠷ᠎ᠠ ᠬᠡᠮᠵᠢᠶᠡᠨ ᠤ ᠬᠢᠯᠪᠠᠷᠬᠠᠨ ᠡᠭᠦᠰᠳᠡᠭ ᠣᠷᠣᠨ ᠤ ᠬᠤᠪᠢᠶᠠᠷᠢᠯᠠᠯ ᠢ ᠳᠡᠳ᠋ ᠭᠤᠤᠯᠳᠠᠯᠭ᠎ᠠ ᠲᠠᠢ ᠰᠡᠷᠭᠡᠶᠢᠯᠡᠨ ᠵᠠᠰᠠᠬᠤ ᠣᠷᠣᠨ ᠪᠣᠯᠭᠠᠨ ᠬᠤᠪᠢᠶᠠᠵᠤ᠂ ᠭᠠᠵᠠᠷ ᠵᠦᠢ ᠶᠢᠨ ᠭᠠᠮᠰᠢᠭ ᠬᠢᠯᠪᠠᠷᠬᠠᠨ ᠡᠭᠦᠰᠳᠡᠭ ᠥᠬᠡᠶ ᠣᠷᠣᠨ ᠤ ᠬᠤᠪᠢᠶᠠᠷᠢᠯᠠᠯ ᠢ ᠡᠩ ᠤᠨ ᠰᠡᠷᠭᠡᠶᠢᠯᠡᠨ ᠵᠠᠰᠠᠬᠤ ᠣᠷᠣᠨ ᠪᠣᠯᠭᠠᠨ ᠬᠤᠪᠢᠶᠠᠨ᠎ᠠ︔ ᠡᠭᠦᠨ ᠤ ᠬᠠᠮᠲᠤ᠂ ᠭᠠᠵᠠᠷ ᠵᠦᠢ ᠶᠢᠨ ᠭᠠᠮᠰᠢᠭ ᠤᠨ ᠡᠭᠦᠰᠬᠦ ᠣᠨᠴᠠᠯᠢᠭ᠂  ᠠᠶᠤᠯ ᠤᠴᠠᠷᠠᠭᠤᠯᠬᠤ ᠨᠢᠭᠤᠷᠯᠠᠯ ᠵᠢᠴᠢ ᠬᠥᠮᠦᠨ ᠲᠥᠷᠥᠯᠬᠢᠲᠡᠨ ᠤ ᠠᠵᠢᠯᠯᠠᠭᠠᠨ ᠤ ᠬᠡᠮᠵᠢᠶ᠎ᠡ ᠶᠢ ᠦᠨᠳᠦᠰᠦᠯᠡᠨ ᠵᠣᠬᠢᠰᠲᠠᠶ ᠲᠣᠬᠢᠷᠠᠭᠤᠯᠤᠯᠲᠠ ᠬᠢᠨ᠎ᠠ᠃ ᠪᠥᠬᠦ ᠬᠤᠰᠢᠭᠤᠨ ᠳᠤ 3 ᠭᠤᠤᠯᠳᠠᠯᠭ᠎ᠠ ᠲᠠᠢ ᠰᠡᠷᠭᠡᠶᠢᠯᠡᠨ ᠵᠠᠰᠠᠬᠤ ᠣᠷᠣᠨ ᠢ ᠬᠤᠪᠢᠶᠠᠵᠤ᠂ 1 ᠳᠡᠳ᠋ ᠭᠤᠤᠯᠳᠠᠯᠭ᠎ᠠ ᠲᠠᠢ ᠰᠡᠷᠭᠡᠶᠢᠯᠡᠨ ᠵᠠᠰᠠᠬᠤ ᠣᠷᠣᠨ ᠢ ᠬᠤᠪᠢᠶᠠᠵᠤ᠂ 1ᠡᠩ ᠤᠨ ᠰᠡᠷᠭᠡᠶᠢᠯᠡᠨ ᠵᠠᠰᠠᠬᠤ ᠣᠷᠣᠨ ᠢ ᠬᠤᠪᠢᠶᠠᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号